ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2021/12/15
      ᠣᠶᠢᠷ᠎ᠠ ᠶᠢᠨ ᠡᠳᠦᠷ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠣᠰ ᠲᠣᠰ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ ᠣᠯᠤᠭᠰᠠᠨ ᠦᠷ᠎ᠡ ᠪᠦᠲᠦᠮᠵᠢ ᠵᠢᠴᠢ ᠠᠵᠢᠯᠯᠠᠭ᠎ᠠ ᠶᠢᠨ ᠳᠤᠮᠳᠠ ᠴᠣᠯᠭᠤᠷᠠᠨ ᠭᠠᠷᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠨᠡᠶᠢᠲᠡᠯᠡᠪᠡ᠃
3-1.jpg
      ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠠᠵᠢᠯ ᠤᠨ ᠪᠣᠳᠠᠲᠠᠶ ᠲᠠᠢ ᠤᠶᠠᠯᠳᠤᠭᠤᠯᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠡᠳᠬᠢᠯ ᠲᠠᠯᠪᠢᠨ ᠥᠷᠨᠢᠭᠦᠯᠪᠡ᠃ ᠦᠨᠡᠮᠯᠡᠯ ᠭᠦᠢᠴᠡᠳᠭᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 5+2+2 ᠤᠨ ᠠᠵᠢᠯᠯᠠᠬᠤ ᠠᠷᠭ᠎ᠠ ᠮᠠᠶ᠋ᠢᠭ ᠢ ᠬᠡᠷᠡᠭᠯᠡᠭᠰᠡᠨ ᠪᠥᠭᠡᠳ ᠫᠢᠩ ᠳ᠋ᠢ ᠴᠢᠤᠸᠠᠨ ᠪᠠᠯᠭᠠᠰᠤᠨ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠣᠩᠬᠤ ᠨᠡᠮᠡᠨ ᠪᠠᠶᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ 3 ᠡᠳᠦᠷ ᠤᠨ ᠭᠦᠢᠴᠡᠳᠭᠡᠬᠦ ᠴᠠᠭ ᠤᠨ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ᠦᠨᠡᠮᠯᠡᠯ ᠭᠦᠢᠴᠡᠳᠭᠡᠬᠦ ᠶᠢ ᠳᠤᠲᠠᠭᠤ ᠭᠦᠶᠦᠯᠭᠡᠭᠰᠡᠨ ᠪᠠᠶᠢᠨ᠎ᠠ᠃ ᠶᠡᠭᠡ ᠲᠢᠩᠬᠢᠮ ᠳᠤ ᠣᠴᠢᠵᠤ ᠠᠵᠢᠯ ᠶᠠᠪᠤᠳᠠᠯ ᠬᠢᠵᠦ ᠳᠡᠶᠢᠯᠬᠦ ᠦᠭᠡᠢ ᠤᠯᠠᠨ ᠲᠦᠮᠡᠨ ᠳᠤ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠬᠡᠷ ᠲᠤ ᠨᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠳᠤ ᠲᠦᠬᠦᠮ ᠦᠵᠡᠭᠦᠯᠪᠡ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠡᠨᠡ ᠵᠢᠯ ᠡᠯ᠎ᠡ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠨᠡᠶᠢᠲᠡ 3 ᠲᠦᠮᠡ ᠰᠢᠬᠠᠮ ᠭᠦᠢᠴᠡᠳᠭᠡᠵᠠᠢ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠪᠠ ᠵᠠᠰᠠᠭ ᠤᠨ ᠶᠠᠪᠤᠳᠠᠯ ᠤᠨ ᠲᠥᠪ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠶᠢ ᠠᠰᠢᠭᠯᠠᠨ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠬᠦ ᠶᠢᠨ ᠬᠠᠮᠲᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂ ᠠᠵᠤ ᠠᠬᠤᠶᠢᠯᠠᠯ ᠤᠨ ᠬᠠᠮᠢᠶ᠎ᠠ ᠪᠥᠬᠦᠶ ᠭᠠᠷᠳᠠᠮ ᠢ ᠭᠦᠢᠴᠡᠳᠭᠡᠬᠦ ᠳᠤ ᠲᠥᠬᠦᠮ ᠡᠭᠦᠨ ᠤ ᠬᠠᠮᠲᠤ ᠳᠤᠲᠠᠭᠤ ᠶᠢ ᠪᠠᠭᠲᠠᠭᠠᠬᠤ + ᠠᠮᠠᠯᠠᠯᠲᠠ ᠶᠢᠨ ᠬᠢᠨᠠᠨ ᠵᠥᠪᠰᠢᠶᠡᠷᠡᠬᠦ ᠲᠣᠭᠲᠠᠴᠠ ᠶᠢ ᠬᠡᠷᠡᠭᠵᠢᠭᠦᠯᠵᠦ᠂ ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ ᠳᠤ ᠦᠨᠡᠨ ᠬᠦ ᠲᠥᠬᠦᠮ ᠦᠵᠡᠭᠦᠯᠪᠡ᠃ ᠣᠲᠣ ᠪᠣᠯᠲᠠᠯ᠎ᠠ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠰᠠᠭᠠᠳ ᠥᠬᠡᠶ ᠨᠡᠪᠲᠡᠷᠡᠬᠦ ᠵᠠᠮ ᠤᠨ ᠲᠥᠯᠥᠪᠵᠢᠭᠦᠯᠭᠡ ᠶᠢᠨ ᠺᠣᠮᠢᠰ ᠢ ᠨᠡᠶᠢᠲᠡ 6 ᠤᠳᠠᠭ᠎ᠠ ᠬᠤᠷᠠᠯᠳᠤᠭᠤᠯᠵᠤ᠂ ᠲᠥᠯᠥᠪᠵᠢᠭᠦᠯᠭᠡ ᠶᠢᠨ ᠭᠠᠵᠠᠷ ᠰᠣᠩᠭᠤᠬᠤ 16 ᠵᠦᠢᠯ᠂ ᠬᠤᠲᠠ ᠶᠢᠨ ᠶᠠᠪᠤᠳᠠᠯ ᠤᠨ ᠬᠤᠭᠤᠯᠠᠶ ᠱᠤᠭᠤᠮ ᠤᠨ ᠲᠥᠰᠦᠯ ᠤᠨ 9 ᠵᠦᠢᠯ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠤᠨ 43 ᠵᠦᠢᠯ ᠢ ᠬᠢᠨᠠᠨ ᠲᠣᠭᠲᠠᠭᠠᠪᠠ᠃
3-2.jpg
      ᠬᠤᠰᠢᠭᠤᠨ ᠤ ᠰᠣᠶᠣᠯ ᠵᠤᠭᠠᠴᠠᠯ ᠤᠨ ᠲᠣᠪᠴᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠪᠡ᠃ ᠨᠡᠶᠢᠭᠡᠮ ᠲᠣᠭᠤᠷᠢᠭ ᠤᠨ ᠣᠯᠠᠨ ᠲᠦᠮᠡᠨ ᠤ ᠪᠥᠵᠢᠭ ᠤᠨ ᠠᠩᠭᠢ ᠪᠠ ᠤᠷᠠᠨ ᠰᠠᠶᠢᠬᠠᠨ ᠤ ᠲᠣᠭᠯᠠᠯᠲᠠ ᠶᠢᠨ ᠠᠩᠭᠢ ᠳᠤ ᠪᠣᠯᠪᠠᠰᠤᠷᠠᠯ ᠤᠨ ᠲᠠᠯᠠᠪᠤᠷ ᠢ ᠵᠣᠬᠢᠴᠠᠭᠤᠯᠤᠨ  ᠰᠢᠢᠳᠪᠦᠷᠢᠯᠡᠵᠦ ᠦᠭᠭᠦᠪᠡ᠃ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠶᠢ ᠤᠷᠢᠵᠤ ︽ᠭᠠᠷ ᠢᠶᠠᠷ ᠨᠡᠬᠡᠬᠦ︾ ᠮᠡᠷᠭᠡᠵᠢᠯ ᠴᠢᠳᠠᠪᠤᠷᠢ ᠶᠢ ᠤᠯᠠᠮᠵᠢᠯᠠᠭᠤᠯᠵᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠭᠠᠷ ᠢᠶᠠᠷ ᠨᠡᠬᠡᠬᠦ ᠪᠣᠯᠪᠠᠰᠤᠷᠠᠭᠤᠯᠤᠯ ᠤᠨ ᠠᠵᠢᠯᠯᠠᠭ᠎ᠠ ᠶᠢ ᠡᠷᠭᠢᠯᠡᠨ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠠᠳᠠᠯ ᠦᠢᠯᠡᠰ ᠴᠣᠭᠴᠠᠯᠠᠭᠤᠯᠪᠠ᠃ ᠣᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠲᠤᠭ ᠤᠨ ᠠᠭᠤᠯᠠ ᠪᠠᠯᠭᠠᠰᠣᠨ ᠤ ᠲᠤᠭ ᠤᠨ ᠠᠭᠤᠯᠠ ᠴᠡᠴᠡᠷᠯᠢᠭ ᠤᠨ ᠡᠮᠦᠨ᠎ᠡ ︽ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠰᠣᠶᠣᠯ ᠤᠨ ᠣᠷᠳᠣᠨ᠂ ᠨᠣᠮ ᠤᠨ ᠰᠠᠩ᠂ ᠮᠦᠽᠧᠶ ᠶᠢᠨ ᠲᠥᠷᠥᠯ ᠵᠦᠢᠯ︾ ᠢ ᠡᠬᠢᠯᠡᠨ ᠪᠠᠶᠢᠭᠤᠯᠪᠠ︔ ᠪᠥᠬᠦ ᠬᠤᠰᠢᠭᠤᠨ ᠤ ᠨᠡᠶᠢᠭᠡᠮ ᠲᠣᠭᠤᠷᠢᠭ᠂ ᠰᠢᠶᠠᠩ ᠪᠠᠯᠭᠠᠰᠤ ᠶᠢᠨ ᠨᠡᠭᠦᠳᠡᠯ ᠠᠷᠠᠳ ᠤᠨ ᠰᠢᠨ᠎ᠡ ᠲᠣᠰᠬᠤᠨ ᠪᠠ ᠦᠨᠳᠦᠰᠦᠨ ᠱᠠᠲᠤᠨ ᠤ ᠰᠣᠶᠣᠯ ᠤᠨ ᠥᠷᠲᠡᠭᠡ ︵ᠬᠡᠷ︶ ᠳᠤ ᠰᠣᠶᠣᠯ ᠤᠨ ᠲᠥᠬᠦᠭᠡᠷᠦᠮᠵᠢ ᠳᠣᠭᠢᠷᠠᠭᠤᠯᠤᠨ ᠨᠥᠬᠦᠪᠥᠷᠢᠯᠡᠬᠦ ᠬᠡᠷᠡᠭᠲᠡᠶ᠃ ᠤᠯᠠᠨ ᠵᠦᠢᠯ ᠤᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠤᠯᠠᠨ ᠲᠠᠯᠠᠪᠤᠷ ᠤᠳᠠᠭᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠪᠡ᠃ ᠣᠯᠠᠨ ᠲᠦᠮᠡᠨ ᠳᠤ ᠲᠣᠭᠯᠠᠯᠲᠠ ᠶᠢᠨ ᠡᠳ᠋ ᠪᠣᠳᠠᠰ ᠢ ᠦᠨ᠎ᠡ ᠲᠥᠯᠥᠪᠦᠷᠢ ᠦᠭᠡᠶ ᠪᠠᠷ ᠲᠦᠭᠡᠭᠡᠨ ᠥᠭᠬᠦ ᠶᠢᠨ ᠬᠠᠮᠲᠤ ᠲᠡᠳᠡᠨ ᠢ ᠰᠢᠰᠲ᠋ᠧᠮ ᠲᠠᠢ ᠪᠠᠷ ᠬᠠᠪᠰᠤᠷᠤᠨ ᠵᠢᠯᠣᠭᠤᠳᠴᠤ᠂ ᠭᠡᠷ ᠲᠤ ᠪᠠᠨ ᠬᠤᠴᠣᠷᠤᠭᠰᠠᠨ ᠨᠠᠰᠤᠲᠠᠶᠢᠴᠤᠳ ᠲᠠᠢ ᠵᠣᠭᠤᠭ ᠳᠡᠯᠭᠡᠵᠦ᠂ ᠰᠡᠳᠬᠢᠯ ᠤᠨ ᠦᠭᠡ ᠪᠠᠨ ᠶᠠᠷᠢᠪᠠ᠃ ᠰᠣᠶᠣᠯ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ᠂ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠤᠨ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠵᠤ᠂ ᠰᠣᠶᠣᠯ ᠢ ᠬᠥᠳᠡᠭᠡ ᠬᠦᠷᠭᠡᠵᠦ ᠬᠠᠪᠰᠤᠷᠤᠨ ᠵᠢᠯᠣᠭᠤᠳᠬᠤ᠂ ᠪᠣᠯᠪᠠᠰᠤᠷᠠᠯ ᠬᠢᠵᠦ ᠲᠣᠭᠯᠠᠯᠲᠠ ᠭᠠᠷᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠳᠤ ᠰᠣᠶᠣᠯ ᠤᠨ ᠠᠰᠢᠭ ᠲᠤᠰᠠ ᠶᠢ ᠣᠯᠭᠤᠵᠠᠢ᠃
3-3.jpg
      ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠪᠡ᠃ ᠣᠯᠠᠨ ᠲᠦᠮᠡᠨ ᠤ ᠲᠤᠰᠬᠠᠭᠰᠠᠨ ᠵᠠᠮ ᠰᠠᠭᠠᠳ ᠥᠬᠡᠶ ᠪᠠᠶᠢᠬᠤ ᠠᠰᠠᠭᠤᠳᠠᠯ ᠳᠤ 2100 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 576 ᠰᠢᠶᠠᠨ ᠤ ᠵᠠᠮ ︵ᠲᠤᠭ ᠤᠨ ᠠᠭᠤᠯᠠ ᠪᠠᠯᠭᠠᠰᠤᠨ ᠠᠴᠠ 208 ᠤᠯᠤᠰ ᠤᠨ ᠵᠠᠮ ᠤᠨ ᠬᠡᠰᠡᠭ︶ ᠤᠨ 4.4 ᠺᠢᠯᠣᠮᠧᠲᠷ ᠪᠠ 581 ᠰᠢᠶᠠᠨ ᠤ ᠵᠠᠮ ︵ᠲᠤᠭ ᠤᠨ ᠠᠭᠤᠯᠠ ᠪᠠᠯᠭᠠᠰᠤᠨ ᠤ ᠵᠡᠭᠦᠨ ᠭᠠᠷᠬᠤ ᠡᠭᠦᠳᠡ ᠠᠴᠠ ᠴᠢᠶᠠᠨ ᠹᠧᠩ ᠵᠢᠶᠧ ᠬᠥᠷᠬᠦ ᠬᠡᠰᠡᠭ︶ ᠤᠨ 13.3 ᠺᠢᠯᠣᠮᠧᠲᠷ ᠤᠨ ᠵᠠᠮ ᠤᠨ ᠭᠠᠳᠠᠷᠭᠤ ᠳᠤ ᠨᠥᠬᠦᠪᠥᠷᠢ ᠥᠭᠴᠦ᠂ ᠲᠡᠷᠭᠡ ᠶᠠᠪᠤᠬᠤ ᠨᠥᠬᠦᠴᠡᠯ ᠢ ᠰᠠᠶᠢᠵᠢᠷᠠᠭᠤᠯᠤᠨ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠣᠯᠠᠪᠠ᠃ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠲᠠᠢ ᠣᠯᠠᠨ ᠲᠠᠯ᠎ᠠ ᠪᠠᠷ ᠬᠠᠷᠢᠯᠴᠠᠨ ᠵᠣᠬᠢᠴᠠᠭᠤᠯᠵᠤ᠂ ᠬᠤᠶᠠᠷ ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠰᠢᠨ᠎ᠡ ᠪᠠᠷ ᠨᠡᠮᠡᠵᠦ᠂ ᠥᠷᠲᠡᠭᠡ ᠴᠡᠭ ᠨᠡᠮᠡᠵᠦ᠂ ᠵᠠᠮ ᠱᠤᠭᠤᠮ ᠢ ᠣᠷᠳᠣᠳᠬᠠᠪᠠ᠃ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠶᠠᠪᠤᠵᠤ ᠰᠠᠭᠤᠬᠤ ᠠᠰᠠᠭᠤᠳᠠᠯ ᠢ ᠰᠢᠢᠳᠪᠦᠷᠢᠯᠡᠨ ᠥᠭᠴᠦ᠂ ᠳᠠᠷᠳᠠᠩ ᠶᠡᠭᠡ ᠵᠠᠮ ᠤᠨ ᠬᠡᠰᠡᠭ ᠳᠤᠮᠳᠠᠬᠢ ᠲᠤᠰᠠᠭᠠᠷᠯᠠᠬᠤ ᠪᠦᠰᠡ ᠶᠢ ᠨᠤᠷᠠᠭᠠᠵᠤ᠂ ᠲᠡᠭᠰᠢ ᠵᠠᠮ ᠬᠠᠷᠢᠯᠴᠠᠭᠠᠨ ᠤ ᠠᠮᠤᠷ ᠲᠦᠪᠰᠢᠨ ᠤ ᠵᠠᠮ ᠤᠨ ᠠᠭᠤᠯᠵᠠᠷ ᠢ ᠨᠡᠭᠡᠭᠡᠪᠡ᠃ ᠠᠵᠢᠯᠲᠠᠨ ᠠᠵᠢᠯᠴᠢᠨ ᠤ ᠬᠡᠤᠬᠡᠳ ᠴᠢᠰᠤ ᠴᠠᠶᠢᠬᠤ ᠡᠪᠡᠳᠴᠢᠨ ᠳᠤ ᠨᠡᠷᠪᠡᠭᠳᠡᠵᠦ᠂ ᠪᠥᠬᠦ ᠲᠠᠯ᠎ᠠ ᠪᠠᠷ ᠢᠳᠡᠪᠬᠢᠲᠡᠶ ᠪᠠᠷ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠲᠡᠳᠡᠨ ᠳᠤ 9300 ᠲᠥᠭᠦᠷᠢᠭ ᠬᠠᠨᠳᠢᠪᠯᠠᠪᠠ᠃ 3 ᠰᠠᠯᠠᠭ᠎ᠠ ︽ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ︾ ᠨᠢ ᠲᠤᠭ ᠤᠨ ᠠᠭᠤᠯᠠ ᠪᠠᠯᠭᠠᠰᠤ ᠶᠢᠨ ᠨᠡᠶᠢᠲᠡ ᠶᠢᠨ ᠮᠠᠰᠢᠨ ᠲᠡᠷᠭᠡᠨ ᠤ ᠦᠷᠳᠡᠭᠡ ᠶᠢᠨ ᠫᠠᠶᠢᠰᠠ᠂ ᠪᠠᠭ᠎ᠠ ᠲᠣᠭᠤᠷᠢᠭ ᠤᠨ ᠬᠤᠭ ᠨᠣᠪᠰᠢ ᠶᠢ ᠴᠡᠪᠡᠷᠯᠡᠵᠦ᠂ ᠵᠠᠷ ᠮᠡᠳᠡᠭᠡ ᠶᠢ ᠴᠡᠪᠡᠷᠯᠡᠵᠦ᠂ ᠲᠤᠭ ᠤᠨ ᠠᠭᠤᠯᠠ ᠪᠠᠯᠭᠠᠰᠤ ᠶᠢᠨ ᠪᠠᠭ᠎ᠠ ᠰᠦᠮ᠎ᠡ ᠶᠢᠨ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠲᠤ ᠬᠠᠭᠤᠴᠢᠨ ᠬᠥᠪᠥᠩᠲᠦ ᠬᠤᠪᠴᠠᠰᠤ ᠶᠢ ᠨᠢ ᠬᠦᠷᠭᠡᠵᠦ ᠥᠭᠴᠡᠢ᠃ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠳᠤᠮᠳᠠᠬᠢ ᠦᠢᠯᠡᠴᠢᠯᠡᠭᠡᠨ ᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃      ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠪᠠ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠰᠠᠶᠢᠲᠤᠷ ᠠᠳᠬᠤᠬᠤ ᠶᠢ ᠨᠢᠭᠲᠠ ᠤᠶᠠᠯᠳᠤᠭᠤᠯᠵᠤ᠂ ᠮᠠᠯᠴᠢᠨ ᠲᠠᠷᠢᠶᠠᠴᠢᠨ ᠤ ᠪᠠᠴᠢᠮ ᠶᠠᠪᠤᠳᠠᠯ᠂ ᠬᠦᠴᠢᠷ ᠶᠠᠪᠤᠳᠠᠯ᠂ ᠪᠤᠬᠢᠨᠢᠳᠤᠯ ᠲᠠᠢ ᠶᠠᠪᠤᠳᠠᠯ ᠢ ᠰᠢᠢᠳᠪᠦᠷᠢᠯᠡᠭᠰᠡᠭᠡᠷ ᠢᠷᠡᠵᠡᠶ᠃ ︽ᠲᠣᠭᠲᠠᠭᠰᠠᠨ ᠴᠠᠭ ᠲᠤ ᠬᠥᠳᠡᠭᠡ ᠪᠠᠭᠤᠵᠤ᠂ ᠲᠣᠭᠲᠠᠭᠰᠠᠨ ᠴᠡᠭ ᠲᠤ ᠦᠢᠯᠡᠴᠢᠯᠡᠬᠦ︾ ︽ᠳᠡᠩᠰᠡᠯᠡᠨ ᠲᠡᠮᠳᠡᠭᠯᠡᠬᠦ᠂ ᠨᠣᠮᠧᠷ ᠤᠨ ᠫᠠᠶᠢᠰᠠ ᠤᠷᠢᠳᠴᠢᠯᠠᠨ ᠦᠯᠡᠳᠡᠭᠡᠬᠦ︾ ︽ᠠᠩᠬᠠᠨ ᠤ ᠰᠢᠯᠭᠠᠯᠲᠠ ᠶᠢᠨ ᠵᠢᠯᠣᠭᠤᠴᠢ ᠶᠢᠨ ᠦᠨᠡᠮᠯᠡᠯ ᠢ ᠤᠷᠢᠳᠴᠢᠯᠠᠨ ᠪᠣᠯᠵᠣᠵᠤ ᠳᠠᠩᠰᠠᠯᠠᠭᠤᠯᠬᠤ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠭᠤᠷᠪᠠᠨ ᠡᠳᠦᠷ ᠲᠤ ᠵᠢᠯᠣᠭᠤᠴᠢ ᠶᠢᠨ ᠦᠨᠡᠮᠯᠡᠯ ᠠᠪᠬᠤ︾ ᠠᠷᠠᠳ ᠲᠤ ᠲᠥᠬᠦᠮ ᠦᠵᠡᠭᠦᠯᠬᠦ ᠭᠤᠷᠪᠠᠨ ᠶᠡᠭᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠡᠶᠢᠲᠡ 176 ᠲᠠᠷᠢᠶᠠᠴᠢᠨ ᠡᠷᠦᠬᠡ ᠳᠤ ᠡᠷᠦᠬᠡ ᠳᠤ ᠣᠷᠣᠬᠤ ᠭᠠᠷ ᠭᠦᠢᠴᠡᠳᠭᠡᠯ ᠬᠢᠵᠦ ᠥᠭᠪᠡ᠃ 2021 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ᠂ ᠲᠠᠷᠢᠮᠠᠯ ᠤᠨ ᠡᠷᠦᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠵᠦ᠂ ᠬᠥᠳᠡᠭᠡ ᠲᠣᠰᠬᠤᠨ ᠳᠤ ᠬᠦᠷᠴᠦ ᠡᠷᠦᠬᠡ ᠳᠤ ᠬᠦᠷᠴᠦ ᠪᠣᠯᠪᠠᠰᠤᠷᠠᠭᠤᠯᠤᠨ ᠤᠬᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠤᠬᠠᠭᠤᠯᠭ᠎ᠠ ᠶᠢᠨ ᠮᠠᠲ᠋ᠧᠷᠢᠶᠠᠯ ᠢ 5200 ᠭᠠᠷᠤᠶ ᠬᠤᠪᠢ ᠲᠠᠷᠬᠠᠭᠠᠵᠤ᠂ ᠮᠠᠯᠴᠢᠨ ᠲᠠᠷᠢᠶᠠᠴᠢᠨ ᠤ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠵᠢᠴᠢ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠪᠡ᠃ ᠮᠠᠯᠴᠢᠨ ᠲᠠᠷᠢᠶᠠᠴᠢᠳ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ᠃ ᠣᠳᠣᠬᠠᠨ ᠳᠤ ᠪᠥᠬᠦ ᠬᠤᠰᠢᠭᠤᠨ ᠤ ᠵᠢᠱᠢᠶ᠎ᠡ ᠦᠵᠡᠭᠦᠯᠬᠦ ᠬᠤᠷᠰᠢᠶ᠎ᠠ ᠶᠢᠨ ᠬᠤᠰᠢᠭᠤᠨ ᠤ ᠲᠠᠰ ᠤᠨ 28᠂ ᠬᠤᠲᠠ ᠶᠢᠨ ᠲᠠᠰ ᠤᠨ 21᠂ ᠥᠪᠡᠷᠲᠡᠭᠡᠨ ᠵᠠᠰᠠᠬᠤ ᠣᠷᠣᠨ ᠤ ᠲᠠᠰ ᠤᠨ 6 ᠪᠣᠶ︔ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠰᠢᠭᠤᠨ ᠲᠠᠰ ᠤᠨ 28 ᠡᠷᠦᠬᠡ᠂ ᠬᠤᠲᠠ ᠶᠢᠨ ᠲᠠᠰ ᠤᠨ 4 ᠡᠷᠦᠬᠡ᠂ ᠥᠪᠡᠷᠲᠡᠭᠡᠨ ᠵᠠᠰᠠᠬᠤ ᠣᠷᠣᠨ ᠤ ᠲᠠᠰ ᠤᠨ 1 ᠡᠷᠦᠬᠡ ᠪᠣᠯᠤᠨ᠎ᠠ᠃ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠪᠣᠯᠬᠤ︾ ᠠᠵᠢᠯᠯᠠᠭ᠎ᠠ ᠶᠢ ᠥᠷᠨᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠳᠤ ᠴᠡᠪᠡᠷ ᠡᠭᠦᠯᠳᠡᠷ ᠤᠨ ᠰᠠᠭᠠᠯᠢ ᠶᠢᠨ ᠬᠤᠨᠢ ᠬᠤᠴᠠ ᠬᠠᠩᠭᠠᠪᠠ︔ ᠲᠤᠬᠠᠶ ᠶᠢᠨ ᠲᠠᠯᠠᠪᠤᠷ ᠲᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠳᠤ ᠲᠡᠵᠢᠭᠡᠨ ᠦᠷᠡᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠠᠯ᠎ᠠ ᠶᠢᠨ ᠠᠰᠠᠭᠤᠳᠠᠯ ᠢ ᠲᠠᠶᠢᠯᠪᠤᠷᠢᠯᠠᠵᠤ ᠥᠭᠬᠦ ᠶᠢᠨ ᠬᠠᠮᠲᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠳᠤ ᠠᠷᠢᠭᠤᠳᠬᠠᠵᠤ ᠢᠷᠡᠯᠲᠡ ᠶᠢ ᠨᠢ  ᠣᠰᠠᠳᠬᠠᠪᠠ︔ ᠮᠡᠳᠡᠭᠦᠯᠬᠦ ᠲᠥᠷᠥᠯ ᠵᠦᠢᠯ ᠳᠤ ᠢᠳᠡᠪᠬᠢᠲᠡᠶ ᠪᠠᠷ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠡᠯᠡᠳᠬᠡᠮᠵᠢ ᠲᠥᠬᠦᠭᠡᠷᠦᠮᠵᠢ ᠶᠢ ᠢᠵᠢ  ᠪᠦᠷᠢᠳᠦᠭᠦᠯᠪᠡ︔ ᠠᠵᠤ ᠠᠬᠤᠶᠢᠯᠠᠯ ᠢ ᠵᠣᠬᠢᠴᠠᠭᠤᠯᠤᠨ ᠮᠡᠷᠭᠡᠵᠢᠯ ᠤᠨ ᠠᠵᠢᠯᠲᠠᠨ ᠲᠣᠮᠢᠯᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠨᠢᠭᠡᠨᠲᠡ 6 ᠲᠠᠷᠢᠶᠠᠯᠠᠩ ᠤᠨ ᠠᠵᠤ ᠠᠬᠤᠶᠢᠯᠠᠯ ᠪᠣᠬᠢᠷᠲᠤᠯ ᠥᠬᠡᠶ ᠭᠡᠷᠡᠴᠢᠯᠡᠯ᠂ ᠭᠡᠷᠡᠴᠢᠯᠡᠯ ᠤᠨ ᠪᠦᠲᠦᠭᠡᠭᠳᠡᠬᠦᠨ ᠢ 10 ᠭᠤᠶᠤᠴᠢᠯᠠᠨ ᠮᠡᠳᠡᠭᠦᠯᠪᠡ᠃
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ