ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠳᠣᠷᠢᠳᠣᠯᠭ᠎ᠠ ᠨᠠᠷ ︽ᠵᠠᠭᠤᠨ ᠵᠢᠯ ᠤᠨ ᠨᠠᠮ ᠤᠨ ᠲᠡᠤᠬᠡ ᠶᠢ ᠰᠤᠷᠤᠯᠴᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/18
      ᠬᠤᠪᠢᠰᠬᠠᠯ ᠤᠨ ᠲᠥᠯᠥᠭᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠦ ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠦ᠂ ᠮᠠᠨ ᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠰᠤᠷᠠᠯᠲᠠ ᠦᠭᠡᠶ ᠪᠣᠳᠠᠲᠠᠶᠢᠵᠢᠨ ᠭᠦᠨᠵᠡᠭᠡᠶᠢᠷᠡᠬᠦ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠤᠷᠮᠠᠰᠢᠭᠤᠯᠤᠨ ᠵᠣᠷᠢᠭᠵᠢᠭᠤᠯᠬᠤ ᠶᠢᠨ ᠲᠦᠯᠦᠭᠡ᠂ 10 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ᠂ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ ᠭᠡᠰᠢᠭᠦᠨ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠳᠤ ︽ᠵᠠᠭᠤᠨ ᠵᠢᠯ ᠤᠨ ᠨᠠᠮ ᠤᠨ ᠲᠡᠤᠬᠡ ᠶᠢ ᠰᠤᠷᠤᠯᠴᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠶᠠᠨᠵᠢᠷᠭᠠᠯ ᠡᠷᠭᠢᠯᠡᠪᠡ᠃
2-1.jpg
      ᠠᠵᠢᠯᠯᠠᠭ᠎ᠠ ᠶᠢᠨ ᠳᠤᠮᠳᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ ᠨᠥᠬᠦᠷ ᠳᠠᠭᠠᠭᠤᠯᠤᠨ ᠬᠤᠰᠢᠭᠤᠨ ᠤ ᠤᠳᠤᠷᠢᠳᠤᠯᠭ᠎ᠠ ᠲᠠᠢ ᠬᠠᠮᠲᠤ ᠪᠠᠷ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠤ ᠨᠠᠮ ᠤᠨ ᠲᠤᠭ ᠤᠨ ᠳᠣᠤᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠪᠡ᠃ ᠳᠠᠷᠠᠭ᠎ᠠ ᠨᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ ᠨᠠᠷ ᠲᠠᠶᠢᠯᠪᠤᠷᠢᠯᠠᠭᠴᠢ ᠶᠢᠨ ᠲᠠᠭᠠᠭᠤᠯᠭ᠎ᠠ ᠳᠣᠤᠷ᠎ᠠ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠬᠥᠮᠦᠨ ᠤ ᠰᠡᠳᠬᠢᠯ ᠢ ᠬᠥᠳᠡᠯᠭᠡᠮ᠎ᠡ ᠥᠯᠢᠭᠡᠷ ᠢ ᠰᠣᠨᠣᠰᠴᠤ᠂ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯᠡᠰ᠂ ᠬᠡᠷᠡᠯ ᠵᠢᠷᠤᠭ ᠵᠡᠷᠭᠡ ᠶᠢ ᠲᠣᠭᠤᠷᠢᠨ ᠦᠵᠡᠪᠡ᠃ ᠲᠠᠨᠢᠯᠴᠠᠭᠤᠯᠤᠭᠰᠠᠨ ᠢᠶᠠᠷ᠂ ᠴᠢᠯᠥᠭᠡᠯᠡᠬᠦ ᠳᠠᠶᠢᠨ ᠤ ᠦᠶ᠎ᠡ ᠳᠤ᠂1946 ᠣᠨ ᠠᠴᠠ 1948 ᠣᠨ ᠪᠣᠯᠲᠠᠯ᠎ᠠ ᠵᠢᠨᠢᠩ ᠳᠤ ᠵᠢᠨᠢᠩ ᠤᠨ ᠪᠤᠯᠢᠶᠠᠯᠳᠤᠬᠤ ᠳᠠᠶᠢᠨ᠂ ᠳ᠋ᠠᠲ᠋ᠦ᠋ᠩ  ᠵᠢᠨᠢᠩ ᠤᠨ ᠳᠠᠶᠢᠯᠠᠯᠳᠤᠭᠠᠨ ᠪᠠ ᠵᠢᠨᠢᠩ ᠢ ᠴᠢᠯᠥᠭᠡᠯᠡᠬᠦ ᠳᠠᠶᠢᠯᠠᠯᠳᠤᠭᠠᠨ ᠵᠡᠷᠭᠡ ᠭᠤᠷᠪᠠᠨ ᠤᠳᠠᠭᠠᠨ ᠤ ᠨᠡᠯᠢᠶᠡᠳ ᠶᠡᠭᠡ ᠬᠡᠪᠴᠢᠶᠡᠨ ᠤ ᠳᠠᠶᠢᠯᠠᠯᠳᠤᠭᠠᠨ ᠡᠭᠦᠰᠴᠦ᠂ ᠲᠡᠦᠬᠡᠨ ᠳᠡᠭᠡᠷ᠎ᠡ ᠡᠨᠡ ᠭᠤᠷᠪᠠᠨ ᠤᠳᠠᠭᠠᠨ ᠤ ᠳᠠᠶᠢᠯᠠᠯᠳᠤᠭᠠᠨ ᠢ ᠶᠡᠷᠦᠩᠬᠡᠶ ᠳᠤ ᠨᠢ ᠵᠢᠨᠢᠩ ᠤᠨ ᠳᠠᠶᠢᠯᠠᠯᠳᠤᠭᠠᠨ ᠭᠡᠵᠦ ᠨᠡᠷᠡᠯᠡᠵᠦ᠂ ᠵᠢᠨᠢᠩ ᠤᠨ ᠳᠠᠶᠢᠯᠠᠯᠳᠤᠭᠠᠨ ᠨᠢ ᠳᠤᠮᠳᠠᠳᠤ ᠤᠯᠤᠰ ᠤᠨ ᠬᠤᠪᠢᠰᠬᠠᠯᠲᠤ ᠳᠠᠶᠢᠨ ᠤ ᠲᠡᠦᠬᠡᠨ ᠬᠠᠭᠤᠳᠠᠰᠤᠨ ᠳᠤ ᠥᠩᠭᠡ ᠭᠢᠯᠪᠠᠭ᠎ᠠ ᠲᠠᠢ ᠬᠠᠭᠤᠳᠠᠰᠤ ᠶᠢ ᠦᠯᠡᠳᠡᠭᠡᠭᠰᠡᠨ ᠪᠠᠶᠢᠨ᠎ᠠ᠃
2-2.jpg
2-5.jpg
      ᠵᠢᠢ ᠬᠤᠩ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢᠮᠠᠭᠲᠠ ᠮᠠᠨ ᠤ ᠨᠠᠮ ᠤᠨ ᠬᠤᠪᠢᠰᠬᠠᠯ ᠤᠨ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠪᠠᠳᠠᠷᠠᠭᠤᠯᠵᠤ᠂ ᠤᠰᠤ ᠶᠢ ᠨᠢ ᠤᠤᠭᠤᠪᠠᠯ ᠡᠬᠢ ᠶᠢ ᠨᠢ ᠮᠠᠷᠲᠠᠬᠤ ᠦᠭᠡᠢ ᠪᠠᠶᠢᠵᠤ᠂ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠪ ᠬᠠᠮᠲᠤ ᠶᠣᠰᠣᠨ ᠤ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠪᠡ᠃ ᠤᠨᠦᠯ ᠢ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠶ ᠭᠡᠪᠡ᠃ ᠨᠠᠮ ᠤᠨ ᠬᠤᠪᠢᠰᠬᠠᠯ ᠤᠨ ᠭᠧᠨ ᠤ ᠦᠩᠬᠡ ᠤᠨᠠᠬᠤ ᠦᠭᠡᠢ᠂ ᠴᠢᠨᠠᠷ ᠬᠤᠪᠢᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠦᠷᠭᠦᠯᠵᠢ ᠨᠠᠮ ᠤᠨ ᠳᠦᠷᠢᠮ᠂ ᠨᠠᠮ ᠤᠨ ᠲᠣᠭᠲᠠᠭᠠᠯ᠂ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ᠂ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠤᠭ ᠰᠠᠨᠠᠭ᠎ᠠ ᠪᠠᠨ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠯᠢᠳᠡᠭ ᠡᠪ ᠬᠠᠮᠲᠤᠴᠤᠳ ᠪᠤᠯᠵᠤ᠂ ᠠᠷᠠᠳ ᠤᠯᠠᠨ ᠳᠤ ᠵᠣᠯ ᠵᠢᠷᠭᠠᠯ ᠣᠯᠭᠤᠬᠤ ᠨᠠᠮ ᠤᠨ ᠭᠡᠰᠢᠭᠦᠨ ᠺᠠᠳ᠋ᠷ ᠪᠣᠯᠬᠤ ᠬᠡᠷᠡᠭᠲᠡᠢ ᠭᠡᠪᠡ᠃       ᠠᠵᠢᠯᠯᠠᠭ᠎ᠠ ᠶᠢᠨ ᠳᠤᠮᠳᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ᠂ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ︽ᠴᠠᠩᠵᠢᠨ ᠨᠠᠭᠤᠷ︾ ᠭᠡᠬᠦ ᠺᠢᠨᠣ᠋ ᠶᠢ ᠲᠥᠪᠯᠡᠷᠡᠭᠦᠯᠦᠨ ᠦᠵᠡᠪᠡ᠃
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ