︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/30

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ


                                  ᠥᠪᠥᠷ ᠵᠠᠰᠠᠭ ᠠᠯᠪᠠᠨ ᠲᠠᠷᠬᠠᠭᠠᠭᠰᠠᠨ ﹇2021﹈ 33 ᠳ᠋ᠤᠭᠠᠷ ᠲᠣᠭᠠᠲᠤ


︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃

                                 2021 ᠣᠨ ᠤ 7 ᠳ᠋ᠤᠭᠠᠷ ᠰᠠᠷ᠎ᠠ ᠶᠢᠨ 20 ᠤ ᠡᠳᠦᠷ
     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂
         ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ
         ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ

     ᠨᠢᠭᠡᠳᠦᠭᠡᠷ ᠪᠦᠯᠦᠭ  ᠶᠡᠷᠦᠩᠬᠡᠢ ᠳᠦᠷᠢᠮ
     ᠨᠢᠭᠡᠳᠦᠭᠡᠷ ᠵᠦᠢᠯ  ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠡᠬᠢᠨ ᠤ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ  ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠣᠯ᠄ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ︔ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠢ᠂ ᠡᠷᠬᠡ ᠣᠯᠭᠤᠬᠤ ᠪᠠᠷ ᠳᠡᠮᠵᠢᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠶᠢ ᠣᠷᠣᠯᠠᠨ ᠭᠦᠢᠴᠡᠳᠬᠡᠬᠦ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠤ ᠬᠤᠷᠠᠯ ᠪᠤᠶᠤ ᠠᠵᠢᠯ ᠲᠥᠷᠥᠯ ᠤᠨ ᠨᠡᠶᠢᠭᠡᠮᠯᠢᠭ ᠪᠣᠯᠤᠨ ᠪᠦᠯᠦᠭᠯᠡᠯ ᠺᠣᠮᠫᠠᠨᠢ ᠵᠢᠴᠢ ᠵᠣᠬᠢᠬᠤ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠲᠠᠢ ᠠᠷᠠᠳ ᠤᠨ ᠪᠦᠯᠬᠦᠮ ᠵᠡᠷᠭᠡ ᠰᠠᠯᠠᠭ᠎ᠠ ᠮᠥᠴᠢᠷ︔ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠠᠵᠤ ᠦᠢᠯᠡᠳᠪᠦᠷᠢ ᠪᠠᠷ ᠭᠤᠣᠯᠯᠠᠭᠤᠯᠤᠭᠰᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ︔ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠠᠰᠢᠭ ᠣᠯᠵᠠᠪᠤᠷᠢ ᠶᠢᠨ ᠴᠢᠨᠠᠷᠲᠠᠶ ᠠᠵᠢᠯᠯᠠᠭ᠎ᠠ ᠡᠷᠬᠢᠯᠡᠵᠣ ᠪᠠᠶᠢᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠳᠠᠩᠰᠠᠯᠠᠭᠤᠯᠤᠭᠰᠠᠨ ᠬᠠᠤᠯᠢ ᠶᠢᠨ ᠡᠷᠬᠡᠲᠡᠨ ᠤ ᠨᠢᠭᠡᠴᠢ ᠪᠠ ᠠᠵᠤ ᠦᠢᠯᠡᠰ ᠤᠨ ᠠᠵᠢᠯᠯᠠᠭᠠᠨ ᠤ ᠨᠢᠭᠡᠴᠢ ᠵᠢᠴᠢ ᠪᠤᠰᠤᠳ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ᠃
     ᠬᠤᠶᠠᠳᠤᠭᠠᠷ ᠪᠦᠯᠦᠭ  ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ
     ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠠᠷᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ︽ᠲᠠᠪᠤ ᠶᠢ ᠵᠢᠷᠤᠮᠵᠢᠭᠤᠯᠵᠤ ᠳᠥᠷᠪᠡ ᠶᠢ ᠳᠡᠭᠡᠭᠰᠢᠯᠡᠭᠦᠯᠬᠦ︾ ︵ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠳ᠋ᠠᠶᠢᠲ᠋ᠠ ᠶᠢᠨ ᠪᠣᠢ ᠪᠣᠯᠬᠤ ᠴᠤᠪᠤᠷᠠᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠣᠯᠪᠠᠰᠤᠷᠠᠯ ᠤᠨ ᠬᠥᠮᠦᠵᠢᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ︶ ᠶᠢ ᠪᠡᠶᠡᠯᠡᠭᠦᠯᠬᠦ ᠪᠠᠷ ᠬᠠᠷᠠᠯᠲᠠ ᠪᠠᠨ ᠪᠣᠯᠭᠠᠵᠣ᠂ ᠲᠤᠭ᠎ᠠ ᠪᠦᠷᠢᠳᠬᠡᠯ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃
     ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠨᠢ ᠣᠳᠣᠬᠢᠴᠢᠯᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠴᠢᠳᠠᠪᠤᠷᠢ ᠲᠣᠰᠢᠶᠠᠯ ᠬᠠᠷᠢᠭᠤᠴᠠᠯᠭ᠎ᠠ ᠪᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠦᠢᠯᠡᠰ᠂ ᠠᠵᠤ ᠦᠢᠯᠡᠳᠪᠦᠷᠢ ᠵᠡᠷᠭᠡ ᠠᠵᠢᠯ ᠤᠨ ᠰᠠᠭᠤᠷᠢ ᠪᠠᠷ ᠪᠠᠭᠤᠷᠠᠶ ᠰᠢᠭ᠋ ᠦᠨᠳᠦᠰᠦᠨ ᠱᠠᠲᠤᠨ ᠤ ᠲᠤᠰᠬᠠᠶ ᠲᠤᠭ᠎ᠠ ᠪᠦᠷᠢᠳᠬᠡᠯ ᠤᠨ ᠠᠵᠢᠯᠲᠠᠨ ᠤ ᠬᠦᠴᠦᠨ ᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠣᠨ ᠤ ᠲᠥᠰᠦᠪ ᠲᠤ ᠪᠠᠨ ᠣᠷᠣᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠬᠡᠪ ᠤᠨ ᠶᠣᠰᠣᠭᠠᠷ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃
     ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤ ᠳᠠᠪᠬᠤᠷ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠢ ᠲᠣᠮᠢᠯᠠᠵᠣ ᠪᠠᠭᠤᠯᠭᠠᠬᠤ᠂ ᠰᠢᠯᠵᠢᠭᠦᠯᠬᠦ᠂ ᠵᠢᠱᠢᠭᠳᠡᠭᠴᠢ ᠶᠢ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ ᠳᠡᠪᠰᠢᠭᠦᠯᠦᠨ ᠶᠠᠷᠢᠯᠴᠠᠵᠣ ᠲᠣᠭᠳᠠᠭᠠᠬᠤ ᠠᠴᠠ ᠡᠮᠦᠨ᠎ᠡ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢ ᠤᠯᠬᠤ ᠬᠡᠷᠡᠭᠲᠡᠶ᠃
     ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠪᠠ ᠵᠥᠪᠰᠢᠶᠡᠷᠡᠭᠦᠯᠦᠭᠰᠡᠨ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠱᠠᠭᠠᠷᠳᠠᠯᠭ᠎ᠠ ᠪᠠ ︽ᠤᠷᠢᠳᠠᠪᠠᠷ ᠡᠬᠡ ᠳᠠᠩᠰᠠ ᠪᠠᠶᠢᠭᠤᠯᠵᠤ ᠳᠠᠷᠠᠭ᠎ᠠ ᠨᠢ ᠮᠡᠳᠡᠭᠦᠯᠣᠯᠳᠡ ᠶᠢᠨ ᠬᠦᠰᠦᠨᠦᠭᠲᠦ ᠲᠠᠢ ᠪᠠᠶᠢᠬᠤ︾ ᠵᠠᠷᠴᠢᠮ ᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠠᠩᠬᠠᠨ ᠤ ᠲᠡᠮᠳᠡᠭᠯᠡᠯ ᠢ ᠪᠠᠶᠢᠭᠤᠯᠵᠤ᠂ ᠲᠤᠭ᠎ᠠ ᠪᠦᠷᠢᠳᠬᠡᠯ ᠤᠨ ᠳᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠲᠠᠭᠯᠠᠵᠣ ᠮᠡᠳᠡᠭᠦᠯᠭᠦ ᠶᠠᠰᠣ ᠴᠢᠨᠠᠷ ᠢ ᠪᠠᠲᠤᠯᠠᠬᠤ ᠬᠡᠷᠡᠭᠲᠡᠶ᠃ ᠳᠠᠷᠤᠢ ᠳᠤ ᠨᠢ ᠮᠡᠳᠡᠭᠦᠯᠵᠦ ᠳᠠᠷᠤᠢ ᠳᠤ ᠨᠢ ᠬᠢᠨᠠᠬᠤ ᠵᠠᠷᠴᠢᠮ ᠶᠣᠰᠣᠭᠠᠷ᠂ ᠪᠠᠶᠢᠴᠠᠭᠠᠭᠳᠠᠬᠤ ᠡᠲᠡᠭᠡᠳ ᠤᠨ ᠠᠩᠬᠠᠨ ᠤ ᠲᠤᠭ᠎ᠠ ᠪᠠᠷᠢᠮᠲᠠ ᠶᠢ ᠳᠠᠷᠤᠶᠢᠬᠠᠨ ᠬᠦᠯᠢᠶᠡᠨ ᠠᠪᠴᠤ᠂ ᠲᠤᠭ᠎ᠠ ᠪᠠᠷᠢᠮᠳᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠣᠷᠴᠢᠨ ᠲᠣᠭᠤᠷᠢᠨ ᠳᠤ ᠲᠤᠭ᠎ᠠ ᠪᠠᠷᠢᠮᠳᠠ ᠶᠢ ᠬᠢᠨᠠᠨ ᠬᠠᠷᠭᠤᠭᠤᠯᠵᠤ᠂ ᠵᠠᠰᠠᠪᠤᠷᠢ ᠣᠷᠣᠭᠤᠯᠤᠭᠰᠠᠨ ᠬᠠᠮᠢᠶ᠎ᠠ ᠪᠦᠬᠦᠢ ᠲᠡᠮᠳᠡᠭᠯᠡᠯ ᠵᠢᠴᠢ ᠲᠣᠳᠣᠷᠬᠠᠶᠢᠯᠠᠯᠲᠠ ᠪᠠᠨ ᠦᠯᠡᠳᠡᠭᠡᠭᠦ ᠬᠡᠷᠩᠳᠠᠢ᠃
     ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠬᠡᠪᠰᠢᠭᠰᠡᠨ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠤᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠲᠥᠯᠥᠪᠯᠡᠭᠡ ᠲᠣᠭᠲᠠᠭᠠᠵᠤ᠂ ᠣᠯᠠᠨ ᠵᠦᠢᠯ ᠤᠨ ᠬᠡᠯᠪᠡᠷᠢ ᠪᠠᠷ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠠᠯᠠᠭ᠎ᠠ ᠮᠥᠴᠢᠷ ᠵᠢᠴᠢ ᠪᠠᠶᠢᠴᠠᠭᠠᠭᠳᠠᠬᠤ ᠡᠲᠡᠭᠡᠳ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ ᠪᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ 1 ᠣᠨ ᠵᠢᠯ ᠤᠨ ᠳᠣᠲᠣᠷ᠎ᠠ ᠲᠤᠰ ᠵᠠᠰᠠᠭ ᠵᠠᠬᠢᠷᠭᠠᠨ ᠤ ᠣᠷᠣᠨ ᠳᠠᠬᠢ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠢ ᠪᠦᠷᠢᠨ ᠪᠥᠷᠬᠦᠭᠦᠯᠬᠦ ᠶᠢ ᠪᠠᠲᠤᠯᠠᠬᠤ ᠬᠡᠷᠡᠭᠲᠡᠶ᠃
     ᠰᠢᠨ᠎ᠡ ᠪᠠᠷ ᠲᠣᠮᠢᠯᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠢ ᠣᠨ ᠤ ᠳᠣᠲᠣᠷ᠎ᠠ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠲᠤᠰᠬᠠᠶ ᠰᠡᠳᠦᠪᠲᠦ ᠪᠣᠯᠪᠠᠰᠤᠷᠠᠯ ᠳᠤ ᠣᠷᠣᠯᠴᠠᠬᠤ ᠬᠡᠷᠡᠭᠲᠡᠶ︔ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠨᠢ ᠵᠢᠯ ᠪᠦᠷᠢ ᠨᠠᠭᠠᠳᠣ ᠵᠠᠬ᠎ᠠ ᠳᠤ ᠪᠠᠨ 1 ᠤᠳᠠᠭ᠎ᠠ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠮᠡᠳᠡᠯᠭᠡ ᠪᠠᠨ ᠰᠢᠨᠡᠳᠬᠡᠬᠦ ᠪᠣᠯᠪᠠᠰᠤᠷᠠᠯ ᠳᠤ ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
     ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ︾ ᠪᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠳᠤ ᠲᠠᠶᠢᠯᠤᠮᠵᠢ ᠬᠢᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠷᠬᠡ ᠮᠡᠳᠡᠯ ᠢᠶᠠᠨ ᠦᠨᠳᠦᠰᠦᠯᠡᠨ᠂ ᠨᠢᠭᠤᠴᠠ ᠳᠤ ᠦᠯᠦ ᠬᠤᠯᠪᠣᠭᠳᠠᠬᠤ ᠪᠦᠷᠢᠣᠡᠭᠡᠭᠰᠡᠨ ᠳ᠋ᠠᠶᠢᠲ᠋ᠠ ᠪᠠᠨ ᠴᠠᠭ ᠲᠤᠬᠠᠶ ᠳᠤ ᠨᠢ ᠣᠨᠣᠪᠴᠢᠲᠠᠶ ᠨᠡᠶᠢᠲᠡᠯᠡᠬᠦ ᠪᠠ ᠬᠠᠩᠭᠠᠬᠤ ᠶᠢᠨ ᠬᠠᠮᠲᠤ᠂ ᠲᠤᠭ᠎ᠠ ᠪᠠᠷᠢᠮᠳᠠ ᠶᠢᠨ ᠢᠷᠡᠯᠲᠡ᠂ ᠪᠦᠷᠢᠣᠡᠭᠡᠭᠰᠡᠨ ᠠᠷᠭ᠎ᠠ᠂ ᠪᠦᠷᠢᠣᠡᠭᠡᠭᠰᠡᠨ ᠲᠦᠷᠣᠯᠵᠢᠯ᠂ ᠪᠦᠷᠢᠣᠡᠭᠡᠭᠰᠡᠨ ᠪᠠᠷᠢᠮᠵᠢᠶ᠎ᠠ᠂ ᠭᠦᠢᠴᠡᠳᠭᠡᠯ ᠲᠣᠭᠠᠨ ᠤ ᠤᠬᠠᠭᠳᠠᠬᠤᠨ ᠢ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠷᠢᠣᠡᠭᠡᠭᠰᠡᠨ ᠳ᠋ᠠᠶᠢᠲ᠋ᠠ ᠶᠢ ᠵᠥᠪ ᠢᠶᠠᠷ ᠣᠶᠢᠯᠠᠭᠠᠬᠤ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃
     ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ ᠲᠤᠭ᠎ᠠ ᠪᠦᠷᠢᠳᠬᠡᠯ ᠤᠨ ᠲᠤᠰᠬᠠᠶ ᠪᠤᠯᠤᠩ ᠭᠠᠷᠭᠠᠵᠤ᠂ ᠲᠤᠰᠬᠠᠶ ᠪᠤᠯᠤᠩ ᠤᠨ ᠮᠡᠳᠡᠭᠡ ᠵᠠᠩᠭᠢ ᠪᠠᠨ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃
     ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠳᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰᠬᠠᠶ ᠬᠥᠮᠦᠨ ᠵᠢᠭᠠᠨ ᠲᠣᠭᠲᠠᠭᠠᠵᠤ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠮᠬᠢᠯᠡᠨ ᠲᠢᠭᠯᠡᠭᠦᠯᠵᠦ᠂ ᠨᠢᠭᠤᠴᠠ ᠶᠢᠨ ᠳᠡᠰ ᠲᠣᠭᠲᠠᠭᠠᠨ᠂ ᠬᠠᠳᠠᠵᠣ ᠳᠡᠪᠲᠡᠷᠯᠡᠨ᠂ ᠴᠢᠬᠤᠯᠠ ᠪᠦᠬᠦᠢ ᠪᠡᠯᠡᠳᠬᠡᠮᠵᠢ ᠲᠣᠬᠢᠷᠠᠭᠤᠯᠵᠣ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠣᠯᠤᠭᠰᠠᠨ ᠪᠤᠶᠤ ᠪᠦᠷᠢᠯᠳᠣᠭ᠍ᠰᠡᠨ ᠪᠦᠬᠦ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠲᠤᠭ᠎ᠠ ᠪᠦᠷᠢᠳᠬᠡᠯ ᠤᠨ ᠠᠵᠢᠯ ᠢ ᠦᠨᠡᠨ ᠮᠥᠨ ᠢᠶᠠᠷ ᠨᠢ ᠲᠡᠮᠳᠡᠭᠯᠡᠵᠦ᠂ ᠪᠦᠬᠦ ᠲᠠᠯ᠎ᠠ ᠪᠠᠷ ᠲᠤᠰᠬᠠᠬᠤ ᠬᠡᠷᠡᠭᠲᠡᠶ᠃
     ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠣᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠤᠨ ᠠᠩᠬᠠᠨ ᠤ ᠮᠠᠲ᠋ᠧᠷᠢᠶᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠩᠬᠠᠨ ᠤ ᠲᠡᠮᠳᠡᠭᠯᠡᠯ ᠪᠠ ᠲᠤᠭ᠎ᠠ ᠪᠦᠷᠢᠳᠬᠡᠯ ᠤᠨ ᠳᠠᠩᠰᠠ ᠪᠠᠶᠢᠭᠤᠯᠵᠣ᠂ ᠨᠠᠭᠠᠳᠣ ᠵᠠᠬ᠎ᠠ ᠳᠤ ᠪᠠᠨ 2 ᠵᠢᠯ ᠬᠠᠳᠠᠭᠠᠯᠠᠬᠤ ᠬᠡᠷᠡᠭᠲᠡᠶ︔ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠠᠭᠠᠳᠣ ᠵᠠᠬ᠎ᠠ ᠳᠤ ᠪᠠᠨ 10 ᠵᠢᠯ ᠬᠠᠳᠠᠭᠠᠯᠠᠵᠤ᠂ ᠴᠢᠬᠤᠯᠠ ᠪᠦᠬᠦᠢ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠭᠦᠷᠢᠳᠡ ᠬᠠᠳᠠᠭᠠᠯᠠᠬᠤ ᠬᠡᠷᠡᠭᠲᠡᠶ᠃ ᠡᠯᠧᠺᠲᠷᠣᠨ ᠳ᠋ᠠᠶᠢᠲ᠋ᠠ ᠶᠢᠨ ᠲᠧᠺᠰᠲ ᠤᠨ ᠮᠠᠲ᠋ᠧᠷᠢᠶᠠᠯ ᠤᠨ ᠪᠡᠯᠡᠳᠬᠡᠯ ᠰᠢᠰᠲ᠋ᠧᠮ ᠢ ᠪᠠᠶᠢᠭᠤᠯᠬᠤ ᠶᠢᠨ ᠬᠠᠮᠲᠤ᠂ ᠤᠷᠳᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠢ᠃
     ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠶᠠᠰᠣ ᠴᠢᠨᠠᠷ ᠢ ᠬᠢᠨᠠᠨ ᠬᠠᠷᠭᠤᠭᠤᠯᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠳ᠋ᠠᠶᠢᠲ᠋ᠠ ᠳᠤ ᠦᠨᠡᠯᠡᠨ ᠵᠢᠱᠢᠯᠲᠡ ᠪᠠ ᠵᠠᠳᠠᠯᠤᠯᠲᠠ ᠬᠢᠬᠦ ᠪᠠᠨ ᠴᠢᠩᠭᠠᠳᠬᠠᠵᠤ᠂ ᠲᠤᠭ᠎ᠠ ᠪᠠᠷᠢᠮᠳᠠ ᠶᠢᠨ ᠬᠤᠭᠤᠷᠣᠨᠳᠣᠬᠢ ᠬᠤᠯᠪᠣᠭᠳᠠᠯᠳᠣ ᠴᠢᠨᠠᠷ᠂ ᠢᠵᠢᠯᠰᠢᠭᠦ ᠴᠢᠨᠠᠷ ᠪᠣᠯᠤᠨ ᠯᠣᠭᠢᠭ ᠴᠢᠨᠠᠷ ᠢ ᠣᠨᠣᠪᠴᠢᠲᠠᠶ ᠡᠵᠡᠮᠳᠡᠭᠦ ᠬᠡᠷᠡᠭᠲᠡᠶ᠃ ᠲᠤᠭ᠎ᠠ ᠪᠦᠷᠢᠳᠬᠡᠯ ᠤᠨ ᠳᠦᠷᠢᠮ ᠤᠨ ᠲᠣᠭᠲᠠᠭᠠᠯ ᠢ ᠦᠨᠳᠦᠰᠦᠯᠡᠨ᠂ ᠴᠢᠬᠤᠯᠠ ᠪᠦᠭᠦᠢ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠣ ᠴᠢᠨᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠴᠢᠬᠤᠯᠠ ᠪᠦᠭᠦᠢ ᠳ᠋ᠠᠶᠢᠲ᠋ᠠ ᠶᠢᠨ ᠬᠠᠨᠳᠤᠰᠢ ᠶᠢᠨ ᠴᠢᠨᠠᠷᠲᠠᠶ ᠠᠯᠳᠠᠭ᠎ᠠ ᠦᠭᠡᠶ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠢᠵᠢᠯᠰᠢᠭᠦ ᠴᠢᠨᠠᠷ ᠤᠨ ᠵᠣᠬᠢᠰᠲᠠᠶ ᠪᠠᠶᠢᠬᠤ ᠶᠢ ᠦᠨᠡᠨ ᠬᠦ ᠪᠠᠳᠣᠯᠠᠬᠤ ᠬᠡᠷᠩᠳᠠᠢ᠃ ᠲᠤᠰᠬᠠᠶ ᠮᠡᠷᠭᠡᠵᠢᠯ ᠬᠤᠪᠢᠶᠠᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︵ᠵᠢᠯ ᠪᠦᠷᠢ ᠳᠤ ᠨᠠᠭᠠᠳᠣ ᠵᠠᠬ᠎ᠠ ᠳᠤ ᠪᠠᠨ 2 ᠤᠳᠠᠭ᠎ᠠ ︶ ᠵᠣᠬᠢᠬᠤ ᠲᠣᠭᠠᠨ ᠤ ᠪᠠᠶᠢᠴᠠᠭᠠᠭᠳᠠᠬᠤ ᠡᠲᠡᠭᠡᠳ ᠢ ᠰᠣᠩᠭᠤᠨ ᠲᠤᠭ᠎ᠠ ᠪᠠᠷᠢᠮᠳᠠ ᠶᠢ ᠨᠢ ᠬᠠᠷᠭᠤᠭᠤᠯᠤᠨ ᠪᠠᠶᠢᠴᠠᠭᠠᠬᠤ ᠪᠤᠶᠤ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠠᠵᠢᠯ ᠥᠷᠨᠢᠭᠦᠯᠦᠨ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢᠨ ᠰᠦᠪᠡᠭᠴᠢ ᠶᠢ ᠳᠣᠲᠣᠭᠠᠳᠤ ᠳᠤ ᠪᠠᠨ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠠᠶᠢᠭᠤᠯᠬᠤ ᠬᠡᠷᠩᠳᠠᠢ᠃
     ᠠᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠲᠠᠯ᠎ᠠ ᠪᠠᠷ ᠬᠢ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠤ ᠬᠠᠷᠢᠭᠤᠴᠠᠯᠭ᠎ᠠ ᠶᠢ ᠨᠢ ᠲᠤᠲᠤᠷᠬᠠᠢ ᠲᠣᠭᠲᠠᠭᠠᠬᠤ ᠬᠡᠷᠡᠭᠲᠡᠶ︔ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠬᠠᠤᠯᠢ ᠬᠡᠷᠩᠵᠢᠭᠦᠯᠭᠦ ᠳᠤ ᠬᠢᠨᠠᠯᠲᠠ ᠲᠠᠯᠪᠢᠬᠤ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠬᠡᠷᠩᠵᠢᠭᠦᠯᠣᠯᠳᠡ ᠳᠤ ᠬᠢᠨᠠᠯᠲᠠ ᠲᠠᠯᠪᠢᠬᠤ ᠬᠦᠴᠦᠨ ᠢ ᠲᠡᠭᠦᠯᠳᠡᠷᠵᠢᠭᠦᠯᠭᠦ ᠬᠡᠷᠩᠳᠠᠢ᠃
     ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠬᠥᠮᠦᠵᠢᠭᠦᠯᠬᠦ ᠪᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠠᠵᠢᠯᠲᠠᠨ ᠤ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠬᠢᠷᠢ ᠬᠡᠮ ᠤᠨ ᠰᠢᠯᠭᠠᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠬᠠᠤᠯᠢ ᠬᠡᠷᠡᠭᠵᠢᠭᠦᠯᠬᠦ ᠬᠢᠷᠢ ᠬᠡᠮ ᠲᠠᠢ ᠬᠦᠮᠣᠨ ᠨᠠᠭᠠᠳᠣ ᠵᠠᠬ᠎ᠠ ᠳᠤ ᠪᠠᠨ 2 ᠠᠴᠠ ᠢᠯᠡᠭᠦᠦ ᠪᠠᠶᠢᠬᠤ ᠶᠢ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠮᠡᠳᠡᠯᠭᠡ ᠶᠢ ᠲᠣᠰ ᠱᠠᠲᠤᠨ ᠤ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠵᠡᠷᠭᠡ ᠤᠳᠤᠷᠢᠳᠬᠤ ᠺᠠᠳ᠋ᠷ ᠤᠨ ᠬᠥᠮᠦᠵᠢᠯ ᠪᠣᠯᠪᠠᠰᠤᠷᠠᠯ ᠳᠤ ᠵᠠᠪᠠᠯ ᠰᠤᠷᠬᠤ ᠬᠢᠴᠢᠶᠡᠯ ᠳᠤ ᠣᠷᠣᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ᠃ ᠵᠢᠯ ᠪᠦᠷᠢ ᠤᠳᠤᠷᠢᠳᠬᠤ ᠺᠠᠳ᠋ᠷ᠂ ᠠᠯᠪᠠᠨ ᠲᠤᠰᠢᠶᠠᠯᠲᠠᠨ ᠪᠠ ᠲᠤᠭ᠎ᠠ ᠪᠦᠷᠢᠳᠭᠡᠯ ᠤᠨ ᠪᠠᠶᠢᠴᠠᠭᠠᠭᠳᠠᠬᠤ ᠡᠲᠡᠭᠡᠳ ᠵᠡᠷᠭᠡ ᠳᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠢᠬᠦ ᠠᠵᠢᠯ ᠢ ᠥᠷᠨᠢᠭᠦᠯᠵᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ ᠢ ᠬᠠᠮᠢᠶᠠᠷᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭ᠎ᠠ ᠪᠦᠷᠢᠳᠬᠡᠯ ᠤᠨ ᠲᠦᠷᠢᠮ ᠤᠨ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠢ᠃
     ᠠᠷᠪᠠᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠪᠦᠷᠢᠨ᠂ ᠡᠭᠦᠷᠭᠡ ᠬᠠᠷᠢᠭᠤᠴᠠᠯᠭ᠎ᠠ ᠲᠣᠳᠣᠷᠬᠠᠶ᠂ ᠲᠤᠭ᠎ᠠ ᠪᠠᠷᠢᠮᠳᠠ ᠨᠢ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃
     ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠭᠦᠢᠴᠡᠳ ᠠᠰᠢᠭᠯᠠᠨ᠂ ᠦᠨᠳᠦᠰᠦᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠬᠥᠮᠥᠷᠭᠡ ᠶᠢ ᠬᠠᠮᠠᠭᠠᠯᠠᠨ ᠰᠢᠨᠡᠳᠬᠡᠬᠦ ᠠᠵᠢᠯ᠂ ᠢᠯᠠᠩᠭᠤᠶ᠎ᠠ ︽ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ᠂ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠪᠠ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠵᠤ ᠡᠵᠡᠩᠨᠡᠬᠦ ᠦᠢᠯᠡᠰ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠦᠢᠯᠡᠰ ᠪᠠ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ᠂ ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ︾ ᠤᠨ ᠨᠢᠭᠡᠴᠢ ᠶᠢ ᠲᠤᠭ᠎ᠠ ᠪᠦᠷᠢᠳᠭᠡᠯ ᠳᠤ ᠣᠷᠣᠭᠤᠯᠬᠤ ᠪᠠ ᠬᠥᠮᠥᠷᠭᠡ ᠠᠴᠠ ᠭᠠᠷᠭᠠᠬᠤ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤ ᠨᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠳᠡᠮᠵᠢᠭᠤᠯᠣᠨ ᠬᠦᠷᠭᠡᠬᠦ ᠶᠢᠨ ᠬᠠᠮᠲᠤ ᠪᠣᠳᠠᠲᠠᠶ ᠭᠠᠵᠠᠷ ᠲᠤ ᠨᠢ ᠬᠢᠨᠠᠨ ᠪᠠᠶᠢᠴᠠᠭᠠᠬᠤ ᠬᠡᠷᠡᠭᠲᠡᠶ᠃
     ᠪᠠᠶᠢᠴᠠᠭᠠᠭᠳᠠᠬᠤ ᠡᠲᠡᠭᠡᠳ ᠤᠨ ᠬᠠᠮᠢᠶᠠᠷᠤᠯᠲᠠ ᠪᠠᠨ ᠴᠢᠩᠭᠠᠣᠡᠬᠠᠵᠣ᠂ ᠪᠠᠶᠢᠴᠠᠭᠠᠭᠳᠠᠬᠤ ᠡᠲᠡᠭᠡᠳ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠨ ᠪᠠᠶᠢᠭᠤᠯᠤᠨ ᠪᠦᠷᠢᠨᠰᠢᠭᠦᠯᠵᠦ ᠶᠢ ᠬᠢᠨᠠᠨ ᠵᠢᠯᠣᠭᠤᠳᠴᠤ᠂ ᠪᠠᠶᠢᠴᠠᠭᠠᠭᠳᠠᠬᠤ ᠡᠲᠡᠭᠡᠳ ᠤᠨ ᠲᠤᠭ᠎ᠠ ᠪᠦᠷᠢᠳᠬᠡᠯ ᠤᠨ ᠠᠵᠢᠯᠲᠠᠨ ᠤ ᠬᠤᠪᠢᠷᠠᠯᠲᠠ ᠶᠢᠨ ᠳᠠᠩᠰᠠ ᠪᠠᠶᠢᠭᠤᠯᠤᠨ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠠᠩᠬᠠᠨ ᠤ ᠲᠡᠮᠳᠡᠭᠯᠡᠯ ᠵᠢᠴᠢ ᠡᠯᠧᠺᠲᠷᠣᠨ᠂ ᠴᠠᠭᠠᠰᠤᠨ ᠤ ᠲᠤᠭ᠎ᠠ ᠪᠦᠷᠢᠳᠬᠡᠯ ᠤᠨ ᠳᠠᠩᠰᠠ ᠪᠠᠨ ᠰᠠᠶᠢᠲᠤᠷ ᠬᠢᠬᠦ ᠶᠢ ᠨᠢ ᠵᠢᠭᠠᠨ ᠵᠢᠯᠣᠭᠤᠣᠡᠬᠤ ᠬᠡᠷᠩᠳᠠᠢ᠃
     ᠠᠷᠪᠠᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠤᠶᠤ ᠡᠯᠧᠺᠲᠷᠣᠨ ᠵᠠᠰᠠᠭ ᠤᠨ ᠶᠠᠪᠤᠳᠠᠯ ᠤᠨ ᠪᠦᠳᠣᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠨ ᠣᠷᠣᠭᠤᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠬᠠᠮᠤᠷᠤᠭᠰᠠᠨ ᠲᠤᠭ᠎ᠠ ᠪᠦᠷᠢᠳᠬᠡᠯ ᠤᠨ ᠰᠦᠯᠵᠢᠶᠡᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠠᠭᠯᠠᠨ ᠮᠡᠳᠡᠭᠦᠯᠬᠦ ᠪᠦᠬᠦ ᠶᠠᠪᠤᠴᠠ ᠶᠢᠨ  ᠡᠯᠧᠺᠲᠷᠣᠨᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
     ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠰᠬᠠᠶ ᠲᠣᠰᠢᠶᠠᠯᠳᠣ ᠪᠠ ᠲᠤᠰᠢᠶᠠᠯ ᠬᠠᠪᠰᠣᠷᠭᠠᠭᠰᠠᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢᠨ ᠠᠵᠢᠯᠯᠠᠭᠤᠯᠵᠤ ᠬᠠᠮᠠᠭᠠᠯᠠᠬᠤ ᠠᠵᠢᠯᠲᠠᠨ ᠢᠶᠠᠨ ᠲᠣᠭᠲᠠᠭᠠᠵᠤ᠂ ᠲᠤᠭ᠎ᠠ ᠪᠦᠷᠢᠳᠬᠡᠯ ᠤᠨ ᠳᠥᠷᠪᠡᠨ ᠱᠠᠲᠤᠨ ᠤ ᠲᠤᠰᠬᠠᠶ ᠰᠦᠯᠵᠢᠶ᠎ᠡ ᠶᠢᠨ ᠲᠣᠭᠲᠠᠭᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠣᠳᠣᠭᠠᠳᠣ ᠶᠢᠨ ᠪᠠ ᠭᠠᠳᠠᠨᠠᠬᠢ ᠰᠦᠯᠵᠢᠶᠡᠨ ᠤ ᠹᠢᠽᠢᠺ ᠤᠨ ᠲᠤᠰᠠᠭᠠᠷᠯᠠᠯ ᠢ ᠴᠢᠩᠭ᠎ᠠ ᠬᠡᠷᠡᠭᠵᠢᠭᠦᠯᠦᠨ᠂ ᠨᠢᠭᠡ ᠺᠣᠮᠫᠢᠦ᠋ᠲ᠋ᠧᠷ ᠢᠶᠠᠨ ᠢᠨᠲ᠋ᠧᠷ ᠰᠦᠯᠵᠢᠶ᠎ᠡ ᠪᠠ ᠲᠤᠭ᠎ᠠ ᠪᠦᠷᠢᠳᠬᠡᠯ ᠤᠨ ᠲᠤᠰᠬᠠᠶ ᠰᠦᠯᠵᠢᠶᠠᠨ ᠳᠤ ᠰᠣᠯᠪᠢᠴᠠᠭᠤᠯᠤᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃
     ᠭᠤᠷᠪᠠᠳᠤᠭᠠᠷ ᠪᠦᠯᠦᠭ  ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ
     ᠠᠷᠪᠠᠨ ᠭᠤᠷᠪᠠᠳᠤᠭᠠᠷ ᠵᠦᠢᠯ  ᠵᠢᠷᠣᠮᠵᠢᠭᠤᠨ ᠨᠢᠭᠡᠳᠣᠯᠳᠠᠢ᠂ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠶ᠂ ᠬᠠᠮᠲᠤᠷᠠᠨ ᠠᠵᠢᠯᠯᠠᠵᠤ ᠬᠠᠮᠲᠤ ᠪᠠᠷ ᠬᠦᠷᠲᠡᠬᠦ ᠵᠠᠷᠴᠢᠮ ᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠳᠤ ︽ᠵᠢᠷᠭᠤᠭ᠎ᠠ ᠶᠢ ᠵᠢᠷᠤᠮᠵᠢᠭᠤᠯᠵᠤ ᠲᠠᠪᠤ ᠶᠢ ᠴᠢᠩᠭᠠᠷᠠᠭᠤᠯᠬᠤ︾ ︵ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠢᠷᠤᠭ ᠲᠥᠯᠥᠪᠯᠡᠭᠡ ᠶᠢ ᠵᠢᠷᠤᠮᠵᠢᠭᠤᠯᠬᠤ᠂ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠨ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠢᠷᠤᠮᠵᠢᠭᠤᠯᠬᠤ᠂ ᠳ᠋ᠠᠶᠢᠲ᠋ᠠ ᠶᠢᠨ ᠨᠡᠶᠢᠲᠡᠯᠡᠬᠦ ᠠᠭᠤᠯᠭ᠎ᠠ ᠶᠢ ᠵᠢᠷᠤᠮᠵᠢᠭᠤᠯᠬᠤ᠂ ᠰᠠᠯᠠᠭ᠎ᠠ ᠮᠥᠴᠢᠷ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠴᠢᠩᠭᠠᠷᠠᠭᠤᠯᠬᠤ᠂ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠷᠠᠭᠤᠯᠬᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠷᠠᠭᠤᠯᠬᠤ᠂ ᠶᠠᠰᠤ ᠴᠢᠨᠠᠷ ᠢ ᠦᠨᠡᠯᠡᠨ ᠵᠢᠱᠢᠵᠦ ᠰᠢᠯᠭᠠᠨ ᠠᠪᠬᠤ ᠶᠢ ᠴᠢᠩᠭᠠᠷᠠᠭᠤᠯᠬᠤ᠂ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ︶ ᠪᠠᠷ ᠬᠠᠷᠠᠯᠲᠠ ᠪᠠᠨ ᠪᠣᠯᠭᠠᠵᠤ᠂ ᠳᠦᠷᠢᠮ ᠲᠣᠭᠲᠠᠭᠠᠯ ᠨᠢ ᠪᠦᠷᠢᠨ ᠲᠡᠭᠦᠯᠳᠡᠷ᠂ ᠠᠷᠭ᠎ᠠ ᠪᠠᠷᠢᠯ ᠨᠢ ᠰᠢᠨᠵᠢᠯᠡᠬᠦ ᠤᠬᠠᠭᠠᠨᠴᠢ᠂ ᠦᠢᠯᠡ ᠠᠵᠢᠯᠯᠠᠭ᠎ᠠ ᠨᠢ ᠴᠢᠩᠭ᠎ᠠ ᠨᠢᠮᠪᠠᠶ᠂ ᠶᠠᠪᠤᠴᠠ ᠶᠢ ᠨᠢ ᠡᠵᠡᠮᠳᠡᠵᠦ ᠲᠠᠶᠢᠯᠭᠦ᠂ ᠮᠡᠳᠡᠭᠡ ᠵᠠᠩᠬᠢᠴᠢᠯᠠᠯᠲᠠ ᠶᠢᠨ ᠬᠡᠮᠵᠢᠶ᠎ᠡ ᠪᠠᠷ ᠨᠡᠯᠢᠶᠡᠳ ᠥᠨᠳᠥᠷ ᠪᠠᠶᠢᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠬᠡᠷᠩᠳᠠᠢ᠃
     ᠠᠷᠪᠠᠨ ᠳᠥᠷᠪᠡᠳᠦᠭᠡᠷ ᠵᠦᠢᠯ  ᠰᠠᠯᠠᠭ᠎ᠠ ᠮᠥᠴᠢᠷ ᠤᠳ ᠨᠢ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠬᠦ ᠪᠠᠶᠢᠭᠤᠯᠤᠮᠵᠢ ᠪᠠ ᠠᠵᠢᠯᠲᠠᠨ ᠢᠶᠠᠨ ᠲᠤᠳᠤᠷᠬᠠᠢ ᠲᠣᠭᠲᠠᠭᠠᠵᠤ᠂ ᠲᠤᠭ᠎ᠠ ᠪᠦᠷᠢᠳᠬᠡᠯ ᠤᠨ ᠡᠯ᠎ᠡ ᠭᠤᠭᠴᠤᠭᠠᠨ ᠤ ᠠᠵᠢᠯ ᠢ ᠵᠢᠷᠤᠮᠵᠢᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠣᠨ ᠦᠷᠨᠢᠭᠦᠯᠵᠣ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢᠨ ᠦᠨᠡᠨ ᠪᠣᠳᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠲᠤᠭ᠎ᠠ ᠪᠦᠷᠢᠳᠬᠡᠯ ᠤᠨ ᠬᠠᠷᠢᠭᠤᠴᠠᠯᠭᠠᠲᠠᠨ ᠪᠠ ᠨᠢᠭᠡᠴᠢ ᠳᠠᠬᠢ ᠲᠤᠭ᠎ᠠ ᠪᠦᠷᠢᠳᠬᠡᠯ ᠤᠨ ᠠᠵᠢᠯ ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠨ ᠲᠣᠳᠣᠷᠬᠠᠶᠢᠯᠠᠵᠤ᠂ ᠲᠤᠭ᠎ᠠ ᠪᠦᠷᠢᠳᠬᠡᠯ ᠤᠨ ᠠᠵᠢᠯᠲᠠᠨ ᠢ ᠪᠦᠷᠢᠨ ᠴᠢᠩᠭ᠎ᠠ ᠲᠣᠬᠢᠷᠠᠭᠤᠯᠬᠤ ᠶᠢᠨ ᠬᠠᠮᠲᠤ ᠬᠠᠷᠢᠴᠠᠩᠭᠤᠶ ᠲᠣᠭᠲᠠᠭᠤᠨ ᠪᠠᠶᠢᠯᠭᠠᠬᠤ ᠶᠢ ᠪᠠᠳᠣᠯᠠᠵᠣ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠢᠭᠠᠨ ᠵᠢᠯᠣᠭᠤᠳᠣᠯᠭ᠎ᠠ ᠶᠢ ᠬᠦᠯᠢᠶᠡᠵᠦ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠤᠰ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯᠲᠠᠨ ᠳᠤ ᠲᠣᠬᠢᠷᠠᠭᠤᠯᠤᠯᠲᠠ ᠬᠢᠭᠰᠡᠨ ᠬᠤᠪᠢᠷᠠᠯᠲᠠ ᠪᠠᠶᠢᠳᠠᠯ ᠢᠶᠠᠨ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃
     ᠠᠷᠪᠠᠨ ᠲᠠᠪᠤᠳᠤᠭᠠᠷ ᠵᠦᠢᠯ  ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠨᠢ ᠠᠵᠢᠯ ᠤᠨ ᠡᠭᠦᠷᠭᠡ᠂ ᠲᠣᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠶᠠᠰᠤ ᠴᠢᠨᠠᠷ ᠤᠨ ᠱᠠᠭᠠᠷᠳᠠᠯᠭ᠎ᠠ ᠪᠠ ᠠᠬᠢᠴᠠ ᠶᠢᠨ ᠲᠣᠬᠢᠷᠠᠭᠤᠯᠤᠯᠲᠠ ᠪᠠᠷ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠪᠣᠯᠤᠨ ᠨᠤᠲᠠᠯᠠᠯᠲᠠ ᠶᠢ ᠬᠢᠨᠠᠮᠠᠭᠠᠶ ᠥᠷᠨᠢᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠪᠴᠢᠶ᠎ᠡ ᠶᠢ ᠣᠨᠣᠪᠴᠢᠲᠠᠶ ᠲᠣᠭᠲᠠᠭᠠᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠭᠤᠯᠭ᠎ᠠ ᠶᠢ ᠵᠦᠶ ᠵᠣᠬᠢᠰᠲᠠᠶ ᠵᠢᠷᠤᠭᠯᠠᠨ ᠲᠥᠯᠥᠪᠯᠡᠵᠦ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠵᠠᠷᠴᠢᠮ ᠢ ᠴᠢᠩᠭ᠎ᠠ ᠬᠡᠷᠡᠭᠵᠢᠭᠦᠯᠵᠦ᠂ ᠭᠦᠢᠴᠡᠳᠭᠡᠯ ᠲᠤᠭ᠎ᠠ ᠶᠢᠨ ᠨᠡᠷᠡᠶᠢᠳᠦᠯ ᠤᠨ ᠵᠢᠷᠤᠮᠵᠢᠭᠤᠨ ᠪᠥᠭᠡᠳ ᠨᠢᠭᠡᠳᠦᠯᠲᠡᠶ ᠪᠠᠶᠢᠬᠤ᠂ ᠲᠠᠶᠢᠯᠪᠤᠷᠢ ᠨᠢ ᠳᠥᠭᠦᠮ ᠣᠶᠢᠯᠠᠭᠠᠮᠵᠢᠲᠠᠶ᠂ ᠪᠣᠳᠣᠬᠤ ᠠᠷᠭ᠎ᠠ ᠨᠢ ᠰᠢᠨᠵᠢᠯᠡᠬᠦ ᠤᠬᠠᠭᠠᠨᠴᠢ᠂ ᠪᠠᠶᠢᠴᠠᠭᠠᠯᠲᠠ ᠶᠢᠨ ᠬᠦᠰᠦᠨᠦᠭᠲᠦ ᠶᠢᠨ ᠬᠡᠯᠪᠡᠷᠢ ᠶᠢᠨ ᠪᠦᠲᠦᠴᠡ ᠨᠢ ᠵᠦᠶ ᠵᠣᠬᠢᠰᠲᠠᠶ᠂ ᠲᠠᠭᠯᠠᠵᠣ ᠮᠡᠳᠡᠭᠦᠯᠬᠦ ᠳᠤ ᠳᠥᠭᠦᠮ ᠪᠠᠶᠢᠬᠤ ᠶᠢ ᠪᠠᠲᠤᠯᠠᠬᠤ ᠬᠡᠷᠡᠭᠲᠡᠶ︔ ᠰᠠᠯᠠᠭ᠎ᠠ ᠮᠥᠴᠢᠷ ᠤᠨ ᠬᠠᠮᠢᠶᠠᠷᠤᠯᠲᠠ ᠶᠢ ᠡᠩ ᠲᠡᠷᠢᠭᠦᠨ ᠳᠤ ᠬᠡᠷᠡᠭᠯᠡᠵᠦ ᠪᠦᠷᠢᠯᠳᠣᠭ᠍ᠰᠡᠨ ᠵᠠᠰᠠᠭ ᠵᠠᠬᠢᠷᠭᠠᠨ ᠤ ᠲᠡᠮᠳᠡᠭᠯᠡᠯ ᠵᠢᠴᠢ ᠡᠯ᠎ᠡ ᠲᠥᠷᠥᠯ ᠤᠨ ᠲᠣᠮᠣ ᠳ᠋ᠠᠶᠢᠲ᠋ᠠ ᠵᠡᠷᠭᠡ ᠪᠤᠰᠤᠳ ᠳ᠋ᠠᠶᠢᠲ᠋ᠠ ᠶᠢᠨ ᠢᠷᠡᠯᠲᠡ ᠳᠤ᠂ ᠥᠯᠢᠭᠡᠷ ᠠᠪᠴᠤ ᠪᠠᠶᠢᠴᠠᠭᠠᠯᠲᠠ ᠬᠢᠬᠦ᠂ ᠭᠤᠤᠯᠳᠠᠯᠭ᠎ᠠ ᠲᠠᠢ ᠪᠠᠶᠢᠴᠠᠭᠠᠯᠲᠠ ᠬᠢᠬᠦ᠂ ᠨᠡᠶᠢᠲᠡᠯᠢᠭ ᠪᠠᠶᠢᠴᠠᠭᠠᠯᠲᠠ ᠬᠢᠬᠦ ᠨᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠪᠡᠯ᠂ ᠪᠥᠬᠦ ᠲᠠᠯ᠎ᠠ ᠶᠢᠨ ᠪᠠᠶᠢᠴᠠᠭᠠᠯᠲᠠ ᠶᠢ ᠥᠷᠨᠢᠭᠦᠯᠬᠦ ᠥᠬᠡᠶ︔ ᠳ᠋ᠠᠶᠢᠲ᠋ᠠ ᠶᠢ ᠦᠨᠡᠯᠡᠨ ᠵᠢᠱᠢᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠳ᠋ᠠᠶᠢᠲ᠋ᠠ ᠶᠢ ᠴᠤᠭᠯᠠᠭᠤᠯᠤᠨ ᠰᠢᠢᠳᠪᠦᠷᠢᠯᠡᠬᠦ ᠲᠠᠪᠴᠠᠩ ᠤᠨ ᠵᠢᠷᠤᠭ ᠲᠥᠯᠥᠪᠯᠡᠭᠡ ᠨᠢ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠬᠡᠷᠡᠭᠲᠡᠶ᠃
     ᠠᠷᠪᠠᠨ ᠵᠢᠷᠭᠤᠳᠤᠭᠠᠷ ᠵᠦᠢᠯ  ᠰᠠᠯᠠᠭ᠎ᠠ ᠮᠥᠴᠢᠷ ᠤᠨ ᠦᠪᠠᠰᠣᠪᠡᠨ ᠲᠣᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠰᠢᠯᠢᠳᠡᠭᠵᠢᠭᠦᠯᠦᠨ ᠴᠤᠮᠬᠠᠳᠬᠠᠵᠤ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠬᠠᠷᠠᠭᠤᠯᠬᠤ ᠶᠢᠨ ᠬᠠᠮᠲᠤ᠂ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠨᠢ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠬᠢᠭᠡᠳ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠬᠤᠪᠢᠶᠠᠷᠢᠯᠠᠯ ᠤᠨ ᠵᠠᠷᠴᠢᠮ ᠳᠤ ᠨᠡᠶᠢᠴᠡᠬᠦ ᠮᠥᠷᠲᠡᠭᠡᠨ ᠲᠤᠰ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠤᠶᠤ ᠲᠤᠬᠠᠶᠢᠯᠠᠭᠰᠠᠨ ᠠᠵᠢᠯ ᠯᠤᠭ᠎ᠠ ᠨᠢᠭᠡᠳᠦᠯᠲᠡᠶ ᠪᠠᠶᠢᠵᠤ᠂ ᠭᠤᠣᠯ ᠠᠭᠤᠯᠭ᠎ᠠ ᠨᠢ ᠤᠯᠤᠰ᠂ ᠪᠤᠰᠤᠳ ᠰᠠᠯᠠᠭ᠎ᠠ ᠮᠥᠴᠢᠷ ᠪᠤᠶᠤ ᠨᠢᠭᠡᠨᠲᠡ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠠᠭᠤᠯᠭ᠎ᠠ ᠯᠤᠭ᠎ᠠ ᠳᠠᠪᠬᠤᠷᠳᠠᠵᠤ ᠪᠣᠯᠬᠤ

ᠦᠭᠡᠶ᠃
     ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠲᠣᠭᠲᠠᠭᠠᠬᠤ ᠳᠤ ᠲᠤᠰ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠷᠭ᠎ᠠ ᠶᠢ ᠵᠡᠷᠭᠡ ᠳᠤ ᠨᠢ ᠲᠣᠭᠲᠠᠭᠠᠵᠤ᠂ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠯᠡᠬᠦ ᠬᠡᠷᠡᠭᠲᠡᠶ︔ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠪᠠᠶᠢᠬᠤ ᠦᠭᠡᠢ ᠪᠣᠯ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠯᠡᠵᠦ ᠪᠣᠯᠤᠨ᠎ᠠ᠃ ᠲᠤᠭ᠎ᠠ ᠪᠦᠷᠢᠳᠬᠡᠯ ᠤᠨ ᠪᠠᠷᠢᠮᠵᠢᠶ᠎ᠠ᠂ ᠲᠤᠭ᠎ᠠ ᠪᠦᠷᠢᠳᠬᠡᠯ ᠤᠨ ᠲᠦᠷᠦᠯᠵᠢᠯ ᠳᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠬᠠᠮᠢᠶ᠎ᠠ ᠪᠦᠬᠦᠢ ᠳᠦᠷᠢᠮ ᠲᠣᠭᠲᠠᠭᠠᠯ ᠢ ᠦᠨᠳᠦᠰᠦᠯᠡᠨ ᠲᠣᠬᠢᠷᠠᠭᠤᠯᠤᠯᠲᠠ ᠬᠢᠬᠦ ᠶᠢᠨ ᠬᠠᠮᠲᠤ᠂ ᠲᠠᠶᠢᠯᠪᠣᠷᠢᠯᠠᠨ ᠲᠣᠳᠣᠷᠬᠠᠢᠯᠠᠬᠤ ᠬᠡᠷᠡᠭᠲᠡᠶ᠃
     ᠬᠢᠨᠠᠨ ᠵᠥᠪᠰᠢᠶᠡᠷᠡᠭᠦᠯᠬᠦ ᠭᠠᠷᠳᠠᠮ ᠢᠶᠠᠨ ᠭᠦᠢᠴᠡᠳᠬᠡᠭᠰᠡᠨ ᠦᠭᠡᠢ ᠪᠤᠶᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠣᠯᠵᠤ ᠮᠡᠳᠡᠪᠡᠯ ᠳᠠᠷᠦ᠋ᠢᠬᠠᠨ ᠵᠠᠷᠯᠢᠭᠳᠠᠨ ᠵᠣᠭᠰᠣᠭᠠᠬᠤ ᠶᠢᠨ ᠬᠠᠮᠲᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠬᠦ ᠬᠡᠷᠡᠭᠲᠡᠶ᠃
     ᠠᠷᠪᠠᠨ ᠳᠣᠯᠣᠳᠤᠭᠠᠷ ᠵᠦᠢᠯ  ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠳᠠ ᠴᠤᠭᠯᠠᠭᠤᠯᠬᠤ᠂ ᠲᠤᠭ᠎ᠠ ᠪᠠᠷᠢᠮᠳᠠ ᠰᠢᠢᠳᠪᠦᠷᠢᠯᠡᠬᠦ᠂ ᠶᠠᠰᠣ ᠴᠢᠨᠠᠷ ᠢ ᠡᠵᠡᠮᠳᠡᠬᠦ ᠪᠠ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠤᠨ ᠴᠤᠪᠤᠷᠠᠯ ᠢ ᠴᠢᠩᠭ᠎ᠠ ᠵᠢᠷᠤᠮᠵᠢᠭᠤᠯᠤᠨ᠂ ᠪᠦᠷᠢᠣᠡᠭᠡᠨ ᠪᠠᠶᠢᠴᠠᠭᠠᠭᠳᠠᠬᠤ ᠡᠲᠡᠭᠡᠳ ᠢ ᠲᠣᠭᠲᠠᠭᠠᠵᠤ᠂ ᠲᠤᠭ᠎ᠠ ᠪᠠᠷᠢᠮᠳᠠ ᠴᠤᠭᠯᠠᠭᠤᠯᠵᠤ ᠰᠢᠢᠳᠪᠦᠷᠢᠯᠡᠬᠦ ᠲᠠᠪᠴᠠᠩ ᠤᠨ ᠰᠢᠯᠭᠠᠨ ᠬᠤᠷᠢᠶᠠᠵᠤ ᠠᠪᠬᠤ ᠪᠠᠶᠢᠷᠢᠯᠠᠭᠤᠯᠤᠯᠲᠠ ᠶᠢ ᠪᠡᠶᠡᠯᠡᠭᠦᠯᠦᠨ᠂ ᠪᠠᠶᠢᠴᠠᠭᠠᠭᠳᠠᠬᠤ ᠡᠲᠡᠭᠡᠳ ᠢ ᠵᠢᠭᠠᠨ ᠵᠢᠯᠣᠭᠤᠳᠴᠤ ᠪᠠᠶᠢᠭᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠦᠨᠳᠦᠰᠦᠯᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠪᠡᠶ᠎ᠡ ᠪᠠᠨ ᠳᠠᠭᠠᠭᠠᠨ ᠵᠥᠪ ᠢᠶᠠᠷ ᠲᠠᠭᠯᠠᠨ ᠮᠡᠳᠡᠭᠦᠯᠵᠦ᠂ ᠠᠩᠬᠠᠨ ᠤ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠭᠥᠯᠢᠶᠡᠨ ᠠᠪᠬᠤ ᠪᠠ ᠬᠢᠨᠠᠨ ᠪᠠᠶᠢᠴᠠᠭᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠳᠡᠭᠡᠷ᠎ᠡ ᠨᠢᠭᠡ ᠱᠠᠲᠤᠨ ᠤ ᠰᠠᠯᠠᠭ᠎ᠠ ᠮᠥᠴᠢᠷ ᠨᠢ ᠳᠤᠤᠷ᠎ᠠ ᠨᠢᠭᠡ ᠱᠠᠲᠤᠨ ᠤ ᠲᠤᠭ᠎ᠠ ᠪᠠᠷᠢᠮᠲᠠ ᠳᠤ ᠦᠨᠡᠯᠡᠨ ᠵᠢᠱᠢᠯᠲᠡ ᠬᠢᠬᠦ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠬᠠᠷᠢᠭᠤ ᠲᠤᠰᠬᠠᠬᠤ ᠬᠡᠷᠡᠭᠲᠡᠶ᠃
     ᠠᠷᠪᠠᠨ ᠨᠠᠢᠮᠠᠳᠤᠭᠠᠷ ᠵᠦᠢᠯ  ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠪᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ ᠮᠥᠷᠲᠡᠭᠡᠨ ᠵᠢᠯ ᠪᠦᠷᠢ ᠨᠠᠭᠠᠳᠣ ᠵᠠᠬ᠎ᠠ ᠳᠤ ᠪᠠᠨ 1 ᠤᠳᠠᠭ᠎ᠠ ᠪᠣᠯᠪᠠᠰᠤᠷᠠᠯ ᠬᠢᠬᠦ ᠶᠢᠨ ᠬᠠᠮᠲᠤ᠂ ᠬᠡᠪᠰᠢᠵᠢᠭᠦᠯᠦᠭᠰᠡᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠪᠣᠯᠪᠠᠰᠤᠷᠠᠯ ᠨᠢ ᠪᠦᠬᠦ ᠲᠠᠯ᠎ᠠ ᠶᠢᠨ ᠪᠦᠭᠡᠳ ᠰᠢᠰᠲ᠋ᠧᠮ ᠲᠠᠢ ᠪᠠᠶᠢᠵᠣ᠂ ᠬᠠᠨᠳᠤᠯᠭᠠᠲᠤ ᠴᠢᠨᠠᠷ ᠪᠠ ᠠᠵᠢᠯᠯᠠᠭᠠᠨᠲᠤ ᠴᠢᠨᠠᠷ ᠢ ᠳᠣᠪᠣᠶᠢᠯᠭᠠᠨ᠂ ᠲᠤᠭ᠎ᠠ ᠪᠦᠷᠢᠳᠭᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠣᠨᠣᠪᠴᠢᠲᠠᠶ ᠣᠶᠢᠯᠠᠭᠠᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢᠨ ᠦᠨᠡᠨ ᠪᠣᠳᠠᠲᠤ ᠴᠢᠨᠠᠷ ᠢ ᠪᠠᠳᠣᠯᠠᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠴᠢᠳᠠᠪᠤᠷᠢ ᠪᠠ ᠬᠢᠷᠢ ᠲᠦᠪᠰᠢᠨ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
     ᠠᠷᠪᠠ ᠶᠢᠰᠦᠳᠦᠭᠡᠷ ᠵᠦᠢᠯ  ᠰᠠᠯᠠᠭ᠎ᠠ ᠮᠥᠴᠢᠷ ᠨᠢ ᠳ᠋ᠠᠶᠢᠲ᠋ᠠ ᠨᠡᠶᠢᠲᠡᠯᠡᠬᠦ ᠬᠤᠯᠪᠣᠭᠳᠠᠯ ᠪᠦᠬᠦᠢ ᠲᠣᠭᠲᠠᠭᠠᠯ ᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠲᠤᠰ ᠰᠠᠯᠠᠭ᠎ᠠ ᠮᠥᠴᠢᠷ ᠤᠨ ᠢᠶᠠᠨ ᠲᠤᠭ᠎ᠠ ᠪᠦᠷᠢᠳᠬᠡᠯ ᠤᠨ ᠳ᠋ᠠᠶᠢᠲ᠋ᠠ ᠶᠢ ᠨᠡᠶᠢᠲᠡᠯᠡᠬᠦ ᠶᠢᠨ ᠬᠠᠮᠲᠤ ᠪᠠᠰᠠ ᠳ᠋ᠠᠶᠢᠲ᠋ᠠ ᠶᠢᠨ ᠢᠷᠡᠯᠲᠡ᠂ ᠪᠦᠷᠢᠣᠡᠭᠡᠭᠰᠡᠨ ᠠᠷᠭ᠎ᠠ᠂ ᠪᠦᠷᠢᠣᠡᠭᠡᠭᠰᠡᠨ ᠲᠦᠷᠦᠯᠵᠢᠯ᠂ ᠪᠦᠷᠢᠣᠡᠭᠡᠭᠰᠡᠨ ᠪᠠᠷᠢᠮᠵᠢᠶ᠎ᠠ᠂ ᠭᠦᠢᠴᠡᠳᠭᠡᠯ ᠲᠤᠭ᠎ᠠ ᠶᠢᠨ ᠤᠬᠠᠭᠳᠠᠬᠤᠨ ᠵᠡᠷᠭᠡ ᠶᠢ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠭ᠎ᠠ ᠪᠦᠷᠢᠳᠬᠡᠯ ᠤᠨ ᠳ᠋ᠠᠶᠢᠲ᠋ᠠ ᠶᠢ ᠵᠥᠪ ᠢᠶᠠᠷ ᠣᠶᠢᠯᠠᠭᠠᠨ ᠬᠡᠷᠡᠭᠯᠡᠬᠦ ᠶᠢ ᠪᠠᠲᠤᠯᠠᠬᠤ ᠬᠡᠷᠡᠭᠲᠡᠶ᠃
     ᠬᠤᠷᠢᠳᠤᠭᠠᠷ ᠵᠦᠢᠯ  ᠰᠠᠯᠠᠭ᠎ᠠ ᠮᠥᠴᠢᠷ ᠨᠢ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠣᠭᠲᠠᠭᠠᠭᠰᠠᠨ

︽ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ︾ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠪᠠ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠵᠢᠷᠤᠮᠵᠢᠭᠤᠯᠬᠤ ᠬᠡᠷᠡᠭᠲᠡᠶ︔ ᠲᠤᠰ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠯᠤᠭ᠎ᠠ ᠳ᠋ᠠᠶᠢᠲ᠋ᠠ ᠶᠢᠨ ᠮᠡᠳᠡᠭᠡ ᠵᠠᠩᠭᠢ ᠶᠢ ᠵᠣᠯᠭᠠᠭᠤᠯᠬᠤ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠪᠤᠶᠤ ᠣᠯᠠᠨ ᠲᠠᠯ᠎ᠠ ᠶᠢᠨ ᠵᠥᠪᠯᠡᠯᠴᠡᠭᠡᠷ ᠤᠨ ᠬᠡᠯᠪᠡᠷᠢ ᠪᠠᠷ ᠳᠠᠮᠵᠢᠭᠤᠯᠤᠨ᠂ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠠᠭᠤᠯᠭ᠎ᠠ᠂ ᠠᠷᠭ᠎ᠠ ᠮᠠᠶ᠋ᠢᠭ᠂ ᠴᠠᠭ ᠤᠨ ᠬᠢᠵᠠᠭᠠᠷ᠂ ᠵᠠᠮ ᠮᠦᠷ ᠵᠢᠴᠢ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠲᠣᠳᠣᠷᠬᠠᠶᠢᠯᠠᠵᠤ᠂ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠨᠡᠷᠡᠰ ᠤᠨ ᠬᠥᠮᠥᠷᠭᠡ ᠶᠢᠨ ᠮᠡᠳᠡᠭᠡ ᠵᠠᠩᠭᠢ ᠵᠢᠴᠢ ᠳ᠋ᠠᠶᠢᠲ᠋ᠠ ᠶᠢᠨ ᠲᠠᠯ᠎ᠠ ᠳᠠᠬᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃
     ᠬᠤᠷᠢᠨ ᠨᠢᠭᠡᠳᠦᠭᠡᠷ ᠵᠦᠢᠯ  ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠴᠠᠭ ᠲᠤᠬᠠᠶ ᠳᠤ ᠨᠢ ᠰᠠᠯᠠᠭ᠎ᠠ ᠮᠥᠴᠢᠷ ᠢ ᠬᠠᠮᠵᠢᠨ ᠦᠨᠳᠦᠰᠦᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠬᠥᠮᠥᠷᠭᠡ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠣᠷᠣᠯᠠᠬᠤ ᠨᠣᠮᠧᠷ ᠤᠨ ᠬᠥᠮᠥᠷᠭᠡ ᠵᠡᠷᠭᠡ ᠲᠤᠭ᠎ᠠ ᠪᠦᠷᠢᠳᠬᠡᠯ ᠤᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠰᠢᠨᠡᠳᠬᠡᠨ ᠬᠠᠮᠠᠭᠠᠯᠠᠵᠤ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠬᠢᠵᠢᠭᠦᠯᠭᠦ ᠬᠡᠷᠡᠭᠲᠡᠶ᠃
     ᠰᠠᠯᠠᠭ᠎ᠠ ᠮᠥᠴᠢᠷ ᠤᠳ ᠨᠢᠭᠡᠴᠢ ᠶᠢᠨ ᠰᠠᠭᠤᠷᠢ ᠮᠡᠳᠡᠭᠡ ᠵᠠᠩᠭᠢ ᠪᠠᠨ ᠨᠠᠷᠢᠯᠢᠭᠵᠢᠭᠤᠯᠣᠨ ᠥᠷᠭᠡᠳᠬᠡᠵᠦ᠂ ᠵᠠᠪᠡᠯ ᠱᠠᠭᠠᠷᠳᠠᠭᠳᠠᠬᠤ ᠠᠵᠢᠯᠲᠠᠨ᠂ ᠵᠠᠷᠤᠳᠠᠯ᠂ ᠲᠥᠬᠦᠭᠡᠷᠦᠮᠵᠢ᠂ ᠰᠦᠯᠵᠢᠶ᠎ᠡ ᠪᠠ ᠪᠣᠯᠪᠠᠰᠤᠷᠠᠯ ᠵᠡᠷᠭᠡ ᠠᠵᠢᠯ ᠤᠨ ᠨᠥᠬᠦᠴᠡᠯ ᠢ ᠪᠠᠲᠤᠯᠠᠵᠤ᠂ ᠲᠤᠭ᠎ᠠ ᠪᠠᠷᠢᠮᠳᠠ ᠶᠢᠨ ᠡᠬᠢ ᠢᠷᠡᠯᠲᠡ ᠶᠢᠨ ᠶᠠᠰᠤ ᠴᠢᠨᠠᠷ ᠤᠨ ᠰᠠᠭᠤᠷᠢ ᠶᠢ ᠪᠠᠬᠢᠵᠢᠭᠦᠯᠭᠦ ᠬᠡᠷᠡᠭᠲᠡᠶ᠃
     ᠬᠤᠷᠢᠨ ᠬᠤᠶᠠᠳᠤᠭᠠᠷ ᠵᠦᠢᠯ  ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠳᠤ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠲᠠᠯ᠎ᠠ ᠳᠠᠬᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠨ᠂ ᠲᠤᠭ᠎ᠠ ᠪᠦᠷᠢᠳᠬᠡᠯ ᠳᠤ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠲᠤᠰ ᠰᠢᠰᠲ᠋ᠧᠮ ᠤᠨ ᠪᠠᠶᠢᠩᠭᠤ ᠶᠢᠨ ᠴᠢᠨᠠᠷᠲᠠᠶ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠳᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃
     ᠬᠤᠷᠢᠨ ᠭᠤᠷᠪᠠᠳᠤᠭᠠᠷ ᠵᠦᠢᠯ  ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠤ ᠴᠢᠨᠠᠷ ᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠳ᠋ᠠᠶᠢᠲ᠋ᠠ ᠶᠢᠨ ᠶᠠᠰᠤ ᠴᠢᠨᠠᠷ ᠢ ᠦᠨᠡᠯᠡᠨ ᠵᠢᠱᠢᠬᠦ ᠪᠠᠨ ᠲᠤᠭ᠎ᠠ ᠪᠠᠷᠢᠮᠳᠠ ᠮᠡᠳᠡᠭᠦᠯᠭᠦ ᠪᠠ ᠨᠡᠶᠢᠲᠡᠯᠡᠬᠦ ᠠᠴᠠ ᠡᠮᠦᠨᠡᠬᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠣᠯᠭᠠᠨ᠂ ᠦᠨᠡᠯᠡᠨ ᠵᠢᠱᠢᠬᠦ ᠠᠵᠢᠯ ᠨᠢ ᠵᠢᠷᠣᠮᠵᠢᠭᠤᠯᠣᠨ ᠨᠢᠭᠡᠳᠣᠯᠳᠠᠢ ᠪᠠᠶᠢᠬᠤ ᠬᠡᠷᠡᠭᠲᠡᠶ᠃ ᠬᠠᠤᠯᠢ ᠶᠣᠰᠣᠭᠠᠷ ᠪᠠᠶᠢᠴᠠᠭᠠᠭᠠᠳ ᠣᠯᠤᠭᠰᠠᠨ ᠭᠤᠣᠯ ᠪᠣᠯᠬᠤ ᠲᠤᠭ᠎ᠠ ᠪᠦᠷᠢᠳᠬᠡᠯ ᠤᠨ ᠭᠦᠢᠴᠡᠳᠭᠡᠯ ᠲᠣᠭᠠᠨ ᠤ ᠳ᠋ᠠᠶᠢᠲ᠋ᠠ ᠳᠤ ᠰᠢᠨᠵᠢᠯᠡᠬᠦ ᠤᠬᠠᠭᠠᠨᠴᠢ ᠪᠠᠷ ᠪᠦᠷᠢᠳᠭᠡᠬᠦ ᠠᠷᠭ᠎ᠠ ᠪᠠ ᠪᠦᠲᠦᠮᠵᠢᠲᠡᠶ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠶᠠᠰᠤ ᠴᠢᠨᠠᠷ ᠢ ᠨᠢ ᠦᠨᠡᠯᠡᠨ ᠵᠢᠱᠢᠵᠦ᠂ ᠲᠤᠭ᠎ᠠ ᠪᠠᠷᠢᠮᠳᠠ ᠶᠢᠨ ᠬᠤᠭᠤᠷᠣᠨᠳᠣᠬᠢ ᠬᠤᠯᠪᠣᠭᠳᠠᠯᠳᠣ ᠴᠢᠨᠠᠷ᠂ ᠢᠵᠢᠯᠰᠢᠭᠦ ᠴᠢᠨᠠᠷ ᠪᠠ ᠯᠣᠭᠢᠭ ᠴᠢᠨᠠᠷ ᠢ ᠣᠨᠣᠪᠴᠢᠲᠠᠶ ᠡᠵᠡᠮᠰᠢᠬᠦ ᠬᠡᠷᠡᠭᠲᠡᠶ᠃
     ᠬᠤᠷᠢᠨ ᠳᠥᠷᠪᠡᠳᠦᠭᠡᠷ ᠵᠦᠢᠯ  ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠶᠢ ᠡᠯᠧᠺᠲᠷᠤᠨᠴᠢᠯᠠᠬᠤ ᠪᠠ ᠰᠦᠯᠵᠢᠶᠡᠵᠢᠭᠦᠯᠬᠦ ᠶᠢ ᠪᠡᠶᠡᠯᠡᠭᠦᠯᠦᠨ᠂ ᠲᠤᠭ᠎ᠠ ᠪᠦᠷᠢᠳᠬᠡᠯ ᠤᠨ ᠦᠢᠯᠡᠣᠡᠪᠣᠷᠢᠯᠡᠭᠦ ᠬᠦᠴᠣᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠪᠠ ᠠᠵᠢᠯᠯᠠᠭᠤᠯᠤᠨ ᠬᠠᠮᠠᠭᠠᠯᠠᠬᠤ ᠠᠵᠢᠯ ᠢ ᠴᠢᠩᠭᠠᠳᠬᠠᠵᠤ᠂ ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠳᠣᠯᠠᠬᠤ ᠬᠡᠷᠩᠳᠠᠢ᠃
     ᠳᠥᠷᠪᠡᠳᠦᠭᠡᠷ ᠪᠦᠯᠦᠭ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ
     ᠬᠤᠷᠢᠨ ᠲᠠᠪᠤᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠨᠢ ︽ᠭᠤᠷᠪᠠ ᠶᠢ ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ ︵ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠲᠣᠰᠢᠶᠠᠯ ᠬᠠᠷᠢᠭᠤᠴᠠᠯᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠴᠤᠪᠤᠷᠠᠯ ᠢ ᠵᠢᠷᠤᠮᠵᠢᠭᠤᠯᠬᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠤᠨ ᠰᠢᠯᠭᠠᠨ ᠬᠢᠨᠠᠬᠤ ᠬᠦᠴᠦᠯᠡᠴᠡ ᠪᠠᠨ ᠳᠡᠭᠡᠭᠰᠢᠯᠡᠭᠦᠯᠬᠦ︶ ᠪᠠᠷ ᠬᠠᠷᠠᠯᠲᠠ ᠪᠠᠨ ᠪᠣᠯᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
     ᠬᠤᠷᠢᠨ ᠵᠢᠷᠭᠤᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠤᠭ᠎ᠠ ᠪᠦᠷᠢᠳᠬᠡᠯ ᠤᠨ ᠠᠵᠢᠯ ᠤᠨ ᠪᠠᠶᠢᠭᠤᠯᠤᠮᠵᠢ ᠶᠢ ᠲᠣᠳᠣᠷᠬᠠᠶ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠬᠠᠷᠢᠭᠤᠴᠠᠯᠭᠠᠲᠠᠨ ᠢ ᠵᠢᠭᠠᠨ ᠲᠣᠭᠲᠠᠭᠠᠬᠤ ᠬᠡᠷᠡᠭᠲᠡᠶ᠃ ᠬᠦᠷᠢᠶᠡᠯᠡᠩ ᠲᠣᠭᠤᠷᠢᠭ ᠲᠠᠬᠢ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠶᠢᠨ ᠬᠡᠮᠵᠢᠶ᠎ᠡ ᠪᠠᠨ ᠦᠨᠳᠦᠰᠦᠯᠡᠨ᠂ ᠲᠤᠰᠬᠠᠶ ᠲᠣᠰᠢᠶᠠᠯᠳᠣ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠢᠶᠠᠨ ᠵᠦᠢ ᠵᠣᠬᠢᠰᠲᠠᠶ ᠲᠣᠬᠢᠷᠠᠭᠤᠯᠬᠤ ᠶᠢᠨ ᠬᠠᠮᠲᠤ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯᠲᠠᠨ ᠳᠤ ᠬᠤᠪᠢᠷᠠᠯᠲᠠ ᠭᠠᠷᠪᠠᠯ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠥᠪᠰᠢᠶᠡᠷᠡᠯ ᠢ ᠣᠯᠬᠤ ᠶᠢᠨ ᠬᠠᠮᠲᠤ ᠠᠵᠢᠯ ᠢᠶᠠᠨ ᠰᠠᠶᠢᠲᠤᠷ ᠲᠤᠰᠢᠶᠠᠬᠤ ᠪᠠ ᠬᠦᠯᠢᠶᠡᠨ ᠠᠪᠬᠤ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠦᠨᠳᠦᠰᠦᠨ ᠨᠥᠬᠦᠴᠡᠯ ᠢ ᠨᠢ ᠪᠦᠷᠢᠯᠳᠦᠭᠦᠯᠬᠦ ᠶᠢ ᠪᠠᠲᠤᠯᠠᠵᠤ᠂ ᠪᠠᠶᠢᠭᠤᠯᠤᠮᠵᠢ᠂ ᠠᠵᠢᠯᠲᠠᠨ᠂ ᠵᠠᠷᠤᠳᠠᠯ᠂ ᠲᠥᠬᠦᠭᠡᠷᠦᠮᠵᠢ᠂ ᠲᠤᠤᠷ ᠰᠦᠯᠵᠢᠶ᠎ᠡ ᠪᠠ ᠠᠵᠢᠯᠯᠠᠬᠤ ᠭᠠᠵᠠᠷ ᠲᠠᠯᠠᠪᠠᠢ ᠵᠡᠷᠭᠡ ᠵᠢᠷᠭᠤᠭᠠᠨ ᠲᠠᠯ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃
     ᠬᠤᠷᠢᠨ ᠳᠣᠯᠣᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠨᠢ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠢᠯᠣᠭᠤᠳᠣᠯᠭ᠎ᠠ ᠶᠢ ᠬᠦᠯᠢᠶᠡᠵᠦ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠬᠦ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠤᠯᠤᠰ ᠤᠨ ᠪᠠᠶᠢᠳᠠᠯ ᠤᠯᠤᠰ ᠤᠨ ᠬᠦᠴᠦᠨ ᠤ ᠲᠠᠯ᠎ᠠ ᠳᠠᠬᠢ ᠴᠢᠬᠤᠯᠠ ᠶᠡᠭᠡ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠤᠭ᠎ᠠ ᠪᠦᠷᠢᠳᠬᠡᠯ ᠤᠨ ᠠᠵᠢᠯ ᠤᠨ ᠲᠥᠯᠥᠪᠯᠡᠭᠡ᠂ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ ᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠬᠡᠷᠡᠭᠲᠡᠶ᠃
     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠵᠦ ᠪᠦᠭᠦᠢ ᠪᠠᠶᠢᠭᠤᠯᠤᠮᠵᠢ ᠨᠢ ᠬᠦᠷᠢᠶᠡᠯᠡᠩ ᠲᠣᠭᠤᠷᠢᠭ ᠤᠨ ᠦᠨᠳᠦᠰᠦᠨ ᠨᠢᠭᠡᠴᠢ ᠶᠢᠨ ᠨᠡᠷ᠎ᠡ ᠶᠢᠨ ᠵᠢᠭᠰᠠᠭᠠᠯᠲᠠ ᠶᠢᠨ ᠬᠥᠮᠥᠷᠭᠡ ᠶᠢ ᠰᠢᠨᠡᠳᠬᠡᠨ ᠬᠠᠮᠠᠭᠠᠯᠠᠬᠤ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠵᠦ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠦᠨᠳᠦᠰᠦᠨ ᠮᠡᠳᠡᠭᠡ ᠵᠠᠩᠭᠢ ᠶᠢ ᠤᠯᠠᠷᠢᠯ ᠢᠶᠠᠷ ᠬᠥᠳᠡᠯᠦᠩᠭᠦᠶ ᠰᠢᠨᠡᠳᠬᠡᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠪᠦᠳᠣᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠶᠢ ᠡᠯᠧᠺᠲᠷᠣᠨᠴᠢᠯᠠᠬᠤ᠂ ᠰᠦᠯᠵᠢᠶᠡᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯᠲᠠᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠭᠰᠠᠨ ᠪᠣᠯᠪᠠᠰᠤᠷᠠᠯ ᠳᠤ ᠢᠳᠡᠪᠬᠢᠲᠡᠶ ᠣᠷᠣᠯᠴᠠᠵᠤ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠠᠩᠬᠠᠨ ᠤ ᠲᠡᠮᠳᠡᠭᠯᠡᠯ ᠪᠠ ᠴᠠᠭᠠᠰᠤᠨ ᠤ ᠪᠤᠶᠤ ᠡᠯᠧᠺᠲᠷᠣᠨ ᠲᠤᠭ᠎ᠠ ᠪᠦᠷᠢᠳᠬᠡᠯ ᠤᠨ ᠡᠬᠡ ᠳᠠᠩᠰᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃
     ᠬᠤᠷᠢᠨ ᠨᠠᠶ᠋ᠮᠠᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠦᠷᠢᠳᠬᠡᠯ ᠤᠨ ᠠᠵᠢᠯ ᠢ ᠳᠠᠭᠠᠭᠠᠨ ᠡᠭᠦᠷᠭᠡᠯᠡᠵᠣ ᠪᠦᠭᠦᠢ ᠪᠠᠶᠢᠭᠤᠯᠤᠮᠵᠢ ᠨᠢ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠢᠨᠠᠮᠠᠭᠠᠶ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠮᠡᠳᠡᠭᠦᠯᠭᠦ ᠳᠤ ᠣᠳᠠᠭᠠᠰᠢᠷᠠᠭᠰᠠᠨ ᠪᠠᠶᠢᠴᠠᠭᠠᠯᠲᠠ ᠶᠢᠨ ᠨᠢᠭᠡᠴᠢ ᠶᠢ ᠮᠡᠳᠡᠭᠦᠯᠬᠦ ᠪᠠᠷ ᠱᠠᠭᠠᠷᠳᠠᠬᠤ ᠬᠡᠷᠩᠳᠠᠢ︔ ᠣᠯᠠᠡᠳᠡ ᠣᠳᠠᠭᠠᠰᠢᠷᠠᠭᠤᠯᠣᠨ ᠮᠡᠳᠡᠭᠦᠯᠭᠦ᠂ ᠮᠡᠳᠡᠭᠦᠯᠬᠦ ᠶᠢ ᠲᠡᠪᠴᠢᠭᠰᠡᠨ ᠵᠢᠴᠢ ᠦᠨᠡᠨ ᠪᠣᠳᠠᠲᠠᠶ ᠪᠢᠰᠢ ᠪᠤᠶᠤ ᠪᠦᠷᠢᠨ ᠭᠦᠢᠴᠡᠳ ᠪᠤᠰᠤ ᠮᠠᠲ᠋ᠧᠷᠢᠶᠠᠯ ᠬᠠᠩᠭᠠᠭᠰᠠᠨ ᠪᠠᠶᠢᠴᠠᠭᠠᠯᠲᠠ ᠶᠢᠨ ᠨᠢᠭᠡᠴᠢ ᠳᠤ ᠰᠢᠭᠦᠮᠵᠢᠯᠡᠯ ᠦᠭᠴᠦ᠂ ᠬᠦᠮᠣᠵᠢᠯ ᠬᠦᠷᠳᠡᠭᠡᠭᠦ ᠶᠢᠨ ᠬᠠᠮᠲᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠩᠳᠡᠢ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠮᠡᠳᠡᠭᠦᠯᠦᠨ ᠬᠠᠤᠯᠢ ᠶᠣᠰᠣᠭᠠᠷ ᠬᠡᠷᠡᠭ ᠢᠶᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠳᠤᠷᠠᠳᠤᠨ ᠭᠠᠷᠭᠠᠭᠰᠠᠨ ᠪᠠᠶᠢᠴᠠᠭᠠᠨ ᠯᠠᠪᠯᠠᠬᠤ ᠵᠦᠢᠯᠡᠰ ᠢ ᠲᠣᠭᠲᠠᠭᠰᠠᠨ ᠬᠤᠭᠤᠴᠠᠭᠠᠨ ᠳᠤ ᠬᠠᠷᠭᠤᠭᠤᠯᠤᠨ ᠪᠠᠶᠢᠴᠠᠭᠠᠵᠤ᠂ ᠬᠠᠷᠢᠭᠤ ᠥᠭᠬᠦ ᠬᠡᠷᠡᠭᠲᠡᠶ᠃
     ᠬᠤᠷᠢ ᠶᠢᠰᠦᠳᠦᠭᠡᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠦᠷᠢᠳᠬᠡᠯ ᠤᠨ ᠠᠵᠢᠯ ᠢ ᠳᠠᠭᠠᠭᠠᠨ ᠡᠭᠦᠷᠭᠡᠯᠡᠵᠣ ᠪᠠᠶᠢᠭ᠎ᠠ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠯᠬᠠᠭᠠᠬᠤ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠶᠠᠮᠠᠷᠪᠠ ᠠᠷᠭ᠎ᠠ ᠬᠡᠯᠪᠡᠷᠢ ᠪᠠᠷ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠦᠨᠡᠨ ᠪᠣᠳᠠᠲᠠᠶ ᠪᠢᠰᠢ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠬᠠᠩᠭᠠᠬᠤ ᠪᠠᠷ ᠱᠠᠭᠠᠷᠳᠠᠵᠤ ᠪᠣᠯᠬᠤ ᠦᠭᠡᠶ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠲᠣᠭᠲᠠᠭᠠᠯ ᠠᠴᠠ ᠵᠥᠷᠢᠴᠡᠨ ᠣᠷᠣᠯᠠᠨ ᠲᠠᠭᠯᠠᠵᠤ ᠣᠷᠣᠯᠠᠨ ᠮᠡᠳᠡᠭᠦᠯᠵᠦ ᠪᠣᠯᠬᠤ ᠦᠭᠡᠶ᠃ ᠬᠦᠷᠢᠶᠡᠯᠡᠩ ᠲᠣᠭᠤᠷᠢᠭ ᠲᠠᠬᠢ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠲᠠᠯ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠮᠡᠳᠡᠭᠦᠯᠵᠦ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠥᠷᠨᠢᠭᠦᠯᠬᠦ ᠳᠤ ᠬᠠᠮᠵᠢᠬᠤ ᠬᠡᠷᠡᠭᠲᠡᠶ᠃
     ᠭᠤᠴᠢᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠠᠵᠢᠯ ᠢ ᠬᠦᠷᠢᠶᠡᠯᠡᠩ ᠲᠣᠭᠤᠷᠢᠭ ᠤᠨ ᠠᠵᠢᠯ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ ᠪᠠ ᠰᠢᠯᠭᠠᠨ ᠬᠢᠨᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠢ ᠬᠡᠷᠡᠭᠵᠢᠭᠦᠯᠦᠭᠰᠡᠨ᠂ ᠲᠤᠭ᠎ᠠ ᠪᠦᠷᠢᠳᠬᠡᠯ ᠤᠨ ᠠᠷᠭ᠎ᠠ ᠪᠠᠷᠢᠯ ᠢ ᠲᠡᠭᠦᠯᠳᠡᠷᠵᠢᠭᠦᠯᠦᠭᠰᠡᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠵᠡᠷᠭᠡ ᠲᠠᠯ᠎ᠠ ᠪᠠᠷ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠨᠡᠪᠲᠡᠷᠡᠭᠦᠯᠦᠨ ᠮᠡᠳᠡᠭᠡᠯᠡᠵᠦ ᠰᠠᠶᠢᠰᠢᠶᠠᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠠᠴᠠ ᠵᠥᠷᠢᠴᠡᠭᠰᠡᠨ ᠵᠡᠷᠭᠡ ᠠᠰᠠᠭᠤᠳᠠᠯ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃
     ᠲᠠᠪᠤᠳᠤᠭᠠᠷ ᠪᠦᠯᠦᠭ  ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ
     ᠭᠤᠴᠢᠨ ᠨᠢᠭᠡᠳᠦᠭᠡᠷ ᠵᠦᠢᠯ  ᠠᠵᠤ ᠠᠬᠤᠶᠢᠯᠠᠯ ᠤᠳ ︽ᠭᠤᠷᠪᠠ ᠶᠢ ᠵᠢᠷᠤᠮᠵᠢᠭᠤᠯᠵᠤ ᠳᠥᠷᠪᠡ ᠶᠢ ᠴᠢᠩᠭᠠᠷᠠᠭᠤᠯᠬᠤ︾ ︵ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠷᠠᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠷᠠᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠱᠠᠩᠨᠠᠵᠤ ᠲᠣᠷᠭᠠᠬᠤ ᠳᠦᠷᠢᠮ ᠢ ᠴᠢᠩᠭᠠᠷᠠᠭᠤᠯᠬᠤ︶ ᠪᠠᠷ ᠬᠠᠷᠠᠯᠲᠠ ᠪᠠᠨ ᠪᠣᠯᠭᠠᠵᠤ᠂ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢᠨ ᠣᠨᠣᠪᠴᠢᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠪᠠᠲᠤᠯᠠᠬᠤ ᠬᠡᠷᠡᠭᠲᠡᠶ᠃
     ᠭᠤᠴᠢᠨ ᠬᠤᠶᠠᠳᠤᠭᠠᠷ ᠵᠦᠢᠯ  ︽ᠬᠡᠪᠴᠢᠶ᠎ᠠ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ᠂ ᠬᠢᠷᠢ ᠬᠡᠮ ᠤᠨ ᠲᠠᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠪᠠ ᠬᠤᠨᠤᠭ ᠪᠠᠭᠤᠳᠠᠯ ᠬᠤᠭᠤᠯᠠ ᠢᠳᠡᠭᠡᠨ ᠤ ᠠᠵᠤ ᠠᠬᠤᠶᠢᠯᠠᠯ᠂ ᠤᠯᠤᠰ ᠤᠨ ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ︾ ᠵᠢᠴᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠢᠭᠡᠴᠢ ᠨᠢ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠶᠢᠭᠤᠯᠬᠤ ᠪᠤᠶᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠢᠶᠠᠨ ᠲᠣᠳᠣᠷᠬᠠᠶᠢᠯᠠᠬᠤ ᠶᠢᠨ ᠬᠠᠮᠲᠤ᠂ ᠲᠤᠭ᠎ᠠ ᠪᠦᠷᠢᠳᠬᠡᠯ ᠤᠨ ᠬᠠᠷᠢᠭᠤᠴᠠᠯᠭᠠᠲᠠᠨ ᠢᠶᠠᠨ ᠵᠢᠭᠠᠨ ᠲᠣᠭᠲᠠᠭᠠᠵᠤ᠂ ᠲᠤᠰᠬᠠᠶ ᠲᠣᠰᠢᠶᠠᠯᠳᠣ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠲᠣᠬᠢᠷᠠᠭᠤᠯᠬᠤ ᠬᠡᠷᠡᠭᠲᠡᠶ᠃ ᠪᠤᠰᠤᠳ ᠬᠡᠪᠴᠢᠶᠡᠨ ᠤ ᠠᠵᠤ ᠠᠬᠤᠶᠢᠯᠠᠯ ᠨᠢ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠪᠠᠨ ᠦᠨᠳᠦᠰᠦᠯᠡᠨ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠲᠣᠬᠢᠷᠠᠭᠤᠯᠬᠤ ᠶᠢᠨ ᠬᠠᠮᠲᠤ᠂ ᠲᠤᠭ᠎ᠠ ᠪᠦᠷᠢᠳᠬᠡᠯ ᠤᠨ ᠬᠠᠷᠢᠭᠤᠴᠠᠯᠭᠠᠲᠠᠨ ᠢ ᠵᠢᠭᠠᠨ ᠲᠣᠭᠲᠠᠭᠠᠬᠤ ᠬᠡᠷᠡᠭᠲᠡᠶ᠃ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠷᠢᠭᠤᠴᠠᠯᠭᠠᠲᠠᠨ ᠪᠠ ᠲᠤᠭ᠎ᠠ ᠪᠦᠷᠢᠳᠬᠡᠯ ᠤᠨ ᠠᠵᠢᠯᠲᠠᠨ ᠴᠠᠭ ᠲᠤᠬᠠᠶ ᠳᠤ ᠨᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠡᠯᠧᠺᠲᠷᠣᠨ ᠮᠡᠳᠡᠭᠡ ᠵᠠᠩᠭᠢ ᠶᠢᠨ ᠬᠥᠮᠥᠷᠭᠡ ᠳᠤ ᠳᠠᠩᠰᠠᠯᠠᠨ ᠲᠡᠮᠲᠡᠭᠯᠡᠬᠦ ᠬᠡᠷᠡᠭᠲᠡᠶ᠃ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠣᠬᠢᠷᠠᠭᠤᠯᠤᠯᠲᠠ ᠬᠢᠭᠰᠡᠨ ᠪᠤᠶᠤ ᠲᠤᠭ᠎ᠠ ᠪᠦᠷᠢᠳᠬᠡᠯ ᠤᠨ ᠠᠵᠢᠯᠲᠠᠨ ᠬᠤᠪᠢᠷᠠᠯᠲᠠ ᠭᠠᠷᠪᠡᠯ᠂ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ︵ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︶ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠲᠣᠭᠲᠠᠭᠠᠯ ᠶᠣᠰᠣᠭᠠᠷ ᠠᠵᠢᠯ ᠲᠤᠰᠢᠶᠠᠬᠤ ᠪᠠ ᠬᠦᠯᠢᠶᠡᠨ ᠠᠪᠬᠤ ᠭᠠᠷᠳᠠᠮ ᠢ ᠭᠦᠢᠴᠡᠳᠬᠡᠬᠦ ᠬᠡᠷᠡᠭᠲᠡᠶ᠃
     ᠭᠤᠴᠢᠨ ᠭᠤᠷᠪᠠᠳᠤᠭᠠᠷ ᠵᠦᠢᠯ  ᠠᠵᠤ ᠠᠬᠤᠶᠢᠯᠠᠯ ᠨᠢ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠠᠵᠢᠯ ᠤᠨ ᠲᠣᠬᠢᠷᠠᠭᠤᠯᠤᠯᠲᠠ ᠶᠢ ᠬᠦᠯᠢᠶᠡᠵᠣ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠪᠡᠶ᠎ᠡ ᠪᠠᠨ ᠳᠠᠭᠠᠭᠠᠵᠤ ᠣᠨᠣᠪᠴᠢᠲᠠᠶ ᠲᠠᠭᠯᠠᠨ ᠮᠡᠳᠡᠭᠦᠯᠬᠦ ᠬᠡᠷᠡᠭᠲᠡᠶ᠃ ︽ᠤᠷᠢᠳᠠᠪᠠᠷ ᠡᠬᠡ ᠳᠠᠩᠰᠠ ᠪᠠᠶᠢᠭᠤᠯᠵᠤ ᠳᠠᠷᠠᠭ᠎ᠠ ᠨᠢ ᠮᠡᠳᠡᠭᠦᠯᠣᠯᠳᠡ ᠶᠢᠨ ᠬᠦᠰᠦᠨᠦᠭᠲᠦ ᠲᠠᠢ ᠪᠠᠶᠢᠬᠤ︾ ᠵᠠᠷᠴᠢᠮ ᠶᠣᠰᠣᠭᠠᠷ᠂ ᠦᠨᠡᠨ ᠪᠤᠳᠠᠳᠤ ᠠᠩᠬᠠᠨ ᠤ ᠭᠡᠷᠡᠴᠢ ᠪᠠᠷᠢᠮᠲᠠ ᠪᠠᠷ ᠦᠨᠳᠦᠰᠦᠯᠡᠯ ᠪᠣᠯᠭᠠᠵᠤ᠂ ᠨᠢᠭᠡᠳᠦᠯᠲᠡᠶ ᠵᠢᠷᠤᠮᠵᠢᠭᠰᠠᠨ ᠲᠤᠭ᠎ᠠ ᠪᠦᠷᠢᠳᠬᠡᠯ ᠤᠨ ᠡᠯᠧᠺᠲᠷᠣᠨ ᠡᠬᠡ ᠳᠠᠩᠰᠠ ᠪᠠ ᠴᠠᠭᠠᠰᠤᠨ ᠡᠬᠡ ᠳᠠᠩᠰᠠ ᠪᠠᠶᠢᠭᠤᠯᠵᠤ᠂ ᠬᠠᠭᠤᠷᠮᠠᠭᠯᠠᠨ ᠵᠣᠬᠢᠶᠠᠬᠤ ᠪᠠ ᠥᠭᠡᠷᠡᠲᠡᠭᠦᠯᠵᠦ ᠪᠣᠯᠬᠤ ᠦᠭᠡᠶ᠃ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠢᠨᠠᠨ ᠬᠠᠷᠭᠤᠭᠤᠯᠬᠤ᠂ ᠭᠠᠷ ᠤᠨ ᠦᠰᠦᠭ ᠵᠢᠷᠤᠬᠤ᠂ ᠲᠤᠰᠢᠶᠠᠬᠤ ᠪᠠ ᠬᠦᠯᠢᠶᠡᠨ ᠠᠪᠬᠤ᠂ ᠳᠠᠩᠰᠠ ᠡᠪᠬᠡᠮᠡᠯ ᠳᠤ ᠣᠷᠣᠭᠤᠯᠬᠤ ᠵᠡᠷᠭᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠩᠬᠠᠨ ᠤ ᠮᠠᠲ᠋ᠧᠷᠢᠶᠠᠯ ᠵᠢᠴᠢ ᠡᠬᠡ ᠳᠠᠩᠰᠠ ᠶᠢ ᠬᠠᠳᠠᠭᠠᠯᠠᠬᠤ ᠬᠤᠭᠤᠴᠠᠭ᠎ᠠ ᠬᠢᠵᠠᠭᠠᠷ ᠢ 2 ᠵᠢᠯ ᠠᠴᠠ ᠲᠤᠲᠠᠭᠤ ᠪᠠᠶᠢᠯᠭᠠᠵᠣ ᠪᠣᠯᠬᠤ ᠦᠭᠡᠢ᠂ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠳᠠᠭᠠᠯᠠᠬᠤ ᠬᠤᠭᠤᠴᠠᠭ᠎ᠠ ᠬᠢᠵᠠᠭᠠᠷ ᠢ 10 ᠵᠢᠯ ᠠᠴᠠ ᠲᠤᠳᠠᠭᠤ ᠪᠠᠶᠢᠯᠭᠠᠵᠤ ᠪᠣᠯᠬᠤ ᠦᠭᠡᠢ᠂ ᠬᠦᠨᠳᠣ ᠴᠢᠬᠤᠯᠠ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠭᠦᠷᠢᠳᠡ ᠬᠠᠳᠠᠭᠠᠯᠠᠬᠤ ᠬᠡᠷᠡᠭᠲᠡᠶ᠃ ᠬᠠᠳᠠᠭᠠᠯᠠᠬᠤ ᠬᠤᠭᠤᠴᠠᠭᠠᠨ ᠳᠤ ᠬᠦᠷᠦᠭᠡᠳᠦᠢ ᠲᠤᠭ᠎ᠠ ᠪᠦᠷᠢᠳᠬᠡᠯ ᠤᠨ ᠠᠩᠬᠠᠨ ᠤ ᠲᠡᠮᠳᠡᠭᠯᠡᠯ ᠪᠠ ᠲᠤᠭ᠎ᠠ ᠪᠦᠷᠢᠳᠬᠡᠯ ᠤᠨ ᠡᠬᠡ ᠳᠠᠩᠰᠠ ᠶᠢ ᠤᠰᠠᠳᠬᠠᠵᠤ ᠪᠣᠯᠬᠤ ᠦᠭᠡᠶ᠃
     ᠭᠤᠴᠢᠨ ᠳᠥᠷᠪᠡᠳᠦᠭᠡᠷ ᠵᠦᠢᠯ  ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠨᠢ ᠠᠵᠢᠯ ᠤᠨ ᠪᠠᠶᠢᠷᠢᠨ ᠳᠤ ᠭᠠᠷᠬᠤ ᠠᠴᠠ ᠡᠮᠦᠨ᠎ᠡ ᠡᠷᠬᠡᠪᠰᠢ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠣᠯᠪᠠᠰᠤᠷᠠᠯ ᠢ ᠬᠦᠷᠲᠡᠬᠦ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯᠲᠠᠨ ᠨᠢ ᠲᠤᠭ᠎ᠠ ᠪᠦᠷᠢᠳᠬᠡᠯ ᠤᠨ ᠡᠭᠦᠷᠭᠡ ᠶᠢ ᠭᠦᠢᠴᠡᠳᠬᠡᠬᠦ ᠳᠤ ᠬᠡᠷᠡᠭᠰᠡᠬᠦ ᠲᠤᠰᠬᠠᠶ ᠮᠡᠷᠭᠡᠵᠢᠯ ᠤᠨ ᠮᠡᠳᠡᠯᠭᠡ ᠪᠠᠶᠢᠬᠤ ᠬᠡᠷᠩᠳᠠᠢ ᠮᠦᠷᠲᠡᠭᠡᠨ ᠰᠦᠯᠵᠢᠶ᠎ᠡ ᠪᠠᠷ ᠰᠢᠭᠤᠳ ᠮᠡᠳᠡᠭᠦᠯᠬᠦ ᠲᠠᠪᠴᠠᠩ ᠢ ᠪᠣᠯᠪᠠᠰᠤᠷᠠᠩᠭᠤᠶ ᠬᠡᠷᠩᠯᠡᠵᠣ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠮᠡᠳᠡᠭᠦᠯᠵᠣ ᠴᠢᠳᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯᠲᠠᠨ ᠡᠷᠬᠡᠪᠰᠢ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ︵ᠵᠢᠯ ᠪᠦᠷᠢ ᠨᠠᠭᠠᠳᠣ ᠵᠠᠬ᠎ᠠ ᠳᠤ ᠪᠠᠨ 1 ᠤᠳᠠᠭ᠎ᠠ︶ ᠳᠤ ᠣᠷᠣᠯᠴᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠳᠤ ᠦᠷᠭᠡᠳᠭᠡᠭᠰᠡᠨ ᠪᠣᠯᠪᠠᠰᠤᠷᠠᠯ ᠬᠢᠭᠦ ᠬᠡᠷᠡᠭᠲᠡᠶ᠃
     ᠭᠤᠴᠢᠨ ᠲᠠᠪᠤᠳᠤᠭᠠᠷ ᠵᠦᠢᠯ  ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠣᠯ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ᠲᠤᠰ ᠠᠵᠤ ᠠᠬᠤᠶᠢᠯᠠᠯ ᠤᠨ ᠮᠡᠳᠡᠭᠦᠯᠣᠭ᠍ᠰᠡᠨ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠤ ᠴᠢᠨᠠᠷ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠨᠢᠭᠡᠴᠢ ᠶᠢᠨ ᠢᠶᠠᠨ ᠲᠤᠭ᠎ᠠ ᠪᠦᠷᠢᠳᠬᠡᠯ ᠤᠨ ᠠᠵᠢᠯᠲᠠᠨ ᠢ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠤᠯᠢ ᠲᠣᠭᠲᠠᠭᠠᠯ ᠶᠣᠰᠣᠭᠠᠷ᠂ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤ ᠨᠢ ᠬᠠᠩᠭᠠᠬᠤ ᠪᠠ ᠮᠡᠳᠡᠭᠦᠯᠬᠦ ᠬᠡᠷᠡᠭᠲᠡᠶ︔ ᠲᠤᠰ ᠠᠵᠤ ᠠᠬᠤᠶᠢᠯᠠᠯ ᠢᠶᠠᠨ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ᠂ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢ ᠮᠡᠳᠡᠭᠦᠯᠬᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠠᠵᠢᠯ ᠢ ᠲᠤᠰᠢᠶᠠᠬᠤ ᠪᠠ ᠬᠦᠯᠢᠶᠡᠨ ᠠᠪᠬᠤ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠳᠠᠭᠠᠵᠣ ᠨᠠᠶᠢᠳᠠᠪᠤᠷᠢᠵᠢᠭᠤᠯᠬᠤ ᠶᠢᠨ ᠬᠠᠮᠲᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠥᠪᠡᠰᠦᠪᠡᠨ ᠲᠤᠭ᠎ᠠ ᠪᠦᠷᠢᠳᠬᠡᠯ ᠤᠨ ᠮᠠᠲ᠋ᠧᠷᠢᠶᠠᠯ ᠳᠤ ᠵᠠᠰᠠᠪᠤᠷᠢ ᠣᠷᠣᠭᠤᠯᠵᠤ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠭᠰᠠᠨ ᠪᠤᠶᠤ ᠲᠤᠭ᠎ᠠ ᠪᠦᠷᠢᠳᠬᠡᠯ ᠤᠨ ᠠᠵᠢᠯᠲᠠᠨ ᠢ ᠠᠯᠪᠠᠲᠠᠨ ᠵᠠᠷᠯᠢᠭᠳᠠᠬᠤ ᠪᠠ ᠰᠠᠨᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠦᠭᠡᠷᠡᠳᠣᠭᠦᠯᠭᠦ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠨᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠥᠭᠡᠷᠡᠲᠦᠭᠦᠯᠬᠦ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ ᠳᠤ ᠣᠷᠣᠯᠴᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃
     ᠭᠤᠴᠢᠨ ᠵᠢᠷᠭᠤᠳᠤᠭᠠᠷ ᠵᠦᠢᠯ  ᠠᠵᠤ ᠠᠬᠤᠶᠢᠯᠠᠯ ᠨᠢ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ ᠬᠢᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠬᠦ ᠳᠤ ᠢᠳᠡᠪᠬᠢᠲᠡᠶ ᠬᠠᠮᠵᠢᠵᠤ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠭᠦᠢᠴᠡᠳᠭᠡᠬᠦ ᠳᠤ ᠭᠠᠷ ᠳᠦᠷᠦᠨ ᠬᠠᠷᠰᠢᠯᠠᠵᠤ ᠪᠣᠯᠬᠤ ᠦᠭᠡᠶ᠃ ᠠᠵᠤ ᠠᠬᠤᠶᠢᠯᠠᠯ ᠨᠢ ᠦᠨᠡᠨ ᠪᠣᠳᠠᠲᠠᠶ ᠪᠢᠰᠢ᠂ ᠪᠦᠷᠢᠨ ᠭᠦᠢᠴᠡᠳ ᠪᠣᠰᠣ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠪᠠ ᠮᠠᠲ᠋ᠧᠷᠢᠶᠠᠯ ᠬᠠᠩᠭᠠᠭᠰᠠᠨ ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠢᠲᠡᠭᠡᠮᠵᠢᠲᠡᠶ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠳᠠᠭᠰᠠᠨ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠲᠤᠭ᠎ᠠ ᠪᠦᠷᠢᠳᠬᠡᠯ ᠤᠨ ᠲᠠᠯ᠎ᠠ ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠣᠯᠣᠭᠰᠠᠨ ᠪᠠᠶᠢᠪᠡᠯ᠂ ᠬᠠᠤᠯᠢ ᠶᠣᠰᠣᠭᠠᠷ ᠨᠡᠶᠢᠲᠡ ᠳᠤ ᠵᠠᠷᠯᠠᠬᠤ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠵᠦ᠂ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠭᠦᠯᠭᠦ ᠬᠡᠷᠩᠳᠠᠢ᠃
     ᠭᠤᠴᠢᠨ ᠳᠣᠯᠣᠳᠤᠭᠠᠷ ᠵᠦᠢᠯ  ᠠᠵᠤ ᠠᠬᠤᠶᠢᠯᠠᠯ ᠨᠢ ᠲᠤᠭ᠎ᠠ ᠪᠦᠷᠢᠳᠬᠡᠯ ᠤᠨ ᠠᠵᠢᠯ ᠤᠨ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠳᠤ ᠬᠡᠷᠡᠭᠰᠡᠬᠦ ᠵᠠᠷᠤᠳᠠᠯ᠂ ᠭᠠᠵᠠᠷ ᠲᠠᠯᠠᠪᠤᠷ᠂ ᠲᠥᠬᠦᠭᠡᠷᠦᠮᠵᠢ᠂ ᠲᠤᠤᠷ ᠰᠦᠯᠵᠢᠶ᠎ᠡ ᠵᠡᠷᠭᠡ ᠶᠢ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯᠲᠠᠳ ᠤᠨ ᠲᠤᠭ᠎ᠠ ᠪᠦᠷᠢᠳᠬᠡᠯ ᠤᠨ ᠠᠵᠢᠯ ᠤᠨ ᠬᠤᠷᠠᠯᠳᠤᠭᠠᠨ ᠳᠤ ᠣᠷᠣᠯᠴᠠᠬᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠬᠦ ᠶᠢ ᠢᠳᠡᠪᠬᠢᠲᠡᠶ ᠳᠠᠮᠵᠢᠵᠤ᠂ ᠲᠤᠭ᠎ᠠ ᠪᠦᠷᠢᠳᠬᠡᠯ ᠤᠨ ᠠᠵᠢᠯᠳᠡᠣᠨ ᠤᠨ ᠬᠡᠪ ᠴᠢᠨᠠᠷ ᠢᠶᠠᠨ ᠳᠡᠭᠡᠭᠰᠢᠯᠡᠭᠦᠯᠬᠦ ᠳᠤ ᠨᠥᠬᠦᠴᠡᠯ ᠪᠦᠷᠢᠯᠳᠣᠭᠦᠯᠵᠣ ᠦᠭᠭᠦ ᠬᠡᠷᠡᠭᠲᠡᠶ᠃ ᠨᠥᠬᠦᠴᠡᠯ ᠪᠦᠷᠢᠳᠣᠭ᠍ᠰᠡᠨ ᠠᠵᠤ ᠠᠬᠤᠶᠢᠯᠠᠯ ᠤᠳ ᠨᠢ ᠳᠣᠲᠣᠭᠠᠳᠤ ᠶᠢᠨ ᠲᠤᠭ᠎ᠠ ᠪᠦᠷᠢᠳᠬᠡᠯ ᠤᠨ ᠲᠣᠣᠷ ᠰᠦᠯᠵᠢᠶᠡᠨ ᠤ ᠠᠦ᠋ᠲ᠋ᠤᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃
     ᠭᠤᠴᠢᠨ ᠨᠠᠢᠮᠠᠳᠤᠭᠠᠷ ᠵᠦᠢᠯ  ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠱᠠᠩᠨᠠᠵᠣ ᠲᠣᠷᠭᠠᠬᠤ ᠳᠦᠷᠢᠮ ᠢ ᠴᠢᠩᠭᠠᠷᠠᠭᠤᠯᠬᠤ ᠬᠡᠷᠡᠭᠲᠡᠶ᠃ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠨᠢ ᠬᠤᠶᠠᠷ ᠵᠢᠯ ᠳᠠᠷᠠᠭᠠᠯᠠᠨ ᠬᠢᠷᠢ ᠲᠡᠩᠴᠡᠭᠰᠡᠨ ᠠᠵᠤ ᠠᠬᠤᠶᠢᠯᠠᠯ ᠢ ᠨᠡᠪᠲᠡᠷᠡᠭᠦᠯᠦᠨ ᠮᠡᠳᠡᠭᠡᠯᠡᠵᠦ ᠰᠠᠶᠢᠰᠢᠶᠠᠬᠤ ᠬᠡᠷᠡᠭᠲᠡᠶ᠃ ᠳᠣᠣᠷᠠᠬᠢ ᠢᠯᠡᠷᠡᠯ ᠠᠴᠠ ᠨᠢᠭᠡ ᠨᠢ ᠪᠠᠶᠢᠬᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠢ ᠬᠥᠬᠢᠭᠦᠯᠦᠨ ᠰᠠᠢᠰᠢᠶᠠᠬᠤ ᠪᠠ ᠱᠠᠩᠨᠠᠬᠤ ᠬᠡᠷᠡᠭᠲᠡᠶ᠄
     ︵ᠨᠢᠭᠡ︶ ᠲᠣᠭᠳᠠᠭᠰᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠣᠨᠣᠪᠴᠢᠲᠤ ᠴᠢᠨᠠᠷ᠂ ᠴᠠᠭ ᠲᠤᠬᠠᠶᠢᠲᠤ ᠴᠢᠨᠠᠷ ᠢ ᠪᠠᠳᠣᠯᠠᠬᠤ ᠲᠠᠯ᠎ᠠ ᠶᠢᠨ ᠠᠵᠢᠯ ᠤᠨ ᠦᠷ᠎ᠡ ᠪᠦᠳᠣᠮᠵᠢ ᠮᠡᠳᠡᠭᠳᠡᠮ᠎ᠡ ᠪᠠᠶᠢᠬᠤ︔
     ︵ᠬᠤᠶᠠᠷ︶ ᠦᠨᠡᠨ ᠠᠴᠠ ᠵᠥᠪ ᠢ ᠡᠷᠢᠵᠣ᠂ ᠬᠠᠤᠯᠢ ᠶᠣᠰᠣᠭᠠᠷ ᠲᠤᠭ᠎ᠠ ᠪᠦᠷᠢᠣᠡᠭᠡᠯ ᠬᠢᠭᠦ ᠶᠢ ᠪᠠᠷᠢᠮᠳᠠᠯᠠᠨ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭ᠎ᠠ ᠪᠦᠷᠢᠳᠬᠡᠯ ᠤᠨ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠲᠡᠮᠡᠴᠡᠯ ᠬᠢᠵᠣ ᠢᠯᠡᠷᠡᠯ ᠲᠣᠪᠤᠶᠢᠮ᠎ᠠ ᠪᠠᠶᠢᠬᠤ︔
     ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠲᠠᠯ᠎ᠠ ᠪᠠᠷ ᠭᠠᠪᠢᠶ᠎ᠠ ᠲᠠᠢ ᠪᠠᠶᠢᠬᠤ᠃
     ᠵᠢᠷᠭᠤᠳᠤᠭᠠᠷ ᠪᠦᠯᠦᠭ  ᠳᠠᠭᠠᠯᠳᠤᠭᠤᠯᠤᠯ ᠲᠦᠷᠢᠮ
     ᠭᠤᠴᠢ ᠶᠢᠰᠦᠳᠦᠭᠡᠷ ᠵᠦᠢᠯ  ᠲᠤᠰ ᠠᠷᠭ᠎ᠠ ᠶᠢ ᠳᠠᠷᠣᠮᠠᠯᠯᠠᠨ ᠶᠠᠪᠣᠭᠤᠯᠣᠭᠰᠠᠨ ᠡᠳᠦᠷ ᠠᠴᠠ ᠡᠬᠢᠯᠡᠵᠣ ᠬᠡᠷᠡᠭᠵᠢᠭᠦᠯᠦᠨ᠎ᠡ᠃


                                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                                          2021 ᠣᠨ ᠤ 7 ᠳ᠋ᠤᠭᠠᠷ ᠰᠠᠷ᠎ᠠ ᠶᠢᠨ 20 ᠤ ᠡᠳᠦᠷ ᠲᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ