ᠤᠯᠠᠭᠠᠨᠴᠠᠪ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/18
      10 ᠳ᠋ᠤᠭᠠᠷ ᠰᠠᠷ᠎ᠠ ᠶᠢᠨ 9 ᠤ ᠡᠳᠦᠷ᠂ ᠤᠯᠠᠭᠠᠨᠴᠠᠪ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠵᠢᠨᠢᠩ ᠲᠣᠭᠤᠷᠢᠭ᠂ ᠰᠢᠩ ᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ ᠰᠢᠨ᠎ᠡ ᠶᠢ ᠡᠭᠦᠳᠦᠭᠰᠡᠨ ᠠᠷᠭ᠎ᠠ ᠪᠠᠷᠢᠯ ᠵᠢᠴᠢ ᠦᠷ᠎ᠡ ᠪᠦᠲᠦᠮᠵᠢ ᠶᠢ ᠨᠡᠶᠢᠲᠡᠯᠡᠪᠡ᠃
现场图片.jpg
      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠺᠠᠩ ᠬᠠᠶ ᠷᠦᠢ᠂ ᠵᠢᠨᠢᠩ ᠲᠣᠭᠤᠷᠢᠭ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠵᠢᠨᠢᠩ ᠲᠣᠭᠤᠷᠢᠭ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠤᠯᠠᠭᠠᠨᠴᠠᠪ ᠬᠤᠲᠠ ᠶᠢᠨ ᠠᠵᠢᠯ ᠤᠨ ᠲᠣᠬᠢᠷᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠪᠥᠬᠦ ᠲᠤᠭᠤᠷᠢᠭ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ︽ᠲᠠᠪᠤ ᠶᠢ ᠬᠦᠴᠦᠯᠡᠬᠦ︾ ᠲᠠᠢ ᠨᠢᠭᠲᠠ ᠤᠶᠠᠯᠳᠤᠭᠤᠯᠤᠨ᠂ ᠠᠷᠠᠳ ᠣᠯᠠᠨ ᠤ ︽ᠪᠠᠴᠢᠮ᠂ ᠬᠦᠴᠢᠷᠳᠡᠯᠲᠠᠢ᠂ ᠵᠤᠪᠠᠭᠤᠷᠢ᠂ ᠬᠦᠰᠡᠯ ᠡᠷᠡᠮᠡᠯᠵᠡᠯ︾ ᠤᠨ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠦᠶᠯᠡᠴᠢᠯᠡᠬᠦ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠰᠦᠪᠡᠭᠴᠢᠯᠡᠨ᠂ ᠥᠷᠭᠡᠨ ᠣᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ᠂ ᠰᠢᠨ᠎ᠡ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠠᠷᠠᠳ ᠲᠦᠮᠡᠨ ᠳᠤ ᠦᠶᠯᠡᠴᠢᠯᠡᠬᠦ ᠶᠢ ᠨᠠᠩ ᠡᠷᠴᠢᠮ ᠲᠠᠢ᠂ ᠨᠠᠩ ᠬᠠᠯᠠᠭᠤᠨ ᠳᠤᠯᠠᠭᠠᠨ ᠪᠣᠯᠭᠠᠪᠠ᠃      ᠺᠠᠩ ᠬᠠᠶ ᠷᠦᠢ ᠲᠠᠨᠢᠯᠴᠠᠭᠤᠯᠬᠤ ᠳᠤ ᠪᠠᠨ᠂ ᠵᠢᠨᠢᠩ ᠲᠣᠭᠤᠷᠢᠭ ᠠᠷᠠᠳ ᠤᠨ ᠠᠮᠢᠳᠤᠷᠠᠯ ᠤᠨ ᠲᠣᠪᠤᠶᠢᠮ᠎ᠠ ᠠᠰᠠᠭᠤᠳᠠᠯ ᠢ ᠲᠦᠢᠯ ᠤᠨ ᠣᠨᠣᠪᠴᠢᠲᠠᠶ ᠪᠠᠷ ᠵᠢᠭᠰᠠᠭᠠᠨ ᠪᠠᠶᠢᠴᠠᠭᠠᠬᠤ ᠠᠴᠠ ᠭᠠᠷᠳᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ ᠦᠨᠳᠦᠰᠦᠨ ᠱᠠᠲᠤᠨ ᠳᠤ ᠣᠴᠢᠭᠤᠯᠵᠤ᠂ ᠡᠮᠦᠨ᠎ᠡ ᠹᠷᠣᠨᠲ ᠢ ᠰᠤᠷᠪᠤᠯᠵᠢᠯᠠᠵᠤ᠂ ᠭᠦᠨᠵᠡᠭᠡᠶ ᠣᠶᠢᠯᠠᠭᠠᠬᠤ ᠪᠠᠷ ᠪᠣᠳᠠᠲᠠᠶ ᠨᠠᠷᠢᠯᠢᠭ ᠬᠢᠬᠦ ᠶᠢ ᠠᠬᠢᠭᠤᠯᠵᠤ᠂ ᠪᠣᠳᠠᠲᠤ ᠶᠠᠪᠤᠳᠠᠯ ᠢ ᠪᠣᠳᠠᠲᠠᠶ ᠴᠤᠭᠯᠠᠭᠤᠯᠬᠤ ᠶᠢ ᠦᠨᠡᠨ ᠬᠦ ᠪᠠᠲᠤᠯᠠᠪᠠ᠃ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠵᠢᠴᠢ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠬᠦᠳᠡᠭᠡ ᠲᠣᠰᠬᠤᠨ ᠨᠡᠶᠢᠭᠡᠮ ᠲᠤᠭᠤᠷᠢᠭ᠂ ᠠᠵᠤ ᠠᠬᠤᠶᠢᠯᠠᠯ᠂ ᠡᠷᠦᠬᠡ ᠳᠤ ᠬᠦᠷᠴᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦᠨ᠎ᠡ︾ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ 128 ᠤᠳᠠᠭ᠎ᠠ ᠥᠷᠨᠢᠭᠦᠯᠵᠦ᠂ 400 ᠭᠠᠷᠤᠶ ᠵᠤᠷᠪᠤᠰ ᠰᠠᠨᠠᠯ ᠰᠠᠨᠠᠭᠤᠯᠭ᠎ᠠ ᠶᠢ ᠰᠣᠨᠣᠰᠴᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ 270 ᠭᠠᠷᠤᠶ ᠤᠳᠠᠭ᠎ᠠ ᠨᠢᠭᠤᠷᠲᠠᠨ ᠰᠢᠶᠳᠪᠦᠷᠢᠯᠡᠪᠡ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠭᠦᠨ᠎ᠡ︾ ᠰᠤᠷᠪᠤᠯᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠤᠭᠤᠷᠢᠭ ᠤᠨ ᠠᠵᠢᠯ ᠳᠤ ᠪᠠᠶᠢᠭ᠎ᠠ 4000 ᠭᠠᠷᠤᠶ ᠨᠠᠮ ᠤᠨ ᠭᠡᠰᠢᠭᠦᠨ ᠢ ᠳᠠᠶᠢᠴᠢᠯᠠᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠬᠠᠮᠲᠤ ᠪᠠᠷ ᠶᠠᠷᠢᠯᠴᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠰᠡᠳᠬᠢᠯ ᠤᠨ ᠲᠠᠭᠤᠨ ᠢ ᠪᠥᠬᠦ ᠲᠠᠯ᠎ᠠ ᠪᠠᠷ ᠰᠣᠨᠣᠰᠴᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠰᠤᠷᠪᠤᠯᠵᠢᠯᠠᠬᠤ ᠨᠠᠷᠢᠨ ᠬᠠᠭᠤᠳᠠᠰᠤ ᠶᠢ ᠪᠣᠶ ᠪᠣᠯᠭᠠᠪᠠ᠃ ︽ᠤᠯᠠᠨ ᠢᠶᠠᠷ ᠢᠶᠠᠨ ᠵᠥᠪᠳᠡᠯᠴᠡᠬᠦ︾ ᠲᠠᠪᠴᠠᠩ ᠢᠶᠠᠷ ᠳᠠᠮᠵᠢᠭᠤᠯᠤᠨ᠂ ᠤᠯᠠᠨ ᠲᠦᠮᠡᠨ ᠤ ︽ᠪᠠᠴᠢᠮ ᠶᠠᠭᠠᠷᠠᠤ᠂ ᠬᠦᠴᠢᠷᠳᠡᠯᠲᠡᠢ᠂ ᠵᠣᠪᠠᠭᠤᠷᠢ᠂ ᠬᠦᠰᠡᠯ ᠡᠷᠡᠮᠡᠯᠵᠡᠯ︾ ᠤᠨ ᠠᠰᠠᠭᠤᠳᠠᠯ ᠢ ᠨᠡᠶᠢᠲᠡ 767 ᠬᠤᠪᠢ ᠴᠤᠭᠯᠠᠭᠤᠯᠤᠭᠰᠠᠨ ᠪᠥᠭᠡᠳ ᠪᠦᠬᠦᠨ ᠢ ᠰᠢᠢᠳᠪᠦᠷᠢᠯᠡᠪᠡ᠃ ᠠᠰᠠᠭᠤᠳᠠᠯ ᠢ ᠵᠢᠭᠰᠠᠭᠠᠨ ᠪᠠᠶᠢᠴᠠᠭᠠᠬᠤ ᠰᠢᠨ᠎ᠡ ᠠᠷᠭ᠎ᠠ ᠵᠠᠮ ᠢ ᠨᠡᠭᠡᠭᠡᠵᠦ᠂ ︽ᠵᠢᠨᠢᠩ ᠨᠡᠶᠢᠲᠡᠯᠡᠯ︾ ᠰᠦᠯᠵᠢᠶ᠎ᠡ᠂ ︽ᠠᠮᠢᠵᠢᠷᠠᠯ ᠤᠨ ᠬᠦᠴᠦᠨ ᠲᠠᠢ ᠵᠢᠨᠢᠩ︾ ᠸᠧᠴᠡᠲ ᠳᠠᠪᠴᠠᠩ ᠢᠶᠠᠷ ᠳᠠᠮᠵᠢᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠢᠯᠡᠳᠦᠯᠭᠡ ᠶᠢᠨ ᠲᠤᠰᠬᠠᠶ ᠪᠤᠯᠤᠩ ᠭᠠᠷᠭᠠᠵᠤ᠂ ︽8389911 ᠬᠠᠯᠠᠮᠰᠢᠯ ᠤᠲᠠᠰᠤ ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠭᠦᠨ᠎ᠡ︾ ᠶᠢ ᠵᠠᠷᠯᠠᠨ ᠨᠡᠶᠢᠲᠡᠯᠡᠵᠦ᠂ ᠰᠦᠯᠵᠢᠶᠡᠨ ᠳᠡᠭᠡᠷ᠎ᠡ ᠣᠯᠠᠨ ᠲᠦᠮᠡᠨ ᠤ ᠲᠤᠰᠬᠠᠭᠰᠠᠨ 382 ᠬᠤᠪᠢ ᠠᠰᠠᠭᠤᠳᠠᠯ ᠢ ᠬᠤᠷᠢᠶᠠᠨ ᠴᠤᠭᠯᠠᠭᠤᠯᠵᠤ᠂ 370 ᠬᠤᠪᠢ ᠠᠰᠠᠭᠤᠳᠠᠯ ᠢ ᠴᠠᠭ ᠲᠤᠬᠠᠶ ᠳᠤ ᠨᠢ ᠬᠠᠷᠢᠭᠤ ᠥᠭᠴᠦ ᠰᠢᠶᠳᠪᠦᠷᠢᠯᠡᠨ ᠳᠠᠭᠤᠰᠬᠠᠵᠤ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ 96 . 9 % ᠳᠤ ᠬᠥᠷᠪᠡ᠃      ᠺᠠᠩ ᠬᠠᠢ ᠷᠦᠢ ᠬᠡᠯᠡᠭᠰᠡᠨ ᠨᠢ᠂ ᠵᠢᠨᠢᠩ ᠲᠣᠭᠤᠷᠢᠭ ᠤᠨ ᠬᠢᠨ ᠱᠠᠳᠤ ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠨᠡᠶᠢᠲᠡᠯᠡᠬᠦ᠂ ᠦᠨᠡᠯᠡᠬᠦ᠂ ᠵᠠᠷᠯᠠᠬᠤ᠂ ᠰᠢᠮᠳᠠᠭᠤᠯᠤᠨ ᠪᠠᠶᠢᠴᠠᠭᠠᠬᠤ ᠲᠦᠷᠪᠡᠨ ᠶᠡᠭᠡ ᠦᠷ᠎ᠡ ᠪᠦᠲᠦᠮᠵᠢ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠲᠦᠷᠦᠯ ᠵᠦᠢᠯ ᠢ ᠪᠦᠬᠦᠨ ᠢ ᠢᠯᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠢᠨᠠᠯᠲᠠ ᠶᠢ ᠬᠦᠯᠢᠶᠡᠵᠦ᠂ ︽ᠪᠣᠳᠠᠲᠠᠢ︾ ᠪᠠᠷ ᠭᠠᠪᠢᠶ᠎ᠠ ᠵᠢᠳᠬᠦᠯ ᠭᠠᠷᠭᠠᠵᠤ᠂ ᠪᠣᠳᠠᠲᠤ ᠶᠠᠪᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠪᠣᠯᠲᠠᠯ᠎ᠠ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠲᠥᠷᠥᠯ ᠵᠦᠶᠯ ᠤᠨ ᠨᠠᠷᠢᠨ ᠲᠠᠩᠰᠠ ᠶᠢ ᠤᠷᠢᠳ ᠬᠤᠵᠢᠳ ᠠᠳᠠᠯᠢ ᠪᠤᠰᠤ ᠬᠡᠯᠪᠡᠷᠢ ᠪᠠᠷ ᠨᠡᠶᠢᠭᠡᠮ ᠳᠤ 5827 ᠵᠦᠶᠯ ᠨᠡᠶᠢᠲᠡᠯᠡᠪᠡ᠂ ᠡᠭᠦᠨ ᠳᠤ᠄ ᠲᠤᠭᠤᠷᠢᠭ ᠤᠨ ᠲᠠᠰ ᠤᠨ ᠤᠳᠤᠷᠢᠳᠤᠯᠭ᠎ᠠ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠥᠷᠥᠯ ᠵᠦᠶᠯ ᠢ 45 ᠵᠦᠶᠯ ᠳᠠᠭᠠᠭᠠᠨ ᠠᠪᠴᠤ᠂ ᠣᠲᠣ ᠨᠢᠭᠡᠨᠲᠡ 35 ᠵᠦᠶᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 77 . 8 % ᠳᠤ ᠬᠦᠷᠴᠡᠶ᠃ ᠰᠠᠯᠠᠭᠠᠨ ᠲᠠᠰ ᠤᠨ ᠺᠠᠳ᠋ᠷ ᠠᠷᠠᠳ ᠤᠨ ᠠᠮᠢᠳᠤᠷᠠᠯ ᠤᠨ 763 ᠲᠥᠷᠥᠯ ᠵᠦᠶᠯ ᠢ ᠭᠥᠯᠢᠶᠡᠨ ᠠᠪᠴᠤ᠂ ᠣᠲᠣ ᠨᠢᠭᠡᠨᠲᠡ 640 ᠲᠥᠷᠥᠯ ᠵᠦᠶᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 83 . 9 % ᠳᠤ ᠬᠦᠷᠴᠡᠶ᠃ ᠡᠩ ᠤᠨ ᠨᠠᠮ ᠤᠨ ᠭᠡᠰᠢᠭᠦᠨ ᠠᠷᠠᠳ ᠤᠨ ᠠᠮᠢᠳᠤᠷᠠᠯ ᠤᠨ 5019 ᠲᠥᠷᠥᠯ ᠵᠦᠶᠯ ᠢ ᠭᠥᠯᠢᠶᠡᠨ ᠠᠪᠴᠤ᠂ ᠣᠲᠣ ᠨᠢᠭᠡᠨᠲᠡ 4856 ᠲᠥᠷᠥᠯ ᠵᠦᠶᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 96 . 8 % ᠳᠤ ᠬᠦᠷᠴᠡᠶ᠃ ᠡᠭᠦᠨ ᠤ ᠬᠠᠮᠲᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠭᠤ ᠲᠤᠰᠬᠠᠭᠰᠠᠨ ︽ᠭᠤᠷᠪᠠ ᠶᠢ ᠠᠰᠠᠭᠤᠬᠤ︾ ᠠᠰᠠᠭᠤᠳᠠᠯ ᠤᠨ ᠠᠵᠢᠯᠯᠠᠭ᠎ᠠ ᠶᠢᠨ ᠨᠠᠷᠢᠨ ᠲᠠᠩᠰᠠ ᠶᠢ ᠰᠠᠨᠠᠭᠠᠴᠢᠯᠠᠭ᠎ᠠ ᠠᠴᠠ ᠪᠠᠨ 13 ᠤᠳᠠᠭ᠎ᠠ ᠭᠥᠯᠢᠶᠡᠨ ᠠᠪᠴᠤ᠂ ᠬᠤᠯᠪᠣᠭᠳᠠᠭᠰᠠᠨ 59 ᠵᠦᠶᠯ ᠤᠨ ᠪᠣᠳᠠᠲᠠᠶ ᠠᠰᠠᠭᠤᠳᠠᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠭᠦᠶᠴᠡᠳᠬᠡᠵᠦ᠂ ᠰᠢᠶᠳᠪᠦᠷᠢᠯᠡᠭᠰᠡᠨ ᠨᠣᠷᠮ᠎ᠠ ᠨᠢ 100 % ᠳᠤ ᠬᠦᠷᠴᠡᠶ᠃      ᠵᠢᠨᠢᠩ ᠲᠣᠭᠤᠷᠢᠭ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠪᠠᠷ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ ᠦᠨᠡᠨ ᠬᠦ ᠰᠢᠶᠳᠪᠦᠷᠢᠯᠡᠪᠡ᠃ 151 ᠣᠷᠣᠨ ᠰᠠᠭᠤᠴᠠ ᠶᠢᠨ ᠰᠠᠭᠤᠭᠠᠯᠢ ᠲᠣᠭᠤᠷᠢᠭ᠂ 69190 ᠡᠷᠦᠬᠡ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠭᠠᠷ ᠭᠦᠶᠴᠡᠳᠬᠡᠯ ᠨᠢ ᠲᠡᠭᠦᠯᠳᠡᠷ ᠪᠤᠰᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠦᠨ᠎ᠡ ᠶᠢᠨ ᠵᠣᠭᠤᠰ ᠢ ᠳᠤᠲᠠᠭᠤ ᠲᠤᠰᠢᠶᠠᠭᠰᠠᠨ ᠵᠡᠷᠭᠡ ᠲᠡᠦᠬᠡᠨ ᠰᠢᠯᠲᠠᠭᠠᠨ ᠠᠴᠠ ᠪᠣᠯᠤᠭᠰᠠᠨ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ ᠠᠰᠠᠭᠤᠳᠠᠯ ᠳᠤ ᠴᠢᠭᠯᠡᠭᠦᠯᠦᠨ᠂ ᠭᠠᠶᠢᠯᠢ ᠥᠷᠢᠲᠦᠵᠦ ᠪᠠᠶᠢᠬᠤ ᠶᠢ ᠨᠢ ᠨᠡᠬᠡᠮᠵᠢᠯᠡᠨ ᠲᠤᠰᠢᠶᠠᠯᠭᠠᠬᠤ᠂ ᠳᠤᠲᠠᠭᠳᠠᠯ ᠢ ᠨᠢ ᠭᠥᠯᠢᠶᠡᠨ ᠠᠪᠴᠤ ᠰᠢᠶᠳᠪᠦᠷᠢᠯᠡᠬᠦ᠂ ᠨᠡᠶᠢᠯᠡᠭᠦᠯᠦᠨ ᠬᠠᠮᠲᠤᠷᠠᠭᠤᠯᠵᠤ ᠬᠢᠨᠠᠨ ᠵᠥᠪᠰᠢᠶᠡᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠲᠣ ᠨᠢᠭᠡᠨᠲᠡ 145 ᠲᠥᠷᠥᠯ ᠵᠦᠶᠯ ᠤᠨ 68844 ᠡᠷᠦᠬᠡ ᠶᠢ ᠬᠢᠨᠠᠵᠤ᠂ ᠪᠡᠶᠡᠯᠡᠭᠦᠯᠦᠭᠰᠡᠨ ᠨᠣᠷᠮ᠎ᠠ ᠨᠢ 99 . 5 % ᠳᠤ ᠬᠦᠷᠴᠡᠶ᠃ 57088 ᠡᠷᠦᠬᠡ ᠶᠢᠨ ᠡᠷᠬᠡ ᠶᠢ ᠨᠤᠲᠠᠯᠠᠵᠤ᠂ ᠪᠡᠶᠡᠯᠡᠭᠦᠯᠦᠭᠰᠡᠨ ᠨᠣᠷᠮ᠎ᠠ ᠨᠢ 81 . 8 % ᠳᠤ ᠬᠥᠷᠪᠡ᠃ 29324 ᠡᠷᠦᠬᠡ ᠪᠠᠷ ᠬᠤᠪᠢᠶᠠᠷᠢᠯᠠᠵᠤ᠂ ᠪᠡᠶᠡᠯᠡᠭᠦᠯᠦᠭᠰᠡᠨ ᠨᠣᠷᠮ᠎ᠠ ᠨᠢ 42 . 38 % ᠳᠤ ᠬᠥᠷᠪᠡ᠃ 11 ᠰᠠᠭᠤᠭᠠᠯᠢ ᠲᠤᠭᠤᠷᠢᠭ᠂ 1493 ᠵᠤᠷᠪᠤᠰ ᠪᠠ 8 ᠢᠵᠢ᠂ 1379 ᠢᠵᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠠᠯᠠ ᠮᠥᠩᠭᠦᠨ ᠤ ᠬᠡᠯᠬᠢᠶ᠎ᠡ ᠲᠠᠰᠤᠷᠠᠭᠰᠠᠨ᠂ ᠪᠠᠷᠢᠴᠠᠭᠠᠯᠠᠵᠤ ᠪᠢᠲᠡᠭᠦᠮᠵᠢᠯᠡᠭᠰᠡᠨ᠂ ᠭᠠᠷ ᠭᠦᠶᠴᠡᠳᠬᠡᠯ ᠪᠦᠷᠢᠨ ᠪᠤᠰᠤ ᠵᠡᠷᠭᠡ ᠲᠡᠦᠬᠡᠨ ᠰᠢᠯᠲᠠᠭᠠᠨ ᠠᠴᠠ ᠪᠣᠯᠤᠭᠰᠠᠨ ︽ᠨᠤᠷᠠᠭᠠᠨ ᠨᠡᠭᠦᠯᠭᠡᠬᠦ ᠳᠤ ᠬᠦᠴᠢᠷᠲᠡᠶ︾ ︽ᠣᠷᠣᠵᠤ ᠰᠠᠭᠤᠬᠤ ᠳᠤ ᠬᠦᠴᠢᠷᠲᠡᠶ︾ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠤᠨᠳᠤᠤ ᠭᠠᠵᠠᠷ ᠲᠤ ᠲᠥᠪᠬᠢᠨᠡᠭᠦᠯᠬᠦ᠂ ᠭᠠᠷ ᠭᠦᠶᠴᠡᠳᠬᠡᠯ ᠢ ᠪᠠᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠢᠯ ᠤᠨ ᠳᠣᠲᠣᠷ᠎ᠠ ︽ᠨᠤᠷᠠᠭᠠᠨ ᠨᠡᠭᠦᠯᠭᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ 1200 ᠢᠵᠢ ᠰᠢᠶᠳᠪᠦᠷᠢᠯᠡᠵᠦ᠂ ︽ᠣᠷᠣᠵᠤ ᠰᠠᠭᠤᠬᠤ ᠳᠤ ᠬᠦᠴᠢᠷᠲᠡᠶ︾ ᠪᠠᠶᠢᠬᠤ ᠠᠰᠠᠭᠤᠳᠠᠯ ᠢ 700 ᠢᠵᠢ ᠰᠢᠶᠳᠪᠦᠷᠢᠯᠡᠵᠦ᠂ ᠢᠷᠡᠬᠦ ᠵᠢᠯ ᠤᠨ ᠡᠴᠦᠰ ᠠᠴᠠ ᠡᠮᠦᠨ᠎ᠡ ᠪᠦᠬᠦᠨ ᠢ ᠰᠢᠶᠳᠪᠦᠷᠢᠯᠡᠬᠦ ᠪᠠᠷ ᠴᠢᠷᠮᠠᠶᠢᠨ᠎ᠠ᠃ ᠣᠯᠠᠨ ᠵᠢᠯ ᠤᠨ ᠲᠤᠷᠰᠢ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠠᠨᠠᠶ᠂ ᠣᠯᠠᠨ ᠲᠦᠮᠡᠨ ᠨᠡᠶᠢᠳᠡᠮ ᠳᠤ ᠪᠠᠨ ᠬᠠᠨᠤᠮᠵᠢ ᠥᠬᠡᠶ ᠪᠠᠶᠢᠭᠰᠠᠨ ᠠᠰᠠᠭᠤᠳᠠᠯ ᠳᠤ ᠴᠢᠭᠯᠡᠭᠦᠯᠦᠨ᠂ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ︽ᠵᠢᠨᠢᠩ ᠲᠣᠭᠤᠷᠢᠭ ᠤᠨ ᠨᠠᠮ ᠤᠨ ᠪᠠᠶᠢᠭᠤᠯᠤᠯᠲᠠ ᠪᠠᠷ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠬᠥᠲᠥᠯᠥᠨ ᠳᠠᠭᠠᠭᠤᠯᠬᠤ ᠶᠢᠨ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ᠵᠡᠷᠭᠡ ᠳᠦᠷᠢᠮ ᠲᠣᠭᠲᠠᠭᠠᠯ  ᠢ ᠲᠣᠭᠲᠠᠭᠠᠵᠤ᠂ ᠰᠠᠭᠤᠭᠠᠯᠢ ᠠᠷᠠᠳ ᠤᠨ ᠬᠠᠨᠤᠮᠵᠢ ᠥᠬᠡᠶ᠂ ᠦᠶᠯᠡᠴᠢᠯᠡᠭᠡᠨ ᠤ ᠶᠠᠰᠤ ᠴᠢᠨᠠᠷ ᠠᠨᠠᠶ ᠠᠳᠠᠯ ᠠᠬᠤᠢ ᠶᠢᠨ ᠺᠣᠮᠫᠠᠨᠢ ᠶᠢ ᠪᠥᠬᠦ ᠲᠠᠯ᠎ᠠ ᠪᠠᠷ ᠢᠯᠭᠠᠷᠠᠭᠤᠯᠤᠨ ᠪᠤᠴᠠᠭᠠᠵᠤ᠂ ᠴᠢᠨᠠᠷ ᠰᠠᠶᠢᠲᠠᠶ ᠠᠳᠠᠯ ᠠᠬᠤᠢ ᠶᠢᠨ ᠦᠶᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠵᠤ ᠰᠠᠭᠤᠯᠭᠠᠨ᠂ ᠪᠥᠬᠦ ᠲᠤᠭᠤᠷᠢᠭ ᠤᠨ ᠠᠳᠠᠯ ᠠᠬᠤᠢ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠣᠳᠣᠬᠠᠨ ᠳᠤ 4 ᠶᠢ ᠢᠯᠭᠠᠷᠠᠭᠤᠯᠤᠨ ᠪᠤᠴᠠᠭᠠᠵᠤ᠂ 6 ᠶᠢ ᠣᠷᠣᠭᠤᠯᠤᠨ ᠠᠪᠴᠢᠷᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢᠨ 82 % ᠲᠤ ᠬᠦᠷᠦᠭᠦᠯᠵᠡᠢ᠃      ᠵᠢᠨᠢᠩ ᠲᠣᠭᠤᠷᠢᠭ ᠢᠮᠠᠭᠲᠠ ᠠᠷᠠᠳ ᠲᠦᠮᠡᠨ ᠳᠤ ᠬᠠᠨᠤᠮᠵᠢᠲᠠᠶ ᠪᠠᠶᠢᠬᠤ ᠡᠰᠡᠬᠦ᠂ ᠮᠡᠳᠡᠷᠡᠵᠦ ᠪᠠᠶᠢᠬᠤ ᠡᠰᠡᠬᠦ᠂ ᠮᠠᠭᠲᠠᠨ ᠰᠠᠶᠢᠰᠢᠶᠠᠵᠤ ᠪᠠᠶᠢᠬᠤ ᠡᠰᠡᠬᠦ ᠪᠠᠷ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠭᠦᠨ᠎ᠡ︾ ᠪᠠᠷ ᠠᠵᠢᠯ ᠤᠨ ᠬᠠᠷᠠᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ︽ᠶᠡᠷᠦᠩᠬᠡᠶᠢᠯᠡᠭᠰᠡᠨ ᠨᠢᠭᠡ ᠴᠣᠩᠬᠤᠪᠴᠢ︾  ᠪᠠᠷ ᠭᠥᠯᠢᠶᠡᠨ ᠠᠪᠬᠤ᠂ ︽ᠨᠢᠭᠡ ᠤᠴᠢᠷ ᠢ ᠨᠢᠭᠡ ᠯᠡ ᠤᠳᠠᠭ᠎ᠠ ᠭᠦᠶᠴᠡᠳᠬᠡᠬᠦ︾ ᠠᠵᠢᠯ ᠤᠨ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ︽ᠣᠯᠠᠨ ᠴᠣᠩᠬᠤᠪᠴᠢ︾ ᠠᠴᠠ ︽ᠨᠢᠭᠡ ᠴᠣᠩᠬᠤᠪᠴᠢ︾ ᠪᠣᠯᠭᠠᠨ ᠬᠤᠪᠢᠷᠠᠭᠤᠯᠵᠤ᠂ ︽ᠨᠢᠭᠡ ᠤᠴᠢᠷ ᠶᠠᠪᠤᠳᠠᠯ︾ ᠢ ᠨᠢᠭᠡ ᠴᠣᠩᠬᠤᠪᠴᠢ᠂ ᠨᠢᠭᠡ ᠬᠦᠰᠦᠨᠦᠭᠲᠦ᠂ ᠨᠢᠭᠡ ᠳᠤᠭᠤᠶᠢᠯᠠᠩ ᠴᠤᠪᠤᠷᠠᠯ᠂ ᠨᠢᠭᠡ ᠢᠵᠢ ᠮᠠᠲ᠋ᠧᠷᠢᠶᠠᠯ ᠢ ᠪᠡᠶᠡᠯᠡᠭᠦᠯᠵᠦ᠂ ᠨᠢᠭᠡ ᠯᠡ ᠤᠳᠠᠭ᠎ᠠ ᠳᠤ ᠰᠠᠶᠢᠲᠤᠷ ᠭᠦᠶᠴᠡᠳᠬᠡᠵᠦ᠂ ᠣᠲᠣ ᠨᠢᠭᠡᠨᠲᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠤᠴᠢᠷ ᠶᠠᠪᠤᠳᠠᠯ ᠢ 11222 ᠬᠤᠪᠢ ᠭᠦᠶᠴᠡᠳᠬᠡᠵᠦ ᠳᠠᠭᠤᠰᠬᠠᠵᠠᠶ᠃ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠲᠠᠰᠤᠭ᠂ ᠨᠡᠶᠢᠲᠡ ᠶᠢᠨ ᠮᠠᠰᠢᠨ ᠲᠡᠷᠭᠡᠨ ᠳᠤ ︽ᠪᠢ ᠲᠠᠨ ᠢ ᠬᠠᠪᠰᠤᠷᠠᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ᠂ ᠦᠢᠯᠡᠴᠢᠯᠡᠭᠡᠨ ᠤ ᠠᠵᠢᠯ ᠤᠨ ᠪᠠᠶᠢᠷᠢ ᠶᠢ 260 ᠶᠢ ᠥᠷᠭᠡᠨ ᠢᠶᠠᠷ ᠪᠠᠶᠢᠭᠤᠯᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 4500 ᠭᠠᠷᠤᠶ ᠤᠳᠠᠭ᠎ᠠ ᠥᠷᠨᠢᠭᠦᠯᠦᠨ᠂ ᠣᠯᠠᠨ ᠲᠦᠮᠡᠨ ᠳᠤ 23 ᠲᠦᠮᠡᠨ ᠬᠥᠮᠦᠨ ᠤᠳᠠᠭ᠎ᠠ ᠦᠢᠯᠡᠴᠢᠯᠡᠪᠡ᠃ ᠨᠠᠷᠠᠰᠤᠨ ᠭᠤᠤᠯ ᠤᠨ ᠠᠮᠢ ᠠᠬᠤᠶ ᠶᠢᠨ ᠴᠡᠴᠡᠷᠯᠢᠭ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠨᠠᠷᠠᠰᠤᠨ ᠭᠤᠤᠯ ᠤᠨ ᠦᠵᠡᠮᠵᠢ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠪᠠ᠃ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ 9 ᠵᠤᠷᠪᠤᠰ ᠰᠢᠨ᠎ᠡ ᠪᠠᠷ ᠨᠡᠪᠲᠡᠷᠡᠭᠦᠯᠵᠦ᠂ ᠰᠤᠷᠭᠠᠭᠤᠯᠢ᠂ ᠠᠵᠤ ᠠᠬᠤᠶᠢᠯᠠᠯ ᠳᠤ 7 ᠵᠤᠷᠪᠤᠰ ᠲᠤᠰᠬᠠᠶ ᠱᠤᠭᠤᠮ ᠲᠣᠭᠲᠠᠭᠠᠨ ᠥᠭᠴᠦ᠂ ᠵᠢᠨᠢᠩ ᠤᠨ ᠡᠷᠦᠬᠡ ᠠᠮᠠ ᠶᠢᠨ ᠲᠠᠩᠰᠠ ᠥᠬᠡᠶ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠶᠳᠬᠡᠯ ᠬᠤᠷᠢᠶᠠᠬᠤ ᠥᠬᠡᠶ ᠨᠡᠶᠢᠲᠡ ᠶᠢᠨ ᠮᠠᠰᠢᠨ ᠲᠡᠷᠭᠡᠨ ᠤ ᠺᠠᠷᠲ 2500 ᠭᠠᠷᠤᠶ ᠥᠭᠴᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠦᠢᠯ ᠤᠨ ᠶᠡᠭᠡ ᠲᠥᠬᠦᠮ ᠦᠵᠡᠭᠦᠯᠪᠡ᠃ ︽ᠤᠯᠠᠭᠠᠨᠮᠥ᠋ᠴᠢᠷ ᠲᠦᠮᠡᠨ ᠡᠷᠦᠬᠡ ᠳᠤ ᠬᠦᠷᠴᠦ ᠦᠶᠯᠡᠴᠢᠯᠡᠭᠡ ᠬᠦᠷᠭᠡᠬᠦ︾ ᠠᠵᠢᠯᠯᠠᠭ᠎ᠠ ᠶᠢ 307 ᠲᠠᠯᠠᠪᠤᠷ ᠥᠷᠨᠢᠭᠦᠯᠵᠦ᠂ ︽ᠭᠠᠷᠠᠭ ᠤᠨ ᠰᠡᠭᠦᠯᠴᠢ ᠳᠤ ᠪᠠᠷᠤᠭ ᠨᠡᠶᠢᠲᠡ ᠶᠢᠨ ᠮᠠᠰᠢᠨ ᠲᠡᠷᠭᠡᠨ ᠳᠡᠭᠡᠷᠡᠬᠢ ᠨᠡᠭᠦᠳᠡᠯ ᠬᠢᠴᠢᠶᠡᠯ ᠤᠨ ᠲᠠᠩᠬᠢᠮ︾ ᠤᠨ ᠰᠠᠶᠢᠨ ᠳᠤᠷ᠎ᠠ ᠶᠢᠨ ᠠᠵᠢᠯᠯᠠᠭ᠎ᠠ ᠶᠢ 400 ᠭᠠᠷᠤᠶ ᠤᠳᠠᠭ᠎ᠠ ᠥᠷᠨᠢᠭᠦᠯᠪᠡ᠃ ᠣᠯᠠᠨ ᠲᠦᠮᠡᠨ ᠤ ᠵᠠᠬᠢᠶᠠᠯᠠᠭ᠎ᠠ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠲᠦᠮᠡ ᠰᠢᠬᠠᠮ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠤᠲᠠ ᠶᠢᠨ ᠲᠣᠭᠤᠷᠢᠭ ᠤᠨ 124 ᠵᠡᠭᠡᠯᠢ ᠭᠤᠳᠤᠮᠵᠢ᠂ 19 ᠴᠡᠴᠡᠷᠯᠢᠭ ᠲᠤ ᠤᠷᠢᠳ ᠬᠤᠵᠢᠳ ᠭᠤᠷᠪᠠᠨ ᠡᠭᠡᠯᠵᠢ ᠶᠢᠨ ︽ᠰᠢᠷᠠᠯᠵᠢ ᠠᠷᠢᠯᠭᠠᠵᠤ᠂ ᠬᠠᠷᠰᠢᠯ ᠢ ᠰᠡᠷᠭᠡᠶᠢᠯᠡᠶ᠎ᠡ︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠡᠶᠢᠲᠡ 1420 ᠲᠦᠮᠡᠨ ᠲᠡᠭᠰᠢ ᠳᠥᠷᠪᠡᠯᠵᠢᠨ ᠮᠧᠲᠷ ᠰᠢᠷᠠᠯᠵᠢ ᠶᠢ ᠴᠡᠪᠡᠷᠯᠡᠵᠦ᠂ ᠣᠯᠠᠨ ᠲᠦᠮᠡᠨ ᠤ ᠰᠠᠶᠢᠨ ᠦᠨᠡᠯᠡᠯᠲᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠠᠢᠮᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠨᠤᠲᠠᠯᠠᠯᠲᠠ ᠶᠢ ᠤᠯᠪᠠ᠃      ᠺᠠᠩ ᠬᠠᠶ ᠷᠦᠢ ᠲᠠᠨᠢᠯᠴᠠᠭᠤᠯᠬᠤ ᠳᠤ ᠪᠠᠨ᠂ ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠵᠠᠭᠤᠨ ᠵᠢᠯ ᠤᠨ ᠨᠠᠮ ᠤᠨ ᠲᠡᠦᠬᠡ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠴᠡ ᠪᠠ ᠥᠷᠭᠡᠴᠡ ᠶᠢ ᠲᠠᠰᠤᠷᠠᠯᠲᠠ ᠥᠬᠡᠶ ᠥᠷᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ︽ᠠᠷᠠᠳ ᠤᠨ ᠲᠥᠯᠥᠭᠡ ᠪᠣᠳᠠᠲᠤ ᠶᠠᠪᠤᠳᠠᠯ ᠬᠢᠨ᠎ᠡ︾ ᠭᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠵᠤ ᠵᠢᠨᠢᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠶᠢ ᠪᠢᠴᠢᠭᠯᠡᠨ᠎ᠡ ᠭᠡᠪᠡ᠃      ᠤᠯᠠᠭᠠᠨᠴᠠᠪ ᠬᠤᠲᠠ ᠳᠤ ᠰᠠᠭᠤᠭ᠎ᠠ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ ᠶᠢᠨ ᠥᠷᠲᠡᠭᠡ᠂ ᠤᠯᠠᠭᠠᠨᠴᠠᠪ ᠬᠤᠲᠠ ᠳᠤ ᠰᠠᠭᠤᠭ᠎ᠠ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ ᠶᠢᠨ ᠥᠷᠲᠡᠭᠡ᠂ ᠤᠯᠠᠭᠠᠨᠴᠠᠪ ᠤᠨ ᠡᠳᠦᠷ ᠤᠨ ᠰᠣᠨᠢᠨ᠂ ᠤᠯᠠᠭᠠᠨᠴᠠᠪ ᠤᠨ ᠷᠠᠳᠢᠣ᠋ ᠲᠧᠯᠸᠢᠰ ᠬᠤᠷᠢᠶ᠎ᠠ ᠵᠢᠴᠢ ᠬᠠᠮᠢᠶ᠎ᠠ ᠪᠥᠬᠦᠶ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ