ᠤᠯᠤᠰ ᠠᠴᠠ 15 ᠳ᠋ᠦᠩᠰᠢᠭᠤᠷ ᠲᠥᠭᠦᠷᠢᠭ ᠪᠠᠭᠤᠯᠭᠠᠵᠤ ᠮᠠᠨ ᠤ ᠣᠷᠣᠨ ᠤ 487 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠳᠡᠮᠵᠢᠪᠡ
ᠨᠡᠶᠢᠲᠡᠯᠡᠭᠰᠡᠨ ᠴᠠᠭ᠄
2020/9/3
     8 ᠳ᠋ᠤᠭᠠᠷ ᠰᠠᠷ᠎ᠠ ᠶᠢᠨ 27᠎ ᠤ ᠡᠳᠦᠷ᠂ ᠠᠵᠢᠯᠴᠢᠳ ᠥᠪᠥᠷ ᠮᠣᠩᠭᠤᠯ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠲᠤ ᠱᠠᠯᠠ ᠶᠢᠨ ᠲᠣᠭᠤᠰᠬ᠎ᠠ ᠳᠡᠪᠢᠰᠴᠦ ᠪᠠᠶᠢᠭ᠎ᠠ ᠨᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠣᠷᠣᠨ ᠳᠤ ᠨᠡᠶᠢᠲᠡ 15 ᠳ᠋ᠦᠩᠰᠢᠭᠤᠷ ᠲᠥᠭᠦᠷᠢᠭ ᠪᠠᠭᠤᠯᠭᠠᠵᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠬᠡᠷᠡᠭᠯᠡᠪᠡ᠃
     8 ᠳ᠋ᠤᠭᠠᠷ ᠰᠠᠷ᠎ᠠ ᠶᠢᠨ 27᠎ ᠤ ᠡᠳᠦᠷ᠂ ᠪᠠᠷᠢᠯᠭ᠎ᠠ ᠶᠢᠨ ᠮᠠᠰᠢᠨ ᠥᠪᠥᠷ ᠮᠣᠩᠭᠤᠯ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠠᠵᠢᠯᠯᠠᠵᠤ ᠪᠠᠶᠢᠭ᠎ᠠ ᠨᠢ᠃      ᠡᠨᠡ ᠵᠢᠯ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠤᠷᠪᠠᠨ ᠪᠦᠯᠦᠭ ᠬᠤᠪᠢᠶᠠᠨ ᠲᠥᠪ ᠤᠨ ᠲᠥᠰᠥᠪ ᠲᠠᠬᠢ ᠪᠠᠯᠠ ᠣᠷᠣᠭᠤᠯᠤᠯᠲᠠ ᠶᠢᠨ ᠲᠥᠯᠥᠪᠯᠡᠭᠡ ᠠᠴᠠ ᠮᠠᠨ ᠤ ᠣᠷᠣᠨ ᠳᠤ 15.0755 ᠳ᠋ᠦᠩᠰᠢᠭᠤᠷ ᠲᠥᠭᠦᠷᠢᠭ ᠪᠠᠭᠤᠯᠭᠠᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠳᠡᠮᠵᠢᠪᠡ᠃ ᠥᠭᠡᠷᠡᠴᠢᠯᠡᠨ ᠰᠢᠨᠡᠳᠬᠡᠬᠦ ᠴᠢᠬᠤᠯᠠᠲᠠᠢ ᠬᠠᠭᠤᠴᠢᠨ ᠰᠠᠭᠤᠭᠠᠯᠢ ᠲᠣᠭᠤᠷᠢᠭ ᠨᠡᠶᠢᠲᠡ 487 ᠪᠠᠶᠢᠵᠤ᠂ ᠬᠥᠬᠡᠬᠤᠲᠠ᠂ ᠮᠠᠨᠵᠤᠤᠷ᠂ ᠬᠢᠩᠭᠠᠨ ᠠᠶᠢᠮᠠᠭ᠂ ᠲᠦᠩᠯᠢᠶᠣᠤ᠂ ᠤᠯᠠᠭᠠᠨᠬᠠᠳᠠ᠂ ᠠᠯᠠᠱᠠ ᠵᠡᠷᠭᠡ 11 ᠠᠶᠢᠮᠠᠭ ᠬᠤᠲᠠ ᠶᠢᠨ 60307 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠠᠶ᠃      ᠣᠳᠣᠬᠠᠨ ᠳᠤ᠂ ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠶᠠᠭ ᠬᠡᠷᠡᠭᠵᠢᠭᠦᠯᠵᠦ ᠪᠠᠶᠢᠨ᠎ᠠ᠂ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠢᠯᠠᠩᠭᠤᠶ᠎ᠠ ᠤᠰᠤ᠂ ᠴᠠᠬᠢᠯᠭᠠᠨ᠂ ᠵᠠᠮ ᠪᠣᠯᠤᠨ ᠳᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠲᠥᠷᠭᠡᠨ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号