ᠤᠯᠠᠭᠠᠨᠴᠠᠪ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠵᠢᠷᠭᠤᠳᠤᠭᠠᠷ ᠲᠠᠯᠠᠪᠤᠷ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/20
      ᠣᠶᠢᠷ᠎ᠠ ᠶᠢᠨ ᠡᠳᠦᠷ᠂ ᠤᠯᠠᠭᠠᠨᠴᠠᠪ ᠬᠤᠲᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠵᠢᠷᠭᠤᠳᠤᠭᠠᠷ ᠲᠠᠯᠠᠪᠤᠷ ᠢ ᠬᠤᠷᠠᠯᠳᠤᠭᠤᠯᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ︽ᠪᠢ ᠣᠯᠠᠨ ᠲᠦᠮᠡᠨ ᠳᠤ  ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠦᠬᠦᠯᠢ ᠴᠣᠭᠴᠠ ᠶᠢᠨ ᠪᠠᠶᠢᠳᠠᠯ᠂ ᠦᠷ᠎ᠡ ᠪᠦᠲᠦᠮᠵᠢ ᠣᠯᠤᠭᠰᠠᠨ᠂ ᠥᠪᠡᠷᠮᠢᠴᠡ ᠣᠨᠴᠠᠯᠢᠭ ᠲᠠᠢ ᠬᠢᠯᠠᠰ ᠴᠡᠭ᠂ ᠲᠤᠷᠰᠢᠯᠭ᠎ᠠ ᠠᠷᠭ᠎ᠠ ᠬᠢᠳᠡᠯ ᠢ ᠨᠡᠶᠢᠲᠡᠯᠡᠪᠡ᠃
微信图片_20211220102710.jpg
      ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ᠦᠢᠯᠡᠳᠦᠯᠭᠡ ᠶᠢᠨ ᠠᠵᠢᠯᠯᠠᠭ᠎ᠠ ᠪᠠᠷ ᠬᠦᠴᠦᠯᠡᠬᠦ ᠴᠡᠭ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠰᠠᠭᠤᠷᠢᠯᠠᠨ᠂ ︽ᠭᠤᠷᠪᠠ ᠶᠢ ᠠᠳᠬᠤᠵᠤ ᠭᠤᠷᠪᠠ ᠶᠢ ᠬᠦᠴᠦᠷᠬᠡᠭᠵᠢᠭᠦᠯᠬᠦ︾ ᠠᠷᠭ᠎ᠠ ᠬᠡᠮᠵᠢᠶ᠎ᠡ ᠠᠪᠴᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠠᠷᠢᠯᠭᠠᠨ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠶᠢ ᠭᠠᠷᠭᠠᠭᠰᠠᠨ ᠪᠠᠶᠢᠨ᠎ᠠ᠃ ︽24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠴᠠᠭᠳᠠᠭᠠᠨ ᠤ ᠶᠠᠪᠤᠳᠠᠯ ᠤᠨ ᠵᠠᠰᠠᠭ ᠤᠨ ᠶᠠᠪᠤᠳᠠᠯ ᠢ ᠠᠰᠠᠭᠤᠬᠤ ᠲᠠᠪᠴᠠᠩ ᠢ ᠪᠠᠶᠢᠭᠤᠯᠤᠨ ᠠᠵᠢᠯᠯᠠᠭᠤᠯᠵᠤ᠂ ᠪᠥᠬᠦ ᠵᠢᠯ ᠳᠤ 365 ᠡᠳᠦᠷ ᠲᠤ ᠠᠮᠠᠷᠠᠬᠤ ᠥᠬᠡᠶ᠂ 24 ᠴᠠᠭ ᠢᠶᠠᠷ ︽ᠡᠭᠦᠳᠡ ᠪᠠᠨ ᠬᠠᠭᠠᠬᠤ ᠥᠬᠡᠶ︾︔ 47 ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ 1500 ᠵᠦᠢᠯ ᠤᠨ ᠪᠣᠳᠠᠲᠤ ᠶᠠᠪᠤᠳᠠᠯ ᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠤᠭᠰᠠᠨ ᠪᠥᠭᠡᠳ ᠪᠦᠬᠦᠨ ᠢ ᠪᠡᠶᠡᠯᠡᠭᠦᠯᠪᠡ︔ ︽ᠬᠤᠤᠰ ᠨᠡᠷ᠎ᠡ ᠮᠡᠳᠡᠭᠦᠯᠬᠦ︾᠂ ᠬᠤᠤᠰᠯᠠᠵᠤ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠬᠤᠲᠠ ᠪᠠᠶᠢᠭᠤᠯᠬᠤ᠂ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠵᠡᠷᠭᠡ ᠠᠵᠢᠯ ᠲᠠᠢ ᠬᠤᠯᠪᠤᠭᠳᠠᠭᠤᠯᠵᠤ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠵᠡᠷᠭᠡ ᠲᠤᠬᠠᠶᠢᠯᠠᠭᠰᠠᠨ ᠠᠵᠢᠯ ᠭᠦᠢᠴᠡᠳᠭᠡᠬᠦ ᠴᠤᠩᠬᠤᠪᠴᠢ ᠳᠤ ᠰᠠᠶᠢᠨ ᠳᠤᠷ᠎ᠠ ᠶᠢᠨ ᠦᠢᠯᠡᠴᠢᠯᠡᠭᠡᠨ‌‍ᠤ ᠠᠵᠢᠯ ᠤᠨ ᠪᠠᠶᠢᠷᠢ ᠳᠣᠭᠢᠷᠠᠭᠤᠯᠵᠤ᠂ ᠣᠯᠠᠨ ᠲᠦᠮᠡᠨ ᠳᠤ ᠲᠤᠰᠬᠠᠶ ᠮᠡᠷᠭᠡᠵᠢᠯ ᠤᠨ᠂ ᠨᠠᠷᠢᠯᠢᠭ ᠣᠨᠣᠴᠠᠲᠠᠶ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠪᠠ︔ ︽ᠲᠡᠷᠭᠡ ᠵᠣᠭᠰᠣᠭᠠᠬᠤ ᠳᠤ ᠬᠦᠴᠢᠷ︾ ︽ᠲᠤᠭᠤᠷᠢᠭᠤ ᠶᠠᠪᠤᠬᠤ︾ ᠠᠰᠠᠭᠤᠳᠠᠯ ᠤᠨ ᠲᠣᠭᠤᠷᠢᠨ ᠳᠤ᠂ ᠬᠤᠲᠠ ᠶᠢᠨ ᠲᠣᠭᠤᠷᠢᠭ ᠤᠨ ᠨᠡᠶᠢᠲᠡ ᠶᠢᠨ ᠵᠣᠷᠯᠣᠩ ᠤᠨ ᠡᠷᠬᠢᠨ ᠲᠣᠭᠤᠷᠢᠨ ᠳᠤ ᠵᠠᠮ ᠤᠨ ᠬᠠᠵᠠᠭᠤ ᠶᠢᠨ ᠲᠣᠭᠲᠠᠭᠰᠠᠨ ᠴᠠᠭ ᠤᠨ ᠲᠡᠷᠭᠡ ᠵᠣᠭᠰᠣᠭᠠᠬᠤ ᠣᠷᠣᠨ ᠨᠡᠮᠡᠵᠦ᠂ ᠬᠠᠷᠢᠶᠠᠲᠤ ᠣᠷᠣᠨ ᠤ ᠳᠣᠲᠣᠷᠠᠬᠢ ᠨᠥᠬᠦᠴᠡᠯ ᠲᠠᠢ 8 ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠤᠨ ᠬᠡᠰᠡᠭ ᠲᠤ 2200 ᠭᠠᠷᠤᠶ ᠲᠣᠭᠲᠠᠭᠰᠠᠨ ᠴᠠᠭ ᠤᠨ ᠲᠡᠷᠭᠡ ᠵᠣᠭᠰᠣᠭᠠᠬᠤ ᠣᠷᠣᠨ ᠭᠠᠷᠭᠠᠵᠤ᠂ ᠲᠡᠷᠭᠡ ᠵᠣᠭᠰᠣᠭᠠᠬᠤ ᠶᠢᠨ ᠵᠣᠪᠠᠨᠢᠯ ᠢ ᠰᠢᠢᠳᠪᠦᠷᠢᠯᠡᠪᠡ︔ ︽ᠰᠦᠯᠵᠢᠶᠡᠨ ᠳᠡᠭᠡᠷ᠎ᠡ ᠭᠦᠢᠴᠡᠳᠭᠡᠬᠦ︾ ︽ᠨᠢᠭᠡ ᠯᠡ ᠥᠷᠲᠡᠭᠡ ᠳᠤ ᠭᠦᠢᠴᠡᠳᠭᠡᠬᠦ︾ ︽ᠣᠶᠢᠷ᠎ᠠ ᠬᠠᠪᠢ ᠳᠤ ᠪᠠᠨ ᠭᠦᠢᠴᠡᠳᠭᠡᠬᠦ︾ ᠶᠢ ᠳᠥᠯᠭᠢᠨ ᠠᠬᠢᠭᠤᠯᠬᠤ᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠶᠢ ᠨᠠᠶᠢᠳᠠᠪᠤᠷᠢᠵᠢᠭᠤᠯᠬᠤ᠂ ᠭᠤᠭᠴᠤᠭ᠎ᠠ ᠶᠢ ᠪᠠᠭᠠᠰᠬᠠᠬᠤ ᠮᠠᠲ᠋ᠧᠷᠢᠶᠠᠯ ᠢ ᠪᠠᠭᠠᠰᠬᠠᠬᠤ ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠲᠠᠯ᠎ᠠ ᠪᠠᠷ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ 36 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠯᠠᠨ ᠲᠦᠮᠡᠨ ᠤ ᠨᠡᠶᠢᠳᠡᠮ ᠲᠤᠰᠬᠠᠭᠰᠠᠨ ᠡᠯ᠎ᠡ ᠵᠦᠢᠯ ᠤᠨ ᠬᠦᠴᠢᠷ ᠠᠰᠠᠭᠤᠳᠠᠯ ᠢ ᠬᠠᠮᠤᠷᠪᠠ︔ ᠣᠨᠴᠠᠭᠠᠶᠢᠯᠠᠨ ᠴᠠᠬᠢᠯᠭᠠᠨ ᠬᠤᠯᠪᠣᠭᠠᠨ ᠤ ᠮᠡᠬᠡᠯᠡᠯ ᠳᠤ ᠴᠢᠭᠯᠡᠭᠦᠯᠵᠦ᠂ ᠮᠡᠬᠡᠯᠡᠯ ᠢ ᠡᠰᠡᠷᠭᠦᠴᠡᠬᠦ ᠲᠥᠪ ᠪᠠᠶᠢᠭᠤᠯᠵᠤ᠂ ᠨᠢᠭᠡᠨ ᠢᠵᠢ ᠪᠠᠶᠢᠯᠳᠤᠬᠤ ᠲᠣᠭᠲᠠᠴᠠ ᠶᠢ ᠪᠠᠶᠢᠭᠤᠯᠵᠤ᠂ ᠲᠤᠰᠬᠠᠢ ᠮᠡᠷᠭᠡᠵᠢᠯ ᠤᠨ ᠨᠢᠭᠡ ᠪᠦᠯᠬᠦᠮ ᠪᠠᠶᠢᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠬᠤᠷᠢᠭᠯᠠᠬᠤ ᠲᠠᠪᠴᠠᠩ ᠢ ᠪᠠᠶᠢᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠣᠳᠣᠬᠠᠨ ᠳᠤ ᠤᠲᠠᠰᠤ ᠪᠠᠷ ᠤᠷᠢᠳᠴᠢᠯᠠᠨ ᠰᠡᠷᠡᠮᠵᠢᠯᠡᠭᠦᠯᠬᠦ ᠪᠠᠷ ᠲᠠᠮᠵᠢᠨ ᠴᠠᠬᠢᠯᠭᠠᠨ ᠬᠤᠯᠪᠣᠭᠠᠨ ᠤ ᠮᠡᠬᠡᠯᠡᠯ ᠤᠨ 160 ᠬᠡᠷᠡᠭ ᠢ ᠠᠮᠵᠢᠯᠲᠠ ᠲᠠᠢ ᠢᠳᠬᠠᠨ ᠬᠤᠷᠢᠭᠯᠠᠵᠠᠢ︔ ᠴᠠᠭᠳᠠᠭᠠᠨ ᠤ ᠶᠠᠪᠤᠳᠠᠯ ᠢ ᠢᠯᠡ ᠪᠣᠯᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠶᠢᠨ ᠭᠥᠯᠢᠶᠡᠨ ᠠᠪᠴᠤ ᠰᠢᠢᠳᠪᠦᠷᠢᠯᠡᠬᠦ ᠬᠦᠷᠲᠡᠯ᠎ᠡ ᠤᠷᠲᠤᠳᠬᠠᠵᠤ᠂ ᠣᠯᠠᠨ ᠲᠦᠮᠡᠨ ᠤ ᠬᠡᠷ ᠤᠨ ᠡᠭᠦᠳᠡᠨ ᠳᠠᠬᠢ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠥᠬᠦᠮ ᠳᠡᠯᠭᠡᠭᠦᠷ︾ ᠢ ᠪᠣᠶ ᠪᠤᠯᠭᠠᠨ᠎ᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠠᠪᠤᠴᠠ ᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠶ ᠬᠡᠷᠡᠭᠯᠡᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠣᠶ ᠪᠣᠯᠭᠠᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠪᠠᠷ ᠠᠵᠢᠯ ᠤᠨ ᠳᠡᠭᠡᠭᠰᠢᠯᠡᠯᠲᠡ ᠶᠢ ᠠᠬᠢᠭᠤᠯᠤᠨ᠂ ᠳᠦᠷᠢ ᠲᠥᠷᠬᠦ ᠶᠢᠨ ᠬᠤᠪᠢᠷᠠᠭᠤᠯᠤᠯᠲᠠ ᠪᠠᠷ ᠦᠢᠯᠡᠴᠢᠯᠡᠭᠡᠨ ᠤ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 2015 ᠣᠨ ᠠᠴᠠ ᠡᠮᠦᠨ᠎ᠡ ᠪᠠᠷᠢᠯᠭ᠎ᠠ ᠡᠬᠢᠯᠡᠭᠦᠯᠵᠦ ᠪᠠᠶᠢᠭᠤᠯᠤᠭᠰᠠᠨ᠂ ᠡᠷᠬᠡ ᠶᠢᠨ ᠬᠠᠷᠢᠶᠠᠯᠠᠯ ᠢ ᠳᠠᠩᠰᠠᠯᠠᠭᠤᠯᠬᠤ ᠳᠤ ᠬᠦᠴᠢᠷᠲᠡᠶ ᠪᠠᠶᠢᠭ᠎ᠠ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠠᠯᠭᠠᠯᠳᠤᠭᠤᠯᠤᠨ᠂ ᠰᠠᠭᠠᠳ ᠲᠣᠳᠬᠠᠷ ᠢ ᠨᠡᠪᠲᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠦᠨᠡᠮᠯᠡᠯ ᠠᠪᠬᠤ ᠬᠦᠴᠢᠷ ᠠᠰᠠᠭᠤᠳᠠᠯ ᠢ ᠢᠳᠡᠪᠬᠢᠲᠡᠶ ᠪᠠᠷ ᠰᠢᠢᠳᠪᠦᠷᠢᠯᠡᠵᠦ ᠥᠭᠴᠡᠶ᠃ ᠬᠠᠮᠲᠤᠷᠠᠨ ᠬᠢᠨᠠᠵᠤ ᠬᠠᠮᠲᠤᠷᠠᠨ ᠰᠢᠢᠳᠪᠦᠷᠢᠯᠡᠬᠦ ᠠᠷᠭ᠎ᠠ ᠶᠢ ᠠᠪᠴᠤ᠂ ᠲᠥᠷᠥᠯ ᠵᠦᠢᠯ ᠳᠠᠷᠠᠭᠠᠯᠠᠨ ᠰᠤᠳᠤᠯᠤᠨ ᠮᠠᠭᠠᠳᠯᠠᠵᠤ᠂ ᠠᠷᠢᠯᠭᠠᠬᠤ ᠠᠬᠢᠴᠠ ᠶᠢ ᠲᠦᠷᠭᠡᠳᠭᠡᠪᠡ︔ ᠬᠠᠷᠠᠯᠲᠠ ᠲᠠᠢ ᠪᠠᠷ ᠰᠤᠮᠤ ᠬᠠᠷᠪᠤᠵᠤ᠂ ᠭᠠᠶᠢᠯᠢ ᠳᠤ ᠬᠤᠯᠪᠣᠭᠳᠠᠬᠤ ᠠᠰᠠᠭᠤᠳᠠᠯ ᠢ ᠢᠳᠡᠪᠬᠢᠲᠡᠶ ᠪᠠᠷ ᠰᠢᠢᠳᠪᠦᠷᠢᠯᠡᠪᠡ︔ ᠠᠷᠠᠳ ᠢᠶᠠᠷ ᠦᠨᠳᠦᠰᠦ ᠪᠣᠯᠭᠠᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ︔ ᠤᠬᠠᠭᠤᠯᠤᠨ ᠲᠠᠶᠢᠯᠪᠤᠷᠢᠯᠠᠬᠤ ᠶᠢ ᠵᠡᠷᠭᠡᠪᠡᠷ ᠴᠢᠬᠤᠯᠠᠴᠢᠯᠠᠵᠤ᠂ ᠡᠷᠦᠬᠡ ᠬᠤᠪᠢᠶᠠᠭᠰᠠᠨ ᠬᠦᠰᠡᠯ ᠰᠠᠨᠠᠭ᠎ᠠ ᠶᠢᠨ ᠪᠠᠶᠢᠴᠠᠭᠠᠯᠲᠠ ᠶᠢ ᠥᠷᠨᠢᠭᠦᠯᠦᠨ᠎ᠡ︔ ᠵᠢᠯᠣᠭᠤᠳᠣᠯᠭ᠎ᠠ ᠪᠠᠨ ᠴᠢᠩᠭᠠᠳᠬᠠᠵᠤ᠂ ︽ᠬᠠᠷᠠᠯᠲᠠ ᠶᠢᠨ ᠴᠢᠭᠯᠡᠯ ᠢᠶᠠᠷ ᠬᠦᠴᠦᠯᠡᠵᠦ︾ ᠪᠠᠶᠢᠭᠠᠳ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠨ᠎ᠡ︔ ᠦᠨᠳᠦᠰᠦᠨ ᠱᠠᠲᠤᠨ ᠳᠤ ᠭᠦᠨᠵᠡᠭᠡᠶᠢᠷᠡᠵᠦ ᠪᠤᠲᠠᠲᠦ ᠶᠠᠪᠤᠳᠠᠯ ᠬᠢᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠠᠭᠤᠨ ᠡᠳᠦᠷ ᠤᠨ ᠰᠢᠪᠲᠤᠯᠤᠯᠲᠠ ᠵᠢᠨ‌ᠠᠵᠢᠯᠯᠠᠭ᠎ᠠ ᠶᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠯᠠᠨ ᠲᠦᠮᠡᠨ ᠳᠤ ᠬᠠᠮᠤᠭ ᠤᠨ ᠪᠠᠴᠢᠮ᠂ ᠬᠠᠮᠤᠭ ᠤᠨ ᠵᠣᠪᠠᠭᠤᠷᠢᠲᠠᠶ᠂ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ ᠥᠭᠭᠦᠨ᠎ᠡ᠃ ᠣᠳᠣᠬᠠᠨ ᠳᠤ᠂ ᠪᠥᠬᠦ ᠬᠤᠲᠠ ᠳᠤ ᠨᠢᠭᠡᠨᠲᠡ 405 ᠲᠥᠷᠥᠯ ᠵᠦᠢᠯ᠂ 123683 ᠢᠵᠢ ᠲᠥᠷᠥᠯ ᠵᠦᠢᠯ ᠢ ᠠᠩᠬ᠎ᠠ ᠤᠳᠠᠭ᠎ᠠ ᠳᠡᠩᠰᠡᠯᠡᠵᠦ ᠳᠠᠭᠤᠰᠬᠠᠪᠠ︔ 96340 ᠢᠵᠢ ᠶᠢ ᠡᠷᠦᠬᠡ ᠬᠤᠪᠢᠶᠠᠨ ᠳᠡᠩᠰᠡᠯᠡᠵᠦ ᠳᠠᠭᠤᠰᠬᠠᠪᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠩᠬ᠎ᠠ ᠤᠳᠠᠭ᠎ᠠ ᠳᠠᠩᠰᠠᠯᠠᠭᠤᠯᠬᠤ ᠶᠢ ᠬᠠᠷᠠᠬᠠᠨ ᠪᠡᠶᠡᠯᠡᠭᠦᠯᠦᠭᠡᠳᠦᠶ ︽ᠦᠨᠡᠮᠯᠡᠯ ᠭᠦᠢᠴᠡᠳᠭᠡᠬᠦ ᠳᠤ ᠬᠦᠴᠢᠷᠲᠡᠶ︾ 40 ᠲᠥᠷᠥᠯ ᠵᠦᠢᠯ ᠪᠠ ᠡᠷᠦᠬᠡ ᠬᠤᠪᠢᠶᠠᠨ ᠳᠠᠩᠰᠠᠯᠠᠬᠤ ᠶᠢ ᠪᠡᠶᠡᠯᠡᠭᠦᠯᠦᠭᠡᠳᠦᠢ 74633 ᠢᠵᠢ ᠬᠡᠷ ᠪᠠᠶᠢᠰᠢᠩ ᠤᠨ ᠰᠢᠢᠳᠪᠦᠷᠢᠯᠡᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠭᠦᠢᠴᠡᠳᠭᠡᠪᠡᠰᠦ ᠵᠣᠬᠢᠬᠤ ᠶᠢ ᠨᠢ ᠴᠥᠮ ᠭᠦᠢᠴᠡᠳᠭᠡᠬᠦ︾ ᠵᠠᠷᠴᠢᠮ ᠶᠣᠰᠣᠭᠠᠷ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ︽ᠦᠨᠡᠮᠯᠡᠯ ᠭᠦᠢᠴᠡᠳᠭᠡᠬᠦ ᠳᠤ ᠬᠦᠴᠢᠷᠲᠡᠶ︾ ᠠᠰᠠᠭᠤᠳᠠᠯ ᠢ ᠰᠢᠢᠳᠪᠦᠷᠢᠯᠡᠬᠦ ᠠᠵᠢᠯ ᠢ ᠪᠡᠶᠡᠯᠡᠭᠦᠯᠵᠦ᠂ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠤ ᠬᠦᠰᠡᠯ ᠡᠷᠡᠮᠡᠯᠵᠡᠯ ᠳᠤ ᠦᠨᠡᠨᠬᠦ ᠬᠠᠷᠢᠭᠤᠯᠲᠠ ᠥᠭᠬᠦ ᠪᠠᠷ ᠴᠢᠷᠮᠠᠶᠢᠨ᠎ᠠ᠃      ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ᠂ ︽ᠲᠠᠪᠤᠨ ᠶᠢ ᠬᠦᠴᠦᠯᠡᠬᠦ︾ ᠳᠤ ᠬᠦᠴᠦ ᠪᠠᠨ ᠲᠥᠪᠯᠡᠷᠡᠭᠦᠯᠦᠨ᠂ ︽ᠭᠤᠷᠪᠠᠨ ᠠᠰᠠᠭᠤᠯᠲᠠ︾ ︽ᠠᠷᠠᠳ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠪᠠᠶᠢᠷᠢ ᠳᠤ ᠪᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ ︽ᠪᠢ ᠲᠠᠨ ᠳᠤ ᠬᠠᠪᠰᠤᠷᠤᠶ᠎ᠠ︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠳᠥᠷᠪᠡᠨ ᠵᠦᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ 161 ᠵᠤᠷᠪᠤᠰ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ 495 ᠵᠤᠷᠪᠤᠰ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠭᠤᠨ ᠤᠲᠠᠰᠤᠨ ᠤ ᠭᠤᠮᠣᠳᠠᠯ ᠱᠠᠭᠠᠷᠳᠠᠯᠭ᠎ᠠ ᠶᠢ ᠨᠢᠭᠡᠨᠲᠡ 481 ᠵᠤᠷᠪᠤᠰ ᠢ ᠭᠥᠯᠢᠶᠡᠨ ᠠᠪᠴᠤ ᠰᠢᠢᠳᠪᠦᠷᠢᠯᠡᠵᠦ᠂ ᠪᠥᠬᠦ ᠬᠤᠲᠠ ᠶᠢᠨ 93 ᠰᠢᠶᠠᠩ ᠪᠠᠯᠭᠠᠰᠤ ᠰᠤᠮᠤ ᠳᠤ ᠭᠤᠷᠪᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠦᠯᠦᠨ ᠥᠭᠴᠦ᠂ 5398 ᠠᠶᠢᠯ ᠲᠣᠰᠬᠤᠨ ᠤ ᠵᠠᠮ ᠢ ᠬᠠᠲᠠᠭᠤᠷᠠᠭᠤᠯᠪᠠ᠃ ᠡᠭᠦᠨ ᠤ ᠬᠠᠮᠲᠤ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ︾ ᠶᠢ ᠦᠷᠭᠦᠯᠵᠢᠯᠡᠨ ᠠᠬᠢᠭᠤᠯᠵᠤ᠂ 6 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠥᠬᠡᠶ ᠪᠣᠯᠭᠠᠬᠤ ᠪᠤᠶᠤ ᠡᠷᠬᠡ ᠶᠢ ᠳᠣᠷᠣᠭᠰᠢ ᠪᠠᠭᠤᠯᠭᠠᠵᠤ᠂ ᠮᠠᠰᠢᠨᠲᠤ ᠲᠡᠷᠭᠡ ᠶᠢᠨ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠲᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠠᠰ ᠳᠡᠪᠰᠢᠭᠦᠯᠦᠨ ᠥᠭᠡᠷᠡᠴᠢᠯᠡᠬᠦ ᠶᠢ ᠢᠳᠡᠪᠬᠢᠲᠡᠶ ᠠᠬᠢᠭᠤᠯᠪᠠ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠩᠬᠤᠪᠴᠢ ᠳᠤ ᠣᠷᠣᠭᠤᠯᠵᠤ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠨ᠎ᠡ︔ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠰᠢᠭᠤᠳ ᠭᠦᠢᠴᠡᠳᠭᠡᠬᠦ︾ ᠶᠢ ᠶᠡᠬᠡᠪᠡᠷ ᠠᠬᠢᠭᠤᠯᠤᠨ᠎ᠠ᠃ ᠢᠯᠠᠩᠭᠤᠶ᠎ᠠ᠂ ᠲᠦᠷᠢᠶᠡᠰᠦᠨ ᠮᠠᠰᠢᠨ ᠲᠡᠷᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠮᠠᠰᠢᠨ ᠲᠡᠷᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠨᠠᠮ ᠤᠨ ᠭᠡᠰᠢᠭᠦᠨ ᠢ ᠬᠦᠲᠦᠯᠤᠨ ᠵᠢᠯᠤᠭᠤᠳᠴᠦ ᠪᠠᠶᠢᠭᠠᠳ ᠰᠠᠨᠠᠭᠠᠴᠢᠯᠠᠭ᠎ᠠ ᠠᠴᠠ ᠪᠠᠨ ᠪᠡᠶ᠎ᠡ  ᠪᠠᠨ ᠲᠠᠨᠢᠯᠴᠠᠭᠤᠯᠵᠤ᠂ ᠳᠦᠷᠢ ᠲᠥᠷᠬᠦ ᠪᠠᠨ ᠱᠤᠭᠤᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ︽ᠨᠠᠮ ᠤᠨ ᠲᠤᠭ ᠢᠶᠠᠷ ᠬᠥᠲᠥᠯᠦᠨ ᠳᠠᠭᠠᠭᠤᠯᠬᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ︾ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠶ᠋ᠴᠡᠳ ᠢᠯᠡᠷᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠣᠯᠠᠨ ᠲᠦᠮᠡᠨ ᠤ ᠰᠠᠨᠠᠭ᠎ᠠ ᠵᠣᠪᠠᠭ᠋ᠤ ᠤᠴᠢᠷ ᠶᠠᠪᠤᠳᠠᠯ ᠢ ᠰᠢᠢᠳᠪᠦᠷᠢᠯᠡᠬᠦ ᠬᠥᠮᠦᠨ ᠲᠠᠢ᠂ ᠳᠠᠷᠦ᠋ᠢᠬᠠᠨ ᠰᠢᠢᠳᠪᠦᠷᠢᠯᠡᠵᠦ᠂ ᠰᠠᠶᠢᠲᠤᠷ ᠬᠢᠵᠦ ᠳᠡᠶᠢᠯᠬᠦ ᠶᠢ ᠦᠷᠭᠦᠯᠵᠢᠯᠡᠨ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠦ ᠰᠡᠳᠬᠢᠭᠳᠡᠯ ᠢ ᠨᠠᠩ ᠲᠡᠭᠦᠯᠳᠡᠷ᠂ ᠨᠠᠩ ᠦᠷᠭᠦᠯᠵᠢᠯᠡᠭᠦᠯᠬᠦ ᠶᠢ ᠦᠨᠡᠨ ᠬᠦ ᠪᠠᠲᠤᠯᠠᠨ᠎ᠠ᠃      ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠠᠶᠠᠳᠠᠨ ᠳᠠᠭᠠᠵᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠲᠠᠯ᠎ᠠ ᠪᠠᠷ ︽ᠡᠷᠴᠢᠮ︾ ᠢᠶᠠᠨ ᠤᠷᠲᠤᠳᠬᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠲᠠᠯ᠎ᠠ ᠪᠠᠷ ︽ᠭᠦᠨᠴᠡ︾ ᠶᠢ ᠪᠣᠶ ᠪᠣᠯᠭᠠᠪᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠭᠡᠷᠡᠯᠲᠦᠭᠦᠯᠭᠡ ᠶᠢᠨ ᠠᠰᠠᠭᠤᠳᠠᠯ ᠢ ᠰᠢᠢᠳᠪᠦᠷᠢᠯᠡᠵᠦ᠂ ᠣᠯᠠᠨ ᠨᠡᠶᠢᠲᠡ ᠶᠢᠨ ᠰᠣᠶᠣᠯ ‍ᠤᠨ‌‍ᠲ᠋ᠠᠯᠠᠪᠤᠷ ᠤᠷᠳᠤᠨ ᠢ ᠨᠡᠬᠡᠬᠡᠬᠦ ᠴᠠᠭ ᠢ ᠤᠷᠳᠤᠳᠬᠠᠨ᠎ᠠ᠃ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠵᠢᠴᠢ ᠲᠦᠪ ᠬᠤᠲᠠ ᠶᠢᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠰᠡᠯᠪᠢᠨ ᠵᠠᠰᠠᠵᠤ᠂ ᠠᠷᠠᠴᠢᠯᠠᠨ ᠬᠠᠮᠠᠭᠠᠯᠠᠵᠤ᠂ ᠰᠢᠨᠡᠳᠬᠡᠬᠦ ᠶᠢᠨ ᠬᠠᠮᠲᠤ᠂ ᠪᠡᠶ᠎ᠡ ᠴᠢᠭᠢᠷᠠᠭᠵᠢᠭᠤᠯᠬᠤ ᠵᠠᠮ ᠱᠤᠭᠤᠮ ᠳᠤᠲᠠᠭᠳᠠᠵᠤ ᠪᠠᠶᠢᠭ᠎ᠠ ᠦᠨᠳᠦᠰᠦᠨ ᠱᠠᠲᠤᠨ ᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ 50 ᠢᠵᠢ 175 ᠲᠦᠮᠡᠨ ᠲᠥᠭᠦᠷᠢᠭ ᠤᠨ ᠥᠷᠲᠡᠭ ᠪᠥᠬᠦᠶ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠤᠭᠰᠠᠷᠠᠪᠠ︔ ᠵᠢᠨᠢᠩ ᠵᠠᠮ ᠤᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠢ ᠬᠠᠮᠲᠤᠷᠠᠨ ᠪᠠᠶᠢᠭᠤᠯᠵᠤ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ᠂ ᠴᠢᠬᠤᠯᠠ ᠶᠡᠭᠡ ᠠᠵᠢᠯᠯᠠᠭ᠎ᠠ ᠵᠡᠷᠭᠡ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ ᠠᠳᠠᠯᠢ ᠪᠤᠰᠤ ᠬᠥᠮᠦᠰ᠂ ᠠᠳᠠᠯᠢ ᠪᠤᠰᠤ ᠨᠠᠰᠤᠨ ᠳᠤ ᠳᠣᠭᠢᠷᠠᠬᠤ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠤᠨ ᠦᠷᠨᠢᠭᠦᠯᠪᠡ︔ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠡᠯ᠎ᠡ ᠲᠦᠷᠦᠯ ᠤᠨ ᠰᠣᠶᠣᠯ ᠤᠨ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠵᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ 1200 ᠭᠠᠷᠤᠢ ᠲᠠᠯᠠᠪᠤᠷ ᠲᠣᠭᠯᠠᠯᠲᠠ ᠭᠠᠷᠭᠠᠵᠤ᠂ ᠰᠤᠷᠭᠠᠭᠤᠯᠢ ᠳᠤ ᠭᠦᠨᠵᠡᠭᠡᠶᠢᠷᠡᠵᠦ 35 ᠲᠠᠯᠠᠪᠤᠷ ᠲᠣᠭᠯᠠᠯᠲᠠ ᠭᠠᠷᠭᠠᠵᠤ᠂ ᠴᠡᠷᠢᠭ ᠤᠨ ᠬᠤᠸᠠᠷᠠᠨ ᠬᠠᠷᠠᠭᠤᠯ ᠤᠨ ᠭᠠᠵᠠᠷ ᠲᠤ ᠭᠦᠨᠵᠡᠭᠡᠶᠢᠷᠡᠵᠦ 32 ᠲᠠᠯᠠᠪᠤᠷ ᠲᠣᠭᠯᠠᠯᠲᠠ ᠭᠠᠷᠭᠠᠪᠠ︔ ᠰᠣᠶᠣᠯ ᠤᠨ ᠠᠵᠢᠯᠲᠠᠳ ᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ 2260 ᠤᠳᠠᠭ᠎ᠠ ᠬᠠᠪᠰᠤᠷᠤᠨ ᠵᠢᠯᠣᠭᠤᠳᠴᠤ᠂ ᠪᠦᠬᠦ ᠬᠤᠲᠠ ᠶᠢᠨ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 6720 ᠤᠳᠠᠭ᠎ᠠ ᠥᠷᠨᠢᠭᠦᠯᠪᠡ︔ ᠪᠥᠬᠦ ᠬᠤᠲᠠ ᠶᠢᠨ ᠤᠯᠤᠰ ᠤᠨ ᠲᠠᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠰᠢᠯᠢᠳᠡᠭ ᠵᠢᠭᠠᠨ ᠵᠢᠯᠣᠭᠤᠳᠣᠭᠴᠢ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠬᠤᠤᠷ ᠲᠠᠲᠠᠬᠤ ᠶᠢ ᠵᠣᠭᠰᠣᠭᠠᠬᠤ ᠭᠠᠵᠠᠷ ᠵᠡᠷᠭᠡ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠳᠤ ᠣᠴᠢᠭᠤᠯᠤᠨ᠂ ᠪᠡᠶ᠎ᠡ ᠴᠢᠭᠢᠷᠠᠭᠵᠢᠭᠤᠯᠬᠤ ᠲᠠᠮᠢᠷ ᠤᠨ ᠲᠥᠷᠥᠯ ᠵᠦᠢᠯ ᠤᠨ ᠪᠣᠯᠪᠠᠰᠤᠷᠠᠯ ᠵᠡᠷᠭᠡ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠪᠠ︔ ᠲᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ 12.18 ᠲᠦᠮᠡᠨ ᠲᠥᠭᠦᠷᠢᠭ ᠣᠷᠣᠭᠤᠯᠵᠤ᠂ ᠤᠬᠠᠭᠤᠯᠭ᠎ᠠ ᠶᠢᠨ ᠵᠢᠷᠤᠭ ᠤᠨ ᠰᠠᠮᠪᠠᠷ᠎ᠠ᠂ ᠤᠬᠠᠭᠤᠯᠭ᠎ᠠ ᠶᠢᠨ ᠰᠠᠮᠪᠠᠷ᠎ᠠ ᠦᠢᠯᠡᠳᠴᠦ᠂ ᠠᠰᠠᠷ ᠤᠨ ᠬᠤᠩᠭᠢᠯ ᠢ ᠦᠩᠭᠡᠯᠡᠨ᠂ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠬᠤᠭ ᠤᠨ ᠰᠠᠪᠠ ᠬᠤᠳᠠᠯᠳᠤᠨ ᠠᠪᠴᠤ ᠲᠠᠭᠠᠭᠠᠴᠢᠯᠠᠨ ᠬᠠᠷᠢᠯᠴᠠᠬᠤ ᠲᠣᠭᠤᠷᠢᠭ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠬᠤ ᠶᠢ ᠦᠷᠭᠦᠯᠵᠢᠯᠡᠨ ᠠᠬᠢᠭᠤᠯᠵᠤ᠂ ᠪᠣᠳᠠᠲᠠᠶ ᠠᠵᠢᠯ ᠬᠢᠭᠰᠡᠨ ᠦᠷ᠎ᠡ ᠪᠦᠲᠦᠭᠡᠯ ᠢ ᠥᠷᠭᠡᠨ ᠣᠯᠠᠨ ᠠᠷᠠᠳ ᠲᠦᠮᠡᠨ ᠳᠤ ᠦᠨᠡᠨ ᠬᠦ ᠦᠢᠯᠡᠴᠢᠯᠡᠭᠦᠯᠦᠨ᠎ᠡ᠃      ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠯᠠᠨ ᠲᠦᠮᠡᠨ ᠤ ᠢᠲᠡᠭᠡᠯ ᠢ ᠦᠨᠡᠨ ᠰᠡᠳᠬᠢᠯ ᠠᠴᠠ ᠪᠠᠨ ᠣᠯᠵᠤ᠂ ᠰᠡᠳᠬᠢᠯ ᠢᠶᠠᠨ ᠮᠡᠳᠡᠯᠴᠡᠬᠦ ᠪᠠᠷ ᠢᠶᠠᠨ ᠣᠯᠠᠨ ᠲᠦᠮᠡᠨ ᠢ ᠤᠷᠢᠶᠠᠯᠠᠨ᠂ ᠬᠠᠯᠠᠭᠤᠨ ᠰᠡᠳᠬᠢᠯ ᠢᠶᠠᠷ ᠢᠶᠠᠨ ᠣᠯᠠᠨ ᠲᠦᠮᠡᠨ ᠳᠤ ᠦᠢᠯᠡᠴᠢᠯᠡᠵᠦ᠂ ᠬᠤᠳᠠᠯᠳᠤᠭᠠᠨ ᠤ ᠶᠠᠪᠤᠳᠠᠯ ᠤᠨ ᠠᠷᠠᠳ ᠲᠦᠮᠡᠨ ᠳᠤ ᠦᠢᠯᠡᠴᠢᠯᠡᠬᠦ ᠰᠢᠭᠤᠳ ᠨᠡᠪᠲᠡᠷᠡᠬᠦ ᠲᠡᠷᠭᠡ ᠶᠢ ᠣᠯᠠᠨ ᠲᠦᠮᠡᠨ ᠤ ᠰᠡᠳᠬᠢᠯ ᠳᠤ ᠦᠨᠡᠨ ᠬᠦ ᠬᠠᠳᠠᠩᠰᠢᠭᠤᠯᠪᠠ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠯᠤᠭ᠎ᠠ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠤᠯᠠᠭᠠᠨᠴᠠᠪ ᠬᠤᠲᠠ ᠶᠢᠨ ᠲᠠᠷᠢᠶᠠᠯᠠᠩ ᠤᠨ ᠣᠨᠴᠠ ᠭᠠᠷᠤᠯᠲᠠ ᠶᠢᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠢ ᠵᠢᠶᠧ ᠲᠥᠬᠦᠮ ᠳᠡᠯᠭᠡᠭᠦᠷ ᠲᠤ ᠵᠢᠩᠬᠢᠨᠢ ᠪᠠᠷ ᠣᠷᠣᠬᠤ ᠶᠢ ᠠᠬᠢᠭᠤᠯᠵᠤ᠂ ᠬᠡᠷᠡᠭᠯᠡᠭᠡ ᠶᠢ ᠬᠠᠪᠰᠤᠷᠤᠨ ᠲᠡᠳᠬᠦᠬᠦ ᠲᠤᠰᠬᠠᠶ ᠯᠠᠩᠭᠦᠶ ᠪᠠᠶᠢᠭᠤᠯᠤᠨ᠂ ᠲᠠᠷᠢᠶᠠᠯᠠᠩ ᠤᠨ ᠣᠨᠴᠠ ᠭᠠᠷᠤᠯᠲᠠ ᠶᠢᠨ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠠᠬᠢᠭᠤᠯᠵᠤ᠂ ᠥᠪᠡᠷ ᠤᠨ ᠨᠠᠷᠠᠲᠤ ᠲᠥᠷᠥᠯ ᠲᠡᠮᠳᠡᠭᠲᠦ ᠪᠠᠨ ᠬᠠᠮᠲᠤᠷᠠᠯᠴᠠᠨ ᠪᠣᠶ ᠪᠣᠯᠭᠠᠨ᠎ᠠ᠃ ᠣᠳᠣᠬᠠᠨ ᠳᠤ᠂ ᠵᠢᠨᠢᠩ ᠲᠣᠭᠤᠷᠢᠭ ᠤᠨ ᠯᠠᠨ ᠭᠧ ᠭᠧ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠤᠨᠢ ᠠᠭᠤᠯᠠ ᠶᠢᠨ ᠶᠤᠤᠮᠠᠢ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠱᠤ᠋ ᠳ᠋ᠦ᠋ ᠺᠠᠶᠢᠳᠠ ᠵᠡᠷᠭᠡ 17 ᠲᠠᠷᠢᠶᠠᠯᠠᠩ ᠤᠨ ᠣᠨᠴᠠ ᠭᠠᠷᠤᠯᠲᠠ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠪᠣᠷᠣᠯᠠᠭᠤᠯᠭ᠎ᠠ ᠶᠢᠨ ᠭᠡᠷ᠎ᠡ ᠳᠤ ᠵᠢᠩᠬᠢᠨᠢ ᠪᠠᠷ ᠭᠠᠷ ᠤᠨ ᠥᠰᠥᠭ ᠵᠢᠷᠤᠪᠠ᠃ ᠡᠭᠦᠨ ᠤ ᠬᠠᠮᠲᠤ ᠪᠥᠬᠦ ᠣᠷᠣᠨ ᠤ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ 216 ᠢ ᠵᠢᠶᠧ ᠲᠥᠬᠦᠮ ᠳᠡᠯᠭᠡᠭᠦᠷ ᠲᠤ ᠮᠠᠨ ᠤ ᠬᠤᠲᠠ ᠶᠢᠨ ᠲᠠᠷᠢᠶᠠᠯᠠᠩ ᠤᠨ ᠣᠨᠴᠠ ᠭᠠᠷᠤᠯᠲᠠ ᠶᠢ ᠲᠥᠪᠯᠡᠷᠡᠭᠦᠯᠦᠨ ᠳᠡᠯᠭᠡᠨ ᠦᠵᠡᠭᠦᠯᠵᠦ ᠪᠣᠷᠣᠯᠠᠭᠤᠯᠬᠤ ᠶᠢᠨ ᠬᠠᠮᠲᠤ 20 ᠭᠠᠷᠤᠶ ᠵᠦᠢᠯ ᠤᠨ ᠦᠢᠯᠡᠳᠭᠦᠨ ᠳᠤ ︽ᠮᠤᠩ ᠰᠢᠶᠤᠤ ᠢ︾ ᠨᠠᠷᠠᠲᠤ ᠲᠡᠮᠳᠡᠭᠲᠦ ᠶᠢ ᠡᠭᠦᠳᠴᠦ᠂ ᠦᠢᠯᠡᠳᠭᠦᠨ ᠢ ᠬᠡᠮᠵᠢᠶ᠎ᠡ ᠪᠠᠷ ᠦᠢᠯᠡᠳᠪᠦᠷᠢᠯᠡᠭᠰᠡᠨ ᠤ ᠳᠠᠷᠠᠭ᠎ᠠ ᠪᠥᠬᠦ ᠤᠯᠤᠰ ᠤᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ 2.7 ᠲᠦᠮᠡᠨ ᠲᠥᠬᠦᠮ ᠳᠡᠯᠭᠡᠭᠦᠷ ᠲᠤ ᠪᠣᠷᠣᠯᠠᠭᠤᠯᠬᠤ ᠶᠢ ᠪᠥᠬᠦ ᠲᠠᠯ᠎ᠠ ᠪᠠᠷ ᠳᠡᠯᠭᠡᠷᠡᠭᠦᠯᠦᠨ᠎ᠡ︔ ᠲᠠᠷᠢᠶᠠᠯᠠᠩ ᠤᠨ ᠣᠨᠴᠠ ᠭᠠᠷᠤᠯᠲᠠ ᠶᠢ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠤᠯᠠᠭᠠᠨᠴᠠᠪ ᠤᠨ ᠲᠠᠷᠢᠶᠠᠯᠠᠩ ᠤᠨ ᠣᠨᠴᠠ ᠭᠠᠷᠤᠯᠲᠠ ᠶᠢ ᠪᠡᠭᠡᠵᠢᠩ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠂ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢ ᠠᠩᠬ᠎ᠠ ᠨᠡᠭᠡᠭᠡᠭᠰᠡᠨ 165 ᠨᠡᠶᠢᠭᠡᠮ ᠲᠣᠭᠤᠷᠢᠭ ᠲᠤ ᠤᠷᠢᠳ ᠬᠤᠵᠢᠳ ᠤᠯᠠᠭᠠᠨᠴᠠᠪ ᠤᠨ ᠤᠨᠴᠠᠯᠢᠭᠳᠤ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠳᠡᠯᠭᠡᠨ ᠬᠤᠳᠠᠯᠳᠤᠬᠤ ᠠᠵᠢᠯᠯᠠᠭ᠎ᠠ ᠶᠢ ᠥᠷᠨᠢᠭᠦᠯᠪᠡ︔ ᠪᠡᠭᠡᠵᠢᠩ ᠬᠤᠲᠠ ᠶᠢᠨ ᠳ᠋ᠦᠩᠴᠡᠩ ᠲᠣᠭᠤᠷᠢᠭ᠂ ᠴᠤᠤᠶᠠᠩ ᠲᠣᠭᠤᠷᠢᠭ ᠵᠡᠷᠭᠡ ᠨᠡᠶᠢᠭᠡᠮ ᠲᠣᠭᠤᠷᠢᠭ ᠤᠨ ᠳᠡᠯᠭᠡᠭᠦᠷ ᠲᠤ ᠤᠯᠠᠭᠠᠨᠴᠠᠪ ᠤᠨ ᠬᠡᠷᠡᠭᠯᠡᠭᠡ ᠶᠢ ᠬᠠᠪᠰᠤᠷᠤᠨ ᠲᠡᠳᠬᠦᠬᠦ 200 ᠭᠠᠷᠤᠶ ᠲᠤᠰᠬᠠᠶ ᠯᠠᠩᠭᠦᠶ ᠭᠠᠷᠭᠠᠵᠤ᠂ ᠤᠯᠠᠭᠠᠨᠴᠠᠪ ᠤᠨ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠦᠵᠡᠭᠦᠯᠵᠦ ᠪᠣᠷᠣᠯᠠᠭᠤᠯᠪᠠ︔ ᠲᠣᠰᠣ ᠨᠡᠮᠡᠬᠦ ᠥᠷᠲᠡᠭᠡ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠨᠡᠶᠢᠲᠡ ᠶᠢᠨ ᠵᠣᠷᠯᠣᠩ ᠢ ᠥᠭᠡᠷᠡᠴᠢᠯᠡᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠦᠷᠭᠦᠯᠵᠢᠯᠡᠨ ᠳᠤᠭᠤᠰᠢᠯᠠᠭᠤᠯᠵᠤ᠂ ᠣᠯᠠᠨ ᠲᠦᠮᠡᠨ ᠢ ᠦᠨᠡᠨ ᠬᠦ ᠰᠡᠳᠬᠢᠯ ᠬᠠᠨᠤᠮᠵᠢᠲᠠᠶ ᠪᠣᠯᠭᠠᠵᠤ᠂ ᠣᠯᠠᠨ ᠲᠦᠮᠡᠨ ᠤ ᠰᠡᠳᠬᠢᠯ ᠢ ᠠᠭᠤᠵᠢᠷᠠᠭᠤᠯᠵᠤ᠂ ᠣᠯᠠᠨ ᠲᠦᠮᠡᠨ ᠢ ᠢᠲᠡᠭᠡᠭᠦᠯᠦᠨ᠎ᠡ᠃      ᠣᠶᠢᠯᠠᠭᠠᠭᠰᠠᠨ ᠢᠶᠠᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠯᠢᠯᠠᠨ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠨᠡᠶᠢᠭᠡᠮ ᠲᠣᠭᠤᠷᠢᠭ᠂ ᠬᠤᠪᠢ ᠬᠥᠮᠦᠨ᠂ ᠭᠠᠷ ᠤᠲᠠᠰᠤᠨ ᠤ ᠦᠵᠦᠭᠦᠷ ᠲᠤ ᠬᠦᠷᠲᠡᠯ᠎ᠡ ᠨᠠᠶᠢᠳᠠᠪᠤᠷᠢᠵᠢᠭᠤᠯᠵᠤ᠂ 7 × 24 ᠴᠠᠭ ᠤᠨ ᠵᠠᠯᠢᠯᠠᠨ ᠮᠡᠬᠡᠯᠡᠬᠦ ᠶᠢ ᠡᠰᠡᠷᠭᠦᠴᠡᠬᠦ ᠲᠥᠪ ᠪᠠᠶᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠪᠠᠭᠤᠷᠠᠶᠢᠴᠤᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠪᠠ︔ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠳᠤ ᠬᠦᠴᠦ ᠲᠠᠯᠪᠢᠵᠤ᠂ ᠣᠯᠠᠨ ᠲᠦᠮᠡᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠰᠠᠭᠤᠳᠠᠯ ᠢ ︽ᠠᠪᠳᠠᠷ᠎ᠠ ᠪᠠᠨ ᠤᠷᠪᠠᠭᠤᠯᠵᠤ ᠬᠤᠷᠭᠤ ᠪᠠᠨ ᠤᠬᠢᠶᠠᠬᠤ︾ ᠮᠠᠶ᠋ᠢᠭ ᠢᠶᠠᠷ ᠰᠢᠢᠳᠪᠦᠷᠢᠯᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡ ᠵᠡᠷᠭᠡ ᠬᠤᠳᠠ ᠶᠢᠨ ᠴᠤᠩᠬᠤ ᠪᠣᠯᠬᠤ ᠦᠢᠯᠡᠴᠢᠯᠡᠭᠡᠨ ᠤ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠬᠤᠳᠠ ᠶᠢᠨ ᠨᠡᠭᠦᠳᠡᠯ ᠦᠵᠡᠮᠵᠢ ᠶᠢᠨ ᠣᠷᠣᠨ ᠢ ᠪᠠᠶᠢᠭᠤᠯᠤᠨ᠎ᠠ︔ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠵᠢᠷᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠰᠥᠨᠢ ᠶᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠭᠡᠷᠡᠯᠲᠦᠭᠦᠯᠵᠦ᠂ ︽ᠤᠯᠠᠭᠠᠨᠴᠠᠪ ᠢ ᠰᠥᠨᠢ ᠶᠢᠨ ᠳᠤᠮᠳᠠ ᠪᠥᠵᠢᠭᠯᠡᠭᠦᠯᠦᠨ᠎ᠡ︾︔ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠮᠤᠩ ᠰᠢᠶᠤᠤ ᠢ︾ ᠨᠠᠷᠠᠲᠤ ᠲᠡᠮᠳᠡᠭᠲᠦ ᠳᠤ ᠲᠦᠰᠢᠭᠯᠡᠨ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠠᠢ ᠪᠥᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠮᠠᠨ ᠤ ᠬᠤᠲᠠ ᠶᠢᠨ ︽ᠮᠠᠰᠢᠨ ᠲᠡᠷᠭᠡ ᠶᠢ ᠳᠠᠭᠠᠵᠤ ᠭᠦᠶᠦᠭᠰᠡᠨ ᠲᠠᠷᠢᠶᠠᠯᠠᠩ ᠤᠨ ᠣᠨᠴᠠ ᠭᠠᠷᠤᠯᠲᠠ︾ ᠶᠢ ᠪᠣᠶ ᠪᠣᠯᠭᠠᠪᠠ᠃ ᠡᠲᠡᠭᠡᠷ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠭᠠᠷᠭᠠᠭᠰᠠᠨ ᠰᠠᠶᠢᠨ ᠠᠷᠭ᠎ᠠ ᠬᠡᠮᠵᠢᠶ᠎ᠡ ᠪᠣᠯ ᠮᠠᠨ ᠤ ᠬᠤᠲᠠ ᠶᠢᠨ ︽ᠮᠠᠨ ᠤ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠳᠤᠮᠳᠠ ᠴᠣᠯᠭᠤᠷᠠᠨ ᠭᠠᠷᠤᠭᠰᠠᠨ ᠬᠢᠯᠠᠰ ᠴᠡᠭ᠂ ᠣᠨᠴᠠᠯᠢᠭ ᠮᠥᠨ᠂ ᠡᠨᠡ ᠨᠢ ᠮᠠᠨ ᠤ ᠬᠤᠲᠠ ᠶᠢᠨ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠬᠤ ᠳᠤ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠦᠵᠡᠭᠦᠯᠬᠦ ᠪᠣᠯᠤᠨ᠎ᠠ᠃ ᠣᠳᠣ ᠪᠣᠯᠲᠠᠯ᠎ᠠ᠂ ᠮᠠᠨ ᠤ ᠬᠤᠲᠠ ᠨᠢᠭᠡᠨᠲᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠢ ᠪᠦᠬᠦᠨ ᠢ ᠳᠠᠭᠤᠰᠬᠠᠵᠤ᠂ 11 ᠬᠤᠰᠢᠭᠤ ᠰᠢᠶᠠᠨ ᠬᠤᠲᠠ ᠲᠣᠭᠤᠷᠢᠭ ᠵᠢᠴᠢ ᠬᠤᠲᠠ ᠶᠢᠨ ᠰᠢᠭᠤᠳ ᠬᠠᠷᠢᠶ᠎ᠠ ᠭᠤᠣᠯᠳᠠᠯᠭ᠎ᠠ ᠲᠠᠢ ᠰᠠᠯᠠᠭ᠎ᠠ ᠮᠥᠴᠢᠷ ᠨᠢᠭᠡᠴᠢ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠨᠡᠶᠢᠲᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠢᠨ ᠤ ᠤᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠭᠰᠡᠨ ᠪᠠᠶᠢᠳᠠᠯ ᠢ ᠡᠮᠬᠢᠯᠡᠨ ᠳ᠋ᠦᠩᠨᠡᠵᠦ᠂ ᠨᠢᠭᠡ ᠪᠦᠯᠦᠭ ᠦᠢᠯᠡᠳᠦᠯᠭᠡ ᠶᠢᠨ ᠠᠵᠢᠯᠯᠠᠭ᠎ᠠ ᠶᠢᠨ ᠳᠤᠮᠳᠠᠬᠢ ᠬᠢᠯᠠᠰ ᠴᠡᠭ ᠵᠢᠴᠢ ᠨᠡᠶᠢᠲᠡᠯᠢᠭ ᠲᠤᠷᠰᠢᠯᠭ᠎ᠠ ᠶᠢ ᠠᠭᠤᠳᠠᠯᠵᠤ᠂ ᠪᠦᠬᠦ ᠬᠤᠲᠠ ᠶᠢᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠲᠡᠢ ᠠᠬᠢᠭᠤᠯᠵᠠᠢ᠃
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ