ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/17

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                                                ᠥᠪᠥᠷ ᠵᠠᠰᠠᠭ ᠠᠯᠪᠠᠨ ᠲᠠᠷᠬᠠᠭᠠᠭᠰᠠᠨ ︹2021︺ 53 ᠳ᠋ᠤᠭᠠᠷ ᠲᠣᠭᠠᠲᠤ
     ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ︽ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2021︺ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠭᠦᠯᠬᠦ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠄
     ᠨᠢᠭᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ ᠶᠢ ᠪᠠᠷᠢᠮᠲᠠᠯᠠᠬᠤ ᠬᠡᠷᠡᠭᠲᠡᠶ
     ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠨᠢ ᠭᠤᠣᠯᠳᠠᠭᠤ ᠨᠥᠬᠦᠴᠡᠯ ᠳᠤ ᠨᠡᠶᠢᠴᠡᠬᠦ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯᠲᠡᠶ ᠠᠰᠠᠭᠤᠳᠠᠯ ᠢ ᠰᠢᠢᠳᠪᠦᠷᠢᠯᠡᠵᠦ᠂ ᠣᠷᠣᠨ ᠰᠠᠭᠤᠴᠠ ᠶᠢᠨ ᠲᠦᠷᠢᠶᠡᠰᠦᠯᠡᠬᠦ ᠵᠠᠬ᠎ᠠ ᠳᠡᠯᠭᠡᠭᠦᠷ ᠤᠨ ᠪᠦᠲᠦᠴᠡ ᠶᠢᠨ ᠴᠢᠨᠠᠷᠲᠠᠶ ᠬᠠᠩᠭᠠᠯᠭ᠎ᠠ ᠬᠦᠷᠦᠯᠴᠡᠬᠦ ᠦᠭᠡᠶ ᠪᠠᠶᠢᠬᠤ ᠶᠢ ᠨᠠᠮᠳᠠᠭᠤᠯᠵᠤ᠂ ᠡᠯ᠎ᠡ ᠭᠠᠵᠠᠷ ᠣᠷᠣᠨ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ᠂ ᠬᠠᠩᠭᠠᠯᠭ᠎ᠠ ᠬᠡᠷᠡᠭᠴᠡᠭᠡ ᠶᠢ ᠲᠥᠬᠦᠷᠵᠢᠭᠦᠯᠬᠦ᠂ ᠨᠢᠭᠡ ᠬᠤᠲᠠ ᠳᠤ ᠨᠢᠭᠡ ᠲᠥᠷᠥ ᠶᠢᠨ ᠪᠣᠳᠣᠯᠭ᠎ᠠ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠲᠤᠰ ᠭᠠᠵᠠᠷ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠬᠡᠷᠡᠭᠴᠡᠭᠡ ᠱᠠᠭᠠᠷᠳᠠᠯᠭ᠎ᠠ ᠦᠭᠡᠶ ᠬᠤᠲᠠ ᠨᠢ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠰᠣᠬᠤᠷ ᠪᠠᠯᠠᠶ ᠪᠠᠷ ᠬᠥᠭᠵᠢᠭᠦᠯᠵᠦ ᠪᠣᠯᠬᠤ ᠦᠭᠡᠶ᠂ ᠭᠤᠣᠯᠳᠠᠭᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠯᠪᠡᠷᠢ ᠪᠠᠷ ᠣᠷᠣᠨ ᠰᠠᠭᠤᠴᠠ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃
     ᠬᠤᠶᠠᠷ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ
     ︵ᠨᠢᠭᠡ︶ ᠭᠤᠤᠯᠳᠠᠯᠭ᠎ᠠ ᠲᠠᠢ ᠬᠤᠲᠠ ᠶᠢ ᠲᠣᠭᠲᠠᠭᠠᠨ᠎ᠠ᠃ ᠤᠯᠤᠰ ᠤᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢ ᠪᠥᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠭᠤᠤᠯᠳᠠᠯᠭ᠎ᠠ ᠲᠠᠢ ᠬᠤᠲᠠ ᠪᠠᠷ ᠲᠣᠭᠲᠠᠭᠠᠵᠤ᠂ ᠡᠭᠦᠨ ᠳᠤ ᠬᠥᠬᠡᠬᠤᠲᠠ᠂ ᠪᠤᠭᠤᠲᠤ ᠬᠤᠲᠠ ᠨᠢ ᠬᠤᠷᠢᠭ᠎ᠠ ᠱᠤᠭᠤᠮ ᠤᠨ ᠬᠤᠲᠠ ᠪᠣᠯᠣᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠡᠵᠡᠯᠡᠬᠦ ᠬᠠᠷᠢᠴᠠᠯ ᠢ ᠴᠢᠷᠮᠠᠶᠢᠨ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ ᠶᠢᠨ ᠵᠣᠬᠢᠬᠤ ᠬᠠᠷᠢᠴᠠᠯ ᠳᠤ ᠬᠦᠷᠭᠡᠬᠦ ᠬᠡᠷᠡᠭᠲᠡᠶ᠃ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠥᠲᠥᠭᠡᠨ ᠪᠠᠢᠭᠤᠯᠬᠤ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃
     ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠴᠢᠬᠤᠯᠠᠲᠠᠶ ᠪᠤᠰᠤᠳ ᠬᠤᠲᠠ ᠬᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠡᠭᠦᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠬᠤ ᠬᠠᠷᠠᠯᠲᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠪᠥᠲᠥᠭᠡᠨ ᠪᠠᠶᠢᠭᠤᠯᠬᠤ ᠲᠥᠯᠥᠪᠯᠡᠭᠡ ᠪᠠᠨ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠤᠲᠠ ᠪᠠᠷ ᠪᠥᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠬᠤᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃
     ︵ᠬᠤᠶᠠᠷ︶ ᠪᠥᠲᠥᠭᠡᠨ ᠪᠠᠶᠢᠭᠤᠯᠬᠤ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠨ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠪᠠ ᠦᠯᠡᠳᠡᠭᠡᠯ ᠭᠠᠵᠠᠷ ᠰᠢᠷᠣᠶ᠂ ᠭᠡᠷ ᠪᠠᠶᠢᠰᠢᠩ ᠤᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠂ ᠣᠷᠣᠨ ᠰᠠᠭᠤᠴᠠ ᠲᠦᠷᠢᠶᠡᠰᠦᠯᠡᠭᠦᠯᠬᠦ ᠠᠵᠤ ᠠᠬᠤᠶᠢᠯᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠭᠤᠣᠯ ᠴᠣᠭᠴᠠ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ ᠡᠵᠡᠩᠨᠡᠬᠦ ᠳᠤ ᠣᠷᠣᠯᠴᠠᠬᠤ ᠶᠢ ᠳᠡᠮᠵᠢᠵᠦ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠰᠢᠨᠡᠳᠭᠡᠬᠦ᠂ ᠲᠦᠷᠢᠶᠡᠰᠦᠯᠡᠬᠦ ᠨᠥᠬᠦᠪᠥᠷᠢ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠶ᠃
     ︵ᠭᠤᠷᠪᠠ︶ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠦᠭᠰᠡᠨ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠷᠥ ᠠᠯᠪᠠᠨ ᠲᠠᠷᠬᠠᠭᠠᠭᠰᠠᠨ ︹2021︺ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠶᠢᠨ ᠪᠣᠳᠠᠲᠠᠶ ᠬᠡᠷᠡᠭᠵᠢᠭᠦᠯᠬᠦ ᠠᠷᠭ᠎ᠠ ᠶᠢ ᠱᠠᠯᠠᠪᠳᠠᠨ ᠨᠡᠶᠢᠲᠡᠯᠡᠵᠦ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ᠶᠢᠨ ᠠᠳᠠᠯᠢ ᠪᠤᠰᠤ ᠠᠷᠭ᠎ᠠ ᠮᠠᠶ᠋ᠢᠭ ᠲᠤ ᠴᠢᠭᠯᠡᠭᠦᠯᠦᠨ᠂ ᠦᠨᠳᠦᠰᠦᠨ ᠵᠦᠢᠯ ᠢ ᠪᠠᠲᠤᠯᠠᠬᠤ ᠵᠠᠷᠴᠢᠮ ᠶᠣᠰᠣᠭᠠᠷ᠂ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠪᠣᠳᠠᠲᠠᠶ ᠨᠥᠬᠦᠴᠡᠯ᠂ ᠪᠠᠭ᠎ᠠ ᠲᠠᠰᠤᠯᠭ᠎ᠠ ᠶᠢᠨ ᠭᠡᠷ ᠤᠨ ᠬᠡᠯᠪᠡᠷᠢ ᠶᠢᠨ ᠲᠠᠯᠠᠪᠠᠢ ᠶᠢᠨ ᠪᠠᠷᠢᠮᠵᠢᠶ᠎ᠠ᠂ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠠᠵᠢᠯ ᠤᠨ ᠴᠤᠪᠤᠷᠠᠯ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠶ᠃
     ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ
    ︵ᠨᠢᠭᠡ︶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠭᠠᠵᠠᠷ ᠣᠷᠣᠨ ᠨᠢ ᠰᠠᠯᠠᠭ᠎ᠠ ᠮᠥᠴᠢᠷ ᠬᠤᠯᠪᠣᠭᠠᠯᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠲᠥᠷᠥᠯ ᠵᠦᠢᠯ ᠢ ᠮᠠᠭᠠᠳᠯᠠᠨ ᠲᠣᠭᠲᠠᠭᠠᠭᠰᠠᠨ ᠪᠢᠴᠢᠭ ᠭᠠᠷᠭᠠᠵᠤ᠂ ᠪᠣᠰᠢᠭᠤ ᠬᠢᠨᠠᠨ ᠵᠥᠪᠰᠢᠶᠡᠷᠡᠬᠦ ᠴᠤᠪᠤᠷᠠᠯ ᠢ ᠪᠠᠶᠢᠭᠤᠯᠵᠤ᠂ ᠠᠵᠢᠯᠯᠠᠭᠤᠯᠬᠤ ᠵᠢᠯᠣᠭᠤᠳᠤᠮᠵᠢ ᠶᠢ ᠲᠣᠳᠣᠷᠬᠠᠶᠢᠯᠠᠨ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠨᠢ ᠭᠠᠶᠢᠯᠢ ᠶᠢᠨ ᠶᠠᠪᠤᠳᠠᠯ᠂ ᠴᠠᠬᠢᠯᠭᠠᠨ ᠬᠦᠴᠦᠨ᠂ ᠮᠥᠩᠭᠦᠨ ᠭᠦᠢᠯᠭᠡᠭᠡᠨ ᠵᠡᠷᠭᠡ ᠰᠠᠯᠠᠭ᠎ᠠ ᠮᠥᠴᠢᠷ ᠨᠢᠭᠡᠴᠢ ᠯᠤᠭ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ ᠮᠠᠭᠠᠳᠯᠠᠨ ᠲᠣᠭᠲᠠᠭᠠᠬᠤ ᠪᠢᠴᠢᠭ ᠢᠶᠠᠷ ᠳᠠᠮᠵᠢᠭᠤᠯᠤᠨ᠂ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠶ ᠪᠠ ᠬᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠪᠠᠶᠢᠭᠤᠯᠤᠭᠰᠠᠨ ᠭᠠᠶᠢᠯᠢ ᠲᠠᠲᠠᠪᠤᠷᠢ᠂ ᠠᠷᠠᠳ ᠤᠨ ᠬᠡᠷᠡᠭᠯᠡᠭᠡᠨ ᠤ ᠤᠰᠤ ᠴᠠᠬᠢᠯᠭᠠᠨ ᠬᠡᠶ ᠶᠢᠨ ᠦᠨ᠎ᠡ ᠬᠠᠩᠰᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠨᠡᠭᠡᠭᠡᠯᠲᠡ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠵᠣᠯᠭᠠᠭᠤᠯᠲᠠ ᠪᠠᠨ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠳᠠᠬᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠭ ᠣᠷᠣᠨ ᠠᠴᠠ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠣᠷᠣᠭᠤᠯᠤᠭᠰᠠᠨ ᠲᠥᠷᠥᠯ ᠵᠦᠢᠯ ᠳᠤ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠲᠤᠰᠠᠯᠠᠮᠵᠢ ᠣᠯᠭᠤᠨ᠎ᠠ᠃
     ︵ᠬᠤᠶᠠᠷ︶ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠰ ᠱᠠᠳᠤ ᠨᠢ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠨᠢᠭᠡᠳᠦᠯᠲᠡᠢ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠡᠯ᠎ᠡ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠳᠦᠷᠦᠯ ᠵᠦᠢᠯ ᠢ ᠲᠠᠪᠴᠠᠩ ᠳᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠭᠤᠣᠯᠳᠠᠯᠭ᠎ᠠ ᠪᠣᠯᠭᠠᠬᠤ ᠬᠡᠷᠡᠭᠲᠡᠶ︔ ᠲᠥᠷᠢᠶᠡᠰᠦᠯᠡᠬᠦ ᠬᠠᠮᠢᠶᠠᠷᠤᠯᠲᠠ ᠶᠢ ᠴᠢᠩᠭᠠᠳᠬᠠᠨ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠠᠭ᠎ᠠ ᠲᠠᠰᠤᠯᠭ᠎ᠠ ᠶᠢᠨ ᠭᠡᠷ ᠤᠨ ᠬᠡᠯᠪᠡᠷᠢ᠂ ᠲᠦᠷᠢᠶᠡᠰᠦᠨ ᠮᠥᠩᠭᠦ ᠳᠣᠣᠷ᠎ᠠ᠂ ᠬᠤᠲᠠ ᠶᠢᠨ ᠰᠢᠨ᠎ᠡ ᠠᠷᠠᠳ ᠪᠣᠯᠤᠨ ᠵᠠᠯᠠᠭᠤᠴᠤᠳ ᠲᠤ ᠬᠠᠨᠳᠤᠭᠤᠯᠤᠭᠰᠠᠨ ᠬᠠᠩᠭᠠᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠨᠡᠷ᠎ᠡ ᠪᠠᠷ ᠲᠣᠭᠲᠠᠭᠠᠯ ᠠᠴᠠ ᠵᠥᠷᠢᠴᠡᠨ ᠡᠵᠡᠩᠨᠡᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠮᠡᠬᠡᠯᠡᠨ ᠣᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃
     ︵ᠭᠤᠷᠪᠠ︶ ᠬᠢᠨᠠᠨ ᠬᠡᠮᠵᠢᠵᠦ ᠰᠢᠯᠭᠠᠨ ᠦᠨᠡᠯᠡᠬᠦ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠬᠦᠭᠵᠢᠯᠲᠡ ᠶᠢᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠬᠦᠭᠵᠢᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠨ ᠰᠢᠯᠭᠠᠨ ᠦᠨᠡᠯᠡᠵᠦ᠂ ᠡᠯ᠎ᠡ ᠠᠶᠢᠮᠠᠭ ᠬᠤᠳᠠ ᠶᠢᠨ ᠬᠥᠭᠵᠢᠯᠲᠡ ᠶᠢᠨ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢ ᠬᠦᠭᠵᠢᠭᠦᠯᠬᠦ ᠶᠢᠨ ᠬᠤᠳᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠭᠰᠠᠨ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠰᠢᠯᠭᠠᠨ ᠦᠨᠡᠯᠡᠵᠦ᠂ ᠡᠯ᠎ᠡ ᠭᠠᠵᠠᠷ ᠣᠷᠣᠨ ᠢ ᠰᠢᠮᠳᠠᠭᠤᠯᠵᠤ ᠪᠠᠶᠢᠭᠠᠳ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠢ᠃
     ︵ᠳᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠡᠯ᠎ᠡ ᠲᠦᠷᠦᠯ ᠤᠨ ᠵᠠᠭᠤᠴᠢᠯᠠᠭᠤᠷ ᠢᠶᠠᠷ ᠳᠠᠮᠵᠢᠭᠤᠯᠤᠨ᠂ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠡᠯ᠎ᠡ ᠲᠦᠷᠦᠯ ᠤᠨ ᠭᠤᠣᠯ ᠴᠣᠭᠴᠠ ᠶᠢ ᠬᠦᠳᠦᠯᠦᠨ ᠵᠢᠯᠣᠭᠤᠳᠴᠤ ᠪᠠᠶᠢᠭᠠᠳ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢ ᠪᠦᠳᠦᠭᠡᠨ ᠪᠠᠶᠢᠭᠤᠯᠵᠤ ᠡᠵᠡᠩᠨᠡᠬᠦ ᠳᠤ ᠣᠷᠣᠯᠴᠠᠭᠤᠯᠤᠨ᠂ ᠲᠤᠷᠰᠢᠯᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠤᠬᠠᠭᠤᠯᠵᠤ᠂ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃

                                      2021 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ
                                                       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶᠃

— — — — — — — — — — — — — — — — — — — — — — — — — —
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                2021 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ
— — — — — — — — — — — — — — — — — — — — — — — — — —

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ