ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/8

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ


                         ᠥᠪᠥᠷ ᠵᠠᠰᠠᠭ ᠠᠯᠪᠠᠨ ᠥᠰᠦᠭ ﹇2021﹈ 92 ᠳ᠋ᠤᠭᠠᠷ ᠲᠣᠭᠠᠲᠤ


ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ

ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠣᠯᠢᠯᠴᠠᠭᠠᠨ ᠤ ᠬᠤᠷᠠᠯ ᠳᠡᠭᠡᠷ᠎ᠡ᠄ ︽ᠰᠢᠨ᠎ᠡ ᠭᠤᠷᠪᠠᠳᠤᠭᠠᠷ ᠰᠠᠮᠪᠠᠷ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠢ ᠪᠠᠶᠢᠭᠤᠯᠵᠤ᠂ ᠦᠢᠯᠡᠴᠢᠯᠡᠭᠡᠨ ᠤ ᠰᠢᠨ᠎ᠡ ᠶᠢ ᠡᠭᠦᠳᠬᠦ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠤᠨ ᠭᠤᠣᠯ ᠵᠢᠭᠰᠠᠭᠠᠯ ᠤᠨ ᠭᠠᠵᠠᠷ ᠢ ᠪᠠᠶᠢᠭᠤᠯᠤᠨ᠎ᠠ︾ ᠭᠡᠵᠦ ᠨᠡᠶᠢᠲᠡᠯᠡᠪᠡ︔ 9 ᠳ᠋ᠦ᠋ᠭᠡᠷ ᠰᠠᠷ᠎ᠠ ᠶᠢᠨ 3 ᠤ ᠡᠳᠦᠷ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ︵ᠪᠡᠭᠡᠵᠢᠩ ᠤᠨ ᠠᠷᠠᠯᠵᠢᠶᠠᠨ ᠤ ᠭᠠᠵᠠᠷ︶ ᠢ ᠵᠢᠩᠬᠢᠨᠢ ᠪᠠᠷ ᠳᠠᠩᠰᠠᠯᠠᠵᠤ ᠪᠠᠶᠢᠭᠤᠯᠪᠠ᠃ ᠪᠡᠭᠡᠵᠢᠩ ᠤᠨ ᠠᠷᠠᠯᠵᠢᠶᠠᠨ ᠤ ᠭᠠᠵᠠᠷ ᠪᠠᠶᠢᠭᠤᠯᠤᠭᠳᠠᠬᠤ ᠶᠢ ᠳᠠᠭᠠᠯᠳᠤᠨ᠂ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ ᠰᠤᠩᠭᠤᠬᠤ ᠳᠡᠰ 2021 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠵᠢᠯᠯᠠᠬᠤ ᠪᠠᠨ ᠪᠤᠯᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠮᠠᠭᠠᠶ ᠰᠣᠳᠤᠯᠤᠭᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ︶ ᠶᠢᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄
     ᠨᠢᠭᠡ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠤᠶᠠᠳᠤᠭᠠᠷ ᠵᠦᠢᠯ ᠳᠠᠬᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠱᠠᠲᠤ ᠦᠶ᠎ᠡ ᠬᠤᠪᠢᠶᠠᠵᠤ ᠳᠤᠤᠷᠠᠬᠢ ᠱᠠᠩᠨᠠᠯ ᠨᠥᠬᠦᠪᠥᠷᠢ ᠣᠯᠭᠤᠨ᠎ᠠ᠄ ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠬᠠᠪᠰᠤᠷᠤᠨ ᠵᠢᠯᠣᠭᠤᠳᠣᠭᠤᠯᠵᠣ ᠪᠦᠷᠢᠳᠬᠡᠨ ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠬᠤᠶᠠᠷ︶ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠲᠡᠭᠦᠨ ᠢ ᠨᠢ ᠬᠦᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠭᠤᠷᠪᠠ︶ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠠᠩᠬ᠎ᠠ ᠭᠠᠷᠭᠠᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ

ᠣᠯᠭᠤᠨ᠎ᠠ᠃︾ ᠭᠡᠰᠡᠨ ᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠱᠠᠲᠤ ᠦᠶ᠎ᠡ ᠬᠤᠪᠢᠶᠠᠨ ᠳᠤᠤᠷᠠᠬᠢ  ᠱᠠᠩᠨᠠᠯ ᠨᠥᠬᠦᠪᠥᠷᠢ ᠣᠯᠭᠤᠨ᠎ᠠ᠄ ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠬᠠᠪᠰᠤᠷᠤᠨ ᠵᠢᠯᠣᠭᠤᠳᠣᠭᠤᠯᠵᠣ ᠪᠦᠷᠢᠳᠬᠡᠨ ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠬᠤᠶᠠᠷ︶ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠶ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠭᠤᠷᠪᠠ︶ ᠱᠠᠩᠬᠠᠶ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃︾ ᠭᠡᠵᠦ ᠵᠠᠰᠠᠪᠤᠷᠢ ᠣᠷᠤᠭᠤᠯᠤᠨ᠎ᠠ᠃
     ᠬᠤᠶᠠᠷ᠂ ᠰᠢᠨ᠎ᠡ ᠭᠤᠷᠪᠠᠳᠤᠭᠠᠷ ᠰᠠᠮᠪᠠᠷ᠎ᠠ ᠶᠢᠨ ᠨᠠᠷᠢᠯᠢᠭ ᠰᠣᠩᠭᠤᠯᠲᠠ ᠶᠢᠨ ᠳᠠᠪᠬᠤᠷᠭ᠎ᠠ  ᠠᠵᠢᠯᠯᠠᠬᠤ ᠥᠬᠡᠶ ᠪᠣᠯᠤᠭᠰᠠᠨ ᠢ ᠦᠨᠳᠦᠰᠦᠯᠡᠨ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠳᠥᠷᠪᠡᠳᠦᠭᠡᠷ ᠵᠦᠢᠯ ᠳᠠᠬᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠨ᠎ᠡ ᠭᠤᠷᠪᠠᠳᠤᠭᠠᠷ ᠰᠠᠮᠪᠠᠷ᠎ᠠ ᠳᠤ ᠳᠡᠰ ᠳᠡᠪᠰᠢᠬᠦ ᠶᠢ ᠵᠣᠷᠢᠭᠵᠢᠭᠤᠯᠤᠨ᠎ᠠ᠃ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ ᠰᠣᠩᠭᠤᠭᠳᠠᠬᠤ ᠲᠠᠰ ᠲᠤ ᠳᠡᠪᠰᠢᠭᠰᠡᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡ ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠰᠢᠯᠢᠨ ᠰᠣᠩᠭᠤᠭᠳᠠᠬᠤ ᠳᠡᠰ ᠲᠠᠬᠢ ᠠᠵᠤ ᠠᠬᠤᠶᠢᠯᠠᠯ ᠨᠢ ᠰᠲ᠋ᠣᠺ ᠤᠨ ᠰᠠᠮᠪᠠᠷ᠎ᠠ ᠪᠠᠷ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠲᠤ ᠰᠢᠯᠵᠢᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠳᠠᠬᠢᠨᠲᠠ ᠨᠢᠭᠡ ᠤᠳᠠᠭ᠎ᠠ ᠶᠢᠨ ᠴᠢᠨᠠᠷᠲᠠᠶ ᠪᠠᠷ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︾ ᠭᠡᠰᠡᠨ ᠢ ᠬᠠᠰᠤᠵᠤ ᠬᠠᠶᠠᠪᠠ᠃
     ᠭᠤᠷᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃


                                                      2021 ᠣᠨ ᠤ 11 ᠳ᠋ᠦ᠋ᠭᠡᠷ ᠰᠠᠷ᠎ᠠ ᠶᠢᠨ 16  ᠤ ᠡᠳᠦᠷ
                                                      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ