12 ᠳ᠋ᠤᠭᠠᠷ ᠰᠠᠷ᠎ᠠ ᠶᠢᠨ 28 ᠤ ᠡᠳᠦᠷ᠂ ᠮᠠᠨᠵᠤᠤᠷ ᠪᠣᠭᠤᠮᠲᠠ ᠶᠢᠨ ᠬᠠᠷᠢᠶᠠᠨ ᠳᠠᠬᠢ ᠲᠡᠷᠭᠡᠨ | ᠥᠷᠲᠡᠭᠡ ᠶᠢᠨ ᠪᠣᠭᠤᠮᠲᠠ ᠨᠢ ᠬᠠᠪᠲᠠᠰᠤᠨ ᠮᠠᠲ᠋ᠧᠷᠢᠶᠠᠯ ᠢ ᠨᠢᠭᠡ ᠪᠢᠯᠧᠲ ᠢᠶᠠᠷ ᠬᠢᠯᠢ ᠪᠠᠷ ᠣᠷᠣᠭᠤᠯᠬᠤ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠠᠵᠢᠯ ᠢ ᠤᠷᠤᠭᠰᠢᠲᠠᠶ ᠪᠡᠶᠡᠯᠡᠭᠦᠯᠵᠦ᠂ ᠠᠵᠤ ᠠᠬᠤᠶᠢᠯᠠᠯ ᠨᠢ | ᠭᠤᠶᠤᠴᠢᠯᠠᠨ ᠮᠡᠳᠡᠭᠦᠯᠬᠦ ᠲᠣᠪᠴᠢ ᠮᠡᠳᠡᠭᠦᠯᠦᠯᠲᠡ ᠪᠠᠨ ᠲᠤᠰᠢᠶᠠᠭᠰᠠᠨ ᠤ ᠳᠠᠷᠠᠭ᠎ᠠ 60 ᠰᠧᠺᠦᠨ᠋ᠳ᠋ ᠲᠤ ᠳᠠᠷᠤᠶ | ᠪᠠᠷᠠᠭ᠎ᠠ ᠪᠠᠨ ᠶᠠᠪᠤᠭᠤᠯᠵᠤ ᠪᠣᠯᠬᠤ ᠵᠥᠪᠰᠢᠶᠡᠷᠡᠯ ᠤᠨ ᠮᠡᠳᠡᠭᠳᠡᠯ ᠢ ᠣᠯᠬᠤ ᠪᠣᠯᠪᠠ᠂ ᠡᠨᠡ ᠨᠢ ᠮᠥᠨ ᠴᠦ ᠮᠠᠨᠵᠤᠤᠷ | ᠪᠣᠭᠤᠮᠲᠠ ᠶᠢᠨ ᠣᠷᠣᠨ ᠳᠣᠲᠣᠷᠠᠬᠢ ᠬᠠᠮᠤᠭ ᠤᠨ ᠠᠩᠬᠠᠨ ᠤ ᠲᠡᠮᠦᠷ ᠵᠠᠮ ᠤᠨ ᠲᠡᠭᠡᠭᠡᠪᠦᠷᠢ ᠶᠢᠨ ᠵᠠᠭᠪᠤᠷ ᠤᠨ | ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠬᠠᠶᠢᠯᠠᠭᠰᠠᠨ ᠠᠵᠢᠯ ᠪᠣᠯᠤᠨ᠎ᠠ᠃ 2019 ᠣᠨ ᠤ 10 | ᠳ᠋ᠤᠭᠠᠷ ᠰᠠᠷ᠎ᠠ ᠳᠤ ᠮᠠᠨᠵᠤᠤᠷ ᠪᠣᠭᠤᠮᠲᠠ ᠨᠢ ᠪᠥᠬᠦ ᠤᠯᠤᠰ ᠤᠨ ᠪᠣᠭᠤᠮᠲᠠ ᠶᠢᠨ ᠠᠩᠬᠠᠳᠠᠭᠴᠢ ᠵᠠᠰᠠᠮᠠᠯ ᠵᠠᠮ ᠤᠨ | ᠵᠠᠭᠪᠤᠷ ᠤᠨ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠷᠰᠢᠯᠲᠠ ᠶᠢᠨ ᠴᠡᠭ ᠪᠣᠯᠤᠭᠰᠠᠨ ᠤ | ᠬᠤᠪᠢ ᠳᠤ᠂ ᠮᠠᠨᠵᠤᠤᠷ ᠪᠣᠭᠤᠮᠲᠠ ᠶᠢᠨ ᠣᠷᠣᠨ ᠤ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠨᠢ ᠨᠢᠭᠡᠨᠲᠡ ᠠᠭᠠᠷ ᠤᠨ ᠠᠶᠠᠯᠠᠯ᠂ ᠵᠠᠰᠠᠮᠠᠯ ᠵᠠᠮ᠂ ᠲᠡᠮᠦᠷ ᠵᠠᠮ ᠶᠢᠨ | ᠲᠡᠭᠡᠭᠡᠪᠦᠷᠢ ᠵᠡᠷᠭᠡ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ | ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠯ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ | ︽ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ | ᠠᠷᠠᠯᠵᠢᠶ᠎ᠠ ᠶᠢ ᠳᠥᠭᠦᠮᠴᠢᠯᠡᠬᠦ ᠶᠢ ᠠᠬᠢᠭᠤᠯᠬᠤ ᠶᠢᠨ ᠲᠥᠯᠥᠭᠡ ᠠᠪᠤᠭᠰᠠᠨ ᠴᠢᠬᠤᠯᠠ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠪᠣᠯᠤᠨ᠎ᠠ᠃ ᠲᠣᠰ ᠥᠭᠡᠷᠡᠴᠢᠯᠡᠯᠲᠡ ᠨᠢ ᠤᠤᠯ ᠤᠨ ᠭᠠᠳᠠᠭᠠᠳᠤ ᠠᠴᠠ ᠣᠷᠣᠭᠤᠯᠬᠤ ᠠᠵᠢᠯ ᠤᠨ | ᠪᠣᠭᠤᠮᠲᠠ ᠳᠤ ᠮᠡᠳᠡᠭᠦᠯᠬᠦ ᠵᠠᠭᠪᠤᠷ ᠢ ︽ᠲᠣᠪᠴᠢ ᠮᠡᠳᠡᠭᠦᠯᠬᠦ︾ ᠪᠠ ︽ᠪᠦᠷᠢᠨ ᠮᠡᠳᠡᠭᠦᠯᠬᠦ︾ ᠬᠤᠶᠠᠷ ᠠᠯᠬᠤᠮ | ᠪᠣᠯᠭᠠᠨ ᠰᠢᠯᠢᠳᠡᠭᠵᠢᠭᠦᠯᠪᠡ᠃ ᠲᠣᠪᠴᠢ ᠮᠡᠳᠡᠭᠦᠯᠬᠦ ᠭᠤᠭᠴᠤᠭ᠎ᠠ ᠳᠤ᠂ ᠠᠵᠤ ᠠᠬᠤᠶᠢᠯᠠᠯ ᠨᠢ ᠭᠠᠷᠭᠠᠯᠲᠠ ᠶᠢᠨ | ᠬᠠᠭᠤᠳᠠᠰᠤᠨ ᠤ ᠮᠡᠳᠡᠭᠡ ᠵᠠᠩᠭᠢ ᠳᠤ ᠪᠣᠭᠤᠮᠲᠠ ᠶᠢᠨ ᠠᠮᠤᠷ ᠲᠦᠪᠰᠢᠨ ᠢᠶᠠᠷ ᠵᠥᠪᠰᠢᠶᠡᠷᠡᠨ ᠣᠷᠣᠭᠤᠯᠬᠤ ᠬᠢᠨᠠᠯᠲᠠ | ᠬᠠᠮᠢᠶᠠᠷᠤᠯᠲᠠ ᠶᠢᠨ ᠬᠡᠷᠡᠭᠴᠡᠭᠡ ᠶᠢ ᠬᠠᠩᠭᠠᠬᠤ 9 ᠵᠦᠶᠯ ᠤᠨ ᠴᠢᠬᠤᠯᠠ ᠪᠥᠬᠦᠶ ᠮᠡᠳᠡᠭᠡ ᠵᠠᠩᠭᠢ ᠶᠢ ᠲᠤᠰᠢᠶᠠᠵᠤ᠂ | ᠵᠥᠪᠰᠢᠶᠡᠷᠡᠯ ᠤᠨ ᠦᠨᠡᠮᠯᠡᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠳᠤ ᠬᠤᠯᠪᠣᠭᠳᠠᠬᠤ ᠡᠳ᠋ ᠪᠠᠷᠠᠭ᠎ᠠ ᠳᠤ | ᠳᠠᠬᠢᠨ 7 ᠵᠦᠶᠯ ᠢ ᠲᠤᠰᠢᠶᠠᠪᠠᠯ ᠳᠠᠷᠤᠶ ᠭᠤᠶᠤᠴᠢᠯᠠᠨ ᠮᠡᠳᠡᠭᠦᠯᠵᠦ ᠪᠣᠯᠤᠨ᠎ᠠ᠂ ᠮᠡᠳᠡᠭᠦᠯᠦᠭᠰᠡᠨ ᠤ ᠳᠠᠷᠠᠭᠠᠬᠢ ᠡᠳ᠋ | ᠪᠠᠷᠠᠭ᠎ᠠ ᠶᠢ ᠪᠠᠶᠢᠴᠠᠭᠠᠬᠤ ᠴᠢᠬᠤᠯᠠ ᠥᠬᠡᠶ᠂ ᠳᠠᠷᠤᠶ ᠳᠤ ᠨᠢ ᠶᠠᠪᠤᠭᠤᠯᠵᠤ ᠪᠣᠯᠤᠨ᠎ᠠ᠂ ᠭᠠᠶᠢᠯᠢ ᠳᠤ ᠬᠤᠯᠪᠣᠭᠳᠠᠬᠤ | ᠡᠳ᠋ ᠪᠠᠷᠠᠭ᠎ᠠ ᠪᠣᠯ ᠬᠦᠴᠦᠨ ᠪᠥᠬᠦᠶ ᠭᠠᠶᠢᠯᠢ ᠶᠢᠨ ᠵᠣᠭᠤᠰ ᠤᠨ ᠳᠠᠭᠠᠭᠠᠯᠲᠠ ᠶᠢ ᠬᠠᠩᠭᠠᠬᠤ ᠬᠡᠷᠡᠭᠲᠡᠶ᠃ ᠠᠵᠤ | ᠠᠬᠤᠶᠢᠯᠠᠯ ᠤᠳ ᠲᠡᠭᠡᠭᠡᠪᠦᠷᠢ ᠶᠢᠨ ᠪᠠᠭᠠᠵᠢ ᠬᠡᠷᠡᠭᠰᠡᠯ ᠢᠶᠠᠨ ᠬᠢᠯᠢ ᠪᠠᠷ ᠣᠷᠣᠭᠤᠯᠬᠤ ᠪᠠᠷ ᠭᠤᠶᠤᠴᠢᠯᠠᠨ | ᠮᠡᠳᠡᠭᠦᠯᠦᠭᠰᠡᠨ ᠡᠳᠦᠷ ᠠᠴᠠ ᠡᠬᠢᠯᠡᠨ 14 ᠡᠳᠦᠷ ᠤᠨ ᠳᠣᠲᠣᠷ᠎ᠠ ᠪᠦᠷᠢᠨ ᠪᠦᠲᠦᠨ ᠢᠶᠠᠷ ᠭᠤᠶᠤᠴᠢᠯᠠᠨ ᠮᠡᠳᠡᠭᠦᠯᠵᠦ᠂ | ᠭᠠᠶᠢᠯᠢ ᠲᠠᠲᠠᠪᠤᠷᠢᠯᠠᠨ ᠬᠠᠮᠢᠶᠠᠷᠬᠤ᠂ ᠬᠢᠷᠢ ᠲᠡᠩᠴᠡᠭᠦ ᠶᠢ ᠦᠨᠡᠯᠡᠨ ᠲᠣᠭᠲᠠᠭᠠᠬᠤ᠂ ᠪᠣᠭᠤᠮᠲᠠ ᠶᠢᠨ ᠲᠤᠭ᠎ᠠ | ᠪᠦᠷᠢᠳᠬᠡᠯ ᠵᠡᠷᠭᠡ ᠪᠦᠬᠦᠯᠢ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠬᠠᠩᠭᠠᠬᠤ ᠪᠥᠬᠦ | ᠲᠠᠯ᠎ᠠ ᠶᠢᠨ ᠮᠡᠳᠡᠭᠡ ᠵᠠᠩᠭᠢ ᠵᠢᠴᠢ ᠬᠠᠷᠢᠴᠠᠩᠭᠤᠢ ᠪᠦᠬᠦᠢ ᠳᠠᠭᠠᠯᠲᠠ ᠬᠠᠭᠤᠳᠠᠰᠤ ᠪᠠᠷᠢᠮᠲᠠ ᠵᠡᠷᠭᠡ ᠶᠢ ᠨᠥᠬᠦᠪᠥᠷᠢᠯᠡᠨ | ᠲᠤᠰᠢᠶᠠᠬᠤ ᠶᠢᠨ ᠬᠠᠮᠲᠤ᠂ ᠭᠠᠶᠢᠯᠢ ᠶᠢᠨ ᠵᠣᠭᠤᠰ ᠲᠤᠰᠢᠶᠠᠬᠤ ᠵᠡᠷᠭᠡ ᠵᠠᠯᠭᠠᠮᠵᠢ ᠭᠠᠷ ᠭᠦᠢᠴᠡᠳᠬᠡᠯ ᠢ ᠭᠦᠢᠴᠡᠳᠬᠡᠵᠦ | ᠪᠣᠯᠣᠨ᠎ᠠ᠃ ᠮᠠᠨᠵᠤᠤᠷ ᠤᠨ ᠰᠢᠨ ᠶᠦᠨ ᠭᠠᠳᠠᠭᠠᠳᠤ ᠠᠷᠠᠯᠵᠢᠶᠠᠨ ᠤ ᠲᠡᠭᠡᠭᠡᠪᠦᠷᠢ ᠶᠢᠨ ᠣᠷᠣᠯᠠᠨ ᠭᠦᠶᠴᠡᠳᠬᠡᠬᠦ | ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠳᠠᠭᠠᠭᠠᠮᠠᠯ ᠸᠠᠩ ᠯᠢ ᠵᠢᠤᠸᠠᠨ ᠬᠡᠯᠡᠬᠦ ᠳᠤ ᠪᠠᠨ | ᠄ ︽ᠪᠣᠭᠤᠮᠲᠠ ᠶᠢᠨ ︿ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ﹀ ᠵᠠᠭᠪᠤᠷ ᠤᠨ ᠬᠡᠷᠡᠭᠵᠢᠭᠦᠯᠦᠯᠲᠡ ᠨᠢ | ᠭᠤᠶᠤᠴᠢᠯᠠᠨ ᠮᠡᠳᠡᠭᠦᠯᠬᠦ ᠭᠠᠷᠳᠠᠮ ᠢ ᠳᠥᠭᠦᠮᠴᠢᠯᠡᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠠᠷᠪᠢᠯᠠᠵᠤ᠂ | ᠪᠣᠭᠤᠮᠲᠠ ᠪᠠᠷ ᠥᠩᠭᠡᠷᠡᠬᠦ ᠪᠠ ᠪᠠᠷᠠᠭᠠᠨ ᠤ ᠭᠦᠶᠯᠭᠡᠭᠡᠨ ᠤ ᠡᠷᠭᠢᠯᠲᠡ ᠶᠢᠨ ᠬᠤᠷᠳᠤᠴᠠ ᠶᠢ ᠴᠥᠮ ᠪᠠᠭ᠎ᠠ ᠪᠤᠰᠤ | ᠲᠦᠷᠭᠡᠳᠬᠡᠪᠡ︾ ᠭᠡᠪᠡ᠃ | ︽ᠤᠤᠯ ᠤᠨ ᠪᠣᠭᠤᠮᠲᠠ ᠪᠠᠷ ᠥᠩᠭᠡᠷᠡᠬᠦ ᠵᠠᠭᠪᠤᠷ ᠳᠣᠤᠷ᠎ᠠ᠂ ᠠᠵᠤ ᠠᠬᠤᠶᠢᠯᠠᠯ ᠨᠢ ᠡᠳ᠋ ᠪᠠᠷᠠᠭ᠎ᠠ | ᠭᠤᠶᠤᠴᠢᠯᠠᠨ ᠮᠡᠳᠡᠭᠦᠯᠬᠦ ᠭᠤᠭᠴᠤᠭ᠎ᠠ ᠳᠤ ᠨᠢᠭᠡ ᠯᠡ ᠤᠳᠠᠭ᠎ᠠ ᠳᠤ 105 ᠲᠥᠷᠥᠯ ᠵᠦᠶᠯ ᠤᠨ ᠭᠤᠶᠤᠴᠢᠯᠠᠨ | ᠮᠡᠳᠡᠭᠦᠯᠦᠯᠲᠡ ᠶᠢᠨ ᠠᠵᠢᠯ ᠢ ᠪᠡᠶᠡᠯᠡᠭᠦᠯᠬᠦ ᠨᠢ ᠴᠠᠭ ᠪᠠᠴᠢᠮ᠂ ᠡᠭᠦᠷᠭᠡ ᠬᠦᠨᠳᠦ ᠪᠠᠶᠢᠳᠠᠭ᠃ ︿ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ﹀ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ᠂ ᠠᠵᠤ ᠠᠬᠤᠶᠢᠯᠠᠯ ᠨᠢ | ᠪᠣᠭᠤᠮᠲᠠ ᠳᠤ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠵᠢᠴᠢ ᠭᠡᠷᠡᠴᠢ ᠪᠠᠷᠢᠮᠲᠠ ᠪᠠᠨ ᠨᠢᠭᠡ ᠯᠡ ᠤᠳᠠᠭ᠎ᠠ ᠳᠤ | ᠪᠦᠬᠦᠨ ᠢ ᠲᠤᠰᠢᠶᠠᠬᠤ ᠴᠢᠬᠤᠯᠠ ᠥᠬᠡᠶ ᠪᠣᠯᠵᠤ᠂ ᠲᠣᠪᠴᠢ ᠮᠡᠳᠡᠭᠦᠯᠬᠦ ᠠᠯᠬᠤᠮ ᠢ ᠭᠦᠢᠴᠡᠳᠬᠡᠭᠰᠡᠨ ᠤ ᠳᠠᠷᠠᠭ᠎ᠠ᠂ | ᠪᠣᠭᠤᠮᠲᠠ ᠶᠢᠨ ᠤᠯᠤᠰ ᠤᠨ ᠬᠠᠭᠠᠯᠭ᠎ᠠ ᠶᠢᠨ ᠠᠮᠤᠷ ᠲᠦᠪᠰᠢᠨ ᠣᠷᠣᠭᠤᠯᠬᠤ ᠶᠢ ᠵᠥᠪᠰᠢᠶᠡᠷᠡᠬᠦ ᠲᠦᠭᠰᠢᠭᠦᠷᠢ ᠶᠢᠨ | ᠪᠠᠶᠢᠴᠠᠭᠠᠨ ᠰᠢᠯᠭᠠᠯᠲᠠ ᠳᠤ ᠬᠢᠷᠢ ᠲᠡᠩᠴᠡᠪᠡᠯ᠂ ᠪᠠᠷᠠᠭ᠎ᠠ ᠪᠠᠨ ᠳᠠᠷᠤᠶ ᠶᠠᠪᠤᠭᠤᠯᠵᠤ ᠪᠣᠯᠬᠤ ᠪᠣᠯᠣᠭᠰᠠᠨ ᠲᠤᠯᠠ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ︾ ᠭᠡᠵᠦ ᠮᠠᠨᠵᠤᠤᠷ ᠪᠣᠭᠤᠮᠲᠠ ᠶᠢᠨ | ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠭᠠᠵᠠᠷ ᠤᠨ ᠳᠡᠳ᠋ ᠳᠠᠷᠤᠭ᠎ᠠ ᠰᠢᠶᠦ᠋ᠩ ᠮᠢᠨ ᠲᠤᠤ ᠲᠠᠨᠢᠯᠴᠠᠭᠤᠯᠪᠠ᠃ | ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠨᠢ ᠤᠤᠯ ᠤᠨ ᠪᠣᠭᠤᠮᠲᠠ ᠳᠤ ᠮᠡᠳᠡᠭᠦᠯᠬᠦ ᠵᠠᠭᠪᠤᠷ ᠢ | ︽ᠵᠠᠩᠭᠢᠯᠠᠭ᠎ᠠ ᠶᠢᠨ ᠴᠡᠭ ᠲᠤ ᠭᠤᠶᠤᠴᠢᠯᠠᠨ ᠮᠡᠳᠡᠭᠦᠯᠬᠦ︾ ᠪᠠᠶᠢᠭᠰᠠᠨ ᠠᠴᠠ ᠨᠢ ︽ᠶᠠᠪᠤᠴᠠ ᠳᠤ ᠪᠠᠨ ᠭᠤᠶᠤᠴᠢᠯᠠᠨ | ᠮᠡᠳᠡᠭᠦᠯᠬᠦ︾ ᠪᠣᠯᠭᠠᠨ ᠬᠤᠪᠢᠷᠠᠭᠤᠯᠪᠠ᠃ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠠᠴᠠ ᠠᠪᠴᠤ | ᠬᠡᠯᠡᠪᠡᠯ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠷᠤᠯᠲᠠ ᠶᠢ ᠪᠦᠲᠦᠮᠵᠢᠲᠡᠶ | ᠬᠥᠩᠭᠡᠷᠡᠭᠦᠯᠵᠦ᠂ ᠪᠣᠭᠤᠮᠲᠠ ᠪᠠᠷ ᠥᠩᠭᠡᠷᠡᠭᠦᠯᠬᠦ ᠬᠦᠴᠦᠨ ᠪᠦᠬᠦᠢ ᠬᠤᠭᠤᠴᠠᠭ᠎ᠠ ᠶᠢ ᠶᠡᠭᠡ ᠪᠠᠷ ᠲᠥᠷᠭᠡᠳᠬᠡᠪᠡ︔ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠠᠪᠴᠤ ᠬᠡᠯᠡᠪᠡᠯ᠂ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢ ᠪᠡᠯᠡᠳᠭᠡᠬᠦ ᠴᠠᠭ ᠨᠠᠩ ᠭᠦᠶᠴᠡᠳ ᠪᠣᠯᠵᠣ᠂ ᠪᠣᠭᠤᠮᠲᠠ ᠳᠤ ᠪᠤᠷᠤᠭᠤ ᠮᠡᠳᠡᠭᠦᠯᠬᠦ | ᠲᠣᠬᠢᠶᠠᠯᠳᠤᠮᠵᠢ ᠶᠢ ᠪᠦᠲᠦᠮᠵᠢᠲᠡᠶ ᠪᠠᠭᠤᠷᠠᠭᠤᠯᠵᠤ᠂ ᠭᠤᠶᠤᠴᠢᠯᠠᠨ ᠮᠡᠳᠡᠭᠦᠯᠬᠦ ᠶᠢ ᠳᠥᠭᠦᠮᠴᠢᠯᠡᠬᠦ ᠪᠠ ᠪᠣᠭᠤᠮᠲᠠ ᠪᠠᠷ | ᠥᠩᠭᠡᠷᠡᠭᠦᠯᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠲᠦᠷᠭᠡᠳᠬᠡᠭᠰᠡᠨ ᠮᠥᠷᠲᠡᠭᠡᠨ᠂ ᠠᠵᠤ ᠠᠬᠤᠶᠢᠯᠠᠯ ᠤᠨ | ᠲᠡᠭᠡᠭᠡᠪᠦᠷᠢ ᠡᠵᠡᠩᠨᠡᠯᠲᠡ ᠶᠢᠨ ᠥᠪᠡᠷ ᠤᠨ ᠥᠷᠲᠡᠭ ᠢ ᠴᠦ ᠪᠦᠲᠦᠮᠵᠢᠲᠡᠶ ᠪᠠᠭᠤᠷᠠᠭᠤᠯᠪᠠ᠃ | ᠣᠶᠢᠯᠠᠭᠠᠭᠰᠠᠨ ᠢᠶᠠᠷ᠂ ᠮᠠᠨᠵᠤᠤᠷ ᠪᠣᠭᠤᠮᠲᠠ ᠡᠨᠡ ᠵᠢᠯ ᠪᠣᠶ ᠪᠥᠬᠦᠶ ᠲᠣᠬᠢᠷᠠᠬᠤ ᠪᠣᠭᠤᠮᠲᠠ ᠳᠤ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠳᠡᠯᠭᠡᠷᠡᠭᠦᠯᠵᠦ᠂ ᠥᠭᠡᠷᠡᠴᠢᠯᠡᠯᠲᠡ ᠶᠢᠨ ᠠᠰᠢᠭ ᠲᠤᠰᠠ ᠶᠢ ᠪᠣᠭᠤᠮᠲᠠ ᠶᠢᠨ ᠣᠷᠣᠨ ᠤ ᠪᠣᠶ ᠪᠥᠬᠦᠶ ᠲᠣᠬᠢᠷᠠᠬᠤ ᠠᠵᠤ | ᠠᠬᠤᠶᠢᠯᠠᠯ ᠳᠤ ᠬᠦᠷᠲᠡᠭᠡᠬᠦ ᠶᠢ ᠦᠨᠡᠨ ᠬᠦ ᠪᠠᠲᠤᠯᠠᠵᠤ᠂ ᠪᠣᠭᠤᠮᠲᠠ ᠪᠠᠷ ᠥᠩᠭᠡᠷᠡᠭᠦᠯᠬᠦ ᠳᠥᠭᠦᠮᠴᠢᠯᠡᠯᠲᠡ ᠶᠢᠨ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ | ᠲᠠᠯ᠎ᠠ ᠪᠠᠷ ᠰᠢᠯᠢᠳᠡᠭᠵᠢᠭᠦᠯᠬᠦ ᠶᠢ ᠠᠬᠢᠭᠤᠯᠬᠤ ᠪᠠᠷ ᠪᠠᠶᠢᠨ᠎ᠠ᠃ | | | | | | | | | | | ᠁ |