ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ
ᠨᠡᠶᠢᠲᠡᠯᠡᠭᠰᠡᠨ ᠴᠠᠭ᠄
2021/3/1

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃
     ᠭᠤᠣᠯ ᠲᠤᠰᠢᠶᠠᠯ ᠬᠠᠷᠢᠭᠤᠴᠠᠯᠭ᠎ᠠ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠦᠯ ᠬᠠᠷᠠᠭᠠᠯᠵᠠᠯ ᠵᠡᠷᠭᠡ ᠠᠵᠢᠯ ᠤᠨ ᠲᠤᠬᠠᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠦᠷᠡᠭᠳᠡᠬᠦ ᠵᠣᠷᠢᠭ ᠰᠠᠨᠠᠭ᠎ᠠ ᠪᠠ ᠥᠷᠲᠡᠭ ᠤᠨ ᠤᠳᠤᠷᠢᠳᠤᠮᠵᠢ ᠶᠢ ᠰᠠᠶᠢᠰᠢᠶᠠᠨ ᠢᠯᠡᠷᠡᠭᠦᠯᠵᠦ᠂ ᠪᠦᠬᠦ ᠣᠷᠣᠨ ᠤ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠨ ᠺᠠᠳ᠋ᠷ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶᠠᠯᠠᠯ ᠦᠭᠡᠶ ᠠᠵᠢᠯ ᠠᠴᠠ ᠪᠠᠨ ᠠᠮᠠᠷᠠᠭᠰᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ᠂ ᠬᠠᠷᠠᠭᠠᠯᠵᠠᠯ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ᠂ ᠠᠰᠠᠷᠠᠮᠵᠢ ᠬᠠᠷᠠᠭᠠᠯᠵᠠᠯ᠂ ᠲᠡᠩᠬᠡᠷᠡᠭᠦᠯᠦᠯ ᠲᠤᠰᠠᠯᠠᠮᠵᠢ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠣᠷᠣᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢᠨ ᠬᠢᠨ ᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠱᠠᠩᠨᠠᠯ ᠬᠥᠬᠢᠭᠦᠯᠦᠯ᠂ ᠳᠤᠷᠠᠰᠬᠠᠬᠤ ᠠᠵᠢᠯᠯᠠᠭ᠎ᠠ ᠵᠢᠴᠢ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃
     ᠳᠣᠲᠣᠭᠠᠳᠤ ᠶᠢᠨ ᠪᠠᠶᠢᠭᠤᠯᠤᠮᠵᠢ᠄ ᠠᠯᠪᠠᠨ ᠭᠡᠷ᠂ ᠦᠵᠡᠯ ᠰᠠᠨᠠᠭ᠎ᠠ ᠤᠯᠤᠰ ᠲᠥᠷᠥ ᠪᠣᠯᠤᠨ ᠡᠷᠬᠡ ᠠᠰᠢᠭ ᠢ ᠬᠠᠮᠠᠭᠠᠯᠠᠬᠤ ᠭᠠᠵᠠᠷ᠂ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠶᠢ ᠬᠠᠮᠢᠶᠠᠷᠬᠤ ᠭᠠᠵᠠᠷ᠂ ᠠᠵᠢᠯ ᠣᠯᠭᠤᠬᠤ ᠦᠢᠯᠡᠰ ᠪᠣᠰᠬᠠᠬᠤ ᠭᠠᠵᠠᠷ᠂ ᠴᠡᠷᠢᠭ ᠢ ᠬᠦᠷᠢᠶᠡᠯᠡᠵᠦ ᠬᠠᠷᠠᠭᠠᠯᠵᠠᠬᠤ ᠪᠠ ᠰᠠᠶᠢᠰᠢᠶᠠᠨ ᠳᠤᠷᠠᠰᠬᠠᠬᠤ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠶᠠᠪᠤᠳᠠᠯ ᠤᠨ ᠭᠠᠵᠠᠷ︶᠃
     ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠶᠢᠨ ᠵᠠᠰᠠᠭ ᠤᠨ ᠣᠷᠳᠣᠨ ᠤ ᠠᠵᠢᠯᠯᠠᠬᠤ ᠲᠣᠭᠤᠷᠢᠭ ᠤᠨ 5 ᠳ᠋ᠤᠭᠠᠷ ᠠᠰᠠᠷ
     ᠵᠠᠬᠢᠳᠠᠯ ᠨᠡᠪᠲᠡᠷᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠶᠢᠨ ᠵᠠᠰᠠᠭ ᠤᠨ ᠣᠷᠳᠣᠨ ᠤ ᠠᠯᠪᠠᠯᠠᠬᠤ ᠲᠣᠭᠤᠷᠢᠭ ᠤᠨ 5 ᠳ᠋ᠤᠭᠠᠷ ᠠᠰᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠠᠯᠪᠠ ᠬᠡᠷ
     ᠰᠢᠦᠳᠠᠨ ᠳ᠋ᠤᠭᠠᠷ᠄ 010055
     ᠠᠯᠪᠠᠯᠠᠬᠤ ᠴᠠᠭ᠄ 9᠄ 00-17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶
     ᠠᠯᠪᠠᠨ ᠤᠲᠠᠰᠤ᠄ 0471 - 6610011
     ᠬᠠᠷᠢᠭᠤᠴᠠᠯᠭᠠᠲᠠᠨ᠄ ᠾᠧ ᠸᠧᠶ ᠬᠤᠸᠠ
     
     ᠬᠤᠶᠠᠳᠤᠭᠠᠷ ᠳᠡᠰ ᠤᠨ ᠨᠢᠭᠡᠴᠢ ᠶᠢᠨ ᠮᠡᠳᠡᠭᠡ ᠵᠠᠩᠭᠢ᠄
     1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠷ᠎ᠡ ᠬᠦᠨᠳᠦᠲᠦ ᠴᠡᠷᠢᠭ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ
     ᠭᠤᠣᠯ ᠬᠠᠷᠢᠭᠤᠴᠠᠯᠭᠠᠲᠠᠨ᠄ ᠪᠣᠣ ᠱᠠᠨ
     ᠡᠭᠦᠷᠭᠡ ᠬᠠᠷᠢᠭᠤᠴᠠᠯᠭ᠎ᠠ᠄ ᠭᠤᠣᠯᠳᠠᠭᠤ ᠴᠡᠷᠢᠭ ᠠᠩᠭᠢ ᠳᠤ ᠠᠯᠪᠠ ᠬᠠᠭᠠᠬᠤ ᠬᠤᠭᠤᠴᠠᠭᠠᠨ ᠳᠤ ᠳᠠᠶᠢᠨ᠂ ᠠᠯᠪᠠ ᠶᠠᠪᠤᠳᠠᠯ᠂ ᠡᠪᠡᠳᠴᠢᠨ ᠠᠴᠠ ᠪᠣᠯᠵᠤ ᠵᠡᠮᠳᠡᠭ ᠪᠣᠯᠣᠭᠰᠠᠳ ᠤᠨ ᠨᠢᠭᠡ ᠠᠴᠠ ᠳᠥᠷᠪᠡᠳᠦᠭᠡᠷ ᠳᠡᠰ ᠤᠨ ᠵᠡᠮᠳᠡᠭ ᠴᠡᠷᠢᠭ ᠤᠨ ᠰᠤᠪᠢᠯᠠᠯᠲᠠ᠂ ᠡᠮᠴᠢᠯᠡᠭᠡ ᠪᠠ ᠡᠷᠡᠭᠦᠯᠵᠢᠯ ᠢ ᠬᠠᠷᠢᠭᠤᠴᠠᠵᠤ᠂ ᠳᠠᠭᠠᠤ ᠳᠤ ᠨᠢ ᠭᠠᠳᠠᠭᠰᠢ ᠨᠡᠭᠡᠭᠡᠯᠲᠡ ᠬᠢᠵᠦ᠂ ᠨᠡᠶᠢᠭᠡᠮ ᠤᠨ ᠡᠪᠡᠳᠴᠢᠲᠡᠨ ᠢ ᠬᠦᠯᠢᠶᠡᠨ ᠠᠪᠴᠤ ᠡᠮᠴᠢᠯᠡᠨ᠎ᠡ᠃
     ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠳᠤ ᠪᠠᠨ 9 ᠰᠠᠯᠠᠭ᠎ᠠ ᠲᠣᠬᠢᠷᠠᠭᠤᠯᠪᠠ
     ᠠᠯᠪᠠ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠢᠳᠡᠭᠡᠨ ᠤᠮᠳᠠᠭᠠᠨ ᠤ ᠰᠠᠯᠠᠭ᠎ᠠ᠂ ᠡᠮᠨᠡᠯᠭᠡ ᠶᠢᠨ ᠰᠠᠯᠠᠭ᠎ᠠ᠂ ᠡᠷᠡᠭᠦᠯᠵᠢᠯ ᠤᠨ ᠰᠠᠯᠠᠭ᠎ᠠ᠂ ᠡᠮ ᠪᠠᠭᠠᠵᠢ ᠶᠢᠨ ᠰᠠᠯᠠᠭ᠎ᠠ᠂ ᠰᠠᠴᠤᠷᠠᠭ ᠤᠨ ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ᠂ ᠡᠭᠦᠳᠡᠨ ᠡᠮᠨᠡᠯᠭᠡ ᠶᠢᠨ ᠭᠠᠵᠠᠷ
     
     2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠠᠮᠠᠷᠠᠯᠲᠠ ᠶᠢᠨ ᠭᠠᠵᠠᠷ
     ᠬᠠᠷᠢᠭᠤᠴᠠᠯᠭᠠᠲᠠᠨ᠄ ᠳ᠋ᠦᠩ ᠰᠢᠦ ᠶᠠᠨ ︵ᠨᠠᠮ ᠤᠨ ᠬᠤᠷᠢᠶᠠᠨ ᠤ ᠱᠦᠵᠢ᠂ ᠠᠮᠠᠷᠠᠯᠲᠠ ᠶᠢᠨ ᠭᠠᠵᠠᠷ ᠤᠨ ᠳᠠᠷᠤᠭ᠎ᠠ︶
     ᠡᠭᠦᠷᠭᠡ ᠬᠠᠷᠢᠭᠤᠴᠠᠯᠭ᠎ᠠ᠄ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷ ᠪᠠ ᠬᠤᠷᠢᠶ᠎ᠠ ᠠᠴᠠ ᠳᠡᠭᠡᠭᠰᠢᠬᠢ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠦᠢᠯᠡᠴᠢᠯᠡᠨ᠎ᠡ᠃ ᠭᠤᠣᠯ ᠡᠭᠦᠷᠭᠡ ᠨᠢ᠄ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠥᠷᠨᠢᠭᠦᠯᠵᠦ᠂ ᠨᠠᠮ ᠪᠠ ᠲᠦᠷᠦ ᠶᠢᠨ ᠬᠤᠯᠪᠣᠭᠳᠠᠯ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠵᠤ᠂ ᠠᠮᠠᠷᠠᠯᠲᠠ ᠶᠢᠨ ᠭᠠᠵᠠᠷ ᠡᠷᠬᠢᠯᠡᠬᠦ ᠵᠥᠪ ᠴᠢᠭᠯᠡᠯ ᠢ ᠪᠠᠲᠤᠯᠠᠨ᠎ᠠ︔ ᠦᠢᠯᠡᠴᠢᠯᠡᠭᠡ ᠪᠠ ᠬᠠᠮᠢᠶᠠᠷᠤᠯᠲᠠ ᠶᠢ ᠥᠷᠨᠢᠭᠦᠯᠵᠦ᠂ ᠠᠮᠠᠷᠠᠯᠲᠠ ᠤᠨ ᠭᠠᠵᠠᠷ ᠰᠠᠭᠤᠭ᠎ᠠ ᠡᠷᠦᠬᠡ ᠶᠢᠨ ᠬᠡᠪ ᠤᠨ ᠠᠮᠢᠳᠤᠷᠠᠯ ᠢ ᠪᠠᠲᠤᠯᠠᠵᠤ᠂ ᠨᠡᠶᠢᠭᠡᠮ ᠤᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠠᠮᠢᠳᠤᠷᠠᠯ ᠤᠨ ᠬᠠᠷᠠᠭᠠᠯᠵᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ᠂ ᠥᠲᠡᠯᠦᠭᠰᠡᠨ ᠴᠦ ᠬᠢᠬᠦ ᠶᠠᠭᠤᠮ᠎ᠠ ᠲᠠᠢ᠂ ᠰᠤᠷᠤᠯᠴᠠᠬᠤ ᠤᠷᠮ᠎ᠠ ᠲᠠᠢ᠂ ᠵᠢᠷᠭᠠᠬᠤ ᠪᠠᠶᠠᠰᠴᠤ ᠴᠢᠳᠠᠬᠤ ᠶᠢ ᠪᠠᠲᠤᠯᠠᠨ᠎ᠠ᠃
     ᠪᠠᠶᠢᠭᠤᠯᠤᠮᠵᠢ ᠶᠢᠨ ᠲᠣᠬᠢᠷᠠᠭᠤᠯᠤᠯᠲᠠ᠄
     ᠳᠣᠲᠣᠭᠠᠳᠤ ᠳᠤ ᠪᠠᠨ 3 ᠰᠠᠯᠠᠭ᠎ᠠ ᠲᠠᠢ᠄ ᠠᠯᠪᠠᠨ ᠭᠡᠷ᠂ ᠦᠶᠯᠡᠴᠢᠯᠡᠭᠡ ᠬᠠᠮᠢᠶᠠᠷᠤᠯᠲᠠ ᠶᠢᠨ ᠰᠠᠯᠠᠭ᠎ᠠ᠂ ᠰᠣᠶᠣᠯ ᠲᠠᠮᠢᠷ ᠤᠨ ᠬᠥᠳᠡᠯᠭᠡᠭᠡᠨ ᠤ ᠰᠠᠯᠠᠭ᠎ᠠ᠃
     3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠦᠶᠯᠡᠴᠢᠯᠡᠭᠡ ᠬᠠᠮᠢᠶᠠᠷᠤᠯᠲᠠ ᠶᠢᠨ ᠲᠥᠪ
     ᠬᠠᠷᠢᠭᠤᠴᠠᠯᠭᠠᠲᠠᠨ᠄ ᠵᠠᠩ ᠴᠧᠨ ᠴᠧᠨ
     ᠡᠭᠦᠷᠭᠡ ᠬᠠᠷᠢᠭᠤᠴᠠᠯᠭ᠎ᠠ᠄ ᠭᠤᠣᠯᠳᠠᠭᠤ ᠴᠡᠷᠢᠭ ᠠᠩᠭᠢ ᠠᠴᠠ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠬᠢᠨᠡᠭᠦᠯᠦᠭᠰᠡᠨ ᠴᠡᠷᠢᠭ ᠠᠩᠭᠢ ᠶᠢᠨ ᠠᠮᠠᠷᠠᠯᠲᠠ ᠪᠠ ᠠᠪᠤᠭᠰᠠᠨ ᠺᠠᠳ᠋ᠷᠴᠤᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠤᠯᠤᠰ ᠪᠠ ᠴᠡᠷᠢᠭ ᠠᠩᠭᠢ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠴᠡᠷᠢᠭ ᠠᠩᠭᠢ ᠶᠢᠨ ᠠᠮᠠᠷᠠᠯᠲᠠ ᠪᠠᠨ ᠠᠪᠤᠭᠰᠠᠨ ᠺᠠᠳ᠋ᠷᠴᠤᠳ ᠤᠨ ᠤᠯᠤᠰ ᠲᠦᠷᠦ ᠶᠢᠨ ᠪᠠ ᠠᠮᠢᠳᠤᠷᠠᠯ ᠤᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ︔ ᠴᠡᠷᠢᠭ ᠤᠨ ᠠᠮᠠᠷᠠᠯᠲᠠ ᠠᠪᠤᠭᠰᠠᠨ ᠺᠠᠳ᠋ᠷ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠠᠷᠢᠭᠤᠴᠠᠵᠤ᠂ ᠴᠡᠷᠢᠭ ᠠᠩᠭᠢ ᠶᠢᠨ ᠠᠮᠠᠷᠠᠯᠲᠠ ᠪᠠᠨ ᠠᠪᠤᠭᠰᠠᠨ ᠺᠠᠳ᠋ᠷᠴᠤᠳ ᠤᠨ ᠣᠨᠴᠠᠯᠢᠭ ᠲᠤ ᠲᠤᠬᠢᠷᠠᠭᠰᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃
     ᠪᠠᠶᠢᠭᠤᠯᠤᠮᠵᠢ ᠶᠢᠨ ᠲᠣᠬᠢᠷᠠᠭᠤᠯᠤᠯᠲᠠ᠄
     ᠲᠥᠪ ᠲᠤ ᠣᠳᠣ ᠳᠤ ᠪᠠᠨ᠄ ᠶᠡᠷᠦᠩᠬᠡᠶᠢᠯᠡᠭᠰᠡᠨ ᠦᠢᠯᠡᠴᠢᠯᠡᠭᠡ ᠪᠠᠲᠤᠯᠠᠭ᠎ᠠ ᠶᠢᠨ ᠭᠠᠵᠠᠷ᠂ ᠨᠡᠶᠢᠭᠡᠮᠴᠢᠯᠡᠭᠰᠡᠨ ᠦᠶᠯᠡᠴᠢᠯᠡᠭᠡᠨ ᠤ ᠭᠠᠵᠠᠷ᠂ ᠰᠣᠶᠣᠯ ᠪᠡᠶ᠎ᠡ ᠶᠢᠨ ᠲᠠᠮᠢᠷ ᠡᠷᠡᠭᠦᠯᠵᠢᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ ᠪᠣᠯᠤᠨ ᠦᠢᠯᠡᠴᠢᠯᠡᠭᠡ ᠬᠠᠮᠢᠶᠠᠷᠤᠯᠲᠠ ᠶᠢᠨ ᠥᠷᠲᠡᠭᠡ ᠭᠡᠬᠦ 5 ᠳᠣᠲᠣᠭᠠᠳᠤ ᠶᠢᠨ ᠪᠠᠶᠢᠭᠤᠯᠤᠮᠵᠢ ᠪᠤᠢ᠃
     
     4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ
     ᠭᠤᠣᠯ ᠬᠠᠷᠢᠭᠤᠴᠠᠯᠭᠠᠲᠠᠨ᠄ ᠳ᠋ᠧᠩ ᠸᠧᠢ
     ᠡᠭᠦᠷᠭᠡ ᠬᠠᠷᠢᠭᠤᠴᠠᠯᠭ᠎ᠠ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠠᠰᠠᠭ ᠵᠠᠬᠢᠷᠭᠠᠨ ᠤ ᠬᠠᠷᠢᠴᠠᠭ᠎ᠠ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠬᠠᠮᠵᠢᠨ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠭᠦᠳᠡᠯ ᠨᠠᠮ ᠤᠨ ᠭᠡᠰᠢᠭᠦᠨ ᠢ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠶᠢ ᠠᠬᠢᠭᠤᠯᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠤᠨ ᠬᠥᠮᠥᠵᠢᠯ ᠬᠠᠮᠢᠶᠠᠷᠤᠯᠲᠠ ᠶᠢ ᠰᠠᠶᠢᠲᠤᠷ ᠬᠢᠨ᠎ᠡ︔ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠤᠷᠪᠤᠯᠵᠢᠯᠠᠭ᠎ᠠ᠂ ᠭᠥᠯᠢᠶᠡᠨ ᠠᠪᠴᠤ ᠭᠦᠢᠴᠡᠳᠬᠡᠬᠦ᠂ ᠰᠡᠳᠬᠢᠴᠡ ᠶᠢᠨ ᠵᠢᠯᠣᠭᠤᠳᠣᠯᠭ᠎ᠠ᠂ ᠡᠷᠬᠡ ᠠᠰᠢᠭ ᠤᠨ ᠠᠰᠠᠭᠤᠨ ᠯᠠᠪᠯᠠᠯᠲᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠤᠯᠢ ᠴᠠᠭᠠᠵᠠ ᠶᠢᠨ ᠦᠶᠯᠡᠴᠢᠯᠡᠭᠡ ᠵᠢᠴᠢ ᠴᠡᠷᠢᠭ ᠠᠴᠠ ᠬᠠᠯᠠᠭᠳᠠᠭᠰᠠᠳ ᠲᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠬᠥᠲᠥᠯᠥᠨ ᠵᠢᠯᠣᠭᠤᠳᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠴᠡᠷᠢᠭ ᠤᠨ ᠬᠡᠷ ᠪᠦᠯᠢ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠰᠢᠷᠬᠠᠲᠤᠭᠰᠠᠨ ᠡᠪᠡᠳᠴᠢᠯᠡᠭᠰᠡᠨ ᠵᠡᠮᠳᠡᠭ ᠪᠣᠯᠣᠭᠰᠠᠨ ᠴᠡᠷᠢᠭ᠂ ᠡᠪᠡᠳᠴᠢᠯᠡᠵᠦ ᠨᠤᠲᠤᠭ ᠲᠤ ᠪᠠᠨ ᠪᠤᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠶᠯᠡᠴᠢᠯᠡᠬᠦ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠮᠵᠢ ᠬᠦᠷᠲᠡᠬᠦ ᠡᠲᠡᠭᠡᠳ ᠤᠨ ᠮᠡᠳᠡᠭᠡ ᠵᠠᠩᠭᠢ ᠲᠤᠭ᠎ᠠ ᠪᠠᠷᠢᠮᠲᠠ ᠶᠢ ᠴᠤᠭᠯᠠᠭᠤᠯᠬᠤ᠂ ᠮᠠᠲ᠋ᠧᠷᠢᠶᠠᠯ ᠢ ᠬᠠᠮᠢᠶᠠᠷᠬᠤ᠂ ᠬᠤᠷᠢᠶᠠᠩᠭᠤᠶᠢᠯᠠᠨ ᠵᠠᠳᠠᠯᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠠᠵᠢᠯ ᠣᠯᠭᠤᠵᠤ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠬᠤ ᠪᠠ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠬᠠᠩᠭᠠᠬᠤ ᠶᠢ ᠬᠠᠷᠢᠭᠤᠴᠠᠵᠤ᠂ ᠠᠵᠢᠯ ᠮᠡᠷᠭᠡᠵᠢᠯ ᠤᠨ ᠬᠥᠮᠦᠵᠢᠯ ᠪᠣᠯᠤᠨ ᠮᠡᠷᠭᠡᠵᠢᠯ ᠤᠨ ᠪᠣᠯᠪᠠᠰᠤᠷᠠᠯ ᠢ ᠬᠠᠮᠵᠢᠨ ᠥᠷᠨᠢᠭᠦᠯᠵᠦ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠬᠦ ᠴᠤᠭᠯᠠᠭᠠᠨ᠂ ᠲᠠᠨᠢᠯᠴᠠᠭᠤᠯᠬᠤ ᠬᠤᠷᠠᠯ᠂ ᠠᠵᠢᠯ ᠣᠯᠭᠤᠬᠤ ᠥᠭᠦᠯᠡᠯ ᠤᠨ ᠲᠠᠪᠴᠠᠩ ᠵᠡᠷᠭᠡ ᠶᠢ ᠳᠠᠭᠠᠭᠠᠨ ᠡᠷᠬᠢᠯᠡᠵᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠶᠢ ᠬᠠᠪᠰᠤᠷᠤᠨ ᠲᠡᠳᠬᠦᠵᠦ ᠲᠤᠰᠠᠯᠠᠬᠤ ᠲᠠᠪᠴᠠᠩ ᠢ ᠪᠠᠶᠢᠭᠤᠯᠤᠨ᠎ᠠ︔ ᠪᠦᠬᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠲᠢᠩᠬᠢᠮ ᠤᠨ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
     ᠪᠠᠶᠢᠭᠤᠯᠤᠮᠵᠢ ᠶᠢᠨ ᠲᠣᠬᠢᠷᠠᠭᠤᠯᠤᠯᠲᠠ᠄
      ᠳᠣᠲᠣᠭᠠᠳᠤ ᠳᠤ ᠪᠠᠨ᠄ ᠶᠡᠷᠦᠩᠬᠡᠶᠢᠯᠡᠭᠰᠡᠨ ᠰᠠᠯᠠᠭ᠎ᠠ᠂ ᠡᠷᠬᠡ ᠠᠰᠢᠭ ᠬᠢᠭᠡᠳ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ᠂ ᠴᠡᠷᠢᠭ ᠠᠩᠭᠢ ᠶᠢᠨ ᠠᠮᠠᠷᠠᠯᠲᠠ ᠬᠢᠭᠡᠳ ᠲᠥᠪᠬᠢᠨᠡᠭᠦᠯᠬᠦ ᠰᠠᠯᠠᠭ᠎ᠠ᠂ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠬᠢᠭᠡᠳ ᠠᠵᠤ ᠠᠬᠤᠶᠢᠯᠠᠯ ᠳᠠᠬᠢ ᠴᠡᠷᠢᠭ ᠤᠨ ᠠᠯᠪᠠ ᠠᠴᠠ ᠰᠢᠯᠵᠢᠭᠰᠡᠳ ᠤᠨ ᠰᠠᠯᠠᠭ᠎ᠠ᠂ ᠠᠵᠢᠯ ᠣᠯᠭᠤᠵᠤ ᠦᠶᠯᠡᠰ ᠴᠣᠭᠴᠠᠯᠠᠬᠤ ᠪᠣᠯᠪᠠᠰᠤᠷᠠᠯ ᠤᠨ ᠰᠠᠯᠠᠭ᠎ᠠ᠂ ᠬᠠᠷᠠᠭᠠᠯᠵᠠᠨ ᠰᠠᠶᠢᠰᠢᠶᠠᠬᠤ ᠠᠵᠢᠯ ᠤᠨ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ᠃
     
     5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠬᠠᠮᠢᠶᠠᠷᠤᠯᠲᠠ ᠦᠶᠯᠡᠴᠢᠯᠡᠭᠡᠨ ᠤ ᠲᠥᠪ
     ᠬᠠᠷᠢᠭᠤᠴᠠᠯᠭᠠᠲᠠᠨ᠄ ᠬᠠ ᠺᠧ
     ᠡᠭᠦᠷᠭᠡ ᠬᠠᠷᠢᠭᠤᠴᠠᠯᠭ᠎ᠠ᠄ ᠭᠤᠣᠯᠳᠠᠭᠤ ᠲᠤᠰ ᠱᠠᠲᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠮᠥᠩᠭᠦ ᠶᠢ ᠪᠦᠷᠢᠳᠬᠡᠬᠦ᠂ ᠲᠥᠰᠦᠪ ᠬᠢᠬᠦ᠂ ᠣᠨ ᠤ ᠳᠠᠩᠰᠠᠯᠠᠭᠤᠯᠤᠯᠲᠠ ᠬᠢᠬᠦ ᠵᠡᠷᠭᠡ ᠠᠵᠢᠯ ᠢ ᠡᠭᠦᠷᠭᠡᠯᠡᠨ᠎ᠡ︔ ᠲᠤᠰ ᠱᠠᠲᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠣᠷᠣᠨ ᠰᠠᠭᠤᠴᠠ᠂ ᠡᠮᠴᠢᠯᠡᠭᠡ ᠵᠡᠷᠭᠡ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠵᠣᠬᠢᠴᠠᠭᠤᠯᠵᠤ᠂ ᠡᠮᠴᠢᠯᠡᠭᠡ ᠶᠢᠨ ᠳᠠᠭᠠᠳᠬᠠᠯ᠂ ᠡᠪᠦᠯ ᠤᠨ ᠳᠤᠯᠠᠭᠠᠯᠠᠭ᠎ᠠ ᠲᠠᠢ ᠬᠤᠯᠪᠣᠭᠳᠠᠯ ᠪᠦᠬᠦᠢ ᠶᠠᠪᠤᠳᠠᠯ ᠢ ᠭᠦᠢᠴᠡᠳᠬᠡᠨ᠎ᠡ︔ ᠲᠤᠰ ᠱᠠᠲᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠳᠠᠩᠰᠠ ᠡᠪᠬᠡᠮᠡᠯ ᠢ ᠬᠠᠳᠠᠭᠠᠯᠠᠬᠤ ᠠᠵᠢᠯ ᠢ ᠵᠢᠯᠣᠭᠤᠳᠬᠤ ᠪᠠ ᠬᠠᠪᠰᠤᠷᠴᠤ᠂ ᠲᠤᠰᠬᠠᠢ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠬᠤᠪᠢ ᠶᠢᠨ ᠤᠴᠢᠷ ᠢᠶᠠᠷ ᠭᠠᠳᠠᠭᠠᠳᠤ ᠳᠤ ᠭᠠᠷᠬᠤ ᠭᠤᠶᠤᠴᠢᠯᠠᠯ᠂ ᠬᠢᠯᠢ ᠠᠴᠠ ᠭᠠᠷᠬᠤ ᠵᠡᠷᠭᠡ ᠬᠤᠯᠪᠣᠭᠳᠠᠯ ᠪᠦᠬᠦᠢ ᠭᠠᠷᠳᠠᠮ ᠢ ᠬᠠᠮᠵᠢᠨ ᠭᠦᠢᠴᠡᠳᠬᠡᠨ᠎ᠡ︔ ᠬᠦᠴᠢᠷᠳᠡᠯ ᠲᠠᠢ ᠠᠵᠤ ᠠᠬᠤᠶᠢᠯᠠᠯ ᠤᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠲᠠᠬᠢᠨ ᠠᠵᠢᠯ ᠣᠯᠭᠤᠬᠤ ᠦᠢᠯᠡᠴᠢᠯᠡᠭᠡ ᠪᠠ ᠨᠠᠰᠤᠵᠢᠯ ᠤᠨ ᠳᠠᠭᠠᠳᠬᠠᠯ᠂ ᠡᠮᠴᠢᠯᠡᠭᠡ ᠶᠢᠨ ᠳᠠᠭᠠᠳᠬᠠᠯ ᠵᠢᠴᠢ ᠡᠯ᠎ᠡ ᠵᠦᠢᠯ ᠤᠨ ᠨᠥᠬᠦᠪᠥᠷᠢ ᠣᠯᠭᠤᠬᠤ ᠵᠡᠷᠭᠡ ᠶᠠᠪᠤᠳᠠᠯ ᠢ ᠭᠦᠢᠴᠡᠳᠬᠡᠨ᠎ᠡ᠃
     ᠪᠠᠶᠢᠭᠤᠯᠤᠮᠵᠢ ᠶᠢᠨ ᠲᠣᠬᠢᠷᠠᠭᠤᠯᠤᠯᠲᠠ᠄
     ᠵᠢᠩᠬᠢᠨᠢ ᠰᠠᠯᠠᠭᠠᠨ ᠲᠠᠰ ᠤᠨ ᠪᠥᠬᠦ ᠲᠤᠭ᠎ᠠ ᠪᠠᠷ ᠵᠣᠭᠤᠰ ᠰᠠᠯᠭᠠᠨ ᠥᠭᠬᠦ ᠠᠵᠢᠯ ᠦᠶᠯᠡᠰ ᠤᠨ ᠨᠢᠭᠡᠴᠢ ᠶᠢᠨ 13 ᠬᠥᠮᠦᠨ ᠤ ᠣᠷᠣᠨ ᠲᠤᠭ᠎ᠠ ᠲᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ