ᠪᠦ᠋ ᠰᠢᠶᠤᠤ ᠯᠢᠨ ᠲᠦᠩᠯᠢᠶᠣᠤ ᠬᠤᠲᠠ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/7
     9 ᠰᠠᠷ᠎ᠠ ᠶᠢᠨ 4᠎ ᠠᠴᠠ 5᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠲᠦᠩᠯᠢᠶᠣᠤ ᠬᠤᠲᠠ ᠳᠤ ᠬᠦᠷᠴᠦ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
     9 ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠲᠦᠩᠯᠢᠶᠣᠤ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠬᠦᠷᠴᠦ ᠰᠤᠷᠤᠭᠴᠢᠳ ᠤᠨ ᠪᠠᠶᠢᠷᠢ ᠶᠢᠨ ᠭᠡᠷ ᠤᠨ ᠨᠥᠬᠦᠴᠡᠯ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠣᠯᠤᠨ ᠦᠨᠳᠦᠰᠦᠲᠡᠨ ᠤ ᠤᠯᠠᠮᠵᠢᠯᠠᠯᠲᠤ ᠰᠤᠷᠭᠠᠨ ᠬᠥᠮᠦᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠪᠡ᠃                             ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ      ᠪᠦ᠋ ᠰᠢᠶᠤᠤ ᠯᠢᠨ ᠨᠡᠷ ᠲᠦᠩᠯᠢᠶᠣᠤ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠰᠤᠷᠤᠭᠴᠢᠳ ᠤᠨ ᠪᠠᠶᠢᠷᠢ ᠶᠢᠨ ᠭᠡᠷ ᠤᠨ ᠨᠥᠬᠦᠴᠡᠯ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠣᠯᠤᠨ ᠦᠨᠳᠦᠰᠦᠲᠡᠨ ᠤ ᠤᠯᠠᠮᠵᠢᠯᠠᠯᠲᠤ ᠰᠤᠷᠭᠠᠨ ᠬᠥᠮᠦᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠵᠤ᠂ ᠰᠤᠷᠭᠠᠭᠤᠯᠢ ᠶᠢᠨ ᠵᠢᠭᠠᠨ ᠰᠤᠷᠭᠠᠯᠲᠠ᠂ ᠶᠣᠰᠣ ᠰᠤᠷᠲᠠᠬᠤᠨ ᠤ ᠬᠥᠮᠦᠵᠢᠯ ᠵᠡᠷᠭᠡ ᠲᠠᠯ᠎ᠠ ᠶᠢᠨ ᠠᠵᠢᠯ ᠢ ᠭᠦᠨᠵᠡᠭᠡᠶ ᠣᠶᠢᠯᠠᠭᠠᠬᠰᠠᠨ ᠪᠦᠬᠡᠳ ᠪᠠᠭᠰᠢ ᠨᠠᠷ ᠤᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠠᠵᠢᠯᠲᠠᠳ ᠲᠠᠢ ᠶᠠᠷᠢᠯᠴᠠᠵᠤ᠂ ᠨᠢᠭᠤᠷᠳᠠᠨ ᠰᠣᠯᠢᠯᠴᠠᠵᠤ᠂ ᠣᠯᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠬᠢᠨᠠᠮᠠᠭᠠᠶ ᠰᠣᠨᠣᠰᠴᠤ᠂ ᠰᠤᠷᠤᠭᠴᠢᠳ ᠪᠣᠯᠤᠨ ᠭᠡᠷ ᠤᠨ ᠠᠬᠠᠮᠠᠳ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠶᠠᠮᠠᠷ ᠶᠠᠮᠠᠷ ᠰᠠᠨᠠᠭᠠᠰᠢᠷᠠᠯ ᠵᠤᠪᠠᠨᠢᠯ ᠪᠠᠶᠢᠬᠤ ᠶᠢ ᠣᠶᠢᠯᠠᠭᠠᠨ᠂ ᠡᠷᠡᠭᠡᠯᠵᠡᠭᠡ ᠲᠠᠢ ᠪᠠᠶᠢᠭ᠎ᠠ ᠠᠰᠠᠭᠤᠲᠠᠯ ᠢ ᠨᠢ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠵᠤ᠂ ᠣᠯᠠᠨ ᠤ ᠡᠭᠡᠲᠡᠷᠡᠭᠡ ᠶᠢ ᠠᠯᠳᠠᠷᠠᠭᠠᠨ ᠡᠷᠡᠭᠡᠯᠵᠡᠭᠡ ᠶᠢ ᠠᠷᠢᠯᠭᠠᠵᠥ ᠦᠭᠪᠡ᠃ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠾᠧᠦ ᠶᠤᠸᠠᠨ ᠨᠢᠭᠡᠳ ᠨᠢᠭᠡ ᠪᠠᠷ ᠬᠠᠷᠢᠭᠤᠯᠲᠠ ᠥᠭᠪᠡ᠃ ᠪᠦ᠋ ᠰᠢᠶᠤᠤ ᠯᠢᠨ ᠨᠡᠷ ᠪᠠᠰᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠥᠭᠵᠢᠯᠲᠡ᠂ ᠮᠣᠩᠭᠤᠯ ᠡᠮ ᠡᠮᠨᠡᠯᠭᠡ ᠶᠢᠨ ᠰᠢᠨᠵᠢᠯᠡᠭᠡᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃
     9 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ ᠪᠠᠭᠰᠢ ᠠᠵᠢᠯᠲᠠᠳ ᠤᠨ ᠲᠥᠯᠥᠭᠡᠯᠡᠭᠴᠢ ᠲᠠᠢ ᠶᠠᠷᠢᠯᠴᠠᠪᠠ᠃                                      ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
     9 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠥᠭᠵᠢᠯᠲᠡ᠂ ᠮᠣᠩᠭᠤᠯ ᠡᠮ ᠡᠮᠨᠡᠯᠭᠡ ᠶᠢᠨ ᠰᠢᠨᠵᠢᠯᠡᠭᠡᠨ ᠤ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃                                       ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ      ᠪᠦ᠋ ᠰᠢᠶᠤᠤ ᠯᠢᠨ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠣᠯ ᠳᠦᠷᠦ ᠶᠢᠨ ᠠᠵᠢᠯ ᠡᠷᠬᠡ ᠮᠥᠨ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠤᠯᠤᠨ᠎ᠠ᠃ ᠦᠨᠳᠦᠰᠦᠲᠡᠨ ᠤ ᠭᠠᠵᠠᠷ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠭᠠᠵᠠᠷ ᠣᠷᠣᠨ ᠪᠣᠯᠤᠨ ᠬᠤᠪᠢ ᠬᠥᠮᠦᠨ ᠤ ᠢᠷᠡᠭᠡᠳᠦᠶ ᠶᠢᠨ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠪᠤᠰᠤᠳᠴᠢ ᠬᠡᠷᠡᠭᠴᠡᠭᠡ ᠱᠠᠭᠠᠷᠲᠠᠯᠭ᠎ᠠ ᠮᠥᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠴᠢᠬᠤᠯᠠ ᠨᠥᠬᠦᠴᠡᠯ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠨᠳᠦᠰᠦᠨ ᠱᠠᠭᠠᠷᠳᠠᠯᠭ᠎ᠠ ᠮᠥᠨ᠃ ᠡᠨᠡ ᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ ᠣᠳᠣᠬᠠᠨ ᠤ ᠪᠠ ᠠᠯᠤᠰ ᠢᠷᠡᠭᠡᠳᠦᠶ ᠳᠤ ᠪᠦᠷ ᠠᠰᠢᠭᠲᠠᠶ ᠠᠵᠢᠯ ᠪᠣᠯᠬᠤ ᠪᠥᠭᠡᠳ ᠪᠠᠰᠠ ᠡᠷᠬᠡᠪᠰᠢ ᠪᠡᠶᠡᠯᠡᠭᠦᠯᠬᠦ ᠬᠡᠷᠡᠭᠲᠡᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠥ ᠪᠠᠶᠢᠭ᠎ᠠ ᠰᠤᠷᠭᠠᠭᠤᠯᠢ ᠨᠤᠭᠤᠳ ᠲᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭ ᠲᠡᠮᠳᠡᠭ ᠲᠣᠳᠣᠷᠬᠠᠶ ᠪᠠᠷ ᠡᠷᠡᠰ ᠰᠠᠶᠢᠳᠤᠷ ᠨᠠᠶᠢᠳᠠᠪᠤᠷᠢᠵᠢᠭᠤᠯᠵᠤ᠂ ᠠᠵᠢᠯ ᠢᠶᠠᠨ ᠪᠣᠳᠠᠲᠠᠶ ᠬᠢᠵᠤ ᠨᠠᠷᠢᠯᠢᠭ ᠬᠢᠵᠦ ᠰᠠᠶᠢᠲᠤᠷ ᠬᠢᠵᠤ᠂ ᠣᠯᠠᠨ ᠲᠦᠮᠡᠨ ᠢ ᠡᠨᠡ ᠠᠵᠢᠯ ᠤᠨ ᠲᠤᠬᠠᠢ ᠵᠦᠪ ᠲᠠᠨᠢᠭᠤᠯᠬᠤ᠂ ᠠᠵᠢᠯ ᠢᠶᠠᠨ ᠪᠤᠲᠠᠲᠦ ᠦᠷ᠎ᠡ ᠪᠦᠲᠦᠮᠵᠢ ᠲᠠᠢ ᠪᠤᠯᠭᠠᠬᠤ ᠶᠢ ᠦᠨᠡᠨ ᠬᠦ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号