9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠳᠣᠭᠢᠷᠠᠭᠤᠯᠬᠤ ᠨᠠᠩ ᠲᠡᠭᠦᠯᠳᠡᠷᠵᠢᠭᠰᠡᠨ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾᠂ ᠣᠷᠣᠨ ᠨᠤᠲᠤᠭ ᠤᠨ ᠴᠢᠨᠠᠷᠲᠠᠶ ᠬᠡᠰᠡᠭ ᠬᠠᠤᠯᠢ | ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠵᠡᠷᠭᠡ ᠵᠦᠢᠯᠡᠰ ᠢ ᠰᠤᠳᠤᠯᠪᠠ᠃ | ᠬᠤᠷᠠᠯ ᠠᠴᠠ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠪᠣᠯ ᠨᠢᠭᠡᠳᠦᠯᠲᠡᠢ ᠨᠡᠭᠡᠭᠡᠯᠲᠡᠲᠡᠢ᠂ | ᠥᠷᠢᠰᠥᠯᠳᠦᠭᠡᠨ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠬᠤ ᠶᠢᠨ ᠳᠣᠲᠣᠭᠠᠳᠤ | ᠱᠠᠭᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠡᠩ ᠲᠡᠭᠦᠯᠳᠡᠷᠵᠢᠭᠰᠡᠨ ᠪᠠᠶᠢᠭᠤᠯᠤᠮᠵᠢ ᠲᠣᠭᠲᠠᠴᠠ ᠶᠢ | ᠰᠤᠳᠤᠯᠤᠨ ᠪᠠᠶᠢᠭᠤᠯᠬᠤ ᠬᠡᠷᠡᠭᠳᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠴᠢᠨᠠᠷᠲᠠᠶ ᠭᠠᠭᠴᠠᠭᠠᠷ ᠡᠵᠡᠮᠰᠢᠯ ᠢ ᠡᠪᠳᠡᠵᠦ᠂ ᠵᠠᠬ᠎ᠠ | ᠳᠡᠯᠭᠡᠭᠦᠷ ᠤᠨ ᠭᠠᠭᠴᠠᠭᠠᠷ ᠡᠵᠡᠮᠰᠢᠯ ᠢ ᠰᠡᠷᠭᠡᠶᠢᠯᠡᠨ᠂ ᠨᠢᠭᠡᠳᠦᠯᠲᠡᠶ ᠵᠠᠬ᠎ᠠ ᠳᠡᠯᠭᠡᠭᠦᠷ ᠪᠠ ᠡᠷᠬᠡ ᠲᠡᠭᠰᠢ | ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠠᠷᠢᠯᠭᠠᠨ ᠬᠦᠴᠦᠨ ᠦᠭᠡᠢ | ᠪᠣᠯᠭᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ | ᠨᠢᠭᠡ ᠠᠯᠬᠤᠮ ᠬᠥᠭᠵᠢᠭᠡᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠳᠦᠷᠢᠮ ︵ᠲᠥᠰᠦᠯ︶︾ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ | ᠲᠣᠭᠲᠠᠭᠠᠬᠤ ᠪᠠ ᠵᠠᠰᠠᠪᠤᠷᠢ ᠣᠷᠣᠭᠤᠯᠬᠤ ᠲᠤᠬᠠᠶ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠲᠣᠭᠲᠠᠭᠠᠯ ᠢ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |