ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ︽ᠤᠯᠤᠰ ᠲᠦᠷᠤ ᠪᠠᠷ ᠴᠠᠭᠳᠠᠭ᠎ᠠ ᠶᠢ ᠪᠠᠶᠢᠭᠤᠯᠬᠤ ᠴᠠᠬᠳᠠᠭ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠬᠤ︾ ᠬᠦᠮᠤᠵᠢᠯ ᠴᠡᠭᠴᠡᠯᠡᠯᠳᠠ ᠶᠢᠨ ᠵᠢᠱᠢᠶ᠎ᠠ ᠦᠵᠡᠬᠦᠯᠵᠤ ᠲᠤᠭᠤᠷᠢᠨ ᠦᠵᠡᠬᠦ ᠬᠤᠷᠠᠯ ᠬᠤᠷᠠᠯᠳᠤᠪᠠ  ᠵᠠᠩ ᠶᠤᠸᠠᠨ ᠵᠦᠩ ᠲᠤᠭᠤᠷᠢᠨ ᠦᠵᠡᠬᠦ ᠠᠵᠢᠯᠯᠠᠭ᠎ᠠ ᠳᠤ ᠤᠷᠤᠯᠴᠠᠵᠤ ᠡᡁᠧᠩ ᠰᠢᠶᠤᠤ ᠹᠠᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2020/9/29
     ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠦᠬᠡ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠵᠤ᠂ ᠳᠤᠳᠤᠭᠠᠳᠤ ᠶᠢ ᠬᠠᠮᠠᠭᠠᠯᠠᠬᠤ ᠶᠠᠮᠤᠨ ᠤ ᠬᠦᠮᠤᠵᠢᠯ ᠴᠡᠭᠴᠡᠯᠡᠯᠳᠠ ᠪᠤᠯᠤᠨ ᠦᠪᠡᠷᠳᠡᠬᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠶᠢ ᠲᠤᠭᠤᠰᠢᠯᠠᠭᠤᠯᠬᠤ ᠶᠢᠨ ᠲᠦᠯᠤᠬᠡ᠂ 9 ᠰᠠᠷ᠎ᠠ ᠶᠢᠨ 26᠎ ᠤ ᠡᠳᠤᠷ᠂ ᠪᠦᠭᠦ ᠤᠷᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠤᠯᠤᠰ ᠲᠦᠷᠤ ᠪᠠᠷ ᠴᠠᠭᠳᠠᠭ᠎ᠠ ᠶᠢ ᠪᠠᠶᠢᠭᠤᠯᠬᠤ ᠴᠠᠬᠳᠠᠭ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠬᠤ︾ ᠬᠦᠮᠤᠵᠢᠯ ᠴᠡᠭᠴᠡᠯᠡᠯᠳᠠ ᠶᠢᠨ ᠵᠢᠱᠢᠶ᠎ᠠ ᠦᠵᠡᠬᠦᠯᠵᠤ ᠲᠤᠭᠤᠷᠢᠨ ᠦᠵᠡᠬᠦ ᠬᠤᠷᠠᠯ ᠪᠤᠭᠤᠳᠤ ᠳᠤ ᠬᠤᠷᠠᠯᠳᠤᠪᠠ᠃      ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠲᠤᠭᠤᠷᠢᠨ ᠦᠵᠡᠬᠦ ᠠᠵᠢᠯᠯᠠᠭ᠎ᠠ ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠳᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠡᡁᠧᠩ ᠰᠢᠶᠤᠤ ᠹᠠᠨ᠂ ᠳᠤᠳᠤᠭᠠᠳᠤ ᠶᠢ ᠬᠠᠮᠠᠭᠠᠯᠠᠬᠤ ᠶᠠᠮᠤᠨ ᠎ ᠤ ᠪᠤᠭᠤᠳᠤ ᠳᠤ ᠰᠠᠭᠤᠭ᠎ᠠ ᠲᠤᠷᠰᠢᠯᠳᠠ ᠶᠢᠨ ᠴᠡᠭ ᠤᠨ ᠵᠢᠯᠤᠭᠤᠳᠬᠤ ᠲᠤᠭᠤᠢᠢᠯᠠᠩ ᠤᠨ ᠲᠠᠷᠤᠭ᠎ᠠ ᠹᠠᠩ ᠯᠢᠩ ᠴᠦᠨ᠂ ᠲᠤᠭᠤᠢᠢᠯᠠᠩ ᠤᠨ ᠲᠡᠳ᠋ ᠲᠠᠷᠤᠭ᠎ᠠ ᠰᠢᠤᠢ ᠪᠦᠸᠧ᠂ ᠳᠤᠳᠤᠭᠠᠳᠤ ᠶᠢ ᠬᠠᠮᠠᠭᠠᠯᠠᠬᠤ ᠶᠠᠮᠤᠨ ᠤ ᠬᠦᠮᠤᠵᠢᠯ ᠴᠡᠭᠴᠡᠯᠡᠯᠳᠠ ᠶᠢᠨ ᠠᠯᠪᠠᠨ ᠬᠡᠷ ᠪᠤᠯᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠬᠤᠯᠪᠤᠬᠳᠠᠯ ᠪᠦᠬᠦᠢ ᠨᠦᠬᠦᠳ ᠬᠤᠷᠠᠯ ᠳᠤ ᠤᠷᠤᠯᠴᠠᠪᠠ᠃      ᠬᠤᠷᠠᠯ ᠠᠴᠠ᠂ ᠬᠦᠮᠤᠵᠢᠯ ᠴᠡᠭᠴᠡᠯᠡᠯᠳᠠ ᠶᠢᠨ ᠲᠤᠷᠰᠢᠯᠳᠠ ᠴᠡᠭ ᠤᠨ ᠠᠵᠢᠯ ᠰᠢᠢᠳᠪᠤᠷᠢᠳᠤ ᠲᠠᠶᠢᠯᠠᠯᠳᠤᠭᠠᠨ ᠎ ᠤ ᠰᠢᠪᠳᠤᠯᠤᠯᠳᠠ ᠶᠢᠨ ᠱᠠᠳᠤᠨ ᠳᠤ ᠤᠷᠤᠵᠠᠢ᠂ ᠲᠤᠷᠰᠢᠯᠳᠠ ᠶᠢᠨ ᠴᠡᠭ ᠤᠨ ᠨᠢᠬᠡᠴᠢ ᠶᠢᠨ ᠬᠢᠨ ︽ᠬᠤᠰᠢᠭᠤᠴᠢ ᠴᠡᠷᠢᠭ︾ ︽ᠵᠠᠮ ᠬᠠᠶᠢᠬᠴᠢ︾᠎ ᠶᠢᠨ ᠡᠷᠴᠢ ᠵᠤᠷᠢᠭ ᠢᠶᠠᠨ ᠪᠠᠳᠤᠯᠠᠵᠤ᠂ ᠦᠨᠳᠤᠷ ᠪᠠᠷᠢᠮᠵᠢᠶ᠎ᠠ ᠪᠠᠷ ᠡᠯ᠎ᠠ ᠵᠦᠢᠯ ᠤᠨ ᠠᠵᠢᠯ ᠤᠨ ᠦᠷ᠎ᠠ ᠪᠦᠳᠤᠮᠵᠢ ᠪᠠᠨ ᠲᠡᠭᠡᠭᠰᠢᠯᠡᠬᠦᠯᠵᠤ᠂ ᠨᠡᠩ ᠴᠢᠨᠠᠷ ᠰᠠᠶᠢᠳᠠᠢ᠂ ᠲᠠᠭᠤᠷᠢᠶᠠᠵᠤ ᠲᠡᠯᠬᠡᠷᠡᠬᠦᠯᠵᠤ ᠪᠤᠯᠬᠤ ᠤᠢᠢᠯᠡᠳᠤᠯᠬᠡ ᠶᠢᠨ ᠠᠮᠵᠢᠯᠳᠠ ᠪᠦᠳᠤᠮᠵᠢ ᠶᠢ ᠪᠦᠷᠢᠯᠳᠤᠬᠦᠯᠬᠦ ᠭᠡᠷᠡᠭᠳᠠᠢ᠃ ᠪᠦᠬᠦ ᠤᠷᠤᠨ ᠤ ᠡᠯ᠎ᠠ ᠱᠠᠳᠤᠨ ᠎ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠦᠮᠤᠵᠢᠬᠦᠯᠵᠤ ᠴᠡᠭᠴᠡᠯᠡᠬᠦ ᠶᠢᠨ ᠴᠢᠬᠤᠯᠠ ᠶᠡᠭᠡ ᠤᠯᠤᠰ ᠲᠦᠷᠤ ᠶᠢᠨ ᠠᠴᠢ ᠬᠤᠯᠪᠤᠬᠳᠠᠯ ᠢ ᠬᠦᠨᠵᠡᠬᠡᠢ ᠲᠠᠨᠢᠵᠤ᠂ ᠡᠷᠡᠰ ᠭᠤᠶᠢᠪᠢᠰᠢ ᠦᠬᠡᠢ ᠪᠠᠷ ᠨᠠᠮ ᠤᠨ ᠪᠠᠶᠢᠭᠤᠯᠤᠯᠳᠠ ᠎ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠡᠬᠦᠷᠬᠡ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠵᠤ ᠤᠳᠤᠷᠢᠳᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠬᠦᠮᠤᠵᠢᠯ ᠴᠡᠭᠴᠡᠯᠡᠯᠳᠠ ᠶᠢ ᠬᠦᠨᠵᠡᠭᠡᠶᠢᠷᠡᠭᠦᠯᠵᠤ ᠪᠤᠳᠠᠳᠠᠶᠢᠵᠢᠭᠤᠯᠬᠤ ᠶᠢ ᠪᠠᠳᠤᠯᠠᠬᠤ ᠭᠡᠷᠡᠭᠳᠠᠢ︔ ᠬᠦᠮᠤᠵᠢᠯ ᠴᠡᠭᠴᠡᠯᠡᠯᠳᠠ ᠶᠢᠨ ᠦᠷ᠎ᠠ ᠪᠦᠳᠦᠭᠡᠯ ᠢ ᠤᠨᠳᠤᠤᠰᠢᠭᠤᠯᠬᠤ ᠶᠢ ᠠᠬᠢᠭᠤᠯᠵᠤ᠂ ᠤᠯᠤᠰ ᠲᠦᠷᠤ ᠶᠢᠨ ᠠᠮᠤᠷ ᠲᠦᠪᠰᠢᠨ ᠤ ᠰᠡᠷᠬᠡᠶᠢᠯᠡᠯᠳᠠ ᠶᠢᠨ ᠱᠤᠭᠤᠮ ᠢ ᠢᠮᠠᠬᠳᠠ ᠲᠡᠷᠢᠬᠦᠨ ᠳᠤ ᠲᠠᠯᠪᠢᠵᠤ᠂ ᠵᠦᠷᠢᠴᠡᠯ ᠵᠠᠭᠤᠷᠠᠭᠠᠨ ᠢ ᠵᠢᠬᠰᠠᠭᠠᠨ ᠪᠠᠶᠢᠴᠠᠭᠠᠵᠤ ᠰᠢᠢᠳᠪᠤᠷᠢᠯᠡᠬᠦ ᠶᠢ ᠬᠦᠨᠵᠡᠬᠡᠢ ᠦᠷᠨᠢᠬᠦᠯᠵᠤ᠂ ᠨᠡᠶᠢᠬᠡᠮ ᠤᠨ ᠠᠮᠤᠷ ᠢ ᠬᠠᠮᠠᠭᠠᠯᠠᠬᠤ ᠶᠢᠨ ᠴᠤᠬᠢᠯᠳᠠ ᠦᠭᠬᠦ ᠰᠡᠷᠬᠡᠶᠢᠯᠡᠬᠦ ᠬᠠᠮᠢᠶᠠᠷᠬᠤ ᠡᠵᠡᠮᠳᠡᠬᠦ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠤᠨ ᠰᠡᠬᠦᠯ ᠬᠤᠷᠢᠶᠠᠬᠤ ᠰᠢᠢᠳᠪᠤᠷᠢᠳᠤ ᠲᠠᠶᠢᠯᠠᠯᠳᠤᠭᠠᠨ ᠢ ᠰᠠᠶᠢᠳᠤᠷ ᠬᠢᠵᠤ᠂ ᠨᠡᠬᠦᠷᠡᠰᠤᠨ ᠤ ᠡᠬᠢ ᠪᠠᠶᠠᠯᠢᠬ ᠤᠨ ᠬᠦᠷᠢᠶᠠᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠵᠤ᠂ ᠦᠪᠡᠷᠳᠡᠬᠡᠨ ᠵᠠᠰᠠᠬᠤ ᠤᠷᠤᠨ ᠤ ᠴᠢᠨᠠᠷ ᠰᠠᠶᠢᠳᠠᠢ ᠬᠦᠭᠵᠢᠯᠳᠠ ᠶᠢᠨ ᠰᠠᠶᠢᠨ ᠬᠠᠮᠠᠭᠠᠯᠠᠬᠴᠢ ᠪᠤᠯᠬᠤ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号