ᠥᠪᠥᠷ ᠵᠠᠰᠠᠭ ᠲᠠᠷᠬᠠᠭᠠᠭᠰᠠᠨ ︹2020︺ 18 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠲᠥᠰᠦᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2020 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ | | ᠮᠠᠨ ᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠶᠡᠷᠦᠩᠬᠡᠶᠢᠯᠡᠭᠰᠡᠨ | ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠬᠢᠭᠡᠳ ᠠᠮᠢ ᠠᠬᠤᠶ ᠣᠷᠴᠢᠨ ᠲᠣᠭᠤᠷᠢᠨ ᠲᠠᠢ ᠵᠣᠬᠢᠴᠠᠯᠳᠤᠬᠤ ᠶᠢ ᠠᠬᠢᠭᠤᠯᠵᠤ᠂ ᠠᠭᠤᠷᠬᠠᠶ ᠶᠢᠨ | ᠦᠢᠯᠡᠰ ᠤᠨ ᠨᠡᠭᠡᠭᠡᠨ ᠬᠥᠭᠵᠢᠭᠦᠯᠬᠦ ᠶᠢ ᠪᠣᠬᠢᠷᠲᠤᠯ ᠦᠭᠡᠶ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠶᠢᠨ | ᠲᠤᠰᠠᠳᠠ᠂ ᠤᠤᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ | ᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ᠂ ᠤᠤᠯ ᠤᠨ ᠤᠯᠤᠰ ᠤᠨ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠤᠤᠯ ᠤᠨ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ︽ᠪᠣᠬᠢᠷᠲᠤᠯ ᠥᠬᠡᠶ ᠠᠭᠤᠷᠬᠠᠶ ᠶᠢ ᠲᠦᠷᠭᠡᠳᠬᠡᠨ ᠪᠥᠲᠥᠭᠡᠨ ᠪᠠᠶᠢᠭᠤᠯᠬᠤ ᠲᠣᠬᠠᠢ ᠬᠡᠷᠡᠭᠵᠢᠭᠦᠯᠬᠦ | ᠰᠠᠨᠠᠯ︾ ︵ᠤᠯᠤᠰ ᠭᠠᠵᠠᠷ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠴᠢᠬᠤᠯᠠ ᠠᠴᠢ ᠬᠤᠯᠪᠣᠭᠳᠠᠯ | ᠮᠠᠨ ᠤ ᠣᠷᠣᠨ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠮᠣ ᠣᠷᠣᠨ ᠪᠠ ᠤᠯᠤᠰ ᠤᠨ | ᠴᠢᠬᠤᠯᠠ ᠡᠨᠧᠷᠭᠢ ᠶᠢᠨ ᠰᠤᠷᠪᠤᠯᠵᠢ᠂ ᠥᠩᠭᠡᠲᠦ ᠲᠡᠮᠦᠷᠯᠢᠭ ᠤᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠨ᠎ᠠ᠂ | ᠠᠭᠤᠷᠬᠠᠢ ᠶᠢᠨ ᠦᠢᠯᠡᠰ ᠨᠢ ᠤᠯᠤᠰ ᠠᠷᠠᠳ ᠤᠨ ᠠᠵᠤ ᠠᠬᠤᠢ ᠳᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ | ᠦᠵᠡᠭᠦᠯᠪᠡ᠃ ᠭᠡᠪᠡᠴᠦ ᠡᠭᠦᠨ ᠤ ᠳᠠᠭᠠᠤ ᠳᠤ ᠪᠠᠰᠠ ᠮᠠᠨ ᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠠᠵᠢᠯ ᠶᠡᠷᠦᠩᠬᠡᠶ ᠳᠤ ᠪᠠᠨ ᠨᠡᠯᠢᠶᠡᠳ ᠤᠯᠠᠮᠵᠢᠯᠠᠯᠲᠤ ᠪᠦᠳᠦᠭᠦᠯᠢᠭ ᠮᠠᠶ᠋ᠢᠭ ᠤᠨ | ᠪᠣᠯᠬᠤᠷ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠵᠤ᠂ ᠦᠢᠯᠡᠳᠪᠦᠷᠢᠯᠡᠵᠦ | ᠪᠠᠶᠢᠭ᠎ᠠ ᠠᠭᠤᠷᠬᠠᠢ ᠶᠢᠨ ᠨᠡᠶᠢᠲᠡ ᠳᠤ ᠪᠠᠨ ᠡᠵᠡᠯᠡᠵᠦ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ ᠭᠠᠵᠠᠷ ᠰᠢᠷᠣᠢ ᠶᠢᠨ | ᠲᠠᠯᠠᠪᠠᠢ ᠶᠡᠭᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ ᠬᠠᠳᠠᠭᠠᠯᠠᠭᠰᠠᠨ ᠬᠡᠮᠵᠢᠶ᠎ᠡ ᠶᠡᠭᠡ ᠪᠠᠶᠢᠵᠤ᠂ | ᠠᠭᠤᠷᠬᠠᠢ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠠᠭᠤᠷᠬᠠᠶ ᠶᠢᠨ ᠦᠢᠯᠡᠰ ᠤᠨ ᠦᠷᠭᠦᠯᠵᠢᠯᠡᠨ | ᠭᠦᠭᠵᠢᠭᠦ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃ ᠪᠣᠬᠢᠷᠲᠤᠯ ᠦᠭᠡᠢ ᠠᠭᠤᠷᠬᠠᠢ ᠶᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠪᠣᠯ᠂ ᠠᠭᠤᠷᠬᠠᠶ ᠶᠢᠨ ᠦᠢᠯᠡᠰ ᠤᠨ ᠬᠡᠯᠪᠡᠷᠢ ᠶᠢ ᠬᠤᠪᠢᠷᠠᠭᠤᠯᠤᠨ ᠭᠦᠭᠵᠢᠭᠦᠯᠭᠦ ᠪᠠ | ᠦᠷᠭᠦᠯᠵᠢᠯᠡᠨ ᠬᠥᠭᠵᠢᠬᠦ ᠶᠢ ᠪᠠᠶᠡᠯᠡᠭᠦᠯᠬᠦ ᠶᠢᠨ ᠵᠠᠶᠢᠯᠠᠰᠢ ᠦᠭᠡᠶ ᠱᠠᠭᠠᠷᠳᠠᠯᠭ᠎ᠠ ᠪᠣᠯᠬᠤ ᠪᠥᠭᠡᠳ ᠠᠭᠤᠷᠬᠠᠶ ᠶᠢᠨ | ᠦᠢᠯᠡᠰ ᠤᠨ ᠬᠦᠷᠢᠶᠡᠨ ᠳᠠᠬᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ | ᠪᠠᠷᠢᠯ ᠪᠠᠶᠢᠵᠤ᠂ ᠮᠠᠨ ᠤ ᠣᠷᠣᠨ ᠤ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠲᠣᠭᠲᠠᠭᠤᠨ ᠬᠥᠭᠵᠢᠬᠦ ᠶᠢ ᠠᠬᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ | ᠶᠤᠮ᠃ | ᠬᠤᠶᠠᠷ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠵᠤ ᠠᠬᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ | ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠲᠥᠯᠥᠪᠵᠢᠭᠦᠯᠭᠡ᠂ ᠬᠠᠶᠢᠨ ᠪᠠᠶᠢᠴᠠᠭᠠᠯᠲᠠ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠪᠦᠬᠦ ᠶᠠᠪᠤᠴᠠ ᠳᠤ ᠨᠡᠶᠢᠳᠡᠮ | ᠲᠤᠭᠤᠰᠢᠯᠠᠭᠤᠯᠤᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ | ᠬᠥᠲᠥᠯᠦᠨ ᠳᠠᠭᠠᠭᠤᠯᠬᠤ ᠪᠠ ᠳᠠᠶᠢᠴᠢᠯᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | ︵ᠬᠤᠶᠠᠷ︶ ᠶᠡᠷᠦᠩᠬᠡᠶ ᠬᠠᠷᠠᠯᠲᠠ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ | ᠬᠠᠮᠵᠢᠯᠴᠠᠬᠤ᠂ ᠭᠤᠷᠪᠠᠨ ᠱᠠᠲᠤ ᠬᠤᠯᠪᠣᠭᠠᠯᠠᠨ ᠡᠭᠦᠳᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠪᠣᠬᠢᠷᠲᠤᠯ | ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠰᠢᠰᠲ᠋ᠧᠮ ᠲᠦᠷᠢᠮ ᠢ ᠪᠠᠶᠢᠭᠤᠯᠤᠨ᠎ᠠ︔ ᠠᠮᠢ ᠠᠬᠤᠶ ᠬᠡᠪᠡᠷᠡᠭ ᠣᠷᠣᠨ ᠤ | ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠶ ᠬᠡᠪᠡᠷᠡᠭ ᠣᠷᠣᠨ ᠢ ᠬᠠᠮᠠᠭᠠᠯᠠᠬᠤ᠂ ᠦᠩᠵᠢᠭᠦᠯᠦᠨ | ᠰᠡᠷᠭᠦᠭᠡᠬᠦ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠬᠠᠮᠢᠶ᠎ᠠ ᠪᠦᠬᠦᠢ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠶ ᠬᠡᠪᠡᠷᠡᠭ ᠣᠷᠣᠨ ᠤ ᠡᠬᠢ ᠪᠠᠶᠠᠯᠢᠭ ᠤᠨ ᠣᠷᠴᠢᠨ | ᠲᠣᠭᠤᠷᠢᠨ ᠲᠠᠢ ᠲᠣᠬᠢᠷᠠᠯᠴᠠᠭᠰᠠᠨ ᠣᠷᠴᠢᠨ ᠲᠣᠭᠤᠷᠢᠨ ᠤ ᠨᠥᠬᠦᠷᠰᠡᠭ ᠬᠡᠯᠪᠡᠷᠢ ᠪᠦᠬᠦᠢ ᠠᠵᠤ ᠦᠢᠯᠡᠰ ᠢ | ᠭᠤᠤᠯᠳᠠᠯᠭ᠎ᠠ ᠲᠠᠢ ᠬᠥᠭᠵᠢᠭᠦᠯᠦᠨ᠂ ᠠᠮᠢ ᠠᠬᠤᠢ ᠬᠡᠪᠡᠷᠡᠭ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ | ᠴᠢᠩᠭᠠᠷᠠᠭᠤᠯᠵᠤ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠨ᠎ᠡ᠃ | 2023 ᠣᠨ ᠤ ᠰᠡᠭᠦᠯᠴᠢ ᠪᠣᠯᠬᠤ ᠠᠴᠠ ᠡᠮᠦᠨ᠎ᠡ᠂ ᠪᠦᠬᠦ ᠣᠷᠣᠨ ᠤ ᠠᠭᠤᠷᠬᠠᠶ ᠶᠢ ᠶᠡᠷᠦᠩᠬᠡᠢ ᠳᠤ ᠨᠢ ᠪᠣᠬᠢᠷᠲᠤᠯ | ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠳᠤ ᠬᠦᠷᠦᠭᠦᠯᠵᠦ᠂ ᠡᠬᠢ | ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ | ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠵᠤ᠂ ᠠᠭᠤᠷᠬᠠᠶ ᠶᠢᠨ ᠣᠷᠣᠨ ᠤ | ᠭᠠᠵᠠᠷ ᠰᠢᠷᠣᠶ ᠶᠢ ᠦᠩᠵᠢᠭᠦᠯᠦᠨ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ | ᠠᠭᠤᠷᠬᠠᠢ ᠶᠢᠨ ᠦᠢᠯᠡᠰ ᠢ ᠪᠣᠬᠢᠷᠲᠤᠯ ᠦᠭᠡᠢ ᠪᠠᠷ ᠦᠷᠬᠦᠯᠵᠢᠯᠡᠨ ᠬᠥᠭᠵᠢᠭᠦᠯᠬᠦ ᠰᠠᠶᠢᠨ ᠣᠷᠴᠢᠯ ᠲᠠᠢ ᠵᠠᠮ ᠢᠶᠠᠷ | ᠵᠠᠮᠨᠠᠭᠤᠯᠵᠤ᠂ ᠠᠷᠪᠢᠲᠠᠢ ᠪᠥᠭᠡᠳ ᠥᠨᠳᠥᠷ ᠪᠦᠲᠦᠮᠵᠢᠲᠡᠢ᠂ ᠣᠷᠴᠢᠨ ᠲᠣᠭᠤᠷᠢᠨ ᠨᠢ ᠦᠵᠡᠰᠬᠦᠯᠡᠩᠲᠦ ᠰᠠᠶᠢᠬᠠᠨ᠂ | ᠠᠭᠤᠷᠬᠠᠢ ᠶᠢᠨ ᠣᠷᠣᠨ ᠨᠢ ᠡᠶ᠎ᠡ ᠵᠣᠬᠢᠴᠠᠯ ᠲᠠᠢ ᠪᠣᠬᠢᠷᠲᠤᠯ ᠦᠭᠡᠢ ᠪᠠᠶᠢᠬᠤ ᠠᠭᠤᠷᠬᠠᠢ ᠶᠢᠨ ᠦᠢᠯᠡᠰ ᠤᠨ | ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠤ ᠪᠠᠨ ᠪᠠᠶᠢᠭᠤᠯᠤᠨ᠎ᠠ᠃ | ᠰᠢᠨ᠎ᠡ ᠪᠠᠶᠢᠭᠤᠯᠵᠤ ᠪᠠᠶᠢᠭ᠎ᠠ ᠠᠭᠤᠷᠬᠠᠶ ᠶᠢ ᠴᠦᠮ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠥᠭᠡᠷᠡᠴᠢᠯᠡᠨ ᠰᠢᠨᠡᠳᠬᠡᠵᠦ ᠲᠠᠰ | ᠳᠡᠪᠰᠢᠭᠦᠯᠬᠦ ᠶᠢ ᠨᠢ ᠲᠦᠷᠭᠡᠳᠬᠡᠵᠦ᠂ ᠬᠤᠭᠤᠴᠠᠭ᠎ᠠ ᠬᠢᠵᠠᠭᠠᠷᠯᠠᠨ ᠪᠣᠬᠢᠷᠲᠤᠯ ᠥᠬᠡᠶ ᠠᠭᠤᠷᠬᠠᠢ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ | ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ 3 ᠪᠠᠶᠢᠭᠤᠯᠵᠤ᠂ ᠨᠢᠭᠡ ᠪᠦᠯᠦᠭ | ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ | ᠡᠬᠢᠯᠡᠭᠦᠯᠦᠨ᠎ᠡ᠃ | 2025 ᠣᠨ ᠤ ᠰᠡᠭᠦᠯᠴᠢ ᠠᠴᠠ ᠡᠮᠦᠨ᠎ᠡ᠂ ᠪᠦᠬᠦ ᠠᠭᠤᠷᠬᠠᠶ ᠶᠢ ᠤᠯᠤᠰ ᠪᠤᠶᠤ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠂ | ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠬᠦ ᠦᠭᠡᠶ ᠠᠭᠤᠷᠬᠠᠶ ᠶᠢᠨ | ᠠᠵᠤ ᠠᠬᠤᠶᠢᠯᠠᠯ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃ | ᠭᠤᠷᠪᠠ᠂ ᠭᠤᠤᠯᠳᠠᠯᠭ᠎ᠠ ᠲᠠᠢ ᠡᠭᠦᠷᠭᠡ | ︵ᠨᠢᠭᠡ︶ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠲᠥᠯᠥᠪᠵᠢᠭᠦᠯᠭᠡ ᠶᠢᠨ | ᠰᠢᠰᠲ᠋ᠧᠮᠵᠢ ᠶᠢ ᠪᠦᠷᠢᠨᠰᠢᠬᠦᠯᠵᠦ ᠲᠡᠭᠦᠯᠳᠡᠷᠵᠢᠭᠦᠯᠦᠨ᠎ᠡ᠃ ᠪᠦᠬᠦ ᠣᠷᠣᠨ ᠤ ᠦᠢᠯᠡᠳᠪᠦᠷᠢᠯᠡᠵᠦ ᠪᠠᠶᠢᠭ᠎ᠠ ᠠᠭᠤᠷᠬᠠᠶ᠂ | ᠰᠢᠨ᠎ᠡ ᠪᠠᠶᠢᠭᠤᠯᠵᠤ ᠪᠠᠶᠢᠭ᠎ᠠ ᠠᠭᠤᠷᠬᠠᠶ ᠶᠢ ᠴᠦᠮ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ ᠬᠠᠤᠯᠢ ᠶᠣᠰᠣᠭᠠᠷ ᠠᠭᠤᠷᠬᠠᠶ ᠡᠷᠬᠢᠯᠡᠬᠦ᠂ | ᠵᠢᠷᠤᠮᠵᠢᠭᠤᠯᠤᠨ ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠳᠤ ᠰᠢᠨ᠎ᠡ ᠶᠢ ᠡᠭᠦᠳᠬᠦ᠂ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠵᠠᠷ | ᠰᠢᠷᠣᠶ ᠶᠢ ᠦᠩᠵᠢᠭᠦᠯᠦᠨ ᠠᠰᠢᠭᠯᠠᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ᠂ ᠠᠵᠤ ᠠᠬᠤᠶᠢᠯᠠᠯ ᠤᠨ ᠰᠣᠶᠣᠯ | ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠬᠤᠶᠠᠷ︶ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠭᠠᠵᠠᠷ ᠣᠷᠣᠨ ᠪᠠ ᠠᠵᠢᠯ ᠲᠥᠷᠥᠯ ᠤᠨ ᠣᠨᠴᠠᠯᠢᠭ ᠲᠠᠢ ᠤᠶᠠᠯᠳᠤᠭᠤᠯᠤᠨ᠂ ᠪᠣᠬᠢᠷᠲᠤᠯ | ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠨᠡᠭᠦᠷᠡᠰᠦ᠂ ᠥᠩᠭᠡᠲᠦ | ᠲᠡᠮᠦᠷᠯᠢᠭ᠂ ᠰᠢᠵᠢᠷ ᠠᠯᠳᠠ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠰᠤ | ᠴᠢᠯᠠᠭᠤ᠂ ᠬᠠᠶᠢᠷ ᠰᠢᠷᠣᠶ ᠶᠢᠨ ᠠᠭᠤᠷᠬᠠᠶ ᠵᠡᠷᠭᠡ ᠠᠵᠢᠯ ᠲᠥᠷᠥᠯ ᠤᠨ ᠪᠣᠬᠢᠷᠲᠤᠯ ᠦᠭᠡᠢ ᠠᠭᠤᠷᠬᠠᠢ ᠶᠢᠨ | ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ | ᠬᠠᠮᠵᠢᠯᠴᠠᠨ᠎ᠠ︶ | ︵ᠭᠤᠷᠪᠠ︶ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠤᠨ᠎ᠠ᠃ ᠣᠷᠳᠣᠰ ᠬᠤᠲᠠ ᠶᠢᠨ ᠵᠡᠭᠦᠨᠭᠠᠷ — ᠳ᠋ᠦᠩᠱᠧᠩ᠂ ᠤᠯᠠᠭᠠᠨᠬᠠᠳᠠ | ᠬᠤᠲᠠ ᠶᠢᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ — ᠢᠮᠢᠨ ᠭᠤᠷᠪᠠᠨ ᠶᠡᠭᠡ ᠣᠷᠣᠨ | ᠪᠦᠰᠡ ᠶᠢᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠣᠷᠣᠨ ᠢ | ᠪᠥᠲᠥᠭᠡᠨ ᠪᠠᠶᠢᠭᠤᠯᠬᠤ ᠶᠢ ᠨᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ ᠲᠣᠭᠲᠠᠴᠠ ᠶᠢ | ᠪᠤᠢ ᠪᠣᠯᠭᠠᠨ᠎ᠠ᠃ ᠵᠢᠱᠢᠶ᠎ᠡ ᠦᠵᠡᠭᠦᠯᠬᠦ ᠣᠷᠣᠨ ᠳᠠᠬᠢ ᠠᠭᠤᠷᠬᠠᠶ ᠪᠥᠬᠦᠨ ᠢ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠲᠥᠯᠥᠪᠵᠢᠭᠦᠯᠭᠡ ᠳᠤ ᠣᠷᠣᠭᠤᠯᠤᠨ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠵᠣᠬᠢᠰᠲᠠᠢ ᠪᠠᠶᠢᠷᠢᠯᠠᠭᠤᠯᠤᠨ᠂ ᠠᠭᠤᠷᠬᠠᠢ ᠶᠢᠨ ᠠᠵᠤ ᠦᠢᠯᠡᠰ ᠤᠨ | ᠪᠦᠲᠦᠴᠡ ᠶᠢ ᠲᠤᠬᠢᠷᠠᠭᠤᠯᠤᠨ᠎ᠠ︔ ᠦᠯᠡᠭᠦᠳᠡᠯ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ ᠶᠢ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ᠂ ᠠᠵᠤ ᠠᠬᠤᠶᠢᠯᠠᠯ ᠢ ᠨᠡᠶᠢᠯᠡᠭᠦᠯᠵᠦ ᠳᠠᠬᠢᠨᠲᠠ ᠵᠣᠬᠢᠶᠠᠨ ᠪᠠᠶᠢᠭᠤᠯᠬᠤ ᠪᠠ ᠬᠠᠮᠠᠭᠠᠯᠠᠯᠲᠠ ᠶᠢᠨ | ᠣᠷᠣᠨ ᠳᠠᠬᠢ ᠠᠭᠤᠷᠬᠠᠶ ᠶᠢ ᠢᠯᠭᠠᠷᠠᠭᠤᠯᠬᠤ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠤᠨ᠎ᠠ︔ ᠶᠡᠷᠦᠩᠬᠡᠶᠢᠯᠡᠨ | ᠬᠠᠶᠢᠵᠤ ᠪᠠᠶᠢᠴᠠᠭᠠᠬᠤ᠂ ᠦᠨᠡᠯᠡᠬᠦ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠶᠢ ᠠᠬᠢᠭᠤᠯᠵᠤ᠂ ᠠᠭᠤᠷᠬᠠᠢ ᠶᠢᠨ | ᠠᠵᠤ ᠠᠬᠤᠶᠢᠯᠠᠯ ᠤᠨ ᠡᠨᠧᠷᠭᠢ ᠶᠢᠨ ᠬᠤᠷᠤᠭᠳᠠᠯ᠂ ᠭᠠᠵᠠᠷ ᠰᠢᠷᠣᠶ ᠶᠢᠨ ᠬᠤᠷᠤᠭᠳᠠᠯ ᠪᠠ ᠣᠰᠤᠨ ᠤ | ᠬᠤᠷᠤᠭᠳᠠᠯ ᠤᠨ ᠬᠡᠮᠵᠢᠶ᠎ᠡ ᠶᠢ ᠪᠠᠭᠠᠰᠬᠠᠨ᠎ᠠ᠃ ︵ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠳᠥᠷᠪᠡ︶ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠥᠬᠡᠶ ᠬᠠᠶᠢᠨ ᠪᠠᠶᠢᠴᠠᠭᠠᠬᠤ ᠣᠨᠣᠯᠵᠢᠬᠤᠨ ᠢ ᠪᠣᠶ | ᠪᠣᠯᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠲᠥᠷᠥᠯ ᠵᠦᠢᠯ ᠳᠠᠬᠢ ᠬᠡᠰᠡᠭ ᠲᠥᠷᠥᠯ ᠵᠦᠢᠯ ᠢ ᠨᠢ ᠰᠣᠩᠭᠤᠨ ᠠᠪᠴᠤ ᠲᠤᠷᠰᠢᠯᠲᠠ ᠶᠢᠨ ᠴᠡᠭ | ᠪᠣᠯᠭᠠᠵᠤ ᠪᠣᠬᠢᠷᠲᠤᠯ ᠦᠭᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠰᠢᠨ᠎ᠡ ᠡᠭᠦᠳᠦᠯᠲᠡ ᠶᠢ ᠥᠷᠨᠢᠭᠦᠯᠦᠨ᠎ᠡ᠃ | ᠨᠡᠶᠢᠭᠡᠮ ᠤᠨ ᠬᠢᠨ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢᠶᠠᠨ | ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠶ ᠬᠠᠶᠢᠨ ᠪᠠᠶᠢᠴᠠᠭᠠᠯᠲᠠ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢᠶᠠᠷ ᠢᠳᠡᠪᠬᠢᠲᠡᠶ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠪᠠ ᠳᠡᠮᠵᠢᠨ᠎ᠡ᠃ | ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ ᠪᠣᠬᠢᠷᠲᠤᠯ ᠥᠬᠡᠶ ᠬᠠᠶᠢᠨ ᠪᠠᠶᠢᠴᠠᠭᠠᠬᠤ ᠠᠵᠢᠯ ᠢ | ᠠᠬᠢᠭᠤᠯᠤᠨ᠎ᠠ᠃ ᠭᠠᠵᠠᠷ ᠰᠢᠨᠵᠢᠯᠡᠭᠡᠨ ᠤ ᠠᠵᠢᠯ ᠲᠥᠷᠥᠯ ᠤᠨ ᠬᠢᠨ ᠬᠠᠶᠢᠨ ᠪᠠᠶᠢᠴᠠᠭᠠᠬᠤ ᠮᠡᠷᠭᠡᠵᠢᠯ᠂ ᠤᠷᠠᠯᠠᠯ ᠪᠠ | ᠠᠷᠭ᠎ᠠ ᠪᠠᠷᠢᠯ ᠢ ᠰᠤᠳᠤᠯᠬᠤ ᠪᠠ ᠳᠡᠯᠭᠡᠷᠡᠭᠦᠯᠬᠦ ᠪᠠᠨ ᠴᠢᠩᠭᠠᠳᠬᠠᠨ᠂ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠪᠠᠷ | ᠳᠠᠮᠵᠢᠭᠤᠯᠵᠤ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢᠨ ᠰᠦᠢᠳᠦᠯ ᠢ ᠪᠠᠭᠠᠰᠬᠠᠵᠤ᠂ ᠠᠮᠢ | ᠠᠬᠤᠶ ᠶᠢ ᠬᠠᠷᠰᠢᠯᠠᠨ ᠨᠥᠯᠥᠭᠡᠯᠡᠬᠦ ᠶᠢ ᠨᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠡᠷᠭᠡ | ᠰᠠᠯᠠᠭ᠎ᠠ ᠮᠥᠴᠢᠷ ᠬᠠᠮᠵᠢᠯᠴᠠᠨ᠎ᠠ︶ | ︵ᠲᠠᠪᠤ︶ ᠰᠢᠨ᠎ᠡ ᠪᠠᠶᠢᠭᠤᠯᠬᠤ ᠠᠭᠤᠷᠬᠠᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ | ᠰᠢᠨ᠎ᠡ ᠪᠠᠷ ᠪᠠᠶᠢᠷᠢᠯᠠᠭᠤᠯᠵᠤ ᠪᠠᠶᠢᠭ᠎ᠠ ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠪᠠᠷ ᠪᠥᠲᠥᠭᠡᠨ | ᠪᠠᠶᠢᠭᠤᠯᠬᠤ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠤᠯᠤᠰ ᠤᠨ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ᠂ ᠠᠭᠤᠷᠬᠠᠶ ᠶᠢᠨ ᠬᠦᠷᠦᠰᠦ ᠳᠠᠪᠬᠤᠷᠭ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ | ᠰᠢᠷᠣᠶ ᠶᠢ ᠦᠩᠵᠢᠭᠦᠯᠦᠨ ᠠᠰᠢᠭᠯᠠᠬᠤ ᠲᠥᠰᠦᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ | ᠲᠥᠰᠦᠯ ᠳᠤ ᠣᠷᠣᠭᠤᠯᠵᠤ᠂ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠢᠭᠡᠳᠦᠯᠲᠡᠢ ᠬᠢᠨᠠᠨ ᠪᠠᠶᠢᠴᠠᠭᠠᠵᠤ ᠨᠢᠭᠡᠳᠦᠯᠲᠡᠶ | ᠬᠡᠷᠡᠭᠵᠢᠭᠦᠯᠦᠨ᠎ᠡ︔ ᠣᠷᠴᠢᠨ ᠲᠣᠭᠤᠷᠢᠨ ᠢ ᠡᠪᠳᠡᠬᠦ ᠪᠠᠷ ᠨᠡᠯᠢᠶᠡᠳ ᠪᠠᠭ᠎ᠠ ᠪᠠᠶᠢᠳᠠᠭ ᠨᠡᠭᠡᠭᠡᠨ ᠮᠠᠯᠲᠠᠬᠤ ᠠᠷᠭ᠎ᠠ | ᠮᠠᠶ᠋ᠢᠭ᠂ ᠠᠭᠤᠷᠬᠠᠶ ᠮᠠᠯᠲᠠᠬᠤ ᠮᠡᠷᠭᠡᠵᠢᠯ ᠪᠠ ᠠᠭᠤᠷᠬᠠᠢ ᠰᠢᠯᠢᠬᠦ ᠠᠷᠭ᠎ᠠ ᠶᠢ ᠰᠣᠩᠭᠤᠨ ᠬᠡᠷᠡᠭᠯᠡᠵᠦ᠂ ᠠᠭᠤᠷᠬᠠᠢ ᠶᠢᠨ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ | ᠮᠥᠴᠢᠷ ᠨᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ | ᠵᠥᠪᠰᠢᠶᠡᠷᠡᠵᠦ᠂ ᠠᠵᠤ ᠠᠬᠤᠶᠢᠯᠠᠯ ᠤᠨ ᠬᠢᠨ ᠤ ᠠᠮᠢ ᠠᠬᠤᠶ ᠶᠢ ᠬᠠᠮᠠᠭᠠᠯᠠᠬᠤ ᠠᠷᠭ᠎ᠠ ᠬᠡᠮᠵᠢᠶ᠎ᠡ ᠪᠠᠨ | ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ | ᠪᠦᠲᠦᠮᠵᠢᠲᠡᠶ ᠰᠢᠢᠳᠪᠦᠷᠢᠯᠡᠨ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠨᠢ ᠪᠠᠷᠢᠮᠵᠢᠶ᠎ᠠ ᠳᠤ ᠬᠦᠷᠦᠭᠦᠯᠦᠨ᠎ᠡ᠃ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠤᠰᠤ ᠪᠠ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ | ᠪᠠᠶᠢᠴᠠᠭᠠᠬᠤ ᠪᠠᠨ ᠴᠢᠩᠭᠠᠳᠬᠠᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠰᠢᠨ᠎ᠡ | ᠪᠠᠶᠢᠭᠤᠯᠬᠤ ᠠᠭᠤᠷᠬᠠᠶ ᠨᠤᠭᠤᠳ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠡᠰᠡᠬᠦ ᠶᠢ ᠨᠢ ᠴᠢᠩᠭ᠎ᠠ ᠡᠵᠡᠮᠳᠡᠵᠦ᠂ | ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠬᠤ ᠳᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ | ᠲᠥᠯᠥᠪᠯᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠂ ᠠᠭᠤᠷᠬᠠᠢ ᠶᠢᠨ ᠪᠣᠬᠢᠷᠲᠤᠯ ᠦᠭᠡᠢ ᠪᠦᠭᠡᠳ ᠠᠶᠤᠯ ᠦᠭᠡᠢ | ᠦᠢᠯᠡᠳᠪᠦᠷᠢᠯᠡᠬᠦ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ | ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠵᠢᠷᠭᠤᠭ᠎ᠠ︶ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢ ᠪᠠᠷᠢᠮᠵᠢᠶ᠎ᠠ ᠳᠤ ᠬᠦᠷᠦᠭᠦᠯᠵᠦ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠠᠭᠤᠷᠬᠠᠢ ᠶᠢᠨ ᠣᠷᠴᠢᠨ ᠲᠣᠭᠤᠷᠢᠨ ᠤ ᠣᠳᠣᠬᠢ | ᠪᠠᠶᠢᠳᠠᠯ ᠤᠨ ᠪᠠᠶᠢᠴᠠᠭᠠᠯᠲᠠ ᠶᠢ ᠦᠨᠳᠦᠰᠦᠯᠡᠨ᠂ ︽ᠬᠡᠨ ᠡᠪᠳᠡᠭᠰᠡᠨ ᠪᠣᠯ ᠬᠡᠨ ᠦᠩᠵᠢᠭᠦᠯᠦᠨ ᠠᠰᠢᠭᠯᠠᠬᠤ︾ | ᠵᠠᠷᠴᠢᠮ ᠶᠣᠰᠣᠭᠠᠷ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢ | ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠠᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ | ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠪᠠᠨ ᠲᠦᠷᠭᠡᠳᠬᠡᠨ ᠨᠠᠶᠢᠷᠠᠭᠤᠯᠵᠤ | ᠵᠣᠬᠢᠶᠠᠨ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠣᠨ ᠤ ᠠᠬᠢᠭᠤᠯᠬᠤ ᠲᠥᠯᠥᠪᠯᠡᠭᠡ ᠪᠠᠨ | ᠲᠣᠭᠲᠠᠭᠠᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠶ ᠪᠠᠨ ᠪᠣᠬᠢᠷᠲᠤᠯ ᠥᠬᠡᠶ ᠠᠭᠤᠷᠬᠠᠶ ᠪᠣᠯᠭᠠᠵᠤ ᠪᠥᠲᠥᠭᠡᠨ | ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠭᠤᠷᠬᠠᠢ ᠶᠢᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠮᠠᠯᠲᠠᠬᠤ ᠶᠢᠨ ᠳᠠᠭᠠᠤ ᠵᠠᠰᠠᠬᠤ︾ ᠡᠷᠴᠢᠮ ᠢᠶᠠᠨ | ᠴᠢᠩᠭᠠᠷᠠᠭᠤᠯᠤᠨ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠠᠯ᠎ᠠ ᠶᠢᠨ ᠦᠨᠡᠨ ᠬᠦ ᠶᠠᠪᠤᠭᠳᠠᠭᠤᠰᠢᠲᠠᠶ ᠲᠥᠰᠦᠯ ᠢ | ᠲᠣᠭᠲᠠᠭᠠᠵᠤ᠂ ᠠᠮᠢ ᠠᠬᠤᠢ ᠶᠢᠨ ᠠᠵᠢᠯ ᠳᠤ ᠤᠯᠠᠭᠠᠨ ᠲᠤᠭ᠎ᠠ ᠦᠯᠡᠳᠡᠭᠡᠬᠦ ᠦᠭᠡᠢ᠃ ᠨᠡᠭᠡᠭᠡᠵᠦ ᠮᠠᠯᠲᠠᠭᠰᠠᠨ ᠢᠶᠠᠨ | ᠳᠠᠬᠢᠨᠲᠠ ᠮᠠᠯᠲᠠᠬᠤ ᠨᠣᠷᠮ᠎ᠠ᠂ ᠠᠭᠤᠷᠬᠠᠢ ᠰᠤᠩᠭᠤᠬᠤ ᠪᠤᠴᠠᠭᠠᠨ ᠬᠤᠷᠢᠶᠠᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ | ᠨᠣᠷᠮ᠎ᠠ ᠳᠤ ᠰᠤᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠳᠤ | ᠬᠦᠷᠭᠡᠭᠦ ᠶᠢ ᠲᠦᠷᠭᠡᠣᠡᠭᠡᠨ᠎ᠠ᠃ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠵᠢᠴᠢ | ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ | ᠠᠬᠢᠭᠤᠯᠤᠨ᠎ᠠ᠃ ︽ᠭᠤᠷᠪᠠᠨ ᠬᠠᠶᠠᠭᠳᠠᠮᠠᠯ︾ ᠢ ᠬᠠᠮᠢᠶᠠᠷᠬᠤ ᠪᠠᠨ ᠴᠢᠩᠭᠠᠷᠠᠭᠤᠯᠵᠤ᠂ ᠠᠶᠤᠯ ᠦᠭᠡᠢ | ᠦᠢᠯᠡᠣᠡᠪᠣᠷᠢᠯᠡᠯ ᠤᠨ ᠬᠠᠮᠢᠶᠠᠷᠣᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠯᠡᠳᠡᠭᠳᠡᠯ ᠠᠭᠤᠷᠬᠠᠢ ᠪᠠ | ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠨᠢ ᠠᠬᠢᠭᠤᠯᠤᠨ᠎ᠠ᠃ ᠠᠵᠤ ᠠᠬᠤᠶᠢᠯᠠᠯ ᠢ ᠵᠣᠷᠢᠭᠵᠢᠭᠤᠯᠵᠤ | ᠪᠠᠶᠢᠭᠠᠳ ᠲᠡᠷᠢᠭᠦᠨ ᠤ ᠠᠭᠤᠷᠬᠠᠶ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠠᠰᠢᠭᠯᠠᠨ ᠠᠮᠢ | ᠠᠬᠤᠶ ᠣᠷᠴᠢᠨ ᠲᠣᠭᠤᠷᠢᠨ ᠳᠤ ᠨᠥᠯᠥᠭᠡ ᠪᠣᠯᠬᠤ ᠶᠢ ᠨᠢ ᠪᠠᠭᠠᠰᠬᠠᠨ᠎ᠠ᠃ ᠠᠭᠤᠷᠬᠠᠶ ᠳᠤ ᠬᠡᠷᠡᠭᠯᠡᠬᠦ ᠭᠠᠵᠠᠷ ᠢ ᠬᠢᠨᠠᠨ | ᠵᠥᠪᠰᠢᠶᠡᠷᠡᠬᠦ ᠳᠤ ᠬᠠᠶᠠᠭᠳᠠᠮᠠᠯ ᠪᠤᠳᠠᠰ ᠰᠢᠷᠣᠶ ᠭᠠᠳᠠᠭᠰᠢᠯᠠᠭᠤᠯᠬᠤ ᠲᠠᠯᠠᠪᠠᠶ ᠪᠠ ᠭᠠᠳᠠᠭᠰᠢᠯᠠᠭᠤᠯᠬᠤ ᠬᠡᠮᠵᠢᠶ᠎ᠡ ᠶᠢ | ᠴᠢᠩᠭ᠎ᠠ ᠬᠢᠵᠠᠭᠠᠷᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ | ᠡᠨᠧᠷᠭᠢ ᠶᠢᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ | ᠬᠠᠮᠵᠢᠯᠴᠠᠨ᠎ᠠ︶ | ︵ᠳᠣᠯᠤᠭ᠎ᠠ︶ ᠠᠭᠤᠷᠬᠠᠶ ᠶᠢᠨ ᠣᠷᠤᠨ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ ᠬᠥᠭᠵᠢᠬᠦ ᠶᠢ | ᠠᠬᠢᠭᠤᠯᠤᠨ᠎ᠠ᠃ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠠᠰᠢᠭ ᠲᠤᠰᠠ ᠶᠢᠨ ᠬᠤᠪᠢᠶᠠᠷᠢᠯᠠᠬᠤ ᠲᠣᠭᠲᠠᠴᠠ ᠶᠢ | ᠰᠤᠳᠤᠯᠤᠨ ᠲᠡᠭᠦᠯᠳᠡᠷᠵᠢᠭᠦᠯᠵᠦ᠂ ᠠᠭᠤᠷᠬᠠᠶ ᠶᠢᠨ ᠣᠷᠣᠨ ᠤ ᠰᠠᠭᠤᠭᠠᠯᠢ ᠠᠷᠠᠳ ᠤᠨ ᠠᠰᠢᠭ ᠲᠤᠰᠠ ᠪᠠ | ᠠᠭᠤᠷᠬᠠᠶ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ᠂ ᠣᠯᠠᠨ ᠲᠦᠮᠡᠨ ᠤ ᠲᠥᠯᠥᠭᠡᠯᠡᠭᠴᠢ ᠬᠢᠭᠡᠳ ᠠᠵᠤ ᠠᠬᠤᠶᠢᠯᠠᠯ ᠤᠨ ᠠᠵᠢᠯ ᠶᠠᠪᠤᠳᠠᠯ ᠵᠥᠪᠯᠡᠨ | ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠭᠤᠷᠬᠠᠶ ᠶᠢᠨ ᠣᠷᠤᠨ ᠪᠠ ᠣᠷᠣᠨ ᠨᠤᠲᠤᠭ ᠤᠨ | ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠬᠤ ᠪᠠᠶᠢᠭᠤᠯᠤᠮᠵᠢ ᠪᠠ | ᠠᠵᠢᠯᠲᠠᠨ ᠢᠶᠠᠨ ᠲᠣᠳᠣᠷᠬᠠᠢ ᠲᠣᠭᠲᠠᠭᠠᠨ᠂ ᠡᠯ᠎ᠡ ᠲᠥᠷᠥᠯ ᠤᠨ ᠵᠥᠷᠢᠴᠡᠯ ᠢ ᠴᠠᠭ ᠲᠤᠬᠠᠶ ᠳᠤ ᠨᠢ ᠲᠣᠬᠢᠲᠠᠶ | ᠰᠢᠢᠳᠪᠦᠷᠢᠯᠡᠨ᠎ᠡ᠃ ᠠᠭᠤᠷᠬᠠᠢ ᠶᠢᠨ ᠠᠵᠤ ᠠᠬᠤᠶᠢᠯᠠᠯ ᠨᠢ ᠬᠠᠤᠯᠢ ᠶᠣᠰᠣᠭᠠᠷ ᠵᠢᠷᠤᠮᠵᠢᠯ ᠲᠠᠢ ᠨᠡᠭᠡᠭᠡᠨ ᠮᠠᠯᠲᠠᠵᠤ᠂ | ᠠᠭᠤᠷᠬᠠᠢ ᠶᠢᠨ ᠣᠷᠣᠨ ᠪᠠ ᠣᠷᠣᠨ ᠨᠤᠲᠤᠭ ᠤᠨ ᠵᠥᠷᠢᠴᠡᠯ ᠢ ᠵᠣᠬᠢᠴᠠᠭᠤᠯᠤᠨ ᠠᠷᠢᠯᠭᠠᠬᠤ ᠲᠣᠭᠲᠠᠴᠠ ᠶᠢ | ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠭᠦᠢᠴᠡᠳᠬᠡᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ ᠲᠥᠷᠬᠦ ᠶᠢ ᠪᠣᠢ ᠪᠣᠯᠭᠠᠨ᠎ᠠ︔ ᠣᠷᠣᠨ | ᠨᠤᠲᠤᠭ ᠤᠨ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ ᠨᠢ ᠬᠦᠴᠦᠲᠡᠢ ᠳᠠᠮᠵᠢᠵᠤ᠂ ᠠᠭᠤᠷᠬᠠᠢ ᠶᠢᠨ | ᠣᠷᠣᠨ ᠵᠢᠴᠢ ᠲᠡᠭᠦᠨ ᠤ ᠡᠷᠭᠢᠨ ᠲᠣᠭᠤᠷᠢᠨ ᠳᠠᠬᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠰᠠᠶᠢᠵᠢᠷᠠᠭᠤᠯᠤᠨ᠎ᠠ︔ ᠠᠵᠢᠯ ᠣᠯᠭᠤᠬᠤ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠠᠭᠤᠷᠬᠠᠢ ᠶᠢᠨ ᠣᠷᠣᠨ ᠤ ᠡᠷᠭᠢᠨ | ᠲᠣᠭᠤᠷᠢᠨ ᠳᠠᠬᠢ ᠰᠠᠭᠤᠭᠠᠯᠢ ᠠᠷᠠᠳ ᠢ ᠤᠷᠢᠳ ᠢᠶᠠᠷ ᠲᠣᠬᠢᠷᠠᠭᠤᠯᠤᠨ᠂ ᠶᠠᠳᠠᠭᠤ ᠶᠢ ᠲᠡᠳᠬᠦᠵᠦ ᠲᠤᠰᠠᠯᠠᠬᠤ ᠵᠡᠷᠭᠡ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ︔ ᠬᠥᠳᠡᠯᠮᠦᠷᠢ ᠦᠢᠯᠡᠴᠢᠯᠡᠭᠡ ᠳᠤ | ᠨᠠᠶᠢᠳᠠᠬᠤ᠂ ᠪᠠᠷᠢᠯᠭ᠎ᠠ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠭ᠎ᠠ ᠭᠠᠵᠠᠷ ᠣᠷᠣᠨ ᠳᠠᠬᠢ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠨᠢ ᠳᠠᠮᠵᠢᠨ᠎ᠠ᠃ ᠠᠭᠤᠷᠬᠠᠢ ᠶᠢᠨ ᠲᠠᠯ᠎ᠠ ᠶᠢᠨ ᠬᠢᠨ ᠦᠢᠯᠡᠳᠪᠦᠷᠢᠯᠡᠯ ᠤᠨ ᠶᠠᠪᠤᠴᠠ ᠳᠤ ᠪᠠᠨ | ᠨᠡᠶᠢᠭᠡᠮ ᠲᠣᠭᠤᠷᠢᠭ ᠤᠨ ᠠᠮᠢᠳᠤᠷᠠᠯ ᠢ ᠨᠥᠯᠥᠭᠡᠯᠡᠵᠦ ᠮᠡᠳᠡᠬᠦ ᠦᠢᠯᠡᠣᠡᠪᠣᠷᠢᠯᠡᠭᠦ ᠠᠵᠢᠯ ᠢᠶᠠᠨ ᠴᠠᠭ ᠲᠤᠬᠠᠶ ᠳᠤ ᠨᠢ | ᠲᠣᠬᠢᠷᠠᠭᠤᠯᠤᠨ᠂ ᠠᠷᠠᠳ ᠣᠯᠠᠨ ᠤ ᠠᠮᠢᠳᠤᠷᠠᠯ ᠢ ᠨᠦᠯᠣᠭᠡᠯᠡᠭᠦ ᠪᠠᠨ ᠪᠠᠭᠠᠰᠬᠠᠬᠤ ᠬᠡᠷᠩᠳᠠᠢ᠃ ︵ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ | ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠳᠡᠮᠵᠢᠬᠦ ᠲᠥᠷᠥ ᠶᠢᠨ ᠪᠣᠳᠣᠯᠭ᠎ᠠ᠃ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠵᠤ | ᠠᠬᠤᠶᠢᠯᠠᠯ ᠤᠨ ᠪᠣᠬᠢᠷᠲᠤᠯ ᠦᠭᠡᠢ ᠠᠭᠤᠷᠬᠠᠶ ᠶᠢ ᠴᠢᠷᠮᠠᠶᠢᠨ ᠡᠭᠦᠳᠬᠦ ᠶᠢ ᠨᠢ ᠵᠣᠷᠢᠭᠵᠢᠭᠤᠯᠤᠨ᠎ᠠ᠃ ᠤᠯᠤᠰ ᠤᠨ | ᠪᠤᠶᠤ ᠥᠪᠡᠷᠲᠡᠭᠡᠨ ᠵᠠᠰᠠᠬᠤ ᠣᠷᠣᠨ ᠤ ᠨᠡᠷᠡᠰ ᠤᠨ ᠬᠥᠮᠥᠷᠭᠡ ᠳᠤ ᠣᠷᠣᠭᠰᠠᠨ ᠠᠭᠤᠷᠬᠠᠢ ᠶᠢᠨ ᠠᠵᠤ ᠠᠬᠤᠶᠢᠯᠠᠯ ᠨᠢ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ᠃ | 1. ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠡᠮᠵᠢᠬᠦ ᠲᠥᠷᠥ ᠶᠢᠨ ᠪᠣᠳᠣᠯᠭ᠎ᠠ᠃ ᠶᠡᠷᠦᠩᠬᠡᠶ | ᠬᠡᠮᠵᠢᠶ᠎ᠡ ᠶᠢ ᠨᠢ ᠲᠤᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ ᠪᠠᠶᠢᠭ᠎ᠠ ᠠᠭᠤᠷᠬᠠᠢ ᠶᠢᠨ ᠲᠥᠷᠥᠯ ᠤᠨ ᠨᠡᠭᠡᠭᠡᠨ | ᠮᠠᠯᠲᠠᠬᠤ ᠭᠦᠢᠴᠡᠳᠬᠡᠯ ᠲᠤᠭ᠎ᠠ᠂ ᠠᠭᠤᠷᠬᠠᠢ ᠶᠢᠨ ᠠᠵᠢᠯ ᠲᠥᠷᠥᠯ ᠤᠨ ᠡᠷᠬᠡ ᠶᠢᠨ ᠣᠷᠣᠭᠤᠯᠤᠯᠲᠠ ᠳᠤ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠠ ᠠᠭᠤᠷᠬᠠᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠪᠡᠯ | ᠪᠣᠬᠢᠷᠲᠤᠯ ᠦᠭᠡᠶ ᠠᠭᠤᠷᠬᠠᠶ ᠪᠠ ᠪᠣᠬᠢᠷᠲᠤᠯ ᠦᠭᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠲᠡᠶᠢᠰᠢ ᠤᠷᠢᠳ ᠢᠶᠠᠷ ᠲᠣᠬᠢᠷᠠᠭᠤᠯᠤᠨ᠎ᠠ᠃ | 2. ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠳᠤ ᠳᠡᠮᠵᠢᠬᠦ | ᠲᠥᠷᠥ ᠶᠢᠨ ᠪᠣᠳᠣᠯᠭ᠎ᠠ᠃ | ︵1︶ ᠭᠠᠵᠠᠷ ᠰᠢᠷᠣᠢ ᠶᠢ ᠠᠰᠢᠭᠯᠠᠬᠤ ᠲᠥᠯᠥᠪᠵᠢᠭᠦᠯᠭᠡ ᠲᠥᠯᠥᠪᠯᠡᠭᠡ ᠶᠢᠨ ᠪᠠᠲᠤᠯᠠᠭ᠎ᠠ᠃ ᠡᠯ᠎ᠡ ᠭᠠᠵᠠᠷ | ᠣᠷᠣᠨ ᠨᠢ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠲᠣᠬᠢᠷᠠᠭᠤᠯᠵᠤ ᠲᠡᠭᠦᠯᠳᠡᠷᠵᠢᠭᠦᠯᠬᠦ ᠳᠤ ᠪᠠᠨ᠂ | ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠷᠥᠯ ᠵᠦᠢᠯ ᠢ ᠨᠢ ᠲᠥᠯᠥᠪᠵᠢᠭᠦᠯᠭᠡ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠣᠷᠣᠭᠤᠯᠬᠤ ᠶᠢᠨ ᠬᠠᠮᠲᠤ᠂ ᠭᠠᠵᠠᠷ ᠰᠢᠷᠣᠶ | ᠠᠰᠢᠭᠯᠠᠬᠤ ᠣᠨ ᠤ ᠲᠥᠯᠥᠪᠯᠡᠭᠡ ᠳᠤ ᠪᠠᠨ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠬᠤ᠂ | ᠦᠭᠡᠷᠡᠴᠢᠯᠡᠵᠦ ᠦᠷᠭᠡᠳᠭᠡᠨ ᠪᠠᠶᠢᠭᠤᠯᠬᠤ ᠶᠢᠨ ᠵᠦᠶ ᠶᠤᠰᠤᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ | ᠪᠠᠶᠢᠭᠤᠯᠤᠯᠲᠠ ᠳᠤ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠨ᠎ᠠ᠃ | ︵2︶ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠠᠭᠤᠷᠬᠠᠶ ᠮᠠᠯᠲᠠᠬᠤ ᠭᠠᠵᠠᠷ ᠤᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠨᠢ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ᠂ | ᠵᠥᠪᠳᠡᠯᠴᠡᠬᠡᠷ ᠤᠨ ᠠᠷᠭ᠎ᠠ ᠮᠠᠶ᠋ᠢᠭ ᠢᠶᠠᠷ ᠬᠢᠮᠳᠠ ᠪᠠᠷ ᠬᠤᠳᠠᠯᠳᠤᠬᠤ᠂ ᠲᠦᠷᠢᠶᠡᠰᠦᠯᠡᠬᠦ ᠪᠤᠶᠤ ᠤᠷᠢᠳ ᠢᠶᠠᠷ | ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠦᠨ ᠥᠭᠴᠦ ᠪᠣᠯᠤᠨ᠎ᠠ︔ ᠠᠭᠤᠷᠬᠠᠢ ᠶᠢᠨ ᠦᠢᠯᠡᠳᠪᠦᠷᠢᠯᠡᠬᠦ ᠦᠶᠡᠯᠡᠯ᠂ | ᠨᠡᠭᠡᠭᠡᠨ ᠮᠠᠯᠲᠠᠬᠤ ᠵᠢᠯ ᠬᠤᠭᠤᠴᠠᠭ᠎ᠠ ᠶᠢ ᠦᠨᠳᠦᠰᠦᠯᠡᠵᠦ᠂ ᠬᠢᠮᠳᠠ ᠪᠠᠷ ᠬᠤᠳᠠᠯᠳᠤᠬᠤ ᠳᠤ ᠬᠠᠤᠯᠢ ᠪᠠᠷ | ᠲᠣᠭᠲᠠᠭᠠᠭᠰᠠᠨ ᠬᠠᠮᠤᠭ ᠤᠨ ᠤᠷᠲᠤ ᠵᠢᠯ ᠬᠤᠭᠤᠴᠠᠭᠠᠨ ᠤ ᠳᠣᠲᠣᠷ᠎ᠠ᠂ ᠭᠠᠵᠠᠷ ᠰᠢᠷᠣᠶ ᠬᠡᠷᠡᠭᠯᠡᠬᠦ ᠡᠷᠬᠡ ᠶᠢᠨ | ᠬᠢᠮᠳᠠ ᠪᠠᠷ ᠬᠤᠳᠠᠯᠳᠤᠬᠤ ᠣᠨ ᠵᠢᠯ ᠢ ᠠᠮᠢᠳᠤᠯᠢᠭ ᠢᠶᠠᠷ ᠰᠣᠩᠭᠤᠵᠤ᠂ ᠤᠶᠠᠨᠯᠢᠭ ᠴᠢᠨᠠᠷᠲᠠᠢ ᠬᠢᠮᠳᠠ ᠪᠠᠷ | ᠬᠤᠳᠠᠯᠳᠤᠬᠤ ᠶᠢ ᠬᠡᠷᠡᠭᠵᠢᠭᠦᠯᠵᠦ ᠪᠣᠯᠬᠤ ᠶᠢᠨ ᠬᠠᠮᠲᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠭᠡᠷ᠎ᠡ ᠳᠤ | ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠦᠨ᠎ᠡ ᠶᠢᠨ ᠵᠣᠭᠤᠰ ᠢ ᠬᠤᠭᠤᠴᠠᠭ᠎ᠠ ᠬᠤᠪᠢᠶᠠᠨ ᠲᠤᠰᠢᠶᠠᠵᠤ | ᠪᠣᠯᠬᠤ ᠶᠢ ᠨᠢ ᠪᠣᠯᠵᠣᠨ ᠲᠣᠭᠲᠠᠵᠤ ᠪᠣᠯᠤᠨ᠎ᠠ᠃ | ︵3︶ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢ ᠠᠭᠤᠷᠬᠠᠶ ᠳᠤ | ᠬᠡᠷᠡᠭᠯᠡᠬᠦ ᠪᠠᠷ ᠰᠤᠯᠠ ᠲᠠᠯᠪᠢᠭᠳᠠᠵᠤ ᠪᠠᠶᠢᠭ᠎ᠠ ᠭᠠᠵᠠᠷ ᠢ ᠦᠩᠵᠢᠭᠦᠯᠦᠨ ᠠᠰᠢᠭᠯᠠᠯᠳᠠ ᠳᠤ ᠣᠷᠣᠭᠤᠯᠬᠤ ᠶᠢ ᠳᠡᠮᠵᠢᠨ᠎ᠠ᠃ | ᠪᠣᠬᠢᠷᠲᠤᠯ ᠥᠬᠡᠶ ᠠᠭᠤᠷᠬᠠᠶ ᠶᠢᠨ ᠦᠢᠯᠡᠳᠪᠦᠷᠢ ᠠᠭᠤᠷᠬᠠᠶ ᠳᠤ ᠬᠡᠷᠡᠭᠯᠡᠬᠦ ᠪᠠᠷ ᠰᠤᠯᠠ ᠲᠠᠯᠪᠢᠭᠳᠠᠵᠤ ᠪᠠᠶᠢᠭ᠎ᠠ | ᠭᠠᠵᠠᠷ ᠢ ᠴᠠᠭ ᠲᠤᠬᠠᠶ ᠳᠤ ᠨᠢ ᠦᠩᠵᠢᠭᠦᠯᠦᠨ ᠠᠰᠢᠭᠯᠠᠯᠳᠠ ᠳᠤ ᠣᠷᠣᠭᠤᠯᠬᠤ ᠶᠢ ᠳᠡᠮᠵᠢᠭᠦ ᠶᠢᠨ ᠬᠠᠮᠲᠤ᠂ | ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠬᠤᠯᠪᠣᠭᠳᠠᠭᠤᠯᠤᠨ᠎ᠠ︔ | ᠲᠥᠯᠥᠪᠵᠢᠭᠦᠯᠭᠡ ᠪᠠ ᠠᠮᠢ ᠠᠬᠤᠶ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠦᠢᠯᠡᠳᠪᠦᠷᠢ | ᠠᠭᠤᠷᠬᠠᠶ ᠳᠤ ᠬᠡᠷᠡᠭᠯᠡᠬᠦ ᠦᠭᠡᠢ ᠥᠩᠭᠡᠷᠡᠭᠰᠡᠨ ᠤ ᠦᠯᠡᠳᠡᠭᠳᠡᠭᠰᠡᠨ ᠰᠤᠯᠠ ᠬᠠᠶᠠᠭᠳᠠᠮᠠᠯ ᠭᠠᠵᠠᠷ ᠢ ᠥᠩᠵᠢᠭᠦᠯᠦᠨ | ᠠᠰᠢᠭᠯᠠᠭᠠᠣᠨ ᠨᠡᠮᠡᠭᠳᠡᠭᠰᠡᠨ ᠲᠠᠷᠢᠶᠠᠨ ᠭᠠᠵᠠᠷ ᠢᠶᠠᠷ ᠲᠠᠷᠢᠶᠠᠨ ᠭᠠᠵᠠᠷ ᠢᠶᠠᠨ ᠨᠥᠬᠦᠪᠦᠷᠢᠯᠡᠵᠦ ᠲᠡᠩᠴᠡᠭᠦᠷᠢᠲᠡᠶ | ᠪᠣᠯᠭᠠᠬᠤ ᠳᠤ ᠬᠡᠷᠡᠭᠯᠡᠬᠦ ᠶᠢ ᠨᠢ ᠵᠥᠪᠰᠢᠶᠡᠷᠡᠨ᠎ᠡ︔ ᠠᠭᠤᠷᠬᠠᠢ ᠶᠢ ᠬᠠᠤᠯᠢ ᠶᠣᠰᠣᠭᠠᠷ ᠨᠡᠭᠡᠭᠡᠵᠦ ᠮᠠᠯᠲᠠᠭᠰᠠᠨ ᠠᠴᠠ | ᠪᠣᠯᠵᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠣᠢ ᠡᠪᠳᠡᠭᠳᠡᠨ ᠰᠦᠢᠳᠦᠭᠰᠡᠨ ᠮᠦᠷᠲᠡᠭᠡᠨ | ᠰᠡᠷᠭᠦᠭᠡᠨ ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠭᠠᠵᠠᠷ ᠰᠢᠷᠣᠶ ᠬᠡᠷᠡᠭᠯᠡᠬᠦ ᠶᠢ ᠨᠢ ᠬᠤᠪᠢᠷᠠᠭᠠᠨ | ᠬᠠᠯᠠᠬᠤ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠪᠠ ᠳᠡᠰ ᠳᠠᠷᠠᠭᠠᠯᠠᠯ ᠶᠣᠰᠣᠭᠠᠷ ᠲᠤᠬᠠᠶ ᠶᠢᠨ ᠭᠠᠵᠠᠷ ᠲᠤ ᠨᠢ | ᠪᠠᠶᠢᠴᠠᠭᠠᠯᠲᠠ ᠬᠢᠵᠦ᠂ ᠲᠤᠰᠬᠠᠶ ᠮᠡᠳᠡᠭᠦᠯᠵᠦ ᠬᠢᠨᠠᠨ ᠪᠠᠶᠢᠴᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠣᠨ ᠤ | ᠬᠤᠪᠢᠷᠠᠭᠠᠨ ᠬᠠᠯᠠᠬᠤ ᠪᠠᠶᠢᠴᠠᠭᠠᠯᠲᠠ ᠳᠤ ᠣᠷᠣᠭᠤᠯᠤᠨ᠎ᠠ᠂ ᠲᠠᠷᠢᠶᠠᠨ ᠭᠠᠵᠠᠷ ᠲᠠᠢ ᠬᠤᠯᠪᠣᠭᠳᠠᠭᠰᠠᠨ ᠪᠠᠶᠢᠪᠠᠯ᠂ | ᠪᠣᠳᠠᠲᠠᠢ ᠪᠠᠨ ᠦᠨᠳᠦᠰᠦᠯᠡᠨ ᠲᠠᠷᠢᠶᠠᠨ ᠭᠠᠵᠠᠷ ᠤᠨ ᠪᠠᠲᠤᠯᠠᠬᠤ ᠬᠡᠮᠵᠢᠶ᠎ᠡ ᠶᠢ ᠬᠠᠷᠭᠤᠭᠤᠯᠤᠨ ᠪᠠᠭᠠᠰᠬᠠᠨ᠎ᠠ᠂ ᠭᠡᠪᠡᠴᠦ | ᠡᠯ᠎ᠡ ᠭᠠᠵᠠᠷ ᠣᠷᠣᠨ ᠤ ᠬᠢᠵᠠᠭᠠᠷᠯᠠᠬᠤ ᠲᠣᠭᠠᠨ ᠤ ᠳᠡᠭᠡᠳᠦ ᠬᠢᠵᠠᠭᠠᠷ ᠠᠴᠠ ᠳᠠᠪᠠᠭᠤᠯᠵᠤ ᠪᠣᠯᠬᠤ ᠦᠭᠡᠢ᠂ | ᠦᠨᠳᠦᠰᠦᠨ ᠲᠠᠷᠢᠶᠠᠨ ᠭᠠᠵᠠᠷ ᠲᠠᠢ ᠬᠤᠯᠪᠣᠭᠳᠠᠭᠰᠠᠨ ᠢ ᠨᠢ ᠨᠥᠬᠦᠵᠦ ᠬᠤᠪᠢᠶᠠᠷᠢᠯᠠᠬᠤ ᠬᠡᠷᠡᠭᠲᠡᠶ᠃ | 3. ᠡᠳ᠋ ᠤᠨ ᠵᠠᠰᠠᠭ ᠭᠠᠶᠢᠯᠢ ᠶᠢᠨ ᠳᠡᠮᠵᠢᠬᠦ ᠲᠥᠷᠥ ᠶᠢᠨ ᠪᠣᠳᠣᠯᠭ᠎ᠠ᠃ ᠬᠠᠮᠢᠶ᠎ᠠ ᠪᠥᠬᠦᠶ ᠡᠳ᠋ ᠤᠨ ᠵᠠᠰᠠᠭ | ᠵᠢᠴᠢ ᠲᠥᠷᠥᠯ ᠵᠦᠢᠯ ᠤᠨ ᠵᠢᠷᠤᠮᠵᠢᠯ ᠤᠨ ᠪᠠᠷᠢᠮᠵᠢᠶ᠎ᠠ ᠶᠢ ᠵᠠᠰᠠᠪᠤᠷᠢᠯᠠᠨ ᠲᠣᠭᠲᠠᠭᠠᠵᠤ᠂ ᠪᠣᠬᠢᠷᠲᠤᠯ ᠥᠬᠡᠶ ᠬᠠᠶᠢᠨ | ᠪᠠᠶᠢᠴᠠᠭᠠᠬᠤ ᠮᠡᠷᠭᠡᠵᠢᠯ ᠤᠨ ᠬᠡᠷᠡᠭᠯᠡᠭᠡᠨ ᠳᠤ ᠰᠢᠨ᠎ᠡ ᠪᠠᠷ ᠨᠡᠮᠡᠭᠳᠡᠭᠰᠡᠨ ᠵᠠᠷᠤᠳᠠᠯ ᠵᠢᠴᠢ ᠠᠵᠢᠯᠯᠠᠬᠤ ᠲᠣᠭᠤᠷᠢᠭ ᠤᠨ | ᠣᠷᠴᠢᠨ ᠨᠥᠬᠦᠴᠡᠯ ᠤᠨ ᠰᠡᠷᠭᠦᠭᠡᠨ ᠵᠠᠰᠠᠬᠤ ᠵᠠᠷᠤᠳᠠᠯ ᠢ ᠲᠥᠷᠥᠯ ᠵᠦᠢᠯ ᠤᠨ ᠲᠥᠰᠥᠪ ᠲᠤ ᠣᠷᠣᠭᠤᠯᠬᠤ ᠶᠢ | ᠵᠥᠪᠰᠢᠶᠡᠷᠡᠨ᠎ᠡ᠃ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡ | ᠠᠭᠤᠷᠬᠠᠶ ᠶᠢᠨ ᠭᠠᠷᠤᠯᠲᠠ ᠶᠢᠨ ᠪᠠᠶᠢᠴᠠᠭᠠᠨ ᠦᠨᠡᠯᠡᠬᠦ ᠪᠠᠯᠠ ᠮᠥᠩᠭᠦ ᠶᠢ ᠲᠣᠬᠢᠷᠠᠭᠤᠯᠬᠤ ᠳᠤ᠂ ᠤᠯᠤᠰ ᠤᠨ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ | ᠵᠢᠱᠢᠶ᠎ᠡ ᠦᠵᠡᠭᠦᠯᠬᠦ ᠲᠣᠭᠤᠷᠢᠭ ᠲᠠᠬᠢ ᠨᠥᠬᠦᠴᠡᠯ ᠳᠤ ᠨᠡᠶᠢᠴᠡᠭᠰᠡᠨ ᠲᠥᠷᠥᠯ ᠵᠦᠢᠯ ᠲᠡᠰᠢ ᠵᠣᠬᠢᠰᠲᠠᠶ ᠬᠡᠯᠪᠠᠶᠢᠯᠭᠡᠨ᠎ᠡ︔ | ᠲᠥᠪ ᠤᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢᠨ ᠬᠠᠮᠲᠤ᠂ ᠣᠷᠣᠨ ᠨᠤᠲᠤᠭ ᠤᠨ ᠭᠠᠵᠠᠷ ᠰᠢᠨᠵᠢᠯᠡᠭᠡ | ᠠᠭᠤᠷᠬᠠᠢ ᠶᠢᠨ ᠭᠠᠷᠤᠯᠲᠠ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠦᠨᠳᠦ | ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠰᠢᠷᠣᠢ ᠶᠢ ᠦᠩᠵᠢᠭᠦᠯᠦᠨ ᠠᠰᠢᠭᠯᠠᠬᠤ ᠵᠡᠷᠭᠡ ᠳᠤ | ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠪᠣᠬᠢᠷᠲᠤᠯ | ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠥᠬᠦᠴᠡᠯ ᠳᠤ | ᠨᠡᠶᠢᠴᠡᠭᠰᠡᠨ ᠲᠥᠷᠥᠯ ᠵᠦᠢᠯ ᠢ ᠤᠷᠢᠳ ᠢᠶᠠᠷ ᠳᠠᠮᠵᠢᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ | ᠮᠥᠩᠭᠦ ᠳᠤ ᠱᠠᠩᠨᠠᠬᠤ ᠳᠦᠷᠢᠮ ᠢ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠰᠢᠯᠢᠳᠡᠭ ᠠᠵᠤ ᠠᠬᠤᠶᠢᠯᠠᠯ ᠢ | ᠱᠠᠩᠨᠠᠨ᠎ᠠ᠃ ︽ᠤᠯᠤᠰ ᠤᠨ ᠭᠤᠣᠯᠳᠠᠯᠭ᠎ᠠ ᠲᠠᠢ ᠳᠡᠮᠵᠢᠬᠦ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ︾ ᠶᠢᠨ | ᠬᠡᠪᠴᠢᠶᠡᠨ ᠳᠠᠬᠢ ᠨᠥᠬᠦᠴᠡᠯ ᠳᠤ ᠨᠡᠶᠢᠴᠡᠭᠰᠡᠨ ᠪᠥᠭᠡᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ | ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠢ 15% ᠶᠢᠨ | ᠭᠠᠶᠢᠯᠢ ᠶᠢᠨ ᠨᠣᠷᠮ᠎ᠠ ᠪᠠᠷ ᠬᠠᠤᠯᠢ ᠶᠣᠰᠣᠭᠠᠷ ᠬᠠᠰᠤᠵᠤ ᠲᠠᠲᠠᠪᠤᠷᠢᠯᠠᠨ᠎ᠠ᠃ | 4. ᠪᠣᠬᠢᠷᠳᠣᠯ ᠦᠭᠡᠢ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ᠃ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ | ᠠᠭᠤᠷᠬᠠᠶ ᠶᠢᠨ ᠣᠨᠴᠠᠯᠢᠭ ᠪᠦᠬᠦᠢ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠰᠤᠳᠤᠯᠤᠨ ᠨᠡᠭᠡᠭᠡᠵᠦ᠂ ᠪᠣᠬᠢᠷᠲᠤᠯ | ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠳᠤ ᠪᠡᠯᠡ ᠮᠥᠩᠭᠦ ᠪᠠᠷ ᠳᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠠᠵᠤ | ᠠᠬᠤᠶᠢᠯᠠᠯ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢ | ᠢᠳᠡᠪᠬᠢᠲᠡᠶ ᠰᠠᠶᠢᠲᠤᠷ ᠬᠢᠯᠭᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠣᠬᠢᠷᠲᠤᠯ ᠦᠭᠡᠶ | ᠠᠭᠤᠷᠬᠠᠶ ᠶᠢ ᠪᠦᠲᠦᠭᠡᠨ ᠪᠠᠶᠢᠭᠤᠯᠬᠤ ᠳᠤ ᠪᠣᠬᠢᠷᠳᠣᠯ ᠦᠭᠡᠢ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠᠨ | ᠴᠢᠩᠭᠠᠳᠬᠠᠨ᠎ᠠ᠃ ᠪᠣᠬᠢᠷᠲᠤᠯ ᠥᠬᠡᠶ ᠠᠭᠤᠷᠬᠠᠶ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ | ᠰᠢᠰᠲ᠋ᠧᠮ ᠳᠤ ᠣᠷᠣᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠ ᠪᠤᠰᠤᠳ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠦᠢᠯᠡᠴᠢᠯᠡᠭᠡ ᠬᠠᠩᠭᠠᠬᠤ ᠴᠢᠬᠤᠯᠠ ᠭᠦᠢᠴᠡᠳᠬᠡᠯ ᠲᠤᠭ᠎ᠠ ᠶᠢᠨ ᠦᠨᠳᠦᠰᠦᠯᠡᠯ ᠪᠣᠯᠭᠠᠨ᠎ᠠ᠃ | ᠵᠠᠰᠠᠭ ᠤᠨ ᠣᠷᠳᠣᠨ ᠤ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢ ᠳᠠᠮᠵᠢᠵᠤ ᠪᠠᠶᠢᠭᠠᠳ ᠪᠦᠲᠦᠴᠡᠯᠡᠭᠰᠡᠨ | ᠪᠣᠬᠢᠷᠲᠤᠯ ᠦᠭᠡᠢ ᠠᠭᠤᠷᠬᠠᠢ ᠶᠢᠨ ᠦᠢᠯᠡᠰ ᠤᠨ ᠳᠠᠭᠠᠭᠠᠯᠲᠠ ᠬᠢᠬᠦ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ | ᠪᠣᠬᠢᠷᠲᠤᠯ ᠦᠭᠡᠢ ᠠᠭᠤᠷᠬᠠᠢ ᠶᠢᠨ ᠠᠵᠤ ᠠᠬᠤᠶᠢᠯᠠᠯ ᠪᠠ ᠲᠥᠷᠥᠯ ᠵᠦᠢᠯ ᠳᠤ ᠢᠲᠡᠭᠡᠮᠵᠢ ᠨᠡᠮᠡᠭᠳᠡᠭᠦᠯᠬᠦ | ᠦᠢᠯᠡᠴᠢᠯᠡᠭᠡ ᠬᠠᠩᠭᠠᠨ᠎ᠠ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ | ᠠᠭᠤᠷᠬᠠᠶ ᠶᠢᠨ ᠦᠢᠯᠡᠰ ᠤᠨ ᠠᠵᠤ ᠦᠢᠯᠡᠰ ᠤᠨ ᠰᠠᠭᠤᠷᠢ ᠮᠥᠩᠭᠦ ᠶᠢ ᠪᠠᠶᠢᠭᠤᠯᠵᠤ᠂ ᠪᠣᠬᠢᠷᠲᠤᠯ ᠥᠬᠡᠶ | ᠠᠭᠤᠷᠬᠠᠶ ᠶᠢᠨ ᠲᠥᠷᠥᠯ ᠵᠦᠢᠯ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠨᠥᠬᠦᠴᠡᠯ ᠳᠤ ᠨᠡᠶᠢᠴᠡᠭᠰᠡᠨ | ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠳ ᠤᠨ ᠬᠢᠯᠢ ᠶᠢᠨ ᠳᠣᠲᠣᠭᠠᠳᠤ ᠳᠠᠬᠢ ᠳᠤᠮᠳᠠ ᠵᠢᠵᠢᠭ ᠠᠵᠤ | ᠠᠬᠤᠶᠢᠯᠠᠯ ᠤᠨ ᠰᠠᠮᠪᠠᠷ᠎ᠠ᠂ ᠦᠢᠯᠡᠰ ᠴᠣᠭᠴᠠᠯᠠᠬᠤ ᠰᠠᠮᠪᠠᠷ᠎ᠠ ᠪᠠ ᠭᠤᠤᠯ ᠰᠠᠮᠪᠠᠷ᠎ᠠ ᠵᠢᠴᠢ ︽ᠰᠢᠨ᠎ᠡ ᠭᠤᠷᠪᠠᠳᠤᠭᠠᠷ | ᠰᠠᠮᠪᠠᠷ᠎ᠠ︾ ᠪᠠ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠪᠠᠯᠠ | ᠲᠣᠬᠢᠷᠠᠭᠤᠯᠬᠤ ᠶᠢ ᠠᠬᠢᠭᠤᠯᠤᠨ᠎ᠠ᠃ | ︵ᠬᠤᠶᠠᠷ︶ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠳᠡᠰ ᠳᠠᠷᠠᠭᠠᠯᠠᠯ ᠢ ᠨᠢ ᠴᠢᠩᠳᠠᠯᠠᠨ᠎ᠠ᠃ | ᠠᠭᠤᠷᠬᠠᠢ ᠶᠢᠨ ᠠᠵᠤ ᠠᠬᠤᠶᠢᠯᠠᠯ ᠪᠣᠯ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ | ᠪᠠᠷᠢᠮᠵᠢᠶ᠎ᠠ ᠪᠠ ᠲᠥᠯᠥᠪᠵᠢᠭᠦᠯᠭᠡ ᠶᠣᠰᠣᠭᠠᠷ ᠠᠭᠤᠷᠬᠠᠢ ᠪᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ | ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠲᠤ ᠰᠢᠯᠢᠨ ᠰᠣᠩᠭᠤᠬᠤ ᠳᠤ ᠤᠯᠤᠰ ᠤᠨ ᠬᠤᠯᠪᠣᠭᠳᠠᠯ | ᠪᠥᠬᠦᠶ ᠲᠣᠭᠲᠠᠭᠠᠯ ᠤᠨ ᠲᠠᠰ ᠳᠠᠷᠠᠭᠠᠯᠠᠯ ᠶᠣᠰᠣᠭᠠᠷ ᠦᠨᠡᠯᠡᠨ ᠵᠢᠱᠢᠵᠦ ᠲᠣᠭᠲᠠᠭᠠᠨ᠎ᠠ᠃ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠲᠤ ᠣᠷᠣᠬᠤ ᠪᠠᠷ ᠭᠤᠶᠤᠴᠢᠯᠠᠭᠰᠠᠨ ᠠᠭᠤᠷᠬᠠᠢ ᠨᠤᠭᠤᠳ ᠨᠢ | ᠠᠵᠤ ᠠᠬᠤᠶᠢᠯᠠᠯ ᠤᠨ ᠢᠶᠠᠨ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠡᠭᠦᠷᠭᠡ ᠪᠠᠨ | ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠲᠤ ᠥᠪᠡᠷ ᠤᠨ ᠦᠨᠡᠯᠡᠵᠦ ᠵᠢᠱᠢᠭᠰᠡᠨ ᠮᠡᠳᠡᠭᠦᠯᠦᠯᠲᠡ ᠪᠠᠨ ᠳᠡᠪᠰᠢᠭᠦᠯᠵᠦ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠮᠢ ᠠᠬᠤᠢ ᠣᠷᠴᠢᠨ | ᠲᠣᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠨ᠂ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠳᠤ ᠨᠠᠶᠢᠳᠠᠵᠤ ᠪᠠᠶᠢᠭᠠᠳ ᠲᠤᠬᠠᠶ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠤ ᠦᠨᠡᠯᠡᠨ | ᠵᠢᠱᠢᠨ᠎ᠡ᠂ ᠱᠠᠭᠠᠷᠳᠠᠯᠭ᠎ᠠ ᠳᠤ ᠨᠡᠶᠢᠴᠡᠭᠰᠡᠨ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠨᠢ ᠮᠡᠳᠡᠭᠦᠯᠵᠣ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠦᠭᠡᠢ ᠪᠣᠯ | ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ | ᠠᠭᠤᠷᠬᠠᠢ ᠶᠢᠨ ᠨᠡᠷᠡᠰ ᠲᠤ ᠣᠷᠣᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠪᠣᠯ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ | ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠪᠣᠯᠬᠤ ᠣᠴᠢᠷ ᠠᠴᠠ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ | ᠲᠣᠭᠤᠷᠢᠨ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢ | ᠪᠦᠲᠦᠭᠡᠨ ᠪᠠᠶᠢᠭᠤᠯᠬᠤ ᠠᠵᠢᠯ ᠳᠤ ᠪᠠᠢᠴᠠᠭᠠᠯᠲᠠ ᠬᠢᠬᠦ ᠪᠠ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ | ᠬᠡᠷᠩᠳᠠᠢ᠃ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠬᠤ ᠪᠤᠶᠤ ᠦᠨᠡᠯᠡᠨ ᠵᠢᠱᠢᠭᠡᠳ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠦᠭᠡᠢ ᠠᠭᠤᠷᠬᠠᠢ ᠶᠢᠨ ᠠᠵᠤ | ᠠᠬᠤᠶᠢᠯᠠᠯ ᠳᠤ᠂ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠵᠤ᠂ ᠬᠠᠤᠯᠢ ᠴᠠᠭᠠᠵᠠ ᠠᠴᠠ ᠵᠥᠷᠢᠴᠡᠭᠰᠡᠨ ᠪᠠᠶᠢᠪᠠᠯ ᠬᠠᠤᠯᠢ | ᠶᠣᠰᠣᠭᠠᠷ ᠰᠢᠢᠳᠬᠡᠨ ᠲᠣᠷᠭᠠᠨ᠎ᠠ᠃ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠴᠡᠭᠴᠡᠯᠡᠵᠦ | ᠰᠠᠶᠢᠵᠢᠷᠠᠭᠤᠯᠤᠭᠰᠠᠨ ᠨᠢ ᠭᠦᠢᠴᠡᠣᠨ ᠦᠭᠡᠢ ᠪᠣᠬᠢᠷᠲᠤᠯ ᠦᠭᠡᠢ ᠠᠭᠤᠷᠬᠠᠶ ᠶᠢ ᠲᠠᠰ ᠳᠠᠷᠠᠭᠠᠯᠠᠯ ᠶᠣᠰᠣᠭᠠᠷ | ᠪᠣᠬᠢᠷᠲᠤᠯ ᠥᠬᠡᠶ ᠠᠭᠤᠷᠬᠠᠶ ᠶᠢᠨ ᠨᠡᠷᠡᠰ ᠠᠴᠠ ᠭᠠᠷᠭᠠᠵᠤ᠂ ᠲᠣᠬᠢᠷᠠᠯᠴᠠᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠴᠦᠨ ᠥᠬᠡᠶ ᠪᠣᠯᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ ᠪᠤᠶᠤ ᠲᠤᠶᠢᠯᠪᠤᠷᠢᠲᠠᠢ ᠰᠠᠶᠢᠵᠢᠷᠠᠭᠤᠯᠬᠤ ᠳᠤ ᠬᠦᠴᠢᠷᠲᠡᠶ ᠠᠭᠤᠷᠬᠠᠢ ᠶᠢᠨ ᠠᠵᠤ ᠠᠬᠤᠶᠢᠯᠠᠯ ᠳᠤ᠂ ᠡᠯ᠎ᠡ | ᠭᠠᠵᠠᠷ ᠣᠷᠣᠨ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠢ ᠰᠢᠭᠤᠶ ᠪᠠ ᠨᠤᠲᠤᠭ ᠪᠡᠯᠴᠢᠭᠡᠷ᠂ | ᠡᠨᠧᠷᠭᠢ ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠴᠠᠭᠠᠵᠠ ᠪᠠ ᠠᠵᠤ ᠠᠬᠤᠢ ᠶᠢᠨ ᠠᠷᠭ᠎ᠠ ᠪᠠᠷᠢᠯ ᠢ ᠶᠡᠷᠦᠩᠬᠡᠶᠢᠯᠡᠨ | ᠬᠡᠷᠡᠭᠯᠡᠵᠦ᠂ ᠬᠠᠤᠯᠢ ᠶᠣᠰᠣᠭᠠᠷ ᠬᠠᠭᠠᠬᠤ ᠬᠡᠷᠩᠳᠠᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠪᠠᠨ | ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠵᠢᠯ | ᠪᠣᠯᠭᠠᠨ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠤᠳᠤᠷᠢᠳᠬᠤ ᠪᠠᠨ | ᠴᠢᠩᠭᠠᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠂ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ | ᠬᠠᠮᠢᠶᠠᠷᠬᠤ ᠪᠠ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠡᠷᠴᠢᠮ ᠢᠶᠠᠨ | ᠴᠢᠩᠭᠠᠷᠠᠭᠤᠯᠤᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ | ᠬᠡᠷᠩᠳᠠᠢ᠃ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ | ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠤᠰᠬᠠᠶ | ᠠᠵᠢᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠣᠳᠠᠲᠠᠶ | ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠳᠣᠲᠣᠭᠠᠳᠤ ᠶᠢ | ᠬᠠᠮᠠᠭᠠᠯᠠᠬᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠠᠮᠢ ᠠᠬᠤᠶ | ᠣᠷᠴᠢᠨ ᠲᠣᠭᠤᠷᠢᠨ ᠤ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ᠣᠷᠣᠯᠴᠠᠨ᠂ ᠪᠦᠬᠦ ᠣᠷᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠬᠤ ᠠᠵᠢᠯ ᠳᠤ ᠨᠢᠭᠡᠳᠦᠯᠲᠡᠶ ᠲᠥᠯᠥᠪᠯᠡᠵᠦ ᠵᠢᠭᠠᠨ ᠵᠢᠯᠣᠭᠤᠳᠬᠤ ᠶᠢ ᠬᠠᠷᠢᠭᠤᠴᠠᠵᠤ᠂ ᠪᠦᠬᠦ ᠣᠷᠣᠨ ᠤ | ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠲᠠᠯ᠎ᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠵᠣᠬᠢᠴᠠᠭᠤᠯᠵᠤ ᠰᠢᠢᠳᠪᠦᠷᠢᠯᠡᠨ᠎ᠡ᠃ ᠲᠤᠰᠬᠠᠶ ᠵᠦᠢᠯ ᠤᠨ ᠠᠵᠢᠯ ᠵᠣᠬᠢᠴᠠᠭᠤᠯᠬᠤ ᠠᠯᠪᠠᠨ ᠭᠡᠷ ᠢ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠠᠭᠠᠯᠵᠠᠭᠰᠠᠨ ᠵᠣᠬᠢᠶᠠᠨ ᠪᠠᠶᠢᠭᠤᠯᠵᠤ ᠤᠳᠤᠷᠢᠳᠬᠤ | ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠲᠥᠯᠦᠪᠵᠢᠭᠦᠯᠭᠡ ᠪᠠ | ᠠᠵᠢᠯ ᠤᠨ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠬᠤ ᠶᠢ ᠨᠢ ᠬᠠᠷᠢᠭᠤᠴᠠᠨ᠂ ᠪᠣᠬᠢᠷᠲᠤᠯ ᠥᠬᠡᠶ ᠠᠭᠤᠷᠬᠠᠶ ᠶᠢ | ᠪᠥᠲᠥᠭᠡᠨ ᠪᠠᠶᠢᠭᠤᠯᠬᠤ ᠬᠠᠷᠠᠯᠲᠠ ᠡᠭᠦᠷᠭᠡ᠂ ᠠᠵᠢᠯ ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ᠂ ᠲᠥᠬᠦᠷ ᠲᠥᠷᠥ ᠶᠢᠨ ᠪᠣᠳᠣᠯᠭ᠎ᠠ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠵᠡᠷᠭᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠶᠢᠨ ᠬᠠᠮᠲᠤ᠂ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠬᠤ ᠶᠢ | ᠰᠠᠶᠢᠲᠤᠷ ᠠᠳᠬᠤᠬᠤ ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠬᠤ | ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ ᠶᠢᠨ ᠰᠠᠯᠠᠭ᠎ᠠ ᠮᠥᠴᠢᠷ ᠨᠢ ᠪᠣᠬᠢᠷᠲᠤᠯ | ᠦᠭᠡᠢ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠢ ᠠᠵᠢᠯ ᠲᠥᠷᠥᠯ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠢ ᠬᠠᠷᠭᠤᠭᠤᠯᠤᠨ | ᠵᠥᠪᠰᠢᠶᠡᠷᠡᠬᠦ ᠪᠠᠨ ᠴᠢᠩᠳᠠᠯᠠᠬᠤ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ | ᠮᠥᠴᠢᠷ ᠨᠢ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠤᠨ ᠠᠷᠭ᠎ᠠ ᠶᠢ ᠵᠣᠬᠢᠶᠠᠨ ᠪᠠᠶᠢᠭᠤᠯᠵᠤ ᠰᠤᠳᠤᠯᠬᠤ ᠪᠠ | ᠶᠡᠭᠡ ᠪᠠᠷ ᠳᠡᠯᠭᠡᠷᠡᠭᠦᠯᠬᠦ ᠶᠢ ᠬᠠᠷᠢᠭᠤᠴᠠᠵᠤ᠂ ᠦᠯᠡᠳᠡᠭᠳᠡᠯ ᠠᠭᠤᠷᠬᠠᠢ ᠶᠢ ᠶᠡᠷᠦᠩᠬᠡᠶᠢᠯᠡᠨ ᠠᠰᠢᠭᠯᠠᠬᠤ | ᠲᠥᠯᠥᠪᠵᠢᠭᠦᠯᠭᠡ ᠲᠣᠭᠲᠠᠭᠠᠨ᠂ ᠬᠤᠯᠪᠣᠭᠳᠠᠯ ᠪᠦᠬᠦᠢ ᠲᠥᠷᠥ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ | ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ | ᠲᠥᠰᠦᠪ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ᠂ | ᠭᠤᠷᠪᠠᠳᠠᠬᠢ ᠡᠲᠡᠭᠡᠳ ᠢᠶᠠᠷ ᠦᠨᠡᠯᠡᠨ ᠵᠢᠱᠢᠭᠦᠯᠬᠦ᠂ ᠪᠣᠬᠢᠷᠲᠤᠯ ᠦᠭᠡᠢ ᠠᠭᠤᠷᠬᠠᠶ ᠳᠤ ᠱᠠᠩᠨᠠᠬᠤ ᠵᠠᠷᠤᠳᠠᠯ ᠢ ᠨᠢ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ | ᠮᠥᠩᠭᠦᠨ ᠤ ᠳᠦᠷᠢᠮ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠬᠠᠮᠵᠢᠯᠴᠠᠵᠤ ᠰᠠᠶᠢᠲᠤᠷ ᠬᠢᠬᠦ ᠬᠡᠷᠡᠭᠲᠡᠶ᠃ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢᠨ ᠡᠳᠦᠷ ᠲᠤᠲᠤᠮ ᠤᠨ | ᠠᠵᠢᠯ ᠪᠠ ᠨᠡᠷᠡᠰ ᠤᠨ ᠳᠠᠩᠰᠠ ᠶᠢᠨ ᠬᠠᠮᠢᠶᠠᠷᠤᠯᠲᠠ ᠶᠢ ᠬᠠᠷᠢᠭᠤᠴᠠᠨ᠂ ᠮᠡᠷᠭᠡᠵᠢᠯ ᠤᠨ ᠪᠠᠷᠢᠮᠵᠢᠶ᠎ᠠ ᠶᠢ ᠲᠦᠷᠦᠭᠦᠯᠡᠨ | ᠲᠣᠭᠲᠠᠭᠠᠵᠤ᠂ ᠪᠣᠬᠢᠷᠲᠤᠯ ᠥᠬᠡᠶ ᠠᠭᠤᠷᠬᠠᠶ ᠵᠢᠴᠢ ᠬᠦᠷᠦᠰᠦᠨ ᠳᠠᠪᠬᠤᠷᠭ᠎ᠠ ᠶᠢᠨ ᠣᠷᠴᠢᠨ ᠲᠣᠭᠤᠷᠢᠨ ᠤ ᠵᠠᠰᠠᠬᠤ | ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ᠂ ︽ᠭᠤᠷᠪᠠᠨ ᠨᠣᠷᠮ᠎ᠠ︾ ᠶᠢᠨ ᠭᠦᠢᠴᠡᠳᠬᠡᠯ ᠲᠤᠭ᠎ᠠ ᠪᠠᠨ | ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ | ᠠᠭᠤᠷᠬᠠᠢ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠵᠢᠴᠢ ᠪᠣᠬᠢᠷᠲᠤᠯ ᠪᠣᠳᠠᠰ ᠢ ᠪᠠᠷᠢᠮᠵᠢᠶ᠎ᠠ ᠶᠣᠰᠣᠭᠠᠷ | ᠭᠠᠳᠠᠭᠰᠢᠯᠠᠭᠤᠯᠬᠤ ᠠᠵᠢᠯ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠠᠭᠤᠷᠬᠠᠢ ᠶᠢᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠲᠡᠢ ᠠᠬᠢᠭᠤᠯᠬᠤ ᠬᠡᠷᠩᠳᠠᠢ᠃ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠨᠢ ᠠᠭᠤᠷᠬᠠᠶ ᠨᠡᠭᠡᠭᠡᠨ ᠮᠠᠯᠲᠠᠬᠤ ᠳᠤ ᠬᠡᠷᠡᠭᠯᠡᠬᠦ ᠤᠰᠤ ᠶᠢ ᠬᠠᠮᠢᠶᠠᠷᠬᠤ ᠪᠠ ᠬᠥᠷᠥᠰᠥ ᠰᠢᠷᠣᠶ ᠶᠢᠨ | ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠪᠤᠰᠤᠳ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠵᠤ᠂ | ᠬᠠᠮᠢᠶ᠎ᠠ ᠪᠦᠬᠦᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠬᠠᠷᠠᠯᠲᠠᠲᠤ ᠬᠠᠷᠢᠭᠤᠴᠠᠯᠭ᠎ᠠ ᠳᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠪᠣᠬᠢᠷᠳᠤᠯ ᠦᠭᠡᠶ | ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠣᠬᠢᠷᠲᠤᠯ ᠦᠭᠡᠶ | ᠠᠭᠤᠷᠬᠠᠶ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠪᠠ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠬᠤ ᠠᠵᠢᠯ ᠤᠨ ᠬᠢᠨᠠᠨ ᠰᠢᠯᠭᠠᠬᠤ ᠵᠣᠬᠢᠴᠠᠩᠭᠤᠢ ᠠᠷᠭ᠎ᠠ ᠶᠢ ᠲᠣᠭᠲᠠᠭᠠᠨ᠂ ᠪᠣᠬᠢᠷᠲᠤᠯ ᠦᠭᠡᠢ ᠠᠭᠤᠷᠬᠠᠢ ᠶᠢ | ᠪᠦᠲᠦᠭᠡᠨ ᠪᠠᠶᠢᠭᠤᠯᠬᠤ ᠠᠵᠢᠯ ᠤᠨ ᠪᠡᠶᠡᠯᠡᠭᠦᠯᠦᠭᠰᠡᠨ ᠪᠠᠶᠢᠳᠠᠯ ᠢᠶᠠᠨ ᠵᠢᠯ ᠤᠨ ᠡᠴᠦᠰ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠤᠭᠰᠠᠨ ᠠᠬᠢᠴᠠ ᠵᠢᠴᠢ ᠦᠷ᠎ᠡ ᠪᠦᠲᠦᠮᠵᠢ ᠳᠤ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠭᠤᠤᠯ ᠪᠣᠯᠬᠤ | ᠬᠠᠷᠠᠯᠲᠠ ᠶᠢᠨ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ | ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠠᠵᠢᠯ ᠳᠤ ᠡᠭᠦᠷᠭᠡ ᠬᠠᠷᠢᠭᠤᠴᠠᠯᠭ᠎ᠠ ᠪᠠᠨ ᠠᠯᠳᠠᠭᠰᠠᠨ | ᠪᠠᠶᠢᠪᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠬᠡᠯᠡᠯᠴᠡᠬᠦ ᠲᠦᠷᠢᠮ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠂ ︽ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠠᠯᠪᠠᠲᠠᠨ ᠤ ᠰᠢᠢᠳᠬᠡᠯ ᠥᠭᠬᠦ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ | ᠵᠢᠷᠤᠮᠯᠠᠨ ᠬᠠᠷᠢᠭᠤᠴᠠᠯᠭ᠎ᠠ ᠲᠤᠯᠭᠠᠨ ᠬᠡᠯᠡᠯᠴᠡᠬᠦ ᠬᠡᠷᠡᠭᠲᠡᠢ᠃ | ︵ᠳᠥᠷᠪᠡ︶ ᠰᠣᠨᠢᠨ ᠮᠡᠳᠡᠭᠡᠨ ᠤ ᠤᠬᠠᠭᠤᠯᠵᠤ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠨᠢ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ | ᠦᠢᠯᠡᠴᠢᠯᠡᠭᠡᠨ ᠤ ᠲᠠᠪᠴᠠᠩ ᠵᠢᠴᠢ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ ᠤᠨ ᠡᠬᠢ | ᠪᠠᠶᠠᠯᠢᠭ ᠢ ᠭᠦᠢᠴᠡᠳ ᠠᠰᠢᠭᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ | ᠲᠤᠷᠰᠢᠯᠭ᠎ᠠ ᠪᠠ ᠠᠬᠢᠯᠲᠠ ᠶᠢᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠤᠨ᠂ ᠶᠠᠷᠢᠶ᠎ᠠ ᠬᠡᠯᠡᠯᠴᠡᠭᠡ ᠪᠠᠷ | ᠤᠬᠠᠭᠤᠯᠵᠤ ᠬᠦᠲᠦᠯᠦᠨ ᠵᠢᠯᠣᠭᠤᠳᠬᠤ ᠶᠢ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠬᠤ ᠲᠠᠯ᠎ᠠ ᠳᠠᠬᠢ ᠪᠦᠬᠦ ᠨᠡᠶᠢᠭᠡᠮ ᠢᠯᠠᠩᠭᠤᠶ᠎ᠠ ᠠᠭᠤᠷᠬᠠᠶ ᠶᠢᠨ ᠠᠵᠤ ᠠᠬᠤᠶᠢᠯᠠᠯ ᠤᠨ ᠦᠵᠡᠯ ᠲᠠᠨᠢᠯᠲᠠ ᠶᠢ | ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠡᠲᠡᠭᠡᠳ ᠲᠤ ᠪᠣᠬᠢᠷᠲᠤᠯ ᠦᠭᠡᠶ ᠠᠭᠤᠷᠬᠠᠶ ᠶᠢ ᠣᠶᠢᠯᠠᠭᠠᠭᠤᠯᠵᠤ᠂ | ᠪᠣᠬᠢᠷᠲᠤᠯ ᠦᠭᠡᠶ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠳᠡᠮᠵᠢᠯᠭᠡ ᠦᠵᠡᠭᠦᠯᠬᠦ ᠪᠠ | ᠣᠷᠣᠯᠴᠠᠭᠤᠯᠬᠤ ᠬᠡᠷᠡᠭᠲᠡᠶ᠃ | ᠲᠣᠰ ᠲᠥᠰᠦᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 111 ᠳ᠋ᠦ᠋ᠭᠡᠷ ᠲᠣᠭᠠᠲᠤ︶ ᠢ ᠬᠠᠮᠲᠤ ᠳᠤ ᠨᠢ | ᠬᠦᠴᠦᠨ ᠥᠬᠡᠶ ᠪᠣᠯᠭᠠᠨ᠎ᠠ᠃ |