|
ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾᠂ | ︽ᠠᠷᠠᠳ ᠲᠦᠮᠡᠨ ᠳᠤ ᠮᠡᠳᠡᠭᠦᠯᠬᠦ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠭᠤᠷᠪᠠᠳᠤᠭᠠᠷ ᠲᠠᠯᠠᠪᠠᠶ ᠶᠢ ᠬᠤᠷᠠᠯᠳᠤᠭᠤᠯᠪᠠ |
|
|
ᠨᠡᠶᠢᠲᠡᠯᠡᠭᠰᠡᠨ ᠴᠠᠭ᠄
2021/3/23
|
|
1 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾᠂ ︽ᠠᠷᠠᠳ ᠲᠦᠮᠡᠨ ᠳᠤ ᠮᠡᠳᠡᠭᠦᠯᠬᠦ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠭᠤᠷᠪᠠᠳᠤᠭᠠᠷ ᠲᠠᠯᠠᠪᠠᠶ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠡᠷᠡᠭᠦᠦ ᠶᠢᠨ ᠬᠡᠷᠡᠭ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠵᠠᠩ ᡁᠢ ᠬᠤᠸᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠰᠢᠨ᠎ᠡ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠯᠪᠠᠨ ᠬᠡᠷ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ ᠶᠢᠨ ᠺᠣᠮᠢᠰᠰᠠᠷ ᠵᠣᠣ ᠵᠢᠩ ᠬᠤᠸᠠ ᠪᠥᠬᠦ ᠣᠷᠣᠨ ᠤ ᠬᠤᠤᠷ ᠴᠠᠭᠠᠵᠠᠯᠠᠬᠤ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠠᠷᠠᠳ ᠤᠨ ᠲᠡᠶᠢᠨ ᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠭᠰᠡᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠯᠪᠠᠨ ᠬᠡᠷ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ ᠶᠢᠨ ᠬᠤᠶᠠᠳᠤᠭᠠᠷ ᠳᠡᠰ ᠤᠨ ᠴᠠᠭᠳᠠᠭᠠᠨ ᠳᠠᠷᠤᠭ᠎ᠠ ᠸᠠᠩ ᠲᠢᠶᠧ ᠹᠧᠩ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠳᠥᠷᠪᠡᠳᠦᠭᠡᠷ ᠳᠡᠰ ᠤᠨ ᠴᠠᠭᠳᠠᠭᠠᠨ ᠳᠠᠷᠤᠭ᠎ᠠ ᠰᠢᠤᠢ ᠰᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠰᠢᠨ᠎ᠡ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠤᠶ᠎ᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠡᠷᠡᠭᠦᠦ ᠶᠢᠨ ᠬᠡᠷᠡᠭ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠵᠠᠩ ᡁᠢ ᠬᠤᠸᠠ 2020 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠣᠭᠲᠠᠭᠤᠨ ᠢ ᠬᠠᠮᠠᠭᠠᠯᠠᠬᠤ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠵᠢᠭᠦᠯᠵᠦ᠂ ︽ᠬᠤᠶᠠᠷ ᠬᠠᠯᠬᠠᠪᠴᠢ︾ ᠶᠢᠨ ᠦᠨᠡᠨᠴᠢ ᠰᠢᠳᠤᠷᠭᠤ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠪᠥᠬᠦ ᠴᠠᠭᠳᠠᠭ᠎ᠠ ᠶᠢ ᠳᠠᠶᠢᠴᠢᠯᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠰᠠᠨᠠᠭᠠᠴᠢᠯᠠᠭ᠎ᠠ ᠠᠴᠠ ᠪᠠᠨ ᠲᠠᠭᠠᠷᠢᠯᠲᠠ ᠬᠢᠵᠦ᠂ ᠵᠠᠮ ᠨᠡᠭᠡᠭᠡᠵᠦ᠂ ᠡᠯ᠎ᠡ ᠲᠥᠷᠥᠯ ᠤᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠦᠴᠦᠲᠡᠶ ᠬᠠᠮᠠᠭᠠᠯᠠᠪᠠ᠃ ᠨᠢᠭᠡ ᠵᠢᠯ ᠤᠨ ᠲᠤᠷᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠯ᠎ᠡ ᠲᠥᠷᠥᠯ ᠤᠨ ᠡᠷᠡᠭᠦᠦ ᠶᠢᠨ ᠬᠡᠷᠡᠭ ᠢ ᠨᠡᠶᠢᠲᠡ 36239 ᠢᠯᠡᠷᠡᠭᠦᠯᠵᠦ᠂ ᠡᠭᠦᠨ ᠳᠤ ᠨᠠᠶᠮᠠᠨ ᠲᠥᠷᠥᠯ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠬᠡᠷᠡᠭ ︵ᠭᠠᠯ ᠲᠠᠯᠪᠢᠭᠰᠠᠨ᠂ ᠳᠡᠯᠪᠡᠴᠢᠭᠰᠡᠨ᠂ ᠤᠤᠯᠭᠠᠯᠠᠭᠰᠠᠨ᠂ ᠬᠥᠮᠦᠨ ᠠᠯᠠᠭᠰᠠᠨ᠂ ᠭᠡᠮᠲᠦᠭᠡᠭᠰᠡᠨ᠂ ᠨᠥᠵᠢᠳᠯᠡᠭᠰᠡᠨ᠂ ᠪᠠᠷᠢᠴᠠᠭᠠᠯᠠᠭᠰᠠᠨ᠂ ᠳᠡᠭᠡᠷᠡᠮᠳᠡᠭᠰᠡᠨ︶ ᠢ 2233 ᠢᠯᠡᠷᠡᠭᠦᠯᠵᠦ᠂ ᠡᠳ᠋ ᠬᠥᠷᠥᠩᠭᠡ ᠳᠤ ᠬᠠᠯᠳᠠᠭᠰᠠᠨ ᠬᠡᠷᠡᠭ ᠢ 18477 ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ ᠡᠲᠡᠭᠡᠳ ᠢ 30760 ᠪᠠᠷᠢᠪᠴᠢᠯᠠᠪᠠ᠃ ᠭᠤᠣᠯ ᠦᠷ᠎ᠡ ᠪᠦᠲᠦᠮᠵᠢ ᠭᠡᠪᠡᠯ᠄ ᠨᠢᠭᠡ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠡᠯᠪᠡᠭ ᠦᠷ᠎ᠡ ᠪᠦᠲᠦᠭᠡᠯ ᠤᠯᠪᠠ᠃ 2018 ᠣᠨ ᠤ 1 ᠳ᠋ᠤᠭᠡᠷ ᠰᠠᠷ᠎ᠠ ᠳᠤ ᠲᠥᠪ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠷᠢᠯᠠᠭᠤᠯᠤᠨ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠥᠪ᠂ ᠥᠪᠡᠷᠲᠡᠭᠡᠨ ᠵᠠᠰᠠᠬᠤ ᠣᠷᠣᠨ ᠪᠠ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠢᠭᠲᠠ ᠲᠦᠰᠢᠭᠯᠡᠨ᠂ ᠪᠥᠬᠦ ᠴᠠᠭᠳᠠᠭᠠᠨ ᠤ ᠬᠦᠴᠦᠨ ᠢ ᠲᠥᠪᠯᠡᠷᠡᠭᠦᠯᠵᠦ᠂ ᠪᠥᠬᠦ ᠴᠠᠭᠳᠠᠭᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠬᠦᠴᠦᠲᠡᠶ ᠴᠣᠬᠢᠯᠲᠠ ᠥᠭᠴᠦ᠂ ᠭᠦᠨᠵᠡᠭᠡᠶ ᠠᠭᠤᠳᠠᠯᠵᠤ ᠲᠤᠶᠢᠯᠪᠤᠷᠢᠲᠠᠶ ᠪᠠᠶᠢᠴᠠᠭᠠᠬᠤ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠷᠠᠳ ᠤᠨ ᠲᠡᠶᠢᠨ᠂ ᠨᠡᠶᠢᠯᠡᠮᠡᠯ ᠲᠡᠶᠢᠨ᠂ ᠪᠣᠭᠤᠮᠲᠠ ᠰᠢᠪᠲᠤᠯᠬᠤ ᠲᠡᠶᠢᠨ᠂ ᠰᠥᠨᠥᠭᠡᠬᠦ ᠲᠡᠶᠢᠨ ᠢ ᠡᠷᠡᠰ ᠭᠤᠶᠢᠪᠢᠰᠢ ᠥᠬᠡᠶ ᠭᠦᠨᠵᠡᠭᠡᠶ ᠥᠷᠨᠢᠭᠦᠯᠵᠦ᠂ ᠭᠤᠷᠪᠠᠨ ᠵᠢᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠬᠠᠷᠠᠯᠲᠠ ᠶᠢ ᠪᠡᠶᠡᠯᠡᠭᠦᠯᠪᠡ᠃ ᠭᠤᠷᠪᠠᠨ ᠵᠢᠯ ᠤᠨ ᠲᠤᠷᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠪᠦᠯᠬᠦᠮ ᠢ ᠨᠡᠶᠢᠲᠡ 1212 ᠪᠣᠳᠠ ᠨᠢᠷᠭᠡᠵᠦ᠂ ᠡᠭᠦᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠵᠣᠬᠢᠶᠠᠨ ᠪᠠᠶᠢᠭᠤᠯᠤᠯᠲᠠ 63᠂ ᠬᠠᠷᠭᠢᠰ ᠬᠦᠴᠦᠨ ᠤ ᠶᠠᠯᠠᠲᠤ ᠪᠦᠯᠦᠭᠯᠡᠯ 150᠂ ᠬᠠᠷᠭᠢᠰ ᠬᠦᠴᠦᠨ ᠳᠤ ᠬᠤᠯᠪᠣᠭᠳᠠᠭᠰᠠᠨ ᠡᠪᠰᠡᠯ ᠪᠦᠯᠦᠭ 220᠂ ᠬᠠᠷᠭᠢᠰ ᠬᠦᠴᠦᠨ ᠳᠤ ᠬᠤᠯᠪᠣᠭᠳᠠᠭᠰᠠᠨ ᠪᠤᠰᠤᠳ ᠡᠪᠰᠡᠯ ᠪᠦᠯᠦᠭ 779 ᠪᠠᠶᠢᠵᠤ᠂ ᠶᠠᠯ᠎ᠠ ᠬᠢᠭᠰᠡᠨ ᠰᠡᠵᠢᠭᠯᠡᠯᠲᠡᠶ ᠡᠲᠡᠭᠡᠳ ᠢ ᠨᠡᠶᠢᠲᠡ 11336 ᠪᠠᠷᠢᠪᠴᠢᠯᠠᠵᠤ᠂ 9341 ᠬᠡᠷᠡᠭ ᠢ ᠢᠯᠡᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠡᠳ᠋ ᠬᠥᠷᠥᠩᠭᠡ ᠶᠢ 287.75 ᠳ᠋ᠦᠩᠰᠢᠭᠤᠷ ᠲᠥᠭᠦᠷᠢᠭ ᠢ ᠪᠠᠶᠢᠴᠠᠭᠠᠨ ᠬᠤᠷᠢᠶᠠᠮᠵᠢᠯᠠᠵᠤ ᠴᠡᠪᠳᠡᠭᠰᠢᠭᠦᠯᠪᠡ᠃ ᠢᠯᠠᠩᠭᠤᠶ᠎ᠠ ᠲᠦᠩᠯᠢᠶᠣᠤ ᠬᠤᠲᠠ ᠶᠢᠨ ᠹᠧᠩ ᠴᠢᠶᠠᠩ᠂ ᠬᠥᠬᠡᠬᠤᠲᠠ ᠶᠢᠨ ᠮᠢᠶᠣᠣ ᠶᠢᠩ ᠴᠦᠨ᠂ ᠪᠤᠭᠤᠲᠤ ᠬᠤᠲᠠ ᠶᠢᠨ ᠭᠦᠸᠧ ᠴᠢᠤᠸᠠᠨ ᠱᠧᠩ᠂ ᠪᠠᠶᠠᠨᠨᠠᠭᠤᠷ ᠬᠤᠲᠠ ᠶᠢᠨ ᠵᠢᠶᠠ ᠵᠢᠩ ᠪᠥᠸᠧ ᠵᠡᠷᠭᠡ ᠨᠡᠶᠢᠭᠡᠮ ᠳᠤ ᠴᠢᠩᠭ᠎ᠠ ᠲᠤᠰᠬᠠᠯ ᠭᠠᠷᠭᠠᠭᠰᠠᠨ ᠬᠠᠷ᠎ᠠ ᠪᠦᠯᠦᠭᠲᠡᠨ ᠳᠤ ᠬᠤᠯᠪᠣᠭᠳᠠᠭᠰᠠᠨ ᠨᠢᠭᠡ ᠪᠦᠯᠦᠭ ᠬᠡᠷᠡᠭ ᠢ ᠳᠡᠩᠨᠡᠨ ᠢᠯᠡᠷᠡᠭᠦᠯᠪᠡ᠃ 2020 ᠣᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠳᠤ᠂ 27403 ᠬᠤᠪᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠷᠠᠯᠲᠠ ᠶᠢᠨ ᠰᠦᠪᠡᠭᠴᠢ ᠶᠢ ᠪᠦᠬᠦᠨ ᠢ ᠴᠡᠪᠡᠷᠯᠡᠵᠦ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ ᠨᠢ 100 % ᠳᠤ ᠬᠦᠷᠴᠡᠶ︔ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 80 ᠬᠠᠷᠠᠯᠲᠠᠲᠤ ᠬᠡᠷᠡᠭ ᠢ ᠪᠦᠬᠦᠨ ᠢ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠦ᠂ ᠵᠠᠭᠠᠯᠳᠤᠬᠤ ᠨᠣᠷᠮ᠎ᠠ ᠶᠢ 100 % ᠳᠤ ᠬᠦᠷᠭᠡᠪᠡ︔ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 28 ᠬᠢᠯᠢ ᠶᠢᠨ ᠳᠣᠲᠣᠷᠠᠬᠢ ᠬᠠᠷᠠᠯᠲᠠ ᠠᠴᠠ ᠳᠤᠲᠠᠭᠠᠭᠰᠠᠨ ᠶᠠᠯᠠᠲᠠᠨ ᠢ ᠪᠦᠬᠦᠨ ᠢ ᠪᠠᠷᠢᠪᠴᠢᠯᠠᠵᠤ᠂ ᠬᠢᠯᠢ ᠶᠢᠨ ᠳᠣᠲᠣᠷᠠᠬᠢ ᠬᠠᠷᠠᠯᠲᠠ ᠠᠴᠠ ᠳᠤᠲᠠᠭᠠᠭᠰᠠᠨ ᠶᠠᠯᠠᠲᠠᠨ ᠢ ︽ᠪᠦᠬᠦᠨ ᠢ ᠠᠷᠢᠯᠭᠠᠬᠤ︾ ᠬᠠᠷᠠᠯᠲᠠ ᠶᠢ ᠪᠡᠶᠡᠯᠡᠭᠦᠯᠪᠡ᠃ 2020 ᠣᠨ ᠤ ᠳᠡᠭᠡᠷ᠎ᠡ ᠬᠠᠭᠠᠰ ᠵᠢᠯ ᠳᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠥᠬᠦ ᠤᠯᠤᠰ ᠤᠨ ᠡᠯ᠎ᠡ ᠭᠠᠵᠠᠷ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠣᠯᠠᠨ ᠲᠦᠮᠡᠨ ᠤ ᠲᠥᠷᠥᠭᠳᠡᠯ ᠠᠴᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠮᠠᠨ ᠤ ᠣᠷᠣᠨ ᠤ ᠠᠷᠠᠳ ᠣᠯᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ︽ᠵᠦᠪᠰᠢᠶᠡᠷᠡᠬᠦ︾ ︽ᠣᠷᠳᠣ ᠬᠤᠭᠤᠴᠠᠭ᠎ᠠ ᠪᠠᠷ ᠪᠠᠷᠢᠮᠲᠠᠯᠠᠬᠤ︾ ᠣᠪᠣᠷ ᠤᠨ ᠬᠠᠷᠢᠴᠠᠯ ᠨᠢ 98.55 % ᠪᠠᠶᠢᠵᠤ᠂ ᠪᠥᠬᠦ ᠤᠯᠤᠰ ᠤᠨ ᠲᠠᠪᠤᠳᠤᠭᠠᠷ ᠲᠤ ᠣᠷᠣᠪᠠ︔ ᠲᠤᠰᠬᠠᠶ ᠲᠡᠮᠡᠴᠡᠯ ᠤᠨ ᠦᠷ᠎ᠡ ᠪᠦᠲᠦᠮᠵᠢ ᠳᠤ ︽ᠬᠠᠨᠤᠮᠵᠢᠲᠠᠶ︾ ᠪᠠ ︽ᠨᠡᠯᠢᠶᠡᠳ ᠬᠠᠨᠤᠮᠵᠢᠲᠠᠶ︾ ᠪᠠᠶᠢᠬᠤ ᠬᠠᠷᠢᠴᠠᠯ ᠨᠢ 95.57 % ᠪᠠᠶᠢᠵᠤ᠂ ᠪᠥᠬᠦ ᠤᠯᠤᠰ ᠤᠨ 12 ᠳ᠋ᠤᠭᠠᠷ ᠲᠤ ᠣᠷᠣᠪᠠ︔ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠡᠮᠡᠴᠡᠯ ᠤᠨ ᠪᠠᠶᠢᠳᠠᠯ ︽ᠰᠠᠶᠢᠵᠢᠷᠠᠯᠲᠠ ᠲᠠᠢ ᠪᠣᠯᠤᠭᠰᠠᠨ︾᠂ ︽ᠨᠢᠭᠡᠨᠲᠡ ᠬᠦᠨᠳᠦ ᠨᠣᠴᠢᠲᠠᠶ ᠪᠢᠰᠢ ᠪᠣᠯᠤᠭᠰᠠᠨ︾ ᠬᠠᠷᠢᠴᠠᠯ ᠨᠢ 94.62 % ᠪᠠᠶᠢᠵᠤ᠂ ᠪᠥᠬᠦ ᠤᠯᠤᠰ ᠤᠨ 8 ᠳ᠋ᠤᠭᠠᠷ ᠲᠤ ᠣᠷᠣᠪᠠ︔ ᠣᠯᠠᠨ ᠲᠦᠮᠡᠨ ᠢ ᠳᠠᠶᠢᠴᠢᠯᠠᠵᠤ᠂ ᠤᠬᠠᠭᠤᠯᠵᠤ ᠬᠥᠲᠥᠯᠥᠨ ᠵᠢᠯᠣᠭᠤᠳᠬᠤ ︽ᠲᠣᠬᠢᠷᠠᠮᠵᠢᠲᠠᠶ︾ ᠬᠠᠷᠢᠴᠠᠯ 83.18 % ᠪᠠᠶᠢᠵᠤ᠂ ᠪᠥᠬᠦ ᠤᠯᠤᠰ ᠤᠨ ᠳᠣᠯᠣᠳᠤᠭᠠᠷ ᠲᠤ ᠵᠢᠭᠰᠠᠭᠠᠭᠳᠠᠵᠤ ᠪᠠᠶᠢᠨ᠎ᠠ ᠭᠡᠵᠦ ᠦᠵᠡᠪᠡ᠃ ᠡᠭᠦᠨ ᠠᠴᠠ ᠦᠵᠡᠪᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠦᠨᠡᠨ ᠪᠣᠳᠠᠲᠠᠶ ᠠᠮᠵᠢᠯᠲᠠ ᠪᠦᠲᠦᠮᠵᠢ ᠪᠠᠷ ᠰᠢᠶᠳᠪᠦᠷᠢᠲᠦ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠣᠯᠵᠠᠶ᠃ ᠣᠳᠣᠬᠠᠨ ᠳᠤ᠂ ᠪᠥᠬᠦ ᠤᠯᠤᠰ ᠪᠥᠬᠦ ᠣᠷᠣᠨ ᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ︾ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠶᠠᠭ ᠴᠣᠬᠢᠯᠲᠠ ᠥᠭᠬᠦ᠂ ᠴᠡᠭᠴᠡᠯᠡᠨ ᠵᠠᠰᠠᠬᠤ᠂ ᠬᠠᠮᠢᠶᠠᠷᠬᠤ᠂ ᠪᠥᠲᠥᠭᠡᠨ ᠪᠠᠶᠢᠭᠤᠯᠬᠤ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠤᠨ ᠪᠦᠷᠢᠨᠰᠢᠭᠦᠯᠵᠦ᠂ ᠲᠠᠷᠠᠭᠠᠴᠢ ᠶᠢᠨ ᠠᠯᠬᠤᠮ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ︽ᠪᠠᠶᠢᠩᠭᠤᠵᠢᠭᠤᠯᠬᠤ︾ ᠶᠢ ᠪᠡᠶᠡᠯᠡᠭᠦᠯᠬᠦ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠵᠤ ᠪᠠᠶᠢᠨ᠎ᠠ᠃ ᠬᠤᠶᠠᠷ᠂ ︽ᠡᠭᠦᠯᠡᠨ ᠰᠡᠯᠡᠮ᠎ᠡ — 2020︾ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃ 2020 ᠣᠨ ᠤ ᠡᠬᠢ ᠪᠠᠷ᠂ ᠳᠣᠲᠣᠭᠠᠳᠤ ᠶᠢ ᠬᠠᠮᠠᠭᠠᠯᠠᠬᠤ ᠶᠠᠮᠤᠨ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠶᠳᠪᠦᠷᠢᠯᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ᠂ ᠦᠨᠳᠦᠰᠦᠲᠡᠨ ᠤ ᠡᠳ᠋ ᠬᠥᠷᠥᠩᠭᠡ ᠶᠢ ᠴᠡᠪᠳᠡᠭᠰᠢᠭᠦᠯᠦᠯ ᠠᠴᠠ ᠲᠠᠶᠢᠯᠬᠤ ᠲᠥᠷᠥᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠᠷ ᠭᠤᠤᠯ ᠠᠭᠤᠯᠭ᠎ᠠ ᠪᠣᠯᠭᠠᠭᠰᠠᠨ ︽ᠡᠭᠦᠯᠡᠨ ᠰᠡᠯᠡᠮ᠎ᠡ — 2020︾ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ᠃ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠶᠳᠪᠦᠷᠢᠯᠡᠬᠦ ᠠᠵᠢᠯᠯᠠᠭ᠎ᠠ ᠶᠢᠨ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠪᠠᠶᠢᠷᠢᠯᠠᠭᠤᠯᠤᠨ ᠠᠬᠢᠭᠤᠯᠬᠤ ᠶᠢ ᠪᠠᠷᠢᠮᠲᠠᠯᠠᠪᠠ᠂ ᠪᠠᠶᠢᠯᠳᠤᠭᠠᠨ ᠳᠤ ᠣᠷᠣᠯᠴᠠᠭᠰᠠᠨ ᠠᠷᠠᠳ ᠤᠨ ᠴᠠᠭᠳᠠᠭ᠎ᠠ ︽ᠰᠤᠯᠠᠷᠠᠭᠤᠯᠤᠯ ᠦᠭᠡᠢ ᠪᠠᠷᠢᠮᠲᠠᠯᠠᠬᠤ︾ ᠢᠲᠡᠭᠡᠯ ᠵᠣᠷᠢᠭ ᠪᠠ ᠡᠷᠴᠢ ᠬᠦᠴᠦ ᠪᠠᠨ ᠪᠠᠳᠠᠷᠠᠭᠤᠯᠤᠨ᠂ ᠲᠣᠮᠣ ᠳ᠋ᠠᠶᠢᠲ᠋ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠶᠴᠡᠳ ᠠᠰᠢᠭᠯᠠᠵᠤ᠂ ᠮᠡᠷᠭᠡᠵᠢᠯ ᠤᠨ ᠬᠠᠮᠲᠤᠷᠠᠭᠰᠠᠨ ᠳᠠᠶᠢᠯᠠᠯᠳᠤᠭᠠᠨ ᠢ ᠲᠥᠪᠯᠡᠷᠡᠭᠦᠯᠦᠨ ᠥᠷᠨᠢᠭᠦᠯᠬᠦ ᠪᠠ ᠨᠡᠷ᠎ᠡ ᠨᠢ ᠲᠤᠳᠤᠷᠠᠭ᠎ᠠ ᠦᠭᠡᠢ ᠦᠬᠦᠳᠡᠯ ᠤᠨ ᠠᠮᠢᠳᠤ ᠪᠣᠳᠠᠰ ᠤᠨ ᠢᠷᠡᠯᠲᠡ ᠶᠢ ᠡᠷᠢᠵᠦ ᠬᠠᠷᠢᠴᠠᠭᠤᠯᠵᠤ᠂ ᠠᠷᠭ᠎ᠠ ᠬᠡᠮᠵᠢᠶ᠎ᠡ ᠪᠦᠬᠦᠨ ᠢ ᠬᠡᠷᠡᠭᠯᠡᠵᠦ᠂ ᠡᠯ᠎ᠡ ᠵᠦᠶᠯ ᠤᠨ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠠᠮᠢᠨ ᠬᠡᠷᠡᠭ ᠤᠨ 135 ᠳᠠᠷᠤᠭᠳᠠᠮᠠᠯ ᠬᠡᠷᠡᠭ ᠢ ᠵᠠᠯᠭᠠᠭ᠎ᠠ ᠪᠠᠷ ᠳᠡᠩᠨᠡᠨ ᠢᠯᠡᠷᠡᠭᠦᠯᠦᠭᠰᠡᠨ ᠤ ᠳᠤᠲᠤᠷ᠎ᠠ ᠬᠡᠷᠡᠭ ᠭᠠᠷᠤᠭᠰᠠᠨ ᠴᠠᠭ ᠨᠢ ᠬᠠᠮᠤᠭ ᠤᠷᠲᠤ ᠨᠢ 37 ᠵᠢᠯ ᠤᠨ ᠡᠮᠦᠨᠡᠬᠢ ᠪᠠᠶᠢᠵᠤ᠂ ᠡᠭᠦᠨ ᠳᠤ 30 ᠵᠢᠯ ᠤᠨ ᠡᠮᠦᠨᠡᠬᠢ ᠠᠮᠢᠨ ᠬᠡᠷᠡᠭ ᠤᠨ ᠳᠠᠷᠤᠭᠳᠠᠮᠠᠯ ᠬᠡᠷᠡᠭ 6 ᠪᠠᠶᠢᠵᠤ᠂ 20 ᠵᠢᠯ ᠠᠴᠠ 30 ᠵᠢᠯ ᠪᠣᠯᠤᠭᠰᠠᠨ ᠠᠮᠢᠨ ᠬᠡᠷᠡᠭ ᠤᠨ ᠳᠠᠷᠤᠭᠳᠠᠮᠠᠯ ᠬᠡᠷᠡᠭ 63 ᠪᠠᠶᠢᠵᠤ᠂ 10 ᠵᠢᠯ ᠠᠴᠠ 20 ᠵᠢᠯ ᠪᠣᠯᠤᠭᠰᠠᠨ ᠠᠮᠢᠨ ᠬᠡᠷᠡᠭ ᠤᠨ ᠳᠠᠷᠤᠭᠳᠠᠮᠠᠯ ᠬᠡᠷᠡᠭ 52 ᠪᠠᠶᠢᠵᠤ᠂ ᠣᠶᠢᠷ᠎ᠠ ᠶᠢᠨ 10 ᠵᠢᠯ ᠤᠨ ᠠᠮᠢᠨ ᠬᠡᠷᠡᠭ ᠤᠨ 14 ᠳᠠᠷᠤᠭᠳᠠᠮᠠᠯ ᠬᠡᠷᠡᠭ ᠢ ᠢᠯᠡᠷᠡᠭᠦᠯᠪᠡ︔ ᠲᠣᠰ ᠭᠠᠵᠠᠷ ᠤᠨ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ 92 ᠣᠷᠭᠤᠳᠤᠤᠯ ᠬᠡᠷᠡᠭᠲᠡᠨ ᠢ ᠪᠠᠷᠢᠪᠴᠢᠯᠠᠵᠤ᠂ ᠭᠠᠳᠠᠨ᠎ᠠ ᠳᠤᠲᠠᠭᠠᠭᠰᠠᠨ 84 ᠬᠡᠷᠡᠭᠲᠡᠨ ᠢ ᠪᠠᠷᠢᠪᠴᠢᠯᠠᠵᠤ᠂ ᠡᠭᠦᠨ ᠤ ᠳᠤᠲᠤᠷ᠎ᠠ ᠬᠠᠮᠤᠭ ᠤᠨ ᠣᠷᠳᠣ ᠳᠤ ᠪᠠᠨ 37 ᠵᠢᠯ ᠳᠤᠲᠠᠭᠠᠭᠰᠠᠨ ᠬᠡᠷᠡᠭᠲᠡᠨ ᠪᠠᠶᠢᠨ᠎ᠠ᠂ ᠢᠯᠠᠩᠭᠤᠶ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠫᠠᠶᠢᠰᠠ ᠡᠯᠭᠦᠨ ᠰᠢᠪᠠᠳᠠᠨ ᠰᠢᠶᠳᠪᠦᠷᠢᠯᠡᠭᠦᠯᠦᠭᠰᠡᠨ ︽7.17︾ ᠤ ᠳᠡᠭᠡᠷᠡᠮᠳᠡᠭᠰᠡᠨ᠂ ᠨᠥᠵᠢᠳᠯᠡᠭᠰᠡᠨ᠂ ᠬᠥᠮᠦᠨ ᠠᠯᠠᠭᠰᠠᠨ ᠰᠢᠷᠢᠰ ᠬᠡᠷᠡᠭ ᠵᠡᠷᠭᠡ ᠠᠯᠢ ᠣᠯᠠᠨ ᠨᠡᠶᠢᠭᠡᠮ ᠤᠨ ᠨᠥᠯᠥᠭᠡ ᠪᠠᠷ ᠬᠦᠨᠳᠦ ᠨᠣᠴᠢᠲᠠᠶ᠂ ᠴᠠᠭ ᠬᠤᠭᠤᠴᠠᠭ᠎ᠠ ᠠᠯᠤᠰᠯᠠᠭᠰᠠᠨ ᠬᠦᠨᠳᠦ ᠶᠡᠭᠡ ᠣᠨᠴᠠ ᠶᠡᠭᠡ ᠬᠡᠷᠡᠭ ᠢ ᠠᠮᠵᠢᠯᠲᠠᠲᠠᠶ ᠢᠯᠡᠷᠡᠭᠦᠯᠵᠦ᠂ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠴᠦ᠂ ᠨᠡᠶᠢᠭᠡᠮ ᠤᠨ ᠠᠮᠤᠷ ᠲᠦᠪᠰᠢᠨ ᠤ ᠦᠯᠡᠮᠵᠢ ᠣᠯᠠᠨ ᠳᠠᠯᠳᠠ ᠬᠡᠮ ᠢ ᠠᠷᠢᠯᠭᠠᠵᠤ᠂ ᠬᠤᠬᠢᠷᠠᠯ ᠠᠮᠰᠠᠭᠴᠢ ᠵᠢᠴᠢ ᠲᠡᠭᠦᠨ ᠤ ᠲᠥᠷᠥᠯ ᠰᠠᠳᠤᠨ ᠢ ᠲᠠᠶᠢᠳᠬᠤᠷᠠᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠡᠷᠬᠡ ᠶᠢ ᠳᠤᠭᠤᠯᠤᠨ ᠪᠡᠷᠬᠡ ᠶᠢ ᠳᠠᠪᠠᠭ᠋ᠤ ᠴᠢᠳᠠᠪᠤᠷᠢ ᠶᠢᠨ ᠬᠢᠷᠢ ᠲᠦᠪᠰᠢᠨ ᠢ ᠳᠠᠪᠲᠠᠨ ᠪᠣᠯᠪᠠᠰᠤᠷᠠᠭᠤᠯᠪᠠ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠳᠤᠮᠳᠠ᠂ 2020 ᠣᠨ ᠳᠤ ᠮᠠᠰᠢ ᠲᠦᠷᠭᠡᠨ ᠡᠭᠦᠰᠴᠦ ᠪᠠᠶᠢᠭ᠎ᠠ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠡᠮᠦᠨ᠎ᠡ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠣᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠭᠦᠶᠴᠡᠳ ᠬᠡᠷᠡᠭᠯᠡᠵᠦ᠂ ᠴᠢᠮᠡᠭᠡ ᠬᠤᠯᠪᠣᠭᠠᠨ ᠤ ᠬᠠᠮᠢᠶᠠᠷᠤᠯᠲᠠ ᠪᠠ ᠪᠠᠩᠬᠢ ᠵᠡᠷᠭᠡ ᠰᠠᠯᠠᠭ᠎ᠠ ᠮᠥᠴᠢᠷ ᠢ ᠨᠢᠭᠲᠠ ᠬᠤᠯᠪᠣᠭᠠᠯᠠᠨ ᠬᠥᠳᠡᠯᠦᠯᠴᠡᠵᠦ᠂ ︽ᠬᠤᠶᠠᠷ ᠺᠠᠷᠲ︾ ᠢ ᠴᠡᠭᠴᠡᠯᠡᠨ ᠵᠠᠰᠠᠬᠤ ᠵᠢᠴᠢ ᠬᠢᠯᠢ ᠳᠣᠲᠣᠷᠠᠬᠢ ᠡᠭᠦᠷ ᠲᠤ ᠴᠣᠬᠢᠯᠲᠠ ᠥᠭᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠬᠦᠴᠦᠷᠬᠡᠭ ᠶᠡᠭᠡ ᠴᠢᠩᠭ᠎ᠠ ᠴᠣᠬᠢᠯᠲᠠ ᠥᠭᠬᠦ ᠬᠦᠴᠦᠨ ᠢᠶᠠᠷ ᠪᠥᠬᠦ ᠣᠷᠣᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠤᠨ ᠪᠠᠭᠤᠷᠠᠯᠲᠠ ᠶᠢ ᠭᠡᠳᠡᠷᠭᠦ ᠰᠢᠬᠠᠮᠳᠠᠭᠤᠯᠪᠠ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠨᠡᠶᠢᠲᠡ 3181 ᠢᠯᠡᠷᠡᠭᠦᠯᠵᠦ᠂ ᠨᠢᠳᠤᠨᠤᠨ ᠤ ︵1469︶ ᠬᠢ ᠲᠠᠢ ᠬᠠᠷᠢᠴᠠᠭᠤᠯᠪᠠᠯ 1712 ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 116.5 % ᠪᠠᠷ ᠨᠡᠮᠡᠭᠳᠡᠪᠡ︔ ᠶᠠᠯ᠎ᠠ ᠬᠢᠭᠰᠡᠨ ᠰᠡᠵᠢᠭᠯᠡᠯᠲᠡᠢ 5260 ᠬᠥᠮᠦᠨ ᠢ ᠪᠠᠷᠢᠪᠴᠢᠯᠠᠵᠤ᠂ ᠡᠭᠦᠨ ᠢ ᠨᠢᠳᠤᠨᠤᠨ ᠤ ︵955 ᠬᠥᠮᠦᠨ︶ ᠬᠢ ᠲᠠᠢ ᠬᠠᠷᠢᠴᠠᠭᠤᠯᠪᠠᠯ 4305 ᠬᠥᠮᠦᠨ ᠢ ᠢᠯᠡᠭᠦᠦ ᠪᠠᠷᠢᠵᠤ᠂ ᠠᠳᠠᠯᠢ ᠬᠤᠭᠤᠴᠠᠭᠠᠨ ᠤ ᠬᠢ ᠠᠴᠠ 450.8 % ᠪᠠᠷ ᠨᠡᠮᠡᠭᠳᠡᠵᠡᠢ᠃ ᠢᠯᠠᠩᠭᠤᠶ᠎ᠠ ᠲᠦᠩᠯᠢᠶᠣᠤ ᠬᠤᠲᠠ ᠶᠢᠨ ᠬᠢᠯᠢ ᠠᠯᠤᠰᠯᠠᠭᠰᠠᠨ ᠲᠣᠤᠷ ᠰᠦᠯᠵᠢᠶᠡᠨ ᠤ ᠴᠠᠬᠢᠯᠭᠠᠨ ᠬᠤᠯᠪᠣᠭᠠᠨ ᠤ ᠮᠡᠬᠡᠯᠡᠯ ᠤᠨ ᠣᠨᠴᠠ ᠶᠡᠭᠡ ᠪᠦᠯᠦᠭᠯᠡᠯ ᠢ ᠠᠮᠵᠢᠯᠲᠠᠲᠠᠶ ᠪᠣᠳᠠ ᠨᠢᠷᠭᠡᠵᠦ᠂ ᠪᠥᠬᠦ ᠤᠯᠤᠰ ᠤᠨ ᠠᠳᠠᠯᠢ ᠲᠥᠷᠥᠯ ᠤᠨ 120 ᠭᠠᠷᠤᠶ ᠬᠡᠷᠡᠭ ᠢ ᠬᠤᠯᠪᠣᠵᠤ᠂ ᠬᠡᠷᠡᠭ ᠲᠤ ᠬᠤᠯᠪᠣᠭᠳᠠᠭᠰᠠᠨ ᠪᠠᠯᠠ ᠮᠥᠩᠭᠦ ᠨᠢ 3000 ᠭᠠᠷᠤᠶ ᠲᠦᠮᠡᠨ ᠲᠥᠭᠦᠷᠢᠭ ᠲᠤ ᠬᠦᠷᠴᠡᠶ᠃ ᠡᠭᠦᠨ ᠤ ᠬᠠᠮᠲᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠦᠯᠵᠢᠶᠡᠨ ᠤ ᠰᠢᠨ᠎ᠡ ᠵᠠᠭᠤᠴᠢᠯᠠᠭᠤᠷ ᠵᠢᠴᠢ ᠰᠦᠯᠵᠢᠶᠡᠨ ᠭᠠᠳᠠᠨ᠎ᠠ ᠡᠷᠦᠬᠡ ᠳᠤ ᠣᠷᠣᠵᠤ ᠤᠬᠠᠭᠤᠯᠬᠤ ᠵᠡᠷᠭᠡ ᠣᠯᠠᠨ ᠵᠦᠶᠯ ᠤᠨ ᠠᠷᠭ᠎ᠠ ᠬᠡᠯᠪᠡᠷᠢ ᠶᠢ ᠭᠦᠶᠴᠡᠳ ᠠᠰᠢᠭᠯᠠᠨ ᠤᠬᠠᠭᠤᠯᠵᠤ ᠰᠡᠷᠭᠡᠶᠢᠯᠡᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠨᠡᠶᠢᠲᠡ 69 ᠤᠬᠠᠭᠤᠯᠭ᠎ᠠ ᠶᠢᠨ ᠸᠢᠳᠢᠣ᠋ ᠨᠡᠶᠢᠲᠡᠯᠡᠵᠦ᠂ 142 ᠤᠳᠠᠭ᠎ᠠ ᠲᠠᠶᠢᠯᠤᠮᠵᠢ ᠬᠢᠵᠦ᠂ ᠮᠡᠬᠡᠯᠡᠯ ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠤᠬᠠᠭᠤᠯᠭ᠎ᠠ ᠶᠢᠨ ᠵᠣᠬᠢᠶᠠᠯ ᠢ 1986 ᠨᠡᠶᠢᠲᠡᠯᠡᠵᠦ᠂ ᠨᠡᠶᠢᠲᠡ 3169.5 ᠲᠦᠮᠡ ᠭᠠᠷᠤᠶ ᠤᠳᠠᠭ᠎ᠠ ᠲᠣᠪᠴᠢᠳᠠᠵᠠᠶ︔ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠢ ᠵᠣᠬᠢᠴᠠᠭᠤᠯᠵᠤ ᠪᠠᠶᠢᠭᠠᠳ ᠭᠠᠷᠠᠭ ᠪᠦᠷᠢ ᠥᠪᠥᠷ ᠮᠣᠩᠭᠤᠯ ᠳᠤ ᠳᠠᠩᠰᠠᠯᠠᠭᠤᠯᠤᠭᠰᠠᠨ ᠪᠤᠶ ᠪᠦᠬᠦᠢ ᠭᠠᠷ ᠤᠲᠠᠰᠤᠨ ᠤ ᠬᠡᠷᠡᠭᠯᠡᠭᠴᠢ ᠳᠤ ᠰᠡᠷᠡᠮᠵᠢᠯᠡᠭᠦᠯᠬᠦ ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ ᠶᠢᠨ ᠣᠬᠤᠷ ᠮᠡᠳᠡᠭᠡ ᠶᠢ ᠶᠠᠪᠤᠭᠤᠯᠵᠤ᠂ ᠨᠡᠶᠢᠲᠡ 9 ᠳ᠋ᠦᠩᠰᠢᠭᠤᠷ ᠬᠥᠮᠦᠨ ᠤᠳᠠᠭ᠎ᠠ ᠶᠠᠪᠤᠭᠤᠯᠪᠠ︔ ᠪᠦᠬᠦ ᠣᠷᠣᠨ ᠤ 96110 ᠰᠡᠷᠡᠮᠵᠢᠯᠡᠭᠦᠯᠬᠦ ᠣᠬᠤᠷ ᠲᠣᠭᠠᠲᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠡᠷᠡᠮᠵᠢᠯᠡᠭᠦᠯᠬᠦ ᠰᠦᠪᠡᠭᠴᠢ ᠶᠢ ᠨᠡᠶᠢᠲᠡ 21.04 ᠲᠦᠮᠡᠨ ᠵᠤᠷᠪᠤᠰ ᠪᠠᠭᠤᠯᠭᠠᠵᠤ᠂ ᠰᠡᠷᠡᠮᠵᠢᠯᠡᠭᠦᠯᠬᠦ ᠶᠢᠨ ᠠᠮᠵᠢᠯᠲᠠ ᠣᠯᠤᠭᠰᠠᠨ ᠨᠣᠷᠮ᠎ᠠ 99.32 % ᠲᠤ ᠬᠦᠷᠴᠦ᠂ ᠰᠡᠷᠡᠮᠵᠢᠯᠡᠭᠦᠯᠬᠦ ᠪᠠ ᠰᠡᠷᠭᠡᠶᠢᠯᠡᠬᠦ ᠰᠠᠶᠢᠨ ᠦᠷ᠎ᠡ ᠪᠦᠲᠦᠮᠵᠢ ᠣᠯᠪᠠ᠃ ᠦᠨᠳᠦᠰᠦᠲᠡᠨ ᠤ ᠡᠳ᠋ ᠬᠥᠷᠥᠩᠭᠡ ᠶᠢᠨ ᠴᠡᠪᠳᠡᠭᠰᠢᠭᠦᠯᠦᠯ ᠠᠴᠠ ᠲᠠᠶᠢᠯᠬᠤ ᠲᠥᠷᠥᠯ ᠤᠨ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠳᠤᠮᠳᠠ᠂ ᠮᠠᠨ ᠤ ᠣᠷᠣᠨ ᠤ ᠲᠤᠷᠰᠢᠨ ᠪᠠᠶᠢᠴᠠᠭᠠᠵᠤ ᠪᠠᠶᠢᠭ᠎ᠠ ᠦᠨᠳᠦᠰᠦᠲᠡᠨ ᠤ ᠡᠳ᠋ ᠬᠥᠷᠥᠩᠭᠡ ᠶᠢᠨ ᠴᠡᠪᠳᠡᠭᠰᠢᠭᠦᠯᠦᠯ ᠠᠴᠠ ᠲᠠᠶᠢᠯᠬᠤ ᠲᠥᠷᠥᠯ ᠤᠨ ᠮᠡᠬᠡᠯᠡᠯ ᠤᠨ ᠶᠠᠯᠠᠲᠤ ᠬᠡᠷᠡᠭ 25 ᠪᠠᠶᠢᠵᠤ᠂ ᠶᠠᠯ᠎ᠠ ᠬᠢᠭᠰᠡᠨ ᠰᠡᠵᠢᠭᠳᠡᠨ 281 ᠬᠥᠮᠦᠨ ᠢ ᠪᠠᠷᠢᠪᠴᠢᠯᠠᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠮᠠᠨ ᠤ ᠣᠷᠣᠨ ᠳᠤ ᠪᠠᠭᠤᠯᠭᠠᠭᠰᠠᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠭᠤᠷᠪᠠ᠂ ᠨᠡᠶᠢᠭᠡᠮ ᠳᠤ ᠥᠷᠭᠡᠨ ᠳᠡᠯᠭᠡᠷ ᠨᠥᠯᠥᠭᠡ ᠲᠠᠢ ᠬᠡᠷᠡᠭ ᠢ ᠴᠠᠭ ᠲᠤᠬᠠᠢ ᠳᠤ ᠨᠢ ᠳᠡᠩᠨᠡᠨ ᠢᠯᠡᠷᠡᠭᠦᠯᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠢᠨ ᠬᠡᠷᠡᠭ ᠢ ᠳᠡᠩᠨᠡᠨ ᠢᠯᠡᠷᠡᠭᠦᠯᠬᠦ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ 2020 ᠣᠨ ᠳᠤ ᠪᠥᠬᠦ ᠣᠷᠣᠨ ᠳᠤ ᠡᠭᠦᠰᠦᠭᠰᠡᠨ 197 ᠠᠮᠢᠨ ᠬᠡᠷᠡᠭ ᠢ ᠪᠦᠬᠦᠨ ᠢ ᠲᠦᠷᠭᠡᠨ ᠳᠡᠩᠨᠡᠨ ᠢᠯᠡᠷᠡᠭᠦᠯᠵᠦ᠂ 3 ᠵᠢᠯ ᠳᠤ ᠣᠲᠣ ᠶᠢᠨ ᠠᠮᠢᠨ ᠬᠡᠷᠡᠭ ᠢ ᠪᠦᠬᠦᠨ ᠢ ᠢᠯᠡᠷᠡᠭᠦᠯᠬᠦ ᠶᠢ ᠪᠠᠲᠤᠯᠠᠪᠠ᠂ ᠢᠯᠠᠩᠭᠤᠶ᠎ᠠ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ︽2020.6.03︾ ᠯᠢᠦᠶ ᠣᠪᠣᠭᠲᠤ ᠶᠢᠨ 5 ᠬᠥᠮᠦᠨ ᠠᠯᠠᠭᠰᠠᠨ ᠬᠡᠷᠡᠭ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ︽2020.7.09︾ ᠸᠠᠩ ᠣᠪᠣᠭᠲᠤ ᠶᠢᠨ 3 ᠬᠥᠮᠦᠨ ᠠᠯᠠᠭᠰᠠᠨ ᠬᠡᠷᠡᠭ ᠢ ᠲᠦᠷᠭᠡᠨ ᠳᠡᠩᠨᠡᠨ ᠢᠯᠡᠷᠡᠭᠦᠯᠵᠦ᠂ ᠨᠡᠶᠢᠭᠡᠮ ᠤᠨ ᠨᠥᠯᠥᠭᠡ ᠶᠢ ᠴᠠᠭ ᠲᠤᠬᠠᠶ ᠳᠤ ᠨᠢ ᠠᠷᠢᠯᠭᠠᠪᠠ᠃ ᠶᠡᠭᠡ ᠬᠡᠷᠡᠭ ᠤᠨ ᠰᠢᠪᠲᠤᠯᠤᠯᠲᠠ ᠶᠢᠨ ᠲᠠᠯ᠎ᠠ ᠪᠠᠷ᠂ ᠤᠷᠢᠳ ᠬᠤᠵᠢᠳ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ︽2020.1.12︾ ᠵᠧᠦ ᠣᠪᠣᠭᠲᠤ ᠶᠢᠨ ᠫᠤᠤ ᠪᠠᠷᠢᠵᠤ ᠤᠤᠯᠭᠠᠯᠠᠭᠰᠠᠨ ᠬᠡᠷᠡᠭ᠂ ᠬᠥᠯᠥᠨ ᠪᠣᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ︽2020.9.01︾ ᠯᠧᠦ ᠣᠪᠣᠭᠲᠤ ᠶᠢᠨ ᠤᠤᠯᠭᠠᠯᠠᠭᠰᠠᠨ ᠬᠡᠷᠡᠭ ᠵᠡᠷᠭᠡ ᠨᠢᠭᠡ ᠪᠦᠯᠦᠭ ᠬᠦᠨᠳᠦ ᠶᠡᠭᠡ ᠣᠨᠴᠠ ᠶᠡᠭᠡ ᠬᠡᠷᠡᠭ ᠢ ᠲᠦᠷᠭᠡᠨ ᠳᠡᠩᠨᠡᠨ ᠢᠯᠡᠷᠡᠭᠦᠯᠵᠦ᠂ ᠨᠡᠶᠢᠭᠡᠮ ᠳᠡᠭᠡᠷ᠎ᠡ ᠥᠷᠭᠡᠨ ᠳᠡᠯᠭᠡᠷ ᠨᠥᠯᠥᠭᠡ ᠪᠥᠬᠦᠶ ᠬᠡᠷᠡᠭ ᠢ ᠰᠡᠭᠦᠯ ᠥᠬᠡᠶ ᠪᠠᠶᠢᠯᠭᠠᠬᠤ ᠬᠠᠷᠠᠯᠲᠠ ᠶᠢ ᠦᠷᠭᠦᠯᠵᠢᠯᠡᠨ ᠪᠠᠲᠤᠯᠠᠪᠠ᠃ ᠢᠯᠠᠩᠭᠤᠶ᠎ᠠ 2020 ᠣᠨ ᠳᠤ ᠢᠯᠡᠷᠡᠭᠰᠡᠨ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠮᠡᠬᠡᠯᠡᠯ ᠤᠨ ᠬᠡᠷᠡᠭ ᠲᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠮᠡᠬᠡᠯᠡᠯ ᠤᠨ ᠬᠡᠷᠡᠭ ᠲᠤ ᠴᠣᠬᠢᠯᠲᠠ ᠥᠭᠭᠦᠭᠰᠡᠨ ᠰᠦᠪᠡᠭᠴᠢ ᠶᠢ ᠦᠨᠳᠦᠰᠦᠯᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠲᠦᠷᠭᠡᠨ ᠠᠷᠭᠠᠴᠠᠭᠠᠵᠤ᠂ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠮᠡᠬᠡᠯᠡᠯ ᠤᠨ ᠶᠠᠯᠠᠲᠤ ᠠᠵᠢᠯᠯᠠᠭ᠎ᠠ ᠳᠤ ᠪᠥᠬᠦ ᠬᠡᠯᠬᠢᠶ᠎ᠡ ᠪᠠᠷ ᠴᠣᠬᠢᠯᠲᠠ ᠥᠭᠴᠦ᠂ ᠬᠠᠤᠯᠢ ᠶᠣᠰᠣᠭᠠᠷ ᠲᠦᠷᠭᠡᠨ ᠰᠢᠶᠳᠪᠦᠷᠢᠯᠡᠵᠦ᠂ ᠬᠦᠨᠳᠦ ᠴᠣᠬᠢᠯᠲᠠ ᠥᠭᠴᠦ᠂ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠮᠡᠬᠡᠯᠡᠯ ᠤᠨ ᠬᠡᠷᠡᠭ ᠢ ᠨᠡᠶᠢᠲᠡ 135 ᠢᠯᠡᠷᠡᠭᠦᠯᠵᠦ᠂ 31 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠪᠠᠯᠠ ᠮᠥᠩᠭᠦ ᠶᠢ 343.6 ᠲᠦᠮᠡᠨ ᠲᠥᠭᠦᠷᠢᠭ ᠪᠠᠶᠢᠴᠠᠭᠠᠨ ᠬᠤᠷᠢᠶᠠᠵᠤ᠂ ᠢᠯᠠᠩᠭᠤᠶ᠎ᠠ ᠪᠤᠭᠤᠲᠤ ᠬᠤᠲᠠ ᠶᠢᠨ ︽2020.2.09︾ ᠸᠠᠩ ᠣᠪᠣᠭᠲᠤ ᠶᠢᠨ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠮᠡᠬᠡᠯᠡᠯ ᠤᠨ ᠬᠡᠷᠡᠭ ᠢ ᠲᠦᠷᠭᠡᠨ ᠲᠠᠩᠨᠠᠨ ᠢᠯᠡᠷᠡᠭᠦᠯᠵᠦ᠂ ᠳᠡᠩᠨᠡᠨ ᠢᠯᠡᠷᠡᠭᠦᠯᠵᠦ᠂ ᠵᠠᠭᠠᠯᠳᠤᠬᠤ ᠠᠴᠠ ᠠᠪᠤᠭᠠᠳ ᠲᠠᠰᠤᠯᠤᠯᠲᠠ ᠶᠢ ᠵᠠᠷᠯᠠᠬᠤ ᠪᠣᠯᠲᠠᠯ᠎ᠠ ᠵᠥᠪᠬᠡᠨ 8 ᠡᠳᠦᠷ ᠤᠨ ᠴᠠᠭ ᠬᠡᠷᠡᠭᠰᠡᠪᠡ᠃ ᠳᠥᠷᠪᠡ᠂ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠢᠳᠡᠯᠢᠭ ᠳᠡᠭᠡᠭᠰᠢᠯᠡᠪᠡ᠃ ᠬᠦᠴᠦᠲᠡᠶ ᠴᠣᠬᠢᠯᠲᠠ ᠥᠭᠬᠦ ᠪᠠᠷ ᠳᠠᠮᠵᠢᠭᠤᠯᠤᠨ᠂ ᠮᠠᠨ ᠤ ᠣᠷᠣᠨ ᠤ ᠡᠷᠡᠭᠦᠦ ᠶᠢᠨ ᠬᠡᠷᠡᠭ ᠳᠣᠤᠷ᠎ᠠ ᠲᠦᠪᠰᠢᠨ ᠳᠤ ᠶᠠᠪᠤᠭᠳᠠᠬᠤ ᠶᠢ ᠦᠷᠭᠦᠯᠵᠢᠯᠡᠨ ᠪᠠᠲᠤᠯᠠᠪᠠ᠃ 2020 ᠣᠨ ᠳᠤ᠂ ᠪᠥᠬᠦ ᠣᠷᠣᠨ ᠳᠤ ᠡᠯ᠎ᠡ ᠲᠥᠷᠥᠯ ᠤᠨ ᠡᠷᠡᠭᠦᠦ ᠶᠢᠨ ᠬᠡᠷᠡᠭ ᠢ ᠨᠡᠶᠢᠲᠡ 67236 ᠳᠠᠩᠰᠠᠯᠠᠵᠤ᠂ ᠡᠭᠦᠨ ᠤ ᠳᠣᠲᠤᠷᠠᠬᠢ ᠨᠠᠶᠮᠠᠨ ᠲᠥᠷᠥᠯ ᠤᠨ ᠬᠡᠷᠡᠭ 2400 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.2 % ᠢᠶᠠᠷ ᠪᠠᠭᠤᠷᠠᠪᠠ᠃ ᠣᠨᠴᠠᠭᠠᠶᠢᠯᠠᠨ ᠦᠨᠦ ᠪᠣᠯᠵᠤ ᠪᠠᠶᠢᠭ᠎ᠠ ᠠᠮᠢᠨ ᠬᠡᠷᠡᠭ ᠠᠳᠠᠯᠢ ᠬᠤᠭᠤᠴᠠᠭᠠᠨ ᠤ ᠬᠢ ᠠᠴᠠ 44 ᠪᠠᠭᠠᠰᠴᠤ᠂ 18.3 % ᠪᠠᠷ ᠪᠠᠭᠤᠷᠠᠪᠠ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠢ ᠳᠡᠩᠨᠡᠨ ᠢᠯᠡᠷᠡᠭᠦᠯᠬᠦ ᠳᠤ ᠬᠦᠴᠢᠷ᠂ ᠪᠤᠵᠠᠷ ᠡᠳ᠋ ᠢ ᠨᠡᠬᠡᠮᠵᠢᠯᠡᠬᠦ ᠳᠤ ᠬᠦᠴᠢᠷ᠂ ᠬᠤᠬᠢᠷᠠᠯ ᠢ ᠡᠬᠡᠭᠦᠯᠬᠦ ᠳᠤ ᠬᠦᠴᠢᠷ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ 17.72 ᠳ᠋ᠦᠩᠰᠢᠭᠤᠷ ᠲᠥᠭᠦᠷᠢᠭ ᠤᠨ ᠰᠡᠵᠢᠭᠯᠡᠯᠲᠡᠢ ᠪᠡᠯᠡ ᠮᠥᠩᠭᠦ ᠥᠭᠬᠦ ᠶᠢ ᠠᠮᠵᠢᠯᠲᠠ ᠲᠠᠢ ᠪᠠᠷ ᠬᠤᠷᠢᠭᠯᠠᠵᠤ᠂ ᠠᠳᠠᠯᠢ ᠬᠤᠭᠤᠴᠠᠭᠠᠨ ᠤ ᠬᠢ ᠠᠴᠠ 195.33 % ᠪᠠᠷ ᠨᠡᠮᠡᠭᠳᠡᠪᠡ᠃ ᠰᠡᠵᠢᠭᠯᠡᠯᠲᠡᠶ ᠪᠠᠯᠠ ᠮᠥᠩᠭᠦ ᠶᠢ 11.74 ᠳ᠋ᠦᠩᠰᠢᠭᠤᠷ ᠲᠥᠭᠦᠷᠢᠭ ᠴᠡᠪᠳᠡᠭᠰᠢᠭᠦᠯᠵᠦ᠂ ᠠᠳᠠᠯᠢ ᠬᠤᠭᠤᠴᠠᠭᠠᠨ ᠤ ᠬᠢ ᠠᠴᠠ 67.71 % ᠪᠠᠷ ᠳᠡᠭᠡᠭᠰᠢᠯᠡᠪᠡ᠃ ᠨᠡᠶᠢᠲᠡ 17.17 ᠲᠦᠮᠡᠨ ᠭᠠᠷ ᠤᠲᠠᠰᠤᠨ ᠤ ᠺᠠᠷᠲ᠂ 2038 ᠪᠠᠩᠬᠢ ᠶᠢᠨ ᠺᠠᠷᠲ ᠢ ᠪᠠᠶᠢᠴᠠᠭᠠᠨ ᠬᠤᠷᠢᠶᠠᠮᠵᠢᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠡᠭᠦᠰᠬᠦ ᠶᠢ ᠦᠨᠡᠨ ᠬᠦ ᠤᠭ ᠠᠴᠠ ᠨᠢ ᠲᠡᠰᠦᠯᠪᠡ᠃ ᠮᠠᠨ ᠤ ᠣᠷᠣᠨ ᠪᠣᠯ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠮᠣ ᠣᠷᠣᠨ ᠪᠣᠯᠤᠭᠰᠠᠨ ᠪᠤᠲᠠᠳᠣ ᠪᠠᠶᠢᠳᠠᠯ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠲᠠᠢ ᠬᠠᠮᠲᠤᠷᠠᠭᠠᠳ 2020 ᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠨᠢᠭᠦᠯᠦᠭᠰᠡᠨ ᠢᠶᠠᠷ ᠲᠡᠦᠬᠡ ᠶᠢᠨ ᠳᠤᠷᠠᠰᠬᠠᠯᠲᠤ ᠵᠦᠶᠯᠡᠰ ᠤᠨ 23 ᠶᠠᠯᠠᠲᠤ ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ 67 ᠰᠡᠵᠢᠭᠳᠡᠨ ᠢ ᠪᠠᠷᠢᠪᠴᠢᠯᠠᠵᠤ᠂ 743 ᠲᠡᠦᠬᠡ ᠶᠢᠨ ᠳᠤᠷᠠᠰᠬᠠᠯᠲᠤ ᠵᠦᠶᠯᠡᠰ ᠢ ᠨᠡᠬᠡᠮᠵᠢᠯᠡᠵᠦ ᠲᠤᠰᠢᠶᠠᠯᠭᠠᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃ ᠡᠭᠦᠨ ᠠᠴᠠ ᠭᠠᠳᠠᠨ᠎ᠠ᠂ ︽ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠵᠤ᠂ ᠪᠠᠷᠢᠪᠴᠢᠯᠠᠬᠤ ᠨᠣᠷᠮ᠎ᠠ ᠶᠢ ᠳᠡᠭᠡᠭᠰᠢᠯᠡᠭᠦᠯᠬᠦ︾ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠠᠵᠢᠯ ᠢ ᠬᠦᠴᠦᠲᠡᠶ ᠳᠥᠯᠭᠢᠨ ᠠᠬᠢᠭᠤᠯᠪᠠ᠃ 2020 ᠣᠨ ᠳᠤ ᠰᠦᠯᠵᠢᠶᠡᠨ ᠳᠡᠭᠡᠷᠡᠬᠢ ᠣᠷᠭᠤᠳᠠᠭᠤᠯ ᠬᠡᠷᠡᠭᠲᠡᠨ ᠢ ᠨᠡᠶᠢᠲᠡ 3313 ᠪᠠᠷᠢᠪᠴᠢᠯᠠᠵᠤ᠂ ᠪᠠᠷᠢᠪᠴᠢᠯᠠᠭᠰᠠᠨ ᠨᠣᠷᠮ᠎ᠠ ᠨᠢ 75.95 % ᠳᠤ ᠬᠦᠷᠴᠡᠶ᠃ ᠨᠢᠭᠡ ᠵᠢᠯ ᠤᠨ ᠲᠤᠷᠰᠢ᠂ ᠬᠦᠴᠦᠲᠡᠶ ᠴᠣᠬᠢᠯᠲᠠ ᠦᠭᠴᠦ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠢᠳᠡᠪᠬᠢᠲᠡᠢ ᠬᠠᠷᠢᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠲᠠᠩᠨᠠᠯᠲᠠ ᠶᠢᠨ ᠰᠠᠯᠠᠭ᠎ᠠ ᠮᠥᠴᠢᠷ ᠬᠡᠷᠡᠭ ᠢ ᠢᠯᠡᠷᠡᠭᠦᠯᠵᠦ ᠬᠡᠷᠡᠭ ᠲᠤ ᠬᠤᠯᠪᠣᠭᠳᠠᠭᠰᠠᠨ ᠮᠥᠩᠭᠦ ᠪᠣᠳᠠᠰ ᠢ ᠲᠥᠪᠯᠡᠷᠡᠭᠦᠯᠦᠨ ᠪᠤᠴᠠᠭᠠᠬᠤ ᠶᠡᠭᠡ ᠬᠤᠷᠠᠯ ᠢ ᠨᠡᠶᠢᠲᠡ 24 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠷᠠᠳ ᠲᠦᠮᠡᠨ ᠳᠤ 1271.65 ᠲᠦᠮᠡᠨ ᠲᠥᠭᠦᠷᠢᠭ ᠪᠤᠴᠠᠭᠠᠨ᠂ ᠤᠷᠢᠳ ᠬᠤᠵᠢᠳ ᠣᠯᠠᠨ ᠲᠦᠮᠡᠨ ᠤ ᠬᠦᠷᠭᠡᠭᠰᠡᠨ 336 ᠬᠡᠮᠡᠷᠯᠢᠭ ᠲᠤᠭ᠂ 23 ᠲᠠᠯᠠᠷᠬᠠᠯ ᠤᠨ ᠵᠠᠬᠢᠳᠠᠯ ᠢ ᠬᠤᠷᠢᠶᠠᠨ ᠣᠯᠵᠠᠶ᠃ ᠡᠳᠡᠭᠡᠷ ᠠᠮᠵᠢᠯᠲᠠ ᠶᠢ ᠣᠯᠤᠭᠰᠠᠨ ᠨᠢ ᠭᠤᠣᠯᠳᠠᠭᠤ ᠳᠣᠣᠷᠠᠬᠢ ᠲᠦᠷᠪᠡᠨ ᠲᠠᠯ᠎ᠠ ᠠᠴᠠ ᠪᠣᠯᠤᠭᠰᠠᠨ ᠶᠤᠮ᠄ ᠨᠢᠭᠡ ᠳᠤ᠂ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠪᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠨᠥᠬᠦᠷ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠵᠡᠷᠭᠡ ᠣᠯᠠᠨ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠦᠪᠡᠷ ᠢᠶᠠᠨ ᠡᠭᠦᠷᠭᠡᠯᠡᠨ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠪᠡᠶ᠎ᠡ ᠪᠠᠷ ᠢᠶᠠᠨ ᠵᠣᠬᠢᠶᠠᠨ ᠪᠠᠶᠢᠭᠤᠯᠵᠤ᠂ ᠵᠢᠯᠣᠭᠤᠳᠴᠤ᠂ ᠰᠤᠳᠤᠯᠪᠠ᠃ ᠵᠢᠯ ᠤᠨ ᠡᠬᠢᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠳᠡᠭᠡᠷ᠎ᠡ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠪᠠᠲᠤᠯᠠᠨ ᠬᠠᠮᠠᠭᠠᠯᠠᠬᠤ ᠴᠢᠳᠠᠪᠤᠷᠢ ᠶᠢᠨ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠲᠠᠩᠨᠠᠯᠲᠠ ᠶᠢᠨ ᠰᠠᠯᠠᠭ᠎ᠠ ᠮᠥᠴᠢᠷ ᠤᠳ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠤᠯ ᠬᠦᠴᠦᠨ ᠤ ᠦᠶᠯᠡᠳᠦᠯ ᠢ ᠭᠦᠶᠴᠡᠳ ᠪᠠᠳᠠᠷᠠᠭᠤᠯᠤᠨ᠂ ᠤᠯᠤᠰ ᠲᠥᠷᠥ ᠶᠢ ᠲᠡᠷᠢᠭᠦᠨ ᠳᠤ ᠲᠠᠯᠪᠢᠬᠤ᠂ ᠤᠯᠡᠠ ᠲᠦᠮᠡᠨ ᠢ ᠲᠡᠷᠢᠭᠦᠨ ᠳᠤ ᠲᠠᠯᠪᠢᠬᠤ᠂ ᠦᠨᠳᠦᠰᠦᠨ ᠱᠠᠲᠤ ᠶᠢ ᠲᠡᠷᠢᠭᠦᠨ ᠳᠤ ᠲᠠᠯᠪᠢᠬᠤ᠂ ᠠᠷᠠᠳ ᠤᠨ ᠴᠠᠭᠳᠠᠭ᠎ᠠ ᠬᠤᠰᠢᠭᠤᠷᠠᠬᠤ ᠶᠢ ᠪᠠᠷᠢᠮᠲᠠᠯᠠᠵᠤ᠂ ᠴᠢᠩᠭ᠎ᠠ ᠴᠣᠬᠢᠯᠲᠠ ᠥᠭᠬᠦ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠶᠠᠷ ᠤᠳᠤᠷᠢᠳᠤᠮᠵᠢ ᠪᠣᠯᠭᠠᠨ᠂ ︽ᠡᠭᠦᠯᠡᠨ ᠰᠡᠯᠡᠮ᠎ᠡ — 2020︾ ᠠᠵᠢᠯᠯᠠᠭ᠎ᠠ ᠪᠠᠷ ᠲᠦᠰᠢᠴᠡ ᠬᠢᠵᠦ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠯᠢ ᠣᠯᠠᠨ ᠲᠤᠰᠬᠠᠶ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠦᠭᠡᠳ ᠪᠦᠲᠦᠮᠵᠢᠲᠡᠶ ᠦᠷᠨᠢᠭᠦᠯᠦᠨ᠂ ᠦᠨᠡᠨ ᠬᠦ ᠴᠣᠬᠢᠯᠲᠠ ᠥᠭᠬᠦ ᠭᠤᠤᠯᠳᠠᠯᠭ᠎ᠠ ᠲᠣᠳᠤᠷᠬᠠᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠪᠤᠲᠠᠲᠠᠢ᠂ ᠠᠷᠭ᠎ᠠ ᠪᠠᠷᠢᠯ ᠨᠢ ᠲᠣᠬᠢᠷᠠᠮᠵᠢᠲᠠᠢ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠷᠤᠯᠴᠠᠯᠭ᠎ᠠ ᠲᠠᠢ᠂ ᠠᠷᠠᠳ ᠲᠦᠮᠡᠨ ᠤ ᠳᠡᠮᠵᠢᠯᠭᠡ ᠲᠠᠢ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠷᠬᠡᠢ ᠪᠣᠯᠤᠭᠰᠠᠨ ᠢᠶᠠᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠦᠴᠦᠲᠡᠶ ᠬᠠᠮᠠᠭᠠᠯᠠᠪᠠ᠃ ᠬᠤᠶᠠᠷ ᠲᠤ᠂ ᠤᠨᠢᠨ ᠳᠡᠭᠡᠷ᠎ᠡ ᠨᠢ ᠢᠳᠡᠯᠡᠵᠦ᠂ ᠲᠦᠪᠯᠡᠷᠡᠯ ᠲᠠᠢ ᠪᠠᠷ ᠪᠣᠭᠤᠮᠲᠠ ᠰᠢᠪᠲᠤᠯᠪᠠ᠃ ᠠᠷᠠᠳ ᠣᠯᠠᠨ ᠤ ᠴᠢᠩᠭ᠎ᠠ ᠲᠤᠰᠬᠠᠯ ᠲᠠᠢ ᠲᠣᠪᠣᠶᠢᠮ᠎ᠠ ᠶᠠᠯᠠᠲᠤ ᠬᠡᠷᠡᠭ ᠲᠤ ᠴᠢᠭᠯᠡᠭᠦᠯᠦᠨ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ︽ᠣᠭᠲᠣ ᠠᠭᠤᠴᠢᠯᠠᠬᠤ ᠥᠬᠡᠶ︾ ᠣᠪᠣᠷ ᠢ ᠪᠠᠷᠢᠮᠲᠠᠯᠠᠵᠤ᠂ ᠠᠩᠬᠠᠷᠤᠯ ᠢᠶᠠᠨ ᠲᠦᠪᠯᠡᠷᠡᠭᠦᠯᠦᠨ᠂ ᠴᠠᠭᠳᠠᠭᠠᠨ ᠤ ᠬᠦᠴᠦᠨ ᠢᠶᠠᠨ ᠲᠦᠪᠯᠡᠷᠡᠭᠦᠯᠵᠦ᠂ ᠶᠠᠯᠠᠲᠤ ᠬᠡᠷᠡᠭ ᠲᠤ ᠴᠣᠬᠢᠯᠲᠠ ᠥᠭᠬᠦ ᠠᠵᠢᠯ ᠤᠨ ᠳᠤᠮᠳᠠ ᠣᠨᠤᠴᠠᠲᠠᠢ ᠢᠳᠡᠯᠡᠪᠡ᠃ ᠨᠢᠭᠡ ᠲᠠᠯ᠎ᠠ ᠪᠠᠷ᠂ ᠶᠡᠭᠡ ᠬᠡᠷᠡᠭ ᠢ ᠰᠢᠪᠲᠤᠯᠬᠤ ᠪᠠᠷ ᠭᠤᠣᠯᠳᠠᠯᠭ᠎ᠠ ᠪᠣᠯᠭᠠᠨ ᠪᠣᠭᠤᠮᠲᠠ ᠰᠢᠪᠲᠤᠯᠬᠤ ᠶᠢ ᠴᠢᠩᠭᠠᠳᠬᠠᠪᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠤᠤᠯᠳᠠᠯᠭ᠎ᠠ ᠲᠠᠢ ᠰᠦᠪᠡᠭᠴᠢ᠂ ᠬᠦᠨᠳᠦ ᠶᠡᠭᠡ ᠬᠡᠷᠡᠭ ᠢ ᠴᠢᠩᠭ᠎ᠠ ᠠᠩᠬᠠᠷᠤᠨ᠂ ᠨᠢᠭᠡ ᠪᠦᠯᠦᠭ ᠲᠣᠮᠣ ᠬᠡᠷᠡᠭ ᠢ ᠲᠥᠪᠯᠡᠷᠡᠭᠦᠯᠦᠨ ᠰᠢᠪᠲᠤᠯᠵᠤ᠂ ᠨᠢᠭᠡ ᠪᠦᠯᠦᠭ ᠬᠦᠴᠢᠷ ᠠᠰᠠᠭᠤᠳᠠᠯ ᠢ ᠰᠢᠭᠤᠷᠬᠠᠶᠢᠯᠠᠨ ᠰᠢᠶᠳᠪᠦᠷᠢᠯᠡᠪᠡ᠃ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠡᠭᠦᠦ ᠶᠢᠨ ᠬᠡᠷᠡᠭ ᠤᠨ ᠮᠡᠷᠭᠡᠵᠢᠯ ᠤᠨ ᠠᠷᠭ᠎ᠠ ᠪᠠᠷᠢᠯ ᠢᠶᠠᠷ 37 ᠵᠢᠯ ᠳᠤᠲᠠᠭᠠᠭᠰᠠᠨ ᠠᠮᠢᠨ ᠬᠡᠷᠡᠭ ᠤᠨ ᠣᠷᠭᠤᠳᠠᠭᠤᠯ ᠬᠡᠷᠡᠭᠲᠡᠨ ᠬᠠᠶ ᠣᠪᠣᠭᠲᠤ ᠶᠢ ᠨᠤᠲᠠᠯᠠᠵᠤ᠂ ︽1982.7.16︾ ᠬᠥᠮᠦᠨ ᠠᠯᠠᠭᠰᠠᠨ ᠬᠡᠷᠡᠭ ᠢ ᠠᠮᠵᠢᠯᠲᠠᠲᠠᠶ ᠳᠡᠩᠨᠡᠨ ᠢᠯᠡᠷᠡᠭᠦᠯᠪᠡ᠃ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠵᠢᠭ ᠤᠨ ᠨᠥᠯᠥᠭᠡ ᠶᠢ ᠢᠯᠡᠨ ᠳᠠᠪᠠᠵᠤ᠂ ᠨᠠᠶᠮᠠᠨ ᠰᠠᠷ᠎ᠠ ᠳᠠᠷᠠᠭᠠᠯᠠᠨ ᠪᠥᠬᠦ ᠤᠯᠤᠰ ᠤᠨ ᠡᠯ᠎ᠡ ᠭᠠᠵᠠᠷ ᠤᠳ ᠢᠶᠠᠷ ᠬᠡᠳᠦᠨ ᠲᠦᠮᠡᠨ ᠺᠢᠯᠣᠮᠧᠲᠷ ᠶᠠᠪᠤᠵᠤ᠂ 600 ᠭᠠᠷᠤᠶ ᠲᠦᠮᠡᠨ ᠲᠥᠭᠦᠷᠢᠭ ᠤᠨ ᠬᠡᠷᠡᠭ ᠲᠤ ᠬᠤᠯᠪᠣᠭᠳᠠᠭᠰᠠᠨ ︽2020.4.15︾ ᠣᠨᠴᠠ ᠶᠡᠭᠡ ᠮᠡᠬᠡᠯᠡᠯ ᠤᠨ ᠬᠡᠷᠡᠭ ᠢ ᠠᠮᠵᠢᠯᠲᠠᠲᠠᠶ ᠳᠡᠩᠨᠡᠨ ᠢᠯᠡᠷᠡᠭᠦᠯᠪᠡ᠃ ᠨᠦᠬᠦᠭᠡ ᠲᠠᠯ᠎ᠠ ᠪᠠᠷ᠂ ᠪᠠᠭ᠎ᠠ ᠬᠡᠷᠡᠭ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠨ ᠪᠣᠭᠤᠮᠲᠠ ᠰᠢᠪᠲᠤᠯᠬᠤ ᠶᠢ ᠴᠢᠩᠭᠠᠳᠬᠠᠪᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠣᠯᠠᠨ ᠲᠦᠮᠡᠨ ᠤ ᠦᠪᠡᠷ ᠪᠡᠶ᠎ᠡ ᠶᠢᠨ ᠬᠢ ᠨᠢ ᠠᠰᠢᠭ ᠲᠤᠰᠠ ᠳᠤ ᠬᠠᠯᠳᠠᠵᠤ᠂ ᠪᠥᠬᠦ ᠣᠷᠣᠨ ᠤ ᠡᠷᠡᠭᠦᠦ ᠶᠢᠨ ᠬᠡᠷᠡᠭ ᠡᠭᠦᠰᠬᠦ ᠬᠠᠨᠳᠤᠰᠢ ᠶᠢ ᠭᠤᠤᠯᠯᠠᠨ ᠵᠢᠯᠤᠭᠤᠳᠳᠠᠭ ︽ᠬᠤᠶᠠᠷ ᠲᠣᠨᠤᠭᠠ ᠨᠢᠭᠡ ᠬᠤᠯᠠᠭᠠᠢ ᠨᠢᠭᠡ ᠮᠡᠬᠡᠯᠡᠯ︾ ᠣᠯᠠᠨᠲᠠ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠬᠡᠷᠡᠭ ᠲᠤ ᠴᠣᠬᠢᠯᠲᠠ ᠥᠭᠬᠦ ᠶᠢ ᠠᠷᠠᠳ ᠤᠨ ᠠᠮᠢᠳᠤᠷᠠᠯ ᠢ ᠪᠠᠲᠤᠯᠠᠬᠤ ᠶᠡᠭᠡ ᠶᠠᠪᠤᠳᠠᠯ ᠪᠣᠯᠭᠠᠵᠤ ᠠᠳᠬᠤᠨ᠂ ᠬᠡᠷ ᠲᠤ ᠣᠷᠣᠵᠤ ᠬᠤᠯᠠᠭᠠᠶᠢᠯᠠᠬᠤ᠂ ᠬᠤᠯᠠᠭᠤᠬᠤ ᠵᠡᠷᠭᠡ ᠣᠯᠠᠨ ᠡᠭᠦᠰᠬᠦ ᠠᠮᠠᠷᠬᠠᠨ ᠡᠭᠦᠰᠬᠦ ᠶᠠᠯᠠᠲᠤ ᠬᠡᠷᠡᠭ ᠲᠤ ᠴᠣᠬᠢᠯᠲᠠ ᠥᠭᠬᠦ ᠶᠢ ᠭᠤᠤᠯᠳᠠᠯᠭ᠎ᠠ ᠠᠴᠠ ᠭᠤᠤᠯᠳᠠᠯᠭ᠎ᠠ ᠪᠣᠯᠭᠠᠵᠤ᠂ ᠣᠯᠠᠨ ᠠᠷᠭ᠎ᠠ ᠶᠢ ᠵᠡᠷᠭᠡ ᠪᠠᠷ ᠵᠠᠷᠤᠵᠤ ᠪᠥᠬᠦ ᠬᠦᠴᠦᠨ ᠢᠶᠠᠷ ᠰᠢᠪᠲᠤᠯᠤᠯᠲᠠ ᠬᠢᠪᠠ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠬᠠᠶ ᠶᠢᠨ ᠭᠠᠵᠠᠷ ᠤᠨ ᠪᠠᠶᠢᠳᠠᠯ ᠳᠤ ᠲᠣᠬᠢᠷᠠᠭᠤᠯᠤᠨ᠂ 2020 ᠣᠨ ᠤ 10 ᠳ᠋ᠤᠭᠠᠷ ᠰᠠᠷ᠎ᠠ ᠶᠢᠨ ᠳᠤᠮᠳᠠᠴᠢ ᠪᠠᠷ ᠣᠯᠠᠨ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠲᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠭᠡᠳ ᠢᠯᠡᠳᠲᠡ ᠦᠷ᠎ᠡ ᠪᠦᠲᠦᠮᠵᠢ ᠤᠯᠪᠠ᠃ ᠨᠢᠳᠤᠨᠤᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠤᠰᠬᠠᠶ ᠠᠵᠢᠯᠯᠠᠭᠠᠨ ᠤ ᠬᠤᠭᠤᠴᠠᠭᠠᠨ ᠳᠤ ᠬᠤᠯᠠᠭᠠᠶᠢᠯᠠᠭᠰᠠᠨ ᠲᠣᠨᠤᠭᠰᠠᠨ ᠲᠥᠷᠥᠯ ᠤᠨ ᠬᠡᠷᠡᠭ ᠢ ᠨᠡᠶᠢᠲᠡ 231 ᠢᠯᠡᠷᠡᠭᠦᠯᠵᠦ᠂ 236 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠠᠶ᠃ ᠭᠤᠷᠪᠠ ᠳᠤ᠂ ᠭᠦᠨᠵᠡᠭᠡᠢ ᠵᠠᠳᠠᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠪᠡ᠃ ᠮᠠᠨ ᠤ ᠣᠷᠣᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠪᠣᠯᠤᠨ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠣᠨᠴᠠᠯᠢᠭ ᠲᠠᠢ ᠤᠶᠠᠯᠳᠤᠭᠤᠯᠤᠨ᠂ ᠭᠦᠨᠵᠡᠭᠡᠶ ᠰᠤᠳᠤᠯᠬᠤ ᠪᠠᠷ ᠳᠠᠮᠵᠢᠭᠤᠯᠵᠤ᠂ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠬᠥᠭᠵᠢᠯᠲᠡ ᠶᠢᠨ ᠬᠠᠨᠳᠤᠰᠢ ᠶᠢ ᠰᠠᠷ᠎ᠠ ᠳᠠᠷᠠᠭᠠᠯᠠᠨ ᠵᠠᠳᠠᠯᠵᠤ ᠲᠥᠰᠦᠭᠡᠯᠡᠪᠡ᠃ ᠨᠢᠭᠡ ᠬᠡᠷᠡᠭ ᠲᠤ ᠣᠯᠠᠨ ᠬᠥᠮᠦᠨ ᠠᠯᠠᠭᠳᠠᠭᠰᠠᠨ ᠡᠶᠢᠮᠦᠷᠬᠦ ᠨᠡᠶᠢᠭᠡᠮ ᠤᠨ ᠥᠷᠭᠡᠨ ᠳᠡᠯᠭᠡᠷ ᠨᠥᠯᠥᠭᠡ ᠲᠠᠢ ᠭᠡᠮᠲᠦ ᠬᠡᠷᠡᠭ ᠲᠤ ᠴᠢᠭᠯᠡᠭᠦᠯᠦᠨ ᠬᠡᠷᠡᠭ ᠳᠠᠷᠠᠭᠠᠯᠠᠨ ᠵᠠᠳᠠᠯᠤᠯᠲᠠ ᠬᠢᠵᠦ᠂ ᠵᠢᠮ᠎ᠡ ᠶᠣᠰᠤ ᠣᠨᠴᠠᠯᠢᠭ ᠢ ᠨᠢ ᠳ᠋ᠦᠩᠨᠡᠬᠦ ᠶᠢᠨ ᠬᠠᠮᠲᠤ ᠲᠤᠰᠬᠠᠢ ᠮᠡᠳᠡᠭᠦᠯᠦᠯᠲᠡ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠮᠡᠳᠡᠭᠦᠯᠦᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ ᠪᠦᠲᠦᠮᠵᠢᠲᠡᠶ ᠰᠡᠷᠭᠡᠶᠢᠯᠡᠨ ᠡᠵᠡᠮᠳᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ ᠡᠭᠦᠨ ᠲᠠᠢ ᠵᠡᠷᠭᠡᠴᠡᠭᠡ ᠪᠠᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠣᠰ ᠱᠠᠲᠤᠨ ᠤ ᠮᠡᠬᠡᠯᠡᠯ ᠢ ᠡᠰᠡᠷᠭᠦᠴᠡᠬᠦ ᠲᠥᠪ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠭᠰᠠᠨ ᠰᠠᠭᠤᠷᠢᠨ ᠳᠡᠭᠡᠷ᠎ᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠬᠦᠴᠦᠲᠠᠢ ᠳᠡᠮᠵᠢᠨ ᠪᠥᠬᠦ ᠣᠷᠣᠨ ᠤ ᠮᠡᠬᠡᠯᠡᠯ ᠢ ᠡᠰᠡᠷᠭᠦᠴᠡᠬᠦ ᠬᠠᠮᠤᠭ ᠤᠨ ᠶᠡᠭᠡ ᠲᠥᠪ ᠢ ᠪᠥᠲᠥᠭᠡᠨ ᠪᠠᠶᠢᠭᠤᠯᠵᠤ᠂ ᠪᠥᠬᠦ ᠣᠷᠣᠨ ᠤ ᠡᠯ᠎ᠡ ᠱᠠᠲᠤᠨ ᠤ ᠮᠡᠬᠡᠯᠡᠯ ᠢ ᠡᠰᠡᠷᠭᠦᠴᠡᠬᠦ ᠲᠥᠪ ᠤᠨ ᠪᠥᠲᠥᠭᠡᠨ ᠪᠠᠶᠢᠭᠤᠯᠤᠯᠲᠠ ᠶᠢ ᠳᠠᠶᠢᠴᠢᠯᠠᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠲᠤ ᠴᠣᠬᠢᠯᠲᠠ ᠥᠭᠬᠦ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠵᠤ᠂ ᠠᠷᠠᠳ ᠣᠯᠠᠨ ᠤ ︽ᠮᠦᠩᠭᠦᠨ ᠤ ᠴᠦᠩᠬᠦ︾ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ ᠳᠥᠷᠪᠡ ᠳᠤ᠂ ᠨᠠᠷᠢᠨ ᠨᠢᠮᠪᠠᠶ ᠰᠡᠶᠢᠯᠵᠦ᠂ ᠰᠠᠭᠤᠷᠢ ᠪᠠᠨ ᠪᠠᠬᠢᠵᠢᠭᠦᠯᠪᠡ᠃ ᠠᠷᠭ᠎ᠠ ᠪᠠᠷᠢᠯ ᠤᠨ ᠮᠡᠳᠡᠭᠡ ᠵᠠᠩᠭᠢᠵᠢᠯᠲᠠ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯᠲᠠ᠂ ᠡᠩᠨᠡᠭᠡᠨ ᠤ ᠵᠢᠩᠭᠢᠨᠢ ᠳᠠᠶᠢᠨᠵᠢᠯᠠᠯᠲᠠ ᠶᠢ ᠶᠡᠷᠦᠩᠬᠡᠶᠢᠯᠡᠨ ᠠᠬᠢᠭᠤᠯᠬᠤ ᠪᠠᠷ ᠳᠠᠮᠵᠢᠭᠤᠯᠵᠤ᠂ ᠡᠷᠡᠭᠦᠦ ᠶᠢᠨ ᠶᠠᠯᠠᠲᠤ ᠬᠡᠷᠡᠭ ᠲᠤ ᠴᠣᠬᠢᠯᠲᠠ ᠥᠭᠬᠦ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠲᠠᠯ᠎ᠠ ᠪᠠᠷ᠂ ︽ᠤᠮᠠᠷᠠᠲᠤ ᠬᠢᠯᠢ ᠶᠢᠨ ᠡᠭᠦᠯᠡ•ᠣᠶᠤᠨᠴᠢ ᠪᠠᠷ ᠳᠣᠲᠣᠭᠠᠳᠤ ᠶᠢ ᠬᠠᠮᠠᠭᠠᠯᠠᠬᠤ︾ ᠪᠥᠲᠥᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠲᠦᠰᠢᠭᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠵᠡᠷᠭᠡ 7 ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠶᠤᠨᠴᠢ ᠬᠡᠷᠡᠭᠯᠡᠭᠡ᠂ ᠰᠢᠯᠵᠢᠭᠡ ᠬᠡᠷᠡᠭᠯᠡᠭᠡ᠂ ᠬᠤᠷᠠᠮᠠᠯ ᠬᠡᠷᠡᠭᠯᠡᠯᠲᠡ ᠶᠢᠨ ᠣᠶᠤᠨᠴᠢ ᠲᠠᠩᠨᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠲᠠᠩᠨᠠᠨ ᠪᠠᠶᠢᠴᠠᠭᠠᠵᠤ ᠴᠣᠬᠢᠯᠲᠠ ᠥᠭᠬᠦ ᠠᠵᠢᠯ ᠢ ᠪᠦᠲᠦᠮᠵᠢᠲᠡᠶ ᠲᠤᠯᠭᠠᠭᠤᠷᠢᠯᠠᠪᠠ᠃ ᠡᠷᠡᠭᠦᠦ ᠶᠢᠨ ᠬᠡᠷᠡᠭ ᠤᠨ ᠮᠡᠷᠭᠡᠵᠢᠯ ᠤᠨ ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠲᠡᠢ ᠲᠦᠯᠬᠢᠨ ᠠᠬᠢᠭᠤᠯᠵᠤ᠂ ᠲᠤᠬᠠᠢ ᠶᠢᠨ ᠲᠠᠯᠠᠪᠠᠢ ᠳᠤ ᠬᠠᠶᠢᠨ ᠪᠠᠶᠢᠴᠠᠭᠠᠬᠤ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠪᠠ ᠮᠡᠳᠡᠭᠡ ᠵᠠᠩᠭᠢᠵᠢᠯᠲᠠ ᠪᠠᠷ ᠬᠠᠷᠢᠴᠠᠭᠤᠯᠬᠤ ᠠᠷᠭ᠎ᠠ ᠪᠠᠷᠢᠯ ᠤᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠠᠮᠢᠨ ᠬᠡᠷᠡᠭ ᠤᠨ 73 ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠰᠢᠪᠲᠤᠯᠤᠨ ᠰᠢᠢᠳᠪᠦᠷᠢᠯᠡᠪᠡ᠃ ᠬᠠᠤᠯᠢ ᠬᠡᠷᠡᠭᠵᠢᠭᠦᠯᠦᠯᠲᠡ ᠬᠡᠷᠡᠭ ᠰᠢᠢᠳᠪᠦᠷᠢᠯᠡᠯᠲᠡ ᠶᠢᠨ ᠵᠢᠷᠤᠮᠵᠢᠯ ᠢ ᠠᠬᠢᠭᠤᠯᠬᠤ ᠲᠠᠯ᠎ᠠ ᠪᠠᠷ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠡᠷᠡᠭ ᠰᠢᠶᠳᠪᠦᠷᠢᠯᠡᠬᠦ ᠶᠠᠰᠤ ᠴᠢᠨᠠᠷ ᠢ ᠡᠷᠡᠭᠦᠦ ᠶᠢᠨ ᠶᠠᠯᠠᠲᠤ ᠬᠡᠷᠡᠭ ᠲᠤ ᠴᠣᠬᠢᠯᠲᠠ ᠥᠭᠬᠦ ᠠᠵᠢᠯ ᠤᠨ ᠠᠮᠢᠨ ᠰᠤᠳᠠᠰᠤ ᠪᠣᠯᠭᠠᠬᠤ ᠶᠢ ᠪᠠᠷᠢᠮᠲᠠᠯᠠᠪᠠ᠃ ᠣᠨᠴᠠᠭᠠᠶᠢᠯᠠᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠲᠠᠩᠨᠠᠨ ᠰᠢᠶᠳᠪᠦᠷᠢᠯᠡᠬᠦ ᠳᠤᠮᠳᠠ᠂ ᠰᠢᠭᠦᠨ ᠲᠠᠰᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠬᠠᠷ᠎ᠠ ᠬᠠᠷᠭᠢᠰ ᠬᠦᠴᠦᠨ ᠤ ᠡᠷᠡᠭᠦᠦ ᠶᠢᠨ ᠬᠡᠷᠡᠭ ᠢ ᠰᠢᠶᠳᠪᠦᠷᠢᠯᠡᠬᠦ ᠲᠤᠬᠠᠶ ᠬᠤᠶᠠᠷ ᠳᠡᠭᠡᠳᠦ ᠬᠤᠶᠠᠷ ᠶᠠᠮᠤᠨ ᠤ ᠰᠢᠨ᠎ᠡ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠡᠷᠡᠭᠦᠦ ᠶᠢᠨ ᠬᠡᠷᠡᠭ ᠢ ᠰᠢᠶᠳᠪᠦᠷᠢᠯᠡᠬᠦ ᠭᠡᠷᠡᠴᠢ ᠪᠠᠷᠢᠮᠲᠠ ᠶᠢᠨ ᠬᠡᠪ ᠪᠠᠷᠢᠮᠵᠢᠶ᠎ᠠ ᠵᠡᠷᠭᠡ ᠲᠣᠭᠲᠠᠴᠠ ᠶᠢ ᠲᠣᠭᠲᠠᠭᠠᠪᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠯᠤᠭ᠎ᠠ ᠶᠢᠨ ᠬᠠᠮᠵᠢᠯᠴᠠᠭ᠎ᠠ ᠬᠤᠷᠰᠢᠯᠴᠠᠭ᠎ᠠ ᠪᠠᠨ ᠴᠢᠩᠭᠠᠳᠬᠠᠵᠤ᠂ ︽ᠶᠡᠭᠡ ᠭᠤᠷᠪᠠᠨ ᠳᠠᠷᠤᠭ᠎ᠠ︾᠂ ︽ᠪᠠᠭ᠎ᠠ ᠭᠤᠷᠪᠠᠨ ᠳᠠᠷᠤᠭ᠎ᠠ︾ ᠶᠢᠨ ᠵᠦᠪᠳᠡᠯᠴᠡᠵᠦ ᠬᠠᠮᠵᠢᠯᠴᠠᠬᠤ ᠲᠣᠭᠲᠠᠴᠠ ᠪᠠ ᠪᠠᠶᠢᠴᠠᠭᠠᠬᠤ ᠬᠤᠷᠢᠶ᠎ᠠ ᠶᠢᠨ ᠤᠷᠢᠳᠴᠢᠯᠠᠨ ᠣᠷᠣᠯᠴᠠᠬᠤ ᠳᠦᠷᠢᠮ ᠢ ᠴᠢᠩᠭ᠎ᠠ ᠨᠠᠶᠢᠳᠠᠪᠤᠷᠢᠢᠭᠤᠯᠪᠠ᠃ ᠭᠡᠷᠡᠴᠢ ᠪᠠᠷᠢᠮᠲᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ ᠳᠡᠩᠨᠡᠨ ᠰᠢᠢᠳᠪᠦᠷᠢᠯᠡᠬᠦ ᠬᠡᠷᠡᠭ ᠨᠢᠭᠡ ᠪᠦᠷᠢ ᠴᠥᠮ ᠰᠢᠨᠵᠢ ᠴᠢᠨᠠᠷ ᠨᠢ ᠣᠨᠣᠪᠴᠢᠲᠠᠢ ᠲᠣᠭᠲᠠᠭᠠᠭᠳᠠᠭᠰᠠᠨ ᠪᠠᠶᠢᠬᠤ᠂ ᠭᠡᠷᠡᠴᠢ ᠪᠠᠷᠢᠮᠲᠠ ᠪᠦᠷᠢᠨ ᠭᠦᠢᠴᠡᠳ ᠪᠠᠶᠢᠬᠤ᠂ ᠶᠠᠪᠤᠴᠠ ᠳᠠᠷᠠᠭᠠᠯᠠᠯ ᠬᠠᠤᠯᠢ ᠳᠤ ᠨᠡᠶᠢᠴᠡᠭᠰᠡᠨ ᠪᠠᠶᠢᠬᠤ ᠶᠢ ᠪᠠᠲᠤᠯᠠᠪᠠ᠃ ᠡᠩᠨᠡᠭᠡᠨ ᠤ ᠵᠢᠩᠭᠢᠨᠢ ᠲᠤᠯᠤᠯᠴᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ︽ᠤᠯᠤᠰ ᠲᠥᠷᠥ ᠪᠠᠷ ᠴᠠᠭᠳᠠᠭ᠎ᠠ ᠶᠢ ᠪᠠᠶᠢᠭᠤᠯᠵᠤ ᠴᠠᠭᠳᠠᠭ᠎ᠠ ᠶᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠬᠤ︾ ᠬᠥᠮᠦᠵᠢᠯ ᠴᠡᠭᠴᠡᠯᠡᠯᠲᠡ ᠪᠠᠷ ᠠᠵᠠ ᠲᠣᠬᠢᠶᠠᠯ ᠪᠣᠯᠭᠠᠵᠤ᠂ ︽ᠡᠷᠡᠭᠦᠦ ᠶᠢᠨ ᠬᠡᠷᠡᠭ ᠢ ᠲᠠᠩᠨᠠᠬᠤ ᠶᠡᠭᠡ ᠰᠤᠷᠭᠠᠭᠤᠯᠢᠯᠠᠯ︾ ᠢᠶᠠᠷ ᠭᠠᠷᠳᠠᠴᠠ ᠪᠣᠯᠭᠠᠵᠤ᠂ ᠰᠣᠷᠢᠯᠲᠠ ᠪᠠᠷ ᠲᠤᠯᠤᠯᠴᠠᠭᠠᠨ ᠢ ᠠᠬᠢᠭᠤᠯᠬᠤ᠂ ᠲᠤᠯᠤᠯᠴᠠᠭᠠᠨ ᠢᠶᠠᠷ ᠪᠣᠯᠪᠠᠰᠤᠷᠠᠯ ᠢ ᠳᠠᠶᠢᠴᠢᠯᠠᠬᠤ ᠪᠠᠷ ᠳᠠᠮᠵᠢᠭᠤᠯᠤᠭᠠᠳ ᠰᠦᠯᠵᠢᠶ᠎ᠡ ᠪᠠᠷ ᠲᠠᠩᠨᠠᠬᠤ᠂ ᠲᠣᠮᠣ ᠳ᠋ᠠᠶᠢᠲ᠋ᠠ ᠪᠠᠷ ᠵᠠᠳᠠᠯᠬᠤ᠂ ᠨᠢᠭᠤᠴᠠ ᠮᠡᠳᠡᠭᠡ ᠮᠡᠳᠡᠭᠡ ᠵᠠᠩᠭᠢ ᠪᠠᠷ ᠰᠤᠳᠤᠯᠤᠨ ᠮᠠᠭᠠᠳᠯᠠᠬᠤ ᠵᠡᠷᠭᠡ ᠨᠢᠭᠡ ᠪᠦᠯᠦᠭ ᠰᠢᠨ᠎ᠡ ᠮᠡᠷᠭᠡᠵᠢᠯ᠂ ᠰᠢᠨ᠎ᠡ ᠠᠷᠭ᠎ᠠ ᠪᠠᠷᠢᠯ ᠪᠥᠬᠦᠶ ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠢᠯᠡᠷᠡᠭᠦᠯᠦᠨ ᠬᠥᠮᠦᠵᠢᠭᠦᠯᠵᠦ᠂ ᠣᠯᠠᠨ ᠲᠠᠰ ᠳᠠᠪᠬᠤᠷᠭ᠎ᠠ ᠲᠠᠢ᠂ ᠣᠯᠠᠨ ᠱᠠᠲᠤᠯᠵᠢᠨ ᠡᠩᠨᠡᠭᠡ ᠲᠠᠢ᠂ ᠣᠯᠠᠨ ᠲᠤᠰᠬᠠᠶ ᠮᠡᠷᠭᠡᠵᠢᠯ ᠲᠠᠢ ᠲᠤᠰᠬᠠᠶ ᠮᠡᠷᠭᠡᠵᠢᠯᠲᠡᠨ ᠤ ᠡᠩᠨᠡᠭᠡ ᠶᠢᠨ ᠰᠢᠰᠲ᠋ᠧᠮ ᠢ ᠪᠠᠶᠢᠭᠤᠯᠤᠨ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠰᠠᠶᠢᠲᠠᠶ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠢ ᠲᠠᠩᠨᠠᠬᠤ ᠲᠡᠮᠦᠷ ᠴᠡᠷᠢᠭ ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ ᠭᠠᠷᠭᠠᠵᠠᠢ᠃ ᠲᠣᠰ ᠵᠢᠯ ᠳᠤ 836 ᠨᠡᠷᠡᠰ ᠡᠷᠡᠭᠦᠦ ᠶᠢᠨ ᠬᠡᠷᠡᠭ ᠤᠨ ᠴᠠᠭᠳᠠᠭ᠎ᠠ ᠪᠠ 18 ᠬᠠᠮᠲᠤ ᠨᠡᠶᠢᠲᠡ ᠶᠢ ᠱᠠᠩᠨᠠᠨ ᠬᠥᠬᠢᠭᠦᠯᠪᠡ᠃ ᠬᠠᠮᠤᠭ ᠤᠨ ᠰᠡᠭᠦᠯ ᠳᠤ᠂ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠣᠯᠠᠨ ᠵᠢᠯ ᠤᠨ ᠲᠤᠷᠰᠢ ᠮᠠᠨ ᠤ ᠣᠷᠣᠨ ᠤ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠲᠤ ᠴᠣᠬᠢᠯᠲᠠ ᠥᠭᠬᠦ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠰᠢᠨ᠎ᠡ ᠨᠢᠭᠡᠨ ᠵᠢᠯ ᠳᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠶᠠᠯᠠᠲᠤ ᠬᠡᠷᠡᠭ ᠲᠤ ᠴᠣᠬᠢᠯᠲᠠ ᠦᠭᠴᠦ᠂ ᠠᠮᠤᠷ ᠲᠣᠭᠲᠠᠭᠤᠨ ᠢ ᠬᠠᠮᠠᠭᠠᠯᠠᠬᠤ ᠠᠵᠢᠯ ᠳᠤ ᠦᠷᠭᠦᠯᠵᠢᠯᠡᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠃ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠠᠷᠠᠳ ᠤᠨ ᠲᠡᠶᠢᠨ ᠢ ᠦᠷᠭᠦᠯᠵᠢᠯᠡᠨ ᠠᠬᠢᠭᠤᠯᠵᠤ ᠠᠷᠠᠳ ᠣᠯᠠᠨ ᠤ ᠬᠦᠷᠲᠡᠮᠵᠢᠲᠦ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠯᠪᠠᠨ ᠬᠡᠷ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ ᠶᠢᠨ ᠤᠯᠤᠰ ᠲᠥᠷᠥ ᠶᠢᠨ ᠭᠡᠰᠢᠭᠦᠨ ᠵᠣᠣ ᠵᠢᠩ ᠬᠤᠸᠠ 2020 ᠣᠨ ᠳᠤ᠂ ᠪᠦᠬᠦ ᠣᠷᠣᠨ ᠤ ᠬᠤᠤᠷ ᠴᠠᠭᠠᠵᠠᠯᠠᠬᠤ ᠰᠠᠯᠠᠭ᠎ᠠ ᠮᠥᠴᠢᠷ ᠤᠳ ᠤᠯᠤᠰ ᠤᠨ ᠬᠤᠤᠷ ᠴᠠᠭᠠᠵᠠᠯᠠᠬᠤ ᠵᠥᠪᠯᠡᠯ ᠪᠣᠯᠤᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠤᠤᠷ ᠴᠠᠭᠠᠵᠠᠯᠠᠬᠤ ᠠᠵᠢᠯ ᠤᠨ ᠲᠤᠬᠠᠶ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠰᠢᠷᠢᠰ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠶᠡᠭᠡ ᠲᠠᠯ᠎ᠠ ᠳᠤ ᠢᠳᠡᠪᠬᠢᠲᠡᠢ ᠪᠠᠷ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠠᠷᠠᠳ ᠤᠨ ᠳᠠᠶᠢᠨ ᠢ ᠦᠷᠭᠦᠯᠵᠢᠯᠡᠨ ᠦᠷᠨᠢᠭᠦᠯᠦᠨ᠂ ᠬᠤᠤᠷ ᠴᠠᠭᠠᠵᠠᠯᠠᠬᠤ ᠲᠡᠮᠡᠴᠡᠯ ᠤᠨ ᠴᠢᠩᠭ᠎ᠠ ᠴᠣᠬᠢᠯᠲᠠ ᠦᠭᠬᠦ ᠦᠨᠳᠦᠷ ᠳᠠᠷᠤᠯᠲᠠ ᠦᠭᠬᠦ ᠪᠠᠶᠢᠳᠠᠯ ᠢ ᠢᠮᠠᠭᠲᠠ ᠪᠠᠲᠤᠯᠠᠭᠰᠠᠨ ᠢᠶᠠᠷ ᠮᠠᠨ ᠤ ᠣᠷᠣᠨ ᠤ ᠬᠤᠤᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠲᠤ ᠴᠣᠬᠢᠯᠲᠠ ᠥᠭᠬᠦ ᠴᠢᠳᠠᠪᠤᠷᠢ ᠪᠠ ᠬᠤᠤᠷᠲᠤ ᠡᠳ᠋ ᠤᠨ ᠠᠰᠠᠭᠤᠳᠠᠯ ᠪᠦᠬᠦᠢ ᠨᠡᠶᠢᠭᠡᠮ ᠤᠨ ᠵᠠᠰᠠᠯᠲᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠵᠦ᠂ ᠬᠤᠤᠷᠲᠤ ᠡᠳ᠋ ᠤᠨ ᠵᠠᠬ᠎ᠠ ᠳᠡᠯᠭᠡᠭᠦᠷ ᠵᠢᠯ ᠠᠴᠠ ᠵᠢᠯ ᠠᠪᠴᠢᠵᠤ ᠪᠠᠭᠤᠷᠠᠨ᠂ ᠬᠤᠤᠷᠲᠤ ᠡᠳ᠋ ᠤᠨ ᠪᠠᠶᠢᠳᠠᠯ ᠦᠷᠭᠦᠯᠵᠢᠯᠡᠨ ᠰᠠᠶᠢᠨ ᠬᠠᠨᠳᠤᠰᠢ ᠲᠠᠢ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ︽ᠬᠤᠤᠷ ᠦᠯᠦ ᠦᠢᠯᠡᠳᠴᠦ︾᠂ ᠬᠤᠤᠷ ᠲᠠᠲᠠᠭᠴᠢ ᠶᠢᠨ ᠬᠡᠷᠡᠭ ᠬᠢᠵᠦ ᠭᠠᠢ ᠲᠠᠷᠢᠭᠰᠠᠨ ᠶᠠᠪᠤᠳᠠᠯ ︽ᠦᠯᠦ ᠭᠠᠷᠴᠤ︾᠂ ᠬᠤᠤᠷᠲᠤ ᠡᠳ᠋ ᠦᠶᠯᠡᠳᠬᠦ ᠳᠤ ᠬᠢᠮᠢ ᠶᠢᠨ ᠡᠳ᠋ ︽ᠦᠯᠦ ᠭᠡᠭᠡᠭᠳᠡᠵᠦ︾᠂ ᠬᠤᠤᠷᠲᠤ ᠡᠳ᠋ ᠤᠨ ᠢᠵᠠᠭᠤᠷ ᠤᠷᠭᠤᠮᠠᠯ ᠢ ︽ᠦᠯᠦ ᠲᠠᠷᠢᠨ᠂ ᠦᠯᠦ ᠬᠤᠷᠢᠶᠠᠵᠤ︾᠂ ᠬᠤᠤᠷ ᠲᠠᠲᠠᠭᠴᠢ ︽ᠦᠯᠦ ᠮᠣᠯᠲᠤᠷᠠᠵᠤ ᠠᠯᠳᠠᠭᠳᠠᠭᠰᠠᠨ︾ ᠵᠡᠷᠭᠡ ᠠᠵᠢᠯ ᠤᠨ ᠦᠷ᠎ᠡ ᠪᠦᠲᠦᠮᠵᠢ ᠶᠢ ᠣᠯᠪᠠ᠃ ᠣᠶᠢᠷ᠎ᠠ ᠶᠢᠨ ᠵᠢᠯ ᠤᠳ ᠲᠤ᠂ ᠪᠥᠬᠦ ᠣᠷᠣᠨ ᠤ ᠬᠤᠤᠷ ᠴᠠᠭᠠᠵᠠᠯᠠᠬᠤ ᠰᠢᠰᠲ᠋ᠧᠮ ᠪᠥᠬᠦ ᠤᠯᠤᠰ ᠤᠨ ᠬᠠᠮᠲᠤ ᠨᠢᠭᠡᠴᠢ ᠶᠢᠨ ᠨᠢᠭᠡᠳᠦᠭᠡᠷ ᠳᠡᠰ ᠤᠨ ᠭᠠᠪᠢᠶ᠎ᠠ ᠶᠢ ᠬᠤᠶᠠᠷᠲᠠ ᠪᠠᠶᠢᠭᠤᠯᠵᠤ᠂ ᠤᠯᠠᠭᠠᠨᠬᠠᠳᠠ ᠬᠤᠲᠠ᠂ ᠣᠷᠳᠣᠰ ᠬᠤᠲᠠ ᠪᠥᠬᠦ ᠤᠯᠤᠰ ᠤᠨ ᠬᠤᠤᠷ ᠴᠠᠭᠠᠵᠠᠯᠠᠭᠰᠠᠨ ᠵᠢᠱᠢᠶ᠎ᠡ ᠦᠵᠡᠭᠦᠯᠬᠦ ᠬᠤᠲᠠ ᠶᠢ ᠡᠭᠦᠰᠭᠡᠨ ᠪᠠᠶᠢᠭᠤᠯᠬᠤ ᠠᠵᠢᠯᠯᠠᠭᠠᠨ ᠳᠤ ᠲᠡᠮᠳᠡᠭᠯᠡᠭᠳᠡᠪᠡ᠃ 2020 ᠣᠨ ᠳᠤ᠂ ᠮᠠᠨ ᠤ ᠣᠷᠣᠨ ᠤ 2 ᠬᠠᠮᠲᠤ ᠨᠢᠭᠡᠴᠢ ᠪᠣᠯᠤᠨ 3 ᠬᠤᠪᠢ ᠬᠥᠮᠦᠨ ᠢ ᠤᠯᠤᠰ ᠤᠨ ᠬᠤᠤᠷᠲᠤ ᠡᠳ᠋ ᠢ ᠴᠠᠭᠠᠵᠠᠯᠠᠬᠤ ᠵᠥᠪᠯᠡᠯ ᠠᠴᠠ ᠪᠥᠬᠦ ᠤᠯᠤᠰ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠡᠷᠢᠭᠦᠨ ᠤ ᠬᠠᠮᠲᠤ ᠨᠢᠭᠡᠴᠢ ᠪᠣᠯᠤᠨ ᠲᠡᠷᠢᠭᠦᠨ ᠤ ᠬᠤᠪᠢ ᠬᠥᠮᠦᠨ ᠢᠶᠠᠷ ᠴᠣᠯᠠᠯᠠᠭᠤᠯᠤᠭᠰᠠᠨ ᠶᠤᠮ᠂ ᠡᠨᠡ ᠠᠮᠵᠢᠯᠲᠠ ᠪᠦᠲᠦᠮᠵᠢ ᠶᠢ ᠣᠯᠤᠭᠰᠠᠨ ᠨᠢ ᠬᠢᠯᠪᠠᠷ ᠪᠤᠰᠤ᠃ ᠨᠢᠭᠡ᠂ ᠭᠤᠣᠯ ᠠᠷᠭ᠎ᠠ ᠪᠠᠷᠢᠯ ᠵᠢᠴᠢ ᠠᠵᠢᠯ ᠤᠨ ᠦᠷ᠎ᠡ ᠪᠦᠲᠦᠮᠵᠢ ︵ᠨᠢᠭᠡ︶ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠢ ᠨᠡᠶᠢᠳᠡᠮ ᠪᠦᠷᠬᠦᠭᠦᠯᠵᠦ᠂ ᠪᠥᠬᠦ ᠠᠷᠠᠳ ᠤᠨ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠤᠨ ︽ᠲᠠᠪᠤᠨ ᠨᠢᠭᠡ︾ ᠶᠢᠨ ᠠᠵᠢᠯᠯᠠᠭ᠎ᠠ ︵ᠬᠤᠤᠷ ᠴᠠᠭᠠᠵᠠᠯᠠᠬᠤ ᠦᠵᠡᠭᠦᠯᠦᠯᠭᠡ ᠶᠢ ᠨᠢᠭᠡ ᠤᠳᠠᠭ᠎ᠠ ᠲᠣᠭᠤᠷᠢᠨ ᠦᠵᠡᠵᠦ᠂ ᠬᠤᠤᠷ ᠴᠠᠭᠠᠵᠠᠯᠠᠬᠤ ᠺᠢᠨᠣ᠋ ᠪᠤᠶᠤ ᠤᠷᠠᠨ ᠰᠠᠶᠢᠬᠠᠨ ᠤ ᠲᠣᠭᠯᠠᠯᠲᠠ ᠶᠢ ᠨᠢᠭᠡ ᠤᠳᠠᠭ᠎ᠠ ᠰᠣᠨᠢᠷᠬᠠᠵᠤ᠂ ᠬᠤᠤᠷ ᠴᠠᠭᠠᠵᠠᠯᠠᠬᠤ ᠮᠡᠳᠡᠯᠭᠡ ᠶᠢᠨ ᠰᠡᠳᠦᠪ ᠬᠠᠷᠢᠭᠤᠯᠬᠤ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠬᠤᠤᠷ ᠴᠠᠭᠠᠵᠠᠯᠠᠬᠤ ᠰᠡᠲᠤᠪᠲᠤ ᠪᠦᠲᠦᠭᠡᠯ ᠡᠯᠰᠡᠬᠦ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠬᠤᠤᠷ ᠴᠠᠭᠠᠵᠠᠯᠠᠬᠤ ᠭᠤᠤᠯ ᠰᠡᠳᠦᠪᠲᠦ ᠠᠩᠭᠢ ᠶᠢᠨ ᠬᠤᠷᠠᠯ ᠢ ᠨᠢᠭᠡ ᠤᠳᠠᠭ᠎ᠠ ᠦᠷᠨᠢᠭᠦᠯᠪᠡ︶ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ᠂ ᠬᠥᠲᠥᠯᠪᠦᠷᠢ᠂ ᠬᠢᠴᠢᠶᠡᠯ ᠤᠨ ᠴᠠᠭ᠂ ᠪᠠᠭᠰᠢ᠂ ᠵᠢᠭᠠᠬᠤ ᠮᠠᠲ᠋ᠧᠷᠢᠶᠠᠯ ᠤᠨ ︽ᠲᠠᠪᠤ ᠶᠢ ᠨᠠᠶᠢᠳᠠᠪᠤᠷᠢᠵᠢᠭᠤᠯᠬᠤ︾ ᠶᠢ ᠠᠬᠢᠭᠤᠯᠪᠠ᠃ ᠡᠭᠦᠨ ᠤ ᠬᠠᠮᠲᠤ ᠪᠥᠬᠦ ᠣᠷᠣᠨ ᠤ ᠰᠤᠷᠭᠠᠭᠤᠯᠢ ᠳᠤ ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠲᠣᠭᠠᠴᠢᠯᠠᠭᠰᠠᠨ ᠲᠠᠪᠴᠠᠩ︾ ᠶᠢ ᠲᠦᠯᠬᠢᠨ ᠠᠬᠢᠭᠤᠯᠵᠤ᠂ ᠰᠤᠷᠤᠭᠴᠢᠳ ᠤᠨ ᠳᠠᠩᠰᠠᠯᠠᠭᠤᠯᠤᠭᠰᠠᠨ ᠨᠣᠷᠮ᠎ᠠ ᠬᠤᠤᠰ ᠰᠢᠪᠲᠤᠯᠤᠯᠲᠠ ᠲᠠᠢ ᠪᠣᠯᠵᠣ᠂ ᠴᠥᠮ 90 % ᠳᠤ ᠬᠥᠷᠪᠡ᠃ 18 ᠨᠠᠰᠤᠨ ᠠᠴᠠ ᠳᠣᠷᠣᠭᠰᠢᠬᠢ ᠬᠤᠤᠷ ᠲᠠᠲᠠᠭᠴᠢᠳ ᠤᠨ ᠲᠤᠭ᠎ᠠ ᠦᠷᠭᠦᠯᠵᠢᠯᠡᠨ ᠪᠠᠭᠤᠷᠠᠵᠤ᠂ ᠨᠠᠰᠤᠨ ᠳᠤ ᠥᠯᠥ ᠬᠦᠷᠦᠭᠰᠡᠳ ᠤᠨ ᠬᠤᠤᠷ ᠲᠠᠲᠠᠭᠰᠠᠳ ᠤᠨ ᠡᠵᠡᠯᠡᠬᠦ ᠬᠠᠷᠢᠴᠠᠯ 2018 ᠣᠨ ᠳᠤ 0.34 % ᠪᠠᠶᠢᠭᠰᠠᠨ ᠠᠴᠠ ᠪᠠᠨ ᠪᠠᠭᠤᠷᠠᠭᠠᠳ 0.06 % ︵ᠪᠥᠬᠦ ᠣᠷᠣᠨ ᠳᠤ ᠵᠥᠪᠬᠡᠨ 7 ᠬᠥᠮᠦᠨ ᠪᠣᠶ︶ ᠪᠣᠯᠪᠠ᠃ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠦᠶᠯᠡᠳᠦᠯ ᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠬᠤᠤᠷ ᠴᠠᠭᠠᠵᠠᠯᠠᠬᠤ︾ ᠤᠬᠠᠭᠤᠯᠭ᠎ᠠ ᠶᠢᠨ ᠵᠠᠭᠪᠤᠷ ᠢ ᠥᠷᠨᠢᠭᠦᠯᠦᠨ᠂ ᠸᠢᠴᠠᠲ᠂ ᠪᠢᠴᠢᠯ ᠪᠦᠷᠭᠡ᠂ ᠴᠠᠬᠢᠮ ᠵᠠᠬᠢᠶ᠎ᠠ᠂ ᠲᠦᠷᠦᠭᠦᠦ ᠵᠤᠷᠪᠤᠰ ᠤᠨ ᠳ᠋ᠤᠭᠠᠷ᠂ ᠰᠢᠯᠵᠢᠶ᠎ᠡ᠂ ᠣᠬᠤᠷ ᠸᠢᠳᠢᠣ᠋ ᠵᠡᠷᠭᠡ ᠶᠢ ᠨᠢᠭᠡ ᠴᠣᠭᠴᠠᠵᠢᠭᠤᠯᠤᠭᠰᠠᠨ᠂ ᠰᠢᠨ᠎ᠡ ᠬᠠᠭᠤᠴᠢᠨ ᠵᠠᠭᠤᠴᠢᠯᠠᠭᠤᠷ ᠢ ᠬᠠᠷᠢᠯᠴᠠᠨ ᠤᠶᠠᠯᠳᠤᠭᠤᠯᠤᠭᠰᠠᠨ ᠤᠬᠠᠭᠤᠯᠭ᠎ᠠ ᠶᠢᠨ ᠪᠦᠲᠦᠴᠡ ᠶᠢ ᠪᠠᠶᠢᠭᠤᠯᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃ ︽ᠪᠥᠬᠦ ᠣᠷᠣᠨ ᠤ ᠬᠤᠤᠷ ᠴᠠᠭᠠᠵᠠᠯᠠᠬᠤ ᠠᠵᠢᠯ ᠤᠨ ᠲᠡᠷᠢᠭᠦᠨ ᠤ ᠦᠶᠯᠡ ᠠᠵᠢᠯᠯᠠᠭ᠎ᠠ ᠶᠢ ᠲᠣᠭᠤᠷᠢᠨ ᠤᠬᠠᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠩᠭ᠎ᠠ ᠲᠤᠰᠬᠠᠯ ᠭᠠᠷᠪᠠ᠃ 2020 ᠣᠨ ᠳᠤ᠂ ᠪᠥᠬᠦ ᠣᠷᠣᠨ ᠳᠤ ᠲᠣᠮᠣ ᠬᠡᠯᠪᠡᠷᠢ ᠶᠢᠨ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ 200 ᠭᠠᠷᠤᠶ ᠲᠠᠯᠠᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 1000 ᠭᠠᠷᠤᠶ ᠲᠦᠮᠡᠨ ᠬᠥᠮᠦᠨ ᠢ ᠬᠠᠮᠤᠷᠴᠤ᠂ ᠬᠤᠤᠷ ᠲᠠᠲᠠᠭᠴᠢᠳ ᠤᠨ ᠨᠡᠮᠡᠭᠳᠡᠬᠦ ᠶᠢ ᠪᠦᠲᠦᠮᠵᠢᠲᠡᠶ ᠬᠤᠷᠢᠭᠯᠠᠵᠤ᠂ ᠬᠤᠤᠷ ᠲᠠᠲᠠᠭᠰᠠᠳ ᠢ ᠪᠠᠶᠢᠴᠠᠭᠠᠨ ᠣᠯᠤᠭᠰᠠᠨ ᠲᠤᠭ᠎ᠠ᠂ ᠰᠢᠨ᠎ᠡ ᠪᠠᠷ ᠨᠡᠮᠡᠭᠳᠡᠭᠰᠡᠨ ᠬᠤᠤᠷ ᠲᠠᠲᠠᠭᠴᠢᠳ ᠤᠨ ᠲᠤᠭ᠎ᠠ ᠭᠤᠷᠪᠠᠨ ᠵᠢᠯ ᠳᠠᠷᠠᠭᠠᠯᠠᠨ ᠪᠠᠭᠤᠷᠠᠬᠤ ᠬᠠᠨᠳᠤᠰᠢ ᠲᠠᠢ ᠪᠣᠯᠵᠣ᠂ ᠪᠠᠭᠤᠷᠠᠭᠰᠠᠨ ᠨᠣᠷᠮ᠎ᠠ ᠨᠢ ᠲᠣᠰ ᠲᠣᠰ 42.8 % ᠪᠠ 44.8 % ᠳᠤ ᠬᠦᠷᠴᠡᠶ᠃ ︵ᠬᠤᠶᠠᠷ︶ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢᠨ ᠪᠦᠬᠦᠶᠢᠯᠡ ᠬᠤᠯᠪᠤᠭᠠᠰᠤᠨ ᠳᠤ ᠴᠣᠬᠢᠯᠲᠠ ᠦᠭᠴᠦ᠂ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶᠢᠳᠠᠯ ᠢ ᠪᠦᠲᠦᠮᠵᠢᠲᠡᠶ ᠬᠤᠷᠢᠭᠯᠠᠪᠠ᠃ ︽ᠬᠤᠤᠷ ᠴᠠᠭᠠᠵᠠᠯᠠᠬᠤ ᠬᠤᠶᠠᠷ ᠲᠤ ᠴᠣᠬᠢᠯᠲᠠ ᠥᠭᠴᠦ ᠬᠤᠶᠠᠷ ᠢ ᠡᠵᠡᠮᠳᠡᠬᠦ︾᠂ ︽ᠬᠢᠯᠢ ᠬᠢᠵᠠᠭᠠᠷ ᠢ ᠴᠡᠪᠡᠷᠰᠢᠭᠦᠯᠬᠦ︾᠂ ︽ᠮᠢᠨ᠎ᠠ ᠠᠷᠢᠯᠭᠠᠬᠤ︾ ᠵᠡᠷᠭᠡ ᠰᠢᠷᠢᠰ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠬᠤᠤᠷᠲᠤ ᠡᠳ᠋ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠ ᠶᠢ ᠪᠠᠲᠤᠯᠠᠵᠤ᠂ ᠣᠶᠢᠷ᠎ᠠ ᠶᠢᠨ ᠭᠤᠷᠪᠠᠨ ᠵᠢᠯ ᠳᠤ ᠬᠤᠤᠷᠲᠤ ᠡᠳ᠋ ᠤᠨ ᠬᠡᠷᠡᠭ ᠢ ᠦᠷᠭᠦᠯᠵᠢᠯᠡᠨ ᠪᠠᠭᠤᠷᠠᠭᠤᠯᠵᠤ᠂ ᠪᠠᠭᠤᠷᠠᠯᠲᠠ ᠶᠢᠨ ᠨᠣᠷᠮ᠎ᠠ ᠶᠢ 45 % ᠳᠤ ᠬᠦᠷᠭᠡᠪᠡ᠃ 2020 ᠣᠨ ᠳᠤ᠂ ᠪᠥᠬᠦ ᠣᠷᠣᠨ ᠳᠤ ᠬᠤᠤᠷᠲᠤ ᠡᠳ᠋ ᠤᠨ ᠡᠷᠡᠭᠦᠦ ᠶᠢᠨ ᠬᠡᠷᠡᠭ ᠢ ᠨᠡᠶᠢᠲᠡ 377 ᠢᠯᠡᠷᠡᠭᠦᠯᠵᠦ᠂ 712 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠨᠤᠭᠤᠯᠤᠨ ᠪᠤᠳᠤᠭᠰᠠᠨ ᠤ ᠳᠠᠷᠠᠭ᠎ᠠ 18.62 ᠺᠢᠯᠣᠭ᠍ᠷᠠᠮ ᠬᠤᠤᠷᠲᠤ ᠡᠳ᠋ ᠢ ᠣᠯᠵᠠᠯᠠᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.8 %᠂ 8.6 % ᠪᠠ 33.2 % ᠢᠶᠠᠷ ᠪᠠᠭᠤᠷᠠᠪᠠ᠃ ᠬᠤᠤᠷᠲᠤ ᠡᠳ᠋ ᠤᠨ ᠶᠠᠯ᠎ᠠ ᠬᠢᠭᠰᠡᠨ ᠰᠡᠵᠢᠭᠯᠡᠯᠲᠡᠶ 980 ᠬᠥᠮᠦᠨ ᠢ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠦ᠂ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠭᠰᠡᠨ ᠬᠡᠷᠡᠭ ᠤᠨ ᠲᠤᠭ᠎ᠠ 2018 ᠣᠨ ᠤ 1.4 ᠪᠠᠶᠢᠭᠰᠠᠨ ᠠᠴᠠ 2.1 ᠪᠣᠯᠲᠠᠯ᠎ᠠ ᠳᠡᠭᠡᠭᠰᠢᠯᠡᠵᠦ᠂ ᠬᠤᠤᠷᠲᠤ ᠡᠳ᠋ ᠢ ᠪᠠᠷᠢᠪᠴᠢᠯᠠᠬᠤ ᠬᠠᠤᠯᠢ ᠬᠡᠷᠡᠭᠵᠢᠭᠦᠯᠦᠯᠲᠡ ᠶᠢᠨ ᠴᠣᠬᠢᠯᠲᠠ ᠥᠭᠬᠦ ᠦᠶᠯᠡᠳᠦᠯ ᠴᠢᠳᠠᠪᠤᠷᠢ ᠢᠯᠡᠳᠲᠡ ᠳᠡᠭᠡᠭᠰᠢᠯᠡᠵᠦ᠂ ᠬᠤᠤᠷᠲᠤ ᠡᠳ᠋ ᠤᠨ ᠬᠡᠷᠡᠭ ᠣᠯᠠᠨ ᠡᠭᠦᠰᠬᠦ ᠬᠠᠨᠳᠤᠰᠢ ᠶᠢ ᠬᠤᠷᠢᠭᠯᠠᠵᠤ᠂ ᠬᠤᠤᠷᠲᠤ ᠡᠳ᠋ ᠦᠶᠯᠡᠳᠬᠦ ᠳᠤ ᠠᠮᠠᠷ ᠬᠢᠮᠢ ᠶᠢᠨ ᠡᠳ᠋᠂ ᠵᠡᠭᠡᠷᠭᠡᠨ᠎ᠡ ᠡᠪᠡᠰᠦ ᠶᠢ ᠪᠥᠬᠦ ᠲᠠᠯ᠎ᠠ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ︽ᠬᠤᠤᠷᠲᠤ ᠡᠳ᠋ ᠦᠶᠯᠡᠳᠬᠦ ᠠᠵᠢᠯᠯᠠᠭ᠎ᠠ ᠥᠬᠡᠶ︾ ᠪᠣᠯᠪᠠ᠃ ︵ᠭᠤᠷᠪᠠ︶ ᠪᠥᠬᠦ ᠰᠦᠯᠵᠢᠶ᠎ᠡ ᠪᠠᠷ ᠬᠤᠤᠷ ᠲᠠᠲᠠᠭᠴᠢ ᠶᠢ ᠬᠠᠮᠢᠶᠠᠷᠤᠨ ᠡᠵᠡᠮᠳᠡᠵᠦ᠂ ᠬᠤᠤᠷᠲᠤ ᠡᠳ᠋ ᠤᠨ ᠬᠤᠤᠷ ᠬᠥᠨᠥᠭᠡᠯ ᠶᠡᠭᠡ ᠬᠡᠮᠵᠢᠶ᠎ᠡ ᠪᠠᠷ ᠪᠠᠭᠤᠷᠠᠪᠠ᠃ ᠬᠤᠤᠷ ᠲᠠᠲᠠᠭᠴᠢᠳ ᠤᠨ ︽ᠦᠭᠡᠶᠢᠰᠬᠡᠬᠦ︾᠂ ︽ᠳᠠᠯᠳᠠ ᠶᠢ ᠠᠷᠢᠯᠭᠠᠬᠤ︾᠂ ︽ᠦᠯᠡᠳᠡᠭᠳᠡᠯ ᠢ ᠠᠷᠢᠯᠭᠠᠬᠤ︾ ᠵᠡᠷᠭᠡ ᠰᠢᠷᠢᠰ ᠲᠤᠰᠬᠠᠶ ᠵᠦᠶᠯ ᠤᠨ ᠠᠵᠢᠯᠯᠠᠭ᠎ᠠ ᠪᠠᠷ ᠳᠠᠮᠵᠢᠭᠤᠯᠤᠨ᠂ ᠬᠤᠤᠷ ᠲᠠᠲᠠᠭᠴᠢᠳ ᠤᠨ ᠦᠰᠦ ᠭᠡᠵᠢᠭᠡ ᠶᠢ ᠪᠠᠶᠢᠴᠠᠭᠠᠨ ᠬᠡᠮᠵᠢᠬᠦ ᠪᠠ ᠬᠤᠲᠠ ᠶᠢᠨ ᠪᠣᠬᠢᠷ ᠤᠰᠤ ᠶᠢ ᠬᠢᠨᠠᠨ ᠬᠡᠮᠵᠢᠬᠦ ᠠᠵᠢᠯ ᠢ ᠪᠥᠬᠦ ᠣᠷᠣᠨ ᠤ ᠬᠡᠪᠴᠢᠶᠡᠨ ᠳᠤ ᠥᠷᠨᠢᠭᠦᠯᠵᠦ᠂ ᠪᠥᠬᠦ ᠣᠷᠣᠨ ᠤ 103 ᠬᠤᠰᠢᠭᠤ ᠰᠢᠶᠠᠨ ᠵᠢᠴᠢ ᠬᠤᠤᠷ ᠲᠠᠲᠠᠭᠴᠢᠳ ᠪᠠᠶᠢᠬᠤ1081 ᠵᠡᠭᠡᠯᠢ ᠭᠤᠳᠤᠮᠵᠢ ︵ᠰᠢᠶᠠᠩ ᠪᠠᠯᠭᠠᠰᠤ︶ ᠳᠤ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠲᠣᠭᠤᠷᠢᠭ ᠤᠨ ᠡᠷᠡᠭᠦᠯᠵᠢᠭᠦᠯᠬᠦ ᠠᠵᠢᠯ ᠢ ᠪᠦᠬᠦᠨ ᠢ ᠥᠷᠨᠢᠭᠦᠯᠵᠦ᠂ ᠨᠢᠭᠡᠨᠲᠡ ᠪᠠᠷᠢᠮᠵᠢᠶᠠᠵᠢᠭᠰᠠᠨ ︽ᠨᠣᠭᠤᠭᠠᠨ ᠪᠦᠷᠢᠳᠦ ᠬᠡᠷ ᠣᠷᠣᠨ︾ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠵᠤ ᠡᠷᠡᠭᠦᠯᠵᠢᠭᠦᠯᠬᠦ ᠠᠵᠢᠯ ᠤᠨ ᠥᠷᠲᠡᠭᠡ ᠶᠢ 951 ᠪᠠᠶᠢᠭᠤᠯᠵᠤ᠂ ︽ᠳᠥᠷᠪᠡ ᠶᠢ ᠪᠠᠭᠤᠷᠠᠭᠤᠯᠵᠤ ᠬᠤᠶᠠᠷ ᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢ ᠪᠦᠬᠦᠯᠢ ᠴᠣᠭᠴᠠ ᠪᠠᠷ ᠪᠡᠶᠡᠯᠡᠭᠦᠯᠪᠡ᠃ ᠣᠶᠢᠷ᠎ᠠ ᠶᠢᠨ ᠭᠤᠷᠪᠠᠨ ᠵᠢᠯ ᠳᠤ᠂ ᠣᠲᠣ ᠪᠠᠶᠢᠭ᠎ᠠ ᠬᠤᠤᠷ᠂ ᠪᠠᠶᠢᠴᠠᠭᠠᠨ ᠲᠤᠲᠤᠯᠠᠭᠰᠠᠨ ᠬᠤᠤᠷ ᠲᠠᠲᠠᠭᠰᠠᠳ᠂ ᠬᠤᠤᠷ ᠲᠠᠲᠠᠬᠤ ᠬᠥᠮᠦᠰ ᠤᠨ ᠳᠠᠬᠢᠨ ᠲᠠᠲᠠᠬᠤ ᠨᠣᠷᠮ᠎ᠠ᠂ ᠰᠢᠨ᠎ᠡ ᠪᠠᠷ ᠨᠡᠮᠡᠭᠳᠡᠭᠰᠡᠨ ᠬᠤᠤᠷ ᠲᠠᠲᠠᠬᠤ ᠬᠥᠮᠦᠰ ᠤᠨ ᠲᠤᠭ᠎ᠠ ᠴᠥᠮ ᠪᠠᠭᠤᠷᠠᠵᠤ᠂ ᠬᠤᠤᠷ ᠲᠠᠲᠠᠬᠤ ᠬᠥᠮᠦᠰ ᠢ ᠬᠠᠮᠢᠶᠠᠷᠤᠨ ᠡᠵᠡᠮᠳᠡᠬᠦ ᠨᠣᠷᠮ᠎ᠠ᠂ ᠬᠤᠤᠷ ᠲᠠᠲᠠᠬᠤ ᠶᠢ ᠵᠣᠭᠰᠣᠭᠠᠬᠤ ᠶᠢ ᠪᠠᠬᠢᠵᠢᠭᠦᠯᠬᠦ ᠨᠣᠷᠮ᠎ᠠ ᠪᠥᠬᠦ ᠲᠠᠯ᠎ᠠ ᠪᠠᠷ ᠳᠡᠭᠡᠭᠰᠢᠯᠡᠪᠡ᠃ 2020 ᠣᠨ ᠳᠤ᠂ ᠪᠥᠬᠦ ᠣᠷᠣᠨ ᠳᠤ ᠣᠲᠣ 24048 ᠬᠤᠤᠷ ᠲᠠᠲᠠᠭᠴᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17 % ᠪᠠᠷ ᠪᠠᠭᠤᠷᠠᠵᠤ᠂ 3237 ᠬᠤᠤᠷ ᠲᠠᠲᠠᠭᠴᠢ ᠶᠢ ᠪᠠᠶᠢᠴᠠᠭᠠᠨ ᠣᠯᠵᠤ᠂ ᠠᠳᠠᠯᠢ ᠬᠤᠭᠤᠴᠠᠭᠠᠨ ᠤ ᠬᠢ ᠠᠴᠠ 19.5 % ᠪᠠᠷ ᠪᠠᠭᠤᠷᠠᠵᠤ᠂ 961 ᠬᠥᠮᠦᠨ ᠢ ᠰᠢᠨ᠎ᠡ ᠪᠠᠷ ᠢᠯᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 25.5 % ᠪᠠᠷ ᠪᠠᠭᠤᠷᠠᠪᠠ᠃ ᠣᠲᠣ ᠪᠠᠶᠢᠭ᠎ᠠ ᠬᠤᠤᠷ ᠲᠠᠲᠠᠭᠴᠢᠳ ᠤᠨ ᠪᠥᠬᠦ ᠣᠷᠣᠨ ᠤ ᠶᠡᠷᠦᠩᠬᠡᠶ ᠬᠥᠮᠦᠨ ᠠᠮᠠ ᠶᠢᠨ ᠳᠣᠲᠣᠷ᠎ᠠ ᠡᠵᠡᠯᠡᠬᠦ ᠬᠠᠷᠢᠴᠠᠯ ᠨᠢ 2018 ᠣᠨ ᠤ 1.7 ‰ ᠪᠠᠶᠢᠭᠰᠠᠨ ᠠᠴᠠ ᠪᠠᠨ 1.0 ‰ ᠪᠣᠯᠵᠣ ᠪᠠᠭᠤᠷᠠᠪᠠ᠃ ᠪᠥᠬᠦ ᠣᠷᠣᠨ ᠤ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠲᠣᠭᠤᠷᠢᠭ ᠤᠨ ᠡᠷᠡᠭᠦᠯᠵᠢᠯ ᠤᠨ ᠬᠡᠷᠡᠭᠵᠢᠭᠦᠯᠬᠦ ᠨᠣᠷᠮ᠎ᠠ 81.9 % ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.22 % ᠢᠶᠠᠷ ᠳᠡᠭᠡᠭᠰᠢᠯᠡᠪᠡ᠃ ᠬᠤᠤᠷ ᠲᠠᠲᠠᠭᠴᠢ ᠶᠢᠨ ᠲᠠᠰᠤᠯᠤᠯᠲᠠ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 17.8 % ᠪᠠᠷ ᠳᠡᠭᠡᠭᠰᠢᠯᠡᠵᠦ᠂ ᠡᠪᠡᠳᠴᠢᠲᠡᠶ ᠵᠡᠮᠳᠡᠭ ᠬᠤᠤᠷ ᠲᠠᠲᠠᠭᠰᠠᠳ ᠢ ᠭᠥᠯᠢᠶᠡᠨ ᠠᠪᠴᠤ ᠡᠮᠨᠡᠨ ᠵᠠᠰᠠᠭᠰᠠᠨ ᠪᠠ ᠭᠥᠯᠢᠶᠡᠨ ᠠᠪᠤᠭᠰᠠᠨ ᠨᠣᠷᠮ᠎ᠠ 2016 ᠣᠨ ᠳᠤ 65 % ᠪᠠᠶᠢᠭᠰᠠᠨ ᠠᠴᠠ ᠪᠠᠨ 98.4 % ᠪᠣᠯᠲᠠᠯ᠎ᠠ ᠳᠡᠭᠡᠭᠰᠢᠯᠡᠵᠦ᠂ ᠬᠤᠤᠷ ᠲᠠᠲᠠᠭᠴᠢᠳ ᠤᠨ ᠲᠤᠭ᠎ᠠ ᠶᠡᠭᠡ ᠪᠠᠷ ᠪᠠᠭᠠᠰᠴᠤ᠂ 5 ᠵᠢᠯ ᠳᠠᠷᠠᠭᠠᠯᠠᠨ ᠬᠤᠤᠷ ᠲᠠᠲᠠᠭᠴᠢᠳ ᠤᠨ ᠬᠡᠷᠡᠭ ᠭᠠᠷᠤᠭᠰᠠᠨ ᠥᠬᠡᠶ᠂ ᠪᠤᠯᠢᠶᠠᠵᠤ ᠳᠡᠭᠡᠷᠡᠮᠳᠡᠭᠰᠡᠨ ᠡᠳ᠋ ᠬᠤᠭᠰᠢᠯ ᠳᠤ ᠬᠠᠯᠳᠠᠭᠰᠠᠨ ᠬᠡᠷᠡᠭ ᠶᠡᠭᠡ ᠬᠡᠮᠵᠢᠶ᠎ᠡ ᠪᠠᠷ ᠪᠠᠭᠠᠰᠴᠤ᠂ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢᠯᠡᠳᠲᠡ ᠰᠠᠶᠢᠵᠢᠷᠠᠪᠠ᠃ ︵ᠳᠥᠷᠪᠡ︶ ᠪᠥᠬᠦ ᠭᠤᠭᠴᠤᠭ᠎ᠠ ᠳᠤ ᠲᠠᠷᠢᠬᠤ ᠶᠢ ᠬᠤᠷᠢᠭᠯᠠᠨ ᠬᠤᠤᠷ ᠢ ᠴᠠᠭᠠᠵᠠᠯᠠᠵᠤ᠂ ᠡᠭᠦᠨ ᠤ ᠦᠷ᠎ᠡ ᠪᠦᠲᠦᠭᠡᠯ ︵ᠳᠠᠷᠢᠬᠤ ᠥᠬᠡᠶ᠂ ᠬᠤᠷᠢᠶᠠᠬᠤ ᠥᠬᠡᠶ︶ ᠢ ᠪᠠᠬᠢᠵᠢᠭᠦᠯᠪᠡ᠃ ᠳᠥᠷᠪᠡᠨ ᠱᠠᠲᠤ ᠦᠶ᠎ᠡ ᠬᠤᠪᠢᠶᠠᠵᠤ᠂ ᠬᠠᠭᠠᠰ ᠵᠢᠯ ᠤᠨ ᠬᠤᠭᠤᠴᠠᠭ᠎ᠠ ᠲᠠᠢ ︽ᠤᠯᠠᠷᠢᠯ ᠰᠦᠷᠦᠨ ᠲᠠᠷᠢᠬᠤ ᠶᠢ ᠴᠠᠭᠠᠵᠠᠯᠠᠭᠰᠠᠨ ᠢ ᠪᠠᠶᠢᠴᠠᠭᠠᠬᠤ︾᠂ ︽ᠲᠩᠷᠢ ᠶᠢᠨ ᠨᠢᠳᠦ - 20︾ ︽ᠬᠤᠷᠴᠠ ᠰᠡᠯᠡᠮ᠎ᠡ - 20︾ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠳᠠᠭᠠᠭᠤᠯᠢ ᠣᠳᠣᠨ ᠤ ᠠᠯᠤᠰ ᠰᠡᠷᠡᠯ ᠢᠶᠠᠷ ᠴᠠᠭᠳᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ᠂ ᠭᠤᠤᠯᠳᠠᠯᠭ᠎ᠠ ᠲᠠᠢ ᠭᠠᠵᠠᠷ ᠣᠷᠣᠨ ᠤ ᠭᠤᠤᠯᠳᠠᠯᠭ᠎ᠠ ᠲᠠᠢ ᠭᠠᠵᠠᠷ ᠤᠨ ᠬᠡᠰᠡᠭ ᠲᠤ ᠵᠢᠯᠣᠭᠤᠴᠢ ᠥᠬᠡᠶ ᠨᠢᠰᠬᠡᠯ ᠢᠶᠠᠷ ᠠᠭᠠᠷ ᠠᠴᠠ ᠰᠡᠭᠦᠳᠡᠷᠯᠡᠬᠦ᠂ ᠡᠯ᠎ᠡ ᠱᠠᠲᠤᠨ ᠤ ᠬᠤᠤᠷ ᠴᠠᠭᠠᠵᠠᠯᠠᠬᠤ ᠵᠥᠪᠯᠡᠯ ᠤᠨ ᠬᠠᠮᠢᠶ᠎ᠠ ᠪᠥᠬᠦᠶ ᠨᠢᠭᠡᠴᠢ᠂ ᠡᠯ᠎ᠡ ᠠᠶᠢᠮᠠᠭ ᠬᠤᠲᠠ ᠶᠢᠨ ᠬᠤᠤᠷ ᠴᠠᠭᠠᠵᠠᠯᠠᠬᠤ ᠠᠯᠪᠠᠨ ᠬᠡᠷ ᠪᠣᠯᠤᠨ ᠬᠠᠮᠢᠶ᠎ᠠ ᠪᠥᠬᠦᠶ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ ᠪᠥᠬᠦ ᠲᠠᠯ᠎ᠠ ᠪᠠᠷ ᠪᠠᠶᠢᠴᠠᠭᠠᠬᠤ ᠪᠠ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠦᠷᠢᠶ᠎ᠡ ᠬᠠᠰᠢᠶ᠎ᠠ ᠲᠠᠷᠢᠶᠠᠨ ᠭᠠᠵᠠᠷ᠂ ᠠᠭᠤᠯᠠᠨ ᠭᠠᠵᠠᠷ ᠭᠤᠤ ᠭᠠᠩᠭ᠎ᠠ᠂ ᠪᠠᠯᠠᠷ ᠰᠢᠭᠤᠶᠢᠲᠤ ᠣᠷᠣᠨ ᠵᠢᠴᠢ ᠭᠤᠤᠯᠳᠠᠯᠭ᠎ᠠ ᠲᠠᠢ ᠰᠢᠶᠠᠩ ᠪᠠᠯᠭᠠᠰᠤ ᠳᠤ ᠭᠦᠨᠵᠡᠭᠡᠶᠢᠷᠡᠨ᠂ ᠪᠦᠬᠦᠨ ᠢ ᠬᠠᠮᠤᠷᠤᠨ ᠱᠦᠭᠦᠷᠲᠡᠨ ᠬᠠᠶᠢᠬᠤ ᠠᠵᠢᠯ ᠢ ᠥᠷᠨᠢᠭᠦᠯᠪᠡ᠃ 2020 ᠣᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠭᠠᠵᠠᠷ ᠲᠠᠢ ᠬᠠᠮᠲᠤᠷᠠᠨ ᠳᠠᠭᠠᠭᠤᠯᠢ ᠣᠳᠣᠨ ᠤ ᠠᠯᠤᠰ ᠰᠡᠷᠡᠯ ᠤᠨ ᠮᠡᠷᠭᠡᠵᠢᠯ ᠳᠤ ᠲᠦᠰᠢᠭᠯᠡᠵᠦ᠂ ᠮᠠᠨ ᠤ ᠣᠷᠣᠨ ᠤ 10 ᠭᠤᠤᠯᠳᠠᠯᠭ᠎ᠠ ᠲᠠᠢ ᠠᠶᠢᠮᠠᠭ ᠬᠤᠲᠠ᠂ 26 ᠭᠤᠤᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠵᠢᠴᠢ 200 ᠭᠠᠷᠤᠶ ᠰᠡᠵᠢᠭᠲᠡᠶ ᠭᠠᠵᠠᠷ ᠲᠤ ᠨᠠᠷᠢᠯᠢᠭ ᠣᠨᠣᠪᠴᠢᠲᠠᠶ ᠬᠢᠨᠠᠨ ᠪᠠᠶᠢᠴᠠᠭᠠᠯᠲᠠ ᠬᠢᠵᠦ᠂ ︽ᠪᠦᠬᠦᠨ ᠢ ᠬᠠᠮᠤᠷᠬᠤ︾ ᠪᠠᠶᠢᠴᠠᠭᠠᠯᠲᠠ᠂ ︽ᠥᠨᠴᠥᠭ ᠪᠤᠯᠤᠩ ᠢ ᠦᠯᠡᠳᠡᠭᠡᠯ ᠥᠬᠡᠶ ᠵᠢᠭᠰᠠᠭᠠᠨ ᠪᠠᠶᠢᠴᠠᠭᠠᠬᠤ︾᠂ ︽ᠭᠤᠤᠯᠳᠠᠯᠭ᠎ᠠ ᠬᠤᠪᠢᠶᠠᠬᠤ︾ ᠲᠣᠭᠤᠷᠢᠨ ᠪᠠᠶᠢᠴᠠᠭᠠᠯᠲᠠ᠂ ︽ᠣᠷᠴᠢᠯ ᠮᠠᠶ᠋ᠢᠭ︾ ᠤᠨ ᠰᠢᠮᠳᠠᠭᠤᠯᠤᠨ ᠪᠠᠶᠢᠴᠠᠭᠠᠯᠲᠠ ᠶᠢ ᠪᠡᠶᠡᠯᠡᠭᠦᠯᠵᠦ᠂ ᠲᠠᠪᠤᠨ ᠵᠢᠯ ᠳᠠᠷᠠᠭᠠᠯᠠᠨ ᠬᠤᠤᠷᠲᠤ ᠡᠳ᠋ ᠤᠨ ᠤᠤᠯ ᠤᠷᠭᠤᠮᠠᠯ ︽ᠳᠠᠷᠢᠬᠤ ᠥᠬᠡᠶ᠂ ᠬᠤᠷᠢᠶᠠᠬᠤ ᠥᠬᠡᠶ︾ ᠦᠷ᠎ᠡ ᠪᠦᠲᠦᠭᠡᠯ ᠢ ᠪᠠᠲᠤᠯᠠᠵᠤ᠂ ᠤᠯᠤᠰ ᠤᠨ ᠬᠤᠤᠷ ᠴᠠᠭᠠᠵᠠᠯᠠᠬᠤ ᠵᠥᠪᠯᠡᠯ ᠤᠨ ᠰᠠᠶᠢᠰᠢᠶᠠᠯ ᠢ ᠬᠦᠷᠲᠡᠪᠡ᠃ ︵ᠲᠠᠪᠤ︶ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠪᠥᠬᠦ ᠤᠯᠤᠰ ᠤᠨ ᠬᠤᠤᠷ ᠴᠠᠭᠠᠵᠠᠯᠠᠬᠤ ᠠᠵᠢᠯ ᠤᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠶᠢ ᠠᠬᠢᠭᠤᠯᠪᠠ᠃ 2020 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠯᠪᠠᠨ ᠬᠡᠷ ᠠᠴᠠ ᠪᠥᠬᠦ ᠤᠯᠤᠰ ᠤᠨ ᠬᠤᠤᠷ ᠴᠠᠭᠠᠵᠠᠯᠠᠬᠤ ᠠᠵᠢᠯ ᠤᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ︽ᠳᠥᠷᠪᠡ ᠶᠢ ᠳᠡᠭᠡᠭᠰᠢᠯᠡᠭᠦᠯᠵᠦ ᠳᠥᠷᠪᠡ ᠶᠢ ᠪᠠᠭᠤᠷᠠᠭᠤᠯᠬᠤ︾ ᠠᠵᠢᠯ ᠤᠨ ᠪᠠᠷᠢᠮᠵᠢᠶ᠎ᠠ ᠶᠤᠰᠤᠭᠠᠷ᠂ ᠬᠤᠲᠠ ᠪᠠᠶᠢᠭᠤᠯᠬᠤ ᠠᠵᠢᠯᠯᠠᠭ᠎ᠠ ᠶᠢ ᠲᠡᠭᠡᠲᠦ ᠬᠢᠷᠢ ᠲᠦᠪᠰᠢᠨ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠤᠷ ᠴᠠᠭᠠᠵᠠᠯᠠᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠡᠯ᠎ᠡ ᠱᠠᠲᠤᠨ ᠤ ᠬᠤᠤᠷ ᠴᠠᠭᠠᠵᠠᠯᠠᠬᠤ ᠵᠥᠪᠯᠡᠯ ᠤᠨ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠬᠤᠤᠷ ᠴᠠᠭᠠᠵᠠᠯᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠭᠠᠨᠬᠠᠳᠠ ᠬᠤᠲᠠ᠂ ᠣᠷᠳᠣᠰ ᠬᠤᠲᠠ ᠶᠢᠨ ᠪᠦᠲᠦᠭᠡᠨ ᠪᠠᠶᠢᠭᠤᠯᠬᠤ ᠠᠵᠢᠯᠯᠠᠭ᠎ᠠ ᠳᠤ ᠣᠷᠣᠯᠴᠠᠬᠤ ᠶᠢ ᠪᠥᠬᠦ ᠬᠦᠴᠦᠨ ᠢᠶᠠᠷ ᠢᠶᠠᠨ ᠵᠢᠭᠠᠨ ᠵᠢᠯᠣᠭᠤᠳᠪᠠ᠃ ᠤᠯᠤᠰ ᠤᠨ ᠰᠢᠯᠭᠠᠨ ᠬᠢᠨᠠᠬᠤ ᠳᠤᠭᠤᠶᠢᠯᠠᠩ ᠤᠨ ᠪᠠᠶᠢᠴᠠᠭᠠᠵᠤ ᠰᠢᠯᠭᠠᠨ ᠠᠪᠤᠭᠰᠠᠨ 50 ᠬᠤᠲᠠ ᠶᠢᠨ ᠳᠣᠲᠣᠷ᠎ᠠ᠂ ᠤᠯᠠᠭᠠᠨᠬᠠᠳᠠ ᠬᠤᠲᠠ 16 ᠳ᠋ᠤᠭᠠᠷ ᠲᠤ ᠵᠢᠭᠰᠠᠭᠠᠭᠳᠠᠵᠤ᠂ ᠣᠷᠳᠣᠰ ᠬᠤᠲᠠ 30 ᠳ᠋ᠤᠭᠠᠷ ᠲᠤ ᠵᠢᠭᠰᠠᠭᠠᠭᠳᠠᠪᠠ᠃ ᠤᠯᠤᠰ ᠤᠨ ᠬᠤᠤᠷ ᠴᠠᠭᠠᠵᠠᠯᠠᠬᠤ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠤᠷ ᠴᠠᠭᠠᠵᠠᠯᠠᠬᠤ ᠲᠣᠪᠴᠢᠶᠠᠨ ᠤ ᠳᠠᠷᠤᠭ᠎ᠠ ᠯᠢᠶᠠᠩ ᠶᠦᠨ ᠲᠤᠬᠠᠶ ᠶᠢᠨ ᠭᠠᠵᠠᠷ ᠲᠤ ᠰᠢᠨ᠎ᠡ ᠪᠠᠷ ᠪᠦᠲᠦᠭᠡᠨ ᠪᠠᠶᠢᠭᠤᠯᠤᠭᠰᠠᠨ ᠬᠤᠲᠠ ᠶᠢ ᠪᠠᠶᠢᠴᠠᠭᠠᠵᠤ ᠰᠢᠯᠭᠠᠨ ᠠᠪᠤᠭᠰᠠᠨ ᠤ ᠳᠠᠷᠠᠭ᠎ᠠ᠂ ᠬᠤᠶᠠᠷ ᠭᠠᠵᠠᠷ ᠤᠨ ᠰᠢᠨ᠎ᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠶᠴᠡᠳ ᠨᠤᠲᠠᠯᠠᠪᠠ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠤᠤᠷ ᠴᠠᠭᠠᠵᠠᠯᠠᠬᠤ ᠺᠣᠮᠢᠰ ᠤᠨ ᠠᠯᠪᠠᠨ ᠬᠡᠷ ᠤᠨ ᠶᠡᠭᠡ ᠳᠡᠮᠵᠢᠯᠭᠡ ᠳᠣᠤᠷ᠎ᠠ᠂ ᠪᠥᠬᠦ ᠣᠷᠣᠨ ᠤ ᠬᠤᠤᠷ ᠴᠠᠭᠠᠵᠠᠯᠠᠬᠤ ᠰᠠᠶᠢᠨ ᠳᠤᠷᠠᠴᠤᠳ ᠤᠨ ᠡᠩᠨᠡᠭᠡ ᠥᠷᠨᠢᠨ ᠬᠥᠭᠵᠢᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠰᠠᠶᠢᠨ ᠳᠤᠷᠠᠴᠤᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ︽ᠶᠦᠨ︾ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠵᠡᠷᠭᠡ ᠨᠢᠭᠡ ᠪᠦᠯᠦᠭ ᠬᠤᠤᠷ ᠴᠠᠭᠠᠵᠠᠯᠠᠬᠤ ᠰᠠᠶᠢᠨ ᠳᠤᠷᠠᠴᠤᠳ ᠤᠨ ᠰᠢᠯᠢᠳᠡᠭ ᠡᠩᠨᠡᠭᠡ ᠴᠣᠯᠭᠤᠷᠠᠨ ᠭᠠᠷᠪᠠ᠃ 2020 ᠣᠨ ᠤ 6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠡᠮᠡᠭᠲᠡᠶᠢᠴᠦᠳ ᠤᠨ ᠬᠤᠯᠪᠣᠭ᠎ᠠ ᠶᠢᠨ ᠭᠦᠶᠴᠡᠳᠬᠡᠬᠦ ᠭᠡᠰᠢᠭᠦᠨ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠤᠬᠠᠭᠤᠯᠭ᠎ᠠ ᠶᠢᠨ ᠳᠦᠷᠢ ᠲᠥᠷᠬᠦ ᠶᠢᠨ ᠡᠯᠴᠢᠨ ᠲᠤᠤ ᠶᠢᠩ ᠴᠦᠨ ᠪᠥᠬᠦ ᠤᠯᠤᠰ ᠤᠨ ᠬᠤᠤᠷ ᠴᠠᠭᠠᠵᠠᠯᠠᠬᠤ ᠠᠵᠢᠯ ᠤᠨ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠶᠢᠨ ᠬᠤᠪᠢ ᠪᠠᠷ᠂ ᠪᠥᠬᠦ ᠤᠯᠤᠰ ᠤᠨ ᠬᠤᠤᠷ ᠴᠠᠭᠠᠵᠠᠯᠠᠬᠤ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ ᠨᠡᠶᠢᠲᠡᠯᠢᠭ ᠶᠠᠷᠢᠶ᠎ᠠ ᠲᠠᠯᠪᠢᠪᠠ᠃ ᠲᠡᠷᠡ᠄ ︽ᠲᠠᠯ᠎ᠠ ᠨᠤᠲᠤᠭ ᠲᠤ ᠮᠢᠩᠭᠠᠨ ᠲᠦᠮᠡᠨ ᠴᠡᠴᠡᠭ ᠪᠠᠳᠠᠷᠠᠨ ᠳᠡᠯᠭᠡᠷᠡᠵᠦ ᠪᠠᠶᠢᠨ᠎ᠠ᠂ ᠭᠡᠪᠡᠴᠦ ᠠᠮᠤ ᠴᠡᠴᠡᠭ ᠪᠠᠶᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ︔ ᠲᠠᠯ᠎ᠠ ᠨᠤᠲᠤᠭ ᠲᠤ ᠮᠢᠩᠭᠠᠨ ᠲᠦᠮᠡᠨ ᠠᠵᠢᠨᠠᠶ ᠬᠦᠯᠦᠭ ᠳᠠᠪᠬᠢᠵᠤ ᠪᠠᠶᠢᠨ᠎ᠠ᠂ ᠭᠡᠪᠡᠴᠦ ᠬᠤᠤᠷᠲᠤ ᠡᠳ᠋ ᠬᠥᠨᠳᠡᠯᠡᠨ ᠭᠤᠯᠳᠤ ᠠᠭᠠᠰᠢᠯᠠᠵᠤ ᠤᠭᠲᠤ ᠵᠦᠪᠰᠢᠶᠡᠷᠡᠬᠦ ᠦᠭᠡᠢ︾ ᠭᠡᠬᠦ ᠦᠭᠡ ᠨᠢ ᠪᠥᠬᠦ ᠣᠷᠣᠨ ᠤ 2500 ᠭᠠᠷᠤᠶ ᠲᠦᠮᠡᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠢᠯᠢ ᠬᠢᠵᠠᠭᠠᠷ ᠢ ᠰᠠᠬᠢᠨ ᠤᠯᠤᠰ ᠢᠶᠠᠨ ᠬᠠᠮᠠᠭᠠᠯᠠᠵᠤ᠂ ᠬᠤᠤᠷᠲᠤ ᠡᠳ᠋ ᠢ ᠡᠷᠡᠰ ᠴᠠᠭᠠᠵᠠᠯᠠᠬᠤ ᠵᠣᠷᠢᠭ ᠢ ᠢᠯᠡᠳᠬᠡᠵᠡᠶ᠃ ᠬᠤᠶᠠᠷ᠂ 2021 ᠣᠨ ᠤ ᠬᠤᠤᠷ ᠴᠠᠭᠠᠵᠠᠯᠠᠬᠤ ᠠᠵᠢᠯ ᠤᠨ ᠪᠠᠶᠢᠳᠠᠯ ᠤᠨ ᠵᠠᠳᠠᠯᠤᠯᠲᠠ ᠣᠶᠢᠷ᠎ᠠ ᠶᠢᠨ ᠵᠢᠯ ᠤᠨ ᠬᠤᠤᠷᠲᠤ ᠡᠳ᠋ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠪᠠᠷ ᠳᠡᠮᠵᠢᠨ᠂ ᠮᠠᠨ ᠤ ᠣᠷᠣᠨ ᠤ ᠬᠤᠤᠷᠲᠤ ᠡᠳ᠋ ᠤᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠡᠵᠡᠮᠳᠡᠵᠦ ᠲᠡᠶᠢᠯᠦᠨ᠂ ᠦᠷᠭᠦᠯᠵᠢᠯᠡᠨ ᠰᠠᠶᠢᠵᠢᠷᠠᠵᠤ ᠪᠠᠶᠢᠨ᠎ᠠ᠃ ᠭᠡᠪᠡᠴᠦ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠶᠡᠭᠡ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ ᠮᠠᠨ ᠤ ᠣᠷᠣᠨ ᠪᠥᠬᠦ ᠤᠯᠤᠰ ᠤᠨ ᠣᠯᠠᠩᠬᠢ ᠮᠤᠵᠢ ᠣᠷᠣᠨ ᠲᠠᠢ ᠠᠳᠠᠯᠢ ᠪᠠᠷ ᠬᠤᠤᠷᠲᠤ ᠡᠳ᠋ ᠤᠨ ᠠᠰᠠᠭᠤᠳᠠᠯ ᠮᠥᠨ ᠬᠦ ᠰᠢᠪᠲᠤᠯᠤᠯᠲᠠ ᠶᠢᠨ ᠬᠤᠭᠤᠴᠠᠭᠠᠨ ᠳᠤ ᠣᠷᠣᠰᠢᠵᠤ ᠪᠠᠶᠢᠬᠤ ᠪᠥᠭᠡᠳ ᠳᠣᠤᠷᠠᠬᠢ ᠪᠠᠶᠢᠳᠠᠯ ᠢᠯᠡᠷᠡᠪᠡ᠄ ᠨᠢᠭᠡ ᠳᠤ᠂ ᠳᠤᠷ᠎ᠠ ᠪᠠᠷ ᠢᠶᠠᠨ ᠬᠡᠷᠡᠭᠯᠡᠭᠰᠡᠨ ᠬᠤᠤᠷᠲᠤ ᠡᠳ᠋ ᠤᠨ ᠲᠥᠷᠥᠯ ᠵᠦᠶᠯ ᠨᠠᠩ ᠣᠯᠠᠨ ᠶᠠᠩᠵᠤ ᠶᠢᠨ ᠪᠣᠯᠪᠠ᠃ ᠬᠤᠤᠷᠲᠤ ᠡᠳ᠋ ᠤᠨ ᠳᠠᠯᠳᠠ ᠬᠡᠷᠡᠭᠴᠡᠭᠡ ᠪᠠᠰᠠ ᠮᠠᠰᠢ ᠴᠢᠩᠭ᠎ᠠ ᠪᠠᠶᠢᠵᠤ᠂ ᠮᠧᠲ᠋ᠠᠮᠹᠧᠲᠠᠮᠢᠨ᠂ ᠾᠧᠷᠣᠶ᠋ᠢᠨ᠂ ᠬᠠᠷ᠎ᠠ ᠲᠠᠮᠠᠬᠢ᠂ ᠠᠯᠠᠭ ᠮᠠᠭᠠᠵᠢ᠂ ᠰᠢᠨ᠎ᠡ ᠣᠶᠤᠨ ᠮᠡᠳᠡᠷᠡᠯ ᠤᠨ ᠬᠤᠤᠷᠲᠤ ᠡᠳ᠋᠂ ᠺᠤᠹᠸᠢᠢᠨ ᠵᠡᠷᠭᠡ ᠣᠯᠠᠨ ᠵᠦᠶᠯ ᠤᠨ ᠬᠤᠤᠷᠲᠤ ᠡᠳ᠋ ᠣᠷᠣᠰᠢᠵᠤ᠂ ︽ᠤᠯᠠᠮᠵᠢᠯᠠᠯᠲᠤ ᠬᠤᠤᠷᠲᠤ ᠡᠳ᠋ + ᠰᠢᠨ᠎ᠡ ᠬᠡᠯᠪᠡᠷᠢ ᠶᠢᠨ ᠬᠤᠤᠷᠲᠤ ᠡᠳ᠋ + ᠰᠢᠨ᠎ᠡ ᠣᠶᠤᠨ ᠮᠡᠳᠡᠷᠡᠯ ᠤᠨ ᠬᠤᠤᠷᠲᠤ ᠡᠳ᠋︾ ᠤᠨ ᠨᠢᠭᠡ ᠬᠤᠶᠠᠷ ᠭᠤᠷᠪᠠᠳᠤᠭᠠᠷ ᠦᠶ᠎ᠡ ᠶᠢᠨ ᠬᠤᠤᠷᠲᠤ ᠡᠳ᠋ ᠬᠠᠮᠲᠤ ᠣᠷᠣᠰᠢᠬᠤ ᠣᠨᠴᠠᠯᠢᠭ ᠢᠯᠡᠷᠡᠵᠦ ᠪᠠᠶᠢᠨ᠎ᠠ᠃ ᠬᠤᠤᠷ ᠲᠠᠲᠠᠬᠤ ᠠᠷᠭ᠎ᠠ ᠮᠠᠶ᠋ᠢᠭ ᠨᠢ ᠨᠠᠩ ᠨᠢᠭᠤᠴᠠ ᠳᠠᠯᠳᠠ᠂ ᠬᠠᠭᠤᠷᠮᠠᠭᠯᠠᠬᠤ ᠴᠢᠨᠠᠷ᠂ ᠲᠥᠭᠡᠷᠢᠭᠳᠡᠭᠦᠯᠬᠦ ᠴᠢᠨᠠᠷ ᠢᠶᠠᠷ ᠨᠠᠩ ᠴᠢᠩᠭ᠎ᠠ᠃ ᠬᠤᠶᠠᠷ ᠲᠤ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢᠨ ᠨᠡᠪᠴᠢᠯᠲᠡ ᠶᠢᠨ ᠠᠷᠭ᠎ᠠ ᠵᠠᠮ ᠣᠯᠠᠨ ᠶᠠᠩᠵᠤ ᠶᠢᠨ ᠪᠤᠯᠪᠠ᠃ ᠱᠠᠨ ᠰᠢ᠂ ᠾᠧᠪᠧᠶ᠂ ᠬᠤᠪᠧᠶ᠂ ᠭᠤᠸᠠᠩᠳᠦ᠋ᠩ ᠵᠡᠷᠭᠡ ᠪᠥᠬᠦ ᠤᠯᠤᠰ ᠤᠨ 20 ᠭᠠᠷᠤᠶ ᠮᠤᠵᠢ ᠣᠷᠣᠨ ᠬᠤᠲᠠ ᠶᠢᠨ ᠬᠤᠤᠷᠲᠤ ᠡᠳ᠋ ᠲᠠᠰᠤᠷᠠᠯᠲᠠ ᠥᠬᠡᠶ ᠮᠠᠨ ᠤ ᠣᠷᠣᠨ ᠳᠤ ᠨᠡᠪᠴᠢᠵᠦ᠂ ᠣᠶᠢᠷ᠎ᠠ ᠶᠢᠨ ᠵᠢᠯ ᠳᠤ ᠪᠠᠰᠠ ᠺᠠᠨᠠᠳᠠ᠂ ᠺᠤᠲ ᠳ᠋ᠢᠸᠤᠸᠠᠷ᠂ ᠪᠢᠷᠮᠠ ᠶᠢᠨ ᠬᠤᠤᠷᠲᠤ ᠡᠳ᠋ ᠢ ᠵᠠᠯᠭᠠᠭ᠎ᠠ ᠪᠠᠷ ᠪᠠᠶᠢᠴᠠᠭᠠᠨ ᠢᠯᠡᠷᠡᠭᠦᠯᠪᠡ᠃ ᠭᠤᠷᠪᠠ ᠳᠤ᠂ ᠬᠤᠤᠷᠲᠤ ᠡᠳ᠋ ᠫᠠᠨᠽᠠᠯᠠᠬᠤ ᠠᠷᠭ᠎ᠠ ᠪᠠᠷᠢᠯ ᠨᠢ ᠣᠯᠠᠨ ᠶᠠᠩᠵᠤ ᠶᠢᠨ ᠪᠤᠯᠪᠠ᠃ ᠬᠤᠤᠷᠲᠤ ᠡᠳ᠋ ᠫᠠᠨᠽᠠᠯᠠᠬᠤ ᠠᠵᠢᠯᠯᠠᠭ᠎ᠠ ᠨᠢ ᠨᠢᠭᠤᠴᠠ ᠳᠠᠯᠳᠠ ᠪᠣᠯᠵᠣ᠂ ᠬᠤᠤᠷᠲᠤ ᠡᠳ᠋ ᠵᠥᠭᠡᠭᠡᠪᠦᠷᠢᠯᠡᠨ ᠬᠤᠤᠷᠲᠤ ᠡᠳ᠋ ᠢ ᠬᠠᠳᠠᠭᠠᠯᠠᠬᠤ ᠠᠷᠭ᠎ᠠ ᠪᠠᠷᠢᠯ ᠨᠢ ᠲᠠᠰᠤᠷᠠᠯᠲᠠ ᠥᠬᠡᠶ ᠰᠢᠨᠡᠳᠴᠦ᠂ ︽ᠭᠤᠤᠯᠳᠠᠯᠭ᠎ᠠ ᠲᠠᠢ ᠬᠤᠤᠷᠲᠤ ᠡᠳ᠋ ᠤᠨ ᠢᠷᠡᠯᠲᠡ ᠶᠢᠨ ᠭᠠᠵᠠᠷ ᠠᠴᠠ ᠰᠢᠭᠤᠳ ᠫᠠᠨᠽᠠᠯᠠᠬᠤ︾ ᠠᠴᠠ ︽ᠣᠨᠳᠣᠤ ᠭᠠᠵᠠᠷ ᠲᠤ ᠰᠢᠯᠵᠢᠭᠦᠯᠦᠨ᠂ ᠣᠯᠠᠨ ᠭᠠᠵᠠᠷ ᠲᠤ ᠡᠷᠭᠢᠯᠳᠦᠭᠦᠯᠬᠦ᠂ ᠵᠠᠮ ᠬᠠᠷᠢᠯᠴᠠᠭᠠᠨ ᠤ ᠪᠠᠭᠠᠵᠢ ᠪᠠᠨ ᠬᠤᠪᠢᠷᠠᠭᠤᠯᠤᠨ ᠪᠦᠯᠦᠭ ᠤᠳᠠᠭ᠎ᠠ ᠬᠤᠪᠢᠶᠠᠨ ᠵᠠᠯᠭᠠᠨ ᠲᠡᠭᠡᠭᠡᠪᠦᠷᠢᠯᠡᠬᠦ︾ ᠲᠡᠶᠢᠰᠢ ᠬᠤᠪᠢᠷᠬᠠᠤ ᠶᠢᠨ ᠬᠠᠮᠲᠤ ᠲᠣᠤᠷ ᠰᠦᠯᠵᠢᠶ᠎ᠡ + ᠪᠠᠷᠠᠭᠠᠨ ᠤ ᠭᠦᠶᠯᠭᠡᠭᠡᠨ ᠤ ᠠᠷᠭ᠎ᠠ ᠮᠠᠶ᠋ᠢᠭ ᠢᠶᠠᠷ ᠰᠦᠯᠵᠢᠶᠡᠨ ᠳᠡᠭᠡᠷ᠎ᠡ ᠠᠷᠠᠯᠵᠢᠶᠠᠯᠠᠵᠤ᠂ ᠴᠣᠬᠢᠯᠲᠠ ᠥᠭᠴᠦ ᠪᠠᠶᠢᠴᠠᠭᠠᠨ ᠰᠢᠶᠳᠪᠦᠷᠢᠯᠡᠬᠦ ᠳᠤ ᠬᠦᠴᠢᠷᠳᠡᠯ ᠶᠠᠪᠤᠬᠤ ᠲᠤᠲᠤᠮ ᠶᠡᠭᠡ ᠪᠣᠯᠵᠣ ᠪᠠᠶᠢᠨ᠎ᠠ᠃ ᠭᠤᠷᠪᠠ᠂ ᠳᠠᠷᠠᠭᠠᠴᠢ ᠶᠢᠨ ᠠᠵᠢᠯ 2021 ᠣᠨ ᠳᠤ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠬᠤᠤᠷᠲᠤ ᠡᠳ᠋ ᠤᠨ ᠪᠠᠶᠢᠳᠠᠯ ᠪᠠ ᠰᠢᠨ᠎ᠡ ᠴᠠᠭ ᠦᠶ᠎ᠡ ᠶᠢᠨ ᠬᠤᠤᠷ ᠴᠠᠭᠠᠵᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠥᠪᠡᠷᠲᠡᠭᠡᠨ ᠵᠠᠰᠠᠬᠤ ᠣᠷᠣᠨ ᠤ ᠰᠢᠷᠢᠰ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠤᠤᠷ ᠴᠠᠭᠠᠵᠠᠯᠠᠬᠤ ᠠᠷᠠᠳ ᠤᠨ ᠲᠡᠶᠢᠨ ᠢ ᠦᠷᠭᠦᠯᠵᠢᠯᠡᠨ ᠠᠬᠢᠭᠤᠯᠵᠤ᠂ ᠬᠤᠤᠷᠲᠤ ᠡᠳ᠋ ᠤᠨ ᠠᠰᠠᠭᠤᠳᠠᠯ ᠤᠨ ᠭᠤᠤᠯᠳᠠᠯᠭ᠎ᠠ ᠲᠠᠢ ᠭᠠᠵᠠᠷ ᠣᠷᠣᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠬᠤᠤᠷ ᠴᠠᠭᠠᠵᠠᠯᠠᠬᠤ ᠠᠵᠢᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠨᠢᠭᠡᠳᠦᠭᠡᠷ ᠲᠤ᠂ ᠪᠦᠬᠦ ᠠᠷᠠᠳ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ ᠰᠤᠷᠭᠠᠭᠤᠯᠢ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠪᠠᠭᠰᠢ ᠶᠢᠨ ᠡᠩᠨᠡᠭᠡ ᠪᠠ ᠰᠤᠷᠭᠠᠭᠤᠯᠢ ᠶᠢᠨ ᠬᠦᠷᠢᠶᠡᠨ ᠤ ᠬᠤᠤᠷᠲᠤ ᠡᠳ᠋ ᠢ ᠴᠠᠭᠠᠵᠠᠯᠠᠬᠤ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠲᠣᠭᠠᠴᠢᠯᠠᠭᠰᠠᠨ ᠲᠠᠪᠴᠠᠩ ᠤᠨ ᠬᠡᠷᠡᠭᠯᠡᠯᠲᠡ ᠶᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠭᠤᠷᠢ ᠢᠨᠵᠧᠨᠧᠷᠢᠩ ᠳᠤ ᠤᠷᠤᠭᠤᠯᠬᠤ ᠶᠢ ᠳᠡᠯᠭᠡᠷᠡᠭᠦᠯᠦᠨ᠂ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ︽ᠵᠢᠷᠭᠤᠭ᠎ᠠ ᠳᠤ ᠣᠷᠣᠭᠤᠯᠬᠤ ︵ᠰᠤᠷᠭᠠᠭᠤᠯᠢ ᠳᠤ ᠣᠷᠣᠭᠤᠯᠬᠤ᠂ ᠨᠢᠭᠡᠴᠢ ᠳᠤ ᠣᠷᠣᠭᠤᠯᠬᠤ᠂ ᠬᠡᠷ ᠪᠦᠯᠢ ᠳᠤ ᠣᠷᠣᠭᠤᠯᠬᠤ᠂ ᠲᠠᠯᠠᠪᠤᠷ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ︶︾᠂ ︽ᠲᠠᠪᠤ ᠶᠢ ᠨᠠᠶᠢᠳᠠᠪᠤᠷᠢᠵᠢᠭᠤᠯᠬᠤ︾ ᠵᠡᠷᠭᠡ ᠶᠢ ᠦᠷᠭᠦᠯᠵᠢᠯᠡᠨ ᠠᠬᠢᠭᠤᠯᠤᠨ᠎ᠠ︔ ᠡᠯ᠎ᠡ ᠲᠥᠷᠥᠯ ᠤᠨ ᠰᠦᠯᠵᠢᠶᠡᠨ ᠤ ᠲᠠᠪᠴᠠᠩ ᠪᠠ ᠰᠣᠨᠢᠨ ᠮᠡᠳᠡᠭᠡᠨ ᠤ ᠵᠠᠭᠤᠴᠢᠯᠠᠭᠤᠷ ᠲᠤ ᠲᠦᠰᠢᠭᠯᠡᠨ᠂ ᠬᠠᠮᠢᠶ᠎ᠠ ᠪᠥᠬᠦᠶ ᠨᠢᠭᠡᠴᠢ ᠪᠠ ᠬᠤᠤᠷ ᠴᠠᠭᠠᠵᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭᠠᠯᠠᠵᠤ᠂ ᠣᠯᠠᠨ ᠲᠦᠮᠡᠨᠴᠢ ᠴᠢᠨᠠᠷᠲᠠᠶ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠰᠢᠨ᠎ᠡ ᠶᠢ ᠡᠭᠦᠳᠦᠨ ᠥᠷᠨᠢᠭᠦᠯᠵᠦ᠂ ᠪᠥᠬᠦ ᠠᠷᠠᠳ ᠤᠨ ᠬᠤᠤᠷ ᠲᠠᠨᠢᠬᠤ᠂ ᠬᠤᠤᠷ ᠰᠡᠷᠭᠡᠶᠢᠯᠡᠬᠦ᠂ ᠬᠤᠤᠷ ᠴᠠᠭᠠᠵᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠬᠤᠤᠷ ᠴᠠᠭᠠᠵᠠᠯᠠᠬᠤ ᠠᠵᠢᠯ ᠤᠨ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠲᠤ᠂ ᠬᠤᠤᠷᠲᠤ ᠡᠳ᠋ ᠢ ᠪᠠᠷᠢᠪᠴᠢᠯᠠᠬᠤ ᠬᠠᠤᠯᠢ ᠬᠡᠷᠡᠭᠵᠢᠭᠦᠯᠦᠯᠲᠡ ᠪᠠ ᠴᠣᠬᠢᠯᠲᠠ ᠥᠭᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠶᠠᠷ ᠲᠤ ᠴᠣᠬᠢᠯᠲᠠ ᠥᠭᠴᠦ ᠬᠤᠶᠠᠷ ᠢ ᠬᠢᠵᠠᠭᠠᠷᠯᠠᠬᠤ︾᠂ ︽ᠣᠯᠠᠭᠤᠯᠠ ᠨᠡᠶᠢᠯᠡᠵᠦ ᠨᠢᠭᠡ ᠳᠤ ᠨᠢ ᠴᠣᠬᠢᠯᠲᠠ ᠥᠭᠬᠦ︾᠂ ︽ᠮᠥᠰᠥ ᠶᠢ ᠠᠷᠢᠯᠭᠠᠵᠤ ᠬᠤᠤᠷ ᠢ ᠠᠷᠢᠯᠭᠠᠬᠤ︾᠂ ᠬᠤᠤᠷ ᠲᠠᠲᠠᠭᠴᠢᠳ ᠤᠨ ︽ᠳᠠᠯᠳᠠ ᠬᠡᠮ ᠢ ᠠᠷᠢᠯᠭᠠᠬᠤ︾᠂ ︽ᠪᠦᠬᠦᠨ ᠢ ᠠᠷᠢᠯᠭᠠᠬᠤ︾᠂ ︽ᠵᠢᠭᠰᠠᠭᠠᠨ ᠪᠠᠶᠢᠴᠠᠭᠠᠵᠤ ᠬᠤᠷᠢᠶᠠᠬᠤ︾ ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠦᠨ᠂ ᠬᠤᠤᠷᠲᠤ ᠡᠳ᠋ ᠦᠶᠯᠡᠳᠴᠦ ᠫᠠᠨᠽᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠬᠡᠯᠬᠢᠶ᠎ᠡ ᠪᠠᠷ ᠴᠣᠬᠢᠯᠲᠠ ᠥᠭᠭᠦᠨ᠎ᠡ᠃ ᠭᠤᠷᠪᠠᠳᠤᠭᠠᠷ ᠲᠤ᠂ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠭᠠᠵᠠᠷ ᠣᠷᠣᠨ ᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠪᠠᠷ ᠭᠠᠷᠳᠠᠴᠠ ᠪᠣᠯᠭᠠᠨ᠂ ᠪᠠᠷᠢᠮᠵᠢᠶᠠᠵᠢᠭᠰᠠᠨ ︽ᠨᠣᠭᠤᠭᠠᠨ ᠪᠦᠷᠢᠳᠦ ᠬᠡᠷ ᠣᠷᠣᠨ︾ ᠨᠡᠶᠢᠭᠡᠮ ᠲᠣᠭᠤᠷᠢᠭ ᠲᠤ ᠬᠤᠤᠷ ᠲᠠᠲᠠᠬᠤ ᠶᠢ ᠵᠣᠭᠰᠣᠭᠠᠬᠤ ᠨᠡᠶᠢᠭᠡᠮ ᠲᠣᠭᠤᠷᠢᠭ ᠤᠨ ᠡᠷᠡᠭᠦᠯᠵᠢᠭᠦ ᠠᠵᠢᠯ ᠤᠨ ᠥᠷᠲᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠬᠤᠤᠷ ᠴᠠᠭᠠᠵᠠᠯᠠᠬᠤ ᠲᠤᠰᠬᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ᠂ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ ᠬᠤᠤᠷ ᠴᠠᠭᠠᠵᠠᠯᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠤᠤᠷ ᠴᠠᠭᠠᠵᠠᠯᠠᠬᠤ ᠠᠵᠢᠯ ᠢ ᠬᠠᠮᠲᠤᠪᠠᠷ ᠵᠠᠰᠠᠬᠤ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠳᠥᠷᠪᠡᠳᠦᠭᠡᠷ ᠲᠤ᠂ ᠲᠤᠰᠬᠠᠢ ᠵᠢᠭᠰᠠᠭᠠᠨ ᠪᠠᠶᠢᠴᠠᠭᠠᠵᠤ ᠵᠠᠰᠠᠬᠤ ᠶᠢ ᠭᠦᠨᠵᠡᠭᠡᠶᠢᠷᠡᠭᠦᠯᠦᠨ᠎ᠡ᠃ ᠬᠤᠤᠷᠲᠤ ᠡᠳ᠋ ᠦᠶᠯᠡᠳᠬᠦ ᠳᠤ ᠬᠤᠯᠪᠣᠭᠳᠠᠭᠰᠠᠨ ᠲᠠᠯᠠᠪᠤᠷ᠂ ᠲᠥᠬᠦᠭᠡᠷᠦᠮᠵᠢ᠂ ᠡᠳ᠋ ᠪᠣᠳᠠᠰ ᠢ ᠵᠢᠭᠰᠠᠭᠠᠨ ᠪᠠᠶᠢᠴᠠᠭᠠᠬᠤ ︽ᠮᠢᠨ᠎ᠠ ᠠᠷᠢᠯᠭᠠᠬᠤ ᠠᠵᠢᠯᠯᠠᠭ᠎ᠠ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠤᠤᠷᠲᠤ ᠡᠳ᠋ ᠦᠶᠯᠡᠳᠬᠦ ᠳᠤ ᠠᠮᠠᠷᠬᠠᠨ ᠬᠢᠮᠢ ᠶᠢᠨ ᠪᠤᠳᠠᠰ᠂ ᠵᠡᠭᠡᠷᠭᠡᠨ᠎ᠡ ᠶᠢᠨ ᠬᠠᠤᠯᠢ ᠪᠤᠰᠤ ᠪᠠᠷ ᠭᠡᠭᠡᠭᠳᠡᠬᠦ ᠶᠢ ᠴᠢᠩᠭ᠎ᠠ ᠰᠡᠷᠭᠡᠶᠢᠯᠡᠨ᠎ᠡ︔ ᠲᠠᠷᠢᠬᠤ ᠶᠢ ᠴᠠᠭᠠᠵᠠᠯᠠᠬᠤ ᠬᠤᠤᠷ ᠢ ᠠᠷᠢᠯᠭᠠᠬᠤ ᠲᠤᠰᠬᠠᠶ ᠵᠦᠶᠯ ᠤᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠳᠠᠷᠢᠬᠤ ᠥᠬᠡᠶ᠂ ᠬᠤᠷᠢᠶᠠᠬᠤ ᠥᠬᠡᠶ︾ ᠦᠷ᠎ᠡ ᠪᠦᠲᠦᠭᠡᠯ ᠢ ᠪᠠᠬᠢᠵᠢᠭᠦᠯᠦᠨ᠎ᠡ︔ ︽ᠵᠠᠭᠤᠨ ᠰᠢᠶᠠᠨ ᠮᠢᠩᠭᠠᠨ ᠲᠣᠰᠬᠤᠨ ᠤ ᠬᠤᠤᠷᠲᠤ ᠡᠳ᠋ ᠤᠨ ᠠᠰᠠᠭᠤᠳᠠᠯ ᠢ ᠶᠡᠬᠡᠪᠡᠷ ᠠᠷᠢᠯᠭᠠᠬᠤ︾ ᠠᠵᠢᠯᠯᠠᠭ᠎ᠠ ᠶᠢ ᠥᠷᠨᠢᠭᠦᠯᠵᠦ᠂ ᠬᠤᠤᠷᠲᠤ ᠡᠳ᠋ ᠤᠨ ᠠᠰᠠᠭᠤᠳᠠᠯ ᠢᠶᠠᠷ ᠲᠣᠪᠣᠶᠢᠮ᠎ᠠ ᠪᠠᠶᠢᠭ᠎ᠠ ᠨᠢᠭᠡ ᠪᠦᠯᠦᠭ ᠬᠤᠰᠢᠭᠤ ᠰᠢᠶᠠᠨ᠂ ᠠᠶᠢᠯ ᠲᠣᠰᠬᠤᠨ ᠢ ᠲᠥᠪᠯᠡᠷᠡᠭᠦᠯᠦᠨ ᠪᠠᠶᠢᠴᠠᠭᠠᠵᠤ ᠶᠡᠷᠦᠩᠬᠡᠶᠢᠯᠡᠨ ᠵᠠᠰᠠᠵᠤ᠂ ᠬᠥᠳᠡᠭᠡ ᠲᠣᠰᠬᠤᠨ ᠤ ᠠᠷᠬᠠᠭ ᠬᠡᠮ ᠢ ᠠᠷᠢᠯᠭᠠᠨ᠂ ᠬᠤᠤᠷ ᠴᠠᠭᠠᠵᠠᠯᠠᠬᠤ ᠠᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠪᠤᠳᠤᠭᠠᠷ ᠲᠤ᠂ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠤᠷᠲᠤ ᠡᠳ᠋ ᠢ ᠴᠠᠭᠠᠵᠠᠯᠠᠬᠤ ᠠᠵᠢᠯ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷᠲᠤ ᠡᠳ᠋ ᠤᠨ ᠠᠰᠠᠭᠤᠳᠠᠯ ᠬᠦᠨᠳᠦ ᠨᠣᠴᠢᠲᠠᠶ ᠪᠠᠶᠢᠭ᠎ᠠ ᠭᠠᠵᠠᠷ ᠣᠷᠣᠨ ᠤ ᠬᠠᠷᠢᠭᠤᠴᠠᠯᠭ᠎ᠠ ᠶᠢ ᠰᠢᠯᠭᠠᠨ ᠦᠨᠡᠯᠡᠬᠦ ᠨᠠᠷᠢᠨ ᠲᠦᠷᠢᠮ︾ ᠵᠡᠷᠭᠡ ᠶᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠴᠢᠨᠠᠷᠲᠠᠶ ᠬᠤᠤᠷᠲᠤ ᠡᠳ᠋ ᠢ ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠰᠦᠪᠡᠭᠴᠢᠯᠡᠨ ᠲᠣᠭᠲᠠᠭᠠᠵᠤ᠂ ᠬᠤᠤᠷᠲᠤ ᠡᠳ᠋ ᠢ ᠴᠠᠭᠠᠵᠠᠯᠠᠬᠤ ᠵᠥᠪᠯᠡᠯ ᠤᠨ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠤᠭᠰᠠᠨ᠂ ᠬᠤᠤᠷᠲᠤ ᠡᠳ᠋ ᠢ ᠴᠠᠭᠠᠵᠠᠯᠠᠬᠤ ᠵᠥᠪᠯᠡᠯ ᠠᠴᠠ ᠵᠣᠬᠢᠶᠠᠨ ᠪᠠᠶᠢᠭᠤᠯᠤᠨ ᠵᠣᠬᠢᠴᠠᠭᠤᠯᠤᠭᠰᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠭᠰᠠᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠦᠨ᠎ᠡ᠃ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠤᠨ᠎ᠠ᠂ ᠤᠷᠳᠤ ᠤᠳᠠᠭᠠᠨ ᠠᠶᠠᠨ ᠵᠠᠮ ᠳᠤ ᠭᠠᠭᠴᠠ ᠬᠦ ᠴᠦᠬᠦᠷᠡᠰᠢ ᠦᠭᠡᠢ ᠲᠡᠮᠡᠴᠡᠯ ᠭᠡᠷᠡᠭᠲᠡᠢ᠃ ᠬᠤᠣᠷᠲᠤ ᠡᠳ᠋ ᠢ ᠴᠠᠭᠠᠵᠠᠯᠠᠬᠤ ᠠᠵᠢᠯ ᠤᠨ ᠡᠭᠦᠷᠭᠡ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠪᠠᠶᠢᠨ᠎ᠠ᠂ ᠬᠤᠣᠷᠲᠤ ᠡᠳ᠋ ᠢ ᠴᠠᠭᠠᠵᠠᠯᠠᠬᠤ ᠠᠵᠢᠯ ᠢ ᠰᠠᠶᠢᠲᠤᠷ ᠬᠢᠬᠦ ᠪᠣᠯ ᠨᠠᠮ ᠪᠠ ᠠᠷᠠᠳ ᠲᠦᠮᠡᠨ ᠠᠴᠠ ᠪᠢᠳᠡᠨ ᠳᠤ ᠲᠤᠰᠢᠶᠠᠭᠰᠠᠨ ᠤᠯᠤᠰ ᠲᠦᠷᠦ ᠶᠢᠨ ᠡᠭᠦᠷᠭᠡ ᠪᠠ ᠲᠡᠦᠬᠡᠲᠦ ᠡᠭᠦᠷᠭᠡ ᠮᠥᠨ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠨᠠᠶᠢᠵᠠ ᠨᠠᠷ ᠤᠨ ᠬᠠᠪᠰᠤᠷᠤᠯᠭ᠎ᠠ ᠳᠣᠤᠷ᠎ᠠ᠂ ᠪᠥᠬᠦ ᠨᠡᠶᠢᠭᠡᠮ ᠤᠨ ᠬᠠᠮᠲᠤ ᠶᠢᠨ ᠤᠷᠤᠯᠴᠠᠯᠭ᠎ᠠ ᠳᠣᠤᠷ᠎ᠠ᠂ ᠪᠢᠳᠡ ᠬᠦᠴᠦ ᠪᠠᠨ ᠬᠠᠮᠲᠤᠳᠬᠠᠨ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠬᠤᠤᠷᠲᠤ ᠡᠳ᠋ ᠢ ᠴᠠᠭᠠᠵᠠᠯᠠᠬᠤ ᠠᠷᠠᠳ ᠲᠦᠮᠡᠨ ᠤ ᠲᠡᠶᠢᠨ ᠤ ᠢᠯᠠᠯᠲᠠ ᠶᠢ ᠣᠯᠵᠤ᠂ ︽ᠬᠤᠶᠠᠷ ᠬᠠᠯᠬᠠᠪᠴᠢ︾ ᠶᠢᠨ ᠦᠨᠡᠨᠴᠢ ᠰᠢᠳᠤᠷᠭᠤ ᠬᠠᠮᠠᠭᠠᠯᠠᠭᠴᠢ ᠪᠣᠯᠵᠣ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠶ᠎ᠡ︕ ᠬᠠᠮᠤᠭ ᠰᠡᠭᠦᠯ ᠳᠤ᠂ ᠠᠩᠬᠠᠳᠠᠭᠴᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠨᠠᠷ ᠤᠨ ᠬᠤᠤᠷ ᠴᠠᠭᠠᠵᠠᠯᠠᠬᠤ ᠠᠵᠢᠯ ᠢ ᠣᠷᠳᠣ ᠬᠤᠭᠤᠴᠠᠭ᠎ᠠ ᠪᠠᠷ ᠳᠡᠮᠵᠢᠵᠦ ᠬᠠᠪᠰᠤᠷᠤᠭᠰᠠᠨ ᠳᠤ ᠪᠠᠶᠠᠷ ᠲᠠᠯᠠᠷᠬᠠᠯ ᠢᠶᠠᠨ ᠢᠯᠡᠳᠭᠡᠵᠦ ᠪᠠᠶᠢᠨ᠎ᠠ︕ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ︽ᠠᠷᠠᠳ ᠲᠦᠮᠡᠨ ᠳᠤ ᠮᠡᠳᠡᠭᠦᠯᠬᠦ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠭᠤᠷᠪᠠᠳᠤᠭᠠᠷ ᠲᠠᠯᠠᠪᠠᠶ ᠶᠢᠨ ᠰᠤᠷᠪᠤᠯᠵᠢᠯᠠᠭᠴᠢ ᠶᠢᠨ ᠠᠰᠠᠭᠤᠯᠲᠠ ᠢ ᠬᠠᠷᠢᠭᠤᠯᠪᠠ ᠤᠮᠠᠷᠠᠲᠤ ᠣᠷᠣᠨ ᠤ ᠰᠢᠨ᠎ᠡ ᠰᠣᠨᠢᠨ ᠤ ᠵᠧᠩ ᠪᠸᠢ ᠹᠠᠩ ᠰᠦᠯᠵᠢᠶᠡᠨ ᠤ ᠰᠤᠷᠪᠤᠯᠵᠢᠯᠠᠭᠴᠢ᠄ 2021 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠲᠤᠬᠠᠶ ᠶᠠᠮᠠᠷ ᠰᠡᠳᠬᠢᠴᠡ ᠪᠠ ᠲᠥᠯᠥᠪᠯᠡᠭᠡ ᠲᠠᠢ ᠪᠣᠶ︖ ᠵᠠᠩ ᡁᠢ ᠬᠤᠸᠠ᠄ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠡᠭᠦᠷᠭᠡ ᠶᠢᠨ ᠪᠠᠶᠢᠳᠠᠯ ᠨᠡᠩ ᠪᠡᠷᠬᠡ ᠬᠠᠲᠠᠭᠤᠵᠢᠯᠲᠠᠢ ᠨᠠᠷᠢᠨ ᠪᠤᠳᠤᠯᠢᠶᠠᠨᠲᠠᠢ ᠪᠣᠯᠬᠤ ᠪᠣᠯᠤᠨ᠎ᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ᠂ ᠭᠤᠷᠪᠠᠳᠤᠭᠠᠷ ᠪᠦᠬᠦᠳᠠ ᠬᠤᠷᠠᠯ᠂ ᠳᠥᠷᠪᠡᠳᠦᠭᠡᠷ ᠪᠦᠬᠦᠳᠠ ᠬᠤᠷᠠᠯ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠤᠯᠤᠰ ᠲᠥᠷᠥ ᠶᠢ ᠲᠡᠷᠢᠭᠦᠨ ᠳᠤ ᠲᠠᠯᠪᠢᠬᠤ᠂ ᠤᠯᠡᠠ ᠲᠦᠮᠡᠨ ᠢ ᠲᠡᠷᠢᠭᠦᠨ ᠳᠤ ᠲᠠᠯᠪᠢᠬᠤ᠂ ᠦᠨᠳᠦᠰᠦᠨ ᠱᠠᠲᠤ ᠶᠢ ᠲᠡᠷᠢᠭᠦᠨ ᠳᠤ ᠲᠠᠯᠪᠢᠬᠤ᠂ ᠠᠷᠠᠳ ᠤᠨ ᠴᠠᠭᠳᠠᠭ᠎ᠠ ᠶᠢ ᠲᠡᠷᠢᠬᠦᠨ ᠳᠤ ᠳᠠᠯᠪᠢᠬᠤ︾ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠪᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭ ᠢ ᠲᠦᠷᠭᠡᠨ ᠢᠯᠡᠷᠡᠭᠦᠯᠬᠦ᠂ ᠶᠡᠭᠡ ᠬᠡᠷᠡᠭ ᠢ ᠢᠯᠡᠷᠡᠭᠦᠯᠬᠦ᠂ ᠬᠡᠷᠡᠭ ᠢ ᠣᠯᠠᠨᠲᠠ ᠢᠯᠡᠷᠡᠭᠦᠯᠬᠦ᠂ ᠬᠡᠷᠡᠭ ᠭᠠᠷᠬᠤ ᠠᠴᠠ ᠡᠮᠦᠨ᠎ᠡ ᠳᠠᠷᠤᠩᠭᠤᠶᠢᠯᠠᠬᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ ᠲᠥᠷᠥᠭᠳᠡᠯ ᠢᠶᠠᠷ ᠶᠡᠷᠦᠩᠬᠡᠶ ᠬᠠᠷᠠᠯᠲᠠ ᠪᠣᠯᠭᠠᠵᠤ᠂ ᠨᠠᠷᠢᠯᠢᠭ ᠭᠦᠨ ᠵᠠᠳᠠᠯᠤᠯᠲᠠ ᠬᠢᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠣᠨᠣᠪᠴᠢᠲᠠᠶ ᠵᠢᠯᠤᠭᠤᠳᠴᠤ᠂ ᠣᠨᠣᠪᠴᠢᠲᠠᠶ ᠴᠣᠬᠢᠯᠲᠠ ᠦᠭᠴᠦ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠴᠢᠳᠠᠪᠤᠷᠢ ᠪᠠ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠠᠮᠤᠷ ᠲᠦᠪᠰᠢᠨ ᠲᠣᠭᠲᠠᠭᠤᠨ ᠤᠮᠠᠷᠠᠲᠤ ᠬᠢᠯᠢ ᠶᠢᠨ ᠣᠷᠴᠢᠨ ᠲᠣᠭᠤᠷᠢᠨ ᠢ ᠡᠭᠦᠳᠦᠨ᠎ᠡ᠃ ᠪᠣᠳᠠᠲᠠᠢ ᠪᠠᠷ ᠬᠡᠯᠡᠪᠡᠯ ︽ᠲᠠᠪᠤᠨ ᠳᠠᠶᠢᠯᠠᠯᠳᠤᠭᠠᠨ︾ ᠢ ᠰᠠᠶᠢᠲᠤᠷ ᠬᠢᠬᠦ ᠶᠠᠪᠤᠳᠠᠯ ᠪᠣᠯᠤᠨ᠎ᠠ᠃ ᠨᠢᠭᠡ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠠᠶᠢᠩᠭᠤ ᠶᠢᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠬᠤ ᠲᠤᠬᠠᠶ ᠲᠥᠪ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠮᠦᠨ᠎ᠡ ᠬᠠᠷᠠᠭᠤᠯ ᠤᠨ ᠦᠶᠯᠡᠳᠦᠯ᠂ ᠲᠡᠮᠦᠷ ᠨᠢᠳᠤᠷᠭ᠎ᠠ ᠶᠢᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠ ᠶᠢᠨ ᠪᠠᠶᠢᠳᠠᠯ ᠢ ᠢᠮᠠᠭᠲᠠ ᠪᠠᠲᠤᠯᠠᠵᠤ᠂ ᠡᠷᠲᠡ ᠠᠴᠠ ᠴᠣᠬᠢᠯᠲᠠ ᠥᠭᠬᠦ᠂ ᠴᠤᠬᠤᠶᠢᠮᠠᠭᠴᠠ ᠴᠣᠬᠢᠯᠲᠠ ᠥᠭᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠣᠯᠭᠠᠨ᠎ᠠ᠃ ᠬᠤᠶᠠᠷ ᠲᠤ᠂ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠦᠷᠭᠡᠨ ᠰᠢᠢᠳᠪᠦᠷᠢᠲᠦ ᠪᠠᠶᠢᠯᠳᠤᠭᠠᠨ ᠢ ᠰᠠᠶᠢᠲᠤᠷ ᠬᠢᠨ᠎ᠡ᠃ ︽ᠠᠮᠢᠨ ᠬᠡᠷᠡᠭ ᠢ ᠵᠠᠪᠠᠯ ᠢᠯᠡᠷᠡᠭᠦᠯᠬᠦ︾ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠵᠤ᠂ ︽ᠭᠤᠷᠪᠠ ᠶᠢ ᠵᠡᠷᠭᠡ ᠪᠠᠷ ᠶᠠᠪᠤᠭᠳᠠᠭᠤᠯᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠠᠮᠢᠨ ᠬᠡᠷᠡᠭ ᠪᠠ ᠨᠡᠶᠢᠭᠡᠮ ᠳᠤ ᠥᠷᠭᠡᠨ ᠳᠡᠯᠭᠡᠷ ᠨᠥᠯᠥᠭᠡ ᠪᠦᠬᠦᠢ ᠬᠦᠨᠳᠦ ᠨᠣᠴᠢᠲᠠᠢ ᠬᠦᠴᠦᠷᠬᠡᠭᠯᠡᠯ ᠤᠨ ᠬᠡᠷᠡᠭ ᠢ ᠲᠦᠷᠭᠡᠨ ᠳᠡᠩᠨᠡᠨ ᠲᠦᠷᠭᠡᠨ ᠢᠯᠡᠷᠡᠭᠦᠯᠵᠦ᠂ ᠠᠮᠢᠨ ᠬᠡᠷᠡᠭ ᠤᠨ ᠲᠤᠬᠠᠢ ᠶᠢᠨ ᠬᠡᠷᠡᠭ ᠢ ᠪᠦᠬᠦᠨ ᠢ ᠢᠯᠡᠷᠡᠭᠦᠯᠬᠦ ᠪᠠ ᠨᠠᠢᠮᠠᠨ ᠲᠦᠷᠦᠯ ᠤᠨ ᠬᠡᠷᠡᠭ ᠢ ᠪᠠᠭᠠᠰᠬᠠᠬᠤ ᠬᠠᠷᠠᠯᠲᠠ ᠶᠢ ᠦᠷᠭᠦᠯᠵᠢᠯᠡᠨ ᠪᠠᠲᠤᠯᠠᠨ᠎ᠠ᠃ ᠭᠤᠷᠪᠠ ᠳᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠴᠢᠮᠡᠭᠡ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠡᠪᠴᠢᠶᠡᠵᠢᠭᠦᠯᠦᠨ ᠴᠣᠬᠢᠯᠲᠠ ᠥᠭᠬᠦ᠂ ᠲᠤᠰᠬᠠᠶ ᠬᠡᠷᠡᠭ ᠢ ᠳᠡᠩᠨᠡᠨ ᠰᠢᠶᠳᠪᠦᠷᠢᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ᠂ ᠮᠡᠷᠭᠡᠵᠢᠯ ᠢᠶᠠᠷ ᠡᠰᠡᠷᠭᠦᠴᠡᠬᠦ᠂ ᠠᠵᠢᠯᠲᠠᠨ ᠢ ᠬᠠᠮᠢᠶᠠᠷᠤᠨ ᠡᠵᠡᠮᠳᠡᠬᠦ ᠪᠠ ᠮᠥᠩᠭᠦᠨ ᠭᠦᠶᠯᠭᠡᠭᠡᠨ᠂ ᠴᠠᠬᠢᠯᠭᠠᠨ ᠴᠢᠮᠡᠭᠡ ᠬᠤᠯᠪᠣᠭ᠎ᠠ᠂ ᠢᠨᠲ᠋ᠧᠷ ᠰᠦᠯᠵᠢᠶ᠎ᠡ ᠶᠢᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠵᠠᠰᠠᠯᠲᠠ ᠶᠢ ᠠᠬᠢᠭᠤᠯᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠦᠷᠪᠡ ᠳᠤ᠂ ᠬᠤᠯᠠᠭᠠᠶᠢᠯᠠᠬᠤ ᠳᠡᠭᠡᠷᠡᠮᠳᠡᠬᠦ ᠮᠡᠬᠡᠯᠡᠬᠦ ᠤᠯᠠᠮᠵᠢᠯᠠᠯᠲᠤ ᠠᠵᠢᠯᠯᠠᠭ᠎ᠠ ᠳᠤ ᠴᠣᠬᠢᠯᠲᠠ ᠥᠭᠬᠦ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠱᠠᠲᠤ ᠱᠠᠲᠤ ᠪᠠᠷ ᠮᠡᠳᠡᠭᠦᠯᠬᠦ᠂ ᠰᠤᠳᠤᠯᠤᠨ ᠮᠠᠭᠠᠳᠯᠠᠬᠤ᠂ ᠵᠢᠭᠠᠪᠤᠷᠢᠯᠠᠬᠤ ᠲᠦᠷᠢᠮ ᠢ ᠨᠠᠶᠢᠳᠠᠪᠤᠷᠢᠵᠢᠭᠤᠯᠵᠤ᠂ ᠬᠡᠷ ᠲᠤ ᠨᠢ ᠣᠷᠣᠵᠤ ᠬᠤᠯᠠᠭᠠᠶᠢᠯᠠᠬᠤ᠂ ᠲᠡᠷᠭᠡᠨ ᠳᠣᠲᠣᠷᠠᠬᠢ ᠵᠣᠭᠤᠰ ᠮᠥᠩᠭᠦ ᠡᠳ᠋ ᠪᠣᠳᠠᠰ ᠢ ᠬᠤᠯᠠᠭᠠᠶᠢᠯᠠᠬᠤ᠂ ᠬᠤᠯᠠᠭᠠᠶᠢᠯᠠᠬᠤ ᠵᠡᠷᠭᠡ ᠲᠣᠪᠣᠶᠢᠮ᠎ᠠ ᠶᠠᠯᠠᠲᠤ ᠠᠵᠢᠯᠯᠠᠭ᠎ᠠ ᠪᠠ ᠮᠠᠯ ᠤᠨᠤᠭ᠎ᠠ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠯᠠᠭᠠᠶᠢᠯᠠᠬᠤ ᠵᠡᠷᠭᠡ ᠤᠯᠠᠷᠢᠯ ᠤᠨ ᠴᠢᠨᠠᠷᠲᠠᠶ ᠶᠠᠯᠠᠲᠤ ᠠᠵᠢᠯᠯᠠᠭ᠎ᠠ ᠵᠢᠴᠢ ᠣᠷᠣᠨ ᠪᠦᠰᠡ ᠠᠯᠤᠰᠯᠠᠭᠰᠠᠨ ᠰᠢᠷᠢᠰ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨᠲᠠ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠨ᠎ᠠ᠃ ᠲᠠᠪᠤ ᠳᠤ᠂ ᠲᠡᠦᠬᠡ ᠶᠢᠨ ᠳᠤᠷᠠᠰᠬᠠᠯᠲᠤ ᠵᠦᠢᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠨᠡᠬᠡᠮᠵᠢᠯᠡᠨ ᠲᠤᠰᠢᠶᠠᠯᠭᠠᠬᠤ ᠲᠠᠶᠢᠯᠠᠯᠳᠤᠭᠠᠨ ᠢ ᠰᠠᠶᠢᠲᠤᠷ ᠬᠢᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠬᠤᠯᠠᠭᠠᠶᠢᠯᠠᠭᠳᠠᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠳᠤ ᠲᠦᠰᠢᠭᠯᠡᠨ᠂ ᠨᠢᠭᠡ ᠪᠦᠯᠦᠭ ᠲᠡᠦᠬᠡ ᠶᠢᠨ ᠳᠤᠷᠠᠰᠬᠠᠯᠲᠤ ᠵᠦᠢᠯ ᠤᠨ ᠶᠠᠯᠠᠲᠤ ᠬᠡᠷᠡᠭ ᠢ ᠳᠠᠬᠢᠨ ᠲᠠᠩᠨᠠᠨ ᠢᠯᠡᠷᠡᠭᠦᠯᠵᠦ᠂ ᠨᠢᠭᠡ ᠪᠦᠯᠦᠭ ᠲᠡᠦᠬᠡ ᠶᠢᠨ ᠳᠤᠷᠠᠰᠬᠠᠯᠲᠤ ᠵᠦᠢᠯ ᠤᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠨᠢᠭᠡ ᠪᠦᠯᠦᠭ ᠬᠤᠯᠠᠭᠠᠶᠢᠯᠠᠭᠳᠠᠭᠰᠠᠨ ᠲᠡᠦᠬᠡ ᠶᠢᠨ ᠳᠤᠷᠠᠰᠬᠠᠯᠲᠤ ᠵᠦᠢᠯ ᠢ ᠨᠡᠬᠡᠮᠵᠢᠯᠡᠨ ᠲᠤᠰᠢᠶᠠᠯᠭᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠨ᠎ᠡ᠃ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠠᠷᠠᠳ ᠢᠷᠭᠡᠳ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠠᠩᠬᠠᠷᠤᠯ ᠢᠶᠠᠨ ᠶᠡᠭᠡ ᠲᠠᠯᠪᠢᠵᠤ ᠪᠠᠶᠢᠨ᠎ᠠ᠂ ᠡᠨᠡ ᠵᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠣᠬᠢᠯᠲᠠ ᠥᠭᠬᠦ᠂ ᠵᠠᠰᠠᠬᠤ᠂ ᠰᠡᠷᠭᠡᠶᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠤᠨ ᠠᠷᠭ᠎ᠠ ᠪᠣᠳᠣᠯᠭ᠎ᠠ ᠠᠪᠬᠤ ᠪᠣᠶ︖ ᠰᠢᠤᠢ ᠰᠢᠨ᠄ ᠣᠳᠣᠬᠠᠨ ᠳᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠨᠢᠭᠡᠨᠲᠡ ᠲᠣᠪᠣᠶᠢᠮ᠎ᠠ ᠨᠡᠶᠢᠭᠡᠮ ᠤᠨ ᠠᠰᠠᠭᠤᠳᠠᠯ ᠪᠣᠯᠵᠣ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠵᠤ ᠪᠠᠶᠢᠨ᠎ᠠ᠃ ᠡᠶᠢᠮᠦᠷᠬᠦᠦ ᠲᠥᠷᠥᠯ ᠤᠨ ᠶᠠᠯᠠᠲᠤ ᠠᠵᠢᠯᠯᠠᠭ᠎ᠠ ᠨᠢ ᠤᠯᠠᠮᠵᠢᠯᠠᠯᠲᠤ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢ ᠳᠡᠩᠨᠡᠨ ᠪᠠᠶᠢᠴᠠᠭᠠᠵᠤ ᠴᠣᠬᠢᠯᠲᠠ ᠥᠭᠬᠦ ᠠᠴᠠ ᠢᠯᠭᠠᠭ᠎ᠠ ᠲᠠᠢ ᠪᠠᠶᠢᠵᠤ᠂ ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠤᠬᠠᠭᠤᠯᠬᠤ ᠶᠢ ᠵᠡᠷᠭᠡ ᠪᠠᠷ ᠠᠬᠢᠭᠤᠯᠵᠤ᠂ ᠣᠯᠠᠨ ᠲᠠᠯ᠎ᠠ ᠶᠢ ᠵᠡᠷᠭᠡ ᠪᠠᠷ ᠠᠳᠬᠤᠬᠤ ᠬᠡᠷᠡᠭᠲᠡᠶ᠂ ᠪᠥᠬᠦ ᠣᠷᠣᠨ ᠤ ᠡᠯ᠎ᠡ ᠱᠠᠲᠤᠨ ᠤ ᠮᠡᠬᠡᠯᠡᠯ ᠢ ᠡᠰᠡᠷᠭᠦᠴᠡᠬᠦ ᠲᠥᠪ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠶᠡᠷᠦᠩᠬᠡᠶᠢᠯᠡᠨ ᠵᠠᠰᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠪᠣᠳᠠᠲᠠᠶ ᠠᠷᠭ᠎ᠠ ᠬᠡᠮᠵᠢᠶ᠎ᠡ ᠨᠢ᠄ ᠨᠢᠭᠡ ᠳᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠨ᠎ᠠ᠃ ᠪᠥᠬᠦ ᠣᠷᠣᠨ ᠤ ᠡᠯ᠎ᠡ ᠱᠠᠲᠤᠨ ᠤ ᠮᠡᠬᠡᠯᠡᠯ ᠢ ᠡᠰᠡᠷᠭᠦᠴᠡᠬᠦ ᠲᠥᠪ ᠨᠢ ᠠᠷᠠᠳ ᠣᠯᠠᠨ ᠤ ︽ᠵᠣᠭᠤᠰᠣᠨ ᠴᠦᠩᠬᠦ︾ ᠶᠢ ᠰᠠᠶᠢᠲᠤᠷ ᠬᠠᠮᠠᠭᠠᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠪᠥᠬᠦ ᠬᠦᠴᠦᠨ ᠢᠶᠠᠷ ᠢᠶᠠᠨ ᠲᠡᠷᠡ ᠳᠠᠷᠤᠶ ᠳᠤ ᠨᠢ ᠭᠤᠪᠢᠭᠤᠯᠬᠤ ᠶᠢ ᠬᠤᠷᠢᠭᠯᠠᠵᠤ ᠬᠤᠬᠢᠷᠠᠯ ᠢ ᠡᠭᠡᠭᠦᠯᠵᠦ᠂ ᠮᠡᠳᠡᠭᠡ ᠵᠠᠩᠭᠢ ᠶᠢ ᠰᠤᠳᠤᠯᠤᠨ ᠮᠠᠭᠠᠳᠯᠠᠵᠤ ᠵᠠᠳᠠᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠡᠬᠢ ᠪᠠᠶᠠᠯᠢᠭ᠂ ᠲᠤᠰᠬᠠᠶ ᠠᠷᠭ᠎ᠠ ᠪᠠᠷᠢᠯ ᠪᠠ ᠲᠤᠰᠬᠠᠶ ᠮᠡᠷᠭᠡᠵᠢᠯ ᠤᠨ ᠡᠩᠨᠡᠭᠡ ᠪᠠᠷ ᠡᠶᠢᠮᠦᠷᠬᠦᠦ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠶᠢ ᠠᠷᠭᠠᠴᠠᠵᠤ᠂ ᠪᠥᠬᠦ ᠬᠦᠴᠦᠨ ᠢᠶᠠᠷ ᠢᠶᠠᠨ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠴᠢ ᠲᠡᠳᠡᠨ ᠤ ᠬᠠᠷ᠎ᠠ ᠪᠣᠲᠤᠩᠭᠤᠢ ᠠᠵᠤ ᠦᠶᠯᠡᠰ ᠲᠤ ᠪᠥᠬᠦ ᠬᠡᠯᠬᠢᠶ᠎ᠡ ᠪᠠᠷ ᠴᠣᠬᠢᠯᠲᠠ ᠦᠭᠭᠦᠨ᠎ᠡ᠃ ᠬᠤᠶᠠᠷ ᠲᠤ᠂ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭᠠᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠡᠨᠡ ᠵᠢᠯ ᠮᠡᠬᠡᠯᠡᠯ ᠳᠤ ᠬᠤᠯᠪᠣᠭᠳᠠᠭᠰᠠᠨ ᠪᠠᠩᠬᠢ ᠶᠢᠨ ᠺᠠᠷᠲ᠂ ᠭᠠᠷ ᠤᠲᠠᠰᠤᠨ ᠤ ︽ᠬᠤᠶᠠᠷ ᠺᠠᠷᠲ︾ ᠤᠨ ︽ᠺᠠᠷᠲ ᠲᠠᠰᠤᠯᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ︽ᠣᠭᠲᠣ ᠠᠭᠤᠴᠢᠯᠠᠬᠤ ᠥᠬᠡᠶ︾ ᠣᠪᠣᠷ ᠢᠶᠠᠷ᠂ ︽ᠬᠤᠶᠠᠷ ᠺᠠᠷᠲ︾ ᠢ ᠬᠠᠤᠯᠢ ᠪᠤᠰᠤ ᠪᠠᠷ ᠬᠤᠳᠠᠯᠳᠤᠭᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠠᠬᠢᠯᠭᠠᠨ ᠬᠤᠯᠪᠣᠭᠠᠨ ᠤ ᠠᠵᠤ ᠠᠬᠤᠶᠢᠯᠠᠯ᠂ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢᠨ ︽ᠬᠡᠨ ᠺᠠᠷᠲ ᠥᠭᠪᠡᠯ ᠬᠡᠨ ᠬᠠᠷᠢᠭᠤᠴᠠᠬᠤ︾ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ ᠡᠭᠦᠨ ᠤ ᠬᠠᠮᠲᠤ ᠲᠠᠪᠤᠨ ᠶᠠᠮᠤᠨ ᠵᠥᠪᠯᠡᠯ ᠤᠨ ︽ᠳ᠋ᠢᠶᠠᠩᠬᠤᠸᠠ ᠶᠢᠨ ᠺᠠᠷᠲ᠂ ᠪᠠᠩᠬᠢ ᠶᠢᠨ ᠺᠠᠷᠲ ᠢ ᠬᠠᠤᠯᠢ ᠪᠤᠰᠤ ᠪᠠᠷ ᠬᠤᠳᠠᠯᠳᠤᠭᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠵᠠᠯᠬᠠᠭᠠᠨ ᠴᠡᠭᠡᠷᠯᠡᠭᠦᠯᠬᠦ ᠲᠤᠬᠠᠶ ᠮᠡᠳᠡᠭᠳᠡᠯ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠤᠯᠪᠣᠭ᠎ᠠ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠳ᠋ᠢᠶᠠᠩᠬᠤᠸᠠ ᠶᠢᠨ ᠬᠡᠷᠡᠭᠯᠡᠭᠴᠢ ᠶᠢᠨ ᠬᠠᠮᠢᠶᠠᠷᠤᠯᠲᠠ ᠶᠢᠨ ᠰᠠᠨᠠᠯ︾ ᠢ ᠦᠨᠳᠦᠰᠦᠯᠡᠨ᠂ ᠪᠠᠩᠬᠢ ᠶᠢᠨ ᠺᠠᠷᠲ᠂ ᠭᠠᠷ ᠤᠲᠠᠰᠤᠨ ᠤ ᠺᠠᠷᠲ ᠢ ᠬᠠᠤᠯᠢ ᠪᠤᠰᠤ ᠪᠠᠷ ᠲᠦᠷᠢᠶᠡᠰᠦᠯᠡᠬᠦ᠂ ᠬᠤᠳᠠᠯᠳᠤᠬᠤ᠂ ᠬᠤᠳᠠᠯᠳᠤᠨ ᠠᠪᠤᠭᠰᠠᠨ ᠬᠡᠷᠡᠭᠯᠡᠭᠴᠢ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠡᠷᠡᠭ ᠲᠤ ᠬᠤᠯᠪᠣᠭᠳᠠᠭᠰᠠᠨ ᠪᠠᠩᠬᠢ ᠶᠢᠨ ᠲᠠᠩᠰᠠᠨ ᠳ᠋ᠤᠭᠠᠷ ᠪᠤᠶᠤ ᠲᠣᠭᠠᠴᠠᠭ᠎ᠠ ᠬᠢᠭᠰᠡᠨ ᠲᠠᠩᠰᠠᠨ ᠳ᠋ᠤᠭᠠᠷ ᠤᠨ ᠨᠢᠭᠡᠴᠢ ᠪᠠ ᠬᠤᠪᠢ ᠬᠥᠮᠦᠨ ᠵᠢᠴᠢ ᠬᠠᠮᠢᠶ᠎ᠠ ᠪᠥᠬᠦᠶ ᠵᠣᠬᠢᠶᠠᠨ ᠪᠠᠶᠢᠭᠤᠯᠤᠭᠴᠢ ᠶᠢᠨ ᠪᠠᠩᠬᠢ ᠶᠢᠨ ᠲᠠᠩᠰᠠᠨ ᠳ᠋ᠤᠭᠠᠷ ᠤᠨ ᠯᠠᠩᠭᠦᠶ ᠶᠢᠨ ᠪᠤᠰᠤ ᠦᠢᠯᠡᠴᠢᠯᠡᠭᠡ᠂ ᠲᠣᠭᠠᠴᠠᠭ᠎ᠠ ᠬᠢᠭᠰᠡᠨ ᠲᠠᠩᠰᠠᠨ ᠳ᠋ᠤᠭᠠᠷ ᠤᠨ ᠪᠣᠶ ᠪᠥᠬᠦᠶ ᠦᠢᠯᠡᠴᠢᠯᠡᠭᠡ ᠶᠢ 5 ᠵᠢᠯ ᠤᠨ ᠳᠣᠲᠣᠷ᠎ᠠ ᠲᠦᠷ ᠵᠣᠭᠰᠣᠭᠠᠬᠤ᠂ ᠰᠢᠨ᠎ᠡ ᠪᠠᠷ ᠲᠠᠩᠰᠠᠨ ᠳ᠋ᠤᠭᠠᠷ ᠨᠡᠭᠡᠭᠡᠵᠦ ᠪᠣᠯᠬᠤ ᠥᠬᠡᠶ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃ ᠮᠡᠬᠡᠯᠡᠯ ᠳᠤ ᠬᠤᠯᠪᠣᠭᠳᠠᠭᠰᠠᠨ ᠤᠲᠠᠰᠤ ᠬᠡᠷᠡᠭᠯᠡᠭᠴᠢ 5 ᠵᠢᠯ ᠤᠨ ᠳᠣᠲᠣᠷ᠎ᠠ ᠰᠦᠯᠵᠢᠶᠡᠨ ᠳᠤ ᠣᠷᠣᠬᠤ ᠦᠢᠯᠡᠴᠢᠯᠡᠭᠡ᠂ ᠨᠣᠮᠧᠷ ᠢᠶᠠᠨ ᠰᠤᠯᠢᠬᠤ ᠦᠭᠡᠢ ᠪᠠᠷ ᠰᠦᠯᠵᠢᠶ᠎ᠡ ᠰᠢᠯᠵᠢᠭᠦᠯᠬᠦ ᠦᠢᠯᠡᠴᠢᠯᠡᠭᠡ᠂ ᠳᠠᠩᠰᠠᠨ ᠳ᠋ᠤᠭᠠᠷ ᠢᠶᠠᠨ ᠰᠢᠯᠵᠢᠭᠦᠯᠬᠦ ᠦᠢᠯᠡᠴᠢᠯᠡᠭᠡ ᠭᠦᠶᠴᠡᠳᠬᠡᠵᠦ ᠪᠣᠯᠬᠤ ᠥᠬᠡᠶ ᠪᠥᠭᠡᠳ ᠵᠥᠪᠬᠡᠨ ᠨᠢᠭᠡ ᠯᠡ ᠤᠲᠠᠰᠤᠨ ᠨᠣᠮᠧᠷ ᠦᠯᠡᠳᠡᠭᠡᠵᠦ ᠪᠣᠯᠤᠨ᠎ᠠ᠃ ᠥᠷᠭᠡᠨ ᠣᠯᠠᠨ ᠠᠷᠠᠳ ᠲᠦᠮᠡᠨ ᠤ ᠰᠡᠷᠡᠮᠵᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠦᠴᠦᠬᠡᠨ ᠠᠰᠢᠭ ᠲᠤ ᠰᠢᠨᠤᠬᠤ ᠠᠴᠠ ᠰᠡᠷᠭᠡᠶᠢᠯᠡᠵᠦ᠂ ᠠᠵᠠ ᠵᠠᠪᠰᠢᠶᠠᠨ ᠳᠤ ᠭᠤᠷᠢᠳᠠᠵᠤ ᠥᠬᠡᠶ ᠪᠠᠶᠢᠵᠤ᠂ ︽ᠬᠤᠶᠠᠷ ᠺᠠᠷᠲ︾ ᠢ ᠬᠠᠤᠯᠢ ᠪᠤᠰᠤ ᠪᠠᠷ ᠬᠤᠳᠠᠯᠳᠤᠭᠠᠯᠠᠵᠤ ᠪᠣᠯᠬᠤ ᠥᠬᠡᠶ ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠬᠡᠯᠡᠯ ᠢ ᠡᠰᠡᠷᠭᠦᠴᠡᠬᠦ ᠲᠥᠪ ᠲᠤ ︽ᠬᠤᠶᠠᠷ ᠺᠠᠷᠲ︾ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭᠠᠨ ᠤ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ︽ᠬᠤᠶᠠᠷ ᠺᠠᠷᠲ︾ ᠢ ᠬᠠᠤᠯᠢ ᠪᠤᠰᠤ ᠪᠠᠷ ᠬᠤᠳᠠᠯᠳᠤᠭᠠᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠯᠬᠠᠭᠠᠨ ᠰᠢᠢᠳᠬᠡᠬᠦ ᠠᠷᠠᠳ ᠤᠨ ᠲᠡᠮᠡᠴᠡᠯ ᠳᠤ ᠤᠷᠤᠯᠴᠠᠬᠤ ᠶᠢ ᠬᠦᠰᠡᠵᠦ ᠪᠠᠶᠢᠨ᠎ᠠ᠃ ᠭᠤᠷᠪᠠ ᠳᠤ᠂ ᠪᠦᠬᠦ ᠨᠡᠶᠢᠭᠡᠮ ᠤᠨ ᠬᠠᠭᠤᠷᠮᠠᠭ ᠢ ᠡᠰᠡᠷᠭᠦᠴᠡᠬᠦ ᠪᠠ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠪᠣᠰᠤᠭ᠎ᠠ ᠴᠣᠭᠴᠠᠲᠤ ᠰᠢᠰᠲ᠋ᠧᠮ ᠢ ᠪᠠᠶᠢᠭᠤᠯᠤᠨ᠎ᠠ᠃ ᠨᠢᠭᠡ ᠲᠠᠯ᠎ᠠ ᠪᠠᠷ ᠤᠷᠢᠳᠴᠢᠯᠠᠨ ᠰᠡᠷᠡᠮᠵᠢᠯᠡᠭᠦᠯᠵᠦ ᠬᠠᠷᠢᠭᠤ ᠰᠤᠷᠪᠤᠯᠵᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠳᠤᠮᠳᠠ ᠣᠯᠵᠤ ᠮᠡᠳᠡᠭᠰᠡᠨ ᠰᠡᠵᠢᠭᠯᠡᠯᠲᠡᠶ ᠬᠤᠬᠢᠷᠠᠯ ᠠᠮᠰᠠᠭᠴᠢ ᠶᠢ ᠲᠡᠷᠡ ᠳᠠᠷᠤᠶ ᠳᠤ ᠨᠢ 96110 ᠮᠡᠬᠡᠯᠡᠯ ᠢ ᠡᠰᠡᠷᠭᠦᠴᠡᠬᠦ ᠲᠤᠰᠬᠠᠶ ᠤᠲᠠᠰᠤ ᠪᠠᠷ ᠢᠳᠬᠠᠨ ᠬᠤᠷᠢᠭᠯᠠᠵᠤ᠂ ᠴᠢᠬᠤᠯᠠᠲᠠᠶ ᠦᠶ᠎ᠡ ᠳᠤ ᠬᠡᠷ ᠲᠤ ᠨᠢ ᠬᠦᠷᠴᠦ ᠨᠢᠭᠤᠷ ᠵᠤᠯᠭᠠᠨ ᠢᠳᠬᠠᠨ ᠬᠤᠷᠢᠭᠯᠠᠵᠤ᠂ ᠣᠯᠠᠨ ᠲᠦᠮᠡᠨ ᠤ ᠮᠡᠬᠡᠯᠡᠭᠳᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠭᠠᠨᠠ᠃ ᠨᠥᠭᠦᠭᠡ ᠲᠠᠯ᠎ᠠ ᠪᠠᠷ ᠤᠬᠠᠭᠤᠯᠤᠨ ᠳᠠᠶᠢᠴᠢᠯᠠᠬᠤ ᠶᠢ ᠪᠥᠬᠦ ᠬᠦᠴᠦᠨ ᠢᠶᠠᠷ ᠴᠢᠩᠭᠠᠳᠬᠠᠵᠤ᠂ ︽ᠤᠮᠠᠷᠠᠲᠤ ᠬᠢᠯᠢ ᠶᠢᠨ ᠮᠡᠬᠡᠯᠡᠯ ᠢ ᠡᠰᠡᠷᠭᠦᠴᠡᠬᠦ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠪᠠ ᠲᠢᠭ ᠲᠤᠭ ᠤᠨ ᠳ᠋ᠤᠭᠠᠷ ᠵᠢᠴᠢ ᠠᠶᠢᠮᠠᠭ ᠬᠤᠲᠠ ᠶᠢᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠳ᠋ᠤᠭᠠᠷ ᠲᠤ ᠲᠦᠰᠢᠭᠯᠡᠨ ᠰᠦᠯᠵᠢᠶᠡᠨ ᠳᠡᠭᠡᠷᠡᠬᠢ ᠮᠡᠬᠡᠯᠡᠯ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠪᠠ ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠢ ᠵᠣᠬᠢᠴᠠᠭᠤᠯᠵᠤ ᠥᠪᠥᠷ ᠮᠣᠩᠭᠤᠯ ᠤᠨ ᠭᠠᠷ ᠤᠲᠠᠰᠤᠨ ᠤ ᠳᠠᠩᠰᠠᠯᠠᠭᠤᠯᠤᠭᠰᠠᠨ ᠬᠡᠷᠡᠭᠯᠡᠭᠴᠢ ᠪᠦᠬᠦᠨ ᠳᠤ ᠮᠡᠬᠡᠯᠡᠯ ᠢ ᠰᠡᠷᠭᠡᠶᠢᠯᠡᠬᠦ ᠰᠠᠨᠠᠭᠤᠯᠭ᠎ᠠ ᠶᠢᠨ ᠣᠬᠤᠷ ᠮᠡᠳᠡᠭᠡ ᠶᠢ ᠶᠠᠪᠤᠭᠤᠯᠬᠤ ᠶᠢᠨ ᠬᠠᠮᠲᠤ᠂ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠢᠳᠡᠪᠬᠢᠲᠡᠶ ᠬᠦᠷᠴᠦ᠂ ᠮᠡᠬᠡᠯᠡᠯ ᠢ ᠰᠡᠷᠭᠡᠶᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠦᠨ᠎ᠡ᠃ ᠬᠠᠮᠢᠶ᠎ᠠ ᠪᠥᠬᠦᠶ ᠪᠠᠶᠢᠭᠤᠯᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠰ ᠠᠵᠢᠯ ᠲᠥᠷᠥᠯ᠂ ᠲᠣᠰ ᠰᠢᠰᠲ᠋ᠧᠮ ᠤᠨ ᠠᠵᠢᠯ ᠡᠷᠭᠢᠯᠡᠭᠰᠡᠳ ᠵᠢᠴᠢ ᠦᠶᠯᠡᠴᠢᠯᠡᠬᠦ ᠡᠲᠡᠭᠡᠳ ᠲᠤ ᠪᠠᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ︽ᠰᠢᠰᠲ᠋ᠧᠮ ᠤᠨ ᠳᠣᠲᠣᠭᠠᠳᠤ ᠳᠤ ᠬᠡᠷᠡᠭ ᠡᠭᠦᠰᠬᠦ ᠥᠬᠡᠶ᠂ ᠬᠤᠯᠪᠣᠭᠳᠠᠬᠤ ᠬᠥᠮᠦᠰ ᠢ ᠪᠦᠷᠢᠨ ᠪᠥᠷᠬᠦᠭᠦᠯᠬᠦ᠂ ᠦᠶᠯᠡᠴᠢᠯᠡᠬᠦ ᠡᠲᠡᠭᠡᠳ ᠢ ᠣᠷᠬᠢᠭᠳᠠᠭᠤᠯᠬᠤ ᠥᠬᠡᠶ︾ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠨ᠎ᠠ᠃ ᠵᠠᠭᠤᠴᠢᠯᠠᠭᠤᠷ ᠤᠨ ᠨᠠᠶᠢᠵᠠ ᠨᠥᠬᠦᠳ ᠤᠨ ᠬᠠᠭᠤᠷᠮᠠᠭ ᠢ ᠡᠰᠡᠷᠬᠦᠴᠡᠵᠦ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠳᠤ ᠬᠠᠮᠲᠤ ᠪᠠᠷ ᠣᠷᠣᠯᠴᠠᠵᠤ᠂ ᠣᠯᠠᠨ ᠲᠦᠮᠡᠨ ᠤ ᠬᠠᠤᠯᠢ ᠶᠣᠰᠣᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠡᠪᠦᠷᠯᠡᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠳᠤ ᠢᠳᠡᠪᠬᠢᠲᠡᠶ ᠣᠷᠣᠯᠴᠠᠵᠤ᠂ ᠨᠡᠶᠢᠭᠡᠮ ᠤᠨ ᠤᠬᠠᠭᠤᠯᠭ᠎ᠠ ᠶᠢᠨ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠬᠤ ᠶᠢ ᠬᠦᠰᠡᠵᠦ ᠪᠠᠶᠢᠨ᠎ᠠ᠃ ᠥᠷᠭᠡᠨ ᠣᠯᠠᠨ ᠠᠷᠠᠳ ᠲᠦᠮᠡᠨ ᠤ ᠢᠳᠡᠪᠬᠢᠲᠡᠶ ᠬᠠᠮᠵᠢᠯᠴᠠᠵᠤ᠂ ᠮᠡᠬᠡᠯᠡᠯ ᠢ ᠰᠡᠷᠭᠡᠶᠢᠯᠡᠬᠦ ᠮᠡᠳᠡᠭᠡ ᠵᠠᠩᠭᠢ ᠶᠢ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠳᠤ ᠪᠠᠨ ᠪᠣᠯᠭᠤᠮᠵᠢᠲᠠᠶ ᠪᠠᠶᠢᠵᠤ᠂ ᠮᠡᠬᠡᠯᠡᠯ ᠢ ᠲᠠᠨᠢᠬᠤ᠂ ᠮᠡᠬᠡᠯᠡᠯ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠬᠠᠭᠤᠷᠮᠠᠭ ᠢ ᠡᠰᠡᠷᠬᠦᠴᠡᠵᠦ ᠮᠡᠬᠡᠯᠡᠯ ᠢ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃ ᠵᠦᠩ ᠬᠤᠩ ᠰᠦᠯᠵᠢᠶᠡᠨ ᠤ ᠰᠤᠷᠪᠤᠯᠵᠢᠯᠠᠭᠴᠢ᠄ 2020 ᠣᠨ ᠳᠤ᠂ ᠤᠯᠤᠰ ᠤᠨ ᠬᠤᠤᠷ ᠴᠠᠭᠠᠵᠠᠯᠠᠬᠤ ᠠᠯᠪᠠᠨ ᠬᠡᠷ ᠪᠥᠬᠦ ᠤᠯᠤᠰ ᠤᠨ ᠴᠢᠨᠠᠷᠲᠠᠶ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠮᠥᠷᠥᠶᠢᠴᠡᠭᠡᠨ ᠡᠷᠬᠢᠯᠡᠭᠰᠡᠨ ᠢ ᠤᠶᠢᠯᠠᠭᠠᠯ᠎ᠠ᠂ ᠲᠠ ᠨᠠᠷ ᠶᠠᠮᠠᠷ ᠶᠠᠮᠠᠷ ᠠᠮᠵᠢᠯᠲᠠ ᠣᠯᠤᠭᠰᠠᠨ ᠪᠣᠶ︖ ᠳᠥᠭᠦᠮᠬᠡᠨ ᠲᠠᠨᠢᠯᠴᠠᠭᠤᠯᠵᠤ ᠪᠤᠯᠤᠨ᠎ᠠ ᠤᠤ︖ ᠸᠠᠩ ᠲᠢᠶᠧ ᠹᠧᠩ᠄ ︽ᠬᠢᠯᠢ ᠬᠢᠵᠠᠭᠠᠷ ᠢ ᠴᠡᠪᠡᠷᠰᠢᠭᠦᠯᠬᠦ 2020︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠠᠯᠲᠠᠨ ᠭᠤᠷᠪᠠᠯᠵᠢᠨ︾ ᠭᠠᠵᠠᠷ ᠣᠷᠣᠨ ᠤ ᠬᠤᠤᠷᠲᠤ ᠡᠳ᠋ ᠨᠠᠪᠴᠢᠨ ᠣᠷᠣᠵᠤ ᠢᠷᠡᠬᠦ ᠶᠢ ᠡᠷᠡᠰ ᠬᠤᠷᠢᠭᠯᠠᠬᠤ ᠶᠢᠨ ᠲᠥᠯᠥᠭᠡ᠂ ᠤᠯᠤᠰ ᠤᠨ ᠬᠤᠤᠷ ᠴᠠᠭᠠᠵᠠᠯᠠᠬᠤ ᠠᠯᠪᠠᠨ ᠬᠡᠷ 2020 ᠣᠨ ᠤ 7 ᠳ᠋ᠤᠭᠠᠷ ᠰᠠᠷ᠎ᠠ ᠶᠢᠨ 8 ᠤ ᠡᠳᠦᠷ ᠠᠴᠠ 7 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠂ ᠶᠦᠨᠨᠠᠨ ᠤ 6 ᠲᠥᠯᠦᠭᠡᠯᠡᠭᠴᠢ ᠠᠩᠭᠢ ᠶᠢ ᠪᠠᠭᠲᠠᠭᠠᠭᠰᠠᠨ ᠪᠥᠬᠦ ᠤᠯᠤᠰ ᠤᠨ 15 ᠮᠤᠵᠢ ᠣᠷᠣᠨ ᠬᠤᠲᠠ ᠪᠠ 4 ᠰᠠᠯᠠᠭ᠎ᠠ ᠮᠥᠴᠢᠷ ᠤᠨ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ᠂ ᠨᠡᠶᠢᠲᠡ 25 ᠲᠥᠯᠥᠭᠡᠯᠡᠭᠴᠢ ᠠᠩᠭᠢ ᠪᠠᠶᠢᠭᠤᠯᠵᠤ᠂ ᠶᠦᠨᠨᠠᠨ ᠳᠤ 5 ᠭᠤᠤᠯ ᠲᠡᠶᠢᠨ ᠤ ᠲᠠᠯᠠᠪᠤᠷ ᠬᠤᠪᠢᠶᠠᠵᠤ ︽ᠤᠯᠠᠭᠠᠨ ᠬᠥᠬᠡ ᠶᠢᠨ ᠡᠰᠡᠷᠭᠦᠴᠡᠯᠳᠦᠭᠡᠨ︾ ᠬᠤᠤᠷᠲᠤ ᠡᠳ᠋ ᠢ ᠨᠡᠩᠵᠢᠨ ᠪᠠᠶᠢᠴᠠᠭᠠᠬᠤ ᠤᠷ᠎ᠠ ᠴᠢᠳᠠᠪᠤᠷᠢ ᠶᠢᠨ ᠮᠥᠷᠥᠶᠢᠴᠡᠭᠡᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠲᠣᠰ ᠤᠳᠠᠭᠠᠨ ᠤ ᠶᠡᠭᠡ ᠮᠥᠷᠥᠶᠢᠴᠡᠭᠡᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠮᠥᠷᠥᠶᠢᠴᠡᠭᠡᠨ ᠤ ᠲᠥᠰᠦᠯ ᠢ ᠭᠦᠨᠵᠡᠭᠡᠶ ᠵᠠᠳᠠᠯᠤᠨ ᠰᠤᠳᠤᠯᠵᠤ᠂ ᠨᠡᠩᠵᠢᠨ ᠪᠠᠶᠢᠴᠠᠭᠠᠬᠤ ᠲᠥᠰᠦᠯ ᠲᠣᠭᠲᠠᠭᠠᠵᠤ᠂ ᠪᠠᠶᠢᠯᠳᠤᠭᠠᠨ ᠳᠤ ᠣᠷᠣᠯᠴᠠᠬᠤ ᠭᠡᠰᠢᠭᠦᠳ ᠤᠨ ᠪᠦᠷᠢᠯᠳᠦᠬᠦᠨ ᠢ ᠰᠢᠯᠢᠳᠡᠭᠵᠢᠭᠦᠯᠵᠦ᠂ ᠲᠦᠷ ᠴᠠᠭ ᠤᠨ ᠨᠠᠮ ᠤᠨ ᠡᠭᠦᠷ ᠪᠠᠶᠢᠭᠤᠯᠵᠤ᠂ ᠡᠩᠨᠡᠭᠡᠨ ᠤ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠤᠳᠤᠷᠢᠳᠤᠯᠭ᠎ᠠ ᠶᠢ ᠴᠢᠩᠭᠠᠳᠬᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠤᠷᠤᠯᠴᠠᠭᠰᠠᠨ ᠭᠠᠵᠠᠷ ᠪᠣᠯ ᠴᠢᠦᠶ ᠵᠢᠩ ᠬᠤᠲᠠ ᠶᠢᠨ ᠹᠦ᠋ ᠶᠤᠸᠠᠨ ᠰᠢᠶᠠᠨ ᠤ ᠱᠧᠩ ᠵᠢᠩ ᠭᠤᠸᠠᠨ ᠬᠤᠤᠷᠲᠤ ᠡᠳ᠋ ᠢ ᠪᠠᠶᠢᠴᠠᠭᠠᠬᠤ ᠥᠷᠲᠡᠭᠡ ᠪᠣᠯᠤᠨ᠎ᠠ᠂ ᠶᠦᠨᠨᠠᠨ᠂ ᠭᠦᠶᠵᠧᠦ ᠬᠤᠶᠠᠷ ᠮᠤᠵᠢ ᠶᠢᠨ ᠠᠭᠤᠯᠵᠠᠷ ᠲᠤ ᠬᠢ ᠠᠭᠤᠯᠠᠷᠬᠠᠭ ᠣᠷᠣᠨ ᠳᠤ ᠪᠠᠶᠢᠷᠢᠯᠠᠵᠤ᠂ ᠲᠡᠯᠡᠶ ᠶᠢᠨ ᠲᠦᠪᠰᠢᠨ ᠥᠨᠳᠥᠷ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠡᠷᠬᠢᠨ ᠲᠣᠭᠤᠷᠢᠨ ᠤ ᠰᠢᠮᠠᠭᠤᠯ ᠪᠠᠲᠠᠭᠠᠨ᠎ᠠ ᠠᠷᠪᠢᠨ ᠮᠥᠷᠲᠡᠭᠡᠨ ᠨᠡᠩᠵᠢᠨ ᠪᠠᠶᠢᠴᠠᠭᠠᠬᠤ ᠠᠵᠢᠯ ᠳᠤ ︽ᠲᠠᠪᠤᠨ ᠠᠩᠬᠢ ᠭᠤᠷᠪᠠ ᠡᠭᠡᠯᠵᠢ ᠪᠠᠷ ᠠᠵᠢᠯᠯᠠᠬᠤ ᠪᠠ ᠰᠢᠯᠵᠢᠮᠡᠯ ᠨᠡᠩᠵᠢᠨ ᠪᠠᠶᠢᠴᠠᠭᠠᠯᠲᠠ︾ ᠢ ᠬᠡᠷᠡᠭᠵᠢᠭᠦᠯᠦᠭᠰᠡᠨ ᠠᠴᠠ ᠮᠠᠨ ᠤ ᠣᠷᠣᠨ ᠤ ᠲᠥᠯᠥᠭᠡᠯᠡᠭᠴᠢᠳ ᠤᠨ ᠠᠩᠭᠢ ᠳᠤ ᠮᠠᠰᠢ ᠶᠡᠭᠡ ᠬᠦᠴᠢᠷᠳᠡᠯ ᠤᠴᠠᠷᠠᠭᠤᠯᠵᠠᠶ᠃ ᠲᠤᠬᠠᠢ ᠶᠢᠨ ᠭᠠᠵᠠᠷ ᠤᠨ ᠠᠵᠢᠯ ᠤᠨ ᠨᠥᠬᠦᠴᠡᠯ ᠳᠤ ᠴᠠᠭ ᠲᠤᠬᠠᠢ ᠳᠤ ᠨᠢ ᠵᠣᠬᠢᠴᠠᠬᠤ ᠶᠢᠨ ᠲᠥᠯᠥᠭᠡ᠂ ᠪᠢᠳᠡ ᠳᠠᠷᠤᠢ ᠲᠦᠷᠭᠡᠨ ᠲᠤᠬᠢᠷᠠᠭᠤᠯᠤᠯᠳᠠ ᠬᠢᠵᠦ᠂ ᠪᠤᠰᠤᠳ ᠠᠬ᠎ᠠ ᠳᠡᠭᠦᠦ ᠪᠠᠶᠢᠭᠤᠯᠭ᠎ᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠬᠤ ᠶᠢᠨ ᠬᠠᠮᠲᠤ ᠥᠪᠡᠷ ᠤᠨ ᠨᠡᠩᠵᠢᠨ ᠪᠠᠶᠢᠴᠠᠭᠠᠬᠤ ᠠᠷᠭ᠎ᠠ ᠮᠠᠶ᠋ᠢᠭ ᠢᠶᠠᠨ ᠲᠠᠰᠤᠷᠠᠯᠳᠠ ᠦᠭᠡᠢ ᠰᠠᠶᠢᠵᠢᠷᠠᠭᠤᠯᠪᠠ᠃ 15 ᠡᠳᠦᠷ ᠤᠨ ᠰᠢᠷᠭᠠᠭᠤ ᠬᠠᠲᠠᠭᠤᠵᠢᠯᠲᠠᠶ ᠲᠡᠮᠡᠴᠡᠯ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ᠂ ᠡᠯ᠎ᠡ ᠠᠶᠢᠮᠠᠭ ᠬᠤᠲᠠ ᠪᠣᠯᠤᠨ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ 22 ᠬᠥᠮᠦᠨ ᠢᠶᠠᠷ ᠪᠦᠷᠢᠯᠳᠦᠭᠰᠡᠨ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ ᠨᠡᠶᠢᠲᠡ 7.2 ᠺᠢᠯᠣᠭ᠍ᠷᠠᠮ ᠥᠨᠳᠥᠷ ᠴᠡᠪᠡᠷᠴᠡ ᠲᠠᠢ ᠬᠤᠤᠷᠲᠤ ᠡᠳ᠋ ᠾᠧᠷᠣᠶ᠋ᠢᠨ ᠢ ᠪᠠᠶᠢᠴᠠᠭᠠᠨ ᠣᠯᠵᠤ᠂ ᠲᠣᠪᠣᠶᠢᠮ᠎ᠠ ᠬᠢᠷᠢ ᠪᠦᠲᠦᠮᠵᠢ ᠪᠠᠷ ᠴᠢᠦᠶ ᠵᠢᠩ ᠤᠨ ᠲᠡᠶᠢᠨ ᠤ ᠲᠠᠯᠠᠪᠤᠷ ᠤᠨ ᠤᠯᠠᠭᠠᠨ ᠴᠡᠷᠢᠭ ᠤᠨ ᠨᠢᠭᠡᠳᠦᠭᠡᠷ ᠲᠤ ᠵᠢᠭᠰᠠᠵᠤ᠂ ᠲᠡᠶᠢᠨ ᠳᠤ ᠣᠷᠣᠯᠴᠠᠭᠰᠠᠨ ᠪᠦᠬᠦ ᠮᠤᠵᠢ ᠣᠷᠣᠨ ᠬᠤᠲᠠ ᠶᠢᠨ ᠳᠣᠲᠣᠷ᠎ᠠ᠂ ᠮᠠᠨ ᠤ ᠣᠷᠣᠨ ᠤ ᠬᠤᠤᠷᠲᠤ ᠡᠳ᠋ ᠣᠯᠵᠠᠯᠠᠭᠰᠠᠨ ᠶᠡᠷᠦᠩᠬᠡᠶ ᠬᠡᠮᠵᠢᠶ᠎ᠡ ᠵᠥᠪᠬᠡᠨ ᠶᠦᠨᠨᠠᠨ ᠮᠤᠵᠢ ᠠᠴᠠ ᠬᠤᠴᠣᠷᠴᠤ᠂ ᠨᠢᠭᠡᠳᠦᠭᠡᠷ ᠪᠦᠯᠦᠭ ᠤᠨ 16 ᠮᠤᠵᠢ ᠣᠷᠣᠨ ᠬᠤᠲᠠ ᠶᠢᠨ ᠬᠤᠶᠠᠳᠤᠭᠠᠷ ᠲᠤ ᠵᠢᠭᠰᠠᠪᠠ᠃ ᠲᠣᠰ ᠬᠢᠷᠢ ᠪᠦᠲᠦᠮᠵᠢ ᠨᠢ ᠤᠯᠤᠰ ᠤᠨ ᠬᠤᠤᠷ ᠴᠠᠭᠠᠵᠠᠯᠠᠬᠤ ᠠᠯᠪᠠᠨ ᠬᠡᠷ ᠤᠨ ︽ᠤᠯᠠᠭᠠᠨ ᠬᠥᠬᠡ ᠤᠨ ᠡᠰᠡᠷᠭᠦᠴᠡᠯᠳᠦᠭᠡᠨ︾ ᠬᠤᠤᠷᠲᠤ ᠡᠳ᠋ ᠢ ᠨᠡᠩᠵᠢᠨ ᠪᠠᠶᠢᠴᠠᠭᠠᠬᠤ ᠤᠷ᠎ᠠ ᠴᠢᠳᠠᠪᠤᠷᠢ ᠶᠢᠨ ᠶᠡᠭᠡ ᠮᠥᠷᠥᠶᠢᠴᠡᠭᠡᠨ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠣᠯᠤᠭᠰᠠᠨ ᠬᠠᠮᠤᠭ ᠤᠨ ᠰᠠᠶᠢᠨ ᠨᠡᠷᠡᠰ ᠤᠨ ᠳᠠᠷᠠᠭᠠᠯᠠᠯ ᠪᠤᠯᠤᠨ᠎ᠠ᠃ ᠮᠠᠨ ᠤ ᠣᠷᠣᠨ ᠤ ᠲᠥᠯᠥᠭᠡᠯᠡᠭᠴᠢᠳ ᠤᠨ ᠠᠩᠭᠢ ᠶᠢ ᠤᠯᠤᠰ ᠤᠨ ᠬᠤᠤᠷ ᠴᠠᠭᠠᠵᠠᠯᠠᠬᠤ ᠠᠯᠪᠠᠨ ᠬᠡᠷ ᠲᠡᠷᠢᠭᠦᠨ ᠤ ᠨᠢᠭᠡᠴᠢ ᠪᠠᠷ ᠲᠣᠭᠲᠠᠭᠠᠵᠤ᠂ ᠪᠠᠰᠠ ᠬᠤᠶᠠᠷ ᠬᠥᠮᠦᠨ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ 2020 ᠣᠨ ᠤ 7 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠾᠧᠩ ᠰᠢᠶᠤᠤ ᠹᠠᠨ᠄ ︽ᠰᠠᠶᠢᠨ ᠪᠠᠶᠢᠨ᠎ᠠ︕ ᠬᠥᠬᠢᠭᠦᠯᠦᠨ ᠰᠠᠶᠢᠰᠢᠶᠠᠬᠤ ᠬᠡᠷᠡᠭᠲᠡᠢ ᠪᠥᠭᠡᠳ ᠳᠠᠷᠤᠢ ᠲᠦᠷᠭᠡᠨ ᠴᠣᠬᠢᠯᠲᠠ ᠥᠭᠬᠦ ᠠᠵᠢᠯ ᠳᠤ ᠤᠷᠤᠯᠴᠠᠭᠤᠯᠵᠤ᠂ ᠤᠯᠠᠨ ᠳᠤ ᠲᠤᠷᠰᠢᠯᠭ᠎ᠠ ᠶᠢ ᠨᠢ ᠤᠯᠠᠮᠵᠢᠯᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ︾ ᠭᠡᠰᠡᠨ ᠴᠤᠬᠤᠯᠠᠪᠤᠷᠢ ᠦᠭᠴᠦ᠂ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠠᠢ᠃ ᠥᠪᠥᠷ ᠮᠣᠩᠭᠤᠯ ᠤᠨ ᠬᠠᠮ ᠵᠠᠭᠤᠴᠢᠯᠠᠭᠤᠷ ᠰᠦᠯᠵᠢᠶᠡᠨ ᠤ ᠰᠤᠷᠪᠤᠯᠵᠢᠯᠠᠭᠴᠢ᠄ 2020 ᠣᠨ ᠳᠤ ᠪᠥᠬᠦ ᠣᠷᠣᠨ ᠤ ᠬᠤᠤᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ ᠶᠠᠮᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠬᠤ ᠪᠣᠢ︖ ᠸᠠᠩ ᠲᠢᠶᠧ ᠹᠧᠩ᠄ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠯᠪᠠᠨ ᠬᠡᠷ ᠪᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠵᠥᠪᠯᠡᠯ ᠤᠨ ᠪᠦᠬᠦᠯᠢ ᠴᠣᠭᠴᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ ᠬᠤᠤᠷᠲᠤ ᠡᠳ᠋ ᠤᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠣᠨ ᠤ ᠰᠢᠯᠭᠠᠨ ᠪᠠᠶᠢᠴᠠᠭᠠᠯᠲᠠ ᠲᠠᠢ ᠵᠦᠶᠯ ᠳᠠᠷᠠᠭᠠᠯᠠᠨ ᠬᠠᠷᠭᠤᠭᠤᠯᠵᠤ᠂ ᠬᠤᠶᠠᠷ ᠢ ᠴᠤᠬᠢᠵᠤ ᠬᠤᠶᠠᠷ ᠢ ᠡᠵᠡᠮᠳᠡᠬᠦ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠨᠡᠶᠢᠭᠡᠮ ᠳᠡᠭᠡᠷᠡᠬᠢ ᠬᠤᠤᠷ ᠲᠠᠲᠠᠭᠴᠢ ᠶᠢ ᠬᠢᠨᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠲᠡᠬᠦᠯᠳᠡᠷᠵᠢᠬᠦᠯᠵᠦ᠂ ᠬᠤᠤᠷᠲᠤ ᠡᠳ᠋ ᠦᠶᠯᠡᠳᠬᠦ ᠶᠠᠯᠠᠲᠤ ᠠᠵᠢᠯᠯᠠᠭ᠎ᠠ ᠶᠢ ᠬᠢᠨᠠᠨ ᠪᠠᠶᠢᠴᠠᠭᠠᠵᠤ ᠰᠡᠷᠭᠡᠶᠢᠯᠡᠨ ᠡᠵᠡᠮᠳᠡᠵᠦ ᠴᠣᠬᠢᠯᠲᠠ ᠥᠭᠴᠦ᠂ ᠪᠥᠬᠦ ᠴᠠᠭᠳᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠲᠡᠮᠡᠴᠡᠯ ᠳᠤ ᠣᠷᠣᠯᠴᠠᠭᠤᠯᠬᠤ᠂ ᠣᠷᠣᠨ ᠪᠦᠰᠡ ᠠᠯᠤᠰᠯᠠᠨ ᠬᠤᠤᠷᠲᠤ ᠡᠳ᠋ ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠬᠤ ᠵᠡᠷᠭᠡ ᠭᠤᠤᠯ ᠠᠷᠭ᠎ᠠ ᠬᠡᠮᠵᠢᠶ᠎ᠡ ᠠᠪᠴᠤ᠂ ᠬᠠᠤᠯᠢ ᠬᠡᠷᠡᠭᠵᠢᠭᠦᠯᠵᠦ ᠴᠣᠬᠢᠯᠲᠠ ᠥᠭᠬᠦ ᠠᠵᠢᠯ ᠤᠨ ᠦᠷ᠎ᠡ ᠪᠦᠲᠦᠭᠡᠯ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠤ ︽ᠬᠤᠤᠷᠲᠤ ᠡᠳ᠋ ᠢ ᠴᠠᠭᠠᠵᠠᠯᠠᠬᠤ ᠳᠤ ᠥᠪᠡᠷ ᠤᠨ ᠲᠤᠰᠬᠠᠶ ᠮᠡᠷᠭᠡᠵᠢᠯᠲᠡᠨ᠂ ᠴᠢᠳᠠᠪᠤᠷᠢᠲᠠᠨ ᠪᠠᠶᠢᠬᠤ ᠬᠡᠷᠡᠭᠲᠡᠶ︾ ᠭᠡᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠤᠤᠷᠲᠤ ᠡᠳ᠋ ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠬᠤᠤᠷᠲᠤ ᠡᠳ᠋ ᠢ ᠨᠡᠩᠵᠢᠨ ᠢᠯᠡᠷᠡᠬᠦᠯᠬᠦ ᠰᠠᠯᠠᠭ᠎ᠠ ᠮᠥᠴᠢᠷ ᠢ ᠳᠠᠶᠢᠴᠢᠯᠠᠨ ᠳᠠᠭᠠᠭᠤᠯᠵᠤ ︽ᠲᠤᠰᠬᠠᠶ ᠮᠡᠷᠭᠡᠵᠢᠯᠲᠡᠨ ᠤ ᠬᠡᠯᠪᠡᠷᠢ︾ ᠶᠢᠨ ᠴᠢᠳᠠᠪᠤᠷᠢᠲᠠᠨ ᠢ ᠶᠡᠭᠡ ᠪᠠᠷ ᠢᠯᠡᠷᠡᠬᠦᠯᠦᠨ ᠬᠥᠮᠦᠵᠢᠭᠦᠯᠵᠦ᠂ ᠬᠤᠤᠷᠲᠤ ᠡᠳ᠋ ᠢ ᠨᠡᠩᠵᠢᠨ ᠢᠯᠡᠷᠡᠬᠦᠯᠬᠦ ᠠᠵᠢᠯ ᠤᠨ ᠰᠢᠨᠵᠢᠯᠡᠬᠦ ᠤᠬᠠᠭᠠᠨᠴᠢᠯᠠᠯᠲᠠ ᠪᠠ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭ ᠢ ᠢᠯᠡᠷᠡᠭᠦᠯᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠬᠦᠯᠪᠡ᠃ ᠡᠯ᠎ᠡ ᠠᠶᠢᠮᠠᠭ ᠬᠤᠲᠠ ᠪᠠ ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠᠲᠤᠯᠠᠨ ᠲᠠᠨᠢᠯᠴᠠᠭᠤᠯᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠰᠢᠯᠢᠨ ᠰᠤᠩᠭᠤᠭᠰᠠᠨ ᠤ ᠬᠠᠮᠲᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠬᠤ ᠪᠠ ᠪᠥᠬᠦ ᠣᠷᠣᠨ ᠳᠤ ᠢᠯᠡ ᠨᠡᠶᠢᠲᠡᠯᠡᠬᠦ ᠪᠠᠷ ᠳᠡᠮᠵᠢᠨ᠂ ᠳᠣᠲᠣᠭᠠᠳᠤ ᠶᠢ ᠬᠠᠮᠠᠭᠠᠯᠠᠬᠤ ᠲᠢᠩᠬᠢᠮ 6 ᠨᠡᠷᠡᠰ ︽ᠪᠥᠬᠦ ᠣᠷᠣᠨ ᠤ ᠬᠤᠤᠷᠲᠤ ᠡᠳ᠋ ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠬᠦ ᠲᠤᠰᠬᠠᠶ ᠮᠡᠷᠭᠡᠵᠢᠯᠲᠡᠨ︾ ᠪᠠ 10 ᠨᠡᠷᠡᠰ ︽ᠪᠥᠬᠦ ᠣᠷᠣᠨ ᠤ ᠬᠤᠤᠷᠲᠤ ᠡᠳ᠋ ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠬᠦ ᠠᠷᠪᠠᠨ ᠶᠡᠭᠡ ᠴᠢᠳᠠᠪᠤᠷᠢᠲᠠᠨ︾ ᠢ ᠨᠡᠷᠡᠶᠢᠳᠦᠭᠰᠡᠨ ᠪᠥᠭᠡᠳ ᠢᠷᠠᠭᠤ ᠠᠯᠳᠠᠷ ᠤᠨ ᠦᠨᠡᠮᠯᠡᠯ ᠣᠯᠭᠤᠪᠠ᠃ ᠲᠤᠰᠬᠠᠶ ᠮᠡᠷᠭᠡᠵᠢᠯᠲᠡᠨ ᠪᠠ ᠴᠢᠳᠠᠪᠤᠷᠢᠲᠠᠨ ᠨᠢᠭᠡᠪᠦᠷᠢ 2020 ᠣᠨ ᠤ ᠬᠡᠷᠡᠭ ᠢ ᠲᠠᠩᠨᠠᠨ ᠰᠢᠶᠳᠪᠦᠷᠢᠯᠡᠬᠦ ᠶᠠᠪᠤᠴᠠ᠂ ᠬᠦᠨᠳᠦ ᠶᠡᠭᠡ ᠬᠡᠷᠡᠭ ᠤᠨ ᠮᠥᠷᠳᠡᠨ ᠰᠢᠢᠳᠪᠦᠷᠢᠯᠡᠯᠲᠡ ᠶᠢ ᠰᠢᠭᠤᠳ ᠵᠢᠯᠣᠭᠤᠳᠬᠤ ᠪᠤᠶᠤ ᠭᠦᠨᠵᠡᠭᠡᠶ ᠣᠷᠣᠯᠴᠠᠵᠤ᠂ ᠬᠡᠷᠡᠭ ᠢ ᠲᠠᠩᠨᠠᠨ ᠢᠯᠡᠷᠡᠭᠦᠯᠬᠦ ᠠᠬᠢᠴᠠ ᠶᠢ ᠪᠥᠬᠦ ᠶᠠᠪᠤᠴᠠ ᠪᠠᠷ ᠵᠢᠯᠣᠭᠤᠳᠤᠨ ᠡᠵᠡᠮᠳᠡᠵᠦ᠂ ᠡᠯ᠎ᠡ ᠭᠠᠵᠠᠷ ᠤᠨ ᠣᠳᠣᠬᠠᠨ ᠤ ᠬᠤᠤᠷᠲᠤ ᠡᠳ᠋ ᠤᠨ ᠬᠡᠷᠡᠭ ᠤᠨ ᠬᠤᠪᠢᠷᠠᠯᠲᠠ ᠶᠢᠨ ᠰᠢᠨ᠎ᠡ ᠬᠠᠨᠳᠤᠰᠢ ᠶᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠲᠤᠰᠬᠠᠶ ᠮᠡᠷᠭᠡᠵᠢᠯᠲᠡᠨ᠂ ᠴᠢᠳᠠᠪᠤᠷᠢᠲᠠᠨ ᠢᠶᠠᠷ ᠪᠦᠷᠢᠯᠳᠦᠭᠰᠡᠨ ᠬᠤᠤᠷᠲᠤ ᠡᠳ᠋ ᠢ ᠴᠠᠭᠠᠵᠠᠯᠠᠬᠤ ᠶᠡᠷᠦᠩᠬᠡᠶ ᠠᠩᠭᠢ᠂ ᠰᠠᠯᠪᠤᠷᠢ ᠠᠩᠭᠢ᠂ ᠬᠡᠷᠡᠭ ᠰᠢᠶᠳᠪᠦᠷᠢᠯᠡᠬᠦ ᠨᠢᠭᠡᠴᠢ ᠵᠡᠷᠭᠡ ᠭᠤᠷᠪᠠᠨ ᠱᠠᠲᠤᠨ ᠤ ᠪᠣᠭᠤᠮᠲᠠ ᠰᠢᠪᠲᠤᠯᠬᠤ ᠪᠦᠯᠬᠦᠮ ᠨᠡᠶᠢᠲᠡ ᠨᠢ᠂ ᠬᠡᠷᠡᠭ ᠳᠠᠷᠠᠭᠠᠯᠠᠨ ᠵᠠᠳᠠᠯᠵᠤ᠂ ᠰᠤᠳᠤᠯᠵᠤ᠂ ᠵᠢᠯᠣᠭᠤᠳᠴᠤ᠂ ᠬᠠᠮᠤᠭ ᠤᠨ ᠶᠡᠭᠡ ᠬᠡᠮᠵᠢᠶ᠎ᠡ ᠪᠠᠷ ᠬᠡᠪᠴᠢᠶ᠎ᠡ ᠪᠠᠨ ᠥᠷᠭᠡᠳᠬᠡᠨ ᠡᠵᠡᠩᠨᠡᠵᠦ᠂ ᠤᠷᠲᠤ ᠬᠤᠭᠤᠴᠠᠭ᠎ᠠ ᠪᠠᠷ ᠴᠣᠬᠢᠯᠲᠠ ᠥᠭᠴᠦ᠂ ︽ᠨᠢᠭᠡ ᠬᠡᠷᠡᠭ ᠲᠤ ᠣᠯᠠᠨ ᠬᠥᠮᠦᠨ ᠢ ᠬᠠᠮᠤᠷᠬᠤ︾᠂ ︽ᠡᠪᠰᠡᠯ ᠪᠦᠯᠦᠭ ᠢ ᠴᠣᠬᠢᠵᠤ᠂ ᠲᠣᠤᠷ ᠰᠦᠯᠵᠢᠶ᠎ᠡ ᠶᠢ ᠡᠪᠳᠡᠬᠦ︾ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃ ᠣᠷᠴᠢᠭᠤᠯᠭ᠎ᠠ ᠶᠢᠨ ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|