|
ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ |
|
|
ᠨᠡᠶᠢᠲᠡᠯᠡᠭᠰᠡᠨ ᠴᠠᠭ᠄
2021/12/14
|
|
ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠪᠤᠢ︖ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠥᠰᠦᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ᠲᠥᠷᠥ ᠠᠯᠪᠠᠨ ᠲᠠᠷᠬᠠᠭᠠᠭᠰᠠᠨ ﹇2020﹈ 19 ᠳ᠋ᠦ᠋ᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ ᠬᠤᠶᠠᠷ᠂ ︽ᠬᠡᠷᠡᠭᠵᠢᠭᠦᠯᠬᠦ ᠲᠥᠰᠦᠯ︾ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ ᠨᠢ ᠶᠠᠭᠤ ᠪᠤᠢ︖ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠣᠯᠤᠨ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠦᠬᠦᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠲᠣᠭᠲᠠᠪᠤᠷᠢᠲᠠᠶ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠦᠷᠢᠮ ᠢ ᠪᠣᠶ ᠪᠣᠯᠭᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠶᠢᠨ ᠬᠠᠮᠠᠭᠠᠯᠠᠯᠲᠠ ᠪᠠ ᠵᠦᠢ ᠵᠣᠬᠢᠰᠲᠠᠶ ᠠᠰᠢᠭᠯᠠᠯᠲᠠ ᠶᠢ ᠠᠬᠢᠭᠤᠯᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠭᠤᠷᠪᠠ᠂ ︽ᠬᠡᠷᠡᠭᠵᠢᠭᠦᠯᠬᠦ ᠲᠥᠰᠦᠯ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖ ︽ᠣᠷᠣᠨ ᠨᠤᠲᠤᠭ ᠤᠨ ᠨᠡᠩ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠲᠣᠬᠢᠷᠠᠮᠵᠢᠲᠠᠶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠡᠳᠦ ᠣᠯᠠᠨ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠰᠬᠢᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠬᠦ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠠᠶ ᠭᠠᠮᠰᠢᠭ ᠢ ᠰᠡᠷᠭᠡᠶᠢᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠪᠤᠰᠤᠳ ᠵᠦᠢᠯ ᠵᠡᠷᠭᠡ 7 ᠲᠠᠯ᠎ᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶ ᠲᠣᠭᠲᠠᠭᠠᠪᠠ᠃ ᠳᠥᠷᠪᠡ᠂ ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠪᠣᠶ︖ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠨᠢᠭᠲᠠᠷᠠᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ︔ ᠭᠤᠷᠪᠠ ᠳᠤ᠂ ᠬᠤᠯᠪᠣᠭᠳᠠᠯ ᠪᠦᠬᠦᠢ ᠳᠦᠷᠢᠮ ᠢ ᠡᠮᠬᠢᠯᠡᠨ ᠵᠠᠰᠠᠵᠤ ᠪᠦᠷᠢᠨᠰᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠲᠠᠢ ᠣᠷᠭᠠᠨᠢᠭ ᠢᠶᠠᠷ ᠵᠣᠯᠭᠠᠭᠤᠯᠵᠤ᠂ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|