1. ᠠᠰᠠᠭᠤᠯᠳᠠ᠄ ᠤᠳᠤ ᠶᠢᠨ ︽ᠮᠤᠩᠭᠤᠯ ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ | ᠤᠷᠴᠢᠭᠤᠯᠭ᠎ᠠ ᠶᠢᠨ ᠠᠭᠤᠯᠭ᠎ᠠ ᠤᠯᠠᠨ᠂ ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠲᠠᠢ ᠲᠠᠪᠬᠤᠴᠠᠭᠰᠠᠨ | ᠠᠭᠤᠯᠭ᠎ᠠ ᠪᠤᠢ᠂ ᠪᠠᠰᠠ ᠵᠠᠷᠢᠮ ᠠᠭᠤᠯᠭ᠎ᠠ ᠨᠢ ᠬᠠᠭᠤᠴᠢᠷᠠᠵᠤ᠂ ᠵᠠᠰᠠᠪᠤᠷᠢ ᠤᠷᠤᠭᠤᠯᠬᠤ ᠳᠠᠭᠠᠨ ᠦᠷᠭᠡᠨ | ᠬᠡᠪᠴᠢᠶ᠎ᠡ ᠪᠠᠷ ᠰᠠᠨᠠᠯ ᠬᠤᠷᠢᠶᠠᠭᠰᠠᠨ ᠦᠭᠡᠢ᠃ ᠬᠡᠰᠡᠭ ᠭᠡᠷ ᠤᠨ ᠠᠬᠠᠮᠠᠳ᠂ ᠪᠠᠭᠰᠢ᠂ ᠮᠤᠩᠭᠤᠯ ᠦᠨᠳᠦᠰᠦᠳᠡᠨ ᠤ | ᠤᠯᠠᠨ ᠲᠦᠮᠡᠨ ︽ᠮᠤᠩᠭᠤᠯ ᠬᠡᠯᠡ ᠪᠢᠴᠢᠭ︾ ᠤᠨ ᠬᠢᠴᠢᠶᠡᠯ ᠤᠨ ᠲᠡᠪᠳᠡᠷ ᠤᠨ ᠠᠭᠤᠯᠭ᠎ᠠ ᠶᠡᠭᠡ ᠥᠭᠡᠷᠡᠲᠦᠭᠰᠡᠨ | ᠭᠡᠵᠤ ᠲᠤᠰᠬᠠᠵᠤ ᠪᠠᠶᠢᠭ᠎ᠠ ᠪᠦᠭᠡᠳ ᠤᠤᠯ ᠤᠨ ᠰᠤᠩᠭᠤᠳᠠᠭ ᠵᠤᠬᠢᠶᠠᠯ ᠢ ᠦᠯᠡᠳᠡᠭᠡᠬᠦ ᠪᠤᠯᠪᠠᠤ ᠭᠡᠵᠤ ᠰᠠᠨᠠᠭᠤᠯᠭ᠎ᠠ | ᠭᠠᠷᠭᠠᠪᠠ᠃ ᠡᠨᠡ ᠠᠰᠠᠭᠤᠳᠠᠯ ᠢ ᠰᠢᠢᠳᠪᠦᠷᠢᠯᠡᠵᠦ ᠲᠡᠶᠢᠯᠦᠨ᠎ᠡ ᠤᠤ︖ | ᠬᠠᠷᠢᠭᠤᠯᠳᠠ᠄ ᠤᠯᠤᠰ ᠤᠨ ᠵᠢᠭᠠᠬᠤ ᠮᠠᠲ᠋ᠧᠷᠢᠶᠠᠯ ᠨᠠᠶᠢᠷᠠᠭᠤᠯᠬᠤ ᠵᠦᠪᠯᠡᠯ ᠠᠴᠠ 2019 ᠤᠨ ᠳᠤ | ᠳᠠᠷᠤᠮᠠᠯᠯᠠᠨ ᠲᠠᠷᠬᠠᠭᠠᠭᠰᠠᠨ ︽ᠪᠦᠬᠦ ᠤᠯᠤᠰ ᠤᠨ ᠶᠡᠭᠡ ᠲᠡᠭᠡᠳᠤ ᠰᠤᠷᠭᠠᠭᠤᠯᠢ ᠲᠤᠮᠳᠠᠳᠤ ᠪᠠᠭ᠎ᠠ ᠰᠤᠷᠭᠠᠭᠤᠯᠢ ᠶᠢᠨ | ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠶᠢᠨ ᠲᠦᠯᠦᠪᠵᠢᠭᠦᠯᠭᠡ ︵2019 — 2022︶︾ ᠬᠢᠭᠡᠳ | ︽ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠳᠠ ᠶᠢᠨ ᠠᠷᠭ᠎ᠠ︾ ᠶᠢ ᠦᠨᠳᠦᠰᠦᠯᠡᠵᠦ᠂ | ᠮᠠᠨ ᠤ ᠤᠷᠤᠨ ᠡᠨᠡ ᠵᠢᠯ ᠤᠨ 4 ᠰᠠᠷ᠎ᠠ ᠳᠤ ᠳᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ᠂ ︽ᠮᠤᠩᠭᠤᠯ ᠬᠡᠯᠡ | ᠪᠢᠴᠢᠭ︾ ᠤᠨ ᠵᠢᠭᠠᠬᠤ ᠮᠠᠲ᠋ᠧᠷᠢᠶᠠᠯ ᠳᠤ ᠵᠠᠰᠠᠯᠳᠠ ᠤᠷᠤᠭᠤᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ | ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ᠂ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ᠂ | ᠬᠤᠪᠢᠰᠬᠠᠯ ᠤᠨ ᠤᠯᠠᠮᠵᠢᠯᠠᠯ ᠤᠨ ᠰᠤᠷᠭᠠᠨ ᠬᠦᠮᠦᠵᠢᠯ ᠵᠡᠷᠭᠡ ᠠᠭᠤᠯᠭ᠎ᠠ ᠪᠠ ᠵᠤᠬᠢᠶᠠᠯ ᠤᠨ ᠬᠠᠷᠢᠴᠠᠯ ᠢ | ᠨᠡᠮᠡᠭᠳᠡᠭᠦᠯᠵᠦ᠂ ᠬᠡᠰᠡᠭ ᠵᠤᠬᠢᠶᠠᠯ ᠢ ᠬᠠᠰᠤᠪᠠ᠃ ᠡᠨᠡ ᠠᠵᠢᠯ ᠪᠣᠯ ᠬᠡᠪ ᠤᠨ ᠲᠤᠬᠠᠶᠢᠯᠠᠭᠰᠠᠨ ᠠᠵᠢᠯ ᠪᠤᠯᠬᠤ | ᠪᠦᠭᠡᠳ ᠰᠤᠷᠤᠯᠭ᠎ᠠ ᠶᠢᠨ ᠬᠤᠭᠤᠴᠠᠭ᠎ᠠ ᠪᠦᠷᠢ ᠵᠢᠭᠠᠬᠤ ᠮᠠᠲ᠋ᠧᠷᠢᠶᠠᠯ ᠳᠤ ᠵᠠᠰᠠᠯᠳᠠ ᠤᠷᠤᠭᠤᠯᠳᠠᠭ | ᠶᠤᠮ᠃ | ︽ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠳᠠ ᠶᠢᠨ ᠠᠷᠭ᠎ᠠ︾ ᠶᠢᠨ | ᠲᠤᠭᠳᠠᠭᠠᠯ ᠶᠤᠰᠤᠭᠠᠷ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ ᠵᠠᠰᠠᠯᠳᠠ ᠤᠷᠤᠭᠤᠯᠬᠤ ᠳᠤ ᠵᠤᠬᠢᠬᠤ | ᠨᠦᠬᠦᠴᠡᠯ ᠪᠤᠯᠤᠨ ᠬᠢᠷᠢ ᠬᠡᠮ ᠲᠠᠢ ᠨᠠᠶᠢᠷᠠᠭᠤᠯᠤᠨ ᠪᠢᠴᠢᠬᠦ ᠪᠠᠶᠢᠭᠤᠯᠤᠮᠵᠢ ᠠᠴᠠ ᠬᠤᠯᠪᠤᠭᠳᠠᠯ ᠪᠦᠬᠦᠢ ᠬᠢᠴᠢᠶᠡᠯ | ᠲᠦᠷᠦᠯ ᠤᠨ ᠳᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ ᠨᠠᠶᠢᠷᠠᠭᠤᠯᠤᠨ ᠪᠢᠴᠢᠪᠡ᠂ ᠨᠠᠶᠢᠷᠠᠭᠤᠯᠤᠨ | ᠪᠢᠴᠢᠬᠦ ᠳᠡᠭᠡᠨ ᠭᠤᠤᠯ ᠨᠠᠶᠢᠷᠠᠭᠤᠯᠤᠭᠴᠢ ᠬᠠᠷᠢᠭᠤᠴᠠᠬᠤ ᠲᠦᠷᠢᠮ ᠢ ᠬᠡᠷᠡᠭᠵᠢᠭᠦᠯᠵᠤ᠂ ᠵᠢᠭᠠᠬᠤ ᠮᠠᠲ᠋ᠧᠷᠢᠶᠠᠯ ᠢ ᠬᠢᠨᠠᠨ | ᠪᠠᠶᠢᠴᠠᠭᠠᠬᠤ ᠳᠤ ᠲᠤᠰᠬᠠᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠵᠢᠭᠠᠬᠤ ᠮᠠᠲ᠋ᠧᠷᠢᠶᠠᠯ ᠢ ᠬᠢᠨᠠᠨ ᠰᠢᠯᠭᠠᠬᠤ | ᠬᠤᠷᠠᠯ ᠬᠤᠷᠠᠯᠳᠤᠭᠤᠯᠵᠤ᠂ ᠨᠡᠶᠢᠳᠡ ᠪᠠᠷ ᠢᠶᠠᠨ ᠶᠠᠷᠢᠯᠴᠠᠵᠤ ᠬᠢᠨᠠᠨ ᠪᠠᠲᠤᠯᠠᠭᠰᠠᠨ ᠤ ᠲᠠᠷᠠᠭ᠎ᠠ ᠬᠡᠷᠡᠭᠯᠡᠨ᠎ᠡ᠃ | ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠰᠤᠩᠭᠤᠬᠤ ᠳᠠᠭᠠᠨ ᠬᠢᠴᠢᠶᠡᠯ ᠤᠨ ᠪᠠᠷᠢᠮᠵᠢᠶ᠎ᠡ ᠳᠤ ᠲᠤᠭᠳᠠᠭᠠᠭᠰᠠᠨ | ᠮᠡᠳᠡᠯᠭᠡ ᠶᠢᠨ ᠲᠦᠷᠦᠯ ᠵᠦᠢᠯ᠂ ᠪᠦᠷᠬᠦᠴᠡ ᠶᠢᠨ ᠦᠷᠭᠡᠴᠡ ᠶᠢᠨ ᠬᠡᠮᠵᠢᠶ᠎ᠡ᠂ ᠬᠦᠴᠢᠷ ᠬᠢᠯᠪᠡᠷ ᠤᠨ ᠬᠡᠮᠵᠢᠶ᠎ᠡ | ᠵᠡᠷᠭᠡ ᠳᠤ ᠨᠡᠶᠢᠴᠡᠭᠰᠡᠨ ᠪᠠᠶᠢᠬᠤ ᠬᠡᠷᠡᠭᠳᠡᠢ ᠮᠦᠷᠳᠡᠭᠡᠨ ᠬᠠᠷᠢᠴᠠᠩᠭᠤᠢ ᠲᠤᠭᠳᠠᠭᠤᠨ᠂ ᠴᠠᠭ ᠦᠶ᠎ᠡ ᠶᠢ ᠲᠠᠭᠠᠨ | ᠵᠡᠷᠬᠡ ᠪᠠᠷ ᠤᠷᠤᠭᠰᠢᠯᠠᠭᠰᠠᠨ᠂ ᠠᠵᠤ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠰᠢᠨ᠎ᠡ ᠬᠤᠪᠢᠷᠠᠯᠳᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠰᠢᠨ᠎ᠡ ᠦᠷ᠎ᠡ ᠪᠦᠳᠦᠭᠡᠯ ᠢ ᠴᠠᠭ ᠲᠤᠬᠠᠢ ᠳᠤᠨᠢ | ᠲᠤᠰᠬᠠᠵᠤ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ ᠶᠢ ᠠᠩᠬᠠᠷᠴᠤ᠂ ᠭᠤᠤᠯᠯᠠᠭᠴᠢ ᠬᠡᠪ ᠪᠤᠯᠪᠠᠰᠤᠷᠠᠯ ᠢ | ᠬᠦᠮᠦᠵᠢᠭᠦᠯᠬᠦ ᠶᠢ ᠴᠢᠬᠤᠯᠠᠴᠢᠯᠠᠵᠤ᠂ ᠰᠤᠷᠤᠭᠴᠢᠳ ᠤᠨ ᠦᠰᠦᠨ ᠪᠤᠶᠢᠵᠢᠬᠤ ᠵᠢᠮ᠎ᠡ ᠶᠤᠰᠤ ᠶᠢ ᠵᠢᠷᠤᠮᠯᠠᠵᠤ᠂ | ᠰᠤᠷᠤᠭᠴᠢᠳ ᠤᠨ ᠦᠵᠡᠯ ᠰᠠᠨᠠᠭ᠎ᠠ᠂ ᠠᠮᠢᠳᠤᠷᠠᠯ᠂ ᠰᠤᠷᠤᠯᠴᠠᠯᠭ᠎ᠠ ᠵᠡᠷᠭᠡ ᠪᠤᠳᠠᠳᠤ ᠪᠠᠶᠢᠳᠠᠯ ᠲᠠᠢ ᠨᠢᠭᠳᠠ | ᠬᠤᠯᠪᠤᠭᠳᠠᠭᠤᠯᠵᠤ᠂ ᠮᠡᠳᠡᠯᠭᠡ᠂ ᠴᠢᠳᠠᠪᠤᠷᠢ᠂ ᠰᠡᠳᠬᠢᠯᠭᠡ᠂ ᠦᠷᠳᠡᠭ ᠤᠨ ᠦᠵᠡᠯᠳᠡ ᠶᠢᠨ ᠬᠦᠮᠦᠵᠢᠯ ᠤᠨ | ᠤᠷᠭᠠᠨᠢᠭ ᠤᠶᠠᠯᠳᠤᠯ ᠢ ᠠᠬᠢᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ | ᠲᠡᠷᠢᠭᠦᠨ ᠤ ᠤᠶᠢᠯᠠᠭᠠᠭᠳᠠᠬᠤᠨ ᠢ ᠪᠦᠷᠢᠨ ᠭᠦᠢᠴᠡᠳ ᠢᠯᠡᠷᠡᠭᠦᠯᠬᠦ ᠬᠡᠷᠡᠭᠳᠡᠢ᠃ | 2. ᠠᠰᠠᠭᠤᠯᠳᠠ᠄ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ | ᠰᠢᠯᠭᠠᠯᠳᠠ ᠶᠢᠨ ᠦᠭᠡᠷᠡᠴᠢᠯᠡᠯᠳᠡ ᠳᠤ ︽3+3︾ ᠶᠢᠨ ᠵᠠᠭᠪᠤᠷ ᠢ ᠬᠡᠷᠡᠭᠵᠢᠭᠦᠯᠦᠭᠰᠡᠨ ᠤ ᠲᠠᠷᠠᠭ᠎ᠠ᠂ ᠨᠡᠶᠢᠭᠡᠮ ᠤᠨ | ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠃ ᠤᠯᠤᠰ ᠤᠨ ᠭᠤᠷᠪᠠᠨ | ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ | ᠮᠤᠩᠭᠤᠯ ᠢᠶᠠᠷ ᠬᠢᠴᠢᠶᠡᠯᠯᠡᠬᠦ ᠰᠤᠷᠤᠭᠴᠢᠳ ᠤᠨ ︽ᠬᠡᠯᠡ ᠪᠢᠴᠢᠭ︾ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤᠢ︾ | ︽ᠲᠡᠦᠬᠡ︾ ᠶᠢᠨ ᠬᠢᠴᠢᠶᠡᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠬᠡᠷᠡᠭᠵᠢᠬᠦᠯᠬᠦ ᠨᠢ | ᠰᠤᠷᠤᠭᠴᠢᠳ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠡᠯ ᠢ ᠰᠤᠩᠭᠤᠬᠤ ᠳᠤ ᠤᠯᠠᠮ | ᠢᠯᠡᠭᠦᠦ ᠬᠡᠯᠪᠠᠶᠢᠵᠦ᠂ ᠬᠢᠴᠢᠶᠡᠯ ᠬᠡᠯᠪᠠᠶᠢᠬᠦ ᠦᠵᠡᠭᠳᠡᠯ ᠭᠠᠷᠬᠤ ᠳᠤ ᠬᠦᠷᠦᠭᠦᠯᠦᠨ᠎ᠡ ᠤᠤ ᠦᠭᠡᠢ ᠤᠤ︖ | ᠬᠠᠷᠢᠭᠤᠯᠳᠠ᠄ ᠰᠢᠨ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ | ᠨᠢᠭᠡᠳᠤᠯᠳᠠᠢ ᠰᠢᠯᠭᠠᠯᠳᠠ ᠶᠢᠨ ᠦᠨᠡᠯᠡᠯᠳᠡ ᠶᠢᠨ ᠰᠢᠰᠲ᠋ᠧᠮ ᠨᠢ ︽ᠬᠦᠳᠦᠯᠬᠦ ᠵᠢᠭᠠᠨ ᠰᠤᠷᠭᠠᠯᠳᠠ︾ ᠶᠢ ᠲᠤᠭ | ᠲᠡᠮᠳᠡᠭ ᠲᠤᠳᠤᠷᠬᠠᠢ ᠪᠠᠷ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ | ᠰᠢᠯᠭᠠᠯᠳᠠ ᠶᠢᠨ ᠠᠭᠤᠯᠭ᠎ᠠ ᠶᠢᠨ ᠦᠭᠡᠷᠡᠴᠢᠯᠡᠯᠳᠡ ᠶᠢᠨ ᠭᠤᠤᠯ ᠴᠢᠭᠯᠡᠯ ᠪᠤᠯᠭᠠᠵᠤ᠂ ᠵᠢᠭᠠᠬᠤ᠂ ᠰᠤᠷᠬᠤ᠂ | ᠰᠢᠯᠭᠠᠬᠤ ᠶᠢᠨ ᠤᠷᠭᠠᠨᠢᠭ ᠨᠢᠭᠡᠳᠦᠯ ᠢ ᠤᠯᠠᠮ ᠢᠶᠠᠷ ᠴᠢᠬᠤᠯᠠᠴᠢᠯᠠᠭᠰᠠᠨ ᠪᠠᠶᠢᠨ᠎ᠠ᠃ ᠡᠭᠦᠨ ᠤ ᠭᠤᠤᠯᠯᠠᠭᠴᠢ | ᠤᠶᠢᠯᠡᠳᠦᠯ ᠨᠢ ᠶᠤᠰᠤ ᠮᠤᠷᠠᠯ ᠢᠶᠠᠷ ᠬᠦᠮᠦᠨ ᠬᠦᠮᠦᠵᠢᠭᠦᠯᠬᠦ᠂ ᠴᠢᠳᠠᠪᠤᠷᠢᠳᠠᠨ ᠰᠤᠩᠭᠤᠬᠤ ᠳᠤ ᠦᠢᠯᠡᠴᠢᠯᠡᠬᠦ᠂ | ᠬᠦᠳᠦᠯᠦᠨ ᠲᠠᠭᠠᠭᠤᠯᠵᠤ ᠵᠢᠭᠠᠨ ᠰᠤᠷᠭᠠᠬᠤ ᠳᠤ ᠤᠷᠤᠰᠢᠨ᠎ᠠ᠃ ᠤᠳᠤ ᠶᠢᠨ ᠮᠠᠨ ᠤ ᠤᠷᠤᠨ ᠤ ᠬᠡᠷᠡᠭᠵᠢᠭᠦᠯᠵᠦ | ᠪᠠᠶᠢᠭ᠎ᠠ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ | ᠦᠨᠡᠯᠡᠯᠳᠠ ᠶᠢᠨ ᠰᠢᠰᠲ᠋ᠧᠮ ᠲᠠᠢ ᠬᠠᠷᠢᠴᠠᠭᠤᠯᠪᠠᠯ᠂ ᠰᠤᠷᠤᠭᠴᠢᠳ ᠤᠨ ᠪᠡᠶ᠎ᠠ ᠪᠠᠨ ᠳᠠᠭᠠᠭᠠᠵᠤ ᠰᠤᠩᠭᠤᠬᠤ ᠡᠷᠬᠡ ᠶᠢ | ᠤᠯᠠᠮ ᠢᠯᠡᠭᠦᠦ ᠴᠢᠩᠭᠠᠳᠬᠠᠵᠤ᠂ ᠳᠠᠪᠠᠭᠤᠯᠢᠭ ᠬᠢᠴᠢᠶᠡᠯ ᠲᠦᠷᠦᠯ ᠪᠤᠶᠤ ᠤᠨᠴᠠ ᠴᠢᠳᠠᠪᠤᠷᠢ ᠶᠢᠨ ᠳᠠᠯᠳᠠ | ᠬᠦᠴᠦᠨ ᠲᠠᠢ ᠰᠤᠷᠤᠭᠴᠢᠳ ᠲᠤ ᠠᠪᠴᠤ ᠬᠡᠯᠡᠪᠡᠯ᠂ ᠤᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠭᠰᠠᠨ ᠤ ︽ᠲᠠᠪᠠᠭᠤᠯᠢᠭ ᠲᠠᠯ᠎ᠠ ᠪᠠᠷ ᠢᠶᠠᠷ ᠲᠤᠳᠠᠭᠳᠠᠯ ᠲᠠᠢ | ᠲᠠᠯ᠎ᠠ ᠶᠢ ᠪᠠᠨ ᠨᠦᠬᠦᠪᠦᠷᠢᠯᠡᠬᠦ︾ ᠶᠢ ᠦᠭᠡᠷᠡᠴᠢᠯᠡᠭᠰᠡᠨ ᠤ ᠲᠠᠷᠠᠭ᠎ᠠ ︽ᠳᠠᠪᠠᠭᠤᠯᠢᠭ ᠢᠶᠠᠨ ᠪᠠᠳᠠᠷᠠᠭᠤᠯᠵᠤ | ᠳᠤᠳᠠᠭᠳᠠᠯ ᠢᠶᠠᠨ ᠳᠡᠪᠴᠢᠬᠦ︾ ᠪᠤᠯᠭᠠᠵᠤ᠂ ᠲᠠᠪᠠᠭᠤᠯᠢᠭ ᠬᠢᠴᠢᠶᠡᠯ ᠲᠦᠷᠦᠯ ᠢᠶᠠᠷ ᠲᠤᠷᠠᠳᠠᠢ ᠬᠢᠴᠢᠶᠡᠯ ᠲᠦᠷᠦᠯ ᠢ | ᠢᠵᠢᠯᠢᠰᠢᠭᠦᠯᠵᠤ ᠡᠩ ᠤᠨ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ | ᠰᠢᠯᠭᠠᠯᠳᠠ ᠳᠤ ᠤᠷᠤᠯᠴᠠᠬᠤ ᠪᠤᠯᠭᠠᠵᠤ᠂ ᠰᠤᠷᠤᠭᠴᠢᠳ ᠤᠨ ᠬᠤᠪᠢ ᠪᠡᠶ᠎ᠡ ᠶᠢᠨ ᠲᠠᠪᠠᠭᠤᠯᠢᠭ ᠲᠠᠯ᠎ᠠ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠬᠤ ᠳᠤ ᠬᠦᠷᠦᠭᠦᠯᠦᠨ᠎ᠡ᠃ ᠡᠶᠢᠮᠦ ᠠᠴᠠ ᠰᠤᠷᠤᠭᠴᠢᠳ ᠦᠨᠳᠦᠷ ᠵᠡᠷᠭᠡ ᠶᠢᠨ | ᠲᠤᠮᠳᠠᠳᠤ ᠰᠤᠷᠭᠠᠭᠤᠯᠢ ᠶᠢᠨ ᠵᠠᠪᠠᠯ ᠰᠤᠷᠬᠤ ᠪᠦᠬᠦ ᠬᠢᠴᠢᠶᠡᠯ ᠢᠶᠠᠨ ᠰᠤᠷᠴᠤ ᠲᠠᠭᠤᠰᠬᠠᠭᠰᠠᠨ ᠤ ᠲᠠᠷᠠᠭ᠎ᠠ᠂ ᠶᠡᠭᠡ | ᠲᠡᠭᠡᠳᠦ ᠰᠤᠷᠭᠠᠭᠤᠯᠢ ᠶᠢᠨ ᠱᠠᠭᠠᠷᠳᠠᠯᠭ᠎ᠠ ᠪᠠ ᠬᠤᠪᠢ ᠬᠦᠮᠦᠨ ᠤ ᠲᠠᠪᠠᠭᠤᠯᠢᠭ ᠲᠠᠯ᠎ᠠ ᠪᠠᠨ ᠦᠨᠳᠦᠰᠦᠯᠡᠵᠦ᠂ | ᠪᠡᠶ᠎ᠡ ᠪᠠᠨ ᠲᠠᠭᠠᠭᠠᠨ ᠲᠠᠪᠠᠭᠤᠯᠢᠭ ᠬᠢᠴᠢᠶᠡᠯ ᠲᠦᠷᠦᠯ ᠢ ᠰᠤᠩᠭᠤᠵᠤ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ | ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠳᠤ ᠤᠷᠤᠯᠴᠠᠨ᠎ᠠ᠂ ᠡᠨᠡ ᠨᠢ ᠰᠤᠷᠤᠭᠴᠢᠳ ᠤᠨ ᠪᠦᠬᠦ | ᠳᠠᠯ᠎ᠠ ᠶᠢᠨ ᠬᠦᠭᠵᠢᠯᠳᠠ ᠳᠤ ᠠᠰᠢᠭᠳᠠᠢ ᠪᠠᠶᠢᠳᠠᠭ᠃ | 3. ᠠᠰᠠᠭᠤᠯᠳᠠ᠄ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠲᠠᠷᠠᠭ᠎ᠠ᠂ ᠰᠤᠷᠤᠭᠴᠢᠳ ᠤᠨ | ᠰᠤᠷᠤᠯᠭ᠎ᠠ ᠶᠢ ᠦᠨᠡᠯᠡᠬᠦ ᠪᠠᠷᠢᠮᠵᠢᠶ᠎ᠠ ᠶᠢ ᠬᠡᠷᠬᠢᠨ ᠲᠤᠭᠳᠠᠭᠠᠬᠤ ᠪᠤᠢ︖ | ᠬᠠᠷᠢᠭᠤᠯᠳᠠ᠄ ᠬᠢᠴᠢᠶᠡᠯ ᠤᠨ ᠪᠠᠷᠢᠮᠵᠢᠶ᠎ᠠ ᠪᠣᠯ ᠰᠤᠷᠤᠭᠴᠢᠳ ᠤᠨ ᠰᠤᠷᠤᠯᠭ᠎ᠠ ᠳᠤ ᠦᠨᠡᠯᠡᠯᠳᠡ ᠬᠢᠬᠦ | ᠦᠨᠳᠦᠰᠦᠨ ᠵᠢᠷᠤᠮᠯᠠᠯ ᠪᠤᠯᠬᠤ ᠶᠤᠮ᠃ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠡᠲ᠋ᠧᠷᠢᠶᠠᠯ ᠢ | ᠬᠡᠷᠡᠭᠯᠡᠭᠰᠡᠨ ᠤ ᠲᠠᠷᠠᠭ᠎ᠠ᠂ ᠰᠤᠷᠤᠭᠴᠢᠳ ᠤᠨ ᠰᠤᠷᠤᠯᠭ᠎ᠠ ᠶᠢ ᠦᠨᠡᠯᠡᠬᠦ ᠳᠤ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ | ᠵᠢᠷᠤᠮᠯᠠᠭᠰᠠᠨ ᠤᠷᠢᠳᠠᠯ ᠲᠤᠤᠷ᠎ᠠ᠂ ᠭᠠᠵᠠᠷ ᠤᠷᠤᠨ ᠤ ᠬᠤᠭᠤᠷᠤᠨᠳᠤᠬᠢ᠂ ᠬᠤᠳᠠ ᠬᠦᠳᠡᠭᠡ ᠶᠢᠨ ᠬᠤᠭᠤᠷᠤᠨᠳᠤᠬᠢ᠂ | ᠰᠤᠷᠭᠠᠭᠤᠯᠢ ᠰᠤᠷᠭᠠᠭᠤᠯᠢ ᠶᠢᠨ ᠬᠤᠭᠤᠷᠤᠨᠳᠤᠬᠢ ᠪᠠᠭᠰᠢ ᠪᠠ ᠰᠤᠷᠤᠭᠴᠢ ᠶᠢᠨ ᠬᠡᠯᠡᠨ ᠤ ᠰᠠᠭᠤᠷᠢ᠂ ᠤᠷᠴᠢᠨ | ᠲᠤᠭᠤᠷᠢᠨ ᠤ ᠨᠦᠬᠦᠴᠡᠯ ᠲᠡᠩᠴᠡᠭᠦᠷᠢ ᠦᠭᠡᠢ ᠵᠡᠷᠭᠡ ᠬᠦᠴᠦᠨ ᠵᠦᠢᠯ ᠢ ᠭᠦᠢᠴᠡᠳ ᠪᠤᠳᠤᠯᠬᠢᠯᠠᠵᠤ᠂ ᠠᠭᠤᠯᠭ᠎ᠠ ᠪᠠ | ᠮᠡᠳᠡᠯᠭᠡ ᠶᠢᠨ ᠰᠢᠰᠲ᠋ᠧᠮ ᠤᠨ ᠵᠠᠯᠭᠠᠯᠳᠠ ᠶᠢ ᠬᠠᠷᠠᠭᠠᠯᠵᠠᠬᠤ ᠬᠡᠷᠡᠭᠳᠡᠢ ᠮᠦᠷᠳᠡᠭᠡᠨ ᠪᠠᠭᠰᠢ ᠪᠠ ᠰᠤᠷᠤᠭᠴᠢ ᠶᠢᠨ | ᠪᠤᠳᠠᠳᠤ ᠪᠠᠶᠢᠳᠠᠯ ᠢ ᠪᠤᠳᠤᠯᠬᠢᠯᠠᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠠᠴᠠ | ᠦᠨᠳᠦᠰᠦᠨ ᠵᠦᠢᠯ ᠢ ᠪᠠᠳᠤᠯᠠᠬᠤ ᠦᠨᠡᠯᠡᠯᠳᠡ ᠶᠢᠨ ᠭᠤᠤᠯᠳᠠᠯᠭ᠎ᠠ ᠶᠢ ᠲᠤᠭᠳᠠᠭᠠᠵᠤ᠂ ᠵᠢᠭᠠᠨ ᠰᠤᠷᠭᠠᠬᠤ | ᠤᠶᠢᠯᠡᠳᠦᠯᠭᠡ ᠪᠠ ᠰᠤᠷᠤᠯᠭ᠎ᠠ ᠶᠢ ᠰᠢᠯᠭᠠᠨ ᠦᠨᠡᠯᠡᠬᠦ ᠳᠤ ᠰᠤᠷᠤᠭᠴᠢ ᠶᠢᠨ ᠰᠤᠷᠤᠯᠭ᠎ᠠ ᠶᠢ ᠦᠨᠡᠯᠡᠬᠦ ᠦᠨᠳᠦᠰᠦᠨ | ᠱᠠᠭᠠᠷᠳᠠᠯᠭ᠎ᠠ ᠪᠤᠯᠭᠠᠨ᠎ᠠ᠃ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠨᠢ ᠲᠤᠬᠠᠢ ᠶᠢᠨ ᠭᠠᠵᠠᠷ ᠤᠷᠤᠨ ᠪᠠ | ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠢ ᠦᠨᠳᠦᠰᠦᠯᠡᠨ ᠠᠮᠢᠳᠤᠯᠢᠭ ᠢᠶᠠᠷ ᠲᠤᠬᠢᠷᠠᠭᠤᠯᠵᠤ ᠪᠤᠯᠤᠨ᠎ᠠ᠃ | 4. ᠠᠰᠠᠭᠤᠯᠳᠠ᠄ ᠰᠢᠨ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ | ᠨᠢᠭᠡᠳᠤᠯᠳᠠᠢ ᠰᠢᠯᠭᠠᠯᠳᠠ ᠶᠢᠨ ᠦᠭᠡᠷᠡᠴᠢᠯᠡᠯᠳᠡ ᠬᠢᠬᠦ ᠶᠢ ᠬᠡᠵᠢᠶ᠎ᠠ ᠲᠤᠭᠳᠠᠭᠠᠬᠤ ᠪᠤᠢ︖ ᠣᠳᠣᠬᠠᠨ ᠳᠤ ᠪᠠᠭ᠎ᠠ | ᠰᠤᠷᠭᠠᠭᠤᠯᠢ ᠶᠢᠨ ᠪᠤᠰᠤᠳ ᠤᠨ ᠤ ᠵᠢᠭᠠᠬᠤ ᠮᠠᠲ᠋ᠧᠷᠢᠶᠠᠯ ᠬᠤᠪᠢᠷᠠᠭ᠎ᠠ ᠦᠭᠡᠢ᠂ ᠪᠠᠭ᠎ᠠ ᠰᠤᠷᠭᠠᠭᠤᠯᠢ ᠠᠴᠠ ᠠᠩᠬ᠎ᠠ | ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ ᠶᠢ ᠬᠡᠷᠬᠢᠨ ᠵᠠᠯᠭᠠᠭᠤᠯᠬᠤ ᠪᠤᠢ︖ ᠭᠤᠷᠪᠠᠨ ᠲᠦᠷᠦᠯ ᠤᠨ | ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠨᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠬᠡᠷᠬᠢᠨ ᠰᠢᠯᠭᠠᠬᠤ | ᠪᠠ ᠦᠨᠡᠯᠡᠬᠦ ᠪᠤᠢ︖ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ᠂ | ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ ᠪᠠ | ᠰᠤᠷᠤᠭᠴᠢᠳ ᠤᠨ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ | ᠰᠢᠯᠭᠠᠯᠳᠠ ᠶᠢ ᠬᠡᠷᠬᠢᠨ ᠦᠨᠡᠯᠡᠬᠦ ᠪᠤᠢ︖ | ᠬᠠᠷᠢᠭᠤᠯᠳᠠ᠄ ᠤᠯᠤᠰ ᠠᠴᠠ ᠶᠠᠭ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ | ᠨᠢᠭᠡᠳᠤᠯᠳᠠᠢ ᠰᠢᠯᠭᠠᠯᠳᠠ ᠳᠤ ᠦᠭᠡᠷᠡᠴᠢᠯᠡᠯᠳᠡ ᠬᠢᠵᠦ ᠪᠠᠶᠢᠨ᠎ᠠ᠃ ᠮᠠᠨ ᠤ ᠤᠷᠤᠨ ᠤᠯᠤᠰ ᠤᠨᠨᠢᠭᠡᠳᠦᠯᠳᠡᠢ | ᠪᠠᠶᠢᠷᠢᠯᠠᠭᠤᠯᠤᠯᠳᠠ ᠶᠤᠰᠤᠭᠠᠷ 2022 ᠤᠨ ᠠᠴᠠ ᠡᠮᠦᠨ᠎ᠡ ᠡᠬᠢᠯᠡᠭᠦᠯᠦᠨ᠎ᠡ᠃ ᠡᠩ ᠤᠨ ᠶᠡᠭᠡ ᠲᠡᠭᠡᠳᠦ | ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠳᠠ ᠶᠢᠨ ᠰᠢᠨ᠎ᠠ ᠲᠦᠷᠢᠮ ᠢ ᠬᠡᠷᠡᠭᠵᠢᠭᠦᠯᠦᠭᠰᠡᠨ ᠤ | ᠲᠠᠷᠠᠭ᠎ᠠ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠂ | ᠲᠤᠬᠠᠢ ᠶᠢᠨ ᠦᠶ᠎ᠡ ᠳᠤ ︽ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠪᠠ | ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠡᠩ ᠤᠨ ᠶᠡᠭᠡ ᠲᠡᠭᠡᠳᠦ | ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠳᠠ ᠶᠢᠨ ᠬᠢᠴᠢᠶᠡᠯ ᠤᠷᠤᠰᠢᠬᠤ ᠪᠠᠨ | ᠪᠤᠯᠢᠨ᠎ᠠ᠃ | ᠤᠳᠤᠬᠠᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠤᠯᠤᠨ ᠠᠩᠬ᠎ᠠ ᠵᠡᠷᠬᠡ ᠶᠢᠨ ᠲᠤᠮᠳᠠᠳᠤ | ᠰᠤᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠠᠴᠠ ᠭᠠᠳᠠᠨ᠎ᠠ᠂ ᠪᠤᠰᠤᠳ ᠰᠤᠷᠤᠯᠭ᠎ᠠ ᠶᠢᠨ ᠱᠠᠳᠤ ᠪᠤᠯᠤᠨ ᠤᠨ ᠤ ᠬᠢᠴᠢᠶᠡᠯ ᠤᠨ ᠵᠢᠭᠠᠬᠤ ᠮᠠᠲ᠋ᠧᠷᠢᠶᠠᠯ᠂ | ᠬᠢᠴᠢᠶᠡᠯᠯᠡᠬᠦ ᠦᠬᠡ ᠬᠡᠯᠡᠨ ᠳᠤ ᠴᠦᠮ ᠬᠤᠪᠢᠷᠠᠯᠳᠠ ᠦᠭᠡᠢ ᠶᠤᠮ᠃ ᠭᠤᠷᠪᠠᠨ ᠲᠦᠷᠦᠯ ᠤᠨ ᠬᠢᠴᠢᠶᠡᠯ ᠤᠨ | ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠦᠭᠰᠡᠨ ᠤ ᠲᠠᠷᠠᠭ᠎ᠠ᠂ ᠰᠤᠷᠤᠭᠴᠢ ᠶᠢᠨ | ᠰᠤᠷᠭᠠᠭᠤᠯᠢ ᠲᠡᠪᠰᠢᠬᠦ ᠳᠤ ︽ᠬᠠᠭᠤᠴᠢᠨ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ︾ | ᠶᠢᠨ ᠵᠠᠷᠴᠢᠮ ᠢᠶᠠᠷ ᠦᠨᠡᠯᠡᠯᠳᠡ ᠬᠢᠨ᠎ᠡ᠂ ᠲᠤᠬᠠᠶᠢᠯᠠᠪᠠᠯ ︽ᠶᠠᠭᠤ ᠰᠤᠷᠤᠭᠰᠠᠨ ᠪᠣᠯ ᠶᠠᠭᠤ ᠶᠢ | ᠰᠢᠯᠭᠠᠨ᠎ᠠ︾᠃ | 5. ᠠᠰᠠᠭᠤᠯᠳᠠ᠄ ︽ᠮᠤᠩᠭᠤᠯ ᠬᠡᠯᠡ ᠪᠢᠴᠢᠭ︾ ᠪᠣᠯ ᠰᠤᠩᠭᠤᠨ ᠰᠤᠷᠬᠤ ᠬᠢᠴᠢᠶᠡᠯ ᠮᠦᠨ ᠭᠡᠵᠤ ᠵᠠᠷᠢᠮ | ᠬᠦᠮᠦᠨ ᠬᠡᠯᠡᠵᠦ ᠪᠠᠶᠢᠨ᠎ᠠ᠂ ᠡᠨᠡ ᠦᠨᠡᠨ ᠤᠤ︖ | ᠬᠠᠷᠢᠭᠤᠯᠳᠠ᠄ ᠮᠠᠨ ᠤ ᠤᠷᠤᠨ ᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠲᠤᠮᠳᠠᠳᠤ | ᠪᠠᠭ᠎ᠠ ᠰᠤᠷᠭᠠᠭᠤᠯᠢ ᠶᠢᠨ ︽ᠮᠤᠩᠭᠤᠯ ᠬᠡᠯᠡ ᠪᠢᠴᠢᠭ︾ ᠪᠣᠯ ᠶᠡᠷᠤ ᠠᠴᠠ ᠪᠠᠨ ᠵᠠᠪᠠᠯ ᠰᠤᠷᠬᠤ ᠬᠢᠴᠢᠶᠡᠯ ᠮᠦᠨ᠂ | ︽ᠮᠤᠩᠭᠤᠯ ᠬᠡᠯᠡ ᠪᠢᠴᠢᠭ︾ ᠤᠨ ᠬᠢᠴᠢᠶᠡᠯ ᠤᠨ ᠴᠠᠭ ᠤᠨ ᠲᠤᠬᠢᠷᠠᠭᠤᠯᠤᠯᠳᠠ ᠴᠦ ᠶᠡᠷᠤ ᠠᠴᠠ ᠪᠠᠨ ᠬᠤᠪᠢᠷᠠᠯᠳᠠ | ᠦᠭᠡᠢ ᠶᠤᠮ᠃ | 6. ᠠᠰᠠᠭᠤᠯᠳᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠲᠠᠷᠠᠭ᠎ᠠ᠂ ᠮᠤᠩᠭᠤᠯ ᠬᠡᠯᠡ ᠪᠠᠷ | ᠤᠷᠴᠢᠭᠤᠯᠤᠭᠰᠠᠨ ᠮᠠᠲ᠋ᠧᠷᠢᠶᠠᠯ ᠪᠤᠯᠤᠨ ᠬᠤᠤᠰ ᠬᠡᠯᠡᠨ ᠤ ᠲᠤᠯᠢ ᠪᠢᠴᠢᠭ ᠵᠡᠷᠭᠡ ᠬᠡᠷᠡᠭᠯᠡᠭᠡᠨ ᠤ ᠮᠠᠲ᠋ᠧᠷᠢᠶᠠᠯ ᠤᠨ | ᠲᠠᠯ᠎ᠠ ᠪᠠᠷ ᠶᠠᠮᠠᠷᠰᠢᠤ ᠬᠠᠪᠰᠤᠷᠤᠯᠭ᠎ᠠ ᠦᠵᠡᠭᠦᠯᠬᠦ ᠪᠤᠢ︖ | ᠬᠠᠷᠢᠭᠤᠯᠳᠠ᠄ ᠵᠢᠯ ᠪᠦᠷᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠳᠤ ᠤᠷᠤᠭᠰᠠᠨ ᠰᠢᠨ᠎ᠡ | ᠰᠤᠷᠤᠭᠴᠢᠳ ᠲᠤ ︽ᠰᠢᠨᠬᠤᠸᠠ ᠦᠰᠦᠭ ᠤᠨ ᠲᠤᠯᠢ︾ ᠪᠠ ︽ᠰᠤᠷᠤᠭᠴᠢ ᠶᠢᠨ ᠮᠤᠩᠭᠤᠯ ᠬᠡᠯᠡᠨ ᠤ ᠲᠤᠯᠢ︾ | ᠬᠠᠩᠭᠠᠵᠦ᠂ ᠰᠤᠷᠤᠭᠴᠢᠳ ᠤᠨ ᠰᠤᠷᠤᠯᠭ᠎ᠠ ᠶᠢᠨ ᠶᠠᠪᠤᠴᠠ ᠳᠤ ᠯᠠᠪᠯᠠᠯᠲᠠ ᠪᠤᠯᠭᠠᠨ᠎ᠠ᠃ ᠡᠭᠦᠨ ᠤ ᠬᠠᠮᠲᠦ | ᠦᠪᠡᠷᠲᠡᠭᠡᠨ ᠵᠠᠰᠠᠬᠤ ᠤᠷᠤᠨ ᠠᠴᠠ ᠦᠨᠳᠤᠰᠤᠲᠡᠨ ᠤ ᠦᠬᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠭᠡᠷ | ᠤᠨ ᠪᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠨᠢᠭᠡᠲᠦᠯᠲᠠᠢ ᠨᠠᠶᠢᠷᠠᠭᠤᠯᠤᠭᠰᠠᠨ | ᠬᠡᠯᠡ ᠪᠢᠴᠢᠭ ᠤᠨ ︽ᠮᠤᠩᠭᠤᠯ ᠬᠢᠲᠠᠳ ᠬᠦᠨᠳᠦ ᠦᠭᠡᠰ ᠪᠠ ᠬᠡᠪᠰᠢᠮᠡᠯ ᠬᠡᠯᠡᠯᠭᠡ ᠶᠢᠨ ᠬᠠᠷᠢᠴᠠᠭᠤᠯᠤᠯ ᠬᠦᠰᠦᠨᠦᠭ︾ | ᠢ ᠲᠤᠭᠲᠠᠭᠠᠨ ᠲᠠᠷᠤᠮᠠᠯᠯᠠᠨ ᠲᠠᠷᠬᠠᠭᠠᠵᠤ᠂ ᠰᠤᠷᠤᠭᠴᠢᠳ ᠤᠨ ᠰᠤᠷᠤᠯᠴᠠᠵᠤ ᠤᠢᠢᠯᠠᠭᠠᠬᠤ ᠳᠤ ᠬᠡᠷᠡᠭᠯᠡᠬᠦᠯᠦᠨ᠎ᠠ᠃ | ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤᠢ︾ ︽ᠲᠡᠤᠬᠡ︾ ᠶᠢᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠬᠠᠮᠲᠤ ᠳᠤᠨᠢ ᠮᠤᠩᠭᠤᠯ ᠦᠬᠡ ᠬᠡᠯᠡ ᠪᠠᠷ ᠤᠷᠴᠢᠭᠤᠯᠤᠭᠰᠠᠨ | ᠬᠡᠪᠯᠡᠯ ᠤᠨ ᠵᠢᠭᠠᠬᠤ ᠮᠠᠲ᠋ᠧᠷᠢᠶᠠᠯ ᠢ ᠲᠠᠷᠬᠠᠭᠠᠵᠤ᠂ ᠰᠤᠷᠤᠭᠴᠢᠳ ᠤᠨ ᠯᠠᠪᠯᠠᠨ ᠤᠶᠢᠯᠠᠭᠠᠬᠤ ᠳᠤ ᠬᠠᠪᠰᠤᠷᠤᠯᠭ᠎ᠠ | ᠪᠤᠯᠭᠠᠬᠤ ᠶᠢᠨ ᠬᠠᠮᠲᠤ ᠪᠤᠲᠠᠲᠠᠢ ᠪᠠᠶᠢᠳᠠᠯ ᠢ ᠦᠨᠳᠤᠰᠤᠯᠡᠨ ᠬᠤᠯᠪᠤᠭᠳᠠᠯ ᠪᠦᠬᠦᠢ ᠲᠤᠰᠠᠯᠠᠬᠤ ᠵᠢᠭᠠᠨ | ᠰᠤᠷᠭᠠᠯᠳᠠ ᠶᠢᠨ ᠯᠠᠪᠯᠠᠯᠲᠠ ᠶᠢᠨ ᠮᠠᠲ᠋ᠧᠷᠢᠶᠠᠯ ᠢ ᠢᠵᠢ ᠪᠦᠷᠢᠳᠦᠭᠦᠯᠦᠨ ᠨᠠᠶᠢᠷᠠᠭᠤᠯᠵᠤ ᠳᠠᠷᠤᠮᠠᠯᠯᠠᠨ᠎ᠠ᠃ | 7. ᠠᠰᠠᠭᠤᠯᠳᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠵᠢᠬᠦᠯᠦᠭᠰᠡᠨ ᠤ ᠲᠠᠷᠠᠭ᠎ᠠ᠂ ᠶᠡᠭᠡ ᠲᠡᠭᠡᠳᠦ ᠰᠤᠷᠭᠠᠭᠤᠯᠢ ᠶᠢᠨ ᠲᠡᠤᠬᠡ᠂ ᠤᠯᠤᠰ ᠲᠦᠷᠦ ᠶᠢᠨ ᠲᠤᠰᠬᠠᠢ | ᠮᠡᠷᠭᠡᠵᠢᠯ ᠤᠨ ᠮᠤᠩᠭᠤᠯ ᠬᠡᠯᠡ ᠪᠠᠷ ᠬᠢᠴᠢᠶᠡᠯᠯᠡᠵᠤ ᠲᠡᠭᠦᠰᠦᠭᠰᠡᠨ ᠤᠶᠤᠳᠠᠳ ᠤᠨ ᠠᠵᠢᠯ ᠤᠯᠬᠤ ᠳᠤ ᠬᠦᠴᠢᠷ | ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠤᠤᠯ ᠠᠴᠠ ᠪᠠᠨ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠲᠠᠬᠡᠳᠤ ᠰᠤᠷᠭᠠᠭᠤᠯᠢ ᠠᠴᠠ ᠲᠠᠬᠦᠰᠦᠭᠰᠡᠨ | ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠠᠯᠢ ᠤᠯᠠᠨ ᠲᠦᠷᠦ ᠶᠢᠨ ᠪᠤᠳᠤᠯᠭ᠎ᠠ ᠪᠠ ᠠᠷᠭ᠎ᠠ ᠠᠪᠴᠠᠯ ᠢ ᠲᠤᠭᠲᠠᠭᠠᠵᠤ᠂ ᠮᠤᠩᠭᠤᠯ ᠬᠡᠯᠡ ᠪᠠᠷ ᠬᠢᠴᠢᠶᠡᠯᠯᠡᠭᠰᠡᠨ | ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠶᠢ ᠬᠦᠴᠦᠲᠡᠢ ᠪᠠᠳᠤᠯᠠᠭᠰᠠᠭᠠᠷ ᠢᠷᠡᠵᠠᠢ᠃ ᠲᠠᠷᠠᠭᠠᠴᠢ ᠶᠢᠨ | ᠠᠯᠬᠤᠮ ᠳᠤ ᠦᠪᠡᠷᠲᠡᠭᠡᠨ ᠵᠠᠰᠠᠬᠤ ᠤᠷᠤᠨ ᠠᠴᠠ ᠠᠷᠭ᠎ᠠ ᠠᠪᠴᠠᠯ ᠢᠶᠠᠨ ᠦᠷᠭᠦᠯᠵᠢᠯᠡᠨ ᠲᠡᠭᠦᠯᠳᠡᠷᠵᠢᠭᠦᠯᠦᠨ | ᠨᠠᠶᠢᠳᠠᠪᠦᠷᠢᠵᠢᠭᠤᠯᠵᠦ᠂ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠲᠡᠬᠡᠳᠤ ᠰᠤᠷᠭᠠᠭᠤᠯᠢ ᠠᠴᠠ ᠲᠡᠭᠦᠰᠦᠭᠰᠡᠨ | ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠶᠢ ᠲᠡᠮᠵᠢᠬᠦ ᠡᠷᠴᠢᠮ ᠪᠠᠨ ᠲᠠᠰᠤᠷᠠᠯᠲᠠ ᠦᠭᠡᠢ | ᠴᠢᠩᠭᠠᠷᠠᠭᠤᠯᠤᠨ᠎ᠠ᠃ ᠮᠤᠩᠭᠤᠯ ᠬᠡᠯᠡ ᠪᠠᠷ ᠬᠢᠴᠢᠶᠡᠯᠯᠡᠭᠰᠡᠨ ᠲᠡᠤᠬᠡ᠂ ᠤᠯᠤᠰ ᠲᠦᠷᠦ ᠵᠡᠷᠭᠡ ᠲᠤᠰᠬᠠᠢ | ᠮᠡᠷᠭᠡᠵᠢᠯ ᠠᠴᠠ ᠲᠡᠭᠦᠰᠦᠭᠰᠡᠨ ᠤᠶᠤᠲᠠᠳ ᠤᠨ ᠤᠯᠠᠩᠬᠢ ᠨᠢ ᠴᠦᠮ ᠶᠡᠭᠡ ᠲᠡᠭᠡᠳᠦ ᠰᠤᠷᠭᠠᠭᠤᠯᠢ ᠳᠤ | ᠪᠠᠶᠢᠬᠤ ᠳᠠᠭᠠᠨ ᠰᠠᠶᠢᠨ ᠰᠠᠶᠢᠬᠠᠨ ᠤᠯᠤᠰ ᠤᠨ ᠨᠢᠭᠡᠲᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠦᠮᠦᠵᠢᠯ ᠢ ᠵᠡᠷᠭᠡ ᠳᠤᠨᠢ ᠬᠦᠷᠲᠡᠵᠤ᠂ ᠮᠠᠰᠢ ᠤᠯᠠᠨ ᠲᠡᠭᠦᠰᠬᠦ ᠤᠶᠤᠲᠠᠳ ᠤᠯᠤᠰ ᠤᠨ ᠨᠢᠭᠡᠲᠦᠯᠲᠡᠢ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠠᠭᠤᠷᠢ ᠪᠠ ᠴᠢᠳᠠᠪᠦᠷᠢ ᠶᠢ ᠪᠦᠷᠢᠯᠳᠦᠭᠦᠯᠦᠭᠰᠡᠨ ᠪᠠᠶᠢᠳᠠᠭ᠃ ᠤᠯᠤᠰ ᠤᠨ | ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠡᠯ᠎ᠡ ᠭᠠᠵᠠᠷ ᠤᠷᠤᠨ ᠤ ᠬᠢᠨ | ᠲᠡᠤᠬᠡ ᠪᠠ ᠤᠯᠤᠰ ᠲᠦᠷᠦ ᠶᠢᠨ ᠬᠤᠤᠰ ᠬᠡᠯᠡᠨ ᠤ ᠪᠠᠭᠰᠢ ᠶᠢ ᠤᠷᠢᠬᠤ ᠡᠷᠴᠢᠮ ᠢᠶᠠᠨ ᠴᠢᠩᠭᠠᠷᠠᠭᠤᠯᠵᠤ᠂ ᠤᠯᠠᠮ | ᠨᠢᠭᠡ ᠠᠯᠬᠤᠮ ᠪᠤᠯᠪᠠᠰᠤᠷᠠᠭᠤᠯᠤᠭᠰᠠᠨ ᠤ ᠳᠠᠷᠠᠭ᠎ᠠ ᠬᠤᠤᠰ ᠬᠡᠯᠡᠨ ᠤ ᠪᠠᠭᠰᠢ ᠶᠢ ᠨᠦᠬᠦᠪᠦᠷᠢᠯᠡᠨ | ᠲᠡᠭᠦᠯᠳᠡᠷᠵᠢᠭᠦᠯᠦᠨ᠎ᠡ᠃ ᠡᠶᠢᠮᠦ ᠠᠴᠠ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠲᠡᠯᠭᠡᠷᠡᠭᠦᠯᠦᠨ ᠬᠡᠷᠡᠭᠵᠢᠭᠦᠯᠬᠦ ᠨᠢ ᠶᠡᠭᠡ ᠰᠤᠷᠭᠠᠭᠤᠯᠢ ᠶᠢᠨ ᠤᠶᠤᠲᠠᠳ ᠤᠨ ᠠᠵᠢᠯ ᠤᠯᠬᠤ ᠳᠤ ᠬᠠᠪᠰᠤᠷᠤᠯᠭ᠎ᠠ | ᠪᠤᠯᠬᠤ ᠶᠤᠮ᠃ | 8. ᠠᠰᠠᠭᠤᠯᠳᠠ᠄ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ | ᠰᠢᠯᠭᠠᠯᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ ᠶᠢᠨ ᠰᠡᠳᠦᠪ ᠢ ᠬᠤᠶᠠᠷ | ᠵᠦᠢᠯ ᠤᠨ ᠦᠭᠡ ᠬᠡᠯᠡ ᠦᠰᠦᠭ ᠪᠢᠴᠢᠭ ᠢᠶᠠᠷ ᠭᠠᠷᠭᠠᠬᠤ ᠤᠤ︖ | ᠬᠠᠷᠢᠭᠤᠯᠳᠠ᠄ ᠤᠳᠤᠬᠠᠨ ᠳᠤ ᠤᠯᠤᠰ ᠠᠴᠠ ᠶᠠᠭ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ | ᠤᠯᠤᠰ ᠤᠨ ᠨᠢᠬᠡᠳᠤᠯᠳᠠᠢ ᠰᠢᠯᠭᠠᠯᠲᠠ ᠶᠢᠨ ᠰᠢᠨ᠎ᠡ ᠦᠭᠡᠷᠡᠴᠢᠯᠡᠯᠲᠡ ᠶᠢ ᠠᠬᠢᠭᠤᠯᠵᠦ᠂ ᠨᠡᠶᠢᠭᠡᠮ ᠤᠨ ᠰᠢᠨᠵᠢᠯᠡᠬᠦ | ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠂ ︽ᠨᠡᠶᠢᠭᠡᠮ ᠤᠨ ᠰᠢᠨᠵᠢᠯᠡᠬᠦ | ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠬᠠᠭᠤᠳᠠᠰᠤ ᠪᠠ ︽ᠪᠠᠶᠢᠭᠠᠯᠢ ᠶᠢᠨ ᠰᠢᠨᠵᠢᠯᠡᠬᠦ ᠤᠬᠠᠭᠠᠨ ᠤ | ᠶᠡᠷᠦᠩᠭᠡᠶᠢᠯᠡᠭᠰᠡᠨ ᠰᠢᠯᠭᠠᠯᠳᠠ︾ ᠶᠢᠨ ᠬᠠᠭᠤᠳᠠᠰᠤ ᠭᠡᠵᠦ ᠤᠷᠤᠰᠢᠬᠤ ᠦᠭᠡᠢ ᠪᠤᠯᠤᠨ᠎ᠠ᠂ ᠠᠶᠠᠨᠳᠠᠭᠠᠨ ᠬᠤᠶᠠᠷ | ᠵᠦᠢᠯ ᠤᠨ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠬᠡᠵᠤ ᠪᠠᠶᠢᠬᠤ ᠦᠬᠡᠢ ᠶᠤᠮ᠃ | 9. ᠠᠰᠠᠭᠤᠯᠳᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠭᠤᠷᠪᠠᠨ ᠲᠦᠷᠦᠯ ᠤᠨ ᠵᠢᠭᠠᠬᠤ | ᠮᠠᠲ᠋ᠧᠷᠢᠶᠠᠯ ᠢ ᠬᠡᠷᠡᠭᠵᠢᠬᠦᠯᠦᠭᠰᠡᠨ ᠤ ᠲᠠᠷᠠᠭ᠎ᠠ᠂ ᠬᠢᠴᠢᠶᠡᠯ ᠤᠨ ᠪᠢᠴᠢᠭ ᠤᠨ ᠲᠤᠲᠤᠷᠠᠬᠢ ᠶᠡᠭᠡ ᠬᠡᠮᠵᠢᠶᠡᠨ ᠤ ᠲᠤᠰᠬᠠᠢ | ᠮᠡᠷᠭᠡᠵᠢᠯ ᠤᠨ ᠨᠡᠷ᠎ᠡ ᠲᠤᠮᠢᠶ᠎ᠠ᠂ ᠨᠠᠷᠠ ᠦᠬᠡ ᠶᠢ ᠬᠢᠴᠢᠶᠡᠯ ᠲᠡᠭᠡᠷ᠎ᠡ ᠨᠠᠷᠢᠯᠢᠭ ᠤᠨᠤᠴᠠᠲᠠᠢ ᠪᠠᠷ ᠤᠷᠴᠢᠭᠤᠯᠬᠤ ᠶᠢᠨ | ᠠᠷᠭ᠎ᠠ ᠦᠭᠡᠢ ᠶᠤᠮ᠂ ᠡᠨᠡ ᠬᠦ ᠠᠰᠠᠭᠤᠳᠠᠯ ᠢ ᠬᠡᠷᠭᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠡᠨᠡ ᠵᠢᠯ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ | ᠮᠠᠲ᠋ᠧᠷᠢᠶᠠᠯ ᠳᠤ ᠴᠢᠭᠯᠡᠭᠦᠯᠵᠤ᠂ ᠦᠪᠡᠷᠲᠡᠭᠡᠨ ᠵᠠᠰᠠᠬᠤ ᠤᠷᠤᠨ ᠠᠴᠠ ᠨᠢᠭᠡᠨᠲᠡ ᠦᠨᠳᠦᠰᠦᠲᠡᠨ ᠤ ᠦᠬᠡ ᠬᠡᠯᠡ ᠪᠠᠷ | ᠬᠢᠴᠢᠶᠡᠯᠯᠡᠳᠡᠭ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠤᠯᠤᠨ ᠠᠩᠬ᠎ᠠ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠨᠢᠭᠡᠳᠦᠭᠡᠷ ᠤᠨ ᠤ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ︽ᠬᠡᠯᠡ ᠪᠢᠴᠢᠭ︾ ᠤᠨ | ᠵᠢᠭᠠᠬᠤ ᠮᠠᠲ᠋ᠧᠷᠢᠶᠠᠯ ᠤᠨ ︽ᠮᠤᠩᠭᠤᠯ ᠬᠢᠲᠠᠳ ᠬᠦᠨᠳᠤ ᠦᠭᠡᠰ ᠪᠠ ᠬᠡᠪᠰᠢᠮᠡᠯ ᠬᠡᠯᠡᠯᠬᠡ ᠶᠢᠨ ᠬᠠᠷᠢᠴᠠᠭᠤᠯᠤᠯ | ᠬᠦᠰᠦᠨᠦᠭ︾ ᠢ ᠲᠠᠷᠤᠮᠠᠯᠯᠠᠨ ᠲᠠᠷᠬᠠᠭᠠᠵᠤ᠂ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤᠢ︾ ᠪᠤᠯᠤᠨ ︽ᠲᠡᠤᠬᠡ︾ | ᠶᠢᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠤᠷᠴᠢᠭᠤᠯᠤᠭᠰᠠᠨ | ᠬᠡᠪᠯᠡᠯ ᠤᠨ ᠵᠢᠭᠠᠬᠤ ᠮᠠᠲ᠋ᠧᠷᠢᠶᠠᠯ ᠪᠠ ᠴᠢᠬᠤᠯᠠ ᠪᠦᠬᠦᠢ ᠵᠢᠭᠠᠨ ᠰᠤᠷᠭᠠᠯᠳᠠ ᠶᠢᠨ ᠬᠠᠪᠰᠤᠷᠤᠮᠵᠢ ᠮᠠᠲ᠋ᠧᠷᠢᠶᠠᠯ ᠢ | ᠬᠠᠮᠲᠤ ᠳᠤᠨᠢ ᠲᠠᠷᠬᠠᠭᠠᠨ᠎ᠠ᠃ ᠡᠭᠦᠨ ᠤ ᠬᠠᠮᠲᠦ ᠵᠢᠯ ᠪᠦᠷᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠰᠢᠨ᠎ᠡ | ᠰᠤᠷᠤᠭᠴᠢᠳ ᠲᠤ ︽ᠰᠢᠨᠬᠤᠸᠠ ᠦᠰᠦᠭ ᠤᠨ ᠲᠤᠯᠢ︾ ᠪᠠ ︽ᠰᠤᠷᠤᠭᠴᠢ ᠶᠢᠨ ᠮᠤᠩᠭᠤᠯ ᠬᠡᠯᠡᠨ ᠤ ᠲᠤᠯᠢ︾ ᠶᠢ | ᠦᠨ᠎ᠠ ᠲᠦᠯᠦᠪᠦᠷᠢ ᠦᠭᠡᠢ ᠪᠠᠷ ᠬᠠᠩᠭᠠᠵᠦ᠂ ᠰᠤᠷᠤᠭᠴᠢᠳ ᠤᠨ ᠰᠤᠷᠤᠯᠴᠠᠵᠤ ᠤᠢᠢᠯᠠᠭᠠᠬᠤ ᠳᠤ | ᠬᠡᠷᠡᠭᠯᠡᠭᠦᠯᠦᠨ᠎ᠡ᠃ | 10. ᠠᠰᠠᠭᠤᠯᠳᠠ᠄ ᠬᠡᠷᠪᠡ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠵᠢᠬᠦᠯᠬᠦ ᠶᠠᠪᠤᠴᠠ ᠳᠤ ᠵᠢᠭᠠᠬᠤ ᠠᠬᠢᠴᠠ ᠤᠳᠠᠭᠠᠰᠢᠷᠠᠭᠰᠠᠨ ᠪᠠᠶᠢᠪᠠᠯ᠂ ᠲᠤᠭᠲᠠᠭᠰᠠᠨ ᠵᠢᠭᠠᠨ ᠰᠤᠷᠭᠠᠯᠲᠠ ᠶᠢᠨ | ᠬᠤᠭᠤᠴᠠᠭᠠᠨ ᠲᠤᠲᠤᠷ᠎ᠠ ᠵᠢᠭᠠᠨ ᠰᠤᠷᠭᠠᠬᠤ ᠠᠭᠤᠯᠭ᠎ᠠ ᠪᠠᠨ ᠲᠤᠭᠲᠠᠭᠠᠯ ᠶᠤᠰᠤᠭᠠᠷ ᠪᠡᠶᠡᠯᠡᠭᠦᠯᠵᠦ ᠲᠡᠶᠢᠯᠬᠦ ᠦᠭᠡᠢ | ᠪᠠᠶᠢᠳᠠᠯ ᠭᠠᠷᠤᠨ᠎ᠠ ᠤᠤ ᠦᠭᠡᠢ ᠤᠤ᠂ ᠡᠨᠡ ᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ | ᠪᠤᠢ︖ | ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠨᠢᠭᠡᠨᠲᠡ | ᠦᠪᠡᠷᠲᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠭ ᠤᠨ ᠵᠤᠬᠢᠶᠠᠨ ᠪᠠᠶᠢᠭᠤᠯᠤᠭᠰᠠᠨ ᠲᠤᠰᠬᠠᠢ | ᠮᠡᠷᠭᠡᠵᠢᠯᠲᠡᠨ ᠤ ᠪᠦᠯᠬᠦᠮ ᠢ ᠲᠤᠬᠢᠷᠠᠭᠤᠯᠵᠦ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ | ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠦᠨᠳᠤᠰᠤᠳᠡᠨ ᠤ ᠦᠬᠡ ᠬᠡᠯᠡ ᠪᠠᠷ ᠬᠢᠴᠢᠶᠡᠯᠯᠡᠬᠦ ᠰᠤᠷᠤᠭᠴᠢᠳ ᠤᠨ | ᠰᠤᠷᠤᠯᠭ᠎ᠠ ᠶᠢᠨ ᠪᠠᠶᠢᠳᠠᠯ ᠢ ᠬᠦᠨᠵᠡᠬᠡᠢ ᠵᠠᠳᠠᠯᠤᠨ ᠰᠤᠳᠤᠯᠤᠯᠳᠠ ᠬᠢᠵᠤ᠂ ᠤᠯᠤᠰ ᠤᠨ ᠨᠢᠭᠡᠲᠦᠯᠲᠡᠢ | ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠵᠢᠯᠤᠭᠤᠳᠬᠤ | ᠰᠠᠨᠠᠭᠤᠯᠭ᠎ᠠ ᠪᠠ ᠦᠨᠡᠯᠡᠯᠲᠡ ᠶᠢᠨ ᠭᠤᠤᠯᠳᠠᠯᠭ᠎ᠠ ᠶᠢ ᠨᠠᠶᠢᠷᠠᠭᠤᠯᠤᠨ ᠵᠤᠬᠢᠶᠠᠵᠦ᠂ ᠪᠠᠭ᠎ᠠ ᠰᠤᠷᠭᠠᠭᠤᠯᠢ ᠶᠢᠨ | ᠵᠢᠷᠭᠤᠭᠠᠨ ᠤᠨ ᠬᠦᠷᠲᠡᠯ᠎ᠡ ᠲᠡᠩᠴᠡᠭᠦᠷᠢᠲᠠᠢ ᠪᠠᠷ ᠬᠢᠴᠢᠶᠡᠯ ᠲᠤᠬᠢᠷᠠᠭᠤᠯᠤᠨ᠂ ᠬᠠᠷᠢᠴᠠᠯ ᠲᠠᠢ ᠪᠠᠷ ᠬᠢᠴᠢᠶᠡᠯᠯᠡᠬᠦ | ᠴᠠᠭ ᠢ ᠬᠤᠪᠢᠶᠠᠷᠢᠯᠠᠬᠤ ᠰᠡᠳᠬᠢᠮᠵᠢ ᠶᠤᠰᠤᠭᠠᠷ᠂ ᠵᠢᠭᠠᠨ ᠰᠤᠷᠭᠠᠯᠳᠠ ᠶᠢᠨ ᠠᠬᠢᠴᠠ ᠪᠠ ᠴᠠᠭ ᠤᠨ ᠲᠠᠷᠠᠭᠠᠯᠠᠯ ᠢ | ᠲᠤᠬᠢᠷᠠᠭᠤᠯᠬᠤ ᠶᠢᠨ ᠬᠠᠮᠲᠦ ︽ᠬᠢᠴᠢᠶᠡᠯ ᠤᠨ ᠪᠠᠷᠢᠮᠵᠢᠶ᠎ᠠ︾ ᠪᠠᠷ ᠦᠨᠳᠦᠰᠦᠯᠡᠯ ᠪᠤᠯᠭᠠᠨ᠂ ᠵᠢᠭᠠᠨ ᠰᠤᠷᠭᠠᠯᠳᠠ ᠶᠢᠨ | ᠠᠭᠤᠯᠭ᠎ᠠ ᠪᠠ ᠮᠡᠳᠡᠯᠭᠡ ᠶᠢᠨ ᠰᠢᠰᠲ᠋ᠧᠮ ᠤᠨ ᠵᠤᠯᠭᠠᠯᠲᠠ ᠶᠢ ᠪᠠᠲᠤᠯᠠᠭᠰᠠᠨ ᠤᠷᠢᠳᠠᠯ ᠲᠤᠤᠷ᠎ᠠ᠂ ᠵᠢᠭᠠᠨ | ᠰᠤᠷᠭᠠᠯᠳᠠ ᠶᠢᠨ ᠠᠭᠤᠯᠭ᠎ᠠ ᠪᠠ ᠵᠢᠭᠠᠨ ᠰᠤᠷᠭᠠᠬᠤ ᠬᠦᠴᠢᠷᠳᠡᠯ ᠳᠤ ᠵᠤᠬᠢᠰᠲᠠᠢ ᠪᠠᠷ ᠵᠤᠬᠢᠴᠠᠭᠤᠯᠤᠯᠲᠠ ᠬᠢᠪᠡ᠃ | ᠢᠩᠬᠢᠵᠤ ᠲᠤᠬᠢᠷᠠᠭᠤᠯᠤᠨ ᠵᠤᠬᠢᠴᠠᠭᠤᠯᠤᠭᠰᠠᠨ ᠤ ᠲᠠᠷᠠᠭ᠎ᠠ᠂ ᠬᠢᠴᠢᠶᠡᠯᠯᠡᠬᠦ ᠴᠠᠭ ᠤᠨ ᠶᠡᠷᠦᠩᠬᠡᠢ ᠬᠡᠪᠴᠢᠶᠡᠨ | ᠲᠤᠲᠤᠷ᠎ᠠ᠂ ᠲᠤᠭᠲᠠᠭᠰᠠᠨ ᠵᠢᠭᠠᠨ ᠰᠤᠷᠭᠠᠯᠲᠠ ᠶᠢᠨ ᠬᠤᠭᠤᠴᠠᠭᠠᠨ ᠳᠤ ᠲᠤᠭᠲᠠᠭᠰᠠᠨ ᠵᠢᠭᠠᠨ ᠰᠤᠷᠭᠠᠯᠲᠠ ᠶᠢᠨ | ᠡᠭᠦᠷᠭᠡ ᠪᠠᠨ ᠪᠡᠶᠡᠯᠡᠭᠦᠯᠵᠦ ᠲᠡᠶᠢᠯᠬᠦ ᠦᠭᠡᠢ ᠪᠠᠶᠢᠳᠠᠯ ᠭᠠᠷᠬᠤ ᠦᠭᠡᠢ ᠶᠤᠮ᠃ | | |