ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2021/12/3
      12 ᠳ᠋ᠤᠭᠠᠷ ᠰᠠᠷ᠎ᠠ ᠶᠢᠨ 1 ᠤ ᠡᠳᠦᠷ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ ᠲᠣᠰ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ ᠣᠯᠤᠭᠰᠠᠨ ᠦᠷ᠎ᠡ ᠪᠦᠲᠦᠮᠵᠢ ᠵᠢᠴᠢ ᠠᠵᠢᠯᠯᠠᠭ᠎ᠠ ᠶᠢᠨ ᠳᠤᠮᠳᠠ ᠴᠣᠯᠭᠤᠷᠠᠨ ᠭᠠᠷᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠨᠡᠶᠢᠲᠡᠯᠡᠪᠡ᠃
4-1.jpg
      ᠣᠶᠢᠯᠠᠭᠠᠭᠰᠠᠨ ᠢᠶᠠᠷ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠴᠡᠷᠢᠭ᠂ ᠡᠪᠡᠳᠴᠢᠨ ᠲᠠᠢ ᠠᠵᠢᠯᠳᠠᠨ ᠠᠵᠢᠯᠴᠢᠨ ᠪᠠ ᠠᠮᠢᠳᠤᠷᠠᠯ ᠨᠢ ᠬᠦᠴᠢᠷᠳᠡᠯ ᠲᠠᠢ ᠲᠣᠰᠬᠤᠨ ᠤ ᠠᠷᠠᠳ ᠢ ᠡᠷᠬᠢᠨ ᠦᠵᠡᠵᠦ ᠲᠣᠬᠤᠨᠢᠭᠤᠯᠬᠤ ᠪᠠᠷ ᠳᠠᠮᠵᠢᠭᠤᠯᠤᠨ᠂ ᠲᠡᠳᠡᠨ ᠤ ᠠᠮᠢᠳᠤᠷᠠᠯ ᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠪᠡ᠃ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠭᠰᠡᠨ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠵᠢᠴᠢ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠵᠦ᠂ ᠳᠠᠩᠰᠠᠯᠠᠭᠤᠯᠤᠭᠰᠠᠨ ᠲᠤᠭ᠎ᠠ ᠬᠡᠮᠵᠢᠶ᠎ᠡ ᠨᠢ 381 ᠪᠣᠯᠵᠣ᠂ ᠠᠵᠤ ᠠᠬᠤᠶᠢᠯᠠᠯ ᠳᠤ ᠲᠠᠭᠤ ᠡᠭᠦᠰᠭᠡᠬᠦ ᠲᠠᠪᠴᠠᠩ ᠪᠠᠶᠢᠭᠤᠯᠤᠨ ᠥᠭᠴᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠮᠡᠳᠡᠭᠡ ᠵᠠᠩᠭᠢ ᠶᠢ ᠨᠠᠷᠢᠯᠢᠭ ᠣᠨᠣᠪᠴᠢᠲᠠᠢ ᠪᠠᠷ ᠳᠠᠮᠵᠢᠭᠤᠯᠪᠠ᠃ 8438 ᠲᠦᠮᠡᠨ ᠲᠥᠭᠦᠷᠢᠭ ᠤᠨ ᠲᠥᠷᠥᠯ  ᠵᠦᠢᠯ ᠤᠨ ᠪᠠᠯᠠ ᠮᠥᠩᠭᠦ ᠶᠢ ᠴᠢᠷᠮᠠᠶᠢᠨ ᠣᠯᠵᠤ᠂ ᠣᠯᠠᠨ ᠲᠥᠷᠥᠯ ᠵᠦᠢᠯ ᠢ ᠤᠷᠤᠭᠰᠢᠲᠠᠶ ᠠᠬᠢᠭᠤᠯᠤᠨ᠂ ᠢᠯᠴᠢ ᠬᠠᠩᠭᠠᠬᠤ ᠪᠠ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠦᠶᠡᠷ ᠢ ᠰᠡᠷᠭᠡᠶᠢᠯᠡᠬᠦ ᠬᠠᠰᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ 100 ᠲᠠᠷᠢᠶᠠᠴᠢᠨ ᠡᠷᠦᠬᠡ ᠶᠢ ᠰᠢᠩᠭᠡᠭᠡᠨ ᠠᠪᠴᠤ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ᠃ ᠤᠷᠳᠤᠰ ᠬᠤᠳᠠ ᠶᠢᠨ ᠤᠯᠠᠨ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠯᠤᠭ᠎ᠠ ᠨᠡᠭᠦᠷᠡᠰᠦ ᠵᠠᠬᠢᠶᠠᠯᠠᠨ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠨᠢᠭᠡᠨᠲᠡ ᠡᠩ ᠤᠨ ᠦᠨ᠎ᠡ ᠪᠠᠷ 20384.64 ᠲᠣᠨ ᠨᠡᠭᠦᠷᠡᠰᠦ ᠬᠤᠳᠠᠯᠳᠤᠨ ᠠᠪᠴᠤ᠂ 12169 ᠡᠷᠤᠭᠡ ᠳᠤ ᠬᠦᠷᠭᠡᠵᠦ᠂ ᠲᠡᠭᠡᠭᠡᠪᠦᠷᠢᠯᠡᠵᠦ ᠪᠠᠶᠢᠭ᠎ᠠ ᠨᠡᠭᠦᠷᠡᠰᠦᠨ ᠤ ᠬᠡᠮᠵᠢᠶ᠎ᠡ ᠨᠢ ᠶᠡᠷᠦᠩᠬᠡᠶ ᠬᠡᠷᠡᠭᠴᠡᠭᠡᠨ ᠤ ᠬᠡᠮᠵᠢᠶ᠎ᠡ ᠶᠢᠨ 96% ᠶᠢ ᠡᠵᠡᠯᠡᠵᠦ᠂ ᠪᠦᠬᠦ ᠬᠤᠳᠠ ᠶᠢᠨ ᠡᠯ᠎ᠡ ᠬᠤᠰᠢᠭᠤ ᠰᠢᠶᠠᠨ ᠬᠤᠳᠠ ᠶᠢᠨ ᠣᠷᠣᠨ ᠪᠠᠶᠢᠷᠢ ᠶᠢᠨ ᠪᠠᠶᠢᠷᠢᠰᠢᠯ ᠢᠶᠠᠷ ᠬᠤᠶᠠᠳᠤᠭᠠᠷ ᠲᠤ ᠣᠷᠣᠵᠤ᠂ ᠡᠷᠤᠭᠡ ᠳᠤ ᠣᠷᠣᠭᠤᠯᠤᠭᠰᠠᠨ ᠬᠠᠷᠢᠴᠠᠯ ᠨᠢ 93.2% ᠢ ᠡᠵᠡᠯᠡᠵᠦ᠂ ᠨᠢᠭᠡᠳᠦᠭᠡᠷ ᠲᠤ ᠣᠷᠣᠪᠠ᠃      ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠵᠢᠯ ᠳᠤ ᠠᠭᠤᠰᠤᠯᠴᠠᠭᠤᠯᠵᠤ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ︽ᠪᠠᠴᠢᠮ ᠬᠦᠴᠢᠷᠲᠡᠢ ᠵᠣᠪᠠᠭ᠋ᠤ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠵᠤ᠂ ᠪᠠᠩᠬᠢ ᠪᠣᠯᠤᠨ ᠠᠵᠤ ᠠᠬᠤᠶᠢᠯᠠᠯ ᠢ ᠵᠣᠯᠭᠠᠭᠤᠯᠵᠤ ᠰᠣᠯᠢᠯᠴᠠᠬᠤ ᠲᠠᠪᠴᠠᠩ ᠢ ᠪᠠᠶᠢᠭᠤᠯᠵᠤ᠂ ᠺᠠᠶᠢᠳᠠ᠂ ᠲᠢᠶᠠᠨ ᠯᠦ ᠠᠵᠤ ᠦᠢᠯᠡᠰ ᠵᠡᠷᠭᠡ 5 ᠠᠵᠤ ᠠᠬᠤᠶᠢᠯᠠᠯ ᠳᠤ 4000 ᠲᠦᠮᠡᠨ ᠲᠥᠭᠦᠷᠢᠭ ᠤᠨ ᠪᠡᠯᠡ ᠮᠥᠩᠭᠦ ᠬᠤᠷᠠᠮᠳᠤᠭᠤᠯᠵᠠᠢ᠃ ᠡᠭᠦᠨ ᠤ ᠵᠡᠷᠭᠡ ᠳᠤ ᠠᠵᠤ ᠠᠬᠤᠶᠢᠯᠠᠯ ᠢ ᠬᠠᠮᠵᠢᠨ ᠳᠡᠭᠡᠳᠦ ᠱᠠᠲᠤᠨ ᠤ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢᠨ ᠲᠥᠷᠥᠯ ᠵᠦᠢᠯ‌ᠢ ᠢᠳᠡᠪᠬᠢᠲᠡᠶ ᠪᠠᠷ ᠲᠡᠮᠡᠴᠡᠨ ᠣᠯᠵᠤ᠂ 8 ᠠᠵᠤ ᠠᠬᠤᠶᠢᠯᠠᠯ᠂ 11 ᠲᠥᠷᠥᠯ ᠵᠦᠢᠯ ᠳᠤ 1650 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠰᠢᠯᠵᠢᠭᠦᠯᠦᠨ ᠥᠭᠬᠦ ᠪᠠᠷ ᠭᠤᠶᠤᠴᠢᠯᠠᠵᠠᠶ᠃ ᠭᠤᠷᠪᠠᠳᠤᠭᠠᠷ ᠡᠲᠡᠭᠡᠳ ᠢ ᠤᠷᠢᠵᠤ᠂ ᠪᠥᠬᠦ ᠬᠤᠰᠢᠭᠤᠨ ᠤ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠡᠨᠧᠷᠭᠢ ᠬᠡᠷᠡᠭᠯᠡᠬᠦ 19 ᠠᠵᠤ ᠠᠬᠤᠶᠢᠯᠠᠯ ᠳᠤ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠡᠨᠧᠷᠭᠢ ᠠᠷᠪᠢᠯᠠᠬᠤ ᠵᠠᠳᠠᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠤᠷᠢᠵᠤ 2 ᠤᠳᠠᠭᠠᠨ ᠤ ᠲᠤᠰᠬᠠᠶ ᠲᠥᠷᠥᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠡᠮᠬᠢᠳᠬᠡᠯ ᠤᠨ ᠭᠠᠷ ᠳᠡᠪᠲᠡᠷ ᠢ ᠨᠠᠶᠢᠷᠠᠭᠤᠯᠤᠨ ᠬᠡᠪᠯᠡᠭᠦᠯᠵᠦ᠂ ᠬᠥᠮᠦᠰ ᠢ ᠵᠣᠬᠢᠶᠠᠨ ᠪᠠᠶᠢᠭᠤᠯᠤᠨ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠣᠯᠠᠨ ᠠᠵᠤ ᠠᠬᠤᠶᠢᠯᠠᠯ ᠢ ᠬᠠᠪᠰᠤᠷᠴᠤ ᠬᠠᠮᠢᠶ᠎ᠠ ᠪᠥᠬᠦᠶ ᠭᠠᠷᠳᠠᠮ ᠢ ᠭᠦᠢᠴᠡᠳᠭᠡᠬᠦ ᠶᠢ ᠲᠡᠭᠦᠯᠳᠡᠷᠵᠢᠭᠦᠯᠦᠨ᠎ᠡ᠃ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠴᠠᠬᠢᠯᠭᠠᠨ ᠬᠦᠴᠦᠨ ᠤ ᠰᠠᠯᠠᠭ᠎ᠠ ᠮᠥᠴᠢᠷ ᠲᠤ ᠣᠯᠠᠨᠲᠠ ᠬᠦᠷᠴᠦ ᠠᠵᠤ ᠠᠬᠤᠶᠢᠯᠠᠯ ᠤᠨ ᠴᠠᠬᠢᠯᠭᠠᠨ ᠬᠠᠩᠭᠠᠯᠲᠠ ᠬᠦᠷᠦᠯᠴᠡᠬᠦ ᠦᠭᠡᠢ ᠠᠴᠠ ᠪᠤᠯᠵᠤ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠳᠡᠶᠢᠯᠬᠦ ᠦᠭᠡᠢ ᠪᠠᠶᠢᠬᠤ ᠪᠡᠷᠬᠡ ᠠᠰᠠᠭᠤᠳᠠᠯ ᠢ ᠨᠡᠪᠲᠡᠷᠡᠯᠴᠡᠨ ᠵᠣᠬᠢᠴᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠠᠩᠭᠠᠯᠲᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃ ᠬᠤᠰᠢᠭᠤᠨ ᠨᠡᠭᠦᠳᠡᠯ ᠬᠤᠯᠪᠣᠭ᠎ᠠ ᠶᠢ ᠵᠣᠬᠢᠴᠠᠭᠤᠯᠵᠤ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ ᠨᠢ ᠳᠣᠬᠢᠶ᠎ᠠ ᠪᠠᠷ ᠪᠠᠭᠤᠷᠠᠶ ᠭᠠᠵᠠᠷ ᠣᠷᠣᠨ ᠳᠤ ᠨᠡᠭᠦᠳᠡᠯ ᠬᠤᠯᠪᠣᠭ᠎ᠠ ᠶᠢᠨ ᠰᠠᠭᠤᠷᠢ ᠥᠷᠲᠡᠭᠡ ᠶᠢ ᠵᠣᠬᠢᠴᠠᠭᠤᠯᠤᠨ ᠪᠠᠶᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠲᠤᠬᠠᠶ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ ᠶᠢ ᠪᠠᠷᠢᠮᠲᠠᠯᠠᠵᠤ᠂ ︽ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ︾ ᠶᠢ ᠪᠡᠶᠡᠯᠡᠭᠦᠯᠵᠦ᠂ ᠬᠥᠯᠥᠰᠥᠨ ᠠᠵᠢᠯᠴᠢᠨ ᠤ ᠴᠠᠯᠢᠩ ᠥᠷᠢᠲᠦᠬᠦ ᠳᠤ ᠬᠤᠯᠪᠣᠭᠳᠠᠭᠰᠠᠨ 104 ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠢᠭᠡᠨᠲᠡ ᠵᠣᠬᠢᠴᠠᠭᠤᠯᠤᠨ ᠰᠢᠢᠳᠪᠦᠷᠢᠯᠡᠪᠡ᠃ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠲᠠᠪᠴᠠᠩ ᠢ ᠢᠳᠡᠪᠬᠢᠲᠡᠶ ᠠᠰᠢᠭᠯᠠᠨ ᠮᠠᠨ ᠤ ᠬᠤᠰᠢᠭᠤᠨ ᠤ ᠤᠨᠴᠠᠯᠢᠬᠳᠤ ᠢᠳᠡᠭᠡᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠨᠡᠭᠡᠭᠡᠵᠦ᠂ 10 ᠠᠵᠤ ᠠᠬᠤᠶᠢᠯᠠᠯ ᠢ ᠬᠠᠪᠰᠤᠷᠤᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠣᠷᠣᠯᠠᠭᠤᠯᠭ᠎ᠠ ᠶᠢᠨ ᠠᠵᠢᠯ ᠢ ᠨᠡᠪᠲᠡᠷᠡᠭᠦᠯᠪᠡ᠃      ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ︽ᠦᠨᠡᠮᠯᠡᠯ ᠢ ᠪᠠᠭᠠᠰᠬᠠᠨ ᠠᠷᠠᠳ ᠲᠤ ᠲᠥᠬᠦᠮ ᠦᠵᠡᠭᠦᠯᠬᠦ︾ ᠶᠢ ᠶᠡᠬᠡᠪᠡᠷ ᠠᠬᠢᠭᠤᠯᠵᠤ᠂ ᠶᠡᠷᠦᠩᠬᠡᠶᠢᠯᠡᠭᠰᠡᠨ ᠲᠦᠷᠢᠮ ᠢ ᠰᠦᠪᠡᠭᠴᠢᠯᠡᠨ ᠥᠷᠨᠢᠭᠦᠯᠵᠦ᠂ ᠬᠡᠷᠡᠭᠴᠡᠭᠡ ᠥᠬᠡᠶ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠵᠤ᠂ ᠭᠠᠷᠲᠠᠨ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠮᠠᠲ᠋ᠧᠷᠢᠶᠠᠯ ᠬᠠᠩᠭᠠᠬᠤ ᠳᠠᠷᠤᠭᠠᠰᠤ ᠶᠢ ᠪᠠᠭᠠᠰᠬᠠᠨ᠂ ᠲᠤᠭ᠎ᠠ ᠪᠠᠷᠢᠮᠲᠠ ᠶᠢ ︽ᠢᠯᠡᠭᠦᠤ ᠭᠦᠶᠦᠯᠭᠡᠬᠦ︾᠂ ᠣᠯᠠᠨ ᠲᠦᠮᠡᠨ ᠢ ︽ᠳᠤᠲᠠᠭᠤ ᠭᠦᠶᠦᠯᠭᠡᠬᠦ︾ ᠪᠣᠯᠭᠠᠵᠠᠶ᠃ ︽ᠲᠦᠷᠦ ᠶᠢᠨ ᠪᠤᠳᠤᠯᠭ᠎ᠠ ᠪᠠᠷ ᠠᠵᠤ ᠠᠬᠤᠶᠢᠯᠠᠯ ᠡᠷᠢᠬᠦ︾᠂ ︽ᠲᠦᠷᠦ ᠶᠢᠨ ᠪᠤᠳᠤᠯᠭ᠎ᠠ ᠪᠠᠷ ᠬᠥᠮᠦᠨ ᠡᠷᠢᠬᠦ︾ ᠠᠵᠢᠯᠯᠠᠭ᠎ᠠ ᠶᠢ ᠥᠷᠨᠢᠭᠦᠯᠵᠦ᠂ ᠠᠵᠢᠯ ᠡᠷᠢᠭᠰᠡᠳ ᠤᠨ ︽ᠠᠵᠢᠯ ᠤᠯᠬᠤ ᠳᠤ ᠬᠦᠴᠢᠷᠲᠡᠶ︾᠂ ᠠᠵᠢᠯ ᠠᠯᠳᠠᠭᠰᠠᠳ ᠤᠨ ︽ᠠᠮᠢᠳᠤᠷᠠᠯ ᠬᠦᠴᠢᠷᠲᠡᠶ︾᠂ ᠠᠵᠤ ᠠᠬᠤᠶᠢᠯᠠᠯ ᠤᠨ ︽ᠠᠵᠢᠯᠴᠢᠨ ᠬᠡᠷᠡᠭᠯᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠶᠢᠲᠡ 600 ᠨᠡᠭᠡᠭᠡᠨ ᠬᠥᠭᠵᠢᠭᠦᠯᠵᠦ᠂ ︽ᠰᠦᠯᠵᠢᠶᠡᠨ ᠳᠡᠭᠡᠷᠡᠬᠢ + ᠰᠦᠯᠵᠢᠶᠡᠨ ᠠᠴᠠ ᠭᠠᠳᠠᠭᠤᠷᠬᠢ︾ ᠠᠵᠢᠯᠲᠠᠨ ᠡᠯᠰᠡᠬᠦ ᠲᠠᠪᠴᠠᠩ ᠢ ᠪᠠᠶᠢᠭᠤᠯᠤᠨ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠵᠢᠯᠲᠠᠨ ᠡᠯᠰᠡᠬᠦ ᠴᠤᠭᠯᠠᠭᠠᠨ ᠢ ᠰᠢᠨ᠎ᠡ ᠪᠠᠷ ᠡᠷᠭᠢᠯᠡᠵᠦ᠂ ᠨᠡᠶᠢᠲᠡ 5013 ᠠᠵᠢᠯ ᠤᠨ ᠪᠠᠶᠢᠷᠢ ᠶᠢ ᠬᠠᠩᠭᠠᠭᠰᠠᠨ ᠪᠠᠶᠢᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠲᠤᠰᠢᠶᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠬᠥᠮᠥᠡᠯᠢᠭ ᠦᠢᠯᠡᠴᠢᠯᠡᠭᠡ ᠬᠠᠩᠭᠠᠵᠤ᠂ ᠬᠤᠯᠪᠣᠭᠳᠠᠯ ᠪᠥᠬᠦᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠠᠷᠢᠯᠭᠠᠵᠤ᠂ ᠬᠥᠳᠡᠯᠮᠦᠷᠢᠴᠢᠨ ᠬᠥᠷᠥᠩᠭᠡᠲᠡᠨ ᠤ ᠬᠠᠷᠢᠴᠠᠭ᠎ᠠ ᠶᠢ ᠡᠶ᠎ᠡ ᠵᠣᠬᠢᠴᠠᠯ ᠲᠠᠢ ᠪᠠᠶᠢᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠴᠢᠷᠮᠠᠶᠢᠨ ᠨᠡᠪᠲᠡᠷᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ