︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/1

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
     ᠦᠪᠦᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃
     2021 ᠣᠨ ᠤ 8 ᠳ᠋ᠤᠭᠠᠷ ᠰᠠᠷ᠎ᠠ ᠶᠢᠨ 27 ᠤ ᠡᠳᠦᠷ
     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ
     ᠨᠢᠭᠡᠳᠦᠭᠡᠷ ᠵᠦᠢᠯ  ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠤᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠤᠨ ᠠᠵᠤ ᠠᠬᠤᠶᠢᠯᠠᠯ ᠤᠨ ᠲᠠᠰᠤᠷᠠᠯᠲᠠ ᠥᠬᠡᠶ ᠪᠤᠵᠠᠭᠠᠶᠢᠷᠬᠠᠤ ᠶᠢ ᠠᠬᠢᠭᠤᠯᠤᠨ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠠᠩ ᠰᠠᠢᠳᠣᠷ ᠦᠢᠯᠡᠴᠢᠯᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠱᠠᠲᠤ ᠦᠶ᠎ᠡ ᠬᠤᠪᠢᠶᠠᠵᠤ ᠳᠤᠤᠷᠠᠬᠢ ᠱᠠᠩᠨᠠᠯ ᠨᠥᠬᠦᠪᠥᠷᠢ ᠣᠯᠭᠤᠨ᠎ᠠ᠄
     ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠬᠠᠪᠰᠤᠷᠤᠨ ᠵᠢᠯᠣᠭᠤᠳᠣᠭᠤᠯᠵᠣ ᠪᠦᠷᠢᠳᠬᠡᠨ ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔
     ︵ᠬᠤᠶᠠᠷ︶ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠲᠡᠭᠦᠨ ᠢ ᠨᠢ ᠬᠦᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔
     ︵ᠭᠤᠷᠪᠠ︶ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠠᠩᠬ᠎ᠠ ᠭᠠᠷᠭᠠᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
     ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠤᠯᠤᠰ ᠤᠨ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠢᠯᠢ ᠶᠢᠨ ᠭᠠᠳᠠᠨᠠᠬᠢ ᠭᠤᠣᠯ ᠪᠣᠯᠬᠤ ᠲᠡᠮᠳᠡᠭᠲᠦ ᠶᠢᠨ ᠠᠷᠠᠯᠵᠢᠶᠠᠨ ᠤ ᠭᠠᠵᠠᠷ ︵ᠰᠢᠶᠠᠩᠭᠠᠩ ᠤᠨ ᠲᠡᠮᠳᠡᠭᠲᠦ ᠶᠢᠨ ᠬᠤᠯᠪᠣᠭᠠᠯᠠᠭᠰᠠᠨ ᠠᠷᠠᠯᠵᠢᠶᠠᠨ ᠤ ᠭᠠᠵᠠᠷ᠂ ᠨᠢᠦ᠋ ᠶᠣᠷᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠨᠠᠰᠳᠠᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ︶ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡ ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
     ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠨ᠎ᠡ ᠭᠤᠷᠪᠠᠳᠤᠭᠠᠷ ᠰᠠᠮᠪᠠᠷ᠎ᠠ ᠳᠤ ᠳᠡᠰ ᠳᠡᠪᠰᠢᠬᠦ ᠶᠢ ᠵᠣᠷᠢᠭᠵᠢᠭᠤᠯᠤᠨ᠎ᠠ᠃ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ ᠰᠣᠩᠭᠤᠭᠳᠠᠬᠤ ᠲᠠᠰ ᠲᠤ ᠳᠡᠪᠰᠢᠭᠰᠡᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡ ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠰᠢᠯᠢᠨ ᠰᠣᠩᠭᠤᠭᠳᠠᠬᠤ ᠳᠡᠰ ᠲᠠᠬᠢ ᠠᠵᠤ ᠠᠬᠤᠶᠢᠯᠠᠯ ᠨᠢ ᠰᠲ᠋ᠣᠺ ᠤᠨ ᠰᠠᠮᠪᠠᠷ᠎ᠠ ᠪᠠᠷ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠲᠤ ᠰᠢᠯᠵᠢᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠳᠠᠬᠢᠨᠲᠠ ᠨᠢᠭᠡ ᠤᠳᠠᠭ᠎ᠠ ᠶᠢᠨ ᠴᠢᠨᠠᠷᠲᠠᠶ ᠪᠠᠷ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
     ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠭᠦᠯᠵᠦ ᠪᠤᠶᠢᠵᠢᠭᠤᠯᠤᠨ᠎ᠠ᠃ ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ ᠪᠦᠵᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠤᠨ ᠪᠣᠯᠤᠮᠵᠢᠲᠤ ᠬᠢᠨᠠᠨ ᠲᠣᠭᠲᠠᠭᠠᠬᠤ ᠬᠤᠷᠠᠯ ᠢᠶᠠᠷ ᠬᠢᠨᠠᠨ ᠲᠣᠭᠲᠠᠭᠠᠵᠤ ᠪᠠᠲᠤᠯᠠᠭᠠᠳ᠂ ᠥᠪᠥᠷ ᠮᠣᠩᠭᠤᠯ ᠤᠨ ︽ᠲᠢᠶᠠᠨ ᠵᠢᠶᠦ᠋ᠨ ᠨᠡᠷᠡᠮᠵᠢᠲᠦ ᠰᠠᠮᠪᠠᠷ᠎ᠠ︾ ᠳᠤ ᠫᠠᠶᠢᠰᠠ ᠡᠯᠭᠦᠭᠰᠡᠨ ᠪᠠᠶᠢᠪᠡᠯ᠂ ᠫᠠᠶᠢᠰᠠ ᠡᠯᠭᠦᠭᠰᠡᠨ ᠠᠵᠤ ᠠᠬᠤᠶᠢᠯᠠᠯ ᠨᠢ 1 ᠨᠡᠮᠡᠭᠳᠡᠬᠦ ᠪᠦᠷᠢ ᠳᠤ᠂ ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
     ᠠᠵᠤ ᠠᠬᠤᠶᠢᠯᠠᠯ ᠨᠢ ᠥᠪᠥᠷ ᠮᠣᠩᠭᠤᠯ ᠤᠨ ︽ᠲᠢᠶᠠᠨ ᠵᠢᠶᠦ᠋ᠨ ᠨᠡᠷᠡᠮᠵᠢᠲᠦ ᠰᠠᠮᠪᠠᠷ᠎ᠠ︾ ᠳᠤ ᠫᠠᠶᠢᠰᠠ ᠡᠯᠭᠦᠨ ᠪᠦᠵᠢᠭᠤᠯᠬᠤ ᠪᠠᠷ ᠳᠠᠮᠵᠢᠭᠤᠯᠵᠤ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠨ ᠬᠠᠪᠰᠤᠷᠤᠨ ᠵᠢᠯᠣᠭᠤᠳᠤᠭᠤᠯᠵᠤ ᠪᠦᠷᠢᠳᠬᠡᠨ ᠳᠠᠩᠰᠠᠯᠠᠭᠤᠯᠬᠤ ᠪᠠᠷ ᠮᠡᠳᠡᠭᠦᠯᠵᠦ ᠬᠦᠷᠭᠡᠭᠰᠡᠨ ᠪᠥᠭᠡᠳ ᠭᠥᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠪᠣᠯ᠂ 1 ᠠᠵᠤ ᠠᠬᠤᠶᠢᠯᠠᠯ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠪᠦᠷᠢ ᠳᠤ᠂ ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
     ᠵᠢᠷᠭᠤᠳᠤᠭᠠᠷ ᠵᠦᠢᠯ  ᠣᠷᠣᠨ ᠤ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠳᠤ ᠰᠢᠯᠵᠢᠵᠦ ᠢᠷᠡᠬᠦ ᠶᠢ ᠵᠣᠷᠢᠭᠵᠢᠭᠤᠯᠤᠨ᠎ᠠ᠃ ᠳᠠᠩᠰᠠᠯᠠᠭᠤᠯᠤᠭᠰᠠᠨ ᠭᠠᠵᠠᠷ ᠠᠴᠠ ᠪᠠᠨ ᠥᠪᠡᠷᠲᠡᠭᠡᠨ ᠵᠠᠰᠠᠬᠤ ᠣᠷᠣᠨ ᠳᠤ ᠰᠢᠯᠵᠢᠵᠦ ᠢᠷᠡᠭᠰᠡᠨ ᠣᠷᠣᠨ ᠤ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠨᠢ ᠬᠡᠪ ᠤᠨ ᠶᠣᠰᠣᠭᠠᠷ ᠡᠵᠡᠩᠨᠡᠵᠦ ᠪᠠᠢᠬᠤ ᠮᠥᠷᠲᠡᠭᠡᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠳᠤ ᠭᠠᠶᠢᠯᠢ ᠲᠤᠰᠢᠶᠠᠭᠰᠠᠨ ᠪᠠᠶᠢᠪᠠᠯ᠂ ᠳᠠᠩᠰᠠᠯᠠᠭᠤᠯᠤᠭᠰᠠᠨ ᠭᠠᠵᠠᠷ ᠲᠠᠬᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠮᠡᠳᠡᠭᠦᠯᠦᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠠᠴᠠ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
     ᠳᠣᠯᠣᠳᠤᠭᠠᠷ ᠵᠦᠢᠯ  ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ ︵2018 — 2020 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 44 ᠳ᠋ᠦ᠋ᠭᠡᠷ ᠲᠣᠭᠠᠲᠤ︶ ᠢ ᠬᠡᠷᠡᠭᠵᠢᠭᠦᠯᠬᠦ ᠬᠤᠭᠤᠴᠠᠭᠠᠨ ᠠᠴᠠ ᠲᠣᠰ ᠠᠷᠭ᠎ᠠ ᠶᠢ ᠬᠡᠷᠡᠭᠵᠢᠭᠦᠯᠬᠦ ᠡᠳᠦᠷ ᠠᠴᠠ ᠡᠮᠦᠨ᠎ᠡ ᠪᠣᠯᠲᠠᠯ᠎ᠠ᠂ ᠲᠠᠰ ᠳᠡᠪᠰᠢᠵᠦ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ ᠰᠣᠩᠭᠤᠭᠳᠠᠬᠤ ᠳᠡᠰ ᠲᠤ ᠣᠷᠣᠭᠰᠠᠨ ᠪᠠ ᠰᠲ᠋ᠣᠺ ᠤᠨ ᠵᠠᠬ᠎ᠠ ᠳᠡᠯᠭᠡᠭᠦᠷ ᠲᠤ ᠠᠩᠬ᠎ᠠ ᠠᠷᠠᠯᠵᠢᠶᠠᠯᠠᠵᠤ ᠡᠬᠢᠯᠡᠭᠰᠡᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ᠂ ᠲᠣᠰ ᠠᠷᠭ᠎ᠠ ᠶᠢᠨ ᠪᠠᠷᠢᠮᠵᠢᠶ᠎ᠠ ᠶᠣᠰᠣᠭᠠᠷ ᠱᠠᠩᠨᠠᠯ ᠨᠥᠬᠦᠪᠥᠷᠢ ᠣᠯᠭᠤᠨ᠎ᠠ᠃
     ᠨᠠᠢᠮᠠᠳᠤᠭᠠᠷ ᠵᠦᠢᠯ  ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠭᠤᠶᠤᠴᠢᠯᠠᠬᠤ ᠶᠠᠪᠤᠴᠠ ᠳᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠮᠡᠬᠡᠯᠡᠵᠦ ᠣᠯᠣᠭᠰᠠᠨ᠂ ᠮᠡᠬᠡᠯᠡᠵᠦ ᠠᠪᠤᠭᠰᠠᠨ ᠵᠡᠷᠭᠡ ᠬᠠᠤᠯᠢ ᠪᠠ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠬᠡᠷᠡᠭᠲᠡᠢ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦ ᠬᠡᠷᠡᠭᠲᠡᠢ᠃
     ᠶᠢᠰᠦᠳᠦᠭᠡᠷ ᠵᠦᠢᠯ  ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠠᠴᠠ ᠵᠣᠬᠢᠶᠠᠨ ᠪᠠᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠵᠣ

ᠲᠠᠶᠢᠯᠪᠣᠷᠢᠯᠠᠨ᠎ᠠ᠃
     ᠠᠷᠪᠠᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠡᠭᠦᠨ ᠠᠴᠠ ᠡᠮᠦᠨ᠎ᠡ ᠲᠣᠭᠲᠠᠭᠠᠭᠰᠠᠨ ᠬᠠᠮᠢᠶ᠎ᠠ ᠪᠦᠬᠦᠢ ᠱᠠᠩᠨᠠᠵᠤ ᠨᠥᠬᠦᠪᠥᠷᠢᠯᠡᠬᠦ ᠪᠠᠷᠢᠮᠵᠢᠶ᠎ᠠ ᠨᠢ ᠲᠤᠰ ᠠᠷᠭ᠎ᠠ ᠯᠤᠭ᠎ᠠ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ

︵2018 — 2020 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 44 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ

ᠪᠣᠯᠭᠠᠨ᠎ᠠ᠃
     ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃
     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
     2021 ᠣᠨ ᠤ 8 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ