|
ᠪᠠᠴᠢᠮ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ |
|
|
ᠨᠡᠶᠢᠲᠡᠯᠡᠭᠰᠡᠨ ᠴᠠᠭ᠄
2021/3/1
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠲᠢᠩᠬᠢᠮ ᠤᠨ ᠳᠡᠰ ᠤᠨ ᠨᠢᠭᠡᠴᠢ ᠪᠣᠯᠤᠨ᠎ᠠ᠃ ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠬᠢ ᠨᠠᠮ ᠤᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ︵ᠨᠢᠭᠡ︶ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ︵ᠬᠤᠶᠠᠷ︶ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠳᠦᠷᠢᠮ ᠵᠢᠷᠤᠮ ᠪᠣᠯᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ︵ᠭᠤᠷᠪᠠ︶ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠯᠳᠤᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠳᠥᠷᠪᠡ︶ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠣᠯᠤᠨ ᠪᠠᠶᠢᠷᠢᠯᠠᠭᠤᠯᠤᠯᠲᠠ ᠶᠢᠨ ᠠᠵᠢᠯ ᠢ ᠠᠬᠢᠭᠤᠯᠵᠤ᠂ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ︵ᠲᠠᠪᠤ︶ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠳᠠᠭᠠᠭᠠᠨ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ︵ᠵᠢᠷᠭᠤᠭ᠎ᠠ︶ ᠡᠷᠬᠡ ᠶᠢᠨ ᠬᠢᠵᠠᠭᠠᠷ ᠶᠣᠰᠣᠭᠠᠷ ᠪᠦᠬᠦ ᠣᠷᠣᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠤᠨ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ ᠵᠣᠯᠭᠠᠯᠳᠤᠭᠤᠯᠤᠨ᠎ᠠ᠃ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠠ ᠲᠠᠯ᠎ᠠ ᠨᠤᠲᠤᠭ ᠤᠨ ᠲᠦᠢᠮᠡᠷ ᠢ ᠤᠨᠲᠠᠷᠠᠭᠠᠨ ᠲᠤᠰᠠᠯᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠬᠥᠷᠥᠰᠥᠨ ᠤ ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠢ ᠮᠡᠷᠭᠡᠵᠢᠯ ᠤᠨ ᠬᠦᠴᠦᠨ ᠪᠠᠶᠢᠭᠤᠯᠤᠯᠲᠠ ᠶᠢ ᠵᠣᠬᠢᠴᠠᠭᠤᠯᠤᠨ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠪᠠᠶᠢᠭᠤᠯᠵᠤ ᠠᠬᠢᠭᠤᠯᠤᠨ᠎ᠠ᠃ ︵ᠳᠣᠯᠤᠭ᠎ᠠ︶ ᠡᠷᠬᠡ ᠶᠢᠨ ᠬᠢᠵᠠᠭᠠᠷ ᠶᠣᠰᠣᠭᠠᠷ ᠪᠦᠬᠦ ᠣᠷᠣᠨ ᠤ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠠᠶᠤᠯ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ︵ᠨᠠᠶᠮᠠ︶ ᠪᠦᠬᠦ ᠣᠷᠣᠨ ᠤ ᠣᠶ ᠰᠢᠭᠤᠶ ᠪᠣᠯᠤᠨ ᠲᠠᠯ᠎ᠠ ᠨᠤᠲᠤᠭ ᠤᠨ ᠲᠦᠢᠮᠡᠷ᠂ ᠦᠶᠡᠷ ᠤᠰᠤᠳᠤᠯ ᠭᠠᠩ ᠬᠠᠭᠰᠠᠷᠠᠭᠠᠨ᠂ ᠭᠠᠵᠠᠷ ᠬᠥᠳᠡᠯᠦᠯᠲᠡ ᠪᠣᠯᠤᠨ ᠭᠠᠵᠠᠷ ᠬᠥᠷᠥᠰᠥᠨ ᠤ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠰᠢᠨᠵᠢᠯᠡᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠨ ᠡᠳ᠋ ᠪᠣᠳᠠᠰ ᠬᠠᠨᠳᠢᠪᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ᠃ ︵ᠠᠷᠪᠠ︶ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠤᠨ ᠵᠠᠰᠠᠭ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠯᠲᠠ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠠᠷᠪᠠᠨ ᠨᠢᠭᠡ︶ ᠱᠠᠳᠤ ᠬᠤᠪᠢᠶᠠᠬᠤ᠂ ᠬᠠᠷᠢᠶ᠎ᠠ ᠣᠷᠣᠨ ᠤ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠥᠬᠦᠢ ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠬᠤ ᠬᠡᠷᠡᠭᠰᠡᠯ ᠤᠨ ᠠᠶᠤᠯᠭᠦᠢ ᠦᠢᠯᠡᠳᠪᠦᠷᠢᠯᠡᠯ ᠪᠠ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠶᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠳᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠬᠤᠶᠠᠷ︶ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠶᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠠᠷᠪᠠᠨ ᠭᠤᠷᠪᠠ︶ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠥᠬᠦᠭᠡᠷᠡᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠪᠣᠯᠤᠨ ᠲᠣᠬᠢᠷᠠᠭᠤᠯᠤᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠶ ᠲᠣᠬᠢᠷᠠᠭᠤᠯᠤᠨ᠎ᠠ᠃ ︵ᠠᠷᠪᠠᠨ ᠳᠥᠷᠪᠡ︶ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠵᠢᠷᠭᠤᠭ᠎ᠠ︶ ᠡᠭᠦᠷᠭᠡ ᠴᠢᠳᠠᠪᠬᠢ ᠶᠢᠨ ᠬᠤᠪᠢᠷᠠᠯᠲᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠢᠯᠢᠳᠡᠭᠵᠢᠭᠦᠯᠬᠦ ᠪᠠ ᠨᠢᠭᠡᠳᠦᠯᠲᠡᠶ ᠲᠥᠯᠥᠪᠵᠢᠭᠦᠯᠵᠦ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷᠲᠡᠢ ᠥᠨᠳᠥᠷ ᠪᠦᠲᠦᠮᠵᠢᠲᠡᠶ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠰᠢᠰᠲ᠋ᠧᠮᠵᠢ ᠶᠢ ᠪᠠᠶᠢᠭᠤᠯᠵᠤ᠂ ᠨᠢᠭᠡᠳᠦᠯᠲᠡᠶ ᠵᠢᠯᠣᠭᠤᠳᠤᠭᠰᠠᠨ᠂ ᠲᠤᠰᠬᠠᠶ ᠪᠠ ᠪᠠᠶᠢᠩᠭᠤ ᠶᠢ ᠬᠠᠪᠰᠤᠷᠭᠠᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢᠨ ᠪᠦᠷᠢᠯᠳᠦᠯ ᠢ ᠠᠬᠢᠭᠤᠯᠤᠨ᠎ᠠ᠃ ᠨᠢᠭᠡ ᠳᠤ᠂ ᠰᠡᠷᠭᠡᠶᠢᠯᠡᠬᠦ ᠪᠠᠷ ᠭᠤᠣᠯᠯᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠢ ᠠᠷᠭᠠᠴᠠᠭᠠᠬᠤ ᠠᠴᠠ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠭᠠᠮᠰᠢᠭ ᠤᠨ ᠠᠶᠤᠯ ᠲᠦᠭᠰᠢᠭᠦᠷᠢ ᠶᠢ ᠬᠥᠩᠭᠡᠷᠡᠭᠦᠯᠬᠦ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠨᠣᠴᠢᠲᠠᠢ ᠣᠨᠴᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠨ᠎ᠠ᠃ ᠬᠤᠶᠠᠷ ᠲᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠨᠡᠶᠢᠲᠡ ᠣᠯᠠᠨ ᠤ ᠮᠡᠳᠡᠯᠭᠡ ᠶᠢᠨ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠮᠡᠷᠭᠡᠵᠢᠯ ᠢ ᠳᠡᠭᠡᠭᠰᠢᠯᠡᠭᠦᠯᠵᠦ᠂ ᠬᠥᠮᠦᠨ ᠤ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨ ᠬᠦ ᠪᠠᠭᠠᠰᠬᠠᠬᠤ ᠬᠡᠷᠡᠭᠲᠡᠶ᠃ ᠭᠤᠷᠪᠠ ᠳᠤ᠂ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠦᠨᠳᠦ ᠨᠣᠴᠢᠲᠠᠢ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ︵ᠠᠷᠪᠠᠨ ᠳᠣᠯᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ 1. ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠠᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠭᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠯᠳᠤᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠬᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢ ᠬᠠᠷᠢᠭᠤᠴᠠᠨ᠎ᠠ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠢᠵᠠᠭᠠᠷ ᠶᠣᠰᠣᠭᠠᠷ ᠲᠣᠭᠲᠠᠭᠠᠯ ᠭᠠᠷᠭᠠᠨ᠎ᠠ︔ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠣᠭᠤᠳᠬᠤ ᠭᠠᠵᠠᠷ ᠤᠨ ᠠᠵᠢᠯ ᠢ ᠳᠠᠭᠠᠭᠠᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠶ ᠰᠢᠭᠤᠶ ᠪᠣᠯᠤᠨ ᠲᠠᠯ᠎ᠠ ᠨᠤᠲᠤᠭ ᠤᠨ ᠲᠦᠢᠮᠡᠷ᠂ ᠦᠶᠡᠷ ᠤᠰᠤᠳᠤᠯ ᠭᠠᠩ ᠬᠠᠭᠰᠠᠷᠠᠭᠠᠨ᠂ ᠭᠠᠵᠠᠷ ᠬᠥᠳᠡᠯᠦᠯᠲᠡ ᠪᠣᠯᠤᠨ ᠭᠠᠵᠠᠷ ᠬᠥᠷᠥᠰᠥᠨ ᠤ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠴᠠᠭ ᠠᠭᠤᠷ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠨᠢᠭᠡᠳᠦᠯᠲᠡᠢ ᠲᠠᠪᠴᠠᠩ ᠢ ᠪᠠᠶᠢᠭᠤᠯᠵᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠲᠣᠭᠲᠠᠭᠠᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠣᠯᠠᠨ ᠵᠦᠢᠯ ᠤᠨ ᠭᠠᠮᠰᠢᠭ ᠤᠨ ᠲᠥᠷᠥᠯ ᠵᠦᠢᠯ ᠪᠣᠯᠤᠨ ᠭᠠᠮᠰᠢᠭ ᠤᠨ ᠬᠡᠯᠬᠢᠶᠡᠰᠦ ᠶᠢᠨ ᠶᠡᠷᠦᠩᠬᠡᠶᠢᠯᠡᠭᠰᠡᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠭᠰᠠᠨ ᠶᠣᠰᠣᠭᠠᠷ ᠣᠶ ᠰᠢᠭᠤᠶ ᠪᠣᠯᠤᠨ ᠲᠠᠯ᠎ᠠ ᠨᠤᠲᠤᠭ ᠤᠨ ᠲᠦᠢᠮᠡᠷ ᠤᠨ ᠪᠠᠶᠢᠳᠠᠯ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠯ ᠤᠨ ᠠᠶᠤᠯ ᠤᠨ ᠲᠦᠭᠰᠢᠭᠦᠷᠢ᠂ ᠭᠠᠯ ᠤᠨ ᠠᠶᠤᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ︵2︶ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠬᠥᠷᠥᠰᠥᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠭᠠᠵᠠᠷ ᠬᠥᠷᠥᠰᠥᠨ ᠤ ᠭᠠᠮᠰᠢᠭ ᠢ ᠪᠠᠶᠢᠴᠠᠭᠠᠵᠤ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠣᠯᠠᠨ ᠢᠶᠠᠷ ᠢᠶᠠᠨ ᠰᠢᠨᠵᠢᠯᠡᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠵᠦᠢᠯ ᠤᠨ ᠬᠢᠨᠠᠨ ᠰᠢᠨᠵᠢᠯᠡᠯᠲᠡ ᠬᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠬᠥᠷᠥᠰᠥᠨ ᠤ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ︔ ᠭᠠᠵᠠᠷ ᠬᠥᠷᠥᠰᠥᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ ︵3︶ ᠤᠰᠤᠨ ᠠᠰᠢᠭᠯᠠᠯᠲᠠ ᠶᠢᠨ ᠲᠢᠩᠬᠢᠮ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠶᠡᠷ ᠤᠰᠤᠳᠤᠯ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠦᠶᠡᠷ ᠤᠨ ᠪᠠᠶᠢᠳᠠᠯ ᠭᠠᠩ ᠤᠨ ᠪᠠᠶᠢᠳᠠᠯ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠵᠤ ᠭᠠᠩ ᠤᠨ ᠭᠠᠮᠰᠢᠭ ᠢ ᠡᠰᠡᠷᠭᠦᠴᠡᠨ ᠬᠤᠷᠢᠭᠯᠠᠬᠤ ᠲᠣᠬᠢᠷᠠᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠶᠡᠷ ᠤᠨ ᠤᠰᠤᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠳᠤ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ ︵4︶ ᠡᠯ᠎ᠡ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠶᠢ ᠵᠢᠯᠣᠭᠤᠳᠬᠤ ᠪᠠᠶᠢᠭᠤᠯᠤᠮᠵᠢ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠵᠢᠴᠢ ᠤᠰᠤᠨ ᠠᠰᠢᠭᠯᠠᠯᠲᠠ ᠶᠢᠨ ᠲᠢᠩᠬᠢᠮ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠵᠢᠭᠠᠪᠤᠷᠢ ᠵᠠᠷᠯᠢᠭ ᠢ ᠬᠡᠷᠡᠭᠵᠢᠭᠦᠯᠬᠦ ᠶᠢ ᠬᠠᠷᠢᠭᠤᠴᠠᠨ᠎ᠠ᠃ ︵5︶ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠣᠶ ᠰᠢᠭᠤᠶ ᠪᠣᠯᠤᠨ ᠲᠠᠯ᠎ᠠ ᠨᠤᠲᠤᠭ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠰᠢᠨᠵᠢᠯᠡᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠢ ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠬᠤ᠂ ᠭᠠᠯ ᠢ ᠰᠡᠷᠭᠡᠶᠢᠯᠡᠬᠦ ᠪᠡᠯᠡᠳᠬᠡᠮᠵᠢ ᠶᠢᠨ ᠪᠠᠶᠢᠭᠤᠯᠤᠯᠲᠠ ᠬᠢᠭᠡᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ︵6︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠳᠤ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃ 2. ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠠᠯ᠎ᠠ ᠪᠠᠷ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠬᠠᠤ ᠡᠳ᠋ ᠪᠣᠳᠠᠰ ᠢ ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠶᠳᠪᠦᠷᠢᠲᠦ ᠪᠣᠳᠣᠯᠭ᠎ᠠ ᠶᠢ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠬᠠᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠶᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠬᠤ ᠠᠵᠢᠯ ᠢ ᠬᠠᠷᠢᠭᠤᠴᠠᠨ᠎ᠠ᠃ ︵2︶ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠣᠯᠤᠨ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠬᠤᠳᠠᠯᠳᠤᠨ ᠠᠪᠴᠤ ᠨᠥᠭᠡᠴᠡᠯᠡᠬᠦ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠡᠷᠡᠭᠯᠡᠬᠦ ᠵᠢᠭᠠᠪᠤᠷᠢ ᠵᠠᠷᠯᠢᠭ ᠢ ᠦᠨᠳᠦᠰᠦᠯᠡᠨ ᠳᠡᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠳᠤ ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠭᠠᠷᠭᠠᠨ᠎ᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ ᠵᠡᠷᠭᠡ ᠠᠵᠢᠯ ᠢ ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠶᠴᠡᠳᠬᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠯᠲᠠ ᠵᠡᠷᠭᠡ ᠠᠵᠢᠯ ᠢ ᠬᠠᠷᠢᠭᠤᠴᠠᠨ᠎ᠠ᠃ ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠣᠭᠤᠳᠤᠨ ᠲᠣᠬᠢᠷᠠᠭᠤᠯᠬᠤ ᠲᠥᠪ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ᠂ ᠵᠠᠰᠠᠭ ᠤᠨ ᠶᠠᠪᠤᠳᠠᠯ ᠤᠨ ᠵᠢᠵᠢᠭᠦᠷ ᠵᠡᠷᠭᠡ ᠠᠵᠢᠯ ᠢ ᠡᠭᠦᠷᠭᠡᠯᠡᠵᠦ᠂ ᠤᠯᠤᠰ ᠤᠨ ᠠᠳᠡᠯ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠂ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠪᠦᠬᠦ ᠣᠷᠣᠨ ᠤ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠲᠤᠰᠠᠯᠠᠮᠵᠢ ᠭᠤᠶᠤᠴᠢᠯᠠᠬᠤ ᠠᠵᠢᠯ ᠢ ᠬᠠᠷᠢᠭᠤᠴᠠᠵᠤ᠂ ᠭᠠᠯ ᠤᠨᠲᠠᠷᠠᠭᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠯᠳᠤᠭᠤᠯᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ︵ᠭᠤᠷᠪᠠ︶ ᠠᠵᠢᠯᠲᠠᠨ ᠤ ᠶᠠᠪᠤᠳᠠᠯ ᠪᠠ ᠬᠥᠮᠦᠵᠢᠯ ᠪᠣᠯᠪᠠᠰᠤᠷᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ ᠴᠠᠯᠢᠩ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠮᠠᠷᠠᠭᠰᠠᠨ ᠺᠠᠳ᠋ᠷ ᠵᠡᠷᠭᠡ ᠠᠵᠢᠯ ᠢ ᠬᠠᠷᠢᠭᠤᠴᠠᠵᠤ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠤᠨ᠎ᠠ᠃ ︵ᠳᠥᠷᠪᠡ︶ ᠲᠦᠭᠰᠢᠭᠦᠷᠢ ᠶᠢ ᠬᠢᠨᠠᠨ ᠰᠢᠨᠵᠢᠯᠡᠬᠦ ᠪᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠭᠠᠵᠠᠷ᠃ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠲᠠᠪᠤ︶ ᠠᠪᠤᠷᠠᠨ ᠲᠤᠰᠠᠯᠠᠬᠤ ᠶᠢ ᠵᠣᠬᠢᠴᠠᠭᠤᠯᠬᠤ ᠪᠠ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠥᠷᠥᠯ ᠤᠨ ᠪᠡᠯᠡᠳᠬᠡᠯ ᠲᠥᠰᠦᠯ ᠢ ᠵᠣᠯᠭᠠᠯᠳᠤᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠤᠷ ᠤᠨ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠪᠠᠲᠤᠯᠠᠭ᠎ᠠ ᠶᠢᠨ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠵᠢᠷᠭᠤᠭ᠎ᠠ︶ ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠭᠠᠵᠠᠷ᠃ ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠭᠠᠯ ᠤᠨᠲᠠᠷᠠᠭᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠣᠷᠣᠨ ᠤ ᠬᠤᠲᠠ ᠪᠠᠯᠭᠠᠰᠤ᠂ ᠲᠠᠷᠢᠶᠠᠯᠠᠬᠤ ᠮᠠᠯᠵᠢᠬᠤ ᠣᠷᠣᠨ᠂ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠬᠢᠭᠤᠯᠤᠨ ᠨᠠᠶᠢᠳᠠᠪᠤᠷᠢᠵᠢᠭᠤᠯᠬᠤ ᠶᠢ ᠵᠢᠯᠣᠭᠤᠳᠴᠤ᠂ ᠪᠦᠬᠦ ᠣᠷᠣᠨ ᠤ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠲᠦᠢᠮᠡᠷ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ᠃ ︵ᠳᠣᠯᠤᠭ᠎ᠠ︶ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠭᠠᠵᠠᠷ᠃ ᠪᠦᠬᠦ ᠣᠷᠣᠨ ᠤ ᠦᠶᠡᠷ ᠤᠰᠤᠳᠤᠯ ᠭᠠᠩ ᠬᠠᠭᠰᠠᠷᠠᠭᠠᠨ ᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠲᠣᠬᠢᠷᠠᠭᠤᠯᠤᠯᠲᠠ ᠬᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ︵ᠨᠠᠶᠮᠠ︶ ᠭᠠᠵᠠᠷ ᠬᠥᠳᠡᠯᠦᠯᠲᠡ ᠪᠣᠯᠤᠨ ᠭᠠᠵᠠᠷ ᠬᠥᠷᠥᠰᠥᠨ ᠤ ᠭᠠᠮᠰᠢᠭ ᠠᠴᠠ ᠠᠪᠤᠷᠠᠨ ᠲᠤᠰᠠᠯᠠᠬᠤ ᠭᠠᠵᠠᠷ᠃ ᠪᠦᠬᠦ ᠣᠷᠣᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠬᠥᠷᠥᠰᠥᠨ ᠤ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠬᠦᠨᠳᠦ ᠶᠡᠭᠡ ᠭᠠᠵᠠᠷ ᠬᠥᠷᠥᠰᠥᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠯᠠᠨ ᠤᠯᠤᠰ ᠤᠨ ᠬᠠᠮᠲᠤᠷᠠᠯᠴᠠᠭ᠎ᠠ ᠪᠣᠯᠤᠨ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ︵ᠶᠢᠰᠦ︶ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠭᠠᠵᠠᠷ᠃ ᠪᠥᠬᠦ ᠣᠷᠣᠨ ᠤ ᠬᠢᠮᠢ ᠶᠢᠨ ᠠᠵᠤ ᠦᠶᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠶᠯᠡᠳᠪᠦᠷᠢ ᠪᠠᠭᠲᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ ᠪᠣᠯᠤᠨ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠲᠥᠷᠥᠯ ᠤᠨ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠪᠥᠬᠦ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠶᠡᠷᠦᠩᠬᠡᠶᠢᠯᠡᠭᠰᠡᠨ ᠠᠵᠢᠯ ᠢ ᠡᠭᠦᠷᠭᠡᠯᠡᠨ᠂ ᠪᠥᠬᠦ ᠣᠷᠣᠨ ᠤ ᠠᠶᠤᠯᠲᠠᠢ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠪᠤᠰᠤ ᠲᠥᠷᠥᠯ ᠤᠨ ᠬᠢᠯᠪᠠᠷᠬᠠᠨ ᠬᠤᠤᠷ ᠦᠶᠯᠡᠳᠬᠦ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠨ ᠬᠠᠮᠢᠶᠠᠷᠬᠤ ᠠᠵᠢᠯ ᠢ ᠵᠢᠯᠣᠭᠤᠳᠤᠨ᠎ᠠ᠃ ︵ᠠᠷᠪᠠ︶ ᠠᠶᠤᠯᠭᠦᠢ ᠦᠢᠯᠡᠳᠪᠦᠷᠢᠯᠡᠯ ᠤᠨ ᠰᠠᠭᠤᠷᠢ ᠠᠵᠢᠯ ᠤᠨ ᠭᠠᠵᠠᠷ᠃ ᠨᠡᠭᠦᠷᠡᠰᠦᠨ ᠤ ᠪᠤᠰᠤ ᠠᠭᠤᠷᠬᠠᠢ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ᠂ ᠪᠣᠯᠪᠠᠰᠤᠷᠠᠭᠤᠯᠤᠭᠰᠠᠨ ᠲᠣᠰᠣᠨ ᠤ ᠬᠤᠭᠤᠯᠠᠶ ᠪᠠᠭᠲᠠᠬᠤ ᠦᠭᠡᠶ︶᠂ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ᠂ ᠪᠠᠷᠢᠮᠵᠢᠶ᠎ᠠ ᠶᠢ ᠲᠤᠭᠤᠷᠪᠢᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠮᠤᠷ ᠲᠦᠪᠰᠢᠨ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠠᠷᠪᠠᠨ ᠨᠢᠭᠡ︶ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠣᠪᠴᠢᠶ᠎ᠠ᠃ ᠰᠢᠭᠤᠳ ᠬᠢᠨᠠᠨ ᠬᠠᠮᠢᠶᠠᠷᠬᠤ ᠠᠵᠢᠯ ᠲᠥᠷᠥᠯ ᠤᠨ ᠬᠢᠨ ᠤ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠬᠢᠨ ᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠴᠢᠨᠠᠷᠲᠠᠶ ᠠᠵᠢᠯ ᠢ ᠬᠠᠷᠢᠭᠤᠴᠠᠨ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠣᠯᠤᠨ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠤᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠬᠤᠶᠠᠷ︶ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠨ ᠵᠣᠬᠢᠴᠠᠭᠤᠯᠬᠤ ᠭᠠᠵᠠᠷ᠃ ᠠᠶᠤᠯᠭᠦᠢ ᠦᠢᠯᠡᠳᠪᠦᠷᠢᠯᠡᠯ ᠢ ᠲᠤᠰᠬᠠᠶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠪᠣᠯᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠣᠷᠣᠨ ᠤ ᠴᠢᠨᠠᠷᠲᠠᠶ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ ᠵᠢᠴᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ︵ᠠᠷᠪᠠᠨ ᠭᠤᠷᠪᠠ︶ ᠭᠠᠮᠰᠢᠭ ᠠᠴᠠ ᠠᠪᠤᠷᠠᠬᠤ ᠪᠠ ᠡᠳ᠋ ᠪᠠᠷᠠᠭ᠎ᠠ ᠪᠠᠲᠤᠯᠠᠬᠤ ᠭᠠᠵᠠᠷ᠃ ᠪᠦᠬᠦ ᠣᠷᠣᠨ ᠤ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠵᠤ ᠲᠤᠰᠠᠯᠠᠨ ᠬᠦᠷᠭᠡᠬᠦ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢ ᠬᠠᠮᠲᠤ ᠪᠠᠷ ᠬᠡᠷᠡᠭᠯᠡᠵᠦ ᠬᠠᠮᠲᠤ ᠳᠤ ᠪᠠᠨ ᠬᠦᠷᠲᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠠᠷᠠᠭ᠎ᠠ ᠶᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠠᠷᠠᠭ᠎ᠠ ᠶᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠠᠴᠠ ᠪᠣᠯᠵᠤ ᠡᠪᠳᠡᠭᠳᠡᠭᠰᠡᠨ ᠭᠡᠷ ᠪᠠᠶᠢᠰᠢᠩ ᠢ ᠰᠡᠷᠭᠦᠭᠡᠵᠦ ᠳᠠᠬᠢᠨ ᠪᠠᠶᠢᠭᠤᠯᠬᠤ ᠨᠥᠬᠦᠪᠦᠷᠢ ᠪᠠ ᠭᠠᠮᠰᠢᠭᠳᠠᠭᠰᠠᠨ ᠣᠯᠠᠨ ᠤ ᠠᠮᠢᠳᠤᠷᠠᠯ ᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ︵ᠠᠷᠪᠠᠨ ᠳᠥᠷᠪᠡ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠵᠣᠬᠢᠶᠠᠨ ᠪᠠᠶᠢᠭᠤᠯᠤᠨ ᠲᠤᠭᠤᠷᠪᠢᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠶᠢᠨ ᠠᠵᠢᠯ ᠢ ᠡᠭᠦᠷᠭᠡᠯᠡᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ︵ᠠᠷᠪᠠᠨ ᠲᠠᠪᠤ︶ ᠲᠥᠯᠥᠪᠵᠢᠭᠦᠯᠭᠡ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ ᠠᠷᠭᠠᠴᠠᠭᠠᠬᠤ ᠭᠤᠤᠯᠳᠠᠯᠭ᠎ᠠ ᠲᠠᠢ ᠢᠨᠵᠧᠨᠧᠷᠢᠩ ᠪᠣᠯᠤᠨ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠯᠠᠯᠲᠠ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠠᠷᠪᠠᠨ ᠵᠢᠷᠭᠤᠭ᠎ᠠ︶ ᠪᠠᠶᠢᠴᠠᠭᠠᠵᠤ ᠦᠨᠡᠯᠡᠨ ᠵᠢᠱᠢᠬᠦ ᠪᠠ ᠲᠣᠭᠠᠯᠠᠨ ᠪᠦᠷᠢᠳᠬᠡᠬᠦ ᠭᠠᠵᠠᠷ᠃ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠠᠳᠡᠯ ᠢ ᠪᠠᠶᠢᠴᠠᠭᠠᠨ ᠰᠢᠶᠳᠪᠦᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃ ︵ᠠᠷᠪᠠᠨ ᠳᠣᠯᠤᠭ᠎ᠠ︶ ᠰᠣᠨᠢᠨ ᠮᠡᠳᠡᠭᠡᠨ ᠤ ᠤᠬᠠᠭᠤᠯᠭ᠎ᠠ ᠶᠢᠨ ᠭᠠᠵᠠᠷ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠠᠶᠤᠯᠭᠦᠢ ᠦᠶᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠤᠯᠤᠰ ᠲᠦᠷᠦ ᠶᠢᠨ ᠬᠡᠯᠲᠡᠰ᠃ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠮᠵᠢᠨ ᠥᠷᠨᠢᠭᠦᠯᠦᠨ᠎ᠡ᠃ ᠤᠯᠤᠰ ᠲᠦᠷᠦ ᠶᠢᠨ ᠬᠡᠯᠲᠡᠰ ᠤᠨ ᠡᠳᠦᠷ ᠲᠤᠳᠦᠮ ᠤᠨ ᠠᠵᠢᠯ ᠢ ᠠᠵᠢᠯᠳᠡᠠ ᠤ ᠶᠠᠪᠤᠳᠠᠯ ᠤᠨ ᠬᠥᠮᠦᠵᠢᠯ ᠪᠣᠯᠪᠠᠰᠤᠷᠠᠯ ᠤᠨ ᠭᠠᠵᠠᠷ ᠠᠴᠠ ᠡᠭᠦᠷᠭᠡᠯᠡᠨ᠎ᠡ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠶᠢ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 72 ᠬᠥᠮᠦᠨ ᠲᠠᠢ᠃ ᠲᠢᠩᠬᠢᠮ ᠤᠨ ᠳᠠᠷᠤᠭ᠎ᠠ 1 ᠬᠥᠮᠦᠨ᠂ ᠳᠡᠳ᠋ ᠲᠢᠩᠬᠢᠮ ᠤᠨ ᠳᠠᠷᠤᠭ᠎ᠠ 4 ᠬᠥᠮᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ 1 ᠬᠥᠮᠦᠨ ︵ᠳᠡᠳ᠋ ᠲᠢᠩᠬᠢᠮ ᠤᠨ ᠲᠠᠰ︶ ᠪᠣᠶ︔ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ 41 ᠬᠥᠮᠥᠨ ﹇23 ᠵᠢᠩᠬᠢᠨᠢ ᠭᠠᠵᠠᠷ ᠤᠨ ᠳᠡᠰ ︵ᠶᠡᠷᠦᠩᠬᠡᠶ ᠢᠨᠵᠧᠨᠧᠷ 1 ᠬᠥᠮᠥᠨ᠂ ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ 2 ᠬᠥᠮᠥᠨ᠂ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠲᠤᠰᠬᠠᠶ ᠲᠤᠰᠢᠶᠠᠯᠲᠠᠨ 2 ᠬᠥᠮᠥᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠥᠮᠥᠨ︶ 18 ᠳᠡᠳ᠋ ᠭᠠᠵᠠᠷ ᠤᠨ ᠳᠡᠰ ︵ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠱᠦᠵᠢ 1 ᠬᠥᠮᠥᠨ︶﹈᠃ ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤ ᠨᠢ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 7 ᠳ᠋ᠤᠭᠠᠷ ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠧᠢ ᠡᠮᠦᠨ᠎ᠡ ᠵᠠᠮ ᠤᠨ 40 ᠳ᠋ᠦ᠋ᠭᠡᠷ ᠲᠣᠭᠠᠲᠤ ᠶᠢᠨ ᠭᠠᠵᠠᠷ ᠠᠭᠤᠷᠬᠠᠢ ᠶᠢᠨ ᠪᠠᠷᠠᠭᠤᠨ ᠳᠡᠳ᠋ ᠠᠰᠠᠷ ᠤᠨ 3 ᠳ᠋ᠤᠭᠠᠷ ᠳᠠᠪᠬᠤᠷ ᠠᠯᠪᠠᠯᠠᠬᠤ ᠴᠠᠭ᠄ 9:00-12:00 14:30-17:00 ᠠᠯᠪᠠᠨ ᠤᠲᠠᠰᠤ᠄ 0471-4824536 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ ᠲᠤᠰ ᠪᠠᠶᠢᠭᠤᠯᠭ᠎ᠠ ᠨᠢ 2018 ᠣᠨ ᠤ 10 ᠳ᠋ᠤᠭᠠᠷ ᠰᠠᠷ᠎ᠠ ᠶᠢᠨ 1 ᠤ ᠡᠳᠦᠷ ᠵᠡᠪᠰᠡᠭᠲᠦ ᠴᠠᠭᠳᠠᠭᠠᠨ ᠤ ᠴᠡᠷᠢᠭ ᠠᠩᠭᠢ ᠶᠢᠨ ᠣᠷᠣᠨ ᠲᠤᠭ᠎ᠠ ᠠᠴᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠳᠤ ᠰᠢᠯᠵᠢᠪᠡ᠃ ᠤᠤᠯ ᠨᠡᠷ᠎ᠡ ᠨᠢ ᠵᠡᠪᠰᠡᠭᠲᠦ ᠴᠠᠭᠳᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠶᠡᠷᠦᠩᠬᠡᠢ ᠠᠩᠭᠢ᠂ ᠣᠳᠣ ᠶᠢᠨ ᠨᠡᠷ᠎ᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠵᠡᠰᠬᠦᠯᠡᠩ ᠤᠨ ᠣᠷᠳᠣᠨ ᠤ ᠵᠡᠭᠦᠨ ᠵᠠᠮ ᠤᠨ 33 ᠳ᠋ᠤᠭᠠᠷ ᠲᠣᠭᠠᠲᠤ ᠬᠠᠷᠢᠯᠴᠠᠭᠴᠢ᠄ ᠸᠠᠩ ᠰᠢᠶᠣᠣ ᠮᠧᠢ ᠠᠯᠪᠠᠨ ᠤᠲᠠᠰᠤ᠄ 4162117
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|