ᠠᠩᠬᠠᠳᠤᠭᠠᠷ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠠᠵᠢᠯᠳᠠᠨ ᠠᠵᠢᠯᠴᠢᠨ ᠤ ᠮᠡᠷᠭᠡᠵᠢᠯ ᠤᠨ ᠰᠢᠨ᠎ᠠ ᠡᠬᠦᠳᠦᠯᠳᠠ ᠶᠢᠨ ᠦᠷ᠎ᠠ ᠪᠦᠳᠦᠬᠡᠯ ᠤᠨ ᠦᠵᠡᠬᠦᠯᠭᠡ ᠡᠬᠢᠯᠡᠪᠡ  ᠡᠦ ᠲᠤᠧᠠᠨ ᠶᠢᠩ  ᠠᠢ ᠯᠢ ᠬᠤᠧᠠ  ᠯᠦᠸᠧ ᡁᠢ ᠬᠤ᠋ ᠡᠬᠢᠯᠡᠯᠳᠠ ᠶᠢᠨ ᠶᠤᠰᠤᠯᠠᠯ ᠳᠤ ᠤᠷᠤᠯᠴᠠᠭᠰᠠᠨ ᠪᠦᠭᠡᠳ ᠦᠵᠡᠬᠦᠯᠬᠡ ᠶᠢ ᠲᠤᠭᠤᠷᠢᠨ ᠦᠵᠡᠪᠠ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 26᠎ ᠤ ᠡᠳᠤᠷ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠢᠷᠡᠭᠡᠳᠤᠢ ᠪᠠᠨ ᠴᠤᠭᠴᠠᠯᠠᠵᠤ᠂ ᠰᠢᠨ᠎ᠠ ᠶᠢ ᠡᠬᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ︾᠎ ᠪᠠᠷ ᠭᠤᠤᠯ ᠰᠡᠳᠤᠪ ᠪᠤᠯᠭᠠᠭᠰᠠᠨ ᠠᠩᠬᠠᠳᠤᠭᠠᠷ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠠᠵᠢᠯᠳᠠᠨ ᠠᠵᠢᠯᠴᠢᠨ ᠤ ᠮᠡᠷᠭᠡᠵᠢᠯ ᠎ ᠤᠨ ᠰᠢᠨ᠎ᠠ ᠡᠬᠦᠳᠤᠯᠳᠠ ᠶᠢᠨ ᠦᠷ᠎ᠠ ᠪᠦᠳᠦᠭᠡᠯ ᠤᠨ ᠦᠵᠡᠬᠦᠯᠭᠡ ᠬᠦᠬᠡᠬᠤᠳᠠ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ᠂ ᠠᠵᠢᠯᠴᠢᠨ ᠤ ᠶᠡᠷᠦᠩᠭᠡᠢ ᠡᠪᠯᠡᠯ ᠤᠨ ᠲᠡᠷᠢᠬᠦᠯᠡᠭᠴᠢ ᠡᠤ ᠲᠤᠧᠠᠨ ᠶᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠧᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠯᠦᠸᠧ ᡁᠢ ᠬᠤ᠋ ᠡᠬᠢᠯᠡᠯᠳᠠ ᠶᠢᠨ ᠶᠤᠰᠤᠯᠠᠯ ᠳᠤ ᠤᠷᠤᠯᠴᠠᠬᠰᠠᠨ ᠪᠦᠭᠡᠳ ᠶᠢ ᠦᠵᠡᠬᠦᠯᠭᠡ ᠲᠣᠭᠤᠷᠢᠨ ᠦᠵᠡᠪᠡ᠃      ᠲᠤᠰ ᠤᠳᠠᠭᠠᠨ ᠤ ᠦᠷ᠎ᠠ ᠪᠦᠳᠦᠭᠡᠯ ᠤᠨ ᠦᠵᠡᠬᠦᠯᠬᠡ ᠶᠢ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠯᠵᠢᠶ᠎ᠠ ᠶᠢ ᠠᠬᠢᠭᠤᠯᠬᠤ ᠵᠦᠪᠯᠡᠯ ᠠᠴᠠ ᠬᠠᠮᠳᠤᠷᠠᠠ ᠡᠷᠬᠢᠯᠡᠵᠤ᠂ ᠴᠢᠳᠠᠪᠤᠷᠢᠳᠠᠨ ᠢᠶᠠᠷ ᠤᠷᠤᠨ ᠢᠶᠠᠨ ᠬᠦᠴᠦᠷᠭᠡᠭᠵᠢᠬᠦᠯᠬᠦ ᠪᠠ ᠰᠢᠨ᠎ᠠ ᠶᠢ ᠡᠬᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠢᠢᠷ᠎ᠠ ᠶᠢᠨ ᠵᠢᠯ ᠠᠴᠠ ᠨᠠᠭᠠᠰᠢᠬᠢ ᠪᠦᠬᠦ ᠤᠷᠤᠨ ᠤ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠦᠷᠭᠡᠨ ᠤᠯᠠᠨ ᠠᠵᠢᠯᠳᠠᠨ ᠠᠵᠢᠯᠴᠢᠨ ᠤ ᠮᠡᠷᠭᠡᠵᠢᠯ ᠤᠨ ᠰᠢᠨ᠎ᠠ ᠡᠬᠦᠳᠦᠯᠳᠠ ᠶᠢᠨ ᠡᠯᠪᠡᠭ ᠪᠠᠶᠠᠯᠢᠭ ᠦᠷ᠎ᠠ ᠪᠦᠳᠦᠭᠡᠯ ᠢ ᠲᠡᠯᠭᠡᠨ ᠦᠵᠡᠬᠦᠯᠵᠤ᠂ ᠠᠵᠢᠯᠴᠢᠨ ᠠᠩᠬᠢ ᠶᠢᠨ ᠭᠤᠤᠯ ᠬᠦᠴᠦᠨ ᠴᠡᠷᠢᠭ ᠤᠨ ᠦᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦᠯᠬᠦ ᠪᠠ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠪᠠᠷ ᠵᠤᠷᠢᠯᠳᠠ ᠪᠤᠯᠭᠠᠵᠠᠢ᠃      ᠲᠤᠰ ᠤᠳᠠᠭᠠᠨ ᠤ ᠦᠵᠡᠬᠦᠯᠭᠡ ᠳᠤ ᠪᠦᠬᠦ ᠤᠷᠤᠨ ᠤ 12 ᠠᠶᠢᠮᠠᠭ ᠬᠤᠳᠠ᠂ 6 ᠠᠵᠤ ᠦᠢᠯᠡᠰ ᠤᠨ ᠰᠢᠰᠲ᠋ᠧᠮ ᠤᠨ 155 ᠦᠵᠡᠬᠦᠯᠬᠡ ᠳᠤ ᠤᠷᠤᠯᠴᠠᠭᠰᠠᠨ ᠨᠢᠭᠡᠴᠢ ᠶᠢᠨ ᠨᠡᠶᠢᠳᠠ 468 ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠳᠦᠭᠡᠯ ᠢ ᠲᠡᠯᠭᠡᠨ ᠦᠵᠡᠬᠦᠯᠵᠤ᠂ ᠴᠠᠬᠢᠯᠭᠠᠨ ᠬᠦᠴᠤ᠂ ᠨᠡᠬᠦᠷᠡᠰᠤ᠂ ᠬᠢᠮᠢ ᠶᠢᠨ ᠦᠢᠯᠡᠳᠪᠤᠷᠢ ᠵᠡᠷᠭᠡ ᠤᠯᠠᠮᠵᠢᠯᠠᠯᠳᠤ ᠲᠠᠪᠠᠭᠤᠯᠢᠭ ᠠᠵᠢᠯ ᠲᠦᠷᠦᠯ ᠢ ᠪᠠᠭᠳᠠᠭᠠᠭᠰᠠᠨ ᠪᠦᠭᠡᠳ ᠮᠡᠳᠡᠭᠡ ᠵᠠᠩᠬᠢ ᠴᠢᠮᠡᠭᠡ ᠨᠡᠪᠳᠡᠷᠡᠬᠦᠯᠭᠡ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠰᠢᠨ᠎ᠠ ᠪᠠᠷ ᠮᠠᠨᠳᠤᠭᠰᠠᠨ ᠠᠵᠢᠯ ᠲᠦᠷᠦᠯ ᠢ ᠬᠠᠮᠤᠷᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号