ᠥᠪᠥᠷ ᠮᠣᠩᠭᠤᠯ ᠨᠢᠭᠡ ᠪᠦᠯᠦᠭ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠪᠦᠯᠦᠭᠯᠡᠯ ᠢ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2020/9/8
     ᠲᠦᠷᠦᠭᠦᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠤᠴᠣᠷᠤᠩᠭᠤᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠨᠢᠭᠡ ᠪᠦᠯᠦᠭ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠪᠦᠯᠦᠭᠯᠡᠯ ᠢ ᠪᠤᠢ ᠪᠣᠯᠭᠠᠵᠤ᠂ ᠵᠢᠱᠢᠯᠲᠡ ᠪᠠᠷ 2025 ᠣᠨ ᠪᠣᠯᠬᠤ ᠳᠤ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 3000 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠥᠪᠥᠷ ᠮᠣᠩᠭᠤᠯ 4 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠣᠷᠣᠭᠤᠯᠵᠤ᠂ 216 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠴᠤᠭᠯᠠᠭᠤᠯᠬᠤ ᠭᠡᠷ᠎ᠡ ᠲᠣᠭᠲᠠᠵᠤ᠂ ᠢᠯᠢ᠂ ᠮᠧᠩ ᠨᠢᠤ ᠵᠡᠷᠭᠡ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠤᠨ ᠬᠠᠳᠤᠨ ᠭᠤᠤᠯ᠂ ᠨᠤᠨ ᠮᠥᠷᠡᠨ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠪᠣᠯᠤᠨ ᠬᠥᠯᠥᠨ ᠪᠦᠷ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠠᠶᠢᠷᠢᠰᠢᠭᠤᠯᠬᠤ ᠶᠢ ᠨᠢ ᠠᠬᠢᠭᠤᠯᠵᠤ᠂ ᠵᠡᠭᠦᠨ ᠠᠴᠠ ᠬᠥᠯᠥᠨ ᠪᠦᠷ ᠬᠤᠲᠠ ᠠᠴᠠ ᠡᠬᠢᠯᠡᠨ᠂ ᠪᠠᠷᠠᠭᠤᠨᠰᠢ ᠪᠠᠨ ᠪᠠᠶᠠᠨᠨᠠᠭᠤᠷ ᠬᠤᠲᠠ ᠬᠦᠷᠲᠡᠯ᠎ᠡ᠂ ᠠᠯᠢ ᠣᠯᠠᠨ ᠴᠢᠬᠤᠯᠠ ᠶᠡᠭᠡ ᠰᠦ ᠰᠠᠭᠠᠯᠢ ᠶᠢᠨ ᠦᠢᠯᠡᠰ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠶᠢᠳᠡᠮ ᠳᠤ ᠨᠢ ᠡᠬᠢᠯᠡᠭᠦᠯᠵᠦ᠂ ᠳᠡᠯᠡᠬᠡᠶ ᠶᠢᠨ ᠲᠠᠰ ᠤᠨ ᠨᠢᠭᠡᠳᠦᠭᠡᠷ ᠬᠤᠶᠠᠳᠣᠭᠠᠷ ᠭᠤᠷᠪᠠᠳᠤᠭᠠᠷ ᠠᠵᠤ ᠦᠢᠯᠡᠰ ᠢ ᠰᠤᠨᠳᠠᠯᠠᠭᠰᠠᠨ ᠪᠥᠬᠦ ᠠᠵᠤ ᠦᠢᠯᠡᠰ ᠤᠨ ᠬᠡᠯᠬᠢᠶᠡᠨ ᠤ ᠰᠦ ᠰᠠᠭᠠᠯᠢ ᠶᠢᠨ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ ᠭᠡᠵᠡᠢ᠃      ᠥᠪᠥᠷ ᠮᠣᠩᠭᠤᠯ ᠰᠦ ᠰᠠᠭᠠᠯᠢ ᠶᠢᠨ ᠦᠢᠯᠡᠰ ᠤᠨ ᠳᠠᠪᠠᠭᠤᠯᠢᠭ ᠲᠤ ᠪᠠᠨ ᠲᠦᠰᠢᠭᠯᠡᠨ᠂ ᠬᠥᠬᠡᠬᠤᠲᠠ᠂ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ ᠵᠡᠷᠭᠡ ᠭᠠᠵᠠᠷ ᠲᠤ ᠨᠢᠭᠡ ᠪᠦᠯᠦᠭ ᠬᠡᠪᠴᠢᠶᠡᠵᠢᠭᠰᠡᠨ ᠮᠠᠯᠵᠢᠯ ᠤᠨ ᠲᠠᠯᠠᠪᠠᠶ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ᠂ ᠡᠪᠡᠰᠦ ᠪᠣᠷᠳᠤᠭ᠎ᠠ ᠳᠠᠷᠢᠬᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠴᠠᠭᠠᠨ ᠢᠳᠡᠭᠡ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠢᠵᠢ ᠪᠦᠷᠢᠳᠦᠭᠦᠯᠦᠨ ᠬᠥᠭᠵᠢᠭᠦᠯᠬᠦ ᠶᠢ ᠪᠡᠶᠡᠯᠡᠭᠦᠯᠵᠦ᠂ ᠬᠤᠶᠢᠰᠢᠳᠠ ᠶᠢᠨ 3᠎ ᠠᠴᠠ 5 ᠵᠢᠯ ᠤᠨ ᠳᠣᠲᠣᠷ᠎ᠠ ᠰᠢᠨ᠎ᠡ ᠪᠠᠷ 100 ᠲᠦᠮᠡᠨ ᠰᠠᠭᠠᠯᠢ ᠶᠢᠨ ᠦᠨᠢᠶ᠎ᠡ ᠨᠡᠮᠡᠭᠳᠡᠭᠦᠯᠵᠦ᠂ ᠴᠠᠭᠠᠨ ᠢᠳᠡᠭᠡ ᠪᠣᠯᠪᠠᠰᠤᠷᠠᠭᠤᠯᠬᠤ ᠴᠢᠳᠠᠪᠤᠷᠢ ᠶᠢ ᠬᠤᠶᠠᠷ ᠳᠠᠬᠢᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠪᠠᠷ ᠪᠤᠢ᠃      ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠥᠪᠥᠷ ᠮᠣᠩᠭᠤᠯ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠨᠢ ᠠᠬᠢᠭᠤᠯᠵᠤ᠂ ᠲᠣᠮᠣ ᠳ᠋ᠠᠶᠢᠲ᠋ᠠ᠂ 5G᠂ ᠵᠣᠬᠢᠶᠠᠮᠠᠯ ᠣᠶᠤᠨ ᠴᠢᠳᠠᠪᠤᠷᠢ᠂ ᠪᠣᠳᠠᠰᠯᠢᠭ ᠬᠤᠯᠪᠣᠭᠠᠲᠤ ᠰᠦᠯᠵᠢᠶ᠎ᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠴᠠᠭᠠᠨ ᠢᠳᠡᠭᠡᠨ ᠤ ᠣᠶᠤᠨᠴᠢ ᠦᠢᠯᠡᠳᠬᠡᠯ ᠢ ᠳᠡᠰ ᠳᠡᠪᠰᠢᠭᠦᠯᠬᠦ ᠪᠠ ᠥᠭᠡᠷᠡᠴᠢᠯᠡᠨ ᠰᠢᠨᠡᠴᠢᠯᠡᠬᠦ ᠶᠢ ᠠᠬᠢᠭᠤᠯᠵᠤ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠰ ᠤᠨ ᠪᠣᠬᠢᠷᠲᠤᠯ ᠦᠭᠡᠢ ᠦᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠤᠯᠤᠰ ᠲᠠᠬᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠨ ᠪᠦᠯᠦᠭᠯᠡᠯ ᠢ ᠪᠣᠶᠢᠵᠢᠭᠤᠯᠬᠤ ᠪᠠᠷ ᠪᠤᠢ᠃      ᠯᠢᠦ ᠶᠦᠩ ᡁᠢ ᠬᠡᠯᠡᠬᠦ ᠳᠤ ᠪᠠᠨ᠂ ᠣᠳᠣᠬᠠᠨ ᠳᠤ᠂ ᠥᠪᠥᠷ ᠮᠣᠩᠭᠤᠯ ᠤᠨ ᠰᠠᠭᠠᠯᠢ ᠶᠢᠨ ᠦᠨᠢᠶᠡᠨ ᠤ ᠲᠤᠭ᠎ᠠ ᠨᠢ 120 ᠭᠠᠷᠤᠢ ᠲᠦᠮᠡ ᠳᠤ ᠬᠦᠷᠴᠦ᠂ ᠵᠢᠯ ᠳᠤ 570 ᠭᠠᠷᠤᠢ ᠲᠦᠮᠡᠨ ᠲᠣᠨ ᠦᠨᠢᠶᠡᠨ ᠰᠦ ᠭᠠᠷᠴᠤ ᠪᠣᠢ᠃ ᠰᠦ ᠰᠠᠭᠠᠯᠢ ᠶᠢᠨ ᠦᠢᠯᠡᠰ ᠨᠢ ᠵᠢᠯ ᠤᠨ ᠦᠢᠯᠡᠳᠬᠦᠨ ᠤ ᠥᠷᠲᠡᠭ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠳᠠᠪᠠᠭᠤᠯᠢᠭ ᠠᠵᠤ ᠦᠢᠯᠡᠰ ᠪᠣᠯᠵᠣ᠂ ᠰᠦ ᠶᠢᠨ ᠭᠠᠷᠤᠯᠲᠠ᠂ ᠪᠣᠯᠪᠠᠰᠤᠷᠠᠭᠤᠯᠬᠤ ᠠᠵᠤ ᠦᠢᠯᠡᠰ ᠤᠨ ᠬᠡᠪᠴᠢᠶ᠎ᠡ ᠪᠠ ᠴᠠᠭᠠᠨ ᠢᠳᠡᠭᠡᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号