ᠥᠪᠥᠷ ᠮᠣᠩᠭᠤᠯ 43 ᠴᠢᠩᠭᠡᠯᠢᠭ ᠲᠠᠰᠤᠯᠭ᠎ᠠ ᠲᠠᠢ ᠡᠮᠨᠡᠯᠭᠡ ᠶᠢᠨ ᠬᠤᠷᠢᠶ᠎ᠠ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2021/1/5
     2020 ᠣᠨ ᠤ 12 ᠳ᠋ᠤᠭᠠᠷ ᠰᠠᠷ᠎ᠠ ᠶᠢᠨ 30᠎ ᠤ ᠡᠳᠦᠷ᠂ ᠬᠥᠬᠡᠬᠤᠲᠠ ᠳᠤ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠᠷ ᠥᠪᠥᠷ ᠮᠣᠩᠭᠤᠯ ᠨᠢᠭᠡᠨᠲᠡ ᠠᠵᠢᠯᠲᠠᠨ᠂ ᠡᠳ᠋ ᠪᠣᠳᠠᠰ ᠤᠨ ᠨᠥᠭᠡᠴᠡ ᠪᠠᠨ ᠰᠠᠶᠢᠲᠤᠷ ᠬᠢᠵᠡᠶ᠃      ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠲᠠᠨᠢᠯᠴᠠᠭᠤᠯᠬᠤ ᠳᠤ ᠪᠠᠨ᠂ ᠣᠳᠣᠬᠠᠨ ᠳᠤ᠂ ᠥᠪᠥᠷ ᠮᠣᠩᠭᠤᠯ ᠨᠡᠶᠢᠲᠡ 122 ᠰᠠᠯᠠᠭ᠎ᠠ 4077 ᠬᠥᠮᠦᠨ ᠤ ᠬᠡᠪᠴᠢᠶ᠎ᠡ ᠲᠠᠢ ᠡᠮᠴᠢᠯᠡᠵᠦ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠮᠴᠢᠯᠡᠵᠦ ᠠᠪᠤᠷᠠᠨ ᠲᠤᠰᠠᠯᠠᠬᠤ 5645 ᠪᠡᠯᠡᠳᠬᠡᠯ ᠠᠵᠢᠯᠲᠠᠨ ᠢ ᠪᠡᠯᠡᠨ ᠪᠣᠯᠭᠠᠵᠤ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ᠂ ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠨᠡᠶᠢᠭᠡᠮ ᠲᠣᠭᠤᠷᠢᠭ ᠵᠡᠷᠭᠡ ᠨᠢᠭᠡᠴᠢ ᠶᠢᠨ ᠠᠵᠢᠯᠲᠠᠳ ᠢᠶᠠᠷ ᠪᠦᠷᠢᠯᠳᠦᠭᠰᠡᠨ 1261 ᠰᠢᠯᠵᠢᠭᠦᠯᠦᠨ ᠲᠣᠬᠢᠷᠠᠭᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ 565 ᠬᠥᠮᠦᠨ ᠤ ᠲᠤᠰᠬᠠᠶ ᠠᠷᠢᠭᠤᠳᠬᠠᠨ ᠠᠷᠢᠯᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠲᠣᠤᠷᠵᠢᠭᠤᠯᠤᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢᠯᠡᠷᠡᠭᠰᠡᠭᠡᠷ ᠳᠠᠷᠤᠶ ᠲᠦᠷᠭᠡᠨ ᠤᠷᠢᠶᠠᠯᠠᠨ ᠳᠠᠭᠠᠵᠤ᠂ ᠪᠦᠲᠦᠮᠵᠢᠲᠡᠶ ᠰᠢᠶᠳᠪᠦᠷᠢᠯᠡᠬᠦ ᠶᠢ ᠦᠨᠡᠨ ᠬᠦ ᠪᠠᠲᠤᠯᠠᠵᠤ ᠴᠢᠳᠠᠨ᠎ᠠ ᠭᠡᠵᠡᠶ᠃      ᠡᠭᠦᠨ ᠤ ᠬᠠᠮᠲᠤ᠂ ᠥᠪᠥᠷ ᠮᠣᠩᠭᠤᠯ ᠨᠡᠶᠢᠲᠡ 121 ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ᠂ 87 ᠪᠡᠯᠡᠳᠬᠡᠯ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠳᠡᠰ ᠵᠢᠴᠢ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠡᠶᠢᠲᠡ 207 ᠬᠠᠯᠠᠭᠤᠷᠠᠯ ᠤᠨ ᠡᠭᠦᠳᠡᠨ ᠡᠮᠨᠡᠯᠭᠡ ᠶᠢ ᠨᠤᠲᠠᠯᠠᠨ ᠲᠣᠭᠲᠠᠭᠠᠪᠠ᠃ ᠡᠯ᠎ᠡ ᠠᠶᠢᠮᠠᠭ ᠬᠤᠲᠠ ᠠᠴᠠ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠪᠡᠶ᠎ᠡ ᠶᠢᠨ ᠲᠠᠮᠢᠷ ᠤᠨ ᠣᠷᠳᠣᠨ᠂ ᠦᠵᠡᠭᠦᠯᠭᠡ ᠶᠢᠨ ᠣᠷᠳᠣᠨ ᠵᠡᠷᠭᠡ ᠶᠢ ᠰᠣᠩᠭᠤᠵᠤ 43 ᠴᠢᠩᠭᠡᠯᠢᠭ ᠲᠠᠰᠤᠯᠭ᠎ᠠ ᠲᠠᠢ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ︽ᠬᠢᠵᠢᠭ ᠤᠨ ᠪᠠᠶᠢᠳᠠᠯ ᠢᠯᠡᠷᠡᠭᠰᠡᠭᠡᠷ ᠴᠢᠩᠭᠡᠯᠢᠭ ᠲᠠᠰᠤᠯᠭ᠎ᠠ ᠲᠠᠢ ᠡᠮᠨᠡᠯᠭᠡ ᠶᠢᠨ ᠬᠤᠷᠢᠶ᠎ᠠ ᠶᠢ ᠲᠡᠷᠡ ᠳᠠᠷᠤᠶ ᠳᠤ ᠨᠢ ᠠᠰᠢᠭᠯᠠᠯᠲᠠ ᠳᠤ ᠣᠷᠣᠭᠤᠯᠬᠤ ᠪᠠᠷ ᠪᠣᠢ︾᠃      ︽ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠣᠨᠣᠰᠢᠯᠠᠭᠳᠠᠭᠰᠠᠨ ᠡᠪᠡᠳᠴᠢᠲᠡᠨ ᠤ 1᠄ 100᠎ ᠶᠢᠨ ᠬᠠᠷᠢᠴᠠᠯ ᠶᠣᠰᠣᠭᠠᠷ ᠲᠤᠰᠠᠭᠠᠷᠯᠠᠬᠤ ᠬᠥᠮᠦᠰ ᠤᠨ ᠬᠡᠪᠴᠢᠶ᠎ᠡ ᠶᠢ ᠲᠣᠭᠲᠠᠭᠠᠵᠤ᠂ ᠲᠤᠰᠠᠭᠠᠷᠯᠠᠬᠤ ᠨᠥᠬᠦᠴᠡᠯ ᠳᠤ ᠨᠡᠶᠢᠴᠡᠭᠰᠡᠨ ᠨᠡᠶᠢᠲᠡ 378 ᠵᠣᠴᠢᠳ ᠤᠨ ᠪᠠᠭᠤᠳᠠᠯ ᠪᠠ ᠬᠤᠭᠤᠯᠠᠨ ᠭᠡᠷ ᠲᠠᠢ ᠤᠷᠢᠳᠴᠢᠯᠠᠨ ᠭᠡᠷ᠎ᠡ ᠲᠣᠭᠲᠠᠭᠰᠠᠨ ᠪᠥᠭᠡᠳ ᠲᠤᠰᠠᠭᠠᠷᠯᠠᠬᠤ ᠲᠠᠯᠠᠪᠤᠷ ᠪᠦᠷᠢ ᠳᠤ ᠡᠮᠨᠡᠯᠭᠡ ᠶᠢᠨ ᠠᠵᠢᠯᠲᠠᠳ᠂ ᠨᠡᠶᠢᠭᠡᠮ ᠲᠣᠭᠤᠷᠢᠭ ᠤᠨ ᠺᠠᠳ᠋ᠷᠴᠤᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠳᠣᠭᠢᠷᠠᠭᠤᠯᠵᠠᠶ︾ ᠭᠡᠵᠦ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠲᠠᠨᠢᠯᠴᠠᠭᠤᠯᠵᠤ᠂ ᠪᠠᠰᠠ ︽ᠲᠤᠰᠠᠭᠠᠷᠯᠠᠬᠤ ᠲᠠᠯᠠᠪᠤᠷ ᠢ ᠡᠬᠢᠯᠡᠵᠦ ᠬᠡᠷᠡᠭᠯᠡᠭᠰᠡᠭᠡᠷ ᠠᠵᠢᠯᠲᠠᠳ ᠳᠠᠷᠤᠢ ᠲᠦᠷᠭᠡᠨ ᠢᠶᠠᠷ ᠠᠵᠢᠯᠯᠠᠵᠤ ᠴᠢᠳᠠᠨ᠎ᠠ︾ ᠭᠡᠵᠡᠢ᠃      ᠬᠠᠮᠤᠭ ᠤᠨ ᠰᠢᠨ᠎ᠡ ᠲᠣᠬᠢᠷᠠᠭᠤᠯᠤᠯᠲᠠ ᠶᠢᠨ ᠪᠠᠶᠢᠳᠠᠯ ᠠᠴᠠ ᠦᠵᠡᠪᠡᠯ᠂ ᠥᠪᠥᠷ ᠮᠣᠩᠭᠤᠯ ᠨᠢᠭᠡᠨᠲᠡ ᠡᠮᠴᠢᠯᠡᠭᠡᠨ ᠳᠤ ᠬᠡᠷᠡᠭᠯᠡᠬᠦ ᠠᠮᠠᠪᠴᠢ 2452.84 ᠲᠦᠮᠡ᠂ ᠡᠮᠴᠢᠯᠡᠭᠡᠨ ᠳᠤ ᠬᠡᠷᠡᠭᠯᠡᠬᠦ N95 ᠠᠮᠠᠪᠴᠢ 150.7 ᠲᠦᠮᠡ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ 96.43 ᠲᠦᠮᠡ᠂ ᠡᠮᠴᠢᠯᠡᠭᠡᠨ ᠳᠤ ᠬᠡᠷᠡᠭᠯᠡᠬᠦ ᠲᠤᠰᠠᠭᠠᠷᠯᠠᠬᠤ ᠬᠤᠪᠴᠠᠰᠤ 62.87 ᠲᠦᠮᠡ᠂ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢᠨ ᠲᠤᠷᠰᠢᠬᠤ ᠡᠮ 87.58 ᠲᠦᠮᠡᠨ ᠬᠤᠪᠢ᠂ ᠡᠯ᠎ᠡ ᠲᠥᠷᠥᠯ ᠤᠨ ᠡᠮ ᠤᠨ ᠵᠦᠶᠯ 42 ᠲᠦᠮᠡ ᠶᠢ ᠪᠣᠲᠠᠲᠠᠢ ᠪᠠᠷ ᠨᠥᠭᠡᠴᠡᠯᠡᠪᠡ᠃      ᠬᠢᠵᠢᠭ ᠤᠨ ᠪᠠᠶᠢᠳᠠᠯ ᠪᠠᠴᠢᠮ ᠬᠦᠨᠳᠦ ᠬᠤᠭᠤᠴᠠᠭᠠᠨ ᠳᠠᠬᠢ ᠥᠪᠥᠷ ᠮᠣᠩᠭᠤᠯ ᠤᠨ ᠴᠢᠬᠤᠯᠠ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠦᠶᠯᠡᠳᠪᠦᠷᠢᠯᠡᠬᠦ ᠠᠵᠤ ᠠᠬᠤᠶᠢᠯᠠᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠦᠶᠯᠡᠳᠪᠦᠷᠢᠯᠡᠬᠦ ᠴᠢᠳᠠᠯ ᠪᠠ ᠭᠠᠷᠭᠠᠯᠭ᠎ᠠ ᠶᠢᠨ ᠲᠥᠷᠥᠯ ᠵᠦᠶᠯ ᠶᠠᠰᠤ ᠴᠢᠨᠠᠷ᠂ ᠰᠢᠯᠵᠢᠭᠦᠯᠦᠨ ᠲᠣᠬᠢᠷᠠᠭᠤᠯᠤᠭᠰᠠᠨ ᠪᠠᠶᠢᠳᠠᠯ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠠᠵᠤ ᠦᠶᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠪᠠᠷ ᠬᠢ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠶᠢ ᠦᠨᠳᠦᠰᠦᠯᠡᠨ᠂ ᠥᠪᠥᠷ ᠮᠣᠩᠭᠤᠯ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠠᠴᠠ ᠡᠮᠴᠢᠯᠡᠭᠡᠨ ᠳᠤ ᠬᠡᠷᠡᠭᠯᠡᠬᠦ ᠠᠮᠠᠪᠴᠢ ᠦᠢᠯᠡᠳᠪᠦᠷᠢᠯᠡᠬᠦ 6 ᠠᠵᠤ ᠠᠬᠤᠶᠢᠯᠠᠯ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ ᠦᠢᠯᠡᠳᠪᠦᠷᠢᠯᠡᠬᠦ 2 ᠠᠵᠤ ᠠᠬᠤᠶᠢᠯᠠᠯ᠂ ᠠᠷᠢᠭᠤᠳᠬᠠᠯ ᠡᠳ᠋ ᠦᠢᠯᠡᠳᠪᠦᠷᠢᠯᠡᠬᠦ 7 ᠠᠵᠤ ᠠᠬᠤᠶᠢᠯᠠᠯ ᠶᠢ ᠡᠮᠴᠢᠯᠡᠭᠡᠨ ᠳᠤ ᠬᠡᠷᠡᠭᠯᠡᠬᠦ ᠴᠢᠬᠤᠯᠠ ᠡᠳ᠋ ᠪᠣᠳᠠᠰ ᠤᠨ ᠴᠡᠭ ᠲᠣᠭᠲᠠᠭᠠᠭᠰᠠᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠢᠶᠠᠷ ᠰᠣᠩᠭᠤᠨ ᠲᠣᠭᠲᠠᠭᠠᠪᠠ᠃      ᠲᠤᠭ᠎ᠠ ᠪᠠᠷᠢᠮᠲᠠ ᠶᠢᠨ ᠪᠦᠷᠢᠳᠬᠡᠯ ᠤᠨ ᠢᠯᠡᠷᠡᠭᠦᠯᠦᠭᠰᠡᠨ ᠢᠶᠠᠷ᠂ ᠡᠮᠴᠢᠯᠡᠭᠡᠨ ᠳᠤ ᠬᠡᠷᠡᠭᠯᠡᠬᠦ ᠠᠮᠠᠪᠴᠢ ᠦᠶᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠤᠨ ᠦᠶᠯᠡᠳᠪᠦᠷᠢᠯᠡᠬᠦ ᠴᠢᠳᠠᠯ ᠨᠢ 298.5 ᠲᠦᠮᠡ᠂ ᠦᠢᠯᠡᠳᠬᠦᠨ ᠤ ᠬᠠᠳᠠᠭᠠᠯᠠᠯᠲᠠ ᠨᠢ 1189.86 ᠲᠦᠮᠡ᠂ ᠭᠤᠤᠯ ᠪᠣᠯᠬᠤ ᠲᠦᠭᠦᠬᠡᠶ ᠮᠠᠲ᠋ᠧᠷᠢᠶᠠᠯ ᠤᠨ ᠬᠥᠮᠥᠷᠭᠡ ᠶᠢᠨ ᠬᠠᠳᠠᠭᠠᠯᠠᠯᠲᠠ ᠪᠠᠷ ᠨᠤᠭᠤᠯᠵᠤ ᠪᠤᠳᠤᠭᠰᠠᠨ ᠦᠶᠯᠡᠳᠬᠦᠨ 3588.87 ᠲᠦᠮᠡ ᠪᠣᠢ︔ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ ᠦᠶᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠤᠨ ᠦᠶᠯᠡᠳᠪᠦᠷᠢᠯᠡᠬᠦ ᠴᠢᠳᠠᠯ ᠨᠢ 1.56 ᠲᠦᠮᠡ᠂ ᠦᠢᠯᠡᠳᠬᠦᠨ ᠤ ᠬᠠᠳᠠᠭᠠᠯᠠᠯᠲᠠ ᠨᠢ 3.69 ᠲᠦᠮᠡᠨ ᠢᠵᠢ᠂ ᠭᠤᠤᠯ ᠪᠣᠯᠬᠤ ᠲᠦᠭᠦᠬᠡᠶ ᠮᠠᠲ᠋ᠧᠷᠢᠶᠠᠯ ᠤᠨ ᠬᠠᠳᠠᠭᠠᠯᠠᠯᠲᠠ ᠪᠠᠷ ᠨᠤᠭᠤᠯᠵᠤ ᠪᠣᠳᠣᠭᠰᠠᠨ ᠦᠢᠯᠡᠳᠬᠦᠨ 5.66 ᠲᠦᠮᠡᠨ ᠢᠵᠢ ᠪᠤᠢ︔ ᠠᠷᠢᠭᠤᠳᠬᠠᠬᠤ ᠡᠳ᠋ ᠦᠢᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠤᠨ ᠦᠢᠯᠡᠳᠪᠦᠷᠢᠯᠡᠬᠦ ᠴᠢᠳᠠᠯ ᠨᠢ 279 ᠲᠣᠨ᠂ ᠦᠢᠯᠡᠳᠬᠦᠨ ᠤ ᠬᠥᠮᠥᠷᠭᠡ ᠶᠢᠨ ᠬᠠᠳᠠᠭᠠᠯᠠᠯᠲᠠ ᠨᠢ ᠪᠠᠷᠤᠭ 320 ᠲᠣᠨ ᠪᠤᠢ᠃      ᠡᠭᠦᠨ ᠤ ᠬᠠᠮᠲᠤ᠂ ᠥᠪᠥᠷ ᠮᠣᠩᠭᠤᠯ ᠲᠣᠰ ᠱᠠᠲᠤᠨ ᠤ ᠨᠥᠭᠡᠴᠡ ᠡᠳ᠋ ᠪᠣᠳᠠᠰ ᠢ ᠳᠣᠭᠢᠷᠠᠭᠤᠯᠤᠨ ᠬᠡᠷᠡᠭᠯᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠥᠭᠡᠴᠡᠯᠡᠵᠦ ᠪᠠᠶᠢᠭ᠎ᠠ ᠡᠮᠴᠢᠯᠡᠭᠡᠨ ᠤ ᠰᠡᠷᠭᠡᠶᠢᠯᠡᠨ ᠬᠠᠮᠠᠭᠠᠯᠠᠬᠤ ᠡᠳ᠋ ᠪᠣᠳᠠᠰ᠂ ᠪᠠᠶᠢᠴᠠᠭᠠᠨ ᠰᠢᠨᠵᠢᠯᠡᠯᠲᠡ ᠶᠢᠨ ᠲᠤᠷᠰᠢᠬᠤ ᠡᠮ ᠪᠠ ᠬᠤᠷᠣᠭᠳᠠᠯ ᠮᠠᠲ᠋ᠧᠷᠢᠶᠠᠯ ᠨᠢ 2 — 3 ᠠᠶᠢᠮᠠᠭ ᠬᠤᠲᠠ ᠶᠢ ᠵᠡᠷᠭᠡ ᠳᠤ ᠨᠢ ᠳᠡᠮᠵᠢᠨ ᠲᠤᠰᠠᠯᠠᠵᠤ ᠨᠢᠭᠡ ᠤᠳᠠᠭᠠᠨ ᠤ ᠪᠦᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠬᠦ ᠠᠵᠢᠯ ᠢ ᠥᠷᠨᠢᠭᠦᠯᠵᠦ ᠴᠢᠳᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号