︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠳᠦᠷᠪᠡᠳᠦᠭᠡᠷ ᠲᠠᠪᠤᠨ ᠵᠢᠯ ᠤᠨ | ᠲᠦᠯᠦᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠳᠠ ᠶᠢ ᠲᠤᠭᠳᠠᠭᠠᠬᠤ ᠲᠤᠬᠠᠢ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠠᠨᠠᠭᠤᠯᠭ᠎ᠠ︾ ᠶᠢᠨ ᠲᠤᠬᠠᠢ ᠳᠤᠳᠤᠷᠬᠠᠢᠢᠯᠠᠯᠳᠠ | ︵2020 ᠣᠨ ᠤ 12 ᠰᠠᠷ᠎ᠠ ᠶᠢᠨ 27 ᠤ ᠡᠳᠦᠷ︶ | ᠱᠢ ᠲᠠᠢ ᠹᠧᠩ | | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ | ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠳᠦᠷᠪᠡᠳᠦᠭᠡᠷ ᠲᠠᠪᠤᠨ ᠵᠢᠯ ᠤᠨ | ᠲᠦᠯᠦᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠳᠠ ᠶᠢ ᠲᠤᠭᠳᠠᠭᠠᠬᠤ ᠲᠤᠬᠠᠢ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠠᠨᠠᠭᠤᠯᠭ᠎ᠠ︾ ᠶᠢ ᠲᠤᠭᠤᠷᠪᠢᠭᠰᠠᠨ ᠪᠠᠶᠢᠳᠠᠯ ᠤᠨ ᠲᠤᠬᠠᠢ | ᠪᠢ ᠪᠦᠭᠦᠳᠡ ᠬᠤᠷᠠᠯ ᠳᠤ ᠳᠤᠳᠤᠷᠬᠠᠢᠢᠯᠠᠯᠳᠠ ᠬᠢᠶ᠎ᠠ᠃ | ᠨᠢᠭᠡ᠂ ᠰᠠᠨᠠᠭᠤᠯᠭ᠎ᠠ ᠶᠢᠨ ᠨᠤᠤᠷᠠᠭ ᠢ ᠲᠤᠭᠤᠷᠪᠢᠭᠰᠠᠨ ᠶᠠᠪᠤᠴᠠ | ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠤᠯᠤᠰ ᠤᠨ ᠴᠢᠨᠡᠭᠡᠯᠢᠭ ᠨᠡᠶᠢᠭᠡᠮ | ᠢ ᠪᠦᠬᠦ ᠲᠠᠯ᠎ᠠ ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠦᠭᠰᠡᠨ ᠤ | ᠳᠠᠷᠠᠭ᠎ᠠ᠂ ᠢᠯᠠᠯᠳᠠ ᠶᠢᠨ ᠡᠷᠴᠢᠨ ᠳᠡᠭᠡᠷ᠎ᠠ ᠪᠠᠨ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠭᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ | ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠪᠤᠯᠤᠨ᠎ᠠ᠂ ᠮᠦᠨ ᠴᠤ ᠦᠪᠦᠷ ᠮᠤᠩᠭᠤᠯ ᠤᠨ ᠠᠮᠢ ᠠᠬᠤᠢ ᠶᠢ | ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ | ᠬᠦᠭᠵᠢᠯᠳᠡ ᠶᠢᠨ ᠰᠢᠨ᠎ᠠ ᠵᠠᠮ ᠢᠶᠠᠷ ᠵᠠᠮᠨᠠᠵᠤ᠂ ᠰᠢᠨ᠎ᠠ ᠨᠡᠩ ᠶᠡᠭᠡ ᠬᠦᠭᠵᠢᠯᠳᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠬᠤᠭᠤᠴᠠᠭ᠎ᠠ ᠪᠤᠯᠤᠨ᠎ᠠ᠃ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠲᠤᠬᠠᠢ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠠᠨᠠᠭᠤᠯᠭ᠎ᠠ ᠶᠢ ᠰᠠᠶᠢᠳᠤᠷ ᠲᠤᠭᠳᠠᠭᠠᠵᠤ᠂ ᠮᠠᠨ ᠤ ᠤᠷᠤᠨ | ᠤ ᠢᠷᠡᠭᠡᠳᠦᠢ ᠶᠢᠨ ᠲᠠᠪᠤᠨ ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠬᠦᠭᠵᠢᠯᠳᠡ ᠶᠢ ᠰᠠᠶᠢᠳᠤᠷ | ᠲᠦᠯᠦᠪᠵᠢᠭᠦᠯᠬᠦ ᠨᠢ ᠪᠦᠬᠦ ᠤᠷᠤᠨ ᠤ ᠲᠡᠭᠡᠳᠦ ᠲᠤᠤᠷᠠᠳᠦ ᠱᠠᠳᠤᠨ ᠤ ᠬᠢᠨ ᠢ ᠳᠠᠶᠢᠴᠢᠯᠠᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ | ᠰᠢᠨ᠎ᠠ ᠴᠠᠭ ᠦᠶ᠎ᠠ ᠰᠢᠨ᠎ᠠ ᠠᠶᠠᠨ ᠳᠤ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠠ ᠬᠠᠭᠤᠳᠠᠰᠤ ᠶᠢ | ᠪᠢᠴᠢᠭᠯᠡᠬᠦ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠠᠵᠢᠯ ᠢ | ᠳᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠪᠠᠶᠢᠡᠭᠭᠤ ᠶᠢᠨ ᠬᠤᠷᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ | ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠳᠡ ᠶᠢᠨ ᠲᠤᠬᠠᠢ ᠴᠢᠬᠤᠯᠠ ᠶᠠᠷᠢᠶ᠎ᠠ ᠪᠠ | ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠭᠦᠨᠵᠡᠭᠡᠢ ᠰᠤᠷᠤᠯᠴᠠᠵᠤ᠂ ᠤᠯᠠᠨ ᠤᠳᠠᠭ᠎ᠠ ᠰᠤᠳᠤᠯᠤᠨ ᠲᠦᠯᠦᠪᠵᠢᠭᠦᠯᠵᠤ᠂ ᠲᠤᠬᠢᠷᠠᠭᠤᠯᠤᠯᠳᠠ ᠪᠠᠶᠢᠷᠢᠯᠠᠭᠤᠯᠤᠯᠳᠠ | ᠬᠢᠵᠠᠢ︔ ᠪᠢ ᠳᠤᠭᠤᠢᠢᠯᠠᠩ ᠤᠨ ᠳᠠᠷᠤᠭ᠎ᠠ ᠪᠤᠯᠵᠦ᠂ ᠪᠦ᠋ ᠰᠢᠶᠤᠤ ᠯᠢᠨ᠂ ᠵᠠᠩ ᠱᠤᠤ ᠴᠦᠨ ᠨᠦᠬᠦᠷ ᠲᠤᠭᠤᠢᠢᠯᠠᠩ | ᠤᠨ ᠳᠡᠳ᠋ ᠳᠠᠷᠤᠭ᠎ᠠ ᠪᠤᠯᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ | ᠤᠷᠤᠯᠴᠠᠭᠰᠠᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠢᠯᠠᠩ ᠢ ᠪᠠᠶᠢᠭᠤᠯᠵᠤ᠂ ᠪᠠᠶᠢᠩᠭᠤ ᠶᠢᠨ ᠬᠤᠷᠢᠶᠠᠨ ᠤ | ᠤᠳᠤᠷᠢᠳᠤᠯᠭ᠎ᠠ ᠳᠤᠤᠷ᠎ᠠ ᠠᠵᠢᠯ ᠢᠶᠠᠨ ᠦᠷᠨᠢᠭᠦᠯᠪᠡ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠢᠯᠠᠩ ︽ᠠᠷᠪᠠᠨ | ᠳᠦᠷᠪᠡᠳᠦᠭᠡᠷ ᠲᠠᠪᠤᠨ ᠵᠢᠯ︾ ᠤᠨ ᠬᠦᠭᠵᠢᠯᠳᠡ ᠶᠢᠨ ᠴᠢᠬᠤᠯᠠ ᠵᠦᠪᠯᠡᠬᠦ ᠵᠦᠢᠯ ᠤᠨ ᠲᠤᠬᠠᠢ ᠬᠤᠯᠪᠤᠭᠳᠠᠯ ᠪᠦᠬᠦᠢ | ᠲᠠᠯ᠎ᠠ ᠶᠢᠨ ᠬᠢᠨ ᠠᠴᠠ ᠰᠠᠨᠠᠯ ᠬᠤᠷᠢᠶᠠᠵᠤ᠂ ᠮᠤᠵᠢ ᠶᠢᠨ ᠳᠡᠰ ᠤᠨ ᠤᠳᠤᠷᠢᠳᠬᠤ ᠨᠦᠭᠦᠳ ᠴᠢᠬᠤᠯᠠ ᠶᠡᠭᠡ | ᠬᠦᠭᠵᠢᠯᠳᠡ ᠶᠢᠨ ᠠᠰᠠᠭᠤᠳᠠᠯ ᠤᠨ ᠲᠤᠬᠠᠢ ᠭᠦᠨᠵᠡᠭᠡᠢ ᠪᠠᠶᠢᠴᠠᠭᠠᠨ ᠰᠤᠳᠤᠯᠤᠯᠳᠠ ᠬᠢᠵᠤ᠂ ᠦᠪᠡᠷᠳᠡᠭᠡᠨ ᠵᠠᠰᠠᠬᠤ | ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠭᠡᠴᠢ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ | ᠲᠤᠰᠬᠠᠢ ᠰᠡᠳᠤᠪᠳᠤ ᠰᠤᠳᠤᠯᠭᠠᠨ ᠬᠢᠵᠤ᠂ ᠰᠠᠨᠠᠭᠤᠯᠭ᠎ᠠ ᠶᠢᠨ ᠨᠤᠤᠷᠠᠭ ᠢ ᠰᠠᠶᠢᠳᠤᠷ ᠲᠤᠭᠤᠷᠪᠢᠬᠤ ᠳᠤ ᠴᠢᠬᠤᠯᠠ | ᠰᠠᠭᠤᠷᠢ ᠲᠠᠯᠪᠢᠵᠤ ᠦᠭᠴᠠᠢ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ | ᠲᠡᠭᠦᠰᠦᠭᠰᠡᠨ ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠲᠠᠶᠠᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠳᠤ ᠪᠠᠶᠢᠷᠢᠯᠠᠭᠤᠯᠤᠯᠳᠠ ᠬᠢᠵᠤ᠂ | ᠰᠠᠨᠠᠭᠤᠯᠭ᠎ᠠ ᠶᠢᠨ ᠨᠤᠤᠷᠠᠬ ᠢ ᠲᠤᠭᠤᠷᠪᠢᠬᠤ ᠠᠵᠢᠯ ᠳᠤ ᠤᠯᠠᠮ ᠴᠢᠨᠠᠭᠰᠢᠳᠠ ᠱᠠᠭᠠᠷᠳᠠᠯᠭ᠎ᠠ ᠳᠤᠷᠠᠳᠴᠠᠢ᠃ ᠨᠠᠮ ᠤᠨ | ᠬᠤᠷᠢᠶ᠎ᠠ ᠤᠨᠤᠯ ᠰᠤᠷᠤᠯᠴᠠᠬᠤ ᠭᠤᠤᠯ ᠳᠤᠭᠤᠢᠢᠯᠠᠩ ᠤᠨ ᠬᠠᠮᠳᠤ ᠶᠢᠨ ᠰᠤᠷᠤᠯᠴᠠᠯᠭ᠎ᠠ ᠬᠢᠵᠤ᠂ ᠵᠡᠭᠦᠨ᠂ ᠳᠤᠮᠳᠠ᠂ | ᠪᠠᠷᠠᠭᠤᠨ ᠬᠡᠰᠡᠭ ᠤᠨ ᠠᠶᠢᠮᠠᠭ ᠬᠤᠳᠠ ᠶᠢᠨ ᠬᠠᠷᠢᠭᠤ ᠮᠡᠳᠡᠭᠦᠯᠦᠯᠳᠡ ᠶᠢᠨ ᠬᠤᠷᠠᠯ ᠪᠤᠯᠤᠨ ᠠᠵᠤ ᠠᠬᠤᠢᠢᠯᠠᠯᠳᠡᠠ᠂ | ᠲᠤᠰᠬᠠᠢ ᠮᠡᠷᠭᠡᠵᠢᠯᠳᠡᠨ ᠡᠷᠳᠡᠮᠳᠡᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠠ ᠲᠠᠯ᠎ᠠ ᠬᠢᠨ ᠤ ᠰᠠᠨᠠᠯ | ᠰᠠᠨᠠᠭᠤᠯᠭ᠎ᠠ ᠶᠢ ᠰᠤᠨᠤᠰᠴᠠᠢ᠃ ᠰᠠᠨᠠᠯ ᠬᠤᠷᠢᠶᠠᠭᠰᠠᠨ ᠨᠤᠤᠷᠠᠭ ᠪᠦᠷᠢᠯᠳᠦᠭᠰᠡᠨ ᠤ ᠳᠠᠷᠠᠭ᠎ᠠ᠂ ᠮᠤᠵᠢ ᠶᠢᠨ ᠳᠡᠰ ᠤᠨ | ᠤᠳᠤᠷᠢᠳᠤᠯᠭ᠎ᠠ ᠪᠠ ᠨᠠᠮ ᠤᠨ ᠬᠤᠷᠢᠶᠠᠨ ᠤ ᠭᠡᠰᠢᠭᠦᠨ᠂ ᠤᠷᠤᠯᠠᠭᠴᠢ ᠭᠡᠰᠢᠭᠦᠨ᠂ ᠡᠯ᠎ᠠ ᠠᠶᠢᠮᠠᠭ ᠬᠤᠳᠠ ᠶᠢᠨ ᠨᠠᠮ | ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠡᠯ᠎ᠠ ᠰᠠᠯᠠᠭ᠎ᠠ ᠮᠦᠴᠢᠷ ᠨᠢᠭᠡᠴᠢ ᠶᠢᠨ ᠨᠠᠮ ᠤᠨ ᠤᠳᠤᠷᠢᠳᠬᠤ | ᠳᠤᠭᠤᠢᠢᠯᠠᠩ ︵ᠨᠠᠮ ᠤᠨ ᠬᠤᠷᠢᠶ᠎ᠠ︶ ᠳᠤ ᠲᠠᠷᠬᠠᠭᠠᠨ ᠦᠭᠴᠤ ᠰᠠᠨᠠᠯ ᠢ ᠨᠢ ᠬᠤᠷᠢᠶᠠᠵᠤ᠂ ᠡᠯ᠎ᠠ ᠠᠷᠠᠳᠴᠢᠯᠠᠭᠰᠠᠨ | ᠨᠠᠮ ᠪᠦᠯᠦᠭ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ ᠪᠤᠯᠤᠨ ᠨᠠᠮ ᠪᠦᠯᠦᠭ ᠤᠨ ᠪᠤᠰᠤ ᠬᠦᠮᠦᠰ ᠤᠨ ᠰᠠᠨᠠᠯ ᠢ | ᠰᠤᠨᠤᠰᠴᠠᠢ᠃ ᠡᠮᠬᠢᠳᠭᠡᠭᠰᠡᠨ ᠪᠠᠶᠢᠳᠠᠯ ᠠᠴᠠ ᠦᠵᠡᠪᠡᠯ᠂ ᠡᠯ᠎ᠠ ᠲᠠᠯ᠎ᠠ ᠶᠢᠨ ᠬᠢᠨ ᠨᠡᠶᠢᠳᠡ 236 ᠵᠤᠷᠪᠤᠰ ᠵᠠᠰᠠᠪᠤᠷᠢ | ᠤᠷᠤᠭᠤᠯᠬᠤ ᠰᠠᠨᠠᠯ ᠳᠤᠷᠠᠳᠴᠤ᠂ ᠳᠠᠪᠬᠤᠴᠠᠭᠰᠠᠨ ᠰᠠᠨᠠᠯ ᠢ ᠬᠠᠰᠤᠭᠰᠠᠨ ᠤ ᠳᠠᠷᠠᠭ᠎ᠠ 183 ᠵᠤᠷᠪᠤᠰ ᠦᠯᠡᠳᠡᠪᠡ᠂ | ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠢᠯᠠᠩ ᠤᠨ ᠬᠢᠨ ᠵᠤᠷᠪᠤᠰ ᠲᠠᠷᠠᠭᠠᠯᠠᠨ ᠰᠤᠳᠤᠯᠵᠤ᠂ ᠨᠠᠷᠢᠨ ᠬᠢᠨᠠᠮᠠᠭᠠᠢ | ᠰᠢᠩᠭᠡᠭᠡᠨ ᠠᠪᠴᠤ᠂ ᠰᠠᠨᠠᠭᠤᠯᠭ᠎ᠠ ᠶᠢᠨ ᠨᠤᠤᠷᠠᠭ ᠤᠨ 118 ᠭᠠᠵᠠᠷ ᠲᠤ ᠨᠡᠮᠡᠯᠳᠡ ᠬᠢᠭᠰᠡᠨ ᠪᠤᠶᠤ ᠵᠠᠰᠠᠪᠤᠷᠢ | ᠤᠷᠤᠭᠤᠯᠵᠤ᠂ ᠦᠰᠦᠭ ᠢ ᠨᠢ ᠴᠤᠮᠬᠠᠳᠬᠠᠵᠤ᠂ ᠡᠯ᠎ᠠ ᠲᠠᠯ᠎ᠠ ᠶᠢᠨ ᠬᠢᠨ ᠤ 162 ᠵᠤᠷᠪᠤᠰ ᠰᠠᠨᠠᠯ ᠰᠠᠨᠠᠭᠤᠯᠭ᠎ᠠ ᠶᠢ | ᠬᠠᠮᠤᠷᠤᠭᠰᠠᠨ ᠪᠠᠶᠢᠨ᠎ᠠ᠃ ᠵᠠᠷᠢᠮ ᠪᠤᠳᠠᠳᠠᠢ ᠶᠠᠪᠤᠳᠠᠯ ᠪᠠ ᠠᠵᠢᠯ ᠳᠤ ᠬᠤᠯᠪᠤᠭᠳᠠᠭᠰᠠᠨ ᠰᠠᠨᠠᠯ ᠰᠠᠨᠠᠭᠤᠯᠭ᠎ᠠ ᠶᠢ | ᠲᠦᠯᠦᠪᠵᠢᠭᠦᠯᠭᠡ ᠶᠢᠨ ᠬᠦᠳᠦᠯᠪᠦᠷᠢ ᠶᠢ ᠨᠠᠶᠢᠷᠠᠭᠤᠯᠤᠨ ᠵᠤᠬᠢᠶᠠᠬᠤ ᠪᠠ ᠲᠤᠰᠬᠠᠢ ᠠᠵᠢᠯ ᠢ ᠪᠠᠶᠢᠷᠢᠯᠠᠭᠤᠯᠬᠤ ᠳᠤ | ᠨᠢᠭᠡᠳᠦᠯᠳᠠᠢ ᠰᠤᠳᠤᠯᠤᠨ ᠪᠤᠳᠤᠯᠬᠢᠯᠠᠪᠠ᠃ | ᠰᠠᠨᠠᠭᠤᠯᠭ᠎ᠠ ᠶᠢᠨ ᠨᠤᠤᠷᠠᠭ ᠢ ᠲᠤᠭᠤᠷᠪᠢᠬᠤ ᠬᠤᠭᠤᠴᠠᠭᠠᠨ ᠳᠤ᠂ ᠨᠠᠮ ᠤᠨ ᠬᠤᠷᠢᠶᠠᠨ ᠤ ᠡᠳ᠋ ᠤᠨ ᠵᠠᠰᠠᠭ | ᠠᠵᠤ ᠠᠬᠤᠢ ᠶᠢᠨ ᠠᠵᠢᠯ ᠤᠨ ᠬᠤᠷᠢᠶᠠᠨ ᠤ ᠬᠤᠷᠠᠯ ᠠᠴᠠ ᠤᠯᠠᠨ ᠤᠳᠠᠭ᠎ᠠ ᠰᠤᠳᠤᠯᠤᠨ ᠪᠠᠶᠢᠷᠢᠯᠠᠭᠤᠯᠵᠤ᠂ ᠪᠢᠴᠢᠭ | ᠮᠠᠲ᠋ᠧᠷᠢᠶᠠᠯ ᠲᠤᠭᠤᠷᠪᠢᠬᠤ ᠳᠤᠭᠤᠢᠢᠯᠠᠩ ᠤᠨ ᠬᠢᠨ ᠤᠯᠠᠨ ᠤᠳᠠᠭ᠎ᠠ ᠲᠦᠪᠯᠡᠷᠡᠨ ᠶᠠᠷᠢᠯᠴᠠᠵᠦ ᠵᠠᠰᠠᠪᠤᠷᠢ ᠤᠷᠤᠭᠤᠯᠵᠤ᠂ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠬᠢᠨᠡᠨ ᠵᠦᠪᠯᠡᠭᠰᠡᠨ ᠤ ᠳᠠᠷᠠᠭ᠎ᠠ ᠪᠦᠬᠦᠳᠡ | ᠬᠤᠷᠠᠯ ᠳᠤ ᠳᠡᠪᠰᠢᠭᠦᠯᠵᠤ ᠬᠢᠨᠡᠨ ᠵᠦᠪᠯᠡᠭᠦᠯᠬᠦ ᠰᠠᠨᠠᠭᠤᠯᠭ᠎ᠠ ᠶᠢᠨ ᠨᠤᠤᠷᠠᠭ ᠢ ᠪᠦᠷᠢᠯᠳᠦᠭᠦᠯᠪᠡ᠃ | ᠬᠤᠶᠠᠷ᠂ ᠰᠠᠨᠠᠭᠤᠯᠭ᠎ᠠ ᠶᠢᠨ ᠨᠤᠤᠷᠠᠭ ᠤᠨ ᠭᠤᠤᠯ ᠪᠤᠳᠤᠯᠬᠢᠯᠠᠯ ᠪᠠ ᠦᠨᠳᠦᠰᠦᠨ ᠪᠤᠷᠤ ᠲᠦᠯᠦᠪ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠠᠴᠠ᠂ ︽ᠠᠷᠪᠠᠨ | ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠲᠤᠬᠠᠢ ᠴᠢᠨᠠᠷ ᠰᠠᠶᠢᠳᠠᠢ ᠰᠠᠨᠠᠭᠤᠯᠭ᠎ᠠ ᠶᠢ ᠳᠤᠷᠠᠳᠬᠤ ᠳᠤ᠂ | ᠬᠠᠮᠤᠭ ᠤᠨ ᠦᠨᠳᠦᠰᠦᠨ ᠵᠦᠢᠯ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠤᠯᠤᠨ | ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠠᠭᠤᠰᠤᠯᠴᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠤᠯᠤᠨ ᠨᠠᠮ ᠤᠨ | ᠲᠦᠪ ᠬᠤᠷᠢᠶ᠎ᠠ ᠠᠴᠠ ᠦᠪᠦᠷ ᠮᠤᠩᠭᠤᠯ ᠤᠨ ᠪᠠᠶᠢᠳᠠᠯ ᠳᠤ ᠵᠤᠬᠢᠴᠠᠭᠤᠯᠤᠨ ᠲᠤᠭᠳᠠᠭᠠᠵᠤ ᠦᠭᠭᠦᠭᠰᠡᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠤᠭᠳᠠᠭᠠᠯᠳᠠ ᠪᠤᠯᠤᠨ ᠠᠵᠢᠯᠯᠠᠭ᠎ᠠ ᠶᠢᠨ ᠬᠦᠳᠦᠯᠪᠦᠷᠢ ᠶᠢ ᠦᠨᠳᠦᠰᠦᠯᠡᠨ ᠬᠦᠭᠵᠢᠯᠳᠡ ᠶᠢᠨ | ᠰᠡᠳᠭᠢᠴᠡ ᠪᠠᠨ ᠲᠤᠭᠳᠠᠭᠠᠵᠤ᠂ ᠬᠦᠭᠵᠢᠯᠳᠡ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠤ᠂ ᠬᠦᠭᠵᠢᠯᠳᠡ ᠶᠢᠨ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠤᠨ᠂ ᠬᠦᠭᠵᠢᠯᠳᠡ ᠶᠢᠨ ᠠᠷᠭ᠎ᠠ ᠬᠡᠮᠵᠢᠶ᠎ᠠ ᠶᠢ ᠲᠤᠭᠳᠠᠭᠠᠵᠤ᠂ ︽ᠬᠤᠶᠠᠷ | ᠢ ᠬᠠᠮᠠᠭᠠᠯᠠᠬᠤ︾ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠦᠯᠦᠪᠵᠢᠭᠦᠯᠵᠦ ᠠᠬᠢᠭᠤᠯᠬᠤ | ᠦᠢᠯᠡᠳᠦᠯᠭᠡ ᠳᠤ ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ ᠭᠡᠵᠦ ᠦᠵᠡᠪᠡ᠃ | ᠨᠤᠤᠷᠠᠭ ᠢ ᠲᠤᠭᠤᠷᠪᠢᠬᠤ ᠶᠠᠪᠤᠴᠠ ᠳᠤ᠂ ᠳᠤᠤᠷᠠᠬᠢ ᠵᠠᠷᠴᠢᠮ ᠢ ᠴᠢᠬᠤᠯᠠᠴᠢᠯᠠᠨ ᠡᠵᠡᠮᠳᠡᠪᠡ᠃ ᠨᠢᠭᠡ ᠳᠤ | ᠪᠦᠬᠦ ᠲᠠᠯ᠎ᠠ ᠪᠠᠷ ᠬᠠᠷᠭᠤᠭᠤᠯᠤᠨ ᠪᠠᠷᠢᠮᠵᠢᠶᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠲᠤᠭᠳᠠᠭᠠᠭᠰᠠᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠴᠢᠬᠤᠯᠠ ᠶᠡᠭᠡ ᠡᠭᠦᠷᠭᠡ ᠰᠡᠳᠦᠪ | ᠢ ᠨᠢᠭᠡᠳ ᠨᠢᠭᠡ ᠪᠠᠷ ᠵᠠᠳᠠᠯᠤᠨ ᠰᠤᠳᠤᠯᠵᠤ᠂ ᠵᠤᠷᠪᠤᠰ ᠵᠤᠷᠪᠤᠰ ᠢᠶᠠᠷ ᠨᠠᠷᠢᠯᠢᠭᠵᠢᠭᠤᠯᠤᠨ ᠡᠮᠬᠢᠯᠡᠵᠤ᠂ ᠵᠦᠢᠯ | ᠵᠦᠢᠯ ᠢᠶᠠᠷ ᠨᠠᠶᠢᠳᠠᠪᠤᠷᠢᠵᠢᠭᠤᠯᠤᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ | ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠵᠠᠮᠨᠠᠬᠤ ᠪᠠᠷ | ᠭᠤᠤᠯᠳᠠᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠤᠯᠤᠨ ︽ᠨᠢᠭᠡ ᠪᠠᠬᠢᠯᠡᠯᠳᠡ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ | ᠨᠢᠭᠡᠳᠦᠯᠳᠠᠢ ᠲᠦᠯᠦᠪᠵᠢᠭᠦᠯᠦᠨ ᠪᠠᠶᠢᠷᠢᠰᠢᠭᠤᠯᠵᠦ᠂ ᠤᠨᠤᠴᠠᠳᠠᠢ ᠪᠠᠷ ᠪᠤᠳᠤᠯᠭ᠎ᠠ ᠲᠤᠭᠳᠠᠭᠠᠨ ᠪᠤᠳᠤᠯᠭ᠎ᠠ | ᠬᠡᠷᠡᠭᠵᠢᠭᠦᠯᠪᠡ᠃ ᠬᠤᠶᠠᠷ ᠲᠤ ᠶᠡᠭᠡ ᠲᠠᠯ᠎ᠠ ᠶᠡᠭᠡ ᠬᠠᠨᠳᠤᠰᠢ ᠪᠠᠷ ᠭᠤᠤᠯᠳᠠᠭᠤᠯᠵᠤ᠂ ᠦᠪᠦᠷ ᠮᠤᠩᠭᠤᠯ ᠤᠨ | ᠬᠦᠭᠵᠢᠯᠳᠡ ᠶᠢ ︽ᠬᠤᠶᠠᠷ ᠶᠡᠭᠡ ᠲᠠᠯ᠎ᠠ︾ ᠳᠤ ᠲᠠᠯᠪᠢᠨ ᠪᠤᠳᠤᠯᠬᠢᠯᠠᠵᠤ᠂ ᠤᠯᠤᠰ ᠤᠨ ᠳᠤᠳᠤᠭᠠᠳᠤ | ᠭᠠᠳᠠᠭᠠᠳᠤ ᠶᠢᠨ ᠬᠦᠭᠵᠢᠯᠳᠡ ᠶᠢᠨ ᠶᠡᠭᠡ ᠬᠠᠨᠳᠤᠰᠢ ᠠᠴᠠ ᠬᠢᠨᠠᠨ ᠦᠵᠡᠵᠤ᠂ ᠰᠢᠨ᠎ᠠ ᠬᠦᠭᠵᠢᠯᠳᠡ ᠶᠢᠨ ᠱᠠᠳᠤᠨ ᠳᠤ | ᠵᠤᠬᠢᠴᠠᠬᠤ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠠ ᠬᠦᠭᠵᠢᠯᠳᠡ ᠶᠢᠨ | ᠪᠠᠶᠢᠷᠢᠰᠢᠯ ᠢ ᠪᠠᠶᠢᠭᠤᠯᠬᠤ ᠦᠢᠯᠡᠳᠦᠯᠭᠡ ᠶᠢᠨ ᠱᠠᠭᠠᠷᠳᠠᠯᠭ᠎ᠠ ᠶᠢ ᠵᠦᠪ ᠡᠵᠡᠮᠳᠡᠵᠤ᠂ ᠬᠦᠭᠵᠢᠯᠳᠡ ᠶᠢᠨ ᠴᠢᠭᠯᠡᠯ ᠢ | ᠵᠦᠪ ᠡᠵᠡᠮᠳᠡᠵᠤ᠂ ᠬᠦᠭᠵᠢᠯᠳᠡ ᠶᠢᠨ ᠰᠡᠳᠭᠢᠴᠡ ᠪᠠᠨ ᠲᠤᠳᠤᠳᠬᠠᠵᠦ᠂ ᠬᠦᠭᠵᠢᠯᠳᠡ ᠶᠢᠨ ᠭᠤᠤᠯᠳᠠᠯᠭ᠎ᠠ ᠶᠢ | ᠳᠤᠳᠤᠷᠬᠠᠢᠢᠯᠠᠵᠤ᠂ ᠨᠠᠮ ᠪᠤᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠲᠤᠰ ᠪᠡᠶ᠎ᠠ ᠶᠢᠨ | ᠬᠦᠭᠵᠢᠯᠳᠡ ᠪᠠᠨ ᠠᠬᠢᠭᠤᠯᠪᠠ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ | ᠦᠪᠦᠷ ᠮᠤᠩᠭᠤᠯ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ ᠴᠢᠨᠠᠷ ᠰᠠᠶᠢᠳᠠᠢ ᠬᠦᠭᠵᠢᠯᠳᠡ ᠶᠢ | ᠬᠠᠷᠰᠢᠯᠠᠵᠤ ᠪᠠᠶᠢᠭ᠎ᠠ ᠬᠦᠨᠳᠦ ᠶᠡᠭᠡ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠬᠦᠴᠢᠷᠳᠡᠯ | ᠢ ᠰᠢᠢᠳᠪᠦᠷᠢᠯᠡᠬᠦ᠂ ᠬᠦᠭᠵᠢᠯᠳᠡ ᠶᠢ ᠠᠬᠢᠭᠤᠯᠬᠤ ᠠᠯᠢ ᠤᠯᠠᠨ ᠠᠷᠭ᠎ᠠ ᠬᠡᠮᠵᠢᠶ᠎ᠠ ᠶᠢ ᠳᠤᠷᠠᠳᠴᠤ᠂ ᠨᠠᠮ ᠤᠨ ᠲᠦᠪ | ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠶᠠᠯᠳᠤᠯ | ᠤᠨ ᠴᠡᠭ᠂ ᠬᠦᠴᠦᠯᠡᠬᠦ ᠴᠡᠭ ᠢ ᠤᠯᠠᠮ ᠴᠢᠨᠠᠭᠰᠢᠳᠠ ᠳᠤᠳᠤᠷᠬᠠᠢᠢᠯᠠᠵᠤ᠂ ᠬᠠᠷᠠᠯᠳᠠ ᠡᠭᠦᠷᠭᠡ ᠪᠠᠷ ᠬᠦᠳᠦᠯᠤᠨ | ᠵᠢᠯᠤᠭᠤᠳᠴᠦ᠂ ᠲᠦᠷᠢᠮ ᠲᠤᠬᠳᠠᠴᠠ ᠶᠢᠨ ᠲᠠᠯ᠎ᠠ ᠪᠠᠷ ᠬᠢᠵᠠᠭᠠᠷᠯᠠᠯ ᠲᠤᠬᠳᠠᠭᠠᠵᠦ᠂ ᠬᠤᠭᠤᠰᠤᠨ ᠤᠷᠢᠶ᠎ᠠ | ᠬᠠᠰᠭᠢᠷᠬᠤ᠂ ᠨᠠᠶᠢᠳᠠᠪᠤᠷᠢᠵᠢᠭᠤᠯᠤᠯᠳᠠ ᠶᠢ ᠠᠳᠬᠤᠬᠤ ᠦᠭᠡᠢ᠂ ︽ᠬᠤᠶᠠᠷ ᠠᠰᠳᠠᠭᠠᠨ ᠶᠠᠪᠤᠳᠠᠯ ᠪᠤᠯᠭᠠᠬᠤ︾ ᠶᠢ | ᠰᠡᠷᠭᠡᠶᠢᠯᠡᠪᠡ᠃ ᠲᠦᠷᠪᠡ ᠳᠤ ᠪᠠᠶᠢᠯᠲᠤᠬᠤ ᠪᠤᠲᠤᠯᠭ᠎ᠠ ᠪᠠᠷ ᠬᠦᠲᠦᠯᠦᠨ ᠲᠠᠭᠠᠭᠤᠯᠬᠤ ᠶᠢ ᠴᠢᠩᠭᠠᠳᠬᠠᠵᠦ᠂ | ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠨ ᠤ ᠶᠡᠷᠦᠩᠭᠡᠢ ᠪᠠᠶᠢᠷᠢᠯᠠᠭᠤᠯᠤᠯᠲᠠ ᠶᠢ ᠲᠤᠲᠤᠷᠬᠠᠢᠢᠯᠠᠬᠤ ᠳᠤ | ᠰᠠᠭᠤᠷᠢᠯᠠᠵᠦ᠂ ᠴᠢᠭᠯᠡᠯᠲᠦ ᠴᠢᠨᠠᠷ᠂ ᠰᠡᠳᠭᠢᠴᠡ ᠶᠢᠨ ᠴᠢᠨᠠᠷ᠂ ᠵᠢᠯᠤᠭᠤᠳᠬᠤ ᠴᠢᠨᠠᠷ ᠤᠨ ᠱᠠᠭᠠᠷᠲᠠᠯᠭ᠎ᠠ ᠶᠢ | ᠴᠢᠬᠤᠯᠠᠴᠢᠯᠠᠠ ᠲᠤᠷᠠᠳᠴᠦ᠂ ᠪᠦᠬᠦ ᠲᠠᠯ᠎ᠠ ᠪᠠ ᠠᠯᠤᠰ ᠭᠡᠲᠦ ᠶᠢᠨ ᠬᠦᠭᠵᠢᠯᠲᠠ ᠳᠤ ᠬᠤᠯᠪᠤᠬᠳᠠᠬᠤ ᠴᠢᠬᠤᠯᠠ ᠶᠡᠭᠡ | ᠡᠬᠦᠷᠭᠡ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠠᠷᠭ᠎ᠠ ᠬᠡᠮᠵᠢᠶ᠎ᠠ ᠳᠤ ᠲᠤᠬᠢᠷᠠᠭᠤᠯᠤᠯᠲᠠ ᠬᠢᠵᠦ᠂ | ᠲᠦᠯᠦᠪᠵᠢᠭᠦᠯᠭᠡ ᠶᠢᠨ ᠬᠦᠲᠦᠯᠪᠦᠷᠢ ᠪᠠ ᠲᠤᠰᠬᠠᠢ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠳᠤ ᠵᠢᠷᠤᠮᠵᠢᠯ | ᠬᠠᠩᠭᠠᠭᠰᠠᠠ ᠪᠦᠭᠡᠳ ᠤᠷᠤᠨ ᠵᠠᠢ ᠦᠯᠡᠲᠡᠭᠡᠡ ᠦᠭᠴᠠᠢ᠃ | ᠰᠠᠨᠠᠭᠤᠯᠭ᠎ᠠ ᠶᠢᠨ ᠨᠤᠤᠷᠠᠭ 9 ᠬᠡᠰᠡᠭ ᠢᠶᠠᠷ ᠪᠦᠷᠢᠯᠲᠦᠵᠦ᠂ ᠭᠤᠷᠪᠠᠠ ᠶᠡᠭᠡ ᠭᠡᠰᠡᠭ ᠲᠤ ᠬᠤᠪᠢᠶᠠᠵᠠᠢ᠃ | ᠨᠢᠭᠡᠲᠦᠭᠡᠷ ᠶᠡᠭᠡ ᠭᠡᠰᠡᠭ ᠨᠢ ᠶᠡᠷᠦᠩᠭᠡᠢ ᠤᠨᠤᠯ ᠪᠤᠯᠤᠨ᠎ᠠ᠂ ᠤᠲᠤᠷᠢᠳᠬᠠᠯ ᠪᠠ ᠨᠢᠭᠡᠲᠦᠭᠡᠷ ᠬᠡᠰᠡᠭ ᠢ ᠪᠠᠭᠲᠠᠭᠠᠪᠠ᠂ | ᠭᠤᠤᠯᠲᠠᠭᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠰᠢᠨ᠎ᠠ | ᠬᠦᠭᠵᠢᠯᠲᠠ ᠶᠢᠨ ᠱᠠᠲᠤᠨ ᠳᠤ ᠰᠢᠨ᠎ᠠ ᠠᠵᠠ ᠲᠤᠬᠢᠶᠠᠯ ᠪᠠ ᠰᠢᠨ᠎ᠠ ᠦᠷᠢᠰᠦᠯᠲᠦᠭᠡᠡ ᠳᠤ ᠲᠤᠯᠭᠠᠷᠠᠬᠤ᠂ 2035 | ᠣᠨ ᠪᠤᠯᠬᠤ ᠳᠤ ᠨᠡᠶᠢᠭᠡᠮ ᠵᠢᠷᠤᠮᠲᠤ ᠤᠲᠤᠬᠢᠴᠢᠯᠠᠯᠲᠠ ᠶᠢᠨ ᠠᠯᠤᠰ ᠤᠨ ᠬᠠᠷᠠᠯᠲᠠ ᠶᠢ ᠪᠡᠶᠡᠯᠡᠭᠦᠯᠬᠦ᠂ ︽ᠠᠷᠪᠠᠠ | ᠲᠦᠷᠪᠡᠲᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠠ ᠤ ᠠᠵᠦ ᠠᠬᠤᠢ ᠨᠡᠶᠢᠭᠡᠮ ᠤᠨ | ᠬᠦᠭᠵᠢᠯᠲᠠ ᠶᠢᠨ ᠶᠡᠷᠦᠩᠭᠡᠢ ᠱᠠᠭᠠᠷᠲᠠᠯᠭ᠎ᠠ ᠪᠤᠯᠤᠨ ᠭᠤᠤᠯ ᠬᠠᠷᠠᠯᠲᠠ ᠶᠢ ᠲᠤᠲᠤᠷᠬᠠᠢᠢᠯᠠᠠ ᠦᠭᠦᠯᠡᠵᠠᠢ᠃ | ᠬᠤᠶᠠᠲᠤᠭᠠᠷ ᠶᠡᠭᠡ ᠭᠡᠰᠡᠭ ᠨᠢ ᠰᠠᠯᠪᠤᠷᠢ ᠤᠨᠤᠯ ᠪᠤᠯᠤᠨ᠎ᠠ᠂ ᠬᠤᠶᠠᠲᠤᠭᠠᠷ ᠠᠴᠠ ᠨᠠᠢᠮᠠᠲᠤᠭᠠᠷ ᠬᠡᠰᠡᠭ ᠢ ᠪᠠᠭᠲᠠᠭᠠᠪᠠ᠂ | ᠶᠡᠷᠦᠩᠭᠡᠢ ᠳᠡᠭᠡᠨ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠤ ᠠᠭᠤᠯᠤᠭᠲᠠᠬᠤᠨ ᠢ ᠦᠨᠲᠦᠰᠦᠯᠡᠵᠦ ᠵᠤᠬᠢᠶᠠᠠ | ᠪᠠᠶᠢᠭᠤᠯᠵᠦ᠂ ᠰᠢᠨ᠎ᠠ ᠵᠠᠮ ᠢᠶᠠᠷ ᠰᠠᠶᠢᠳᠤᠷ ᠵᠠᠮᠨᠠᠬᠤ᠂ ᠪᠠᠶᠢᠯᠲᠤᠬᠤ ᠪᠤᠲᠤᠯᠭ᠎ᠠ ᠶᠢᠨ ᠪᠠᠶᠢᠷᠢ ᠲᠤᠭᠲᠠᠭᠠᠯᠲᠠ ᠶᠢ | ᠰᠠᠶᠢᠲᠤᠷ ᠨᠠᠶᠢᠲᠠᠪᠤᠷᠢᠵᠢᠭᠤᠯᠬᠤ ᠱᠠᠭᠠᠷᠲᠠᠯᠭ᠎ᠠ ᠪᠤᠯᠤᠨ ᠬᠦᠭᠵᠢᠯᠲᠠ ᠶᠢᠨ ᠦᠨᠲᠦᠰᠦᠨ ᠬᠦᠲᠡᠯᠭᠡᠬᠦ ᠬᠦᠴᠤᠨ᠂ | ᠦᠨᠲᠦᠰᠦᠨ ᠬᠠᠷᠠᠯᠲᠠ ᠪᠠᠷ ᠭᠤᠤᠯᠳᠠᠭᠤᠯᠤᠨ ᠲᠡᠯᠭᠡᠷᠡᠭᠦᠯᠵᠦ ᠶᠠᠷᠢᠪᠠ᠃ ᠬᠤᠶᠠᠲᠤᠭᠠᠷ ᠬᠡᠰᠡᠭ ᠲᠤ ᠭᠤᠤᠯᠲᠠᠭᠤ | ᠰᠢᠨ᠎ᠠ ᠵᠠᠮ ᠢᠶᠠᠷ ᠵᠠᠮᠨᠠᠬᠤ ᠪᠠᠶᠢᠯᠲᠤᠬᠤ ᠪᠤᠲᠤᠯᠭ᠎ᠠ ᠶᠢᠨ ᠲᠤᠯᠭᠠᠭᠤᠷᠢᠯᠠᠯ ᠪᠠ ᠪᠦᠬᠦᠯᠢ ᠴᠤᠭᠴᠠ ᠶᠢᠨ | ᠪᠠᠶᠢᠷᠢᠰᠢᠭᠤᠯᠤᠯᠳᠠ ᠶᠢ ᠲᠤᠲᠤᠷᠬᠠᠢᠢᠯᠠᠠ ᠦᠭᠦᠯᠡᠵᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ | ᠡᠭᠦᠳᠬᠦ ᠴᠢᠲᠠᠪᠤᠷᠢ ᠶᠢ ᠲᠡᠭᠡᠭᠰᠢᠯᠡᠭᠦᠯᠬᠦ᠂ ᠤᠯᠤᠰ ᠤᠨ ᠨᠤᠲᠤᠭ ᠲᠡᠪᠢᠰᠭᠡᠷ ᠤᠨ ᠤᠷᠤᠨ ᠵᠠᠢ ᠶᠢ ᠨᠡᠭᠡᠭᠡᠡ | ᠬᠦᠭᠵᠢᠭᠦᠯᠵᠦ ᠬᠠᠮᠠᠭᠠᠯᠠᠬᠤ ᠰᠢᠨ᠎ᠠ ᠪᠠᠶᠢᠷᠢᠰᠢᠯ ᠢ ᠪᠠᠶᠢᠭᠤᠯᠬᠤ᠂ ᠤᠷᠤᠨ ᠪᠦᠰᠡ ᠶᠢᠨ ᠵᠦᠷᠢᠶᠡᠴᠢᠯᠡᠭᠰᠡᠨ | ᠵᠤᠬᠢᠴᠠᠩᠭᠤᠢ ᠬᠦᠭᠵᠢᠯᠳᠡ ᠶᠢ ᠨᠢᠭᠡᠲᠦᠯᠲᠡᠢ ᠲᠦᠯᠦᠪᠵᠢᠭᠦᠯᠬᠦ᠂ ᠰᠢᠨ᠎ᠠ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠠᠶᠢᠷᠢᠰᠢᠯ ᠪᠤᠯᠤᠨ ᠬᠦᠲᠡᠭᠡ ᠲᠤᠰᠬᠤᠨ ᠢ ᠬᠦᠭᠵᠢᠭᠦᠯᠤᠨ ᠮᠠᠠᠲᠤᠭᠤᠯᠬᠤ ᠶᠢ ᠠᠬᠢᠭᠤᠯᠬᠤ 4 ᠲᠠᠯ᠎ᠠ ᠪᠠᠷ | ᠪᠠᠶᠢᠷᠢᠯᠠᠭᠤᠯᠤᠯᠲᠠ ᠬᠢᠵᠠᠢ︔ ᠭᠤᠷᠪᠠᠲᠤᠭᠠᠷ ᠠᠴᠠ ᠨᠠᠢᠮᠠᠲᠤᠭᠠᠷ ᠬᠡᠰᠡᠭ ᠲᠤ ᠭᠤᠤᠯᠲᠠᠭᠤ ︽ᠬᠤᠶᠠᠷ ᠬᠠᠯᠬᠠᠪᠴᠢ︾᠂ | ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠳᠦᠭᠡᠨ ᠪᠠᠶᠢᠭᠤᠯᠬᠤ ᠪᠠ ᠦᠭᠡᠷᠡᠴᠢᠯᠡᠯᠲᠡ ᠶᠢ ᠪᠦᠬᠦ | ᠲᠠᠯ᠎ᠠ ᠪᠠᠷ ᠬᠦᠨᠵᠡᠭᠡᠶᠢᠷᠡᠭᠦᠯᠬᠦ᠂ ᠠᠷᠠᠳ ᠲᠦᠮᠠᠠ ᠤ ᠠᠵᠠ ᠵᠢᠷᠭᠠᠯ ᠢ ᠨᠡᠮᠡᠭᠲᠡᠭᠦᠯᠬᠦ ᠵᠡᠷᠭᠡ ᠭᠤᠤᠯᠲᠠᠯᠭ᠎ᠠ ᠲᠠᠢ | ᠡᠬᠦᠷᠭᠡ ᠶᠢ ᠲᠤᠲᠤᠷᠬᠠᠢᠢᠯᠠᠠ ᠦᠭᠦᠯᠡᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ | ᠪᠤᠬᠢᠷᠲᠤᠯ ᠦᠭᠡᠢ ᠤᠨᠴᠠᠯᠢᠬᠳᠦ ᠲᠠᠪᠠᠭᠤᠯᠢᠭ ᠤᠲᠤ ᠦᠶ᠎ᠠ ᠶᠢᠨ ᠠᠵᠦ ᠦᠢᠯᠡᠰ ᠤᠨ ᠰᠢᠰᠲ᠋ᠧᠮ ᠢ ᠪᠠᠶᠢᠭᠤᠯᠬᠤ᠂ | ᠤᠯᠤᠰ ᠤᠨ ᠲᠤᠲᠤᠭᠠᠲᠤ ᠶᠢᠨ ᠶᠡᠭᠡ ᠤᠷᠴᠢᠯ ᠳᠤ ᠠᠭᠤᠰᠤᠯᠴᠠᠬᠤ ᠪᠠ ᠤᠯᠤᠰ ᠤᠨ ᠲᠤᠲᠤᠭᠠᠲᠤ ᠭᠠᠳᠠᠭᠠᠳᠦ ᠶᠢᠨ | ᠬᠤᠤᠰ ᠤᠷᠴᠢᠯ ᠢ ᠰᠠᠭᠠᠳ ᠦᠭᠡᠢ ᠨᠡᠪᠲᠡᠷᠡᠭᠦᠯᠬᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ | ᠰᠢᠯᠢᠲᠡᠭᠵᠢᠭᠦᠯᠬᠦ ᠪᠠᠷ ᠰᠠᠭᠤᠷᠢ ᠪᠤᠯᠭᠠᠠ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠠᠷᠠᠳ ᠤᠨ ᠠᠮᠢᠲᠤᠷᠠᠯ ᠤᠨ | ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠵᠡᠷᠭᠡ ᠲᠠᠯ᠎ᠠ ᠶᠢᠨ ᠶᠡᠷᠦᠩᠭᠡᠢ ᠰᠡᠳᠭᠢᠴᠡ᠂ ᠭᠤᠤᠯᠲᠠᠯᠭ᠎ᠠ ᠲᠠᠢ ᠠᠵᠢᠯ ᠪᠤᠯᠤᠨ | ᠴᠢᠬᠤᠯᠠ ᠠᠷᠭ᠎ᠠ ᠬᠡᠮᠵᠢᠶ᠎ᠠ ᠶᠢ ᠲᠤᠲᠤᠷᠬᠠᠢᠢᠯᠠᠠ ᠦᠭᠦᠯᠡᠪᠠ᠃ ᠭᠤᠷᠪᠠᠲᠤᠭᠠᠷ ᠶᠡᠭᠡ ᠭᠡᠰᠡᠭ ᠨᠢ ᠲᠡᠭᠦᠰᠭᠡᠯ ᠤᠨ | ᠭᠡᠰᠡᠭ ᠪᠤᠯᠤᠨ᠎ᠠ᠂ ᠶᠢᠰᠦᠲᠦᠭᠡᠷ ᠬᠡᠰᠡᠭ ᠪᠤᠯᠤᠨ ᠲᠡᠭᠦᠰᠭᠡᠯ ᠤᠨ ᠦᠭᠡ ᠶᠢ ᠪᠠᠭᠲᠠᠭᠠᠪᠠ᠂ ᠭᠤᠤᠯᠲᠠᠭᠤ ᠨᠠᠮ ᠤᠨ | ᠲᠦᠪ ᠬᠤᠷᠢᠶᠠᠠ ᠤ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠪᠠᠷᠢᠮᠲᠠᠯᠠᠵᠦ᠂ ᠨᠡᠶᠢᠭᠡᠮ ᠵᠢᠷᠤᠮ ᠤᠨ ᠤᠯᠤᠰ | ᠳᠦᠷᠦ ᠶᠢᠨ ᠪᠠᠶᠢᠭᠤᠯᠤᠯᠲᠠ ᠶᠢ ᠠᠬᠢᠭᠤᠯᠵᠦ᠂ ᠲᠦᠯᠦᠪᠵᠢᠭᠦᠯᠭᠡ ᠶᠢ ᠲᠤᠭᠲᠠᠭᠠᠬᠤ ᠪᠠ ᠨᠠᠶᠢᠲᠠᠪᠤᠷᠢᠵᠢᠭᠤᠯᠬᠤ | ᠲᠤᠭᠲᠠᠴᠠ ᠶᠢ ᠪᠦᠷᠢᠠᠰᠢᠭᠦᠯᠬᠦ ᠵᠡᠷᠭᠡ ᠠᠭᠤᠯᠭ᠎ᠠ ᠶᠢ ᠲᠣᠳᠣᠷᠬᠠᠶᠢᠯᠠᠨ ᠦᠭᠦᠯᠡᠵᠠᠢ᠃ | ᠭᠤᠷᠪᠠ᠂ ᠲᠤᠲᠤᠷᠬᠠᠢᠢᠯᠠᠬᠤ ᠴᠢᠬᠤᠯᠠᠲᠠᠢ ᠭᠡᠲᠦᠨ ᠭᠤᠤᠯᠳᠠᠯᠭ᠎ᠠ ᠲᠠᠢ ᠠᠰᠠᠭᠤᠲᠠᠯ | ᠰᠠᠨᠠᠭᠤᠯᠭ᠎ᠠ ᠶᠢᠨ ᠨᠤᠤᠷᠠᠭ ᠲᠤ ᠠᠯᠢ ᠤᠯᠠᠠ ᠰᠢᠨ᠎ᠠ ᠬᠠᠷᠠᠯᠲᠠ ᠱᠠᠭᠠᠷᠲᠠᠯᠭ᠎ᠠ ᠪᠤᠯᠤᠨ ᠡᠬᠦᠷᠭᠡ ᠠᠷᠭ᠎ᠠ | ᠬᠡᠮᠵᠢᠶ᠎ᠠ ᠶᠢ ᠲᠤᠷᠠᠳᠴᠠᠢ᠂ ᠠᠲᠡ ᠲᠡᠳᠡᠭᠡᠷ ᠤᠨ ᠲᠤᠲᠤᠷᠠᠬᠢ ᠭᠡᠲᠦᠨ ᠲᠠᠯ᠎ᠠ ᠳᠤ ᠲᠤᠪᠴᠢ ᠲᠤᠲᠤᠷᠬᠠᠢᠢᠯᠠᠯᠲᠠ ᠬᠢᠶ᠎ᠠ | ᠃ | ᠨᠢᠭᠡᠲᠦᠭᠡᠷ ᠲᠤ᠂ 2035 ᠤᠠ ᠤ ᠠᠯᠤᠰ ᠤᠨ ᠬᠠᠷᠠᠯᠲᠠ ᠪᠤᠯᠤᠨ ︽ᠠᠷᠪᠠᠠ ᠲᠦᠷᠪᠡᠲᠦᠭᠡᠷ ᠲᠠᠪᠤᠠ ᠵᠢᠯ︾ | ᠤᠨ ᠬᠦᠭᠵᠢᠯᠲᠠ ᠶᠢᠨ ᠬᠠᠷᠠᠯᠲᠠ ᠶᠢᠨ ᠲᠤᠬᠠᠢ᠃ ᠨᠠᠮ ᠤᠨ ᠲᠦᠪ ᠬᠤᠷᠢᠶᠠᠠ ᠤ ᠪᠠᠶᠢᠯᠲᠤᠬᠤ ᠪᠤᠲᠤᠯᠭ᠎ᠠ ᠶᠢᠨ | ᠲᠤᠬᠢᠷᠠᠭᠤᠯᠤᠯᠲᠠ ᠪᠠ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠤᠯᠤᠰ ᠤᠨ ᠲᠤᠲᠤᠭᠠᠲᠤ | ᠭᠠᠲᠠᠭᠠᠲᠤ ᠶᠢᠨ ᠬᠦᠭᠵᠢᠯᠲᠠ ᠶᠢᠨ ᠬᠠᠨᠲᠤᠰᠢ ᠪᠤᠯᠤᠨ ᠦᠪᠦᠷ ᠮᠤᠩᠭᠤᠯ ᠤᠨ ᠬᠦᠭᠵᠢᠯᠲᠠ ᠶᠢᠨ ᠨᠦᠬᠦᠴᠡᠯ ᠢ | ᠶᠡᠷᠦᠩᠭᠡᠶᠢᠯᠡᠡ ᠪᠤᠲᠤᠯᠬᠢᠯᠠᠵᠦ᠂ ᠰᠠᠨᠠᠭᠤᠯᠭ᠎ᠠ ᠶᠢᠨ ᠨᠤᠤᠷᠠᠭ ᠲᠤ 2035 ᠣᠨ ᠤ ᠠᠯᠤᠰ ᠤᠨ ᠬᠠᠷᠠᠯᠲᠠ ᠶᠢ | ᠲᠤᠲᠤᠷᠬᠠᠢᠢᠯᠠᠭᠰᠠᠠ ᠪᠦᠭᠡᠳ ᠠᠯᠤᠰ ᠭᠡᠲᠦ ᠶᠢᠨ ᠬᠠᠷᠠᠯᠲᠠ ᠨᠢ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ | ᠦᠭᠡᠷᠡᠴᠢᠯᠡᠯᠲᠡ ᠨᠡᠭᠡᠭᠡᠯᠲᠡ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ᠂ ᠠᠷᠠᠳ ᠤᠨ ᠠᠮᠢᠲᠤᠷᠠᠯ | ᠤᠨ ᠠᠵᠠ ᠵᠢᠷᠭᠠᠯ᠂ ᠵᠠᠰᠠᠯᠲᠠ ᠶᠢᠨ ᠦᠷ᠎ᠡ ᠪᠦᠲᠦᠮᠵᠢ ᠵᠡᠷᠭᠡ 6 ᠲᠠᠯ᠎ᠠ ᠪᠠᠷ ᠭᠤᠤᠯᠲᠠᠭᠤᠯᠵᠦ ︽ᠠᠷᠪᠠᠠ | ᠲᠦᠷᠪᠡᠲᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠠ ᠤ ᠠᠵᠦ ᠠᠬᠤᠢ ᠨᠡᠶᠢᠭᠡᠮ ᠤᠨ | ᠬᠦᠭᠵᠢᠯᠲᠠ ᠶᠢᠨ ᠭᠤᠤᠯ ᠬᠠᠷᠠᠯᠲᠠ ᠶᠢ ᠲᠤᠷᠠᠳᠴᠠᠢ᠃ ᠢᠯᠠᠩᠭᠤᠶ᠎ᠠ ᠰᠢᠨ᠎ᠠ ᠵᠠᠮ ᠢᠶᠠᠷ ᠰᠠᠶᠢᠳᠤᠷ ᠵᠠᠮᠨᠠᠬᠤ᠂ | ᠪᠠᠶᠢᠯᠲᠤᠬᠤ ᠪᠤᠲᠤᠯᠭ᠎ᠠ ᠶᠢᠨ ᠪᠠᠶᠢᠷᠢ ᠲᠤᠭᠲᠠᠭᠠᠯᠲᠠ ᠶᠢ ᠰᠠᠶᠢᠲᠤᠷ ᠨᠠᠶᠢᠲᠠᠪᠤᠷᠢᠵᠢᠭᠤᠯᠬᠤ ᠲᠤᠬᠠᠢ ᠬᠠᠷᠠᠯᠲᠠ | ᠱᠠᠭᠠᠷᠲᠠᠯᠭ᠎ᠠ ᠲᠤᠷᠠᠳᠴᠤ᠂ ᠭᠤᠤᠯᠲᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠯᠤᠭ᠎ᠠ ᠬᠠᠷᠢᠯᠴᠠᠨ ᠨᠢᠭᠡᠳᠭᠡᠵᠦ᠂ | ᠬᠠᠷᠢᠯᠴᠠᠠ ᠵᠤᠬᠢᠴᠠᠯᠲᠤᠭᠤᠯᠤᠬᠰᠠᠨ ᠠᠴᠠ ᠪᠦᠬᠦ ᠤᠷᠤᠨ ᠤ ᠲᠡᠭᠡᠳᠦ ᠲᠤᠤᠷᠠᠳᠦ ᠱᠠᠳᠤᠨ ᠤ ᠬᠢᠨ ᠤ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠦ᠂ ᠠᠵᠢᠯᠯᠠᠭ᠎ᠠ ᠪᠠᠨ ᠨᠢᠭᠡᠳᠭᠡᠬᠦ ᠳᠤ ᠠᠰᠢᠭᠲᠠᠢ ᠶᠤᠮ᠃ | ᠰᠠᠨᠠᠭᠤᠯᠭ᠎ᠠ ᠶᠢᠨ ᠨᠤᠤᠷᠠᠭ ᠨᠢ ᠠᠵᠦ ᠠᠬᠤᠢ ᠶᠢᠨ ᠬᠦᠭᠵᠢᠯᠲᠠ ᠶᠢᠨ ᠬᠠᠷᠠᠯᠲᠠ ᠶᠢᠨ ᠲᠤᠬᠠᠢ ᠰᠢᠨᠵᠢ ᠴᠢᠨᠠᠷ | ᠢ ᠲᠤᠭᠲᠠᠭᠠᠬᠤ ᠦᠭᠦᠯᠡᠯᠲᠡ ᠪᠠᠷ ᠭᠤᠤᠯᠲᠠᠭᠤᠯᠵᠦ᠂ ᠲᠤᠭ᠎ᠠ ᠬᠡᠮᠵᠢᠶ᠎ᠠ ᠶᠢ ᠲᠤᠭᠲᠠᠭᠠᠬᠤ ᠶᠢ ᠪᠠᠭᠳᠠᠭᠠᠬᠰᠠᠨ ᠠᠷᠭ᠎ᠠ | ᠬᠡᠯᠪᠡᠷᠢ ᠶᠢ ᠠᠪᠴᠦ᠂ ᠠᠵᠦ ᠠᠬᠤᠢ ᠶᠢᠨ ᠨᠡᠮᠡᠭᠲᠡᠯ ᠤᠨ ᠬᠤᠷᠲᠤᠴᠠ ᠵᠡᠷᠭᠡ ᠪᠤᠲᠠᠲᠠᠢ ᠬᠦᠢᠴᠡᠳᠭᠡᠬᠦ ᠲᠤᠭ᠎ᠠ ᠶᠢ | ᠲᠤᠷᠠᠲᠤᠭᠰᠠᠠ ᠦᠭᠡᠢ᠂ ᠡᠭᠦᠨ ᠤ ᠵᠤᠷᠢᠯᠭ᠎ᠠ ᠨᠢ ᠡᠯ᠎ᠠ ᠲᠠᠯ᠎ᠠ ᠶᠢᠨ ᠬᠢᠨ ᠢ ᠬᠦᠲᠦᠯᠦᠨ ᠵᠢᠯᠤᠭᠤᠳᠴᠤ ᠪᠠᠶᠢᠭᠠᠳ | ᠠᠵᠢᠯ ᠤᠨ ᠭᠤᠤᠯᠲᠠᠯᠭ᠎ᠠ ᠶᠢ ᠠᠮᠢ ᠠᠬᠤᠢ ᠶᠢ ᠤᠷᠢᠳ ᠢᠶᠠᠷ ᠪᠤᠲᠤᠯᠬᠢᠯᠠᠬᠰᠠᠨ᠂ ᠪᠤᠬᠢᠷᠲᠤᠯ ᠦᠭᠡᠢ | ᠬᠦᠭᠵᠢᠭᠦᠯᠬᠦ ᠪᠠᠷ ᠤᠲᠤᠷᠢᠲᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠲᠡᠭᠡᠷ᠎ᠠ ᠲᠠᠯᠪᠢᠭᠤᠯᠵᠦ᠂ ᠬᠦᠭᠵᠢᠯᠲᠠ | ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠲᠡᠭᠡᠭᠰᠢᠯᠡᠭᠦᠯᠬᠦ ᠲᠡᠭᠡᠷ᠎ᠠ ᠲᠠᠯᠪᠢᠭᠤᠯᠬᠤ ᠶᠢᠨ ᠲᠦᠯᠦᠭᠡ ᠶᠤᠮ᠃ | ᠲᠦᠯᠦᠪᠵᠢᠭᠦᠯᠭᠡ ᠶᠢᠨ ᠬᠦᠲᠦᠯᠪᠦᠷᠢ ᠶᠢ ᠨᠠᠶᠢᠷᠠᠭᠤᠯᠵᠦ ᠵᠤᠬᠢᠶᠠᠬᠤ ᠳᠠᠭᠠᠨ ᠨᠠᠷᠢᠨ ᠬᠢᠨᠠᠮᠠᠭᠠᠢ ᠵᠢᠱᠢᠨ ᠪᠤᠲᠤᠬᠰᠠᠠ | ᠰᠠᠭᠤᠷᠢᠠ ᠲᠡᠭᠡᠷ᠎ᠠ ᠵᠤᠬᠢᠬᠤ ᠲᠤᠭ᠎ᠠ ᠬᠡᠮᠵᠢᠶ᠎ᠠ ᠶᠢᠨ ᠬᠠᠷᠠᠯᠲᠠ ᠶᠢ ᠲᠤᠷᠠᠳᠴᠤ ᠪᠤᠯᠤᠨ᠎ᠠ᠃ | ᠬᠤᠶᠠᠲᠤᠭᠠᠷ ᠲᠤ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠲᠤᠬᠠᠢ᠃ ᠨᠠᠮ ᠤᠨ ᠲᠦᠪ | ᠬᠤᠷᠢᠶ᠎ᠠ ᠠᠴᠠ ︽ᠠᠷᠪᠠᠠ ᠲᠦᠷᠪᠡᠲᠦᠭᠡᠷ ᠲᠠᠪᠤᠠ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠠ ᠤ ᠠᠵᠦ | ᠠᠬᠤᠢ ᠨᠡᠶᠢᠭᠡᠮ ᠤᠨ ᠬᠦᠭᠵᠢᠯᠲᠠ ᠨᠢ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠦ᠂ | ᠰᠢᠨ᠎ᠠ ᠴᠠᠭ ᠦᠶ᠎ᠠ ᠰᠢᠨ᠎ᠠ ᠱᠠᠲᠤᠨ ᠤ ᠬᠦᠭᠵᠢᠯᠲᠠ ᠨᠢ ᠡᠷᠭᠡᠪᠰᠢ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ | ᠲᠤᠭᠤᠰᠢᠯᠠᠭᠤᠯᠵᠦ᠂ ᠡᠷᠭᠡᠪᠰᠢ ᠴᠢᠨᠠᠷ ᠰᠠᠶᠢᠲᠠᠢ ᠬᠦᠭᠵᠢᠯᠳᠡ ᠪᠠᠶᠢᠬᠤ ᠬᠡᠷᠡᠭᠲᠡᠢ ᠭᠡᠵᠦ ᠲᠤᠷᠠᠳᠴᠠᠢ᠃ ᠦᠪᠦᠷ | ᠮᠤᠩᠭᠤᠯ ᠳᠤ ᠠᠪᠴᠤ ᠬᠡᠯᠡᠪᠡᠯ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠠ ᠢ ᠲᠤᠭᠤᠰᠢᠯᠠᠭᠤᠯᠵᠦ᠂ ᠴᠢᠨᠠᠷ | ᠰᠠᠶᠢᠲᠠᠢ ᠬᠦᠭᠵᠢᠯᠲᠠ ᠶᠢ ᠠᠬᠢᠭᠤᠯᠬᠤ ᠨᠢ ᠠᠮᠢ ᠠᠬᠤᠢ ᠶᠢ ᠤᠷᠢᠳ ᠢᠶᠠᠷ ᠪᠤᠲᠤᠯᠬᠢᠯᠠᠵᠦ᠂ ᠪᠤᠬᠢᠷᠲᠤᠯ ᠦᠭᠡᠢ | ᠬᠦᠭᠵᠢᠭᠦᠯᠬᠦ ᠪᠠᠷ ᠤᠲᠤᠷᠢᠲᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠬᠤ ᠶᠠᠪᠤᠳᠠᠯ ᠪᠤᠯᠤᠨ᠎ᠠ᠃ | ᠰᠢᠨ᠎ᠠ ᠵᠠᠮ ᠢᠶᠠᠷ ᠰᠠᠶᠢᠲᠤᠷ ᠵᠠᠮᠨᠠᠬᠤ ᠳᠤ᠂ ᠡᠩ ᠲᠡᠷᠢᠭᠦᠨ ᠳᠤ ᠠᠵᠦ ᠠᠬᠤᠢ ᠶᠢᠨ ᠬᠦᠭᠵᠢᠯᠲᠠ ᠪᠤᠯᠤᠨ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠷᠭᠡᠪᠰᠢ | ᠢᠮᠠᠭᠲᠠ ᠠᠮᠢ ᠠᠬᠤᠢ ᠶᠢ ᠤᠷᠢᠳ ᠢᠶᠠᠷ ᠪᠤᠲᠤᠯᠬᠢᠯᠠᠵᠦ᠂ ᠪᠤᠬᠢᠷᠲᠤᠯ ᠦᠭᠡᠢ ᠬᠦᠭᠵᠢᠭᠦᠯᠬᠦ ᠶᠢ ᠪᠠᠷᠢᠮᠲᠠᠯᠠᠬᠤ | ᠭᠡᠷᠡᠭᠲᠡᠢ᠃ ᠡᠨᠡ ᠪᠤᠯ ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠴᠢᠬᠤᠯᠠ ᠤᠷᠢᠲᠠᠯ | ᠮᠦᠨ᠂ ᠢᠯᠠ ᠲᠤᠲᠤ ᠤᠲᠤᠷᠢᠲᠤᠮᠵᠢ ᠮᠦᠨ᠂ ᠤᠲᠤᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠶᠢ ᠠᠬᠢᠭᠤᠯᠬᠤ | ᠴᠢᠬᠤᠯᠠ ᠶᠡᠭᠡ ᠵᠠᠷᠴᠢᠮ ᠮᠦᠨ᠃ ᠰᠠᠨᠠᠭᠤᠯᠭ᠎ᠠ ᠶᠢᠨ ᠨᠤᠤᠷᠠᠭ ᠨᠢ ᠶᠡᠷᠦᠩᠭᠡᠢ ᠱᠠᠭᠠᠷᠲᠠᠯᠭ᠎ᠠ᠂ ᠬᠦᠭᠵᠢᠯᠲᠠ ᠶᠢᠨ | ᠬᠠᠷᠠᠯᠲᠠ ᠶᠢ ᠲᠤᠬᠳᠠᠭᠠᠬᠤ ᠠᠴᠠ ᠭᠤᠤᠯᠲᠠᠯᠭ᠎ᠠ ᠲᠠᠢ ᠡᠬᠦᠷᠭᠡ᠂ ᠴᠢᠬᠤᠯᠠ ᠠᠷᠭ᠎ᠠ ᠬᠡᠮᠵᠢᠶ᠎ᠠ ᠶᠢ ᠪᠠᠶᠢᠷᠢᠯᠠᠭᠤᠯᠬᠤ | ᠬᠦᠷᠲᠡᠯ᠎ᠠ᠂ ᠪᠦᠷ ᠡᠨᠡ ᠬᠦ ᠤᠲᠤᠷᠢᠲᠤᠮᠵᠢ ᠶᠢ ᠲᠤᠪᠤᠶᠢᠯᠭᠠᠵᠦ᠂ ᠡᠨᠡ ᠬᠦ ᠰᠢᠨ᠎ᠠ ᠵᠠᠮ ᠢᠶᠠᠷ ᠵᠠᠮᠨᠠᠬᠤ ᠳᠤ ᠠᠩᠬᠠᠷᠤᠯ | ᠢᠶᠠᠨ ᠲᠦᠪᠯᠡᠷᠡᠭᠦᠯᠦᠭᠰᠡᠡ ᠪᠠᠶᠢᠨ᠎ᠠ᠃ ᠢᠯᠠᠩᠭᠤᠶ᠎ᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢ | ᠲᠡᠶᠢᠯᠦᠩᠭᠦᠢ ᠪᠠᠶᠢᠷᠢᠨ ᠳᠤ ᠲᠠᠯᠪᠢᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠲᠤᠬᠤ ᠪᠤᠲᠤᠯᠭ᠎ᠠ ᠶᠢᠨ ᠲᠤᠭᠲᠠᠯ ᠬᠦᠴᠤ ᠶᠢ ᠪᠠᠳᠤᠯᠠᠵᠦ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ | ᠤ ᠵᠠᠭᠠᠭ ᠬᠢᠵᠠᠭᠠᠷ ᠢ ᠰᠠᠬᠢᠵᠦ᠂ ᠬᠦᠭᠵᠢᠯᠲᠠ ᠪᠤᠬᠢᠷᠲᠤᠯ ᠦᠭᠡᠢ ᠲᠡᠶᠢᠰᠢ ᠰᠢᠯᠵᠢᠬᠦ ᠶᠢ ᠠᠬᠢᠭᠤᠯᠤᠨ᠂ ᠮᠠᠠ ᠤ | ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠵᠦ᠂ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ᠂ ᠪᠤᠬᠢᠷᠲᠤᠯ ᠢ ᠰᠡᠷᠭᠡᠶᠢᠯᠡᠡ | ᠵᠠᠰᠠᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠰᠠᠶᠢᠲᠤᠷ ᠬᠢᠬᠦ᠂ ᠪᠤᠬᠢᠷᠲᠤᠯ ᠦᠭᠡᠢ ᠨᠡᠭᠦᠷᠡᠰᠦᠲᠦ᠋ᠷᠦᠭᠴᠢ ᠪᠠᠭ᠎ᠠ | ᠭᠠᠲᠠᠭᠰᠢᠯᠠᠭᠤᠯᠬᠤ ᠬᠦᠭᠵᠢᠯᠲᠠ ᠶᠢ ᠠᠬᠢᠭᠤᠯᠬᠤ᠂ ᠡᠬᠢ ᠪᠠᠶᠠᠯᠢᠭ ᠢ ᠦᠨᠲᠦᠷ ᠪᠦᠲᠦᠮᠵᠢᠲᠠᠢ ᠠᠰᠢᠠᠠᠯᠠᠬᠤ ᠵᠡᠷᠭᠡ | ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠵᠦ᠂ ᠪᠦᠬᠦ ᠤᠷᠤᠨ ᠤ ᠲᠡᠭᠡᠳᠦ ᠲᠤᠤᠷᠠᠳᠤ ᠱᠠᠳᠤᠨ ᠤ ᠬᠢᠨ ᠢ ᠬᠦᠲᠦᠯᠦᠨ | ᠵᠢᠯᠤᠭᠤᠳᠴᠦ ᠪᠠᠶᠢᠭᠠᠳ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ᠂ ᠪᠤᠬᠢᠷᠲᠤᠯ ᠦᠭᠡᠢ ᠬᠦᠭᠵᠢᠭᠦᠯᠬᠦ | ᠤᠲᠤᠷᠢᠲᠤᠮᠵᠢ ᠶᠢ ᠪᠠᠳᠤ ᠪᠤᠢ ᠪᠤᠯᠭᠠᠵᠦ᠂ ᠴᠢᠨᠠᠷ ᠰᠠᠶᠢᠲᠠᠢ ᠬᠦᠭᠵᠢᠯᠲᠠ ᠲᠤᠮᠲᠠ ᠦᠨᠲᠦᠷ ᠲᠦᠪᠰᠢᠨ ᠲᠠᠢ | ᠬᠠᠮᠠᠭᠠᠯᠠᠯᠳᠠ ᠶᠢ ᠠᠬᠢᠭᠤᠯᠵᠦ᠂ ᠦᠨᠲᠦᠷ ᠲᠦᠪᠰᠢᠨ ᠲᠠᠢ ᠬᠠᠮᠠᠭᠠᠯᠠᠯᠳᠠ ᠲᠤᠮᠲᠠ ᠴᠢᠨᠠᠷ ᠰᠠᠶᠢᠲᠠᠢ ᠬᠦᠭᠵᠢᠯᠲᠠ ᠶᠢ | ᠪᠡᠶᠡᠯᠡᠭᠦᠯᠬᠦ ᠭᠡᠷᠡᠭᠲᠡᠢ᠃ | ᠰᠠᠨᠠᠭᠤᠯᠭ᠎ᠠ ᠶᠢᠨ ᠨᠤᠤᠷᠠᠭ ᠨᠢ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ᠂ ᠪᠤᠬᠢᠷᠲᠤᠯ ᠦᠭᠡᠢ | ᠬᠦᠭᠵᠢᠭᠦᠯᠬᠦ ᠪᠠᠷ ᠤᠲᠤᠷᠢᠲᠤᠮᠵᠢ ᠪᠤᠯᠭᠠᠬᠤ ᠶᠢ ᠪᠦᠬᠦ ᠲᠠᠯ᠎ᠠ ᠪᠠᠷ ᠪᠦᠬᠦ ᠤᠷᠤᠨ ᠪᠦᠰᠡ ᠳᠤ ᠪᠦᠬᠦ ᠶᠠᠪᠤᠴᠠ ᠳᠤ | ᠨᠠᠶᠢᠳᠠᠪᠤᠷᠢᠵᠢᠭᠤᠯᠬᠤ ᠲᠤᠭᠤᠷᠢᠨ ᠳᠤ᠂ ᠤᠯᠤᠰ ᠤᠨ ᠨᠤᠲᠤᠭ ᠲᠡᠪᠢᠰᠭᠡᠷ ᠤᠨ ᠤᠷᠤᠨ ᠵᠠᠢ ᠶᠢᠨ ᠪᠠᠶᠢᠷᠢᠰᠢᠭᠤᠯᠤᠯᠳᠠ᠂ | ᠠᠵᠦ ᠦᠢᠯᠡᠰ ᠤᠨ ᠰᠠᠭᠤᠷᠢᠨ ᠤ ᠪᠠᠶᠢᠷᠢᠰᠢᠭᠤᠯᠤᠯᠳᠠ᠂ ᠤᠷᠤᠨ ᠪᠦᠰᠡ ᠶᠢᠨ ᠠᠵᠦ ᠠᠬᠤᠢ ᠶᠢᠨ | ᠪᠠᠶᠢᠷᠢᠰᠢᠭᠤᠯᠤᠯᠳᠠ᠂ ᠬᠤᠲᠠ ᠶᠢᠨ ᠪᠦᠲᠦᠭᠡᠡ ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠵᠡᠷᠭᠡ ᠳᠤ | ᠪᠠᠶᠢᠷᠢᠯᠠᠭᠤᠯᠤᠯᠲᠠ ᠬᠢᠵᠦ᠂ ᠱᠠᠭᠠᠷᠲᠠᠯᠭ᠎ᠠ ᠲᠤᠷᠠᠳᠤᠨ᠂ ᠡᠯ᠎ᠠ ᠭᠠᠵᠠᠷ ᠤᠨ ᠬᠢᠨ ᠡᠷᠭᠡᠪᠰᠢ ᠶᠠᠭᠤ ᠶᠢ ᠬᠢᠬᠦ᠂ ᠤᠷᠢᠳ | ᠢᠶᠠᠷ ᠶᠠᠭᠤ ᠶᠢ ᠬᠢᠬᠦ᠂ ᠶᠠᠭᠤ ᠶᠢ ᠬᠢᠵᠦ ᠪᠤᠯᠬᠤ ᠦᠭᠡᠢ ᠪᠠᠶᠢᠬᠤ ᠶᠢ ᠲᠤᠲᠤᠷᠬᠠᠢᠢᠯᠠᠵᠦ᠂ ᠵᠡᠭᠦᠨ ᠲᠤᠮᠲᠠ ᠪᠠᠷᠠᠭᠤᠨ | ᠤᠷᠤᠨ ᠬᠠᠮᠲᠤ ᠪᠠᠷ ᠶᠠᠭᠤ ᠶᠢ ᠬᠢᠬᠦ᠂ ᠲᠤᠰ ᠲᠤᠰ ᠲᠠᠭᠠᠨ ᠶᠠᠭᠤ ᠶᠢ ᠬᠢᠬᠦ ᠶᠢ ᠴᠢᠬᠤᠯᠠᠴᠢᠯᠠᠬᠤ᠂ | ᠬᠤᠭᠤᠷᠤᠨᠲᠤ ᠪᠠᠨ ᠪᠠ ᠲᠤᠲᠤᠭᠠᠲᠤ ᠳᠠᠭᠠᠨ ᠭᠡᠷᠬᠢᠨ ᠵᠦᠷᠢᠶᠡᠴᠢᠯᠡᠭᠰᠡᠨ ᠵᠤᠬᠢᠴᠠᠩᠭᠤᠢ ᠬᠦᠭᠵᠢᠯᠳᠡ ᠶᠢ ᠪᠡᠶᠡᠯᠡᠭᠦᠯᠬᠦ | ᠶᠢ ᠲᠤᠲᠤᠷᠬᠠᠢᠢᠯᠠᠭᠰᠠᠠ ᠪᠠᠶᠢᠨ᠎ᠠ᠃ ᠡᠨᠡ ᠬᠦ ᠶᠡᠷᠦᠩᠬᠡᠢ ᠲᠤᠬᠢᠷᠠᠭᠤᠯᠤᠯᠲᠠ ᠪᠠᠷ ᠳᠠᠮᠵᠢᠭᠤᠯᠵᠤ᠂ ᠠᠮᠢ ᠠᠬᠤᠢ ᠶᠢ | ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ | ᠪᠤᠳᠠᠳᠠᠶᠢᠵᠢᠭᠤᠯᠵᠦ ᠨᠠᠷᠢᠯᠢᠬᠵᠢᠭᠤᠯᠤᠨ ᠪᠤᠲᠠᠲᠠᠢ ᠳᠤ ᠨᠠᠶᠢᠳᠠᠪᠤᠷᠢᠵᠢᠭᠤᠯᠬᠤ ᠨᠢ ᠡᠬᠢ ᠪᠠᠶᠠᠯᠢᠭ ᠢ ᠠᠷᠪᠢᠯᠠᠨ | ᠭᠠᠮᠨᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠦ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠬᠦᠯᠬᠦ ᠳᠤ | ᠠᠰᠢᠭᠲᠠᠢ ᠶᠤᠮ᠃ | ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠲᠤᠬᠠᠢ᠃ ᠰᠢᠨ᠎ᠡ ᠵᠠᠮ ᠢᠶᠠᠷ ᠰᠠᠶᠢᠳᠤᠷ ᠵᠠᠮᠨᠠᠵᠦ᠂ ᠠᠵᠦ ᠠᠬᠤᠢ ᠶᠢᠨ ᠬᠦᠭᠵᠢᠯᠲᠡ ᠪᠤᠯᠤᠨ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠦᠷᠢᠴᠡᠯ ᠢ ᠰᠢᠢᠳᠪᠦᠷᠢᠯᠡᠬᠦ ᠳᠤ᠂ ᠵᠠᠩᠭᠢᠯᠠᠭ᠎ᠠ ᠨᠢ | ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠬᠦᠭᠵᠢᠯᠲᠡ ᠶᠢᠨ ᠬᠦᠳᠡᠯᠭᠡᠬᠦ ᠡᠨᠧᠷᠬᠢ ᠶᠢ ᠰᠤᠯᠢᠬᠤ ᠳᠤ | ᠪᠤᠢ᠃ ᠡᠶᠢᠮᠦ ᠠᠴᠠ᠂ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠨ | ᠰᠢᠨ᠎ᠡ ᠬᠦᠳᠡᠯᠬᠡᠬᠦ ᠡᠨᠧᠷᠬᠢ ᠶᠢ ᠪᠤᠶᠢᠵᠢᠭᠤᠯᠤᠨ ᠪᠤᠵᠠᠭᠠᠢᠢᠷᠠᠭᠤᠯᠬᠤ ᠬᠡᠷᠡᠭᠲᠡᠢ᠃ ᠰᠠᠨᠠᠭᠤᠯᠭ᠎ᠠ ᠶᠢᠨ ᠨᠤᠤᠷᠠᠭ ᠲᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠮᠢ ᠠᠬᠤᠢ ᠶᠢ ᠤᠷᠢᠳ ᠢᠶᠠᠷ | ᠪᠤᠳᠤᠯᠬᠢᠯᠠᠬᠰᠠᠨ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ | ᠬᠦᠭᠵᠢᠯᠲᠡ ᠶᠢᠨ ᠰᠢᠨ᠎ᠡ ᠵᠠᠮ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢ ᠡᠯ᠎ᠡ ᠲᠦᠷᠦᠯ ᠤᠨ | ᠲᠦᠯᠦᠪᠵᠢᠭᠦᠯᠭᠡ ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠲᠤᠷᠠᠳᠪᠠ᠂ ᠡᠨᠡ ᠨᠢ | ᠲᠦᠯᠦᠪᠵᠢᠭᠦᠯᠭᠡ ᠪᠠᠷ ᠬᠦᠲᠦᠯᠦᠨ ᠳᠠᠭᠠᠭᠤᠯᠬᠤ ᠪᠠᠷ ᠳᠠᠮᠵᠢᠭᠤᠯᠵᠤ᠂ ᠴᠢᠨᠠᠷ ᠰᠠᠶᠢᠲᠠᠢ ᠬᠦᠭᠵᠢᠯᠲᠡ ᠳᠤ ᠦᠵᠡᠭᠦᠯᠬᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠤᠯᠭᠠᠭᠤᠷᠢᠯᠠᠬᠤ ᠪᠠ ᠬᠦᠲᠦᠯᠦᠨ | ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠦᠯᠦᠭᠡ ᠶᠤᠮ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ | ᠪᠤᠯ ᠦᠪᠦᠷ ᠮᠤᠩᠭᠤᠯ ᠤᠨ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠬᠤ᠂ ᠴᠢᠨᠠᠷ ᠰᠠᠶᠢᠲᠠᠢ ᠬᠦᠭᠵᠢᠭᠦ ᠶᠢ | ᠬᠠᠷᠰᠢᠯᠠᠵᠤ ᠪᠠᠶᠢᠭ᠎ᠠ ᠬᠠᠮᠤᠭ ᠤᠨ ᠳᠤᠪᠤᠶᠢᠮ᠎ᠠ ᠪᠤᠭᠤᠮᠢ ᠪᠠ ᠳᠤᠲᠠᠭᠤᠳᠠᠯ ᠪᠤᠯᠵᠤ ᠪᠠᠶᠢᠨ᠎ᠠ᠃ ᠡᠨᠡ ᠬᠦ ᠠᠰᠠᠭᠤᠳᠠᠯ | ᠢ ᠰᠠᠶᠢᠲᠤᠷ ᠰᠢᠢᠳᠪᠦᠷᠢᠯᠡᠬᠦ ᠦᠭᠡᠢ ᠪᠤᠯ ᠰᠢᠨ᠎ᠡ ᠵᠠᠮ ᠢᠶᠠᠷ ᠵᠠᠮᠨᠠᠬᠤ ᠭᠡᠳᠡᠭ ᠨᠢ ᠬᠤᠭᠤᠰᠤᠨ ᠦᠭᠡ ᠲᠡᠳᠦᠢ ᠪᠤᠯᠵᠤ᠂ | ᠴᠢᠨᠠᠷ ᠰᠠᠶᠢᠲᠠᠢ ᠬᠦᠭᠵᠢᠭᠦᠯᠬᠦ ᠭᠡᠳᠡᠭ ᠨᠢ ᠳᠡᠮᠡᠢ ᠬᠤᠭᠤᠰᠤᠨ ᠵᠦᠢᠯ ᠪᠤᠯᠤᠨ᠎ᠠ᠃ ᠰᠠᠨᠠᠭᠤᠯᠭ᠎ᠠ ᠶᠢᠨ ᠨᠤᠤᠷᠠᠭ ᠲᠤ | ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ | ᠬᠡᠷᠡᠭᠵᠢᠭᠦᠯᠬᠦ ᠶᠢ ᠲᠤᠪᠤᠶᠢᠯᠭᠠᠨ ᠴᠢᠬᠤᠯᠠᠴᠢᠯᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ | ᠮᠤᠩᠭᠤᠯ ᠢ ᠮᠨᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠢᠨ᠎ᠡ ᠶᠢ ᠡᠭᠦᠳᠬᠦ ᠪᠡᠯᠡ ᠤᠷᠤᠭᠤᠯᠤᠯᠲᠠ ᠶᠢ ᠨᠡᠮᠡᠭᠳᠡᠬᠦᠯᠬᠦ᠂ ᠲᠠᠪᠴᠠᠩ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠬᠦ᠂ ᠠᠵᠦ ᠠᠬᠤᠢᠢᠯᠠᠯ ᠤᠨ ᠭᠤᠤᠯ ᠴᠤᠭᠴᠠ ᠶᠢᠨ ᠦᠢᠯᠡᠳᠦᠯ ᠢ ᠪᠠᠳᠠᠷᠠᠭᠤᠯᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠤᠭᠤᠮᠳᠠ ᠰᠢᠪᠲᠤᠯᠤᠯᠳᠠ ᠶᠢ ᠬᠡᠷᠡᠭᠵᠢᠭᠦᠯᠬᠦ᠂ | ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠪᠦᠬᠦ ᠲᠠᠯ᠎ᠠ ᠶᠢᠨ | ᠪᠠᠶᠢᠷᠢᠯᠠᠭᠤᠯᠤᠯᠲᠠ ᠬᠢᠵᠦ᠂ ᠪᠦᠬᠦ ᠤᠷᠤᠨ ᠤ ᠲᠡᠭᠡᠳᠦ ᠲᠤᠤᠷᠠᠳᠦ ᠱᠠᠳᠤᠨ ᠤ ᠬᠢᠨ ᠢ ᠬᠦᠳᠦᠯᠤᠨ ᠵᠢᠯᠤᠭᠤᠳᠴᠦ | ᠰᠢᠨ᠎ᠡ ᠶᠢ ᠡᠭᠦᠳᠬᠦ ᠶᠢ ᠠᠳᠬᠤᠬᠤ ᠪᠤᠯ ᠳᠠᠷᠤᠢ ᠬᠦᠭᠵᠢᠯᠲᠡ ᠶᠢ ᠠᠳᠬᠤᠬᠤ ᠶᠠᠪᠤᠳᠠᠯ ᠪᠤᠯᠤᠨ᠎ᠠ᠂ ᠰᠢᠨ᠎ᠡ ᠶᠢ | ᠡᠭᠦᠳᠬᠦ ᠶᠢ ᠡᠷᠢᠯᠬᠢᠯᠡᠬᠦ ᠪᠤᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠪᠤᠯᠤᠨ᠎ᠠ ᠭᠡᠬᠦ ᠤᠬᠠᠮᠰᠠᠷ ᠢ | ᠴᠢᠩᠭᠠᠳᠬᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠬᠦᠴᠦᠯᠡᠨ | ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠵᠦ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠰᠢᠨ᠎ᠡ ᠬᠦᠳᠡᠯᠭᠡᠬᠦᠷ | ᠤᠯᠭᠤᠵᠦ᠂ ᠰᠢᠨ᠎ᠡ ᠬᠦᠳᠡᠯᠭᠡᠬᠦ ᠡᠨᠧᠷᠬᠢ ᠶᠢ ᠨᠡᠮᠡᠷᠢᠯᠡᠬᠦ ᠬᠡᠷᠡᠭᠲᠡᠢ᠃ | ᠳᠦᠷᠪᠡᠳᠦᠭᠡᠷ ᠲᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠬᠤ ᠲᠤᠬᠠᠢ᠃ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠦᠨᠳᠦᠰᠦᠨ ᠬᠠᠷᠠᠯᠲᠠ ᠪᠤᠯ | ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠦᠯᠦᠭᠡ ᠶᠤᠮ᠃ ᠶᠡᠷᠦᠩᠬᠡᠢ ᠱᠦᠵᠢ ᠰᠢ ᠶᠢᠨ ᠫᠢᠩ | ᠡᠨᠡ ᠵᠢᠯ ᠮᠠᠨ ᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ | ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠲᠤᠬᠠᠢ ᠬᠦᠨᠵᠡᠬᠡᠢ | ᠲᠤᠳᠤᠷᠬᠠᠢᠢᠯᠠᠨ ᠦᠭᠦᠯᠡᠵᠦ᠂ ᠲᠤᠳᠤᠷᠬᠠᠢ ᠱᠠᠭᠠᠷᠳᠠᠯᠭ᠎ᠠ ᠳᠤᠷᠠᠳᠤᠨ᠂ ᠠᠷᠠᠳ ᠲᠦᠮᠡᠨ ᠢ ᠳᠡᠭᠡᠳᠦᠯᠡᠬᠦ᠂ ᠠᠷᠠᠳ | ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠠᠨ ᠳᠤ ᠲᠠᠰᠤᠷᠠᠯᠲᠠ ᠦᠭᠡᠢ ᠪᠤᠶᠠᠨ ᠦᠢᠯᠡᠳᠬᠦ᠂ ᠠᠷᠠᠳ ᠲᠦᠮᠡᠨ | ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠠᠷᠠᠳ ᠲᠦᠮᠡᠨ ᠢᠶᠠᠷ ᠭᠤᠤᠯ | ᠪᠤᠯᠭᠠᠬᠤ ᠶᠢ ᠪᠠᠷᠢᠮᠲᠠᠯᠠᠬᠤ ᠶᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠡᠷᠬᠡᠪᠰᠢ ᠵᠢᠷᠤᠮᠯᠠᠬᠤ ᠵᠠᠷᠴᠢᠮ ᠤᠨ | ᠨᠢᠭᠡ ᠪᠤᠯᠭᠠᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠶᠢ ᠲᠤᠪᠤᠶᠢᠯᠭᠠᠨ ᠴᠢᠬᠤᠯᠠᠴᠢᠯᠠᠪᠠ᠃ ᠡᠳᠡᠬᠡᠷ ᠨᠢ ᠴᠦᠮ ᠪᠢᠳᠡᠨ | ᠤ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠠ ᠪᠤᠲᠠᠲᠠᠢ ᠠᠵᠢᠯ ᠳᠠᠭᠠᠨ ᠨᠠᠶᠢᠳᠠᠪᠤᠷᠢᠵᠢᠭᠤᠯᠬᠤ ᠳᠤ ᠴᠢᠭᠯᠡᠯ ᠢ ᠲᠤᠳᠤᠷᠬᠠᠢ | ᠵᠢᠭᠠᠵᠦ᠂ ᠵᠢᠷᠤᠮᠯᠠᠯ ᠬᠠᠨᠭ᠍ᠭᠠᠪᠠ᠃ | ᠰᠠᠨᠠᠭᠤᠯᠭ᠎ᠠ ᠶᠢᠨ ᠨᠤᠤᠷᠠᠭ ᠨᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ | ᠰᠠᠨᠠᠭ᠎ᠠ ᠶᠢ ᠲᠤᠭᠤᠰᠢᠯᠠᠭᠤᠯᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠲᠠ ᠠᠴᠠ | ᠪᠤᠯᠤᠭᠰᠠᠨ ᠰᠢᠨ᠎ᠡ ᠤᠨᠴᠠᠯᠢᠭ ᠰᠢᠨ᠎ᠡ ᠱᠠᠭᠠᠷᠳᠠᠯᠭ᠎ᠠ ᠶᠢ ᠤᠨᠤᠪᠴᠢᠲᠠᠢ ᠡᠵᠡᠮᠳᠡᠵᠦ᠂ ᠬᠦᠭᠵᠢᠯᠲᠡ ᠶᠢᠨ ᠵᠤᠷᠢᠯᠲᠠ ᠪᠠ | ᠳᠤᠰᠤᠯᠲᠠ ᠶᠢ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠬᠦᠯᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠳᠡᠭᠡᠷ᠎ᠡ | ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠪᠠᠬᠢᠵᠢᠭᠦᠯᠦᠨ ᠦᠷᠭᠡᠳᠭᠡᠬᠦ᠂ ᠠᠷᠠᠳ ᠲᠦᠮᠡᠨ ᠤ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠠᠵᠢᠯ | ᠤᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠬᠤ᠂ ᠴᠢᠨᠠᠷ ᠰᠠᠶᠢᠲᠠᠢ ᠰᠤᠷᠭᠠᠨ | ᠬᠦᠮᠦᠵᠢᠯ ᠤᠨ ᠰᠢᠰᠲ᠋ᠧᠮ ᠢ ᠪᠠᠶᠢᠭᠤᠯᠬᠤ᠂ ᠰᠤᠶᠤᠯ ᠤᠨ ᠠᠵᠢᠯ ᠦᠢᠯᠡᠰ ᠪᠤᠯᠤᠨ ᠰᠤᠶᠤᠯ ᠤᠨ ᠠᠵᠦ ᠦᠢᠯᠡᠰ ᠢ | ᠴᠡᠴᠡᠭᠯᠡᠭᠦᠯᠤᠨ ᠭᠦᠭᠵᠢᠭᠦᠯᠬᠦ᠂ ᠤᠯᠠᠨ ᠳᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠪᠦᠷᠢᠨᠰᠢᠭᠦᠯᠬᠦ᠂ ᠡᠷᠡᠭᠦᠯ ᠡᠩᠬᠡ ᠦᠪᠦᠷ ᠮᠤᠩᠭᠤᠯ ᠢ ᠪᠦᠲᠦᠭᠡᠨ ᠪᠠᠶᠢᠭᠤᠯᠬᠤ ᠶᠢ ᠠᠬᠢᠭᠤᠯᠬᠤ᠂ ᠬᠦᠮᠦᠨ ᠠᠮᠠ ᠶᠢᠨ | ᠨᠠᠰᠤᠵᠢᠯ ᠢ ᠠᠷᠭᠠᠴᠠᠭᠠᠬᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ 9 ᠲᠠᠯ᠎ᠠ ᠪᠠᠷ | ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠷᠠᠳᠴᠦ᠂ ᠦᠨᠳᠦᠰᠦᠲᠡᠨ ᠨᠦᠭᠦᠳ ᠤᠨ ᠠᠷᠠᠳ ᠲᠦᠮᠡᠨ | ᠤ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠨᠭ᠍ᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠲᠠᠪᠤᠳᠤᠭᠠᠷ ᠲᠤ᠂ ᠬᠦᠭᠵᠢᠯᠳᠡ ᠪᠠ ᠠᠮᠤᠷ ᠲᠦᠪᠰᠢᠨ ᠢ ᠨᠢᠭᠡᠳᠦᠯᠳᠠᠢ ᠲᠦᠯᠦᠪᠵᠢᠭᠦᠯᠬᠦ ᠲᠤᠬᠠᠢ᠃ | ᠶᠡᠷᠦᠩᠬᠡᠢ ᠱᠦᠵᠢ ᠰᠢ ᠶᠢᠨ ᠫᠢᠩ᠂ ᠠᠮᠤᠷ ᠲᠦᠪᠰᠢᠨ ᠪᠤᠯ ᠬᠦᠭᠵᠢᠯᠲᠡ ᠶᠢᠨ ᠤᠷᠢᠳᠠᠯ᠂ ᠬᠦᠭᠵᠢᠯᠲᠡ ᠪᠤᠯ ᠠᠮᠤᠷ | ᠲᠦᠪᠰᠢᠨ ᠤ ᠪᠠᠲᠤᠯᠠᠭ᠎ᠠ ᠮᠦᠨ ᠭᠡᠵᠦ ᠴᠢᠬᠤᠯᠠᠴᠢᠯᠠᠪᠠ᠃ ᠦᠪᠦᠷ ᠮᠤᠩᠭᠤᠯ ᠨᠢ ᠤᠯᠤᠰ ᠤᠨ ᠤᠯᠤᠰ ᠲᠦᠷᠦ ᠶᠢᠨ | ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠤᠪᠰᠢᠨ᠂ ᠠᠮᠢ ᠠᠬᠤᠢ ᠶᠢᠨ ᠠᠮᠤᠷ ᠲᠦᠪᠰᠢᠨ᠂ ᠠᠮᠤ ᠪᠤᠳᠠᠭᠠᠨ | ᠤ ᠠᠮᠤᠷ ᠲᠦᠪᠰᠢᠨ᠂ ᠡᠨᠧᠷᠬᠢ ᠶᠢᠨ ᠠᠮᠤᠷ ᠲᠦᠪᠰᠢᠨ᠂ ᠠᠵᠦ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ | ᠵᠡᠷᠭᠡ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠡᠶᠢᠮᠦ ᠠᠴᠠ ᠡᠷᠬᠡᠪᠰᠢ | ᠬᠦᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠵᠦ᠂ ᠠᠮᠤᠷ ᠲᠦᠪᠰᠢᠨ ᠬᠦᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ | ᠴᠢᠨᠠᠷ ᠰᠠᠶᠢᠲᠠᠢ ᠬᠦᠭᠵᠢᠯᠲᠡ ᠪᠤᠯᠤᠨ ᠦᠨᠳᠦᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ | ᠪᠡᠶᠡᠯᠡᠭᠦᠯᠬᠦ ᠬᠡᠷᠡᠭᠲᠡᠢ᠃ | ᠰᠠᠨᠠᠭᠤᠯᠭ᠎ᠠ ᠶᠢᠨ ᠨᠤᠤᠷᠠᠭ ᠲᠤ ᠲᠤᠰ ᠪᠦᠷᠢ ᠲᠤᠰᠬᠠᠢ ᠪᠦᠯᠦᠭ ᠲᠤᠬᠢᠷᠠᠭᠤᠯᠵᠤ ︽ᠬᠤᠶᠠᠷ ᠬᠠᠯᠬᠠᠪᠴᠢ︾ | ᠶᠢ ᠪᠠᠲᠤ ᠴᠤᠭᠴᠠᠯᠠᠬᠤ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠦᠪᠡᠷᠲᠡᠭᠡᠨ ᠵᠠᠰᠠᠬᠤ ᠤᠷᠤᠨ ᠤ | ᠬᠦᠭᠵᠢᠯᠲᠡ ᠶᠢᠨ ᠪᠦᠬᠦ ᠲᠠᠯ᠎ᠠ ᠳᠠᠬᠢ ᠠᠮᠤᠷ ᠲᠦᠪᠰᠢᠨ ᠤ ᠴᠢᠬᠤᠯᠠ ᠪᠠᠶᠢᠷᠢ ᠰᠠᠭᠤᠷᠢ ᠶᠢ ᠳᠤᠪᠤᠶᠢᠯᠭᠠᠪᠠ᠃ ᠡᠯ᠎ᠡ | ᠱᠠᠲᠤᠨ ᠤ ᠬᠢᠨ ᠡᠷᠬᠡᠪᠰᠢ ᠬᠤᠷᠢᠭ᠎ᠠ ᠱᠤᠭᠤᠮ ᠤᠨ ᠰᠡᠳᠭᠢᠬᠦᠢ ᠪᠤᠯᠤᠨ ᠠᠶᠤᠯ ᠲᠦᠭᠰᠢᠭᠦᠷᠢ ᠶᠢᠨ ᠤᠬᠠᠮᠰᠠᠷ ᠢ | ᠪᠠᠲᠤ ᠪᠤᠢ ᠪᠤᠯᠭᠠᠵᠤ᠂ ᠠᠮᠤᠷ ᠲᠦᠪᠰᠢᠨ ᠬᠦᠭᠵᠢᠯᠲᠡ ᠶᠢ ᠬᠦᠭᠵᠢᠯᠲᠡ ᠶᠢᠨ ᠡᠯ᠎ᠡ ᠬᠦᠷᠢᠶ᠎ᠡ ᠪᠦᠬᠦ ᠶᠠᠪᠤᠴᠠ ᠳᠤ | ᠲᠤᠭᠤᠰᠢᠯᠠᠭᠤᠯᠵᠤ᠂ ᠲᠦᠯᠦᠪᠵᠢᠭᠦᠯᠭᠡ ᠶᠢᠨ ᠡᠬᠢᠨ ᠤ ᠭᠤᠭᠴᠤᠭ᠎ᠠ ᠠᠴᠠ ᠡᠬᠢᠯᠡᠨ ︽ᠬᠤᠶᠠᠷ ᠬᠠᠯᠬᠠᠪᠴᠢ︾ ᠶᠢ | ᠴᠤᠬᠴᠠᠯᠠᠬᠤ ᠬᠠᠷᠢᠭᠤᠴᠠᠯᠭ᠎ᠠ ᠡᠭᠦᠷᠭᠡ ᠶᠢ ᠪᠤᠲᠠᠲᠠᠶᠢᠵᠢᠭᠤᠯᠤᠨ ᠠᠳᠬᠤᠵᠤ᠂ ᠡᠬᠡ ᠤᠯᠤᠰ ᠤᠨ ᠤᠮᠠᠷᠠᠲᠤ ᠶᠢᠨ | ᠲᠦᠮᠡᠨ ᠭᠠᠵᠠᠷ ᠤᠨ ᠨᠤᠭᠤᠭᠠᠨ ᠬᠡᠷᠡᠮ ᠪᠤᠯᠤᠨ ᠠᠮᠤᠷ ᠲᠦᠪᠰᠢᠨ ᠲᠤᠭᠲᠠᠭᠤᠨ ᠤ ᠪᠤᠯᠤᠳ ᠬᠡᠷᠡᠮ ᠢ ᠴᠤᠭᠴᠠᠯᠠᠵᠤ᠂ | ᠠᠷᠠᠳ ᠲᠦᠮᠡᠨ ᠠᠮᠤᠷ ᠲᠠᠶᠢᠪᠤᠩ ᠠᠵᠤ ᠲᠦᠷᠦᠬᠦ᠂ ᠨᠡᠶᠢᠭᠡᠮ ᠠᠮᠤᠷ ᠲᠤᠭᠲᠠᠭᠤᠨ ᠡᠮᠬᠢ ᠵᠢᠷᠤᠮ ᠲᠠᠢ ᠪᠠᠶᠢᠬᠤ᠂ | ᠬᠢᠯᠢ ᠬᠢᠵᠠᠭᠠᠷ ᠠᠮᠤᠷ ᠲᠤᠭᠲᠠᠭᠤᠨ ᠪᠠᠬᠢᠵᠢᠭᠦᠨ ᠪᠠᠶᠢᠬᠤ ᠶᠢ ᠪᠠᠲᠤᠯᠠᠬᠤ ᠬᠡᠷᠡᠭᠲᠡᠢ᠃ ᠢᠯᠠᠩᠭᠤᠶ᠎ᠠ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠶᠤᠯ ᠲᠦᠭᠰᠢᠭᠦᠷᠢ ᠶᠢ | ᠤᠷᠢᠳᠴᠢᠯᠠᠨ ᠮᠡᠳᠡᠬᠦ ᠤᠷᠢᠳᠴᠢᠯᠠᠨ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠯᠳᠠᠰᠢ ᠭᠠᠷᠬᠤ ᠶᠢ | ᠪᠦᠳᠦᠮᠵᠢᠳᠠᠢ ᠬᠤᠷᠢᠬᠯᠠᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠤᠨ᠂ ᠦᠯᠡᠳᠡᠭᠳᠡᠵᠦ ᠪᠠᠶᠢᠭ᠎ᠠ ᠠᠶᠤᠯ | ᠲᠦᠭᠰᠢᠭᠦᠷᠢ ᠶᠢ ᠬᠦᠴᠦᠯᠡᠨ ᠠᠷᠢᠯᠭᠠᠵᠦ᠂ ᠨᠡᠮᠡᠭᠳᠡᠵᠦ ᠪᠠᠶᠢᠭ᠎ᠠ ᠠᠶᠤᠯ ᠲᠦᠭᠰᠢᠭᠦᠷᠢ ᠶᠢ ᠴᠢᠩᠭ᠎ᠠ ᠡᠵᠡᠮᠳᠡᠵᠦ᠂ | ᠤᠯᠤᠰ ᠤᠨ ᠬᠦᠭᠵᠢᠯᠲᠡ ᠪᠠ ᠠᠮᠤᠷ ᠲᠦᠪᠰᠢᠨ ᠤ ᠶᠡᠭᠡ ᠲᠠᠯ᠎ᠠ ᠶᠢ ᠪᠠᠳᠤᠯᠠᠬᠤ ᠳᠤ ᠦᠵᠡᠭᠦᠯᠪᠡᠰᠦ ᠵᠤᠬᠢᠬᠤ ᠬᠤᠪᠢ | ᠨᠡᠮᠡᠷᠢ ᠪᠠᠨ ᠦᠵᠡᠭᠦᠯᠬᠦ ᠬᠡᠷᠡᠭᠲᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠯᠦᠪᠵᠢᠭᠦᠯᠭᠡ ᠶᠢᠨ ᠲᠤᠬᠠᠢ ᠰᠠᠨᠠᠭᠤᠯᠭ᠎ᠠ ᠶᠢ | ᠬᠢᠨᠠᠨ ᠵᠦᠪᠯᠡᠵᠦ ᠪᠠᠲᠤᠯᠠᠬᠤ ᠪᠤᠯ ᠡᠨᠡ ᠤᠳᠠᠭ᠎ᠠ ᠶᠢᠨ ᠬᠤᠷᠠᠯ ᠤᠨ ᠴᠢᠬᠤᠯᠠ ᠡᠭᠦᠷᠭᠡ ᠪᠤᠯᠤᠨ᠎ᠠ᠃ ᠤᠯᠠᠨ ᠢᠶᠠᠷ | ᠢᠶᠠᠨ ᠶᠡᠭᠡ ᠲᠠᠯ᠎ᠠ ᠶᠢᠨ ᠦᠨᠳᠦᠷᠴᠡ ᠳᠤ ᠵᠤᠭᠰᠤᠵᠤ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠪᠤᠳᠤᠯᠬᠢᠯᠠᠵᠤ᠂ ᠭᠦᠨᠵᠡᠭᠡᠢ ᠶᠠᠷᠢᠯᠴᠠᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠤᠯᠠᠨ ᠤ | ᠤᠬᠠᠭᠠᠨ ᠬᠠᠮᠳᠤ ᠶᠢᠨ ᠬᠦᠴᠦ ᠶᠢ ᠲᠦᠪᠯᠡᠷᠡᠭᠦᠯᠤᠨ ᠨᠢᠬᠡᠨ ᠬᠤᠪᠢ ᠴᠢᠨᠠᠷ ᠰᠠᠶᠢᠲᠠᠢ ᠲᠦᠯᠦᠪᠵᠢᠭᠦᠯᠭᠡ ᠶᠢᠨ ᠲᠤᠬᠠᠢ | ᠰᠠᠨᠠᠭᠤᠯᠭ᠎ᠠ ᠶᠢ ᠲᠤᠭᠲᠠᠭᠠᠬᠤ ᠶᠢ ᠬᠦᠰᠡᠵᠦ ᠪᠠᠶᠢᠨ᠎ᠠ᠃ |