︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/22

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
                   ᠥᠪᠥᠷ ᠵᠠᠰᠠᠭ ᠠᠯᠪᠠᠨ ᠲᠠᠷᠬᠠᠭᠠᠭᠰᠠᠨ ﹇2021﹈ 43 ᠳ᠋ᠤᠭᠠᠷ ᠲᠣᠭᠠᠲᠤ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

                                  2021 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ
     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ
         ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ


      ᠨᠢᠭᠡᠳᠦᠭᠡᠷ ᠪᠦᠯᠦᠭ  ᠶᠡᠷᠦᠩᠬᠡᠢ ᠳᠦᠷᠢᠮ
      ᠨᠢᠭᠡᠳᠦᠭᠡᠷ ᠵᠦᠢᠯ  ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ ᠪᠠ ᠨᠡᠭᠡᠭᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠲᠣᠭᠠᠵᠢᠯᠲᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠵᠠᠰᠠᠭ ᠤᠨ ᠣᠷᠳᠣᠨ ᠤ ᠵᠠᠰᠠᠯᠲᠠ ᠶᠢᠨ ᠣᠳᠣᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠲᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ  ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠲᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭ᠎ᠠ ᠳᠤ ᠬᠡᠷᠡᠭᠯᠡᠭᠳᠡᠨ᠎ᠡ᠃
     ᠭᠤᠷᠪᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠭᠡᠳᠡᠭ ᠨᠢ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳᠬᠡᠵᠦ ᠪᠠᠶᠢᠭ᠎ᠠ ᠠᠵᠢᠯ ᠦᠢᠯᠡᠰ ᠤᠨ ᠨᠢᠭᠡᠴᠢ ︵ᠳᠣᠷᠣᠭᠰᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠣᠬᠢᠶᠠᠭᠰᠠᠨ ᠪᠤᠶᠤ ᠬᠦᠷᠲᠡᠭᠰᠡᠨ᠂ ᠵᠣᠬᠢᠬᠤ ᠬᠡᠯᠪᠡᠷᠢ ᠪᠠᠷ ᠪᠢᠴᠢᠵᠦ ᠲᠡᠮᠳᠡᠭᠯᠡᠵᠦ ᠬᠠᠳᠠᠭᠠᠯᠠᠭᠰᠠᠨ ᠦᠰᠦᠭ ᠪᠢᠴᠢᠭ᠂ ᠲᠤᠭ᠎ᠠ᠂ ᠵᠢᠷᠤᠭ ᠬᠦᠰᠦᠨᠦᠭᠲᠦ᠂ ᠵᠢᠷᠤᠭᠲᠤ ᠳᠦᠷᠰᠦ᠂ ᠳᠠᠭᠤᠨ ᠤ ᠳᠠᠪᠲᠠᠮᠵᠢ᠂ ᠸᠢᠳᠢᠣ᠋᠂ ᠡᠯᠧᠺᠲᠷᠣᠨ ᠭᠡᠷᠡᠴᠢ ᠦᠨᠡᠮᠯᠡᠯ᠂ ᠡᠯᠧᠺᠲᠷᠣᠨ ᠳᠠᠩᠰᠠ ᠡᠪᠬᠡᠮᠡᠯ ᠵᠡᠷᠭᠡ ᠡᠯ᠎ᠡ ᠲᠥᠷᠥᠯ ᠤᠨ ᠪᠦᠲᠦᠴᠡᠲᠦ᠂ ᠬᠠᠭᠠᠰ ᠪᠦᠲᠦᠴᠡᠲᠦ ᠪᠠ ᠪᠦᠲᠦᠴᠡᠲᠦ ᠪᠤᠰᠤ ᠳ᠋ᠠᠶᠢᠲ᠋ᠠ ᠶᠢᠨ ᠡᠬᠢ ᠪᠠᠶᠠᠯᠢᠭ᠂ ᠡᠭᠦᠨ ᠳᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠰᠢᠭᠤᠳ ᠪᠤᠶᠤ ᠭᠤᠷᠪᠠᠳᠠᠬᠢ ᠡᠲᠡᠭᠡᠳ ᠢᠶᠠᠷ ᠳᠠᠮᠵᠢᠭᠤᠯᠵᠤ ᠬᠠᠤᠯᠢ ᠶᠣᠰᠣᠭᠠᠷ ᠴᠤᠭᠯᠠᠭᠤᠯᠤᠭᠰᠠᠨ᠂ ᠬᠠᠤᠯᠢ ᠶᠣᠰᠣᠭᠠᠷ ᠡᠷᠬᠡ ᠣᠯᠭᠤᠨ ᠬᠠᠮᠢᠶᠠᠷᠤᠭᠤᠯᠬᠤ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠱᠠᠭᠠᠷᠳᠠᠯᠭ᠎ᠠ ᠠᠴᠠ ᠪᠣᠯᠵᠣ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ ᠪᠦᠷᠢᠯᠳᠤᠭᠰᠡᠨ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠶᠢ ᠵᠢᠭᠠᠵᠤ ᠪᠣᠢ᠃
     ᠳᠥᠷᠪᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠶ ᠪᠠᠶᠢᠭᠤᠯᠤᠮᠵᠢ ︵ᠳᠣᠷᠣᠭᠰᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠲᠣᠰ ᠵᠠᠰᠠᠭ ᠵᠠᠬᠢᠷᠭᠠᠨ ᠤ ᠣᠷᠣᠨ ᠲᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃
     ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠣᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠲᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃
     ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠬᠤ᠂ ᠵᠠᠰᠠᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ᠂ ᠬᠡᠷᠡᠭᠯᠡᠬᠦ ᠵᠡᠷᠭᠡ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃
     ᠲᠠᠪᠤᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠮᠡᠷᠭᠡᠵᠢᠯ ᠤᠨ ᠦᠶ᠋ᠯᠡᠴᠢᠯᠡᠭᠡᠨ ᠤ ᠨᠢᠭᠡᠴᠢ ᠳᠤ ᠨᠠᠶᠢᠳᠠᠵᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ᠂ ᠠᠮᠤᠷ ᠲᠦᠪᠰᠢᠨ ᠤ  ᠬᠠᠮᠢᠶᠠᠷᠣᠯᠳᠠ ᠵᠡᠷᠭᠡ ᠮᠡᠷᠭᠡᠵᠢᠯ ᠤᠨ ᠦᠢᠯᠡᠴᠢᠯᠡᠭᠡ ᠵᠢᠴᠢ ᠬᠤᠯᠪᠣᠭᠳᠠᠯ ᠪᠥᠬᠦᠶ ᠲᠠᠪᠴᠠᠩ ᠢ ᠪᠠᠶᠢᠭᠤᠯᠵᠣ ᠠᠵᠢᠯᠯᠠᠭᠤᠯᠬᠤ᠂ ᠠᠮᠤᠷ ᠲᠦᠪᠰᠢᠨ ᠤ ᠪᠠᠲᠤᠯᠠᠭ᠎ᠠ ᠪᠠ ᠡᠳᠦᠷ ᠲᠤᠲᠤᠮ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠭᠦᠯᠵᠦ ᠪᠣᠯᠤᠨ᠎ᠠ᠃
     ᠵᠢᠷᠭᠤᠳᠤᠭᠠᠷ ᠵᠦᠢᠯ  ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠹᠢᠽᠢᠺ ᠲᠠᠷᠬᠠᠯᠲᠠ᠂ ᠯᠣᠭᠢᠭ ᠲᠥᠪᠯᠡᠷᠡᠯ᠂ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ᠂ ᠵᠠᠰᠠᠭ ᠪᠠ ᠠᠵᠤ ᠠᠬᠤᠶᠢᠯᠠᠯ ᠬᠠᠷᠢᠯᠴᠠᠨ ᠬᠤᠯᠪᠣᠭᠠᠯᠠᠬᠤ᠂ ᠠᠮᠤᠷ ᠲᠦᠪᠰᠢᠨ ᠢ ᠡᠵᠡᠮᠳᠡᠵᠦ ᠪᠣᠯᠬᠤ ᠵᠠᠷᠴᠢᠮ ᠶᠣᠰᠣᠭᠠᠷ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠲᠣᠭᠲᠠᠯᠴᠠᠭ᠎ᠠ ᠶᠢ ᠨᠢᠭᠡᠳᠦᠯᠲᠡᠶ ᠲᠥᠯᠥᠪᠯᠡᠨ ᠪᠠᠶᠢᠭᠤᠯᠬᠤ ᠬᠡᠷᠡᠭᠲᠡᠶ᠃
     ᠳᠣᠯᠣᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠤᠭᠯᠠᠭᠤᠯᠬᠤ᠂ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠬᠦ᠂ ᠨᠡᠭᠡᠭᠡᠯᠲᠡ ᠲᠠᠢ ᠪᠠᠶᠢᠯᠭᠠᠬᠤ ᠵᠢᠴᠢ ᠶᠠᠰᠤ ᠴᠢᠨᠠᠷ ᠪᠠ ᠠᠮᠤᠷ ᠲᠦᠪᠰᠢᠨ ᠢ ᠬᠠᠮᠢᠶᠠᠷᠬᠤ ᠵᠡᠷᠭᠡ ᠰᠠᠭᠤᠷᠢ ᠶᠢᠨ ᠴᠢᠨᠠᠷᠲᠠᠶ᠂ ᠨᠡᠶᠢᠳᠡᠮ ᠬᠡᠷᠡᠭᠯᠡᠭᠡᠨ ᠤ ᠴᠢᠨᠠᠷᠲᠠᠶ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠬᠤ

ᠬᠡᠷᠡᠭᠲᠡᠶ᠃
     ᠨᠠᠢᠮᠠᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠲᠠᠬᠢ ᠵᠠᠰᠠᠭ ᠤᠨ ᠶᠠᠪᠤᠳᠠᠯ ᠤᠨ ᠰᠦᠯᠵᠢᠶ᠎ᠡ᠂ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ᠂ ᠲᠣᠮᠣ ᠳ᠋ᠠᠶᠢᠲ᠋ᠠ ᠶᠢᠨ ᠲᠠᠪᠴᠠᠩ᠂ ᠭᠠᠢ ᠠᠴᠠ ᠰᠡᠷᠭᠡᠶᠢᠯᠡᠬᠦ ᠨᠥᠭᠡᠴᠡ ᠶᠢᠨ ᠲᠥᠪ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠬᠠᠮᠢᠶᠠᠷᠴᠤ᠂ ᠠᠵᠢᠯᠯᠠᠭᠤᠯᠤᠨ ᠬᠠᠮᠠᠭᠠᠯᠠᠵᠤ᠂ ᠨᠢᠭᠡ ᠴᠣᠠᠠᠴᠠᠵᠢᠠᠠᠰᠠᠨ ᠲᠣᠮᠣ ᠳ᠋ᠠᠶᠢᠲ᠋ᠠ ᠶᠢᠨ ᠲᠥᠪ ᠤᠨ ᠪᠠᠶᠢᠭᠤᠯᠣᠯᠳᠠ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠨᠢᠭᠡᠳᠦᠯᠲᠡᠶ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠶ᠃


         ᠬᠤᠶᠠᠳᠤᠭᠠᠷ ᠪᠦᠯᠦᠭ  ᠭᠠᠷᠴᠠᠭ ᠤᠨ ᠬᠠᠮᠢᠶᠠᠷᠤᠯᠲᠠ
     ᠶᠢᠰᠦᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠲᠤ ᠨᠢᠭᠡᠳᠦᠯᠲᠡᠶ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠷᠤᠮᠵᠢᠯ ᠢ ᠬᠠᠷᠢᠭᠤᠴᠠᠨ ᠲᠣᠭᠲᠠᠭᠠᠵᠤ᠂ ᠭᠠᠷᠴᠠᠭ ᠢ ᠰᠢᠨᠡᠳᠬᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃
      ᠠᠷᠪᠠᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠪᠠᠨ ᠭᠦᠢᠴᠡᠳᠬᠡᠬᠦ ᠱᠠᠭᠠᠷᠳᠠᠯᠭ᠎ᠠ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠬᠠᠮᠲᠤ ᠳᠤ ᠪᠠᠨ ᠭᠥᠷᠳᠡᠬᠦ ᠵᠠᠷᠴᠢᠮ ᠶᠣᠰᠣᠭᠠᠷ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠰᠢᠨᠡᠳᠬᠡᠬᠦ᠂ ᠬᠠᠮᠠᠭᠠᠯᠠᠬᠤ ᠪᠠ ᠨᠡᠶᠢᠲᠡᠯᠡᠬᠦ ᠶᠢᠨ ᠬᠠᠮᠲᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠲᠤ ᠣᠷᠣᠭᠤᠯᠬᠤ ᠬᠡᠷᠡᠭᠲᠡᠶ᠃ ᠬᠡᠷᠪᠡ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠪᠤᠶᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠨᠢ ᠬᠤᠪᠢᠷᠠᠯᠲᠠ ᠭᠠᠷᠪᠠᠯ᠂ 15 ᠠᠵᠢᠯᠯᠠᠬᠤ ᠡᠳᠦᠷ ᠤᠨ ᠳᠣᠲᠣᠷ᠎ᠠ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢᠶᠠᠨ ᠰᠢᠨᠡᠳᠬᠡᠬᠦ ᠬᠡᠷᠡᠭᠲᠡᠶ᠃
     ᠠᠷᠪᠠᠨ ᠨᠢᠭᠡᠳᠦᠭᠡᠷ ᠵᠦᠢᠯ  ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠬᠡᠷᠡᠭᠲᠡᠶ᠃
     ᠠᠷᠪᠠᠨ ᠬᠤᠶᠠᠳᠤᠭᠠᠷ ᠵᠦᠢᠯ  ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠴᠠ ᠡᠮᠦᠨ᠎ᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠵᠣᠬᠢᠬᠤ ᠭᠠᠷᠴᠠᠭ ᠢ ᠤᠷᠢᠳᠴᠢᠯᠠᠨ ᠨᠠᠶᠢᠷᠠᠭᠤᠯᠵᠤ᠂ ᠲᠥᠷᠥᠯ ᠵᠦᠢᠯ ᠨᠢ ᠪᠠᠶᠢᠭᠤᠯᠣᠭᠳᠠᠭᠰᠠᠨ ᠤ ᠳᠠᠷᠠᠭ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢᠶᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠤᠨ ᠭᠠᠷᠴᠠᠭ ᠤᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠃


         ᠭᠤᠷᠪᠠᠳᠤᠭᠠᠷ ᠪᠦᠯᠦᠭ  ᠴᠤᠭᠯᠠᠭᠤᠯᠤᠨ ᠬᠤᠷᠢᠶᠠᠵᠤ ᠨᠡᠶᠢᠯᠡᠭᠦᠯᠬᠦ
     ᠠᠷᠪᠠᠨ ᠭᠤᠷᠪᠠᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠣᠰᠣᠭᠠᠷ᠂ ᠬᠠᠤᠯᠢ ᠳᠤ ᠨᠡᠶᠢᠴᠡᠬᠦ᠂ ᠴᠢᠬᠤᠯᠠ ᠪᠦᠬᠦᠢ᠂ ᠲᠣᠬᠢᠷᠠᠮᠵᠢᠲᠠᠶ ᠪᠠᠶᠢᠬᠤ ᠵᠠᠷᠴᠢᠮ ᠢ ᠵᠢᠷᠤᠮᠯᠠᠨ᠂ ᠳ᠋ᠠᠶᠢᠲ᠋ᠠ ᠶᠢ ᠬᠠᠤᠯᠢ ᠶᠣᠰᠣᠭᠠᠷ ᠴᠤᠭᠯᠠᠭᠤᠯᠬᠤ ᠬᠡᠷᠡᠭᠲᠡᠶ᠃
     ᠠᠷᠪᠠᠨ ᠳᠥᠷᠪᠡᠳᠦᠭᠡᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠨᠢᠭᠡ ᠳ᠋ᠠᠶᠢᠲ᠋ᠠ ᠳᠤ ᠨᠢᠭᠡ ᠢᠷᠡᠯᠲᠡ ᠲᠠᠢ᠂ ᠨᠢᠭᠡ ᠢᠷᠡᠯᠲᠡ ᠶᠢ ᠣᠯᠠᠨ ᠲᠠᠯ᠎ᠠ ᠳᠤ ᠬᠡᠷᠡᠭᠯᠡᠬᠦ︾ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠢᠭᠡ ᠤᠳᠠᠭ᠎ᠠ ᠳᠤ ᠴᠤᠭᠯᠠᠭᠤᠯᠵᠤ᠂ ᠬᠠᠮᠲᠤ ᠳᠤ ᠪᠠᠨ ᠭᠥᠷᠳᠡᠵᠦ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ ᠠᠷᠭ᠎ᠠ ᠮᠠᠶ᠋ᠢᠭ ᠢᠶᠠᠷ ᠣᠯᠵᠤ ᠪᠣᠯᠬᠤ ᠶᠢ ᠳᠠᠬᠢᠨ ᠳᠠᠪᠲᠠᠨ ᠴᠤᠭᠯᠠᠭᠤᠯᠵᠤ ᠪᠣᠯᠬᠤ ᠥᠬᠡᠶ᠃
      ᠠᠷᠪᠠᠨ ᠲᠠᠪᠤᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠳ᠋ᠠᠶᠢᠲ᠋ᠠ ᠴᠤᠭᠯᠠᠭᠤᠯᠬᠤ ᠵᠢᠷᠤᠮᠵᠢᠯ ᠢ ᠲᠣᠭᠲᠠᠭᠠᠵᠤ᠂ ᠲᠣᠰ ᠰᠠᠯᠠᠭ᠎ᠠ ᠮᠥᠴᠢᠷ ᠤᠨ ᠳ᠋ᠠᠶᠢᠲ᠋ᠠ ᠴᠤᠭᠯᠠᠭᠤᠯᠬᠤ᠂ ᠵᠠᠰᠠᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ᠂ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠵᠦ᠂ ᠤᠨᠳᠤᠤ ᠰᠠᠨᠠᠯ ᠲᠠᠢ ᠪᠤᠶᠤ ᠪᠤᠷᠤᠭᠤ ᠳ᠋ᠠᠶᠢᠲ᠋ᠠ ᠶᠢ ᠰᠢᠢᠳᠪᠦᠷᠢᠯᠡᠬᠦ ᠶᠢᠨ ᠭᠤᠤᠯ ᠴᠣᠭᠴᠠ᠂ ᠲᠠᠰ ᠳᠠᠷᠠᠭᠠᠯᠠᠯ ᠵᠢᠴᠢ ᠴᠠᠭ ᠢ ᠲᠣᠳᠣᠷᠬᠠᠶ ᠲᠣᠭᠲᠠᠭᠠᠬᠤ ᠬᠡᠷᠡᠭᠲᠡᠶ᠃
     ᠠᠷᠪᠠᠨ ᠵᠢᠷᠭᠤᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠬᠠᠳᠠᠭᠠᠯᠠᠬᠤ ᠬᠡᠷᠡᠭᠲᠡᠶ᠃
     ᠠᠷᠪᠠᠨ ᠳᠣᠯᠣᠳᠤᠭᠠᠷ ᠵᠦᠢᠯ  ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠯᠴᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠤᠷᠢᠶᠠᠵᠤ ᠨᠡᠶᠢᠯᠡᠭᠦᠯᠦᠨ᠂ ᠵᠠᠰᠠᠵᠤ᠂ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ᠂ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠨᠢᠭᠡᠳᠦᠯᠲᠡᠶ ᠲᠥᠯᠥᠪᠯᠡᠨ ᠪᠠᠶᠢᠭᠤᠯᠬᠤ ᠬᠡᠷᠡᠭᠲᠡᠶ᠃
     ᠠᠷᠪᠠᠨ ᠨᠠᠢᠮᠠᠳᠤᠭᠠᠷ ᠵᠦᠢᠯ  ︽ᠬᠡᠨ ᠴᠤᠭᠯᠠᠭᠤᠯᠤᠭᠰᠠᠨ ᠪᠣᠯ ᠲᠡᠷᠡ ᠬᠠᠷᠢᠭᠤᠴᠠᠬᠤ︾ ︽ᠬᠡᠨ ᠵᠠᠰᠠᠭᠰᠠᠨ ᠪᠣᠯ ᠲᠡᠷᠡ ᠬᠠᠷᠢᠭᠤᠴᠠᠬᠤ︾ ︽ᠬᠡᠨ ᠬᠢᠨᠠᠵᠤ ᠬᠠᠷᠠᠭᠤᠯᠤᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠣᠨ᠂ ᠳ᠋ᠠᠶᠢᠲ᠋ᠠ ᠶᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠂ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃
     ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠳ᠋ᠠᠶᠢᠲ᠋ᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠵᠢᠴᠢ ᠰᠢᠨᠡᠳᠬᠡᠭᠰᠡᠨ ᠪᠠᠶᠢᠳᠠᠯ ᠵᠡᠷᠭᠡ ᠶᠢ ᠴᠠᠭ ᠲᠤᠬᠠᠶ ᠳᠤ ᠨᠢ ᠬᠢᠨᠠᠨ ᠰᠢᠯᠭᠠᠬᠤ ᠪᠠ ᠪᠥᠬᠦ ᠲᠠᠯ᠎ᠠ ᠪᠠᠷ ᠦᠨᠡᠯᠡᠵᠦ᠂ ᠳ᠋ᠠᠶᠢᠲ᠋ᠠ ᠶᠢᠨ ᠪᠠᠶᠢᠳᠠᠯ ᠢ ᠮᠡᠳᠡᠷᠡᠵᠦ ᠪᠣᠯᠬᠤ᠂ ᠳ᠋ᠠᠶᠢᠲ᠋ᠠ ᠶᠢᠨ ᠬᠡᠷᠡᠭᠯᠡᠯᠲᠡ ᠶᠢ ᠮᠥᠷᠳᠡᠨ ᠤᠬᠤᠴᠢᠯᠠᠵᠤ ᠪᠣᠯᠬᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠣᠯᠬᠤ ᠶᠢ ᠪᠡᠶᠡᠯᠡᠭᠦᠯᠬᠦ ᠬᠡᠷᠡᠭᠲᠡᠢ᠃


         ᠳᠥᠷᠪᠡᠳᠦᠭᠡᠷ ᠪᠦᠯᠦᠭ  ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ
     ᠠᠷᠪᠠ ᠶᠢᠰᠦᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠪᠠ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠲᠠᠢ ᠲᠠᠪᠴᠠᠩ ᠢᠶᠠᠷ ᠳᠠᠮᠵᠢᠭᠤᠯᠤᠨ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ ᠬᠡᠷᠡᠭᠲᠡᠶ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠲᠤ ᠳᠤ ᠪᠠᠨ ᠭᠥᠷᠳᠡᠬᠦ ᠨᠡᠭᠡᠭᠡᠯᠲᠡ ᠲᠠᠢ ᠨᠡᠪᠲᠡᠷᠡᠯ ᠰᠤᠪᠠᠭ ᠢ ᠰᠢᠨ᠎ᠡ ᠪᠠᠷ ᠪᠠᠶᠢᠭᠤᠯᠵᠤ ᠪᠣᠯᠬᠤ ᠥᠬᠡᠶ᠂ ᠨᠢᠭᠡᠨᠲᠡ ᠪᠠᠶᠢᠭᠤᠯᠤᠭᠰᠠᠨ ᠪᠠᠶᠢᠪᠠᠯ ᠡᠮᠬᠢᠯᠡᠨ ᠨᠡᠶᠢᠯᠡᠭᠦᠯᠬᠦ ᠬᠡᠷᠡᠭᠲᠡᠶ᠃
     ᠬᠤᠷᠢᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠲᠤ ᠳᠤ ᠪᠠᠨ ᠭᠥᠷᠳᠡᠬᠦ ᠲᠥᠷᠥᠯ ᠬᠡᠯᠪᠡᠷᠢ ᠶᠢ ᠨᠥᠬᠦᠴᠡᠯ ᠥᠬᠡᠶ ᠪᠠᠷ ᠬᠠᠮᠲᠤ ᠳᠤ ᠪᠠᠨ ᠭᠥᠷᠳᠡᠬᠦ᠂ ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠪᠠ ᠬᠠᠮᠲᠤ ᠳᠤ ᠪᠠᠨ ᠬᠦᠷᠲᠡᠵᠦ ᠥᠯᠥ ᠪᠣᠯᠬᠤ ᠵᠡᠷᠭᠡ ᠭᠤᠷᠪᠠᠨ ᠲᠥᠷᠥᠯ ᠬᠡᠯᠪᠡᠷᠢ ᠬᠤᠪᠢᠶᠠᠨ᠎ᠠ᠃
     ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠪᠦᠬᠦᠨ ᠳᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠬᠦ ᠪᠠᠷ ᠬᠠᠩᠭᠠᠵᠤ ᠪᠣᠯᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠨᠥᠬᠦᠴᠡᠯ ᠥᠬᠡᠶ ᠪᠠᠷ ᠬᠠᠮᠲᠤ ᠳᠤ ᠪᠠᠨ ᠭᠥᠷᠳᠡᠬᠦ ᠲᠥᠷᠥᠯ ᠳᠤ ᠬᠠᠷᠢᠶᠠᠯᠠᠭᠳᠠᠨ᠎ᠠ᠃
     ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠬᠦ ᠪᠠᠷ ᠬᠠᠩᠭᠠᠵᠤ ᠪᠣᠯᠬᠤ ᠪᠤᠶᠤ ᠵᠥᠪᠬᠡᠨ ᠬᠡᠰᠡᠭ ᠪᠦᠯᠦᠭ ᠢ ᠨᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠪᠦᠬᠦᠨ ᠳᠤ ᠬᠠᠩᠭᠠᠵᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠵᠦ ᠪᠣᠯᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠲᠥᠷᠥᠯ ᠳᠤ ᠬᠠᠷᠢᠶᠠᠯᠠᠭᠳᠠᠨ᠎ᠠ᠃
     ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠬᠦ ᠪᠠᠷ ᠬᠠᠩᠭᠠᠬᠤ ᠳᠤ ᠥᠯᠥ ᠳᠣᠭᠢᠷᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠬᠠᠮᠲᠤ ᠳᠤ ᠪᠠᠨ ᠭᠥᠷᠳᠡᠵᠦ ᠥᠯᠥ ᠪᠣᠯᠬᠤ ᠲᠥᠷᠥᠯ ᠳᠤ ᠬᠠᠷᠢᠶᠠᠯᠠᠭᠳᠠᠨ᠎ᠠ᠃
     ᠬᠤᠷᠢᠨ ᠨᠢᠭᠡᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ ᠳᠤ ︽ᠬᠠᠮᠲᠤ ᠳᠤ ᠪᠠᠨ ᠭᠥᠷᠳᠡᠬᠦ ᠪᠠᠷ ᠵᠠᠷᠴᠢᠮ ᠪᠣᠯᠭᠠᠵᠤ᠂ ᠬᠠᠮᠲᠤ ᠳᠤ ᠪᠠᠨ ᠥᠯᠥ ᠬᠦᠷᠲᠡᠬᠦ ᠶᠢ ᠣᠨᠴᠠᠭᠠᠢ ᠪᠠᠶᠢᠳᠠᠯ ᠢᠶᠠᠷ ᠦᠵᠡᠬᠦ︾ ᠵᠠᠷᠴᠢᠮ ᠢ ᠵᠢᠷᠤᠮᠯᠠᠵᠤ᠂ ᠲᠠᠰ ᠱᠠᠲᠤ ᠠᠯᠤᠰᠯᠠᠨ᠂ ᠭᠠᠵᠠᠷ ᠣᠷᠣᠨ ᠠᠯᠤᠰᠯᠠᠨ᠂ ᠰᠢᠰᠲ᠋ᠧᠮ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠤᠬᠠᠶᠢᠯᠠᠭᠰᠠᠨ ᠠᠵᠢᠯ ᠠᠯᠤᠰᠯᠠᠨ ᠬᠠᠮᠲᠤ ᠳᠤ ᠪᠠᠨ ᠭᠥᠷᠳᠡᠬᠦ ᠶᠢ ᠪᠡᠶᠡᠯᠡᠭᠦᠯᠬᠦ ᠬᠡᠷᠡᠭᠲᠡᠶ᠃
     ᠬᠠᠮᠲᠤ ᠳᠤ ᠪᠠᠨ ᠭᠥᠷᠳᠡᠵᠦ ᠥᠯᠥ ᠪᠣᠯᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠶ᠃
     ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢᠶᠠᠷ ᠦᠨᠳᠦᠰᠦᠯᠡᠯ ᠪᠣᠯᠭᠠᠬᠤ ᠶᠢᠨ ᠬᠠᠮᠲᠤ᠂ ᠬᠠᠮᠲᠤ ᠳᠤ ᠪᠠᠨ ᠭᠥᠷᠳᠡᠬᠦ ᠪᠣᠳᠠᠲᠠᠶ ᠨᠥᠬᠦᠴᠡᠯ ᠢ ᠨᠢ ᠲᠣᠳᠣᠷᠬᠠᠶ ᠲᠣᠭᠲᠠᠭᠠᠬᠤ ᠬᠡᠷᠡᠭᠲᠡᠶ᠃
     ᠬᠤᠷᠢᠨ ᠬᠤᠶᠠᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠪᠤᠰᠤᠳ ᠰᠠᠯᠠᠭ᠎ᠠ ᠮᠥᠴᠢᠷ ᠲᠤ ᠬᠠᠮᠲᠤ ᠳᠤ ᠪᠠᠨ ᠬᠦᠷᠲᠡᠭᠡᠵᠦ ᠪᠣᠯᠬᠤ ᠳ᠋ᠠᠶᠢᠲ᠋ᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶ ᠲᠣᠭᠲᠠᠭᠠᠬᠤ ᠬᠡᠷᠡᠭᠲᠡᠶ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠪᠠᠨ ᠦᠨᠳᠦᠰᠦᠯᠡᠨ᠂ ᠪᠤᠰᠤᠳ ᠰᠠᠯᠠᠭ᠎ᠠ ᠮᠥᠴᠢᠷ ᠠᠴᠠ ᠬᠠᠮᠲᠤ ᠳᠤ ᠪᠠᠨ ᠬᠦᠷᠲᠡᠭᠡᠬᠦ ᠴᠢᠬᠤᠯᠠᠲᠠᠶ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶ ᠲᠣᠭᠲᠠᠭᠠᠬᠤ ᠬᠡᠷᠡᠭᠲᠡᠢ︔ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠠᠮᠲᠤ ᠳᠤ ᠪᠠᠨ ᠭᠥᠷᠳᠡᠵᠦ ᠥᠯᠥ ᠪᠣᠯᠬᠤ ᠳ᠋ᠠᠶᠢᠲ᠋ᠠ ᠶᠢᠨ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠲᠣᠳᠣᠷᠬᠠᠶ ᠲᠣᠭᠲᠠᠭᠠᠬᠤ ᠬᠡᠷᠡᠭᠲᠡᠢ᠃
     ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳ᠋ᠠᠶᠢᠲ᠋ᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠬᠥᠳᠡᠯᠦᠩᠭᠦᠶ ᠪᠠᠷ ᠰᠢᠨᠡᠳᠬᠡᠬᠦ ᠲᠣᠭᠲᠠᠴᠠ ᠶᠢ ᠬᠠᠷᠢᠭᠤᠴᠠᠨ ᠪᠠᠶᠢᠭᠤᠯᠬᠤ ᠬᠡᠷᠡᠭᠲᠡᠢ᠃
     ᠬᠤᠷᠢᠨ ᠭᠤᠷᠪᠠᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠯᠤᠭ᠎ᠠ ᠬᠠᠷᠢᠴᠠᠭᠤᠯᠵᠤ᠂ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠠᠠᠴᠠᠵᠢᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠳᠤ ᠣᠷᠣᠭᠤᠯᠵᠤ᠂ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃
     ᠬᠤᠷᠢᠨ ᠳᠥᠷᠪᠡᠳᠦᠭᠡᠷ ᠵᠦᠢᠯ  ᠨᠥᠬᠦᠴᠡᠯ ᠥᠬᠡᠶ ᠪᠠᠷ ᠬᠠᠮᠲᠤ ᠳᠤ ᠪᠠᠨ ᠭᠥᠷᠳᠡᠬᠦ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠲᠤ ᠬᠠᠷᠢᠶᠠᠯᠠᠭᠳᠠᠵᠤ ᠪᠠᠶᠢᠪᠠᠯ᠂ ᠬᠡᠷᠡᠭᠯᠡᠬᠦ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠢᠶᠠᠷ ᠬᠡᠷᠡᠭᠴᠡᠭᠡ ᠪᠠ ᠬᠡᠪᠴᠢᠶ᠎ᠡ ᠪᠠᠨ ᠲᠣᠳᠣᠷᠬᠠᠶᠢᠯᠠᠬᠤ ᠶᠢᠨ ᠬᠠᠮᠲᠤ᠂ ᠰᠢᠭᠤᠳ ᠠᠪᠴᠤ ᠪᠣᠯᠣᠨ᠎ᠠ᠃
     ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠲᠤ ᠬᠠᠷᠢᠶᠠᠯᠠᠭᠳᠠᠵᠤ ᠪᠠᠶᠢᠪᠠᠯ᠂ ᠬᠡᠷᠡᠭᠯᠡᠬᠦ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ ᠭᠤᠶᠤᠴᠢᠯᠠᠯ ᠭᠠᠷᠭᠠᠬᠤ ᠶᠢᠨ ᠬᠠᠮᠲᠤ᠂ ᠬᠡᠷᠡᠭᠯᠡᠬᠦ ᠬᠡᠷᠡᠭᠴᠡᠭᠡ ᠪᠠ ᠬᠡᠪᠴᠢᠶ᠎ᠡ ᠪᠠᠨ ᠲᠣᠳᠣᠷᠬᠠᠶᠢᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳ᠋ᠠᠶᠢᠲ᠋ᠠ ᠬᠠᠩᠭᠠᠬᠤ ᠰᠠᠯᠠᠭ᠎ᠠ ᠮᠥᠴᠢᠷ ᠲᠠᠢ ᠬᠠᠮᠲᠤᠷᠠᠯᠴᠠᠨ 10 ᠠᠵᠢᠯᠯᠠᠬᠤ ᠡᠳᠦᠷ ᠤᠨ ᠳᠣᠲᠣᠷ᠎ᠠ ᠬᠢᠨᠠᠵᠤ ᠬᠠᠷᠭᠤᠭᠤᠯᠵᠣ᠂ ᠬᠢᠨᠠᠵᠤ ᠬᠠᠷᠭᠤᠭᠤᠯᠤᠭᠠᠳ ᠵᠥᠪᠰᠢᠶᠡᠷᠡᠭᠰᠡᠨ ᠪᠣᠯ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠡᠷᠬᠡ ᠣᠯᠭᠤᠨ᠎ᠠ᠃
     ᠬᠤᠷᠢᠨ ᠲᠠᠪᠤᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠲᠤ ᠳᠤ ᠪᠠᠨ ᠭᠥᠷᠳᠡᠬᠦ ᠪᠠᠷ ᠳᠠᠮᠵᠢᠭᠤᠯᠵᠤ ᠣᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠵᠥᠪᠬᠡᠨ ᠲᠣᠳᠣᠷᠬᠠᠢ ᠲᠣᠭᠲᠠᠭᠠᠭᠰᠠᠨ ᠬᠡᠷᠡᠭᠯᠡᠬᠦ ᠬᠡᠷᠡᠭᠴᠡᠭᠡ ᠪᠠ ᠬᠡᠪᠴᠢᠶ᠎ᠡ ᠶᠣᠰᠣᠭᠠᠷ ᠲᠣᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠵᠦ᠂ ᠰᠢᠭᠤᠳ ᠪᠤᠶᠤ ᠳ᠋ᠠᠶᠢᠲ᠋ᠠ ᠶᠢᠨ ᠬᠡᠯᠪᠡᠷᠢ ᠶᠢ ᠨᠢ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠲᠤ ᠬᠠᠩᠭᠠᠨ ᠥᠭᠴᠦ ᠪᠣᠯᠬᠤ ᠥᠬᠡᠶ᠂ ᠪᠤᠰᠤᠳ ᠵᠣᠷᠢᠯᠭ᠎ᠠ ᠳᠤ ᠬᠡᠷᠡᠭᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠯᠡᠵᠦ ᠪᠣᠯᠬᠤ ᠥᠬᠡᠶ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠣᠯᠣᠭᠰᠠᠨ ᠪᠠ ᠬᠡᠷᠡᠭᠯᠡᠭᠰᠡᠨ ᠢ ᠪᠥᠬᠦ ᠶᠠᠪᠤᠴᠠ ᠳᠤ ᠨᠢ ᠮᠥᠷᠳᠡᠨ ᠤᠬᠤᠴᠢᠯᠠᠵᠤ ᠪᠣᠯᠬᠤ ᠪᠣᠯᠭᠠᠪᠠᠯ ᠵᠣᠬᠢᠨ᠎ᠠ᠃
     ᠬᠤᠷᠢᠨ ᠵᠢᠷᠭᠤᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠮᠲᠤ ᠳᠤ ᠪᠠᠨ ᠬᠦᠷᠲᠡᠬᠦ ᠡᠬᠢ ᠪᠠᠶᠠᠯᠢᠭ ᠤᠨ ᠬᠥᠮᠥᠷᠭᠡ ᠪᠠ ᠭᠤᠤᠯ ᠰᠡᠳᠦᠪᠲᠦ ᠳ᠋ᠠᠶᠢᠲ᠋ᠠ ᠶᠢᠨ ᠬᠥᠮᠥᠷᠭᠡ ᠶᠢ ᠴᠠᠭ ᠲᠤᠬᠠᠶ ᠳᠤ ᠨᠢ ᠰᠢᠨᠡᠳᠬᠡᠵᠦ᠂ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠴᠠᠭ ᠲᠤᠬᠠᠶ ᠳᠤ ᠨᠢ ᠰᠢᠨᠡᠳᠬᠡᠵᠦ᠂ ᠬᠠᠮᠲᠤ ᠳᠤ ᠪᠠᠨ ᠭᠥᠷᠳᠡᠬᠦ ᠳ᠋ᠠᠶᠢᠲ᠋ᠠ ᠶᠢᠨ ᠴᠠᠭ ᠲᠤᠬᠠᠶ ᠳᠤ ᠨᠢ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠴᠢᠳᠠᠬᠤ ᠶᠢᠨ ᠳᠣᠲᠣᠷ᠎ᠠ ᠵᠠᠯᠭᠠᠭᠤᠯᠬᠤ ᠠᠷᠭ᠎ᠠ ᠮᠠᠶ᠋ᠢᠭ ᠢᠶᠠᠷ ᠬᠠᠩᠭᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠢᠭᠡᠨᠲᠡ ᠨᠡᠶᠢᠲᠡᠯᠡᠭᠰᠡᠨ ᠬᠠᠮᠲᠤ ᠳᠤ ᠪᠠᠨ ᠭᠥᠷᠳᠡᠬᠦ ᠳ᠋ᠠᠶᠢᠲ᠋ᠠ ᠶᠢ ᠬᠠᠩᠭᠠᠬᠤ ᠪᠠᠨ ᠵᠣᠭᠰᠣᠭᠠᠬᠤ ᠦᠶ᠎ᠠ ᠳᠤ᠂ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠤᠷᠢᠳᠴᠢᠯᠠᠨ ᠮᠡᠳᠡᠭᠳᠡᠬᠦ ᠶᠢᠨ ᠬᠠᠮᠲᠤ᠂ ᠵᠦᠶ ᠶᠣᠰᠣᠨ ᠤ ᠰᠢᠯᠲᠠᠭᠠᠨ ᠢᠶᠠᠨ ᠳᠤᠷᠠᠳᠬᠤ ᠬᠡᠷᠡᠭᠲᠡᠶ᠃
     ᠬᠤᠷᠢᠨ ᠳᠣᠯᠣᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠨᠡᠭᠡᠭᠡᠯᠲᠡ ᠲᠠᠢ ᠪᠠᠶᠢᠯᠭᠠᠬᠤ ᠶᠢ ᠬᠡᠪ ᠤᠨ ᠪᠠᠶᠢᠳᠠᠯ ᠢᠶᠠᠷ ᠦᠵᠡᠬᠦ᠂ ᠥᠯᠥ ᠨᠡᠭᠡᠭᠡᠯᠲᠡ ᠲᠠᠢ ᠪᠠᠶᠢᠯᠭᠠᠬᠤ ᠶᠢ ᠣᠨᠴᠠᠭᠠᠢ ᠪᠠᠶᠢᠳᠠᠯ ᠢᠶᠠᠷ ᠦᠵᠡᠬᠦ︾ ᠵᠠᠷᠴᠢᠮ ᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠶᠢᠭᠡᠮ ᠳᠤ ᠡᠮᠬᠢ ᠳᠠᠷᠠᠭᠠᠯᠠᠯ ᠲᠠᠢ ᠪᠠᠷ ᠨᠡᠭᠡᠭᠡᠯᠲᠡ ᠲᠠᠢ ᠪᠠᠶᠢᠯᠭᠠᠬᠤ ᠬᠡᠷᠡᠭᠲᠡᠶ᠃
     ᠬᠤᠷᠢᠨ ᠨᠠᠢᠮᠠᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠨᠡᠭᠡᠭᠡᠯᠲᠡ ᠲᠠᠢ ᠪᠠᠶᠢᠯᠭᠠᠬᠤ ᠲᠥᠷᠥᠯ ᠬᠡᠯᠪᠡᠷᠢ ᠶᠢ ᠥᠯᠥ ᠨᠡᠭᠡᠭᠡᠯᠲᠡ ᠲᠠᠢ ᠪᠠᠶᠢᠯᠭᠠᠬᠤ᠂ ᠨᠥᠬᠦᠴᠡᠯ ᠲᠠᠢ ᠪᠠᠷ ᠨᠡᠭᠡᠭᠡᠯᠲᠡ ᠲᠠᠢ ᠪᠠᠶᠢᠯᠭᠠᠬᠤ ᠪᠠ ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ ᠵᠡᠷᠭᠡ ᠭᠤᠷᠪᠠᠨ ᠲᠥᠷᠥᠯ ᠬᠡᠯᠪᠡᠷᠢ ᠬᠤᠪᠢᠶᠠᠨ᠎ᠠ᠃
     ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ ᠪᠤᠶᠤ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠳᠤ ᠱᠠᠭᠠᠷᠳᠠᠵᠤ ᠪᠠᠶᠢᠭ᠎ᠠ ᠨᠡᠭᠡᠭᠡᠯᠲᠡ ᠲᠠᠢ ᠪᠠᠶᠢᠯᠭᠠᠵᠤ ᠪᠣᠯᠬᠤ ᠥᠬᠡᠶ ᠵᠠᠰᠠᠭ ᠤᠨ ᠶᠠᠪᠤᠳᠠᠯ ᠤᠨ ᠳ᠋ᠠᠶᠢᠲ᠋ᠠ ᠨᠢ ᠥᠯᠥ ᠨᠡᠭᠡᠭᠡᠯᠲᠡ ᠲᠠᠢ ᠪᠠᠶᠢᠯᠭᠠᠬᠤ ᠲᠥᠷᠥᠯ ᠳᠤ ᠬᠠᠷᠢᠶᠠᠯᠠᠭᠳᠠᠨ᠎ᠠ᠃
     ᠳ᠋ᠠᠶᠢᠲ᠋ᠠ ᠶᠢᠨ ᠠᠮᠤᠷ ᠲᠦᠪᠰᠢᠨ ᠪᠠ ᠰᠢᠢᠳᠪᠦᠷᠢᠯᠡᠬᠦ ᠴᠢᠳᠠᠪᠤᠷᠢ ᠶᠢᠨ ᠱᠠᠭᠠᠷᠳᠠᠯᠭ᠎ᠠ ᠨᠡᠯᠢᠶᠡᠳ ᠥᠨᠳᠥᠷ᠂ ᠴᠠᠭ ᠬᠤᠭᠤᠴᠠᠭᠠᠲᠤ ᠴᠢᠨᠠᠷ ᠢᠶᠠᠷ ᠨᠡᠯᠢᠶᠡᠳ ᠴᠢᠩᠭ᠎ᠠ ᠪᠤᠶᠤ ᠦᠷᠭᠦᠯᠵᠢᠯᠡᠨ ᠠᠪᠬᠤ ᠴᠢᠬᠤᠯᠠᠲᠠᠶ ᠵᠠᠰᠠᠭ ᠤᠨ ᠶᠠᠪᠤᠳᠠᠯ ᠤᠨ ᠳ᠋ᠠᠶᠢᠲ᠋ᠠ ᠨᠢ ᠨᠥᠬᠦᠴᠡᠯ ᠲᠠᠢ ᠪᠠᠷ ᠨᠡᠭᠡᠭᠡᠯᠲᠡ ᠲᠠᠢ ᠪᠠᠶᠢᠯᠭᠠᠬᠤ ᠲᠥᠷᠥᠯ ᠳᠤ ᠬᠠᠷᠢᠶᠠᠯᠠᠭᠳᠠᠨ᠎ᠠ᠃
     ᠵᠠᠰᠠᠭ ᠤᠨ ᠶᠠᠪᠤᠳᠠᠯ ᠤᠨ ᠪᠤᠰᠤᠳ ᠳ᠋ᠠᠶᠢᠲ᠋ᠠ ᠨᠢ ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ ᠲᠥᠷᠥᠯ ᠳᠤ ᠬᠠᠷᠢᠶᠠᠯᠠᠭᠳᠠᠨ᠎ᠠ᠃
     ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠪᠣᠯ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠨᠡᠭᠡᠭᠡᠯᠲᠡ ᠲᠠᠢ ᠪᠠᠶᠢᠯᠭᠠᠬᠤ ᠬᠡᠷᠡᠭᠲᠡᠶ᠃ ᠨᠥᠬᠦᠴᠡᠯ ᠲᠠᠢ ᠪᠠᠷ ᠨᠡᠭᠡᠭᠡᠯᠲᠡ ᠲᠠᠢ ᠪᠠᠶᠢᠯᠭᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠪᠣᠯ᠂ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠳ᠋ᠠᠶᠢᠲ᠋ᠠ ᠶᠢ ᠠᠰᠢᠭᠯᠠᠬᠤ ᠮᠡᠷᠭᠡᠵᠢᠯ ᠤᠨ ᠴᠢᠳᠠᠪᠤᠷᠢ ᠪᠠ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠵᠡᠷᠭᠡ ᠨᠥᠬᠦᠴᠡᠯ ᠢ ᠨᠡᠶᠢᠲᠡᠯᠡᠵᠦ᠂ ᠨᠥᠬᠦᠴᠡᠯ ᠳᠤ ᠨᠡᠶᠢᠴᠡᠭᠰᠡᠨ ᠭᠤᠤᠯ ᠴᠣᠭᠴᠠ ᠳᠤ ᠨᠡᠭᠡᠭᠡᠯᠲᠡ ᠲᠠᠢ ᠪᠠᠶᠢᠯᠭᠠᠬᠤ ᠬᠡᠷᠡᠭᠲᠡᠶ᠃
     ᠬᠤᠷᠢ ᠶᠢᠰᠦᠳᠦᠭᠡᠷ ᠵᠦᠢᠯ  ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠲᠠᠢ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠪᠠᠨ ᠨᠡᠶᠢᠭᠡᠮ ᠳᠤ ᠨᠢᠭᠡᠳᠦᠯᠲᠡᠶ ᠨᠡᠭᠡᠭᠡᠯᠲᠡ ᠲᠠᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃
     ᠭᠤᠴᠢᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠤᠨ ᠬᠡᠪᠴᠢᠶᠡᠨ ᠳᠤ ᠲᠣᠰ ᠰᠠᠯᠠᠭ᠎ᠠ ᠮᠥᠴᠢᠷ ᠤᠨ ᠳ᠋ᠠᠶᠢᠲ᠋ᠠ ᠶᠢᠨ ᠨᠡᠭᠡᠭᠡᠯᠲᠡ ᠲᠠᠢ ᠪᠠᠶᠢᠯᠭᠠᠬᠤ ᠨᠠᠷᠢᠨ ᠬᠠᠭᠤᠳᠠᠰᠤ ᠶᠢ ᠲᠣᠭᠲᠠᠭᠠᠵᠤ᠂ ᠨᠡᠶᠢᠭᠡᠮ ᠳᠤ ᠨᠡᠶᠢᠲᠡᠯᠡᠬᠦ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ ᠠᠷᠠᠳ ᠤᠨ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠨᠡᠶᠢᠭᠡᠮ ᠳᠤ ᠲᠤᠯᠭᠠᠮ ᠱᠠᠭᠠᠷᠳᠠᠭᠳᠠᠵᠤ ᠪᠠᠶᠢᠬᠤ᠂ ᠬᠤᠳᠠᠯᠳᠤᠭᠠᠨ ᠤ ᠥᠷᠲᠡᠭ ᠨᠡᠮᠡᠭᠳᠡᠯ ᠤᠨ ᠳᠠᠯᠳᠠ ᠬᠦᠴᠦᠨ ᠨᠢ ᠮᠡᠳᠡᠭᠳᠡᠬᠦᠶᠢᠴᠡ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠡᠩ ᠲᠡᠷᠢᠭᠦᠨ ᠳᠤ ᠨᠡᠭᠡᠭᠡᠯᠲᠡ ᠲᠠᠢ ᠪᠣᠯᠭᠠᠬᠤ ᠬᠡᠷᠡᠭᠲᠡᠶ᠃
     ᠬᠠᠤᠯᠢ ᠶᠣᠰᠣᠭᠠᠷ ᠨᠡᠭᠡᠭᠡᠯᠲᠡ ᠲᠠᠢ ᠪᠠᠶᠢᠯᠭᠠᠵᠤ ᠪᠣᠯᠬᠤ ᠥᠬᠡᠶ ᠪᠠ ᠨᠥᠬᠦᠴᠡᠯ ᠲᠠᠢ ᠪᠠᠷ ᠨᠡᠭᠡᠭᠡᠯᠲᠡ ᠲᠠᠢ ᠪᠠᠶᠢᠯᠭᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠡᠭᠦᠨ ᠢ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠣᠷᠣᠭᠤᠯᠬᠤ ᠶᠢᠨ ᠬᠠᠮᠲᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠲᠠᠢ ᠪᠠᠶᠢᠯᠭᠠᠬᠤ ᠲᠠᠪᠴᠠᠩ ᠢᠶᠠᠷ ᠳᠠᠮᠵᠢᠨ ᠨᠡᠶᠢᠲᠡᠯᠡᠬᠦ ᠬᠡᠷᠡᠭᠲᠡᠶ᠃


        ᠲᠠᠪᠤᠳᠤᠭᠠᠷ ᠪᠦᠯᠦᠭ  ᠨᠡᠭᠡᠭᠡᠨ ᠠᠰᠢᠭᠯᠠᠬᠤ
     ᠭᠤᠴᠢᠨ ᠨᠢᠭᠡᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠨᠡᠶᠢᠭᠡᠮ ᠤᠨ ᠳ᠋ᠠᠶᠢᠲ᠋ᠠ ᠶᠢᠨ ᠡᠬᠢ ᠪᠠᠶᠠᠯᠢᠭ ᠯᠤᠭ᠎ᠠ ᠠᠭᠤᠰᠤᠯᠴᠠᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠦᠨ᠎ᠡ ᠥᠷᠲᠡᠭ ᠢ ᠠᠭᠤᠳᠠᠯᠤᠨ᠂ ᠵᠠᠰᠠᠭ ᠤᠨ ᠣᠷᠳᠣᠨ ᠤ ᠵᠠᠰᠠᠯᠲᠠ ᠪᠠ ᠣᠯᠠᠨ ᠨᠡᠶᠢᠲᠡ ᠶᠢᠨ ᠦᠶ᠋ᠯᠡᠴᠢᠯᠡᠭᠡ ᠵᠡᠷᠭᠡ ᠬᠦᠷᠢᠶᠡᠨ ᠲᠠᠬᠢ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠬᠡᠷᠡᠭᠲᠡᠢ᠃
     ᠭᠤᠴᠢᠨ ᠬᠤᠶᠠᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠠᠴᠠ ᠪᠤᠰᠤᠳ ᠨᠡᠶᠢᠭᠡᠮ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠤᠯᠢ ᠶᠣᠰᠣᠭᠠᠷ ᠬᠡᠷᠡᠭᠯᠡᠬᠦ ᠳᠤ᠂ ᠨᠢᠭᠡᠳᠦᠯᠲᠡᠶ ᠲᠥᠯᠥᠪᠯᠡᠨ ᠬᠠᠮᠢᠶᠠᠷᠬᠤ᠂ ᠲᠥᠪᠯᠡᠷᠡᠭᠦᠯᠦᠨ ᠵᠠᠰᠠᠬᠤ᠂ ᠬᠠᠮᠲᠤ ᠳᠤ ᠪᠠᠨ ᠭᠥᠷᠳᠡᠵᠦ ᠬᠠᠮᠲᠤ ᠪᠠᠷ ᠬᠡᠷᠡᠭᠯᠡᠬᠦ᠂ ᠪᠠᠯᠠ ᠮᠥᠩᠭᠦ ᠠᠷᠪᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃
     ᠭᠤᠴᠢᠨ ᠭᠤᠷᠪᠠᠳᠤᠭᠠᠷ ᠵᠦᠢᠯ  ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠤᠯᠢ ᠪᠠ ᠲᠣᠭᠲᠠᠭᠠᠯ ᠶᠣᠰᠣᠭᠠᠷ ᠢᠯᠡ ᠪᠠᠷ ᠳᠠᠭᠠᠭᠠᠴᠢᠯᠠᠯᠲᠠ ᠵᠠᠷᠯᠠᠬᠤ ᠵᠡᠷᠭᠡ ᠥᠷᠢᠰᠥᠯᠳᠦᠭᠡᠨ ᠤ ᠴᠢᠨᠠᠷᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠷᠰᠢᠵᠤ ᠨᠡᠭᠡᠭᠡᠨ ᠬᠥᠭᠵᠢᠭᠦᠯᠬᠦ ᠡᠲᠡᠭᠡᠳ ᠢᠶᠠᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠪᠣᠯᠤᠨ᠎ᠠ᠃
     ᠭᠤᠴᠢᠨ ᠳᠥᠷᠪᠡᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠤᠷᠰᠢᠵᠤ ᠨᠡᠭᠡᠭᠡᠨ ᠠᠰᠢᠭᠯᠠᠬᠤ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠬᠤᠷᠰᠢᠵᠤ ᠨᠡᠭᠡᠭᠡᠨ ᠠᠰᠢᠭᠯᠠᠬᠤ ᠶᠢ ᠦᠨᠡᠨ ᠬᠦ ᠪᠠᠲᠤᠯᠠᠵᠤ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
     ᠨᠡᠭᠡᠭᠡᠨ ᠭᠦᠭᠵᠢᠭᠦᠯᠭᠦ ᠪᠠᠷ ᠪᠦᠷᠢᠯᠳᠦᠭᠰᠡᠨ ᠳ᠋ᠠᠶᠢᠲ᠋ᠠ ᠶᠢᠨ ᠦᠢᠯᠡᠳᠬᠦᠨ ᠳᠤ ᠲᠡᠭᠦᠨ ᠤ ᠠᠰᠢᠭᠯᠠᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠢᠷᠡᠯᠲᠡ ᠪᠠ ᠣᠯᠤᠭᠰᠠᠨ ᠡᠳᠦᠷ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠶ᠃
     ᠭᠤᠴᠢᠨ ᠲᠠᠪᠤᠳᠤᠭᠠᠷ ᠵᠦᠢᠯ  ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠥᠲᠥᠯᠥᠮᠵᠢ ᠪᠠ ᠳ᠋ᠠᠶᠢᠲ᠋ᠠ ᠶᠢᠨ ᠬᠡᠷᠡᠭᠯᠡᠯᠲᠡ ᠶᠢᠨ ᠤᠷᠤᠯᠳᠤᠭᠠᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠳ᠋ᠠᠶᠢᠲ᠋ᠠ ᠶᠢ ᠠᠰᠢᠭᠯᠠᠨ ᠰᠢᠨ᠎ᠡ ᠶᠢ ᠡᠭᠦᠳᠴᠦ ᠦᠢᠯᠡᠰ ᠴᠣᠭᠴᠠᠯᠠᠭᠤᠯᠬᠤ ᠬᠡᠷᠡᠭᠲᠡᠢ᠃


         ᠵᠢᠷᠭᠤᠳᠤᠭᠠᠷ ᠪᠦᠯᠦᠭ  ᠠᠮᠤᠷ ᠲᠦᠪᠰᠢᠨ ᠤ ᠬᠠᠮᠢᠶᠠᠷᠤᠯᠲᠠ
     ᠭᠤᠴᠢᠨ ᠵᠢᠷᠭᠤᠳᠤᠭᠠᠷ ᠵᠦᠢᠯ  ᠰᠦᠯᠵᠢᠶᠡᠨ ᠤ ᠠᠮᠤᠷ ᠲᠦᠪᠰᠢᠨ ᠢ ᠭᠤᠤᠯᠴᠢᠯᠠᠨ ᠬᠠᠮᠢᠶᠠᠷᠬᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠪᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠵᠢᠷᠤᠮᠵᠢᠯ ᠢ ᠲᠣᠭᠲᠠᠭᠠᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠤ ᠬᠡᠷᠡᠭᠯᠡᠯᠲᠡ ᠶᠢᠨ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠬᠥᠭᠵᠢᠭᠦᠯᠵᠦ ᠠᠰᠢᠭᠯᠠᠬᠤ ᠶᠠᠪᠤᠴᠠ ᠲᠠᠬᠢ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠢᠭᠠᠨ ᠵᠢᠯᠣᠭᠤᠳᠴᠤ ᠰᠢᠮᠳᠠᠭᠤᠯᠤᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ ᠲᠦᠭᠰᠢᠭᠦᠷᠢ ᠶᠢ ᠦᠨᠡᠯᠡᠨ ᠵᠢᠱᠢᠬᠦ ᠪᠠ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠵᠢᠯᠣᠭᠤᠳᠴᠤ ᠠᠬᠢᠭᠤᠯᠬᠤ ᠬᠡᠷᠡᠭᠲᠡᠶ᠃
     ᠭᠤᠴᠢᠨ ᠳᠣᠯᠣᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠳ᠋ᠠᠶᠢᠲ᠋ᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠪᠠ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠠᠶᠢᠭᠤᠯᠵᠤ᠂ ᠳ᠋ᠠᠶᠢᠲ᠋ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃
     ᠭᠤᠴᠢᠨ ᠨᠠᠢᠮᠠᠳᠤᠭᠠᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠬᠢᠭᠡᠳ ᠮᠡᠳᠡᠭᠡ ᠵᠠᠩᠭᠢ ᠶᠢᠨ ᠠᠮᠤᠷ ᠲᠦᠪᠰᠢᠨ ᠳᠤ ᠬᠤᠯᠪᠣᠭᠳᠠᠪᠠᠯ᠂ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠶ᠃


         ᠳᠣᠯᠣᠳᠤᠭᠠᠷ ᠪᠦᠯᠦᠭ  ᠬᠢᠨᠠᠯᠲᠠ ᠲᠠᠯᠪᠢᠵᠤ ᠰᠢᠯᠭᠠᠨ ᠬᠢᠨᠠᠬᠤ
     ᠭᠤᠴᠢ ᠶᠢᠰᠦᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠪᠠ ᠡᠯᠧᠺᠲᠷᠣᠨ ᠢᠶᠠᠷ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠴᠤᠭᠯᠠᠭᠤᠯᠤᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠵᠤ ᠪᠠᠶᠢᠭ᠎ᠠ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠰᠢᠯᠭᠠᠨ ᠬᠢᠨᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤ ᠨᠢ ᠰᠢᠮᠳᠠᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃
     ᠳᠥᠴᠢᠳᠦᠭᠡᠷ ᠵᠦᠢᠯ  ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠯᠭᠠᠨ ᠬᠢᠨᠠᠬᠤ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠶᠠᠰᠤ ᠴᠢᠨᠠᠷ ᠤᠨ ᠬᠠᠮᠢᠶᠠᠷᠤᠯᠲᠠ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ ᠬᠡᠮᠵᠢᠶ᠎ᠡ᠂ ᠬᠡᠷᠡᠭᠯᠡᠭᠡᠨ ᠤ ᠲᠤᠯᠭᠠᠭᠤᠷᠢᠯᠠᠬᠤ ᠴᠢᠳᠠᠪᠤᠷᠢ ᠵᠡᠷᠭᠡ ᠲᠠᠯ᠎ᠠ ᠶᠢᠨ ᠲᠣᠭᠤᠷᠢᠨ ᠳᠤ᠂ ᠬᠡᠷᠡᠭᠯᠡᠭᠡᠨ ᠤ ᠬᠦᠴᠦᠨ ᠴᠢᠳᠠᠪᠤᠷᠢ ᠶᠢ ᠶᠡᠷᠦᠩᠬᠡᠶᠢᠯᠡᠨ ᠵᠠᠳᠠᠯᠵᠤ ᠦᠨᠡᠯᠡᠬᠦ ᠶᠢ ᠱᠠᠲᠤ ᠪᠠ ᠲᠥᠷᠥᠯ ᠬᠤᠪᠢᠶᠠᠨ ᠥᠷᠨᠢᠭᠦᠯᠬᠦ ᠶᠢᠨ ᠬᠠᠮᠲᠤ ᠦᠷ᠎ᠡ ᠳ᠋ᠦᠩ ᠢ ᠨᠢ ᠢᠯᠡ ᠪᠣᠯᠭᠠᠬᠤ ᠬᠡᠷᠡᠭᠲᠡᠢ᠃


         ᠨᠠᠢᠮᠠᠳᠤᠭᠠᠷ ᠪᠦᠯᠦᠭ  ᠳᠠᠭᠠᠯᠳᠤᠭᠤᠯᠤᠯ ᠳᠦᠷᠢᠮ
     ᠳᠥᠴᠢᠨ ᠨᠢᠭᠡᠳᠦᠭᠡᠷ ᠵᠦᠢᠯ  ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠶ ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ ᠵᠡᠷᠭᠡ ᠨᠡᠶᠢᠲᠡ ᠶᠢᠨ ᠠᠵᠢᠯ ᠦᠢᠯᠡᠰ ᠤᠨ ᠡᠵᠡᠩᠨᠡᠨ ᠠᠵᠢᠯᠯᠠᠭᠤᠯᠬᠤ ᠠᠵᠤ ᠠᠬᠤᠶᠢᠯᠠᠯ ᠨᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ ᠴᠤᠭᠯᠠᠭᠤᠯᠤᠭᠰᠠᠨ ᠪᠠ ᠪᠣᠶ ᠪᠣᠯᠤᠭᠰᠠᠨ ᠡᠯ᠎ᠡ ᠲᠥᠷᠥᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠢᠶᠠᠷᠬᠤ ᠳᠤ ᠲᠣᠰ ᠠᠷᠭ᠎ᠠ ᠬᠡᠷᠡᠭᠯᠡᠭᠳᠡᠨ᠎ᠡ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠠᠰᠲᠠᠭᠠᠨ ᠱᠠᠭᠠᠷᠳᠠᠯᠭ᠎ᠠ ᠲᠠᠢ ᠪᠠᠶᠢᠪᠠᠯ᠂ ᠵᠢᠷᠤᠮᠯᠠᠨ ᠬᠡᠷᠡᠭᠵᠢᠭᠦᠯᠬᠦ ᠬᠡᠷᠡᠭᠲᠡᠢ᠃
     ᠳᠥᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ ᠪᠠᠲᠤᠯᠠᠭ᠎ᠠ ᠬᠠᠩᠭᠠᠵᠤ ᠪᠠᠶᠢᠬᠤ ᠪᠤᠰᠤᠳ ᠪᠠᠶᠢᠭᠤᠯᠭ᠎ᠠ᠂ ᠪᠦᠯᠬᠦᠮ ᠵᠡᠷᠭᠡ ᠨᠢᠭᠡᠴᠢ ᠵᠢᠴᠢ ᠲᠥᠪ ᠤᠨ ᠲᠥᠷᠥ ᠶᠢᠨ ᠪᠠᠶᠢᠭᠤᠯᠭ᠎ᠠ ᠠᠴᠠ ᠥᠪᠡᠷᠲᠡᠭᠡᠨ ᠵᠠᠰᠠᠬᠤ ᠣᠷᠣᠨ ᠳᠤ ᠲᠣᠮᠢᠯᠠᠨ ᠰᠠᠭᠤᠭ᠎ᠠ ᠬᠠᠮᠢᠶ᠎ᠠ ᠪᠦᠬᠦᠢ ᠬᠠᠮᠢᠶᠠᠷᠤᠯᠲᠠ ᠶᠢᠨ ᠨᠢᠭᠡᠴᠢ ᠨᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ ᠪᠠᠨ ᠴᠤᠭᠯᠠᠭᠤᠯᠤᠭᠰᠠᠨ ᠪᠠ ᠪᠤᠶ ᠪᠣᠯᠤᠭᠰᠠᠨ ᠡᠯ᠎ᠡ ᠲᠥᠷᠥᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠢᠶᠠᠷᠬᠤ ᠳᠤ ᠲᠤᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃
     ᠳᠥᠴᠢᠨ ᠭᠤᠷᠪᠠᠳᠤᠭᠠᠷ ᠵᠦᠢᠯ  ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃


                                  2021 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ