ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠠᠢ ᠲᠡᠮᠡᠴᠡᠭᠰᠡᠳ ᠢ ᠬᠦᠬᠢᠬᠦᠯᠦᠨ ᠰᠠᠶᠢᠰᠢᠶᠠᠬᠤ ᠶᠡᠭᠡ ᠬᠤᠷᠠᠯ 8᠎ ᠤ ᠦᠳᠡ ᠶᠢᠨ ᠡᠮᠦᠨ᠎ᠠ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠨ᠎ᠠ
ᠨᠡᠶᠢᠲᠡᠯᠡᠭᠰᠡᠨ ᠴᠠᠭ᠄
2020/9/7
     ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ 9 ᠰᠠᠷ᠎ᠠ ᠶᠢᠨ 8᠎ ᠤ ᠦᠳᠡ ᠶᠢᠨ ᠡᠮᠦᠨ᠎ᠠ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠨ᠎ᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠳᠡᠮᠳᠡᠭ ᠪᠠ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠲᠤ ᠭᠠᠪᠢᠶᠠᠨ ᠳᠡᠮᠳᠡᠭ ᠤᠯᠭᠤᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠨ᠎ᠠ᠃      ᠶᠡᠭᠡ ᠬᠤᠷᠠᠯ ᠳᠡᠭᠡᠷ᠎ᠠ ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠠᠢ ᠲᠡᠮᠡᠴᠡᠭᠰᠡᠨ ᠲᠡᠷᠢᠬᠦᠨ ᠤ ᠬᠤᠪᠢ ᠬᠦᠮᠦᠨ᠂ ᠲᠡᠷᠢᠬᠦᠨ ᠤ ᠬᠠᠮᠳᠦ᠂ ᠪᠦᠬᠦ ᠤᠯᠤᠰ ᠤᠨ ᠰᠢᠯᠢᠳᠡᠭ ᠡᠪ ᠬᠠᠮᠳᠦ ᠨᠠᠮ ᠤᠨ ᠭᠡᠰᠢᠬᠦᠨ᠂ ᠪᠦᠬᠦ ᠤᠯᠤᠰ ᠤᠨ ᠦᠨᠳᠦᠰᠦᠨ ᠱᠠᠳᠤᠨ ᠤ ᠲᠡᠷᠢᠬᠦᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠬᠦᠬᠢᠬᠦᠯᠦᠨ ᠰᠠᠶᠢᠰᠢᠶᠡᠨ᠎ᠠ᠃      ᠲᠦᠪ ᠤᠨ ᠷᠠᠳᠢᠣ᠋ ᠲᠧᠯᠸᠢᠰ ᠤᠨ ᠶᠡᠷᠦᠩᠭᠡᠢ ᠬᠤᠷᠢᠶ᠎ᠠ᠂ ᠰᠢᠨᠬᠤᠸᠠ ᠰᠦᠯᠵᠢᠶ᠎ᠠ ᠲᠤᠬᠠᠢ ᠶᠢᠨ ᠦᠶ᠎ᠠ ᠳᠤ ᠶᠡᠭᠡ ᠬᠤᠷᠠᠯ ᠢ ᠠᠬᠤᠢ ᠲᠠᠯᠠᠪᠠᠢ ᠪᠠᠷ ᠰᠢᠭᠤᠳ ᠨᠡᠪᠳᠡᠷᠡᠬᠦᠯᠵᠦ᠂ ᠠᠷᠠᠳ ᠤᠨ ᠰᠦᠯᠵᠢᠶ᠎ᠠ᠂ ᠲᠦᠪ ᠲᠧᠯᠸᠢᠰ ᠤᠨ ᠰᠦᠯᠵᠢᠶ᠎ᠠ᠂ ᠳᠤᠮᠳᠠᠳᠤ ᠤᠯᠤᠰ ᠰᠦᠯᠵᠢᠶ᠎ᠠ ᠵᠡᠷᠭᠡ ᠲᠦᠪ ᠤᠨ ᠭᠤᠤᠯᠳᠠᠯᠭ᠎ᠠ ᠲᠠᠢ ᠰᠤᠨᠢᠨ ᠮᠡᠳᠡᠭᠡᠨ ᠤ ᠰᠦᠯᠵᠢᠶᠡᠨ ᠦᠷᠳᠡᠭᠡ ᠪᠠ ᠠᠷᠠᠳ ᠤᠨ ᠡᠳᠦᠷ ᠤᠨ ᠰᠤᠨᠢᠨ ᠤ ᠰᠢᠯᠵᠢᠶ᠎ᠠ᠂ ᠰᠢᠨᠬᠤᠸᠠ ᠰᠢᠯᠵᠢᠶ᠎ᠠ᠂ ᠲᠦᠪ ᠲᠧᠯᠸᠢᠰ ᠤᠨ ᠰᠤᠨᠢᠨ ᠮᠡᠳᠡᠭᠡᠨ ᠤ ᠰᠢᠯᠵᠢᠶ᠎ᠠ ᠵᠡᠷᠭᠡ ᠰᠢᠨ᠎ᠠ ᠵᠠᠭᠤᠴᠢᠯᠠᠭᠤᠷ ᠤᠨ ᠲᠠᠪᠴᠠᠩ ᠴᠦ ᠢᠵᠢᠯᠢ ᠠᠯᠬᠤᠮ ᠢᠶᠠᠷ ᠳᠠᠮᠵᠢᠭᠤᠯᠤᠨ ᠨᠡᠪᠳᠡᠷᠡᠬᠦᠯᠦᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号