|
ᠥᠰᠥᠭ ᠪᠢᠴᠢᠭ ᠢᠶᠠᠷ ᠥᠭᠦᠯᠡᠬᠦᠢ᠄ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠵᠢᠯᠣᠭᠤᠳᠬᠤ ᠰᠠᠨᠠᠯ︾ ᠲᠠᠶᠢᠯᠤᠮᠵᠢ |
|
|
ᠨᠡᠶᠢᠲᠡᠯᠡᠭᠰᠡᠨ ᠴᠠᠭ᠄
2021/12/30
|
|
ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠠᠷᠠᠳ ᠤᠨ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠤᠷᠲᠤ ᠬᠤᠭᠤᠴᠠᠭᠠᠨ ᠤ ᠪᠡᠯᠡᠳᠬᠡᠯ ᠬᠢᠬᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ ᠴᠢᠭᠯᠡᠯᠲᠡ ᠶᠢ ᠬᠡᠷᠡᠭᠵᠢᠭᠦᠯᠵᠦ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠬᠤᠲᠠ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠤᠢᠭᠡᠢ ᠬᠥᠭᠵᠢᠬᠦ ᠶᠢ ᠳᠠᠭᠠᠯᠳᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠦᠭᠵᠢᠭᠦᠯᠬᠦ ᠶᠢ ᠠᠬᠢᠭᠤᠯᠬᠤ ᠲᠠᠯ᠎ᠠ ᠪᠠᠷ ᠮᠠᠨ ᠤ ᠣᠷᠣᠨ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠣᠯᠪᠠᠴᠤ ᠮᠥᠨ ᠬᠦ ᠮᠠᠰᠢ ᠣᠯᠠᠨ ᠬᠦᠴᠢᠷᠳᠡᠯ ᠵᠢᠴᠢ ᠥᠷᠢᠰᠥᠯᠳᠦᠭᠡᠨ ᠳᠤ ᠲᠤᠯᠭᠠᠷᠠᠵᠤ᠂ ᠵᠠᠷᠢᠮ ᠳᠤᠲᠠᠭᠤᠳᠠᠯ ᠬᠢᠭᠡᠳ ᠪᠠᠭᠤᠷᠠᠶ ᠲᠠᠯ᠎ᠠ ᠨᠤᠭᠤᠳ ᠣᠷᠣᠰᠢᠭᠰᠠᠭᠠᠷ ᠪᠤᠶ᠃ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢᠨ ᠴᠡᠷᠢᠭ ᠠᠷᠠᠳ ᠢ ᠬᠠᠪᠰᠤᠷᠭᠠᠨ ᠬᠡᠷᠡᠭᠯᠡᠬᠦ ᠬᠢᠷᠢ ᠲᠥᠪᠰᠢᠨ ᠢ ᠳᠡᠭᠡᠭᠰᠢᠯᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠪᠥᠲᠥᠭᠡᠨ ᠪᠠᠶᠢᠭᠤᠯᠬᠤ ᠨᠢᠭᠡᠴᠢ ᠶᠢᠨ ᠠᠷᠠᠳ ᠤᠨ ᠬᠡᠷᠡᠭᠯᠡᠭᠡᠨ ᠤ ᠪᠠᠷᠢᠯᠭ᠎ᠠ ᠲᠠᠢ ᠤᠶᠠᠯᠳᠤᠭᠤᠯᠤᠨ ᠠᠭᠠᠷ ᠤᠨ ᠰᠡᠷᠭᠡᠶᠢᠯᠡᠯᠲᠡ ᠶᠢᠨ ᠨᠦᠬᠡᠨ ᠬᠡᠷ ᠵᠠᠰᠠᠨ ᠪᠠᠶᠢᠭᠤᠯᠬᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠴᠢᠩᠭ᠎ᠠ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠶᠡᠭᠡ ᠴᠢᠭᠵᠢᠷᠡᠬᠦ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠶᠡᠭᠡ ᠪᠠᠷ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢᠨ ᠴᠡᠷᠢᠭ ᠠᠷᠠᠳ ᠢ ᠬᠠᠪᠰᠤᠷᠭᠠᠨ ᠬᠡᠷᠡᠭᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠢ ᠪᠠᠶᠠᠯᠢᠭ ᠢ ᠣᠯᠠᠨ ᠨᠡᠶᠢᠲᠡ ᠳᠤ ᠦᠢᠯᠡᠴᠢᠯᠡᠭᠦᠯᠬᠦ ᠴᠢᠳᠠᠮᠵᠢ ᠶᠢ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠳ ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠪᠡ᠃ ᠬᠤᠶᠠᠷ᠂ ᠶᠡᠷᠦᠩᠬᠡᠶ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠵᠢᠴᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠬᠦᠷᠲᠡᠬᠦ ᠨᠡᠶᠢᠭᠡᠮ ᠤᠨ ᠵᠠᠰᠠᠯᠲᠠ ᠶᠢᠨ ᠣᠨᠣᠯᠵᠢᠬᠤᠨ ᠢ ᠦᠶᠯᠡᠳᠦᠯᠭᠡᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠪᠣᠬᠢᠷᠲᠤᠯ ᠥᠬᠡᠶ ᠬᠥᠭᠵᠢᠯᠲᠡ ᠯᠦᠭᠡ ᠤᠶᠠᠯᠳᠤᠭᠤᠯᠬᠤ ᠶᠢ ᠪᠠᠷᠢᠮᠲᠠᠯᠠᠨ᠎ᠠ᠃ ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠᠷ ᠭᠤᠤᠯ ᠰᠢᠵᠢᠮ ᠪᠣᠯᠭᠠᠭᠰᠠᠨ ᠦᠨᠳᠦᠰᠦᠨ ᠵᠠᠷᠴᠢᠮ ᠢ ᠳᠤᠷᠠᠳᠴᠤ᠂ ᠬᠤᠲᠠ ᠶᠢᠨ ᠰᠤᠷᠭᠠᠭᠤᠯᠢ ᠬᠢᠭᠡᠳ ᠡᠮᠨᠡᠯᠭᠡ ᠤᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠤᠯ ᠬᠠᠷᠠᠯᠲᠠ ᠶᠢ ᠲᠣᠭᠲᠠᠭᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠳᠬᠤᠨ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠴᠢ ᠡᠷᠴᠢᠮᠯᠢᠭ ᠠᠰᠢᠭᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠶᠡᠭᠡ ᠬᠤᠷᠠᠨ ᠴᠤᠭᠯᠠᠷᠠᠳᠠᠭ ᠣᠯᠠᠨ ᠨᠡᠶᠢᠲᠡ ᠶᠢᠨ ᠲᠠᠯᠠᠪᠤᠷ ᠤᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠯᠤᠭ᠎ᠠ ᠠᠭᠤᠰᠤᠯᠴᠠᠭᠤᠯᠤᠨ ᠬᠦᠭᠵᠢᠭᠦᠯᠬᠦ ᠶᠢ ᠶᠡᠭᠡ ᠪᠠᠷ ᠠᠭᠢᠭᠤᠯᠵᠤ᠂ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠶᠡᠭᠡ ᠨᠢᠭᠲᠠᠷᠠᠳᠠᠭ ᠣᠯᠠᠨ ᠨᠡᠶᠢᠲᠡ ᠶᠢᠨ ᠲᠠᠯᠠᠪᠤᠷ ᠤᠨ ᠣᠶᠢᠷ᠎ᠠ ᠬᠠᠪᠢ ᠶᠢᠨ ᠲᠡᠷᠭᠡ ᠵᠣᠭᠰᠤᠭᠠᠬᠤ ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ ᠵᠠᠮ ᠬᠠᠷᠢᠯᠴᠠᠭᠠᠨ ᠤ ᠲᠦᠭᠵᠢᠷᠡᠯ᠂ ᠠᠷᠠᠳ ᠢ ᠬᠠᠮᠠᠭᠠᠯᠠᠬᠤ ᠬᠠᠯᠠᠬᠠᠪᠴᠢ ᠪᠠᠷᠢᠯᠭ᠎ᠠ ᠶᠢᠨ ᠬᠤᠪᠢ ᠶᠢᠨ ᠵᠢᠩ ᠳᠣᠣᠷ᠎ᠠ ᠪᠠᠶᠢᠬᠤ᠂ ᠡᠮᠴᠢᠯᠡᠭᠡᠨ ᠤ ᠠᠪᠤᠷᠠᠨ ᠲᠤᠰᠠᠯᠠᠬᠤ ᠢᠨᠵᠧᠨᠧᠷᠢᠩ ᠳᠤᠲᠠᠭᠳᠠᠵᠤ ᠪᠠᠶᠢᠬᠤ ᠵᠡᠷᠭᠡ ᠳᠣᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠨ᠎ᠡ᠃ ᠭᠤᠷᠪᠠ᠂ ᠭᠤᠣᠯᠳᠠᠯᠭ᠎ᠠ ᠲᠠᠢ ᠡᠭᠦᠷᠭᠡ ᠭᠤᠷᠪᠠᠨ ᠲᠠᠯ᠎ᠠ ᠶᠢᠨ 9 ᠵᠣᠷᠪᠤᠰ ᠪᠣᠳᠠᠲᠠᠶ ᠠᠵᠢᠯ ᠢ ᠲᠣᠳᠣᠷᠬᠠᠶᠢᠯᠠᠪᠠ᠃ ᠨᠢᠭᠡ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠪᠥᠲᠥᠭᠡᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ ᠡᠭᠦᠨ ᠳᠤ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠᠷ ᠬᠥᠲᠥᠯᠥᠨ ᠵᠢᠯᠤᠭᠤᠳᠤᠭᠤᠯᠬᠤ ᠶᠢ ᠴᠢᠩᠭᠠᠳᠬᠠᠵᠤ᠂ ᠬᠥᠮᠦᠨ ᠶᠡᠭᠡ ᠬᠤᠷᠠᠵᠤ ᠴᠤᠭᠯᠠᠷᠠᠬᠤ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠴᠢᠨᠠᠷ ᠰᠠᠶᠢᠲᠠᠶ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠭᠲᠠᠭᠠᠨ᠎ᠠ᠃ ᠬᠤᠶᠠᠷ ᠲᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠳᠤ ᠭᠤᠣᠯᠴᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠪᠠ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠶᠢ ᠬᠠᠮᠤᠷᠴᠤ ᠪᠤᠢ᠃ ᠭᠤᠷᠪᠠ ᠳᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠡᠭᠦᠨ ᠳᠤ ᠭᠤᠤᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠬᠡᠷᠡᠭᠯᠡᠯᠲᠡ ᠪᠠ ᠬᠠᠮᠠᠭᠠᠯᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢ ᠪᠠᠭᠲᠠᠭᠠᠵᠤ ᠪᠤᠢ᠃ ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢᠭᠡ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ ᠣᠷᠣᠨ ᠤ ᠰᠤᠷᠭᠠᠭᠤᠯᠢ ᠵᠢᠴᠢ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠶᠡᠭᠡ ᠴᠢᠭᠵᠢᠷᠡᠭᠰᠡᠨ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠶᠠᠷ ᠲᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠪᠠᠨ ᠴᠢᠩᠭᠠᠷᠠᠭᠤᠯᠤᠨ᠂ ᠬᠤᠲᠠ ᠶᠢᠨ ᠰᠤᠷᠭᠠᠭᠤᠯᠢ ᠬᠢᠭᠡᠳ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠨᠢ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠬᠢ ᠬᠢᠨᠠᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠨᠡ ᠬᠦ ᠠᠵᠢᠯ ᠢ ᠰᠢᠨ᠎ᠡ ᠶᠢ ᠡᠭᠦᠳᠬᠦ ᠴᠢᠨᠠᠷᠲᠠᠶ ᠠᠵᠢᠯ ᠪᠣᠯᠭᠠᠨ ᠪᠣᠳᠠᠲᠠᠶ ᠪᠠᠷ ᠰᠠᠶᠢᠲᠤᠷ ᠠᠳᠬᠤᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠬᠤ ᠬᠡᠷᠡᠭᠲᠡᠶ᠃ ᠳᠥᠷᠪᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠰᠢᠨ᠎ᠡ ᠶᠢ ᠡᠭᠦᠳᠦᠨ ᠬᠥᠭᠵᠢᠭᠦᠯᠦᠭᠰᠡᠨ ᠦᠷ᠎ᠡ ᠪᠦᠲᠦᠮᠵᠢ ᠪᠠᠷ ᠢᠯᠡᠷᠬᠡᠢ ᠲᠥᠷᠥᠯ ᠵᠦᠢᠯ ᠢ ᠶᠡᠭᠡ ᠪᠠᠷ ᠤᠬᠠᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠬᠥᠭᠵᠢᠭᠦᠯᠵᠦ ᠠᠭᠤᠰᠤᠯᠴᠠᠭᠤᠯᠤᠨ ᠬᠥᠭᠵᠢᠭᠦᠯᠦᠭᠰᠡᠨ ᠳᠡᠯᠭᠡᠷᠡᠭᠦᠯᠵᠦ ᠪᠣᠯᠬᠤᠶᠢᠴᠠ᠂ ᠳᠠᠭᠤᠷᠢᠶᠠᠵᠤ ᠪᠣᠯᠬᠤᠶᠢᠴᠠ ᠲᠤᠷᠰᠢᠯᠭ᠎ᠠ ᠤᠳ ᠢ ᠴᠠᠭ ᠲᠤᠬᠠᠢ ᠳᠤ ᠨᠢ ᠳ᠋ᠦᠩᠨᠡᠨ᠎ᠡ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|