|
ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠯᠤᠰ ᠤᠨ | ᠪᠠᠶᠢᠯᠳᠤᠬᠤ ᠪᠣᠳᠣᠯᠭ᠎ᠠ |
|
|
ᠨᠡᠶᠢᠲᠡᠯᠡᠭᠰᠡᠨ ᠴᠠᠭ᠄
2021/3/2
|
|
ᠰᠤᠷᠪᠤᠯᠵᠢᠯᠠᠭᠰᠠᠨ ᠴᠠᠭ᠄ 2021-01-13 ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨᠭᠡᠰᠢᠭᠦᠨ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠴᠧᠨ ᠰᠢᠶᠣᠤ ᠪᠧᠶ ᠰᠤᠷᠪᠤᠯᠵᠢᠯᠠᠭ᠎ᠠ ᠶᠢᠨ ᠲᠣᠪᠴᠢ᠄ ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠬᠡ ᠭᠤᠣᠯ ᠮᠥᠨ᠂ ᠬᠠᠲᠤᠨ ᠭᠤᠣᠯ ᠢ ᠬᠠᠮᠠᠭᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠ ᠥᠨᠢᠳᠡ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠠᠤᠭ᠎ᠠ ᠶᠡᠭᠡ ᠪᠤᠳᠤᠯᠭ᠎ᠠ ᠮᠥᠨ᠃ 2019 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠶᠠᠷᠢᠯᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ 22 ᠤᠨ ᠡᠳᠦᠷ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ᠂ ᠬᠠᠳᠤᠨ ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠪᠢᠳᠡᠨ ᠳᠤ ᠬᠦᠰᠡᠯ ᠱᠠᠭᠠᠷᠳᠠᠯᠭ᠎ᠠ ᠲᠠᠯᠪᠢᠪᠠ᠃ ᠡᠨᠡ ᠵᠢᠯ ᠤᠨ 8 ᠳ᠋ᠤᠭᠠᠷ ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠬᠢᠨᠠᠨ ᠵᠥᠪᠯᠡᠬᠦ ᠦᠶ᠎ᠡ ᠳᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠲᠤᠨ ᠭᠤᠤᠯ ᠳᠠᠭᠠᠤ ᠶᠢᠨ ᠡᠯ᠎ᠡ ᠮᠤᠵᠢ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠠᠶ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠲᠣᠭᠲᠠᠭᠠᠬᠤ ᠪᠠ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠢᠯᠡᠳᠲᠡ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠡᠨᠡ ᠵᠢᠯ ᠤᠨ 12 ᠳ᠋ᠤᠭᠠᠷ ᠰᠠᠷ᠎ᠠ ᠶᠢᠨ 9 ᠤ ᠡᠳᠦᠷ᠂ ᠳᠡᠳ᠋ ᠶᠡᠷᠦᠩᠬᠡᠶ ᠰᠠᠶᠢᠳ ᠬᠠᠨ ᠵᠧᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ 12 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠱᠢ ᠲᠠᠢ ᠹᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠳᠡᠳ᠋ ᠲᠡᠷᠢᠭᠦᠯᠡᠭᠴᠢ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠡᠷ ᠢᠶᠠᠨ ᠲᠥᠯᠥᠪᠵᠢᠭᠦᠯᠵᠦ᠂ ᠥᠪᠡᠷ ᠢᠶᠠᠨ ᠠᠬᠢᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠶᠢᠵᠤ᠂ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠳᠤ ᠤᠷᠢᠳ ᠡᠮᠦᠨ᠎ᠡ ᠪᠠᠶᠢᠭ᠎ᠠ ᠥᠬᠡᠶ ᠴᠢᠬᠤᠯᠠ ᠶᠡᠭᠡ ᠠᠵᠠ ᠲᠣᠬᠢᠶᠠᠯ ᠢ ᠡᠭᠦᠳᠴᠦ ᠥᠭᠴᠡᠶ᠃ ᠰᠤᠷᠪᠤᠯᠵᠢᠯᠠᠭᠰᠠᠨ ᠲᠡᠮᠲᠡᠭᠯᠡᠯ ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠥᠨᠥᠳᠦᠷ᠂ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠴᠧᠨ ᠰᠢᠶᠤᠤ ᠪᠸᠢ ᠶᠢ ᠤᠷᠢᠵᠤ᠂ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠭᠡᠬᠦ ᠭᠤᠤᠯ ᠰᠡᠳᠦᠪ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠣᠯ᠎ᠠ᠃ ᠴᠧᠨ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕ ᠴᠧᠨ ᠰᠢᠶᠣᠤ ᠪᠧᠢ᠄ ᠬᠥᠲᠥᠯᠥᠭᠴᠢ ᠰᠠᠶᠢᠨ ᠦᠦ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠤ ᠰᠤᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ ᠪᠠᠶᠠᠷᠲᠠᠶ ᠪᠠᠶᠢᠨ᠎ᠠ᠃ ᠬᠥᠲᠥᠯᠥᠭᠴᠢ᠄ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠤᠨ ᠤᠳᠤᠷᠢᠳᠤᠯᠭ᠎ᠠ ᠳᠣᠤᠷ᠎ᠠ᠂ ᠥᠪᠥᠷ ᠮᠣᠩᠭᠤᠯ ᠬᠠᠲᠤᠨ ᠭᠤᠤᠯ ᠢ ᠵᠠᠰᠠᠵᠤ ᠬᠠᠮᠠᠭᠠᠯᠠᠬᠤ ᠠᠵᠢᠯ ᠢ ᠶᠡᠭᠡ ᠬᠡᠪᠴᠢᠶ᠎ᠡ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠲᠤᠨ ᠭᠤᠤᠯ ᠢ ᠵᠠᠰᠠᠭᠰᠠᠨ ᠠᠭᠤᠤ ᠶᠡᠭᠡ ᠲᠡᠦᠬᠡᠨ ᠳᠤ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠪᠡ᠃ ᠲᠣᠰ ᠬᠤᠭᠤᠴᠠᠭᠠᠨ ᠤ ᠪᠤᠯᠤᠩ ᠳᠤ ᠲᠠ ᠤᠷᠢᠳ ᠢᠶᠠᠷ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠣᠯᠤᠭᠰᠠᠨ ᠠᠬᠢᠴᠠ ᠪᠣᠯᠤᠨ ᠲᠤᠯᠭᠠᠷᠠᠵᠤ ᠪᠠᠶᠢᠭ᠎ᠠ ᠠᠰᠠᠭᠤᠳᠠᠯ ᠢ ᠲᠠᠨᠢᠯᠴᠠᠭᠤᠯᠤᠭᠠᠳ ᠥᠭᠭᠦᠨ᠎ᠡ ᠦᠦ︖ ᠴᠧᠨ ᠰᠢᠶᠣᠤ ᠪᠧᠢ᠄ ᠮᠠᠨ ᠤ ᠣᠷᠣᠨ ᠬᠠᠲᠤᠨ ᠭᠤᠤᠯ ᠤᠨ ︽几︾ ᠥᠰᠥᠭ ᠤᠨ ᠮᠤᠷᠤᠶᠢᠯᠲᠠ ᠶᠢᠨ ᠳᠡᠭᠡᠳᠦ ᠬᠠᠭᠠᠰ ᠬᠡᠰᠡᠭ ᠲᠤ ᠣᠷᠣᠰᠢᠵᠤ ᠪᠣᠶ᠂ ᠭᠠᠵᠠᠷ ᠵᠦᠶ ᠶᠢᠨ ᠲᠠᠷᠬᠠᠯᠲᠠ ᠠᠴᠠ ᠦᠵᠡᠪᠡᠯ᠂ ᠬᠠᠲᠤᠨ ᠭᠤᠤᠯ ᠥᠪᠥᠷ ᠮᠣᠩᠭᠤᠯ ᠣᠷᠣᠨ ᠢᠶᠠᠷ 843.5 ᠺᠢᠯᠣᠮᠧᠲᠷ ᠤᠷᠤᠰᠤᠨ ᠥᠩᠭᠡᠷᠡᠵᠦ᠂ ᠰᠠᠪᠠ ᠭᠠᠵᠠᠷ ᠤᠨ ᠲᠠᠯᠠᠪᠠᠶ ᠨᠢ 15.2 ᠲᠦᠮᠡᠨ ᠺᠦᠸᠠᠳ᠋ ᠺᠢᠯᠣᠮᠧᠲᠷ ᠪᠣᠢ᠃ ᠠᠮᠢ ᠠᠬᠤᠶ ᠶᠢᠨ ᠴᠢᠳᠠᠮᠵᠢ ᠠᠴᠠ ᠦᠵᠡᠪᠡᠯ᠂ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠲᠤ ᠲᠠᠯ᠎ᠠ ᠨᠤᠲᠤᠭ᠂ ᠨᠣᠶᠢᠲᠠᠨ ᠭᠠᠵᠠᠷ᠂ ᠭᠤᠤᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ᠂ ᠭᠤᠪᠢ ᠵᠡᠷᠭᠡ ᠣᠯᠠᠨ ᠵᠦᠶᠯ ᠤᠨ ᠪᠠᠶᠢᠭᠠᠯᠢ ᠶᠢᠨ ᠦᠵᠡᠮᠵᠢ ᠶᠢ ᠪᠦᠷᠢᠯᠳᠦᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠴᠢᠬᠤᠯᠠ ᠠᠮᠢ ᠠᠬᠤᠶ ᠶᠢᠨ ᠬᠠᠯᠬᠠᠪᠴᠢ ᠪᠣᠯᠤᠨ᠎ᠠ᠃ ᠬᠥᠭᠵᠢᠯᠲᠡ ᠶᠢᠨ ᠪᠠᠶᠢᠷᠢ ᠰᠠᠭᠤᠷᠢ ᠠᠴᠠ ᠦᠵᠡᠪᠡᠯ᠂ ᠬᠠᠲᠤᠨ ᠭᠤᠤᠯ ᠤᠨ ᠰᠠᠪᠠ ᠭᠠᠵᠠᠷ ᠨᠢ ᠮᠠᠨ ᠤ ᠣᠷᠣᠨ ᠤ 7 ᠠᠶᠢᠮᠠᠭ ᠬᠤᠲᠠ ᠳᠤ ᠬᠤᠯᠪᠣᠭᠳᠠᠵᠤ᠂ ᠪᠠᠶᠢᠩᠭᠤ ᠰᠠᠭᠤᠭ᠎ᠠ ᠬᠥᠮᠦᠨ ᠠᠮᠠ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠨᠢ ᠲᠣᠰ ᠲᠣᠰ ᠪᠥᠬᠦ ᠣᠷᠣᠨ ᠤ 50 % ᠪᠠ 68 % ᠶᠢ ᠡᠵᠡᠯᠡᠵᠦ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠣᠷᠣᠨ ᠪᠦᠰᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ᠂ ᠣᠷᠣᠨ ᠪᠦᠰᠡ ᠶᠢᠨ ᠵᠣᠬᠢᠴᠠᠭᠤᠯᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠢᠳᠡᠪᠬᠢᠲᠡᠶ ᠦᠷ᠎ᠡ ᠪᠦᠲᠦᠮᠵᠢ ᠤᠯᠪᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠪᠠ᠃ ᠤᠰᠤ ᠬᠦᠷᠦᠰᠦᠨ ᠤ ᠤᠷᠤᠰᠬᠠᠭᠳᠠᠯ ᠢ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ ᠵᠠᠰᠠᠭᠰᠠᠨ ᠲᠠᠯᠠᠪᠠᠶ ᠨᠢ ᠨᠡᠶᠢᠲᠡ 5.1 ᠲᠦᠮᠡᠨ ᠺᠦᠸᠠᠳ᠋ ᠺᠢᠯᠣᠮᠧᠲᠷ ᠲᠤ ᠬᠦᠷᠴᠦ᠂ 371 ᠬᠡᠰᠡᠭ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠪᠡ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠪᠣᠯᠤᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢᠨ ︽ᠬᠤᠣᠰ ᠳᠡᠭᠡᠭᠰᠢᠯᠡᠯᠲᠡ︾᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠵᠦ᠂ ᠬᠥᠪᠴᠢ ᠡᠯᠡᠰᠦ ᠶᠢᠨ ᠵᠠᠰᠠᠯᠲᠠ ᠶᠢᠨ ᠵᠠᠭᠪᠤᠷ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠭᠡᠷᠡᠭᠦᠯᠦᠯᠲᠡ ᠶᠢ ᠣᠯᠵᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠨᠤᠷᠮ᠎ᠠ 70% ᠳᠤ ᠬᠦᠷᠴᠦ᠂ ᠶᠡᠷᠦᠩᠬᠡᠢ ᠱᠦᠵᠢ ᠶᠢᠨ ᠭᠦᠢᠴᠡᠳ ᠨᠤᠲᠠᠯᠠᠯᠲᠠ ᠶᠢ ᠤᠯᠪᠠ᠃ ᠪᠣᠬᠢᠷᠲᠤᠯ ᠢ ᠵᠠᠰᠠᠬᠤ ᠲᠠᠯ᠎ᠠ ᠪᠠᠷ᠂ ᠤᠰᠤ᠂ ᠠᠭᠠᠷ ᠮᠠᠨᠳᠠᠯ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠳᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ᠃ 2020 ᠣᠨ ᠤ ᠲᠦᠷᠦᠭᠦᠦ 3 ᠤᠯᠠᠷᠢᠯ ᠳᠤ᠂ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠤᠯᠤᠰ ᠪᠠ ᠣᠷᠣᠨ ᠠᠴᠠ ᠡᠵᠡᠮᠳᠡᠵᠦ ᠪᠠᠶᠢᠭ᠎ᠠ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ 33 ᠭᠤᠤᠯ ᠮᠥᠷᠡᠨ ᠤ ᠣᠭᠲᠣᠯᠤᠭᠠᠰᠤ᠂Ⅰ~Ⅲ ᠲᠥᠷᠥᠯ ᠤᠨ ᠤᠰᠤᠨ ᠤ ᠴᠢᠨᠠᠷ ᠤᠨ ᠣᠭᠲᠣᠯᠤᠭᠠᠰᠤ ᠨᠢ ᠠᠳᠠᠯᠢ ᠬᠤᠭᠤᠴᠠᠭᠠᠨ ᠤ ᠬᠢ ᠠᠴᠠ 3.6 ᠵᠠᠭᠤᠨ ᠤ ᠴᠡᠭ ᠳᠡᠭᠡᠭᠰᠢᠯᠡᠵᠦ᠂ 9 ᠣᠭᠲᠣᠯᠤᠭᠠᠰᠤ ᠶᠢᠨ ᠤᠰᠤᠨ ᠤ ᠴᠢᠨᠠᠷ ᠰᠠᠶᠢᠵᠢᠷᠠᠯᠲᠠ ᠲᠠᠢ ᠪᠣᠯᠪᠠ᠃ ᠦᠶᠡᠷ ᠢ ᠰᠡᠷᠭᠡᠶᠢᠯᠡᠵᠦ ᠨᠦᠯᠦᠮᠡᠯ ᠢ ᠪᠠᠭᠠᠰᠬᠠᠬᠤ ᠲᠠᠯ᠎ᠠ ᠪᠠᠷ᠂ ᠦᠶᠡᠷ ᠢ ᠰᠡᠷᠭᠡᠶᠢᠯᠡᠵᠦ ᠨᠦᠯᠦᠮᠡᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠴᠢᠩᠭᠠᠳᠬᠠᠵᠤ᠂ ᠤᠰᠤ ᠡᠯᠡᠰᠦᠨ ᠤ ᠬᠠᠷᠢᠴᠠᠭ᠎ᠠ ᠶᠢ ᠲᠤᠬᠢᠷᠠᠭᠤᠯᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠬᠠᠳᠤᠨ ᠭᠤᠣᠯ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ᠂ ᠴᠢᠬᠤᠯᠠ ᠰᠠᠯᠪᠤᠷᠢ ᠤᠷᠤᠰᠬᠠᠯ ᠵᠡᠷᠭᠡ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠠᠰᠢᠯᠭ᠎ᠠ ᠳᠠᠯᠠᠩ ᠪᠠᠶᠢᠭᠤᠯᠤᠭᠰᠠᠨ ᠶᠡᠷᠦᠩᠬᠡᠢ ᠤᠷᠳᠤ ᠨᠡᠶᠢᠲᠡ 2616 ᠺᠢᠯᠣᠮᠧᠲᠷ ᠲᠤ ᠬᠦᠷᠴᠦ᠂ ᠬᠠᠳᠤᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠪᠠ᠃ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠲᠠᠯ᠎ᠠ ᠪᠠᠷ᠂ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠬᠤ ᠶᠢ ᠪᠠᠷᠢᠮᠲᠠᠯᠠᠨ᠂ ᠲᠠᠷᠢᠶᠠᠯᠠᠩ᠂ ᠠᠵᠤ ᠦᠢᠯᠡᠳᠪᠦᠷᠢ ᠶᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠪᠠᠷᠢᠯᠭ᠎ᠠ᠂ ᠬᠠᠮᠢᠶᠠᠷᠤᠯᠲᠠ ᠳᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ 20 ᠣᠷᠣᠨ ᠤ 18 ᠨᠢ ᠨᠢᠭᠡᠨᠲᠡ ᠮᠠᠯᠲᠠᠵᠤ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠭᠰᠠᠨ ᠪᠥᠭᠡᠳ ᠳ᠋ᠤᠭᠠᠷ ᠢ ᠨᠢ ᠬᠠᠰᠤᠵᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ 1866 ᠲᠦᠮᠡᠨ ᠮᠥ ᠳᠤ ᠬᠦᠷᠴᠦ᠂ ᠲᠦᠮᠡᠨ ᠮᠥ ᠠᠴᠠ ᠳᠡᠭᠡᠭᠰᠢᠬᠢ ᠤᠰᠤᠯᠠᠯᠲᠠ ᠶᠢᠨ ᠣᠷᠣᠨ 69 ᠪᠣᠶ᠃ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠣᠷᠣᠨ ᠪᠦᠰᠡ ᠶᠢᠨ ᠴᠢᠨᠠᠷᠲᠠᠶ ᠣᠨᠴᠠᠯᠢᠭᠲᠤ ᠠᠵᠤ ᠦᠢᠯᠡᠰ ᠤᠨ ᠪᠦᠰᠡ ᠪᠣᠯᠤᠨ ᠠᠵᠤ ᠦᠢᠯᠡᠰ ᠤᠨ ᠰᠥᠷᠥᠭᠵᠢᠯ ᠢ ᠭᠤᠣᠯᠳᠠᠯᠭ᠎ᠠ ᠲᠠᠢ ᠪᠠᠶᠢᠭᠤᠯᠵᠤ᠂ ᠰᠠᠪᠠ ᠭᠠᠵᠠᠷ ᠤᠨ 7 ᠠᠶᠢᠮᠠᠭ ᠬᠤᠲᠠ ᠳᠤ ᠤᠯᠤᠰ ᠤᠨ ᠲᠠᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ 5 ᠳᠠᠪᠠᠭᠤᠯᠢᠭ ᠣᠷᠣᠨ ᠪᠠᠶᠢᠨ᠎ᠠ᠃ ᠡᠨᠡ ᠵᠢᠯ ᠤᠨ 3 ᠳ᠋ᠤᠭᠠᠷ ᠤᠯᠠᠷᠢᠯ ᠤᠨ ᠡᠴᠦᠰ ᠪᠣᠯᠲᠠᠯ᠎ᠠ᠂ ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠲᠣᠣᠷ ᠢ ᠨᠢᠭᠡᠲᠦᠭᠦᠯᠵᠦ 2592 ᠲᠦᠮᠡᠨ ᠺᠢᠯᠣᠸᠠᠲ ᠪᠣᠯᠭᠠᠨ᠂ ᠴᠠᠬᠢᠯᠭᠠᠨ ᠭᠠᠷᠭᠠᠭᠰᠠᠨ ᠬᠡᠮᠵᠢᠶ᠎ᠡ ᠶᠢ 479.6 ᠳ᠋ᠦᠩᠰᠢᠭᠤᠷ ᠺᠢᠯᠣᠸᠠᠲ ᠴᠠᠭ ᠲᠤ ᠬᠦᠷᠦᠭᠦᠯᠦᠨ᠎ᠡ᠃ ᠡᠨᠡ ᠵᠢᠯ ᠤᠨ ᠲᠦᠷᠦᠭᠦᠤ 3 ᠤᠯᠠᠷᠢᠯ ᠳᠤ ᠨᠡᠭᠦᠷᠡᠰᠦ ᠴᠠᠬᠢᠯᠭᠠᠨ ᠤ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ 230 ᠲᠦᠮᠡᠨ ᠺᠢᠯᠣᠸᠠᠲ ᠲᠤ ᠬᠦᠷᠦᠭᠦᠯᠵᠦ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢ 297 ᠲᠦᠮᠡᠨ ᠺᠢᠯᠣᠸᠠᠲ ᠲᠤ ᠬᠦᠷᠦᠭᠦᠯᠦᠨ᠎ᠡ᠃ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠲᠠᠯ᠎ᠠ ᠪᠠᠷ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠶᠢᠯᠡᠭᠦᠯᠦᠨ ᠨᠢᠭᠡᠳᠬᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠯ ᠬᠥᠭᠵᠢᠯᠲᠡ ᠶᠢ ᠠᠬᠢᠭᠤᠯᠵᠠᠢ᠃ ᠬᠠᠲᠤᠨ ᠭᠤᠤᠯ ᠳᠠᠭᠠᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠬᠡᠮᠵᠢᠶ᠎ᠡ ᠶᠢ ᠤᠤᠯ ᠤᠨ 56 ᠪᠠᠶᠢᠭᠰᠠᠨ ᠠᠴᠠ 49 ᠪᠣᠯᠭᠠᠨ ᠲᠣᠬᠢᠷᠠᠭᠤᠯᠪᠠ᠃ ᠬᠥᠬᠡᠬᠤᠲᠠ ᠪᠤᠭᠤᠲᠤ ᠦᠬᠠᠢ ᠭᠤᠷᠪᠠᠨ ᠬᠤᠲᠠ ᠶᠢᠨ ᠬᠤᠲᠠ ᠪᠠᠯᠭᠠᠰᠤᠵᠢᠯᠲᠠ ᠶᠢᠨ ᠶᠡᠷᠦᠩᠬᠡᠶ ᠨᠣᠷᠮ᠎ᠠ ᠪᠠᠷᠤᠭ 76% ᠳᠤ ᠬᠦᠷᠴᠦ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠪᠠ᠃ ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠠᠯ᠎ᠠ ᠪᠠᠷ᠂ ᠦᠨᠡᠲᠦ ᠲᠡᠦᠬᠡ ᠶᠢᠨ ᠥᠪ ᠢ ᠰᠠᠶᠢᠲᠤᠷ ᠰᠠᠬᠢᠨ ᠬᠠᠮᠠᠭᠠᠯᠠᠬᠤ ᠶᠢ ᠪᠠᠷᠢᠮᠲᠠᠯᠠᠨ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠡᠨᠡ ᠵᠢᠯ ᠤᠨ 3 ᠳ᠋ᠤᠭᠠᠷ ᠤᠯᠠᠷᠢᠯ ᠪᠣᠯᠲᠠᠯ᠎ᠠ᠂ 7 ᠠᠶᠢᠮᠠᠭ ᠬᠤᠲᠠ ᠳᠤ ᠨᠡᠶᠢᠲᠡ ᠤᠯᠤᠰ ᠤᠨ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 62᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 24᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ 25᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 210 ᠶᠢ ᠬᠥᠭᠵᠢᠭᠦᠯᠦᠨ ᠪᠠᠶᠢᠭᠤᠯᠤᠨ᠎ᠠ᠃ ᠡᠨᠡ ᠵᠢᠯ ᠤᠨ ᠲᠦᠷᠦᠭᠦᠤ 3 ᠤᠯᠠᠷᠢᠯ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ 0.49 ᠳ᠋ᠦᠩᠰᠢᠭᠤᠷ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠪᠥᠬᠦ ᠣᠷᠣᠯᠭ᠎ᠠ ᠶᠢ 840 ᠳ᠋ᠦᠩᠰᠢᠭᠤᠷ ᠲᠥᠭᠦᠷᠢᠭ ᠬᠦᠷᠭᠡᠨ᠎ᠡ᠃ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠬᠠᠳᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠳᠤ ᠮᠥᠨ ᠴᠥᠭᠡᠨ ᠪᠤᠰᠤ ᠬᠦᠴᠢᠷᠳᠡᠯ ᠪᠣᠯᠤᠨ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠃ ᠠᠮᠢ ᠠᠬᠤᠶ ᠶᠢᠨ ᠰᠠᠭᠤᠷᠢ ᠮᠥᠨ ᠯᠡ ᠬᠡᠪᠡᠷᠡᠭ᠂ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡᠲᠡᠢ᠂ ᠦᠶᠡᠷ ᠢ ᠰᠡᠷᠭᠡᠶᠢᠯᠡᠵᠦ ᠨᠥᠯᠥᠮᠡᠯ ᠢ ᠪᠠᠭᠠᠰᠬᠠᠬᠤ ᠪᠠᠶᠢᠳᠠᠯ ᠬᠦᠨᠳᠦ ᠬᠡᠴᠡᠭᠦᠦ᠂ ᠬᠡᠷᠡᠭᠯᠡᠬᠦ ᠤᠰᠤᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠤᠪᠤᠶᠢᠮ᠎ᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠤᠳᠠᠭᠠᠨ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠬᠥᠲᠥᠯᠥᠭᠴᠢ᠄ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠲᠤᠨ ᠭᠤᠤᠯ ᠵᠢᠴᠢ ᠥᠪᠥᠷ ᠮᠣᠩᠭᠤᠯ ᠳᠤ ᠣᠯᠠᠨ ᠤᠳᠠᠭ᠎ᠠ ᠠᠵᠢᠯ ᠤᠨ ᠪᠠᠶᠢᠴᠠᠭᠠᠯᠲᠠ ᠬᠢᠵᠦ᠂ ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠣᠯᠠᠨ ᠤᠳᠠᠭ᠎ᠠ ᠣᠷᠣᠯᠴᠠᠨ᠂ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠭᠦᠭᠰᠡᠨ ᠪᠠᠶᠢᠨ᠎ᠠ᠃ ᠰᠦᠯᠵᠢᠶᠡᠨ ᠤ ᠠᠨᠳᠠ ᠨᠠᠷ ᠠᠩᠬᠠᠷᠴᠤ ᠪᠠᠶᠢᠭ᠎ᠠ ᠨᠢ᠂ ᠮᠠᠨ ᠤ ᠣᠷᠣᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠠᠵᠢᠯ ᠬᠢᠭᠰᠡᠨ ᠲᠤᠬᠠᠢ ᠰᠦᠯᠵᠢᠶᠡᠨ ᠤ ᠠᠨᠳᠠ ᠨᠠᠷ ᠮᠠᠰᠢ ᠠᠩᠬᠠᠷᠤᠨ ᠬᠠᠯᠠᠮᠵᠢᠯᠠᠵᠤ ᠪᠠᠶᠢᠨ᠎ᠠ᠂ ᠡᠨᠡ ᠲᠤᠬᠠᠢ ᠲᠠ ᠪᠣᠳᠠᠲᠠᠢ ᠪᠠᠷ ᠶᠠᠷᠢᠭᠠᠳ ᠥᠭᠭᠦᠨ᠎ᠡ ᠦᠦ︖ ᠴᠧᠨ ᠰᠢᠶᠤᠤ ᠪᠸᠢ᠄ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠡᠷ ᠢᠶᠠᠨ ᠤᠬᠠᠭᠠᠯᠠᠨ ᠲᠥᠯᠥᠪᠯᠡᠵᠦ᠂ ᠥᠪᠡᠷ ᠢᠶᠠᠨ ᠠᠬᠢᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠣᠯ ᠢ ᠬᠠᠮᠠᠭᠠᠯᠠᠨ ᠬᠥᠭᠵᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ︽ᠲᠦᠷᠪᠡᠨ ᠵᠦᠢᠯ ᠤᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠲᠥᠷᠥᠯ ᠤᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠭᠡᠵᠦ᠂ ᠠᠷᠠᠳ ᠲᠦᠮᠡᠨ ᠢᠶᠠᠷ ᠲᠥᠪ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠬᠡᠮᠳᠦᠭ ᠠᠭᠤᠯᠠ ᠨᠣᠮᠢᠨ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠴᠢᠨᠠᠷᠯᠢᠭ ᠢᠶᠠᠷ ᠬᠥᠭᠵᠢᠭᠦᠯᠬᠦ ᠥᠨᠳᠥᠷ ᠲᠦᠪᠰᠢᠨ ᠲᠠᠢ ᠬᠠᠮᠠᠭᠠᠯᠠᠯᠲᠠ ᠶᠢ ᠪᠡᠶᠡᠯᠡᠭᠦᠯᠵᠦ᠂ ᠥᠨᠳᠥᠷ ᠲᠦᠪᠰᠢᠨ ᠲᠠᠢ ᠬᠠᠮᠠᠭᠠᠯᠠᠯᠲᠠ ᠶᠢᠨ ᠶᠠᠪᠤᠴᠠ ᠳᠤ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃ ᠨᠢᠭᠡ ᠳᠤ᠂ ᠴᠠᠭ ᠲᠤᠬᠠᠶ ᠳᠤ ᠨᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠮᠤᠭ ᠤᠨ ᠲᠡᠷᠢᠭᠦᠨ ᠳᠤ ᠪᠠᠶᠢᠩᠭᠤ ᠶᠢᠨ ᠬᠤᠷᠢᠶᠠᠨ ᠤ ᠬᠤᠷᠠᠯ᠂ ᠶᠠᠷᠢᠯᠴᠠᠬᠤ ᠬᠤᠷᠠᠯ᠂ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ᠂ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ᠡᠮᠦᠨᠡᠬᠢ ᠬᠤᠭᠤᠴᠠᠭᠠᠨ ᠤ ᠠᠵᠢᠯ ᠤᠨ ᠬᠤᠪᠢᠶᠠᠷᠢᠯᠠᠯ ᠤᠨ ᠲᠥᠰᠦᠯ︾ ᠢ ᠲᠣᠭᠲᠠᠭᠠᠵᠤ᠂ ᠲᠢᠩᠬᠢᠮ ᠤᠨ ᠬᠤᠭᠤᠷᠣᠨᠳᠣᠬᠢ ᠬᠤᠯᠪᠣᠭᠠᠲᠤ ᠬᠤᠷᠠᠯ ᠤᠨ ᠲᠦᠷᠢᠮ ᠢ ᠲᠣᠭᠲᠠᠭᠠᠭᠰᠠᠨ ᠤ ᠬᠠᠮᠲᠤ ︽2020 ᠣᠨ ᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠤᠬᠠᠶ ᠮᠡᠳᠡᠭᠦᠯᠦᠯᠲᠡ ᠶᠢ ᠰᠣᠨᠣᠰᠣᠭᠰᠠᠨ ᠤ ᠬᠠᠮᠲᠤ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠠᠴᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠤᠨ ︽ᠬᠠᠲᠤᠨ ᠭᠤᠤᠯ ᠳᠠᠭᠠᠤ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ︾ ᠲᠤᠬᠠᠶ ᠲᠤᠰᠬᠠᠶ ᠰᠡᠳᠦᠪᠲᠦ ᠵᠥᠪᠯᠡᠯᠭᠡᠨ ᠬᠢᠪᠡ᠃ ᠬᠤᠶᠠᠷ ᠲᠤ᠂ ᠰᠡᠳᠬᠢᠮᠵᠢ ᠠᠷᠭ᠎ᠠ ᠬᠡᠮᠵᠢᠶ᠎ᠡ ᠪᠠᠨ ᠲᠣᠳᠣᠷᠬᠠᠶ ᠪᠣᠯᠭᠠᠪᠠ᠃ ᠱᠢ ᠲᠠᠢ ᠹᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠬᠠᠳᠤᠨ ᠭᠤᠣᠯ ᠳᠠᠭᠠᠤ ᠣᠷᠣᠨ ᠳᠤ ᠤᠯᠠᠨ ᠤᠳᠠᠭ᠎ᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠳᠤ ᠬᠦᠷᠴᠦ ᠳᠡᠮᠵᠢᠬᠦ ᠴᠢᠬᠤᠯᠠᠲᠠᠢ ᠵᠦᠢᠯᠡᠰ ᠢ ᠵᠥᠪᠳᠡᠯᠴᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠵᠦᠢᠯᠡᠰ ᠢ ᠤᠯᠤᠰ ᠤᠨ ᠲᠥᠯᠥᠪᠵᠢᠭᠦᠯᠭᠡ ᠶᠢᠨ ᠬᠥᠲᠥᠯᠪᠦᠷᠢ ᠳᠤ ᠣᠷᠣᠭᠤᠯᠬᠤ ᠶᠢ ᠠᠬᠢᠭᠤᠯᠪᠠ᠃ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠨᠢ ᠪᠥᠬᠦ ᠣᠷᠣᠨ ᠳᠤ ᠬᠠᠮᠤᠭ ᠤᠨ ᠲᠦᠷᠦᠭᠦᠨ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠶ ᠭᠡᠵᠦ ᠳᠤᠷᠠᠳᠤᠨ ᠭᠠᠷᠭᠠᠪᠠ᠃ ᠭᠤᠷᠪᠠ ᠳᠤ᠂ ᠠᠵᠢᠯ ᠤᠨ ᠬᠠᠮᠲᠤᠷᠠᠭᠰᠠᠨ ᠬᠦᠴᠦᠨ ᠢ ᠨᠢᠭᠲᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠶᠢᠮᠠᠭ ᠬᠤᠲᠠ ᠨᠤᠭᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠣᠶ ᠪᠣᠯᠭᠠᠵᠤ᠂ ᠲᠢᠩᠬᠢᠮ ᠤᠨ ᠬᠤᠭᠤᠷᠣᠨᠳᠣᠬᠢ ᠬᠤᠯᠪᠣᠭᠠᠲᠤ ᠬᠤᠷᠠᠯ ᠤᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠣᠷᠣᠨ ᠪᠦᠰᠡ ᠠᠯᠤᠰᠯᠠᠭᠰᠠᠨ ᠰᠠᠭᠤᠷᠢ ᠪᠡᠯᠡᠳᠬᠡᠮᠵᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠬᠤᠯᠪᠣᠭᠠᠯᠠᠨ ᠵᠠᠰᠠᠵᠤ ᠬᠤᠯᠪᠣᠭᠠᠯᠠᠨ ᠡᠵᠡᠮᠳᠡᠬᠦ ᠵᠡᠷᠭᠡ ᠴᠢᠬᠤᠯᠠ ᠶᠡᠭᠡ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠤᠰᠬᠠᠶ ᠵᠦᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢ ᠠᠬᠢᠭᠤᠯᠵᠤ᠂ ᠭᠤᠤᠯᠳᠠᠯᠭ᠎ᠠ ᠲᠠᠢ ᠡᠭᠦᠷᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠮᠥᠷᠳᠡᠵᠦ ᠰᠢᠮᠳᠠᠭᠤᠯᠤᠨ ᠭᠦᠢᠴᠡᠳᠭᠡᠬᠦ ᠶᠢ ᠬᠡᠷᠡᠭᠵᠢᠭᠦᠯᠵᠡᠢ᠃ ᠲᠦᠷᠪᠡ ᠳᠤ᠂ ᠭᠤᠣᠯᠳᠠᠯᠭ᠎ᠠ ᠲᠠᠢ ᠠᠵᠢᠯ ᠢ ᠠᠬᠢᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠢ ᠶᠢ ᠬᠠᠮᠠᠭᠠᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠬᠢ ᠪᠠᠶᠠᠯᠢᠭ ᠢ ᠠᠷᠪᠢᠯᠠᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠣᠶᠣᠯ ᠢ ᠤᠯᠠᠮᠵᠢᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠡᠮᠬᠢ ᠵᠢᠷᠤᠮ ᠲᠠᠢ ᠠᠬᠢᠭᠤᠯᠵᠠᠢ᠃ ᠬᠥᠲᠥᠯᠥᠭᠴᠢ᠄ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠶᠠᠷᠢᠯᠴᠠᠭᠠᠨ ᠤ ᠬᠤᠷᠠᠯ ᠳᠡᠭᠡᠷ᠎ᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠳᠥᠯᠭᠢᠨ ᠠᠬᠢᠭᠤᠯᠬᠤ ᠨᠢ ᠨᠢᠭᠡ ᠯᠡ ᠡᠳᠦᠷ ᠲᠤ ᠦᠷ᠎ᠡ ᠪᠦᠲᠦᠮᠵᠢ ᠣᠯᠵᠤ ᠴᠢᠳᠠᠬᠤ ᠪᠢᠰᠢ᠃ ᠠᠯᠤᠰ ᠬᠡᠳᠤ ᠶᠢ ᠲᠥᠯᠥᠪᠵᠢᠭᠦᠯᠬᠦ ᠪᠠᠷ ᠪᠠᠷᠠᠬᠤ ᠦᠭᠡᠢ ᠣᠳᠣᠬᠠᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠵᠢᠷᠤᠭ ᠲᠥᠰᠦᠪ ᠢ ᠪᠦᠬᠦ ᠲᠠᠯ᠎ᠠ ᠪᠠᠷ ᠲᠤᠭᠤᠰᠢᠲᠠᠢ ᠵᠢᠷᠤᠭᠯᠠᠵᠤ᠂ ᠬᠤᠶᠢᠨ᠎ᠠ ᠬᠤᠶᠢᠨ᠎ᠠ ᠠᠴᠠ ᠨᠢ ᠵᠠᠯᠭᠠᠨ ᠬᠢᠬᠦ ᠬᠡᠷᠡᠭᠲᠡᠢ ᠭᠡᠵᠡᠢ᠃ ᠮᠠᠨ ᠤ ᠣᠷᠣᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠵᠠᠯᠭᠠᠭᠠᠳ ᠬᠢᠬᠦ ᠴᠢᠬᠤᠯᠠᠲᠠᠢ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖ ᠴᠧᠨ ᠰᠢᠶᠤᠤ ᠪᠸᠢ᠄ ᠳᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠬᠠᠮᠠᠭᠠᠯᠠᠯᠲᠠ ᠶᠢ ᠬᠥᠨᠳᠦᠳᠬᠡᠵᠦ᠂ ᠵᠠᠰᠠᠯᠲᠠ ᠶᠢ ᠡᠷᠬᠢᠮᠯᠡᠬᠦ︾ ᠱᠠᠭᠠᠷᠳᠠᠯᠭ᠎ᠠ ᠶᠢ ᠲᠤᠭᠤᠰᠢᠯᠠᠭᠤᠯᠤᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠬᠠᠷᠠᠯᠲᠠ ᠡᠭᠦᠷᠭᠡ ᠶᠢ ᠪᠣᠳᠠᠲᠠᠶ ᠪᠠᠷ ᠨᠠᠷᠢᠯᠢᠭ ᠠᠳᠬᠤᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠬᠤᠶᠠᠷ ᠲᠤ᠂ ᠡᠨᠡ ᠵᠢᠯ ᠤᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠷᠡᠭᠵᠢᠭᠦᠯᠬᠦ ᠲᠥᠰᠦᠯ ᠵᠢᠴᠢ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠵᠤ ᠵᠣᠬᠢᠶᠠᠨ᠎ᠠ᠃ ᠲᠥᠷᠥᠯ ᠵᠦᠢᠯ ᠢ ᠨᠥᠭᠡᠴᠡᠯᠡᠬᠦ ᠪᠠ ᠠᠬᠢᠭᠤᠯᠬᠤ ᠠᠵᠢᠯ ᠢ ᠰᠠᠶᠢᠲᠤᠷ ᠬᠢᠨ᠎ᠠ᠃ ᠭᠤᠷᠪᠠ ᠳᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ᠎ᠠ᠃ ᠡᠭᠦᠨ ᠳᠤ ᠬᠠᠳᠤᠨ ᠭᠤᠣᠯ ᠳᠠᠭᠠᠤ ᠠᠮᠢ ᠠᠬᠤᠶ ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢ ᠪᠠᠭᠲᠠᠭᠠᠭᠰᠠᠨ ᠤᠰᠤ᠂ ᠠᠭᠠᠷ ᠮᠠᠨᠳᠠᠯ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠨ ᠨᠥᠯᠥᠮᠡᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠪᠡ ᠳᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠠᠮᠤᠭ ᠤᠨ ᠬᠠᠲᠠᠭᠤ ᠲᠦᠷᠢᠮ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠪᠠᠷ ᠬᠤᠳᠠ ᠶᠢ ᠪᠠᠲᠤᠯᠠᠬᠤ᠂ ᠤᠰᠤ ᠪᠠᠷ ᠭᠠᠵᠠᠷ ᠢ ᠪᠠᠲᠤᠯᠠᠬᠤ᠂ ᠤᠰᠤ ᠪᠠᠷ ᠬᠥᠮᠦᠨ ᠢ ᠪᠠᠲᠤᠯᠠᠬᠤ᠂ ᠤᠰᠤ ᠪᠠᠷ ᠭᠠᠷᠤᠯᠲᠠ ᠶᠢ ᠪᠠᠲᠤᠯᠠᠬᠤ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠡᠷᠡᠭᠯᠡᠬᠦ᠂ ᠤᠰᠤ ᠠᠷᠪᠢᠯᠠᠬᠤ ᠪᠠᠷ ᠭᠤᠣᠯᠳᠠᠯᠭ᠎ᠠ ᠪᠣᠯᠭᠠᠬᠤ ᠪᠠ ᠤᠰᠤ ᠶᠢ ᠭᠤᠣᠯ ᠳᠤ ᠪᠤᠴᠠᠭᠠᠬᠤ ᠶᠢ ᠪᠠᠷᠢᠮᠲᠠᠯᠠᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠮᠦᠨ ᠠᠮᠠ᠂ ᠬᠤᠳᠠ ᠪᠠ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠶ ᠲᠥᠯᠥᠪᠵᠢᠭᠦᠯᠦᠨ᠎ᠡ᠃ ᠲᠠᠪᠤ ᠳᠤ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ ᠤᠯᠤᠰ ᠤᠨ ᠳᠣᠲᠣᠭᠠᠳᠤ ᠬᠢᠭᠡᠳ ᠣᠯᠠᠨ ᠤᠯᠤᠰ ᠤᠨ ᠳᠠᠪᠬᠤᠷ ᠣᠷᠴᠢᠯ ᠳᠤᠮᠳᠠᠬᠢ ᠪᠠᠶᠢᠷᠢ ᠰᠠᠭᠤᠷᠢ ᠪᠠ ᠬᠠᠷᠢᠴᠠᠩᠭᠤᠢ ᠳᠠᠪᠠᠭᠤᠯᠢᠭ ᠢ ᠣᠨᠣᠪᠴᠢᠲᠠᠶ ᠡᠷᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠶᠢᠨ ᠲᠣᠭᠤᠷᠢᠨ ᠳᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠲᠦᠷᠭᠡᠪᠴᠢᠯᠡᠨ ᠨᠡᠭᠡᠭᠡᠨ᠎ᠡ᠃ ᠬᠥᠬᠡᠬᠤᠲᠠ ᠪᠤᠭᠤᠲᠤ ᠤᠷᠳᠤᠰ ᠦᠬᠠᠢ ᠶᠢᠨ ᠵᠣᠬᠢᠴᠠᠩᠭᠤᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠠᠳᠤᠨ ᠭᠤᠣᠯ ᠳᠠᠭᠠᠤ ᠶᠢᠨ ᠪᠤᠰᠤᠳ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠯᠲᠡ ᠲᠠᠢ ᠭᠦᠨᠵᠡᠭᠡᠢ ᠵᠣᠯᠭᠠᠭᠤᠯᠤᠨ᠎ᠠ᠃ ᠵᠢᠷᠭᠤᠭ᠎ᠠ ᠳᠤ᠂ ᠬᠠᠲᠤᠨ ᠭᠤᠣᠯ ᠤᠨ ᠰᠣᠶᠣᠯ ᠤᠨ ᠰᠢᠰᠲ᠋ᠧᠮ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠲᠤᠨ ᠭᠤᠣᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠦᠷᠲᠡᠭ ᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠬᠠᠲᠤᠨ ᠭᠤᠣᠯ ᠤᠨ ︽几︾ ᠦᠰᠦᠭ ᠤᠨ ᠮᠣᠷᠣᠶᠢᠯᠲᠠ ᠶᠢᠨ ᠰᠣᠶᠣᠯ ᠤᠨ ᠵᠤᠭᠠᠴᠠᠯ ᠤᠨ ᠪᠦᠰᠡ ᠶᠢ ᠴᠢᠨᠠᠷᠯᠢᠭ ᠪᠦᠲᠦᠭᠡᠨ ᠪᠠᠶᠢᠭᠤᠯᠤᠨ᠎ᠠ᠃ ᠬᠥᠲᠥᠯᠥᠭᠴᠢ᠄ ᠬᠠᠮᠤᠭ ᠰᠡᠭᠦᠯ ᠳᠤ᠂ ᠲᠠ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠨ ᠥᠭᠭᠦᠨ᠎ᠡ ᠦᠦ︖ ᠴᠧᠨ ᠰᠢᠶᠤᠤ ᠪᠸᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠵᠥᠪᠯᠡᠯ ᠠᠴᠠ ᠲᠦᠷᠦᠭᠦᠯᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠮᠠᠨ ᠤ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠶ ᠠᠬᠢᠭᠤᠯᠵᠠᠢ᠃ ᠡᠭᠦᠳᠡ ᠪᠠᠨ ᠨᠡᠭᠡᠭᠡᠵᠦ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ᠂ ᠪᠢᠴᠢᠭ ᠦᠰᠦᠭ ᠤᠨ ᠬᠡᠯᠪᠡᠷᠢ᠂ ᠶᠠᠷᠢᠯᠴᠠᠭᠠᠨ ᠤ ᠬᠤᠷᠠᠯ ᠬᠢᠬᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠬᠡᠯᠪᠡᠷᠢ ᠶᠢ ᠬᠡᠷᠡᠭᠵᠢᠭᠦᠯᠵᠦ᠂ ᠬᠠᠳᠤᠨ ᠭᠤᠣᠯ ᠳᠠᠭᠠᠤ ᠶᠢᠨ ᠠᠶᠢᠮᠠᠭ ᠬᠤᠳᠠ ᠪᠠ ᠭᠤᠣᠯᠳᠠᠯᠭ᠎ᠠ ᠲᠠᠢ ᠲᠢᠩᠬᠢᠮ ᠲᠣᠪᠴᠢᠶ᠎ᠠ ᠳᠤ ᠤᠯᠠᠨ ᠤᠳᠠᠭ᠎ᠠ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ᠂ ᠤᠯᠤᠰ ᠤᠨ ᠲᠠᠰ ᠤᠨ ᠰᠤᠳᠤᠯᠭᠠᠨ ᠤ ᠪᠠᠶᠢᠭᠤᠯᠤᠮᠵᠢ ᠶᠢ ᠤᠷᠢᠵᠤ ᠲᠥᠯᠥᠪᠵᠢᠭᠦᠯᠭᠡ ᠶᠢᠨ ᠰᠤᠳᠤᠯᠭᠠᠨ ᠥᠷᠨᠢᠭᠦᠯᠪᠡ᠃ ᠲᠥᠯᠥᠪᠵᠢᠭᠦᠯᠭᠡ ᠶᠢ ᠰᠤᠳᠤᠯᠤᠨ ᠨᠠᠶᠢᠷᠠᠭᠤᠯᠬᠤ ᠶᠠᠪᠤᠴᠠ ᠳᠤ᠂ ᠪᠢᠳᠡ ᠢᠮᠠᠭᠲᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠠᠵᠢᠯᠯᠠᠭᠠᠨ ᠤ ᠵᠦᠭᠯᠡᠭᠦᠷ ᠪᠣᠯᠭᠠᠵᠤ᠂ ᠲᠥᠪ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠬᠠᠯᠬᠠᠪᠴᠢ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠤᠯᠤᠰ ᠤᠨ ᠬᠠᠲᠤᠨ ᠭᠤᠣᠯ ᠤᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠠ ᠥᠪᠥᠷ ᠮᠣᠩᠭᠤᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠣᠷᠭᠠᠨᠢᠭ ᠢᠶᠠᠷ ᠤᠶᠠᠯᠳᠤᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠣᠷᠭᠠᠨᠢᠭ ᠢᠶᠠᠷ ᠤᠶᠠᠯᠳᠤᠭᠤᠯᠬᠤ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠣᠷᠭᠠᠨᠢᠭ ᠢᠶᠠᠷ ᠤᠶᠠᠯᠳᠤᠭᠤᠯᠬᠤ ᠶᠢ ᠴᠢᠷᠮᠠᠶᠢᠨ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠦᠵᠡᠰᠬᠦᠯᠡᠩᠲᠦ ᠰᠠᠶᠢᠬᠠᠨ ᠬᠠᠳᠤᠨ ᠭᠤᠣᠯ᠂ ᠠᠮᠤᠷ ᠲᠠᠶᠢᠪᠤᠩ ᠬᠠᠳᠤᠨ ᠭᠤᠣᠯ᠂ ᠠᠮᠢᠵᠢᠷᠠᠯ ᠤᠨ ᠬᠦᠴᠦᠨ ᠲᠠᠢ ᠬᠠᠳᠤᠨ ᠭᠤᠣᠯ᠂ ᠠᠭᠤᠰᠤᠯᠴᠠᠭᠰᠠᠨ ᠬᠠᠳᠤᠨ ᠭᠤᠣᠯ᠂ ᠲᠠᠲᠠᠬᠤ ᠬᠦᠴᠦᠨ ᠪᠦᠬᠦᠢ ᠬᠠᠳᠤᠨ ᠭᠤᠣᠯ᠂ ᠵᠣᠯ ᠵᠢᠷᠭᠠᠯᠲᠤ ᠬᠠᠳᠤᠨ ᠭᠤᠣᠯ ᠢ ᠪᠦᠳᠦᠭᠡᠨ ᠪᠠᠶᠢᠭᠤᠯᠬᠤ ᠶᠡᠷᠦᠩᠬᠡᠢ ᠰᠡᠳᠬᠢᠴᠡ ᠪᠣᠯᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ ᠪᠢᠳᠠ ᠤᠯᠤᠰ ᠤᠨ ᠬᠠᠲᠤᠨ ᠭᠤᠣᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠬᠠᠷᠢᠴᠠᠭᠤᠯᠤᠯ ᠪᠣᠯᠭᠠᠵᠤ᠂ ᠪᠦᠬᠦ ᠵᠥᠪᠯᠡᠯ ᠤᠨ ᠬᠦᠴᠦᠨ ᠢ ᠲᠥᠪᠯᠡᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠳᠠᠶᠢᠴᠢᠯᠠᠨ᠂ ᠤᠯᠠᠨ ᠲᠠᠯ᠎ᠠ ᠶᠢᠨ ᠰᠠᠨᠠᠯ ᠢ ᠬᠤᠷᠢᠶᠠᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠬᠢᠨᠠᠭᠤᠯᠵᠤ ᠳᠠᠷᠤᠮᠠᠯᠯᠠᠨ ᠲᠠᠷᠬᠠᠭᠠᠬᠤ ᠪᠠᠷ ᠴᠢᠷᠮᠠᠶᠢᠨ᠎ᠠ᠃ ᠬᠥᠲᠥᠯᠥᠭᠴᠢ᠄ ᠵᠠ᠂ ᠰᠠᠶᠢᠨ ᠪᠣᠯᠣᠯ᠎ᠠ᠃ ᠴᠧᠨ ᠲᠣᠪᠴᠢᠶᠠᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠶᠡᠬᠡᠳᠡ ᠲᠠᠯᠠᠷᠬᠠᠵᠤ ᠪᠠᠶᠢᠬᠤ ᠪᠥᠭᠡᠳ ᠥᠷᠭᠡᠨ ᠣᠯᠠᠨ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠭᠰᠠᠨ ᠳᠤ ᠪᠠᠰᠠ ᠶᠡᠬᠡᠳᠡ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠪᠢᠳᠡ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠣᠯᠭᠠᠶ᠎ᠠ︕ ᠴᠧᠨ ᠰᠢᠶᠤᠤ ᠪᠸᠢ᠄ ᠲᠠ ᠪᠦᠬᠦᠨ ᠳᠤ ᠪᠠᠶᠠᠷᠯᠠᠯ᠎ᠠ᠃ ᠪᠠᠶᠠᠷᠲᠠᠶ︕ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|