ᠡᠵᠡᠨ ᠬᠤᠷᠤᠭ᠎ᠠ ᠬᠤᠰᠢᠭᠤ᠄ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠣᠳᠠᠲᠠᠶ + ᠪᠣᠳᠠᠲᠠᠶ︾ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/11/23
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠴᠢᠩᠭ᠎ᠠ ᠪᠠᠷᠢᠮᠳᠠᠯᠠᠵᠤ᠂ ᠥᠨᠳᠥᠷ ᠡᠬᠢᠯᠡᠯᠲᠡ ᠶᠢᠨ ᠴᠡᠭ ᠠᠴᠠ ᠠᠷᠭ᠎ᠠ ᠰᠦᠪᠡᠭᠴᠢᠯᠡᠬᠦ᠂ ᠥᠨᠳᠥᠷ ᠪᠠᠷᠢᠮᠵᠢᠶ᠎ᠠ ᠪᠠᠷ ᠱᠠᠭᠠᠷᠳᠠᠵᠤ᠂ ᠴᠢᠨᠠᠷ ᠰᠠᠶᠢᠲᠠᠶ ᠠᠬᠢᠭᠤᠯᠤᠨ᠂ ︽ᠪᠣᠳᠠᠲᠠᠶ + ᠪᠣᠳᠠᠲᠠᠶ︾ ᠠᠵᠢᠯ ᠤᠨ ᠠᠷᠭ᠎ᠠ ᠬᠡᠮᠵᠢᠶ᠎ᠡ ᠪᠠᠷ ᠨᠠᠮ ᠤᠨ ᠲᠡᠦᠬᠡ ᠶᠢ ᠰᠤᠷᠤᠯᠴᠠᠬᠤ ᠪᠣᠯᠤᠨ ᠦᠵᠡᠯ ᠰᠠᠨᠠᠭ᠎ᠠ ᠶᠢ ᠣᠶᠢᠯᠠᠭᠠᠬᠤ ᠶᠢ ᠪᠠᠷᠢᠮᠲᠠᠯᠠᠵᠤ᠂ ᠪᠣᠳᠠᠲᠤ ᠶᠠᠪᠤᠳᠠᠯ ᠬᠢᠬᠦ ᠪᠠ ᠰᠢᠨ᠎ᠡ ᠪᠠᠶᠢᠳᠠᠯ ᠢ ᠡᠭᠦᠳᠬᠦ ᠬᠤᠶᠠᠷ ᠲᠠᠯ᠎ᠠ ᠪᠠᠷ ᠬᠦᠴᠦᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠦᠷ᠎ᠡ ᠪᠦᠲᠦᠮᠵᠢ ᠭᠠᠷᠭᠠᠵᠤ᠂ ᠦᠨᠡᠨ ᠪᠤᠳᠠᠳᠠᠢ ᠪᠠᠷ ᠠᠵᠢᠯᠯᠠᠨ᠂ ᠪᠥᠬᠦ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠪᠠᠷ ᠲᠦᠷᠭᠡᠨ᠂ ᠰᠤᠷᠤᠯᠴᠠᠯᠭ᠎ᠠ ᠶᠢᠨ ᠬᠡᠯᠪᠡᠷᠢ ᠣᠯᠠᠨ ᠶᠠᠩᠵᠤ᠂ ᠨᠡᠶᠢᠭᠡᠮ ᠤᠨ ᠤᠬᠠᠭᠤᠯᠭ᠎ᠠ ᠥᠷᠭᠡᠨ ᠳᠡᠯᠭᠡᠷ᠂ ᠠᠷᠠᠳ ᠤᠨ ᠲᠥᠯᠥᠭᠡ ᠯᠠᠪᠳᠠᠭᠤᠨ ᠪᠠᠲᠤᠲᠠᠶ ᠠᠵᠢᠯᠯᠠᠬᠤ᠂ ᠰᠤᠷᠤᠯᠴᠠᠯᠭ᠎ᠠ ᠠᠵᠢᠯᠯᠠᠭ᠎ᠠ ᠶᠢ ᠨᠢᠭᠲᠠ ᠤᠶᠠᠯᠳᠤᠭᠰᠠᠨ ᠣᠨᠴᠠᠯᠢᠭ ᠢᠯᠡᠷᠡᠵᠦ᠂ ᠪᠦᠬᠦ ᠲᠠᠯ᠎ᠠ ᠪᠠᠷ ᠨᠢᠭᠳᠠᠷᠠᠨ ᠪᠦᠯᠬᠦᠮᠳᠡᠭᠰᠡᠨ ᠪᠠᠶᠢᠷᠢᠰᠢᠯ ᠢ ᠪᠦᠷᠢᠯᠳᠦᠬᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃
1.jpg
ᠨᠠᠮ ᠤᠨ ᠲᠡᠦᠬᠡ ᠶᠢᠨ ᠰᠤᠷᠤᠯᠴᠠᠯᠭ᠎ᠠ ᠳᠤ ︽ᠪᠣᠳᠠᠲᠠᠶ + ᠪᠣᠳᠠᠲᠠᠶ︾       ︽ᠲᠣᠭᠲᠠᠭᠰᠠᠨ ᠠᠵᠢᠯᠯᠠᠭ᠎ᠠ︾ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠵᠤ᠂ ︽ᠥᠪᠡᠰᠦᠪᠡᠨ ᠰᠣᠩᠭᠤᠬᠤ ᠠᠵᠢᠯᠯᠠᠭ᠎ᠠ︾ ᠶᠢ ᠥᠨᠳᠥᠷ ᠪᠠᠷᠢᠮᠵᠢᠶ᠎ᠠ ᠪᠠᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠬᠥᠭᠵᠢᠶᠡᠨ ᠲᠠᠢ︾᠂ ︽ᠠᠮᠢᠳᠤᠯᠢᠭ︾  ᠪᠣᠯᠭᠠᠬᠤ      ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠭᠠᠭᠠᠴᠢᠯᠠᠨ ᠡᠷᠭᠢᠯᠡᠭᠰᠡᠨ ︽ᠡᠭᠦᠷᠢᠳᠡ ᠨᠠᠮ ᠢᠶᠠᠨ ᠳᠠᠭᠠᠬᠤ︾ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠣᠯᠠᠨ ᠲᠦᠮᠡᠨᠴᠢ ᠨᠠᠶᠢᠷᠠᠯ ᠳᠠᠭᠤᠤ ᠶᠢᠨ ᠤᠷᠤᠯᠳᠤᠭᠠᠨ ᠢ ᠶᠠᠪᠤᠭᠳᠠᠭᠤᠯᠪᠠ᠃
2.jpg
      ᠲᠤᠰ ᠤᠳᠠᠭᠠᠨ ᠤ ᠤᠷᠤᠯᠳᠤᠭᠠᠨ ᠤ ᠠᠳᠠᠯᠢᠪᠳᠤᠷ ᠪᠤᠰᠤ ᠲᠠᠯ᠎ᠠ ᠬᠡᠪᠡᠯ᠂ ︽ᠡᠵᠡᠨ ᠬᠤᠷᠤᠭ᠎ᠠ ᠬᠤᠰᠢᠭᠤᠨ ᠤ ᠤᠬᠠᠭᠤᠯᠭ᠎ᠠ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠴᠥᠮ ᠤᠷᠢᠳ ᠢᠶᠠᠷ ᠬᠤᠪᠢᠰᠬᠠᠯᠲᠤ ᠲᠠᠭᠤᠨ ᠪᠤᠢ ᠪᠤᠯᠤᠭᠰᠠᠨ ᠲᠡᠤᠬᠡᠨ ᠠᠬᠤᠶ ᠪᠠᠶᠢᠳᠠᠯ ᠢ ᠲᠠᠨᠢᠯᠴᠠᠭᠤᠯᠵᠤ᠂ ᠨᠠᠮ ᠤᠨ ᠲᠡᠦᠬᠡ ᠶᠢᠨ ᠮᠡᠳᠡᠯᠭᠡ ᠶᠢ ᠲᠤᠭᠤᠰᠢᠯᠠᠭᠤᠯᠤᠨ᠂ ᠣᠯᠠᠨ ᠳᠤ ᠰᠢᠨ᠎ᠡ ᠰᠡᠪᠡᠭᠦᠨ ᠰᠠᠭᠤᠭᠳᠠᠯ ᠤᠯᠭᠤᠪᠠ᠃      ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠬᠠᠲᠤᠨ ᠭᠤᠤᠯ ᠢᠶᠠᠨ ᠬᠠᠮᠠᠭᠠᠯᠠᠶ᠎ᠠ︾᠂ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾᠂︽ᠪᠢ ᠡᠬᠡ ᠤᠯᠤᠰ ᠲᠠᠢ ᠪᠠᠨ︾ ᠭᠡᠬᠦ ᠬᠤᠪᠢᠰᠬᠠᠯᠲᠤ ᠳᠠᠭᠤᠤ ᠪᠠᠷ ᠢᠶᠠᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠨᠠᠮ ᠤᠨ ᠲᠡᠦᠬᠡ ᠶᠢ ᠰᠤᠷᠤᠯᠴᠠᠵᠤ᠂ ᠨᠠᠮ ᠤᠨ ᠠᠴᠢ ᠶᠢ ᠮᠠᠭᠲᠠᠨ ᠳᠠᠭᠤᠯᠠᠬᠤ︾ ᠴᠢᠩ ᠦᠨᠡᠨᠴᠢ ᠰᠡᠳᠬᠢᠯ ᠢ ᠳᠠᠭᠤᠯᠠᠪᠠ᠃       ᠪᠤᠳᠤᠯ ᠤᠨ ᠬᠦᠨ ᠳᠠᠬᠢ ᠬᠦᠭ ᠠᠶᠠᠰ ᠴᠤᠤᠷᠢᠶᠠᠲᠤᠬᠤ ᠦᠶ᠎ᠡ ᠳᠤ᠂ ᠲᠦᠮᠡ ᠰᠢᠬᠠᠮ ᠦᠵᠡᠭᠴᠢᠳ ᠭᠠᠷ ᠲᠠᠬᠢ ᠨᠠᠮ ᠤᠨ ᠲᠤᠭ ᠢᠶᠠᠨ ᠬᠤᠷᠦ᠋ᠢᠯᠠᠨ ᠲᠠᠭᠠᠨ ᠳᠠᠭᠤᠯᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠲᠤᠬᠠᠢ ᠰᠠᠶᠢᠨ ᠰᠠᠶᠢᠬᠠᠨ ᠵᠥᠩᠨᠡᠯ ᠢᠶᠠᠨ ᠢᠯᠡᠳᠬᠡᠪᠡ᠃      ᠡᠨᠡ ᠨᠢ ᠵᠥᠪᠬᠡᠨ ᠡᠵᠡᠨ ᠬᠤᠷᠤᠭ᠎ᠠ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡ ᠬᠡᠰᠡᠭ ᠪᠣᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠮᠠᠰᠢ ᠲᠦᠷᠭᠡᠨ ᠢᠶᠠᠷ ᠳᠠᠶᠢᠴᠢᠯᠠᠯᠲᠠ ᠶᠢᠨ ᠶᠡᠭᠡ ᠬᠤᠷᠠᠯ ᠬᠢᠵᠦ᠂ ᠤᠳᠤᠷᠢᠳᠬᠤ ᠪᠠᠶᠢᠭᠤᠯᠤᠮᠵᠢ ᠪᠠᠶᠢᠭᠤᠯᠤᠨ᠂ ᠠᠵᠢᠯ ᠤᠨ ᠲᠥᠰᠦᠯ ᠲᠣᠭᠲᠠᠭᠠᠵᠤ᠂ ᠨᠠᠷᠢᠨ ᠬᠢᠨᠠᠮᠠᠭᠠᠶ ᠪᠠᠷᠢᠮᠵᠢᠶᠠᠯᠠᠨ ᠬᠠᠷᠭᠤᠭᠤᠯᠵᠤ᠂ ᠴᠢᠨᠠᠷ ᠰᠠᠶᠢᠲᠠᠶ ᠪᠠᠷ︽ᠲᠣᠭᠲᠠᠭᠰᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠡᠤᠬᠡᠨ ᠥᠯᠢᠭᠡᠷ ᠢ ᠠᠮᠢᠳᠤᠯᠢᠭ ᠢᠶᠠᠷ ᠶᠠᠷᠢᠬᠤ ᠶᠢ ᠴᠢᠬᠤᠯᠠᠴᠢᠯᠠᠵᠤ᠂ ᠬᠤᠪᠢᠰᠬᠠᠯ ᠤᠨ ᠡᠬᠢ ᠪᠠᠶᠠᠯᠢᠭ᠂ ᠰᠤᠷᠭᠠᠨ ᠬᠥᠮᠦᠵᠢᠯ ᠤᠨ ᠬᠡᠯᠪᠡᠷᠢ ᠶᠢ ᠠᠮᠢᠳᠤᠯᠢᠭᠵᠢᠭᠤᠯᠵᠤ᠂ ᠥᠨᠳᠥᠷ ᠪᠠᠷᠢᠮᠵᠢᠶ᠎ᠠ ᠪᠠᠷ︽ᠥᠪᠡᠰᠦᠪᠡᠨ ᠰᠣᠩᠭᠤᠬᠤ ᠠᠵᠢᠯᠯᠠᠭ᠎ᠠ︾ ᠶᠢ ᠪᠣᠳᠠᠲᠠᠶ ᠠᠳᠬᠤᠨ᠂ ᠰᠤᠷᠤᠯᠴᠠᠯᠭ᠎ᠠ ᠶᠢᠨ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠨ᠂ ᠰᠤᠷᠤᠯᠴᠠᠬᠤ ᠵᠢᠭᠰᠠᠭᠠᠯ ᠤᠨ ᠭᠠᠵᠠᠷ ᠢᠶᠠᠨ ᠥᠷᠭᠡᠳᠬᠡᠨ᠂ ᠰᠤᠷᠤᠯᠴᠠᠬᠤ ᠠᠭᠤᠯᠭ᠎ᠠ ᠪᠠᠨ ᠪᠠᠶᠠᠯᠢᠭᠵᠢᠭᠤᠯᠵᠤ᠂ ᠪᠥᠬᠦ ᠬᠤᠰᠢᠭᠤᠨ ᠳᠤ ︽ᠨᠠᠮ ᠤᠨ ᠲᠡᠤᠬᠡ ᠶᠢᠨ ᠰᠤᠷᠤᠯᠴᠠᠯᠭ᠎ᠠ︾ ᠶᠢᠨ ᠬᠠᠯᠠᠭᠤᠨ ᠥᠷᠨᠢᠯᠲᠡ ᠶᠢ ᠪᠣᠶ ᠪᠣᠯᠭᠠᠪᠠ᠃      ᠰᠢᠨ᠎ᠡ ᠵᠠᠭᠤᠴᠢᠯᠠᠭᠤᠷ ᠢ ᠠᠰᠢᠭᠯᠠᠨ᠂ 17 ᠬᠤᠭᠤᠴᠠᠭᠠᠨ ᠤ ︽ᠬᠤᠪᠢᠰᠬᠠᠯ ᠤᠨ ᠬᠦᠷᠦᠰᠦ ᠰᠢᠷᠤᠢ︾ ᠵᠡᠷᠭᠡ ᠤᠬᠠᠭᠤᠯᠭ᠎ᠠ ᠶᠢᠨ ᠪᠢᠴᠢᠯ ᠸᠢᠳᠢᠣ᠋᠂ ᠨᠠᠮ ᠤᠨ ᠲᠡᠦᠬᠡ ᠪᠢᠴᠢᠯ ᠵᠦᠴᠦᠭᠡ ᠶᠢᠨ ᠤᠷᠤᠯᠳᠤᠭᠠᠨ ᠢ ᠨᠠᠶᠢᠷᠠᠭᠤᠯᠤᠨ ᠪᠠ ᠳᠠᠭᠤᠤ ᠬᠥᠭᠵᠢᠮ ᠤᠨ ᠨᠠᠮ ᠤᠨ ᠬᠢᠴᠢᠶᠡᠯ ᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠮᠢᠳᠤᠯᠢᠭ ᠢᠶᠠᠷ ᠥᠷᠨᠢᠭᠦᠯᠵᠦ᠂ 4 ᠬᠤᠭᠤᠴᠠᠭᠠᠨ ᠤ ᠠᠭᠤᠯᠭ᠎ᠠ ᠶᠢ ᠦᠵᠡᠭᠰᠡᠨ ᠲᠤᠭ᠎ᠠ︽100 ᠲᠦᠮᠡ +︾ ᠳᠤ ᠬᠦᠷᠪᠡ᠃ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ᠂ ︽ᠣᠯᠠᠨ ᠲᠦᠮᠡᠨ ᠤ ᠬᠢᠴᠢᠶᠡᠯ ᠤᠨ ᠲᠠᠩᠬᠢᠮ︾ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠠᠩᠭᠢ᠂ ︽ᠤᠯᠠᠭᠠᠨ ᠪᠥᠴᠡᠲᠡᠨ ᠤ ᠨᠠᠮ ᠢᠶᠠᠨ ᠬᠦᠷᠢᠶᠡᠯᠡᠬᠦ︾ ᠭᠤᠤᠯ ᠰᠡᠳᠦᠪᠲᠦ ᠠᠵᠢᠯᠯᠠᠭ᠎ᠠ᠂ ︽ᠡᠭᠦᠷᠢᠳᠡ ᠨᠠᠮ ᠢᠶᠠᠨ ᠳᠠᠭᠠᠬᠤ︾ ᠲᠡᠭᠷᠢᠯᠢᠭ ᠵᠤᠰᠠᠯᠠᠩ ᠤᠨ ᠰᠣᠶᠣᠯ ᠵᠡᠷᠭᠡ ᠠᠵᠢᠯᠯᠠᠭ᠎ᠠ ᠶᠢ 1000 ᠭᠠᠷᠤᠶ ᠤᠳᠠᠭ᠎ᠠ ᠡᠷᠭᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠠᠮᠢᠳᠤᠯᠢᠭ︾ ᠪᠣᠯᠭᠠᠪᠠ᠃ ︽ᠡᠵᠡᠨ ᠬᠤᠷᠤᠭ᠎ᠠ ᠬᠤᠰᠢᠭᠤᠨ ᠤ ᠤᠬᠠᠭᠤᠯᠭ᠎ᠠ︾ ᠤᠬᠠᠭᠤᠯᠤᠨ ᠲᠠᠶᠢᠯᠪᠤᠷᠢᠯᠠᠬᠤ ᠪᠦᠯᠬᠦᠮ ᠪᠠ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠨᠠᠮ ᠤᠨ ᠲᠡᠦᠬᠡ ᠶᠢᠨ ᠣᠨᠣᠯ ᠤᠨ ᠮᠡᠳᠡᠯᠭᠡ ᠶᠢ ᠶᠠᠷᠢᠶᠠᠨ ᠤ ᠬᠡᠯᠡ᠂ ᠨᠤᠲᠤᠭ ᠤᠨ ᠵᠦᠴᠦᠭᠡ ᠪᠠᠷ ᠲᠠᠶᠢᠯᠪᠤᠷᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃      ︽ᠨᠡᠭᠦᠳᠡᠯ︾ ᠤᠬᠠᠭᠤᠯᠭ᠎ᠠ ᠶᠢᠨ ᠵᠢᠭᠰᠠᠭᠠᠯ ᠤᠨ ᠭᠠᠵᠠᠷ᠂ ᠬᠤᠪᠢᠰᠬᠠᠯ ᠤᠨ ᠬᠢᠴᠢᠶᠡᠯ ᠤᠨ ᠲᠠᠩᠬᠢᠮ ᠢᠶᠠᠷ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠨᠠᠮ ᠤᠨ ᠦᠵᠡᠯ ᠰᠠᠨᠠᠭᠠᠨ ᠤ ᠠᠤᠭ᠎ᠠ ᠬᠦᠴᠦᠨ ᠢ ᠤᠢᠢᠯᠠᠭᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠬᠥᠭᠵᠢᠭᠡᠪᠡ᠃
3.jpg
ᠪᠣᠳᠠᠲᠠᠶ ᠠᠵᠢᠯ ᠬᠢᠬᠦ ᠳᠤ ︽ᠪᠣᠳᠠᠲᠠᠶ + ᠪᠣᠳᠠᠲᠠᠶ︾      ᠰᠣᠩᠭᠤᠭᠰᠠᠨ ᠨᠢ ᠪᠣᠳᠠᠲᠠᠢ᠂ ᠬᠢᠭᠰᠡᠨ ᠨᠢ ᠨᠡᠩ ᠪᠣᠳᠠᠲᠠᠢ ᠪᠠᠶᠢᠵᠤ᠂ ᠰᠠᠶᠢᠨ ᠶᠠᠪᠤᠳᠠᠯ ᠢ ᠦᠨᠡᠨᠬᠦ ᠪᠣᠳᠠᠲᠠᠢ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠰᠡᠳᠬᠢᠯ ᠳᠤ ᠰᠠᠭᠤᠭᠳᠠᠭᠤᠯᠬᠤ      ᠲᠢᠶᠠᠨ ᠯᠦᠩ ᠵᠢᠶᠠ ᠶᠤᠸᠠᠨ ᠰᠠᠭᠤᠭᠠᠯᠢ ᠲᠣᠭᠤᠷᠢᠭ ᠤᠨ 24 ᠴᠠᠭ ᠤᠨ ᠤᠶᠤᠨᠯᠢᠭ ᠰᠢᠨ᠎ᠡ ᠰᠣᠷᠭᠤᠭ ᠢᠳᠡᠭᠡᠨ ᠤ ᠮᠠᠰᠢᠨ ᠲᠠᠯᠪᠢᠵᠤ᠂ ᠰᠠᠭᠤᠭᠠᠯᠢ ᠠᠷᠠᠳ ᠺᠣᠳ᠋ ᠢ ᠰᠢᠷᠪᠢᠵᠦ᠂ ᠸᠢᠴᠠᠲ ᠢᠶᠠᠷ ᠳ᠋ᠦᠩᠨᠡᠨ ᠪᠤᠳᠤᠬᠤ ᠪᠠᠷ ᠲᠠᠮᠵᠢᠨ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠪᠠᠨ ᠠᠪᠴᠤ ᠪᠤᠢ᠃       ︽ᠣᠳᠣᠬᠠᠨ ᠳᠤ᠂ ᠪᠥᠬᠦ ᠬᠤᠰᠢᠭᠤᠨ ᠤ ᠡᠯ᠎ᠡ ᠲᠥᠷᠥᠯ ᠤᠨ ᠠᠮᠢᠳᠤᠷᠠᠯ ᠤᠨ ᠲᠣᠭᠤᠷᠢᠭ᠂ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠲᠥᠪ ᠵᠡᠷᠭᠡ 50 ᠲᠤᠤᠷ ᠴᠡᠭ᠂ ᠣᠶᠤᠨᠴᠢ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠠᠷᠠᠳ ᠲᠤ ᠲᠥᠬᠦᠮ ᠦᠵᠡᠭᠦᠯᠬᠦ ᠲᠥᠷᠥᠯ ᠵᠦᠢᠯ ᠤᠨ 190 ᠲᠠᠪᠴᠠᠩ ᠢ ᠨᠢᠭᠡᠨᠲᠡ ᠡᠬᠢᠯᠡᠭᠦᠯᠪᠡ᠃ ᠲᠣᠰ ᠲᠥᠷᠥᠯ ᠵᠦᠢᠯ ᠤᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠱᠧᠩ ᠶᠤᠸᠠᠨ ᠷᠦᠩ ᠱᠠᠩ ᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠭᠤᠤ ᠹᠧᠩ ᠲᠠᠨᠢᠯᠴᠠᠭᠤᠯᠬᠤ ᠳᠤ ᠪᠠᠨ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠦᠪᠡᠰᠦᠪᠡᠨ ᠦᠢᠯᠡᠴᠢᠯᠡᠬᠦ ᠵᠢᠮᠢᠰ ᠢᠳᠡᠰᠢᠨ ᠨᠣᠭᠤᠭ᠎ᠠ ᠬᠤᠳᠠᠯᠳᠤᠬᠤ ᠪᠠ ᠨᠢᠭᠡ ᠬᠤᠲᠠ ᠳᠤ ᠲᠤᠤᠷᠵᠢᠭᠤᠯᠤᠨ ᠳᠣᠭᠢᠷᠠᠭᠤᠯᠤᠨ ᠬᠦᠷᠭᠡᠬᠦ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠲᠠᠷᠢᠶᠠᠴᠢᠨ ᠪᠠ ᠬᠡᠷᠡᠭᠯᠡᠭᠴᠢᠳ ᠤᠨ ᠬᠤᠭᠤᠷᠣᠨᠳᠣᠬᠢ ᠲᠠᠷᠢᠶᠠᠯᠠᠩ ᠤᠨ ᠪᠦᠲᠦᠭᠡᠭᠳᠡᠬᠦᠨ ᠤ ᠬᠦᠢᠯᠬᠡᠬᠡᠨ ᠤ ᠠᠷᠭ᠎ᠠ ᠵᠠᠮ ᠢ ᠬᠤᠯᠪᠤᠭᠰᠠᠨ ᠪᠠᠶᠢᠨ᠎ᠠ᠃      ᠤᠶᠤᠨᠲᠤ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠲᠣᠬᠢᠷᠠᠭᠤᠯᠤᠨ ᠬᠦᠷᠭᠡᠬᠦ ᠲᠥᠷᠥᠯ ᠵᠦᠢᠯ ᠪᠣᠯ ᠡᠵᠡᠨ ᠬᠤᠷᠤᠭ᠎ᠠ ᠬᠤᠰᠢᠭᠤᠨ ᠤ ᠬᠡᠷᠡᠭᠵᠢᠭᠦᠯᠦᠭᠰᠡᠨ 8 ᠵᠦᠢᠯ ᠤᠨ ᠬᠤᠰᠢᠭᠤ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠤᠨ᠎ᠠ᠃ ᠡᠨᠡ ᠵᠢᠯ᠂ ᠡᠵᠡᠨ ᠬᠤᠷᠤᠭ᠎ᠠ ᠬᠤᠰᠢᠭᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠥᠭᠴᠦ ᠪᠠᠲᠤᠯᠠᠨ᠂ 1.49 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠬᠤ ᠪᠠᠷ ᠲᠥᠯᠥᠪᠯᠡᠵᠦ ᠪᠣᠶ᠃       ᠦᠢᠯᠡᠳᠦᠯᠭᠡ ᠶᠢᠨ ᠠᠵᠢᠯᠯᠠᠭ᠎ᠠ ᠳᠤᠮᠳᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠤᠳᠠᠳᠠᠢ ᠶᠢ ᠡᠷᠬᠢᠮᠯᠡᠵᠦ᠂ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠡᠮᠦᠨ᠎ᠡ ᠹᠷᠣᠨᠲ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ︽ᠬᠠᠮᠤᠭ ᠤᠨ ᠲᠦᠪᠡᠭᠲᠡᠢ ᠠᠰᠠᠭᠤᠳᠠᠯ︾ ᠢ ᠵᠣᠷᠢᠭᠲᠠᠢ ᠪᠠᠷ ᠬᠦᠯᠢᠶᠡᠨ ᠠᠪᠴᠤ᠂ ︽ᠬᠠᠮᠤᠭ ᠤᠨ ᠬᠦᠨᠳᠦ ᠡᠭᠦᠷᠭᠡ︾ ᠶᠢ ᠡᠭᠦᠷᠭᠡᠯᠡᠵᠦ᠂ ᠠᠰᠠᠭᠤᠳᠠᠯ ᠢ ᠰᠢᠢᠳᠪᠦᠷᠢᠯᠡᠬᠦ᠂ ᠤᠯᠠᠨ ᠲᠦᠮᠡᠨ ᠳᠤ ᠪᠤᠶᠠᠨ ᠦᠢᠯᠡᠳᠬᠦ ᠠᠵᠢᠯᠯᠠᠭᠴᠢ ᠪᠣᠯᠪᠠ᠃
4.jpg
5.jpg
      ᠠᠯᠳᠠᠨᠰᠢᠷᠡᠭᠡ ᠪᠠᠯᠭᠠᠰᠤ ︽ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ︾ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠢᠨ ᠪᠸᠢ ᠨᠡᠶᠢᠭᠡᠮ ᠲᠣᠭᠤᠷᠢᠭ ᠤᠨ ᠣᠶᠣᠳᠠᠯ ᠤᠨ ᠦᠢᠯᠡᠳᠪᠦᠷᠢ ᠶᠢᠨ ᠲᠠᠰᠤᠭ ᠲᠤ᠂ ᠡᠮᠡᠭᠲᠡᠢ ᠠᠵᠢᠯᠴᠢᠨ ᠬᠤᠪᠴᠠᠰᠤ ᠬᠤᠨᠠᠷ ᠢᠶᠠᠨ ᠱᠠᠯᠠᠪᠳᠠᠨ ᠬᠢᠵᠦ᠂ ᠭᠤᠷᠪᠠᠨ ᠵᠢᠯ ᠤᠨ ᠡᠮᠦᠨ᠎ᠡ ᠵᠤᠤ ᠬᠠᠢ ᠰᠢᠶᠠ ᠡᠳᠡᠭᠡᠷ ᠡᠮᠡᠭᠲᠡᠢ ᠠᠵᠢᠯᠴᠢᠨ ᠲᠠᠢ ᠠᠳᠠᠯᠢ ᠪᠠᠷ᠂ ᠰᠠᠶ᠋ᠢᠬᠠᠨ ᠠᠭᠤᠷᠬᠠᠢ ᠶᠢᠨ ᠣᠷᠣᠨ ᠠᠴᠠ ᠬᠤᠳᠠ ᠪᠠᠯᠭᠠᠰᠤᠨ ᠳᠤ ᠨᠡᠭᠦᠵᠦ᠂ ᠨᠡᠶᠢᠭᠡᠮ ᠲᠣᠭᠤᠷᠢᠭ ᠤᠨ ᠭᠠᠷ ᠣᠶᠣᠳᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠵᠤ᠂ ᠤᠳᠤ ᠲᠡᠷᠡ ᠥᠪᠡᠷ ᠤᠨ ᠠᠵᠢᠯ ᠤᠨ ᠲᠠᠰᠤᠭ ᠢᠶᠠᠨ ᠪᠠᠶᠢᠭᠤᠯᠤᠭᠰᠠᠨ ᠢᠶᠠᠷ ᠪᠠᠷᠠᠬᠤ ᠦᠭᠡᠢ᠂ ᠪᠠᠰᠠ 2020 ᠣᠨ ᠤ ᠪᠦᠬᠦ ᠤᠯᠤᠰ ᠤᠨ ᠰᠢᠯᠢᠳᠡᠭ ᠬᠥᠯᠥᠰᠥᠨ ᠲᠠᠷᠢᠶᠠᠴᠢᠨ ᠤ ᠢᠷᠠᠭᠤ ᠠᠯᠳᠠᠷ ᠤᠨ ᠴᠣᠯᠠ ᠶᠢ ᠬᠦᠷᠳᠡᠪᠡ᠃       ︽ᠦᠶ ᠣᠯᠠᠨ ᠡᠭᠡᠴᠢ ᠳᠡᠭᠦᠦ ᠨᠡᠷ ᠲᠣᠭᠲᠠᠮᠠᠯ ᠣᠷᠣᠯᠭ᠎ᠠ ᠲᠠᠢ ᠪᠣᠯᠤᠭᠰᠠᠨ ᠪᠥᠭᠡᠳ ᠲᠣᠰ ᠪᠡᠶ᠎ᠡ ᠶᠢᠨ ᠬᠡᠪ ᠴᠢᠨᠠᠷ ᠨᠢ ᠴᠦ ᠳᠡᠭᠡᠭᠰᠢᠯᠡᠵᠦ᠂ ᠣᠶᠤᠨ ᠰᠠᠨᠠᠭᠠᠨ ᠤ ᠳᠦᠷᠰᠦ ᠪᠠᠶᠢᠳᠠᠯ ᠨᠢ ᠴᠦ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︾ ᠬᠡᠵᠦ ᠵᠣᠣ ᠬᠠᠶ ᠰᠢᠶᠠ ᠭᠦᠨ ᠲᠥᠷᠥᠭᠳᠡᠯ ᠲᠠᠢ ᠪᠠᠷ ᠶᠠᠷᠢᠪᠠ᠃      ᠠᠯᠲᠠᠨᠰᠢᠷᠡᠭᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠡᠴᠡᠨ ᠲᠠᠨᠢᠯᠴᠠᠭᠤᠯᠬᠤ ᠳᠤ ᠪᠠᠨ᠂ ᠡᠨᠡ ᠵᠢᠯ ᠠᠴᠠ ᠨᠠᠭᠠᠰᠢ᠂ ᠪᠥᠬᠦ ᠪᠠᠯᠭᠠᠰᠤ ᠪᠠᠷ ᠢᠶᠠᠨ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠵᠦ᠂ ︽ᠰᠡᠳᠬᠢᠯ ᠢ ᠲᠤᠯᠠᠭᠠᠴᠠᠭᠤᠯᠬᠤ +︾ ᠰᠡᠳᠬᠢᠴᠡ ᠳᠤ ᠲᠦᠰᠢᠭᠯᠡᠨ᠂ ︽ᠰᠡᠳᠬᠢᠯ ᠢ ᠲᠤᠯᠠᠭᠠᠴᠠᠭᠤᠯᠬᠤ︾ ᠠᠵᠢᠯᠯᠠᠭ᠎ᠠ ᠪᠠᠷ ᠳᠡᠮᠵᠢᠨ ︽ᠬᠡᠷ ᠪᠦᠯᠢ ᠪᠠᠨ ᠲᠤᠯᠠᠭᠠᠴᠠᠭᠤᠯᠬᠤ︾ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠠᠴᠠ ᠭᠠᠳᠠᠨ᠎ᠠ ᠪᠠᠰᠠ ᠰᠠᠭᠤᠭᠠᠯᠢ ᠠᠷᠠᠳ ᠤᠨ ︽ᠪᠠᠴᠢᠮ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠡᠳᠬᠢᠯ ᠢ ᠳᠤᠯᠠᠭᠠᠴᠠᠭᠤᠯᠬᠤ ᠰᠠᠭᠤᠷᠢ ᠮᠥᠩᠭᠦ︾ ᠶᠢ ᠪᠠᠶᠢᠭᠤᠯᠵᠤ᠂ ︽ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ︾ ᠢ ᠭᠦᠨᠵᠡᠭᠡᠶ ᠬᠡᠷᠡᠭᠵᠢᠭᠦᠯᠵᠦ᠂ ᠪᠥᠬᠦ ᠪᠠᠯᠭᠠᠰᠤ ᠪᠠᠷ ᠢᠶᠠᠨ ᠠᠷᠠᠳ ᠲᠤ 961 ᠵᠦᠢᠯ ᠤᠨ ᠪᠣᠳᠠᠲᠤ ᠬᠡᠷᠡᠭ ᠤᠨ ᠨᠠᠷᠢᠨ ᠲᠠᠩᠰᠠ ᠶᠢ ᠭᠥᠯᠢᠶᠡᠨ ᠠᠪᠴᠠᠶ᠃      ᠨᠠᠷᠢᠨᠰᠢᠯᠢ ᠪᠠᠭ᠎ᠠ ᠰᠤᠷᠭᠠᠭᠤᠯᠢ ᠨᠢ ᠪᠤᠶᠢᠳᠠ ᠪᠦᠭᠯᠡᠭᠦᠦ ᠬᠥᠳᠡᠭᠡ ᠲᠣᠰᠬᠤᠨ ᠤ ᠰᠤᠷᠭᠠᠭᠤᠯᠢ ᠪᠠᠶᠢᠵᠤ᠂ ᠰᠤᠷᠤᠭᠴᠢᠳ ᠥᠷᠯᠥᠭᠡ ᠣᠷᠣᠶ ᠬᠢᠴᠢᠶᠡᠯ ᠪᠠᠭᠤᠬᠤ ᠳᠤ ᠪᠠᠨ ᠮᠠᠰᠢ ᠬᠤᠯᠠ ᠬᠥᠳᠡᠭᠡ ᠲᠣᠰᠬᠤᠨ ᠤ ᠵᠠᠮ ᠢᠶᠠᠷ ᠶᠠᠪᠤᠳᠠᠭ᠃ ᠡᠳᠡᠭᠡᠷ ᠵᠠᠮ ᠳᠤ ᠬᠡᠷᠡᠯᠳᠦᠬᠦᠯᠬᠡ ᠶᠢᠨ ᠲᠥᠬᠦᠭᠡᠷᠦᠮᠵᠢ ᠦᠭᠡᠢ᠂ ᠵᠠᠮ ᠨᠠᠷᠢᠨ ᠮᠤᠷᠤᠶ ᠰᠠᠷᠤᠶ᠂ ᠠᠮᠠᠷᠬᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠴᠤ᠂ ᠰᠤᠷᠤᠭᠴᠢᠳ ᠨᠢᠭᠡ ᠪᠦᠯᠦᠭ ᠭᠡᠷᠡᠯ ᠣᠶᠢᠯᠭᠠᠬᠤ ᠵᠤᠷᠪᠤᠰ ᠲᠠᠢ ᠠᠮᠤᠷ ᠲᠦᠪᠰᠢᠨ ᠤ ᠰᠤᠷᠭᠠᠭᠤᠯᠢ ᠶᠢᠨ ᠬᠤᠪᠴᠠᠰᠤ ᠶᠢ ᠪᠠᠴᠢᠮ ᠱᠠᠭᠠᠷᠳᠠᠭᠳᠠᠨ᠎ᠠ᠃       ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ ᠬᠤᠷᠢᠶᠠᠨ ᠤ ᠨᠠᠮ ᠤᠨ ᠭᠡᠰᠢᠭᠦᠨ ᠺᠠᠳ᠋ᠷ ︽ᠲᠦᠮᠡᠨ ᠺᠠᠳ᠋ᠷ ᠦᠨᠳᠦᠰᠦᠨ ᠱᠠᠲᠤᠨ ᠳᠤ ᠪᠠᠭᠤᠬᠤ︾ ᠠᠵᠢᠯᠯᠠᠭ᠎ᠠ ᠳᠤᠮᠳᠠ᠂ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠴᠠᠭ ᠲᠤᠬᠠᠶ ᠳᠤᠨᠢ ︽ᠰᠧ ᠶᠤᠸᠠᠨ᠂ ᠰᠢᠨ ᠯᠠᠩ ᠶᠠᠩ ᠹᠠᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ︾ ᠶᠢᠨ ᠣᠷᠳᠣᠰ ᠤᠨ ᠰᠠᠶᠢᠨ ᠳᠤᠷᠠᠴᠤᠳ ᠤᠨ ᠥᠷᠲᠡᠭᠡ ︽ᠬᠤᠩ ᠳ᠋ᠧ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷᠠᠴᠤᠳ ᠤᠨ ᠨᠡᠶᠢᠭᠡᠮᠯᠢᠭ︾ ᠲᠠᠢ ᠬᠠᠮᠲᠤᠷᠠᠨ ᠨᠠᠷᠢᠨᠰᠢᠯᠢ ᠪᠠᠭ᠎ᠠ ᠰᠤᠷᠭᠠᠭᠤᠯᠢ ᠶᠢᠨ ᠪᠥᠬᠦ ᠰᠤᠷᠤᠭᠴᠢᠳ ᠲᠤ ︽6᠂ 1︾ ᠤ ᠳᠡᠯᠡᠬᠡᠶ ᠶᠢᠨ ᠬᠡᠦᠬᠡᠳ ᠤᠨ ᠪᠠᠶᠠᠷ ᠤᠨ ᠣᠨᠴᠠᠭᠠᠶ ᠪᠡᠯᠡᠭ 289 ᠢᠵᠢ᠂ ᠶᠡᠷᠦᠩᠬᠡᠶ ᠥᠷᠲᠡᠭ ᠨᠢ 39015 ᠲᠥᠭᠦᠷᠢᠭ ᠤᠨ ᠰᠧ ᠶᠤᠸᠠᠨ ᠹᠠᠩ ᠵᠧᠤ ᠠᠮᠤᠷ ᠲᠦᠪᠰᠢᠨ ᠤ ᠰᠤᠷᠭᠠᠭᠤᠯᠢ ᠶᠢᠨ ᠬᠤᠪᠴᠠᠰᠤ ᠬᠦᠷᠭᠡᠪᠡ᠃ᠰᠢᠨ᠎ᠡ ᠪᠠᠶᠢᠳᠠᠯ ᠢ ᠡᠭᠦᠳᠬᠦ ᠳᠤ ︽ᠪᠣᠳᠠᠲᠠᠶ + ᠪᠣᠳᠠᠲᠠᠶ︾      ᠲᠤᠰ ᠪᠡᠶ᠎ᠡ ᠶᠢᠨ ᠢᠶᠠᠨ ᠪᠣᠳᠠᠲᠤ ᠪᠠᠶᠢᠳᠠᠯ ᠳᠤ ᠰᠠᠭᠤᠷᠢᠯᠠᠨ᠂ ᠭᠡᠭᠡᠨ ᠰᠠᠷᠠᠭᠤᠯ ᠢᠷᠡᠭᠡᠳᠦᠢ ᠶᠢ ᠡᠷᠢᠯᠬᠢᠯᠡᠵᠦ᠂ ᠪᠠᠶᠢᠳᠠᠯ ᠢ ᠦᠨᠳᠦᠰᠦᠯᠡᠨ ᠪᠣᠳᠣᠯᠬᠢᠯᠠᠵᠤ᠂ ᠪᠠᠶᠢᠳᠠᠯ ᠢ ᠦᠨᠳᠦᠰᠦᠯᠡᠨ ᠬᠥᠳᠡᠯᠵᠦ᠂ ᠪᠠᠶᠢᠳᠠᠯ ᠢ ᠲᠠᠭᠠᠨ ᠠᠵᠢᠯᠯᠠᠬᠤ ᠬᠡᠷᠡᠭᠲᠡᠢ᠃      ᠤᠯᠤᠰ ᠤᠨ ᠴᠢᠬᠤᠯᠠ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠪᠠ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠡᠵᠡᠨ ᠬᠤᠷᠤᠭ᠎ᠠ ᠬᠤᠰᠢᠭᠤ ᠰᠡᠳᠬᠢᠯ ᠵᠢᠷᠦᠬᠡᠨ ᠳᠡᠭᠡᠨ ︽ᠤᠯᠤᠰ ᠤᠨ ᠶᠡᠭᠡ ᠶᠠᠪᠤᠳᠠᠯ︾ ᠢ ᠡᠪᠦᠷᠯᠡᠵᠦ᠂ ᠲᠡᠦᠬᠡ ᠪᠠᠷ ᠳᠤᠯᠢᠳᠠᠵᠤ᠂ ᠲᠡᠦᠬᠡ ᠪᠠᠷ ᠶᠣᠰᠣ ᠶᠢ ᠮᠡᠳᠡᠵᠦ᠂ ᠲᠡᠦᠬᠡ ᠪᠠᠷ ᠬᠦᠴᠦ ᠪᠠᠨ ᠨᠢᠭᠲᠠᠷᠠᠭᠤᠯᠵᠤ᠂ ᠵᠤᠪᠠᠯ ᠵᠦᠳᠡᠬᠦᠷᠢ ᠬᠡᠷᠡᠯ ᠰᠠᠴᠤᠷᠠᠩᠭᠤᠶ ᠦᠩᠬᠡᠷᠡᠯᠳᠡ᠂ ᠡᠳᠦᠷ ᠢᠷᠡᠬᠦᠶ᠎ᠡ ᠬᠦᠭᠵᠢᠵᠦ ᠪᠠᠶᠢᠭ᠎ᠠ ᠣᠲᠣ ᠴᠠᠭ᠂ ᠬᠡᠭᠡᠨ ᠰᠠᠷᠠᠭᠤᠯ ᠠᠤᠭ᠎ᠠ ᠶᠡᠭᠡ ᠢᠷᠡᠭᠡᠳᠦᠶ ᠶᠢ ᠬᠤᠯᠪᠣᠵᠤ᠂ ᠪᠠᠶᠢᠳᠠᠯ ᠢ ᠦᠨᠳᠦᠰᠦᠯᠡᠨ ᠰᠦᠪᠡᠭᠴᠢᠯᠡᠵᠦ᠂ ᠪᠠᠶᠢᠳᠠᠯ ᠢ ᠲᠠᠭᠠᠨ ᠬᠥᠳᠡᠯᠵᠦ᠂ ᠪᠠᠶᠢᠳᠠᠯ ᠢ ᠲᠠᠭᠠᠨ ᠠᠵᠢᠯᠯᠠᠵᠤ᠂ ᠤᠷᠢᠳᠤᠬᠢ ᠶᠢ ᠳᠤᠯᠢᠳᠠᠨ ᠢᠷᠡᠭᠡᠳᠦᠶ ᠶᠢ ᠮᠡᠳᠡᠬᠦ ᠳᠤᠮᠳᠠ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠪᠡ᠃       ᠣᠳᠣᠬᠠᠨ ᠪᠠ ᠢᠷᠡᠬᠦ ᠲᠠᠪᠤᠨ ᠵᠢᠯ ᠳᠤ᠂ ᠡᠵᠡᠨ ᠬᠤᠷᠤᠭ᠎ᠠ ᠬᠤᠰᠢᠭᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ︽ᠰᠢᠨ᠎ᠡ︾ ᠡᠬᠢ ᠪᠠᠶᠠᠯᠢᠭ ᠤᠨ ᠦᠵᠡᠯᠲᠡ ᠪᠠᠷ ᠰᠢᠨ᠎ᠡ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠥᠨ ᠳᠠᠭᠠᠭᠤᠯᠬᠤ ᠣᠷᠣᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠬᠤᠰᠢᠭᠤᠴᠢ ᠣᠷᠣᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠥᠯᠢᠭᠡᠷ ᠳᠠᠭᠤᠷᠢᠶᠠᠯ ᠣᠷᠣᠨ᠂ ᠠᠷᠠᠳ ᠲᠦᠮᠡᠨ ᠤ ᠵᠣᠯ ᠵᠢᠷᠭᠠᠯᠲᠤ ᠰᠠᠶᠢᠨ ᠰᠠᠶᠢᠬᠠᠨ ᠬᠡᠷ ᠣᠷᠣᠨ ᠵᠡᠷᠭᠡ ︽ᠲᠠᠪᠤ ᠶᠢ ᠤᠷᠢᠳ ᠢᠶᠠᠷ ᠪᠣᠳᠣᠯᠬᠢᠯᠠᠬᠤ︾ ᠭᠤᠤᠯ ᠲᠡᠮᠡᠴᠡᠬᠦ ᠬᠠᠷᠠᠯᠲᠠ ᠶᠢ ᠤᠷᠢᠳ ᠢᠶᠠᠷ ᠴᠣᠭᠴᠠᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ ᠭᠡᠵᠦ ᠳᠤᠷᠠᠳᠪᠠ᠃      ︽ᠰᠠᠯᠬᠢᠨ ᠭᠡᠷᠡᠯ ᠤᠨ ᠤᠰᠤᠲᠥ᠋ᠷᠥᠭᠴᠢ ᠬᠠᠳᠠᠭᠠᠯᠠᠬᠤ︾ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠰᠢᠪᠲᠤᠯᠤᠯᠲᠠ ᠲᠠᠢ ᠪᠣᠯᠵᠤ᠂ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠤ᠂ ᠬᠤᠢ ᠨᠧᠩ ᠨᠡᠭᠦᠷᠡᠰᠦ ᠪᠠᠷ ᠬᠡᠢ ᠦᠢᠯᠡᠳᠬᠦ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠨᠢ ᠲᠤᠷᠰᠢᠨ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠵᠦ᠂ ᠲᠢᠶᠠᠨ ᠵᠢᠶᠤᠤ ᠪᠤᠬᠢᠷᠳᠤᠯ ᠦᠬᠡᠢ ᠡᠨᠧᠷᠭᠢ ᠶᠢᠨ 50 ᠲᠦᠮᠡᠨ ᠬᠢᠯᠦᠸᠠᠲ ᠤᠨ ︽ᠠᠮᠢ ᠠᠬᠤᠢ ᠶᠢ ᠰᠡᠷᠭᠦᠭᠡᠬᠦ + ᠭᠡᠷᠡᠯ ᠸᠣᠯᠲ︾ ᠤᠨ ᠲᠥᠷᠥᠯ ᠵᠦᠢᠯ ᠤᠳᠠᠯ ᠦᠭᠡᠢ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠪᠣᠯᠤᠯ᠎ᠠ᠂ ᠵᠧᠩ ᠲᠠᠢ ᠢ ᠳ᠋ᠡ ᠪᠠᠶᠢᠭᠠᠯᠢ ᠶᠢᠨ ᠰᠢᠲᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ᠂ ᠺᠧ ᠱᠢ ᠠᠭᠤᠷᠬᠠᠢ ᠶᠢᠨ ᠬᠡᠷᠡᠭᠯᠡᠬᠡᠨ ᠤ ᠵᠠᠮ ᠦᠭᠡᠢ ᠭᠤᠮ ᠬᠦᠷᠳᠦᠲᠦ ᠲᠡᠷᠭᠡ ᠵᠡᠷᠭᠡ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠠᠰᠢᠭᠯᠠᠯᠲᠠ ᠳᠤ ᠣᠷᠣᠪᠠ᠃
6.jpg
7.jpg
      ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠨᠡᠭᠦᠷᠡᠰᠦ ᠮᠠᠯᠲᠠᠵᠤ ᠳᠣᠷᠣᠭᠰᠢ ᠰᠠᠭᠤᠭᠰᠠᠨ ᠣᠷᠣᠨ ᠪᠣᠯᠤᠨ ᠰᠡᠷᠭᠦᠭᠡᠨ ᠬᠠᠭᠠᠯᠪᠤᠷᠢᠯᠠᠬᠤ ᠣᠷᠣᠨ ᠤ ︽ᠰᠠᠯᠬᠢ ᠭᠡᠷᠡᠯ ᠤᠨ ᠤᠰᠤᠲᠥ᠋ᠷᠥᠭᠴᠢ ᠬᠠᠳᠠᠭᠠᠯᠠᠬᠤ + ᠠᠮᠢ ᠠᠬᠤᠢ ᠶᠢ ᠰᠡᠷᠭᠦᠭᠡᠬᠦ + ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ︾ ᠶᠢᠨ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠪᠤᠢ ᠪᠦᠬᠦᠢ ᠨᠡᠭᠦᠷᠡᠰᠦᠨ ᠠᠭᠤᠷᠬᠠᠢ ᠨᠢ ᠥᠨᠳᠥᠷ ᠪᠠᠷᠢᠮᠵᠢᠶ᠎ᠠ ᠪᠠᠷ ᠣᠶᠤᠨᠴᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠵᠤ᠂ ᠪᠦᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠲᠩᠷᠢᠯᠢᠭ ᠲᠠᠷᠬᠠᠨ ᠣᠷᠣᠨ ᠢ ︽ᠲᠩᠷᠢ ᠨᠢ ᠨᠡᠩ ᠴᠡᠯᠮᠡᠭ᠂ ᠠᠭᠤᠯᠠ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠣᠷᠴᠢᠨ ᠲᠣᠭᠤᠷᠢᠨ ᠨᠢ ᠨᠡᠩ ᠦᠵᠡᠰᠬᠦᠯᠡᠩᠲᠦ ᠰᠠᠶᠢᠬᠠᠨ︾ ᠪᠣᠯᠭᠠᠨ᠎ᠠ᠃      ︽ᠭᠤᠷᠪᠠᠨ ᠲᠣᠭᠤᠷᠢᠭ ᠲᠠᠪᠤᠨ ᠦᠢᠯᠡᠰ︾ ᠤᠨ ᠶᠡᠷᠦᠩᠬᠡᠢ ᠪᠠᠢᠷᠢᠯᠠᠭᠤᠯᠤᠯᠲᠠ ᠶᠢ ᠪᠠᠷᠢᠮᠲᠠᠯᠠᠵᠤ᠂ ᠬᠤᠨᠢᠴᠢᠨ ᠭᠤᠣᠯ ᠪᠠᠯᠭᠠᠰᠤ᠂ ᠰᠤᠪᠤᠷᠭ᠎ᠠ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠳᠤ ᠰᠠᠭᠤᠷᠢᠯᠠᠨ᠂ ᠪᠣᠬᠢᠷᠲᠤᠯ ᠦᠭᠡᠢ ᠵᠢᠮᠢᠰ ᠢᠳᠡᠰᠢᠨ ᠨᠣᠭᠤᠭ᠎ᠠ᠂ ᠵᠢᠭᠦᠷᠲᠡᠨ ᠥᠨᠳᠡᠭᠡ ᠮᠢᠬ᠎ᠠ ᠨᠣᠣᠯᠤᠷ᠂ ᠡᠯᠳᠡᠪ ᠠᠮᠤ ᠬᠤᠯᠢᠰᠢᠨ ᠢᠳᠡᠭᠡᠨ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠠᠷᠠᠭᠤᠨ ᠣᠷᠣᠨ ᠤ ᠣᠬᠢ ᠰᠢᠯᠢᠳᠡᠭ ᠲᠠᠷᠢᠶᠠᠯᠠᠩ ᠮᠠᠯ ᠠᠵᠤ ᠠᠬᠤᠢ ᠶᠢᠨ ᠲᠥᠪᠯᠡᠷᠡᠯ ᠤᠨ ᠣᠷᠣᠨ ᠢ ᠪᠠᠶᠢᠭᠤᠯᠤᠨ᠎ᠠ᠃ ᠠᠯᠲᠠᠨᠰᠢᠷᠡᠭᠡ ᠪᠠᠯᠭᠠᠰᠤ᠂ ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤ ᠶᠢᠨ ᠪᠥᠬᠦ ᠬᠡᠪᠴᠢᠶᠡᠨ ᠤ ᠵᠢᠭᠤᠯᠴᠢᠯᠠᠯ ᠤᠨ ᠡᠬᠢ ᠪᠠᠶᠠᠯᠢᠭ ᠲᠤ ᠰᠠᠭᠤᠷᠢᠯᠠᠨ᠂ ᠰᠡᠯᠡᠭᠦᠴᠡᠨ ᠲᠣᠭᠤᠷᠢᠬᠤ᠂ ᠰᠣᠶᠣᠯ ᠢ ᠪᠡᠶᠡᠴᠢᠯᠡᠨ ᠣᠶᠢᠯᠠᠭᠠᠬᠤ᠂ ᠠᠶᠠᠨᠳᠠᠭᠠᠨ ᠰᠤᠳᠤᠯᠤᠨ ᠰᠤᠷᠤᠯᠴᠠᠬᠤ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠳᠤᠮᠳᠠ ᠬᠡᠰᠡᠭ ᠤᠨ ᠵᠢᠭᠤᠯᠴᠢᠯᠠᠯ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ᠤᠯᠠᠭᠠᠨᠮᠥ᠋ᠷᠡᠨ ᠪᠠᠯᠭᠠᠰᠤ᠂ ᠨᠠᠷᠢᠨ ᠲᠣᠬᠤᠶ ᠪᠠᠯᠭᠠᠰᠤ ᠠᠮᠢ ᠠᠬᠤᠶ ᠲᠠᠷᠢᠶᠠᠯᠠᠩ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠤ᠂ ᠵᠡᠭᠦᠨ ᠬᠡᠰᠡᠭ ᠤᠨ ᠠᠭᠤᠷᠬᠠᠶ ᠶᠢᠨ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠥᠯᠢᠭᠡᠷ ᠳᠠᠭᠤᠷᠢᠶᠠᠯ ᠲᠣᠭᠤᠷᠢᠭ ᠢ ᠪᠠᠶᠢᠭᠤᠯᠵᠤ᠂ ᠪᠣᠬᠢᠷᠲᠤᠯ ᠥᠬᠡᠶ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠲᠣᠭᠤᠷᠢᠭ ᠢ ᠬᠦᠴᠦᠯᠡᠨ ᠪᠠᠶᠢᠭᠤᠯᠤᠨ᠎ᠠ᠃      ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠪᠠᠶᠢᠳᠠᠯ ᠢ ᠲᠠᠭᠠᠨ ᠤᠷᠤᠭᠰᠢᠯᠠᠪᠠᠯ᠂ ᠯᠠᠪᠲᠠᠶ ᠰᠠᠶᠢᠨ ᠰᠠᠶᠢᠬᠠᠨ ᠢᠷᠡᠭᠡᠳᠦᠶ ᠶᠢ ᠲᠡᠮᠡᠴᠡᠨ ᠣᠯᠵᠤ᠂ ᠡᠵᠡᠨ ᠬᠤᠷᠤᠭ᠎ᠠ ᠪᠠᠨ ᠨᠠᠩ ᠰᠠᠶᠢᠨ ᠰᠠᠶᠢᠬᠠᠨ ᠢᠷᠡᠭᠡᠳᠦᠶ ᠵᠦᠭ ᠬᠥᠲᠥᠯᠥᠨ ᠳᠠᠭᠠᠭᠤᠯᠬᠤ ᠪᠠ ᠳᠥᠯᠭᠢᠨ ᠠᠬᠢᠭᠤᠯᠵᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠢᠯᠡᠰ ᠤᠨ ᠴᠣ᠋ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ