ᠨᠢᠭᠡ ︽ᠬᠠᠰᠤᠬᠤ︾ ᠬᠤᠶᠠᠷ ︽ᠨᠡᠮᠡᠬᠦ︾ ᠠᠷᠭ᠎ᠠ ᠶᠢ ᠰᠠᠶᠢᠲᠤᠷ ᠬᠡᠷᠡᠭᠵᠢᠭᠦᠯᠵᠦ  ᠮᠠᠨ ᠤ ᠣᠷᠣᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ ᠪᠣᠢ
ᠨᠡᠶᠢᠲᠡᠯᠡᠭᠰᠡᠨ ᠴᠠᠭ᠄
2021/1/12
      2020 ᠣᠨ ᠳᠤ᠂ ᠮᠠᠨ ᠤ ᠣᠷᠣᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠬᠦᠴᠦᠲᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠡᠨᠡ ᠬᠦ ︽ᠬᠠᠰᠤᠬᠤ ᠠᠷᠭ᠎ᠠ︾ ᠪᠠ ᠬᠠᠮᠢᠶᠠᠷᠬᠤ᠂ ᠦᠢᠯᠡᠴᠢᠯᠡᠬᠦ ᠡᠨᠡ ᠬᠦ ᠬᠤᠶᠠᠷ ︽ᠨᠡᠮᠡᠬᠦ ᠠᠷᠭ᠎ᠠ︾᠎ ᠶᠢ ᠰᠠᠶᠢᠲᠤᠷ ᠬᠡᠷᠡᠭᠵᠢᠭᠦᠯᠬᠦ ᠪᠠᠷ ᠳᠠᠮᠵᠢᠭᠤᠯᠤᠨ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠰᠢᠯᠢᠳᠡᠭᠵᠢᠭᠦᠯᠵᠦ᠂ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠳᠡᠭᠡᠭᠰᠢᠯᠡᠭᠦᠯᠦᠨ᠂ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠣᠯᠠᠨ ᠲᠦᠮᠡᠨ ᠲᠠᠭᠠᠰᠢᠶᠠᠯ ᠤᠨ ᠬᠡᠮᠵᠢᠶ᠎ᠡ ᠶᠢ ᠳᠡᠭᠡᠭᠰᠢᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾᠎ ᠢ ᠪᠠᠲᠤᠯᠠᠵᠤ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠎ ᠶᠢᠨ ᠬᠡᠷᠡᠭ ᠡᠷᠬᠢᠯᠡᠬᠦ ᠭᠠᠵᠠᠷ ᠲᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠣᠯᠭᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠷᠬᠡ ᠣᠯᠭᠤᠬᠤ ᠨᠠᠷᠢᠨ ᠲᠠᠩᠰᠠ ᠶᠢᠨ ᠬᠡᠯᠪᠡᠷᠢ ᠪᠠᠷ 99 ᠵᠦᠶᠯ ᠤᠨ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠨ ᠱᠠᠲᠤᠨ ᠳᠤ ᠪᠠᠭᠤᠯᠭᠠᠪᠠ᠃ ᠬᠠᠤᠯᠢ ᠲᠣᠭᠲᠠᠭᠠᠬᠤ ᠬᠡᠯᠪᠡᠷᠢ ᠪᠠᠷ ᠠᠬᠢᠭᠤᠯᠬᠤ ᠠᠴᠠ ᠭᠠᠳᠠᠨ᠎ᠠ᠂ ᠮᠠᠨ ᠤ ᠣᠷᠣᠨ ᠪᠠᠰᠠ ᠨᠠᠷᠢᠨ ᠲᠠᠩᠰᠠ ᠶᠢᠨ ᠪᠠᠲᠤ ᠴᠢᠩᠭ᠎ᠠ ᠬᠠᠮᠢᠶᠠᠷᠤᠯᠲᠠ ᠪᠠᠷ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠠᠬᠢᠭᠤᠯᠪᠠ᠄ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠎ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠎ ᠶᠢ 71% ᠪᠠᠭᠠᠰᠬᠠᠪᠠ︔ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠵᠠᠰᠠᠭ ᠤᠨ ᠶᠠᠪᠤᠳᠠᠯ ᠳᠤ ᠢᠲᠡᠭᠡᠯ ᠠᠯᠳᠠᠬᠤ᠂ ᠬᠢᠨᠠᠨ ᠵᠥᠪᠰᠢᠶᠡᠷᠡᠯ ᠤᠨ ᠦᠷ᠎ᠡ ᠪᠦᠲᠦᠮᠵᠢ ᠳᠣᠣᠷ᠎ᠠ ᠪᠠᠶᠢᠬᠤ ᠠᠰᠠᠭᠤᠳᠠᠯ ᠢ ᠰᠢᠶᠳᠪᠦᠷᠢᠯᠡᠬᠦ ᠳᠤ᠂ ᠰᠢᠨ᠎ᠡ ᠲᠤᠰᠢᠶᠠᠯᠲᠠᠨ ᠬᠠᠭᠤᠴᠢᠨ ᠳᠠᠩᠰᠠ ᠶᠢ ᠡᠷᠬᠡᠪᠰᠢ ᠰᠢᠯᠤᠭᠤᠳᠬᠠᠬᠤ ᠬᠡᠷᠡᠭᠲᠡᠶ ᠭᠡᠵᠦ ᠱᠠᠭᠠᠷᠳᠠᠵᠠᠶ︔ ᠭᠡᠷᠡᠴᠢᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠤ ᠠᠬᠤᠶᠢᠯᠠᠯ ᠳᠤ ᠬᠤᠯᠪᠣᠭᠳᠠᠬᠤ 106 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠶᠯᠡᠰ ᠤᠨ ︽32 ᠭᠡᠷᠡᠴᠢᠯᠡᠯ ᠢ ᠨᠡᠶᠢᠯᠡᠭᠦᠯᠦᠨ ᠨᠢᠭᠡ ᠪᠣᠯᠭᠠᠬᠤ︾᠎ ᠶᠢ ᠪᠡᠶᠡᠯᠡᠭᠦᠯᠵᠦ᠂ ᠭᠤᠶᠤᠴᠢᠯᠠᠯ ᠤᠨ ᠮᠠᠲ᠋ᠧᠷᠢᠶᠠᠯ ᠢ ᠳᠤᠮᠳᠠᠴᠢ ᠪᠠᠷ 15% ᠪᠠᠭᠠᠰᠬᠠᠨ᠂ ᠠᠵᠢᠯ ᠶᠠᠪᠤᠳᠠᠯ ᠭᠦᠶᠴᠡᠳᠬᠡᠬᠦ ᠴᠠᠭ ᠤᠨ ᠬᠢᠵᠠᠭᠠᠷ ᠢ ᠳᠤᠮᠳᠠᠴᠢ ᠪᠠᠷ 30% ᠪᠣᠭᠤᠨᠢᠰᠬᠠᠵᠤ᠂ ᠠᠵᠤ ᠦᠶᠯᠡᠳᠪᠦᠷᠢ ᠶᠢᠨ ᠦᠶᠯᠡᠳᠬᠦᠨ ᠤ ᠦᠶᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠭᠠᠷᠴᠠᠭ ᠢ 24 ᠲᠥᠷᠥᠯ ᠪᠠᠶᠢᠭᠰᠠᠨ ᠠᠴᠠ ᠨᠢ 10 ᠲᠥᠷᠥᠯ ᠪᠣᠯᠭᠠᠨ ᠪᠠᠭᠠᠰᠬᠠᠪᠠ᠃      2020 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ 71% ᠪᠠᠭᠠᠰᠬᠠᠵᠤ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠬᠤᠭᠤᠴᠠᠭ᠎ᠠ ᠶᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠢᠨᠵᠡᠸ᠋ᠨᠧᠷᠢᠭ ᠤᠨ ᠲᠥᠷᠥᠯ ᠵᠦᠶᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 15 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠠᠷᠢᠴᠠᠭᠠᠯᠠᠭ᠎ᠠ ᠶᠢᠨ ᠳᠠᠩᠰᠠ ᠲᠡᠮᠳᠡᠭᠯᠡᠯ ᠤᠨ ᠳᠤᠮᠳᠠᠴᠢ ᠭᠦᠶᠴᠡᠳᠬᠡᠬᠦ ᠴᠠᠭ ᠬᠤᠭᠤᠴᠠᠭ᠎ᠠ ᠶᠢ 4 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃      ᠡᠭᠦᠨ ᠤ ᠬᠠᠮᠲᠤ᠂ ᠮᠠᠨ ᠤ ᠣᠷᠣᠨ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠪᠤᠨ ᠶᠡᠭᠡ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠭᠦᠷᠭᠡ ᠶᠢ ᠶᠡᠬᠡᠪᠡᠷ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠵᠥᠪᠬᠡᠨ 2 ᠦᠯᠡᠳᠡᠭᠡᠪᠡ︔ ᠲᠣᠭᠤᠷᠢᠭ ᠪᠠᠶᠢᠭᠤᠯᠤᠭᠰᠠᠨ ᠬᠤᠲᠠ ᠬᠢᠭᠡᠳ ᠬᠤᠲᠠ ᠶᠢᠨ ᠬᠠᠷᠢᠶ᠎ᠠ ᠲᠣᠭᠤᠷᠢᠭ᠂ ᠠᠶᠢᠮᠠᠭ ᠬᠢᠭᠡᠳ ᠠᠶᠢᠮᠠᠭ ᠤᠨ ᠵᠠᠬᠢᠷᠭ᠎ᠠ ᠶᠢᠨ ᠪᠠᠶᠢᠭ᠎ᠠ ᠬᠤᠰᠢᠭᠤ ︵ᠬᠤᠲᠠ︶᠎ ᠳᠤ ᠬᠠᠤᠯᠢ ᠬᠡᠷᠡᠭᠵᠢᠭᠦᠯᠬᠦ ᠱᠠᠲᠤ ᠳᠠᠪᠬᠤᠷᠭ᠎ᠠ ᠶᠢ ᠵᠥᠪᠬᠡᠨ 1 ᠦᠯᠡᠳᠡᠭᠡᠵᠦ᠂ 12 ᠠᠶᠢᠮᠠᠭ ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ 426 ᠪᠠᠶᠢᠭᠰᠠᠨ ᠢ ᠬᠠᠰᠤᠭᠠᠳ 147 ᠪᠣᠯᠭᠠᠵᠤ᠂ ᠴᠣᠮᠬᠠᠳᠬᠠᠭᠰᠠᠨ ᠨᠣᠷᠮ᠎ᠠ ᠨᠢ 65%᠎ ᠳᠤ ᠬᠦᠷᠪᠡ᠃      ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢᠨ ᠵᠡᠷᠭᠡ ᠳᠤ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠡᠷᠴᠢᠮ ᠢ ᠴᠦ ᠤᠯᠠᠮ ᠴᠢᠩᠭᠠᠷᠠᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠬᠦ ᠲᠣᠭᠲᠠᠭᠠᠯ︾᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 26 ᠵᠦᠶᠯ ᠤᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠬᠥᠭᠵᠢᠯᠲᠡ ᠶᠢᠨ ᠰᠠᠭᠤᠷᠢ ᠮᠥᠩᠭᠦ ᠶᠢ 100 ᠳ᠋ᠦᠩᠰᠢᠭᠤᠷ ᠲᠥᠭᠦᠷᠢᠭ ᠪᠠᠶᠢᠭᠤᠯᠵᠤ᠂ ᠭᠦᠢᠯᠭᠡᠭᠡᠨ ᠤ ᠴᠢᠨᠠᠷᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠶᠢ 100 ᠳ᠋ᠦᠩᠰᠢᠭᠤᠷ ᠲᠥᠭᠦᠷᠢᠭ ᠪᠠᠶᠢᠭᠤᠯᠪᠠ᠃ ᠲᠥᠪ ᠤᠨ ᠭᠠᠶᠢᠯᠢ ᠬᠦᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠤᠨ ᠡᠷᠬᠡ ᠮᠡᠳᠡᠯ ᠤᠨ ᠬᠡᠪᠴᠢᠶᠡᠨ ᠳᠤ ᠭᠠᠶᠢᠯᠢ ᠬᠦᠩᠭᠡᠯᠡᠵᠦ ᠰᠦᠶᠳᠬᠡᠯ ᠪᠠᠭᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 2020 ᠣᠨ ᠤ ᠲᠦᠷᠦᠭᠦᠦ ᠭᠤᠷᠪᠠᠨ ᠤᠯᠠᠷᠢᠯ ᠳᠤ ᠰᠢᠨ᠎ᠡ ᠪᠠᠷ 234.4 ᠳ᠋ᠦᠩᠰᠢᠭᠤᠷ ᠲᠥᠭᠦᠷᠢᠭ ᠤᠨ ᠭᠠᠶᠢᠯᠢ ᠬᠦᠩᠭᠡᠯᠡᠵᠦ ᠰᠦᠶᠳᠬᠡᠯ ᠪᠠᠭᠤᠷᠠᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠤᠯᠢ ᠶᠣᠰᠣᠭᠠᠷ ᠴᠢᠩᠭᠠᠳᠬᠠᠭᠰᠠᠨ ᠤ ᠬᠠᠮᠲᠤ ᠬᠠᠤᠯᠢ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠤᠨ ︽ᠠᠷᠪᠠᠨ ᠵᠦᠶᠯ ᠎ ᠤᠨ ᠠᠷᠭ᠎ᠠ ᠬᠡᠮᠵᠢᠶ᠎ᠡ︾᠎ ᠶᠢ ᠲᠣᠭᠲᠠᠭᠠᠨ᠂ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠪᠤᠷᠢᠵᠢᠭᠤᠯᠬᠤ︾᠎ ᠪᠠᠷ ᠭᠤᠤᠯᠳᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠠᠴᠠ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ᠂ ᠬᠡᠪ ᠤᠨ ᠦᠶᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ ᠲᠡᠶᠢᠰᠢ ᠬᠤᠪᠢᠷᠠᠭᠤᠯᠬᠤ ᠶᠢ ᠠᠬᠢᠭᠤᠯᠪᠠ᠃      ᠨᠢᠭᠡ ︽ᠬᠠᠰᠤᠬᠤ︾ ᠨᠢᠭᠡ ︽ᠨᠡᠮᠡᠬᠦ︾ ᠳᠤᠮᠳᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠦᠴᠦᠲᠡᠶ ᠲᠤᠯᠭᠠᠭᠤᠷᠢᠯᠠᠯ ᠳᠣᠤᠷ᠎ᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠭᠡᠳᠬᠡᠨ ᠰᠡᠷᠭᠦᠭᠡᠵᠦ᠂ 2020 ᠣᠨ ᠎ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠮᠠᠨ ᠤ ᠣᠷᠣᠨ ᠤ ᠪᠣᠳᠠᠲᠠᠶ ᠪᠠᠶᠢᠭ᠎ᠠ ᠵᠠᠬ᠎ᠠ ᠳᠡᠯᠭᠡᠭᠦᠷ ᠤᠨ ᠭᠤᠤᠯ ᠴᠣᠭᠴᠠ 225.5 ᠲᠦᠮᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ᠃      2020 ᠣᠨ ᠤ ᠵᠢᠯ ᠤᠨ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠠᠩᠬᠠᠳᠠᠭᠴᠢ ᠪᠦᠯᠦᠭ ᠎ ᠤᠨ 58 ᠵᠦᠶᠯᠡᠰ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾᠎ ᠶᠢ ᠪᠡᠶᠡᠯᠡᠭᠦᠯᠪᠡ᠂ ᠡᠭᠦᠨ ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠤᠨ ᠠᠯᠪᠠᠨ ᠭᠡᠷᠡᠴᠢᠯᠡᠭᠡ᠂ ᠠᠵᠢᠯ ᠠᠯᠳᠠᠯᠲᠠ ᠶᠢᠨ ᠳᠡᠩᠰᠡᠯᠡᠯᠲᠡ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠎ ᠶᠢ ᠰᠢᠯᠵᠢᠭᠦᠯᠦᠨ ᠵᠠᠯᠭᠠᠯᠳᠤᠭᠤᠯᠬᠤ᠂ ᠬᠡᠪ ᠤᠨ ᠠᠮᠠᠷᠠᠯᠲᠠ ᠪᠠᠨ ᠠᠪᠤᠭᠰᠠᠨ ᠬᠥᠮᠦᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠵᠡᠷᠭᠡ ᠶᠢ ᠪᠠᠭᠲᠠᠭᠠᠵᠤ᠂ ᠥᠷᠭᠡᠨ ᠣᠯᠠᠨ ᠠᠷᠠᠳ ᠲᠦᠮᠡᠨ ᠪᠠ ᠡᠯ᠎ᠡ ᠲᠥᠷᠥᠯ ᠤᠨ ᠵᠠᠬ᠎ᠠ ᠳᠡᠯᠭᠡᠭᠦᠷ ᠎ ᠤᠨ ᠭᠤᠣᠯ ᠴᠣᠭᠴᠠ ᠶᠢᠨ ᠣᠯᠠᠨ ᠬᠦᠷᠢᠶᠡᠨ ᠳᠠᠬᠢ ᠣᠨᠳᠣᠤ ᠭᠠᠵᠠᠷ ᠲᠤ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ ᠶᠢ ᠬᠠᠩᠭᠠᠬᠤ ᠪᠣᠯᠪᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠰᠠ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠴᠣᠩᠬᠤᠪᠴᠢ ᠳᠣᠭᠢᠷᠠᠭᠤᠯᠵᠤ᠂ ᠬᠠᠷᠢᠴᠠᠩᠭᠤᠢ ᠪᠦᠬᠦᠢ ᠲᠥᠬᠦᠭᠡᠷᠦᠮᠵᠢ ᠪᠠ ᠠᠵᠢᠯᠲᠠᠨ ᠲᠣᠬᠢᠷᠠᠭᠤᠯᠤᠨ᠂ ᠨᠥᠬᠦᠴᠡᠯ ᠎ ᠲᠠᠢ ᠭᠠᠵᠠᠷ ᠣᠷᠣᠨ ᠨᠢ ᠶᠠᠭ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ ᠬᠦᠷᠢᠶᠡᠯᠡᠩ ᠲᠣᠭᠤᠷᠢᠭ ᠳᠠᠰᠢ ᠤᠷᠲᠤᠳᠬᠠᠬᠤ ᠶᠢᠨ ᠬᠠᠮᠲᠤ ᠪᠠᠷᠠᠭᠠᠨ ᠤ ᠭᠦᠶᠯᠭᠡᠭᠡ ᠪᠠ ᠲᠣᠭᠠᠴᠠᠭ᠎ᠠ ᠬᠢᠬᠦ ᠠᠷᠭ᠎ᠠ ᠵᠠᠮ ᠢ ᠬᠠᠩᠭᠠᠵᠤ ᠪᠠᠶᠢᠨ᠎ᠠ᠃ ᠡᠨᠡ ᠪᠣᠯ ᠡᠨᠡ ᠵᠢᠯ ᠮᠠᠨ ᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠦᠢᠯᠡᠴᠢᠯᠡᠭᠡ ᠶᠢ ᠴᠢᠨᠠᠭᠰᠢᠳᠠ ᠰᠢᠯᠢᠳᠡᠭᠵᠢᠭᠦᠯᠦᠭᠰᠡᠨ ᠤ ᠬᠤᠷᠢᠶᠠᠩᠭᠤᠢ ᠳᠦᠷᠢ ᠳᠦᠷᠬᠦ ᠪᠣᠯᠤᠨ᠎ᠠ᠃      2020 ᠣᠨ ᠤ ᠡᠬᠢ ᠪᠠᠷ᠂ ᠥᠪᠥᠷ ᠮᠣᠩᠭᠤᠯ ᠤᠨ ᠰᠢᠯᠵᠢᠮᠡᠯ ᠦᠵᠦᠭᠦᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠥᠩᠬᠡ ᠰᠤᠪᠠᠭ︾ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠂ ᠣᠳᠣᠬᠠᠨ ᠎ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠵᠢᠯᠣᠭᠤᠴᠢ ᠶᠢᠨ ᠦᠨᠡᠮᠯᠡᠯ ᠰᠣᠯᠢᠵᠤ ᠠᠪᠬᠤ᠂ ᠵᠠᠮ ᠬᠠᠷᠢᠯᠴᠠᠭᠠᠨ ᠤ ᠲᠣᠷᠭᠠᠭᠤᠯᠢ ᠶᠢᠨ ᠵᠣᠭᠤᠰ ᠲᠤᠰᠢᠶᠠᠬᠤ ᠵᠡᠷᠭᠡ 32 ᠵᠦᠶᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠷᠡᠭᠯᠡᠯᠲᠡ᠂ 16 ᠵᠦᠶᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠶᠯᠡᠴᠢᠯᠡᠭᠡ᠂ 7 ᠵᠦᠶᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠬᠠᠩᠭᠠᠬᠤ ᠎ ᠶᠢᠨ ᠬᠠᠮᠲᠤ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ 8 ᠲᠥᠷᠥᠯ ᠤᠨ ᠡᠯᠧᠺᠲᠷᠣᠨ ᠦᠨᠡᠮᠯᠡᠯ ᠤᠨ ᠨᠢᠭᠡ ᠵᠠᠩᠭᠢᠯᠠᠭ᠎ᠠ ᠶᠢᠨ ᠬᠠᠷᠢᠴᠠᠭ᠎ᠠ ᠶᠢ ᠳᠡᠮᠵᠢᠬᠦ ᠪᠣᠯᠪᠠ᠃ ᠣᠳᠣᠬᠠᠨ ᠳᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠨᠢᠭᠡᠨᠲᠡ ᠦᠨᠳᠦᠰᠦᠨ ᠳᠤ ᠪᠠᠨ ᠪᠠᠶᠢᠭᠤᠯᠵᠤ᠂ ᠲᠠᠪᠤᠨ ᠱᠠᠲᠤᠨ ᠤ ᠣᠷᠣᠯᠠᠨ ᠭᠦᠶᠴᠡᠳᠬᠡᠬᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠰᠢᠰᠲ᠋ᠧᠮᠵᠢ ᠶᠢ ᠶᠠᠭ ᠠᠯᠬᠤᠮ ᠠᠯᠬᠤᠮ ᠢᠶᠠᠷ ᠪᠥᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶᠡᠨ ᠳᠡᠭᠡᠷ᠎ᠡ ᠭᠦᠶᠴᠡᠳᠬᠡᠬᠦ ᠨᠣᠷᠮ᠎ᠠ ᠨᠢ 90.7%᠎ ᠳᠤ ᠬᠦᠷᠪᠡ᠃      ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ 2020 ᠣᠨ ᠤ ᠡᠴᠦᠰ ᠪᠣᠯᠬᠤ ᠳᠤ ᠨᠢᠭᠡᠨᠲᠡ 30 ᠰᠠᠯᠠᠭ᠎ᠠ ᠮᠥᠴᠢᠷ ᠣᠷᠣᠵᠤ ᠰᠠᠭᠤᠷᠢᠰᠢᠨ᠂ ᠭᠦᠶᠴᠡᠳᠬᠡᠵᠦ ᠪᠣᠯᠬᠤ ᠵᠦᠶᠯᠡᠰ ᠨᠢ 553 ᠪᠠᠶᠢᠵᠤ᠂ ᠡᠯ᠎ᠡ ᠱᠠᠲᠤᠨ ᠤ ᠵᠠᠰᠠᠭ ᠎ ᠤᠨ ᠶᠠᠪᠤᠳᠠᠯ ᠤᠨ ᠲᠢᠩᠬᠢᠮ ᠳᠤ ︽ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ︾᠎ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠪᠦᠭᠡᠳ ᠦᠶᠯᠡᠴᠢᠯᠡᠭᠡᠨ ᠤ ᠬᠡᠯᠬᠢᠶ᠎ᠡ ᠶᠢ ᠰᠢᠶᠠᠩ᠂ ᠲᠣᠰᠬᠤᠨ ᠬᠤᠶᠠᠷ ᠱᠠᠲᠤᠨ ᠳᠤ ᠬᠦᠷᠲᠡᠯ᠎ᠡ ᠤᠷᠲᠤᠳᠬᠠᠪᠠ᠃ ᠠᠷᠠᠳ ᠲᠤ ᠲᠥᠬᠦᠮ ᠦᠵᠡᠭᠦᠯᠬᠦ ᠠᠯᠢ ᠣᠯᠠᠨ ᠦᠶᠯᠡᠴᠢᠯᠡᠭᠡ ᠨᠢ ᠣᠯᠠᠨ ᠲᠦᠮᠡᠨ ᠤ ᠬᠦᠷᠲᠡᠮᠵᠢ ᠎ ᠶᠢᠨ ᠲᠥᠷᠥᠭᠳᠡᠯ ᠪᠠ ᠲᠠᠭᠠᠰᠢᠶᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号