ᠪᠤᠭᠤᠲᠤ ᠬᠤᠲᠠ ᠶᠢᠨ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠨᠢᠭᠡ ᠨᠣᠮᠧᠷ ᠢᠶᠠᠷ ᠡᠯ᠎ᠡ ᠲᠥᠷᠥᠯ ᠤᠨ ᠠᠰᠠᠭᠤᠳᠠᠯ ᠢ ᠰᠢᠢᠳᠪᠦᠷᠢᠯᠡᠵᠦ ᠪᠣᠢ
ᠨᠡᠶᠢᠲᠡᠯᠡᠭᠰᠡᠨ ᠴᠠᠭ᠄
2021/1/5
     2020 ᠣᠨ ᠤ 12 ᠳ᠋ᠤᠭᠠᠷ ᠰᠠᠷ᠎ᠠ ᠶᠢᠨ 30᠎ ᠤ ᠡᠳᠦᠷ᠂ ᠪᠤᠭᠤᠲᠤ ᠬᠤᠲᠠ ᠶᠢᠨ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠰᠢᠨ᠎ᠡ ᠲᠠᠪᠴᠠᠩ ᠵᠢᠩᠬᠢᠨᠢ ᠪᠠᠷ ᠠᠵᠢᠯᠯᠠᠵᠤ ᠡᠬᠢᠯᠡᠪᠡ᠂ ᠬᠤᠶᠢᠰᠢᠳᠠ ᠬᠤᠲᠠ ᠎ ᠶᠢᠨ ᠠᠷᠠᠳ ᠡᠨᠡ ᠬᠦ ᠨᠣᠮᠧᠷ ᠢᠶᠠᠷ ᠤᠲᠠᠰᠤᠳᠠᠪᠠᠯ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠪᠠᠨ ᠰᠢᠶᠳᠪᠦᠷᠢᠯᠡᠵᠦ ᠪᠣᠯᠤᠨ᠎ᠠ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠵᠢᠯᠣᠭᠤᠳᠬᠤ ᠲᠥᠪ ᠲᠤ᠂ 15 ᠤᠲᠠᠰᠤ ᠵᠠᠯᠭᠠᠭᠴᠢ ᠨᠢᠭᠡᠨᠲᠡ ᠤᠲᠠᠰᠤ ᠵᠠᠯᠭᠠᠬᠤ ᠠᠵᠢᠯ ᠢᠶᠠᠨ ᠡᠬᠢᠯᠡᠭᠦᠯᠵᠦ᠂ ᠣᠶᠢᠷ᠎ᠠ ᠳᠤ ᠲᠣᠮᠣ ᠳ᠋ᠠᠶᠢᠲ᠋ᠠ ᠶᠢᠨ ᠲᠤᠰᠬᠠᠯ ᠢ ᠦᠨᠳᠦᠰᠦᠯᠡᠪᠡᠯ᠂ ᠤᠲᠠᠰᠤ ᠪᠠᠷ ᠬᠠᠮᠤᠭ ᠤᠨ ᠣᠯᠠᠨ ᠲᠤᠰᠬᠠᠭᠰᠠᠨ ᠠᠰᠠᠭᠤᠳᠠᠯ ᠪᠣᠯ ᠢᠯᠴᠢ ᠶᠢᠨ ᠬᠠᠩᠭᠠᠯᠭ᠎ᠠ ᠶᠢᠨ ᠠᠰᠠᠭᠤᠳᠠᠯ ᠪᠣᠯᠤᠨ᠎ᠠ᠃ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠰᠢᠨ᠎ᠡ ᠲᠠᠪᠴᠠᠩ ᠪᠣᠯ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠲᠠᠪᠴᠠᠩ᠂ 110 ᠵᠢᠯᠣᠭᠤᠳᠬᠤ ᠲᠥᠪ᠂ 12345 ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ ᠲᠠᠪᠴᠠᠩ ᠵᠡᠷᠭᠡ ᠤᠳᠤ ᠪᠠᠶᠢᠭ᠎ᠠ ᠲᠤᠭ᠎ᠠ ᠪᠠᠷᠢᠮᠲᠠ ᠪᠠ ᠡᠬᠢ ᠪᠠᠶᠠᠯᠢᠭ ᠲᠤ ᠲᠦᠰᠢᠭᠯᠡᠨ᠂ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠨᠡᠶᠢᠭᠡᠮ ᠤᠨ ᠵᠠᠰᠠᠯᠲᠠ ᠶᠢᠨ ᠣᠶᠤᠨᠴᠢᠯᠠᠭᠰᠠᠨ ᠰᠢᠰᠲ᠋ᠧᠮ ᠢ ᠡᠮᠬᠢᠯᠡᠨ ᠨᠡᠶᠢᠯᠡᠭᠦᠯᠦᠭᠰᠡᠨ ᠲᠠᠪᠴᠠᠩ ᠪᠣᠯᠣᠨ᠎ᠠ᠂ ᠲᠠᠪᠴᠠᠩ ᠨᠢ ᠪᠥᠬᠦ ᠬᠤᠲᠠ ᠶᠢᠨ ᠪᠣᠶ ᠪᠥᠬᠦᠶ ᠨᠡᠶᠢᠭᠡᠮ ᠤᠨ ᠦᠶᠯᠡᠴᠢᠯᠡᠭᠡ᠂ ᠢᠯᠡᠴᠢᠯᠡᠨ ᠮᠡᠳᠡᠭᠦᠯᠬᠦ ᠵᠠᠭᠠᠯᠳᠤᠬᠤ᠂ ᠬᠢᠨᠠᠯᠲᠠ ᠲᠠᠯᠪᠢᠬᠤ ᠠᠰᠠᠭᠤᠨ ᠯᠠᠪᠯᠠᠬᠤ ᠲᠥᠷᠥᠯ ᠤᠨ ᠤᠲᠠᠰᠤ ᠵᠢᠴᠢ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠪᠤᠭᠤᠲᠤ ᠶᠢᠨ ᠡᠳᠦᠷ ᠤᠨ ᠰᠣᠨᠢᠨ ᠤ ᠬᠤᠷᠢᠶ᠎ᠠ᠂ ᠪᠤᠭᠤᠲᠤ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠠᠷᠭ᠎ᠠ ᠵᠠᠮ ᠢᠶᠠᠷ ᠴᠤᠭᠯᠠᠭᠤᠯᠤᠭᠰᠠᠨ ᠠᠰᠠᠭᠤᠳᠠᠯ ᠤᠳ ᠢ 12345 ᠲᠠᠪᠴᠠᠩ ᠳᠤ ᠨᠢᠭᠡᠳᠦᠯᠲᠡᠶ ᠰᠢᠯᠵᠢᠭᠦᠯᠦᠨ ᠵᠠᠯᠭᠠᠵᠤ᠂ ︽ᠢᠨᠲ᠋ᠧᠷ ᠰᠦᠯᠵᠢᠶ᠎ᠡ᠂ ᠠᠪᠢᠶᠠᠨ ᠤ ᠳ᠋ᠢᠶᠠᠩᠬᠤᠸᠠ᠂ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢᠭᠡᠴᠢ ᠶᠢᠨ ᠡᠩᠨᠡᠭᠡ︾᠎ ᠶᠢ ᠲᠦᠪᠯᠡᠷᠡᠭᠦᠯᠦᠭᠰᠡᠨ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠠᠵᠢᠯ ᠤᠨ ᠰᠢᠰᠲ᠋ᠧᠮ ᠢ ᠪᠠᠶᠢᠭᠤᠯᠬᠤ ᠶᠢᠨ ᠬᠠᠮᠲᠤ ᠣᠯᠠᠨ ᠲᠦᠮᠡᠨ ᠳᠤ 24 ᠴᠠᠭ ᠪᠦᠬᠦᠯᠢ ᠡᠳᠦᠷ ᠤᠨ ᠦᠶᠯᠡᠴᠢᠯᠡᠭᠡ ᠬᠠᠩᠭᠠᠵᠤ᠂ ᠨᠢᠭᠡᠯᠡ ᠨᠣᠮᠧᠷ ᠢᠶᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡᠯᠡ ᠨᠣᠮᠧᠷ ᠢᠶᠠᠷ ᠭᠠᠳᠠᠭᠰᠢ ᠦᠢᠯᠡᠴᠢᠯᠡᠬᠦ᠂ ᠨᠢᠭᠡᠯᠡ ᠨᠣᠮᠧᠷ ᠢᠶᠠᠷ ᠠᠰᠠᠭᠤᠳᠠᠯ ᠢ ᠰᠢᠶᠳᠪᠦᠷᠢᠯᠡᠬᠦ ᠠᠵᠢᠯ ᠤᠨ ᠬᠡᠪ ᠵᠠᠭᠪᠤᠷ ᠢ ᠪᠦᠷᠢᠯᠳᠦᠭᠦᠯᠪᠡ᠃      2009 ᠣᠨ ᠳᠤ ᠪᠠᠶᠢᠭᠤᠯᠤᠭᠳᠠᠭᠰᠠᠨ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠨᠢ ᠵᠥᠪᠬᠡᠨ 5 ᠵᠤᠷᠪᠤᠰ ᠱᠤᠭᠤᠮ ᠪᠠᠶᠢᠵᠤ᠂ ᠬᠤᠳᠠ ᠶᠢᠨ ᠠᠷᠠᠳ ᠤᠨ ᠠᠰᠠᠭᠤᠳᠠᠯ ᠲᠤᠰᠬᠠᠬᠤ ᠬᠦᠰᠡᠯ ᠱᠠᠭᠠᠷᠳᠠᠯᠭ᠎ᠠ ᠎ ᠶᠢ ᠬᠠᠩᠭᠠᠵᠤ ᠳᠡᠶᠢᠯᠬᠦ ᠦᠭᠡᠢ ᠪᠠᠶᠢᠪᠠ᠃ ︽ᠲᠣᠰ ᠤᠳᠠᠭ᠎ᠠ ᠳᠠᠬᠢᠨ ᠡᠮᠬᠢᠯᠡᠨ ᠨᠡᠶᠢᠯᠡᠭᠦᠯᠦᠭᠰᠡᠨ 12345 ᠬᠠᠯᠠᠮᠰᠢᠯ ᠤᠲᠠᠰᠤ ᠶᠢᠨ ᠡᠮᠦᠨᠡᠬᠢ ᠬᠤᠭᠤᠴᠠᠭᠠᠨ ᠳᠤ 15 ᠤᠲᠠᠰᠤ ᠵᠠᠯᠭᠠᠭᠤᠯᠵᠤ᠂ ᠬᠤᠶᠠᠳᠤᠭᠠᠷ ᠬᠤᠭᠤᠴᠠᠭᠠᠨ ᠎ ᠳᠤ 40 ᠤᠲᠠᠰᠤ ᠵᠠᠯᠭᠠᠭᠤᠯᠤᠨ᠂ ᠢᠩᠭᠢᠭᠰᠡᠨ ᠢᠶᠠᠷ ᠠᠷᠠᠳ ᠣᠯᠠᠨ ᠤ ᠬᠠᠯᠠᠮᠰᠢᠯ ᠤᠲᠠᠰᠤ ᠨᠡᠪᠲᠡᠷᠡᠬᠦ ᠥᠬᠡᠶ ᠪᠠᠶᠢᠭᠰᠠᠨ ᠠᠰᠠᠭᠤᠳᠠᠯ ᠢ ᠰᠢᠶᠳᠪᠦᠷᠢᠯᠡᠵᠦ ᠴᠢᠳᠠᠬᠤ ᠪᠣᠯᠵᠠᠢ᠃ ᠠᠵᠢᠯ ᠤᠨ ᠲᠣᠭᠲᠠᠴᠠ ᠶᠢᠨ ᠲᠠᠯ᠎ᠠ ᠪᠠᠷ᠂ ᠪᠢᠳᠡ ᠡᠯ᠎ᠡ ᠬᠤᠯᠪᠣᠭᠠᠯᠠᠨ ᠬᠥᠳᠡᠯᠦᠯᠴᠡᠬᠦ ᠨᠢᠭᠡᠴᠢ ᠯᠦᠭᠡ ᠥᠨᠳᠥᠷ ᠪᠦᠲᠦᠮᠵᠢᠲᠡᠶ ᠲᠤᠬᠠᠶᠢᠯᠠᠭᠰᠠᠨ ᠠᠵᠢᠯ ᠤᠨ ᠴᠤᠪᠤᠷᠠᠯ ᠪᠣᠯᠣᠨ ᠠᠵᠢᠯᠯᠠᠭᠠᠨ ᠤ ᠲᠣᠭᠲᠠᠴᠠ ᠶᠢ ᠳᠠᠬᠢᠨ ᠪᠠᠶᠢᠭᠤᠯᠵᠤ᠂ ᠰᠢᠮᠳᠠᠭᠤᠯᠤᠨ ᠭᠦᠶᠴᠡᠳᠬᠡᠬᠦ ᠠᠰᠠᠭᠤᠳᠠᠯ ᠢ ᠰᠢᠯᠵᠢᠭᠦᠯᠬᠦ᠂ ᠨᠠᠶᠢᠳᠠᠪᠤᠷᠢᠵᠢᠭᠤᠯᠬᠤ ᠪᠠ ᠡᠴᠦᠰ ᠲᠤ ᠨᠢ ᠲᠤᠯᠲᠠᠯ᠎ᠠ ᠮᠦᠷᠳᠡᠬᠦ ᠪᠣᠯᠭᠠᠵᠤ᠂ ᠠᠷᠠᠳ ᠣᠯᠠᠨ ᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠢ ᠤᠯᠠᠮ ᠨᠢᠭᠡ ᠠᠯᠬᠤᠮ ᠲᠥᠷᠭᠡᠨ ᠰᠢᠢᠳᠪᠦᠷᠢᠯᠡᠬᠦ ᠪᠣᠯᠣᠨ᠎ᠠ︾ ᠬᠡᠮᠡᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠢᠮᠡᠭᠡ ᠮᠡᠳᠡᠭᠡ ᠶᠢᠨ ᠵᠢᠯᠣᠭᠤᠳᠬᠤ ᠲᠥᠪ ᠤᠨ ᠡᠷᠬᠢᠯᠡᠭᠴᠢ ᠹᠠᠨ ᠪᠠᠲᠤ ᠬᠡᠯᠡᠪᠡ᠃      ᠣᠳᠣᠬᠠᠨ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠠ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠨᠢᠭᠡᠨᠲᠡ ᠰᠢᠨ᠎ᠡ ᠲᠠᠪᠴᠠᠩ ᠳᠤ ᠣᠷᠤᠪᠠ᠂ ᠲᠠᠷᠠᠭᠠᠴᠢ ᠶᠢᠨ ᠠᠯᠬᠤᠮ ᠳᠤ᠂ 12345 ᠵᠠᠰᠠᠭ ᠤᠨ ᠣᠷᠳᠣᠨ ᠤ ᠬᠠᠯᠠᠮᠰᠢᠯ ᠤᠲᠠᠰᠤ ᠎ ᠨᠢ ᠣᠯᠠᠨ ᠰᠠᠯᠠᠭ᠎ᠠ ᠮᠥᠴᠢᠷ ᠤᠨ ᠬᠠᠯᠠᠮᠰᠢᠯ ᠤᠲᠠᠰᠤ ᠶᠢ ᠨᠢᠭᠡ ᠴᠣᠭᠴᠠᠵᠢᠭᠤᠯᠤᠭᠰᠠᠨ ᠰᠢᠨ᠎ᠡ ᠲᠠᠪᠴᠠᠩ ᠪᠣᠯᠵᠣ᠂ ᠡᠴᠦᠰ ᠲᠤ ᠪᠠᠨ ᠨᠢᠭᠡᠯᠡ ᠨᠣᠮᠧᠷ ᠢᠶᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡᠯᠡ ᠨᠣᠮᠧᠷ ᠢᠶᠠᠷ ᠭᠠᠳᠠᠭᠰᠢ ᠦᠢᠯᠡᠴᠢᠯᠡᠬᠦ᠂ ᠨᠢᠭᠡᠯᠡ ᠨᠣᠮᠧᠷ ᠢᠶᠠᠷ ᠠᠰᠠᠭᠤᠳᠠᠯ ᠢ ᠰᠢᠶᠳᠪᠦᠷᠢᠯᠡᠬᠦ ᠶᠢ ᠪᠡᠶᠡᠯᠡᠭᠦᠯᠵᠦ᠂ ᠲᠤᠬᠠᠶ ᠶᠢᠨ ᠦᠶ᠎ᠡ ᠳᠤ᠂ ᠬᠤᠲᠠ ᠶᠢᠨ ᠠᠷᠠᠳ ᠵᠥᠪᠬᠡᠨ 12345᠎ ᠶᠢ ᠴᠡᠭᠡᠵᠢᠯᠡᠪᠡᠯ ᠳᠠᠷᠤᠶ ᠡᠯ᠎ᠡ ᠵᠦᠢᠯ ᠤᠨ ᠠᠰᠠᠭᠤᠳᠠᠯ ᠢᠶᠠᠨ ᠰᠢᠶᠳᠪᠦᠷᠢᠯᠡᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号