ᠥᠪᠥᠷ ᠮᠣᠩᠭᠤᠯ ᠤᠨ ᠠᠩᠬᠠᠳᠠᠭᠴᠢ ᠬᠢᠲᠠᠳ ᠡᠮᠨᠡᠯᠭᠡ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2021/1/11
     1 ᠳ᠋ᠦ᠋ᠭᠡᠷ ᠰᠠᠷ᠎ᠠ ᠶᠢᠨ 8᠎ ᠤ ᠡᠳᠦᠷ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠰᠦᠯᠵᠢᠶᠡᠨ ᠳᠤ ᠭᠠᠷᠪᠠ᠂ ᠡᠨᠡ ᠨᠢ ᠪᠥᠬᠦ ᠣᠷᠣᠨ ᠤ ᠠᠩᠬᠠᠳᠠᠭᠴᠢ ︽ᠢᠨᠲ᠋ᠧᠷ ᠰᠦᠯᠵᠢᠶ᠎ᠡ + ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠦᠶᠯᠡᠴᠢᠯᠡᠭᠡ︾᠎ ᠶᠢᠨ ᠲᠠᠪᠴᠠᠩᠲᠤ ᠡᠮᠨᠡᠯᠭᠡ ᠶᠢᠨ ᠬᠤᠷᠢᠶ᠎ᠠ᠂ ᠮᠥᠨ ᠴᠤ ᠥᠪᠥᠷ ᠮᠣᠩᠭᠤᠯ ᠤᠨ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ 2019 ᠣᠨ ᠳᠤ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠨᠢ ᠪᠦᠬᠦ ᠣᠷᠤᠨ ᠳᠤ ᠡᠩ ᠲᠡᠷᠢᠭᠦᠨ᠎ᠡ 5G᠎ ᠶᠢ ᠠᠯᠤᠰ ᠡᠵᠡᠮᠰᠢᠯᠲᠦ ᠡᠮᠴᠢᠯᠡᠭᠡᠨ ᠳᠤ ᠬᠡᠷᠡᠭᠯᠡᠨ᠂ ᠥᠪᠡᠷᠲᠡᠭᠡᠨ ᠵᠠᠰᠠᠬᠤ ᠣᠷᠣᠨ ᠤ 5G ᠤᠶᠤᠨᠲᠤ ᠡᠮᠴᠢᠯᠡᠭᠡᠨ ᠤ ᠰᠢᠨ᠎ᠡ ᠴᠠᠭ ᠦᠶ᠎ᠡ ᠶᠢ ᠡᠬᠢᠯᠡᠭᠦᠯᠵᠡᠢ᠂ ᠪᠠᠰᠠ 2020 ᠣᠨ ᠳᠤ ᠪᠥᠬᠦ ᠣᠷᠣᠨ ᠳᠠᠬᠢ ᠠᠩᠬᠠᠳᠤᠭᠠᠷ ᠥᠪᠥᠷ ᠮᠣᠩᠭᠤᠯ᠂ ᠬᠥᠬᠡᠬᠤᠲᠠ ᠬᠤᠶᠠᠷ ᠱᠠᠲᠤᠨ ᠤ ᠡᠮᠴᠢᠯᠡᠭᠡᠨ ᠤ ᠳᠠᠭᠠᠳᠬᠠᠯ ᠤᠨ ᠠᠦ᠋ᠲ᠋ᠣ᠋ ᠳ᠋ᠦᠩᠨᠡᠨ ᠪᠤᠳᠤᠬᠤ ᠦᠶᠯᠡᠴᠢᠯᠡᠭᠡ ᠶᠢ ᠨᠡᠭᠡᠭᠡᠭᠡᠳ᠂ ᠥᠷᠭᠡᠨ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ ᠡᠮᠴᠢᠯᠡᠭᠡᠨ ᠬᠠᠩᠭᠠᠪᠠ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠱᠢ ᠬᠠᠶ ᠶᠠᠨ ᠢᠯᠡᠷᠬᠡᠶᠢᠯᠡᠭᠰᠡᠨ ᠨᠢ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾᠎ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠷᠢᠶᠠᠯᠠᠨ ᠳᠠᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠠᠶ ᠠᠵᠢᠯᠯᠠᠭ᠎ᠠ ᠶᠤᠮ᠂ ᠲᠡᠷᠡ ᠨᠢ ᠪᠥᠬᠦ ᠣᠷᠣᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠵᠢᠱᠢᠶᠡᠴᠢ ᠳᠠᠭᠠᠭᠤᠯᠤᠭᠴᠢ ᠶᠢᠨ ᠦᠶᠯᠡᠳᠦᠯ ᠦᠵᠡᠭᠦᠯᠪᠡ᠃       ︽ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠰᠢᠨ᠎ᠡ ᠪᠠᠶᠢᠳᠠᠯ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠬᠦ ᠪᠠ ᠡᠮᠴᠢᠯᠡᠭᠡᠨ ᠤ ᠦᠶᠯᠡᠴᠢᠯᠡᠭᠡ ᠶᠢ ᠰᠠᠶᠢᠵᠢᠷᠠᠭᠤᠯᠬᠤ ᠎ ᠳᠠᠬᠢ ᠢᠨᠲ᠋ᠧᠷ ᠰᠦᠯᠵᠢᠶ᠎ᠡ + ᠡᠮᠴᠢᠯᠡᠭᠡ ᠶᠢᠨ ᠦᠢᠯᠡᠴᠢᠯᠡᠭᠡᠨ ᠤ ᠦᠵᠡᠭᠦᠯᠬᠦ ᠢᠳᠡᠪᠬᠢ ᠦᠶᠯᠡᠳᠦᠯ ᠢ ᠪᠦᠲᠦᠮᠵᠢᠲᠡᠶ ᠪᠠᠳᠠᠷᠠᠭᠤᠯᠤᠭᠰᠠᠨ ᠨᠢ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢ ᠥᠬᠡᠶ ᠠᠰᠠᠭᠤᠳᠠᠯ ᠢ ᠰᠢᠶᠳᠪᠦᠷᠢᠯᠡᠬᠦ᠂ ᠡᠮᠴᠢᠯᠡᠭᠡᠨ ᠤ ᠦᠶᠯᠡᠴᠢᠯᠡᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠢᠨ᠎ᠡ ᠠᠵᠠ ᠲᠣᠬᠢᠶᠠᠯ ᠣᠯᠭᠤᠭᠰᠠᠨ ᠎ ᠢᠶᠠᠷ ᠪᠠᠷᠠᠬᠤ ᠥᠬᠡᠶ᠂ ᠪᠠᠰᠠ ᠠᠷᠠᠳ ᠣᠯᠠᠨ ᠬᠡᠷ ᠲᠤ ᠪᠠᠨ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶᠠᠨ ᠤ ᠰᠢᠯᠢᠳᠡᠭ ᠦᠶᠯᠡᠴᠢᠯᠡᠭᠡ ᠶᠢ ᠭᠥᠷᠳᠡᠵᠦ ᠳᠡᠶᠢᠯᠬᠦ ᠪᠣᠯᠵᠠᠢ︾ ᠭᠡᠵᠦ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶᠠᠨ ᠤ ᠳᠠᠷᠤᠭ᠎ᠠ ᠶᠠᠩ ᠭᠤᠸᠠᠩ ᠶᠤᠸᠠᠨ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号