2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ 3 ᠰᠠᠷ᠎ᠡ ᠶᠢᠨ 1 ᠤ ᠦᠳᠠ ᠶᠢᠨ ᠡᠮᠤᠨ᠎ᠡ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠠ᠃ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ ᠲᠠᠯᠪᠢᠬᠤ ᠳᠠᠭᠠᠨ᠂ ᠦᠡᠭᠭᠡᠷᠡᠭᠰᠡᠨ ᠳᠤ᠂ ᠤᠳᠤ ᠡᠰᠡᠬᠦᠯ᠎ᠡ ᠢᠷᠡᠭᠡᠳᠤᠢ ᠳᠤ ᠭᠡᠰᠡᠨ ᠴᠦ᠂ ᠨᠠᠮ ᠤᠨ ᠢᠷᠡᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠠᠶᠢᠨ ᠰᠤᠷᠳᠠᠯ ᠨᠢ ᠴᠦᠮ ᠪᠢᠳᠠᠨ ᠤ ᠬᠦᠴᠢᠷ ᠪᠡᠷᠭᠡᠰᠢᠶᠠᠯ ᠠᠴᠠ ᠠᠶᠤᠬᠤ ᠦᠭᠡᠢ᠂ ᠡᠷᠡᠮᠡᠭᠡᠶᠢᠯᠡᠨ ᠤᠷᠤᠬᠰᠢᠯᠠᠬᠤ ᠶᠢ ᠤᠷᠮᠠᠰᠢᠭᠤᠯᠤᠨ ᠵᠤᠷᠢᠬᠵᠢᠭᠤᠯᠬᠤ ᠡᠷᠬᠢᠮ ᠨᠠᠨᠳᠢᠨ ᠤᠶᠤᠨ ᠰᠠᠨᠠᠭᠠᠨ ᠤ ᠦᠪ ᠬᠦᠷᠦᠩᠭᠡ ᠮᠦᠨ᠃ ᠵᠠᠯᠠᠭᠤ ᠺᠠᠳ᠋ᠷᠴᠤᠳ ᠪᠤᠯ ᠨᠠᠮ ᠪᠠ ᠤᠯᠤᠰ ᠤᠨ ᠠᠵᠢᠯ ᠦᠢᠯᠡᠰ ᠤᠨ ᠵᠠᠯᠭᠠᠮᠵᠢᠯᠠᠬᠴᠢ ᠮᠦᠨ᠂ ᠡᠷᠬᠡᠪᠰᠢ ᠨᠠᠮ ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠤᠨ ᠦᠨᠡᠨᠴᠢ ᠰᠢᠳᠤᠷᠭᠤ ᠵᠠᠯᠭᠠᠮᠵᠢᠯᠠᠬᠴᠢ ᠪᠤᠯᠬᠤ ᠪᠠᠷ ᠵᠤᠷᠢᠭ ᠰᠢᠭᠤᠳᠴᠤ᠂ ᠰᠦᠰᠤ ᠵᠤᠷᠢᠭ᠂ ᠲᠠᠰᠪᠤᠷᠢ ᠲᠠᠪᠴᠢᠶᠡᠷᠢ᠂ ᠪᠡᠶ᠎ᠡ ᠪᠠᠨ ᠪᠠᠷᠢᠬᠤ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠲᠡᠷᠢᠬᠦᠨ ᠤ ᠬᠢ ᠶᠢ ᠡᠭᠦᠳᠬᠦ ᠪᠠᠷ ᠡᠷᠡᠮᠡᠭᠡᠶᠢᠯᠡᠨ ᠲᠡᠮᠡᠴᠡᠵᠤ᠂ ᠭᠠᠪᠢᠶ᠎ᠡ ᠪᠠᠶᠢᠭᠤᠯᠤᠨ ᠦᠢᠯᠡᠰ ᠪᠦᠳᠦᠭᠡᠵᠤ᠂ ᠨᠠᠮ ᠳᠠᠭᠠᠨ ᠤᠰᠤᠯᠳᠠᠬᠤ ᠦᠭᠡᠢ᠂ ᠠᠷᠠᠳ ᠲᠦᠮᠡᠨ ᠳᠤ ᠤᠰᠤᠯᠳᠠᠬᠤ ᠦᠭᠡᠢ᠂ ᠴᠠᠭ ᠦᠶ᠎ᠡ ᠳᠤ ᠤᠰᠤᠯᠳᠠᠬᠤ ᠦᠭᠡᠢ ᠠᠮᠵᠢᠯᠳᠠ ᠪᠦᠳᠦᠮᠵᠢ ᠭᠠᠷᠭᠠᠬᠤ ᠪᠠᠷ ᠴᠢᠷᠮᠠᠶᠢᠬᠤ ᠭᠡᠷᠡᠭᠳᠠᠢ ᠭᠡᠵᠤ ᠴᠢᠬᠤᠯᠠᠴᠢᠯᠠᠪᠠ᠃
ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠵᠠᠢ᠃

3 ᠰᠠᠷ᠎ᠠ ᠶᠢᠨ 1 ᠤ ᠡᠳᠦᠷ᠂ 2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠠ᠃ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ ᠲᠠᠯᠪᠢᠪᠡ᠃
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠢ ᠰᠡᠭᠦᠳᠡᠷᠯᠡᠪᠡ
ᠰᠢ ᠶᠢᠨ ᠫᠢᠩ᠂ ᠮᠠᠨ ᠤ ᠨᠠᠮ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ ᠬᠤᠪᠢᠰᠬᠠᠯ᠂ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠠ ᠶᠢᠨ ᠠᠭᠤᠤ ᠶᠡᠭᠡ ᠠᠮᠵᠢᠯᠳᠠ ᠪᠦᠳᠤᠮᠵᠢ ᠶᠢ ᠤᠯᠤᠬᠰᠡᠨ ᠤ ᠮᠠᠰᠢ ᠴᠢᠬᠤᠯᠠ ᠨᠢᠭᠡ ᠰᠢᠯᠳᠠᠭᠠᠨ ᠪᠤᠯ ᠲᠠᠷᠤᠢ ᠮᠠᠨ ᠤ ᠨᠠᠮ ᠤᠷᠳᠤ ᠬᠤᠭᠤᠴᠠᠭᠠᠨ ᠤ ᠦᠢᠯᠡᠳᠤᠯᠭᠡ ᠶᠢᠨ ᠲᠤᠮᠳᠠ ᠢᠵᠢ ᠪᠦᠷᠢᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠢ ᠪᠤᠶᠢᠵᠢᠭᠤᠯᠤᠨ ᠪᠠᠷᠢᠮᠳᠠᠯᠠᠬᠰᠠᠨ ᠶᠠᠪᠤᠳᠠᠯ ᠪᠤᠯᠤᠨ᠎ᠡ᠃ ᠡᠳᠡᠭᠡᠷ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠪᠤᠯ ᠮᠠᠨ ᠤ ᠨᠠᠮ ᠤᠨ ᠰᠢᠨᠵᠢ ᠴᠢᠨᠠᠷ ᠪᠠ ᠵᠤᠷᠢᠯᠳᠠ ᠶᠢᠨ ᠲᠦᠪᠯᠡᠷᠡᠩᠭᠦᠢ ᠢᠯᠡᠷᠡᠯ᠂ ᠮᠠᠨ ᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠬᠳᠠᠬᠤ ᠢᠯᠡ ᠲᠤᠳᠤ ᠤᠨᠴᠠᠯᠢᠭ ᠪᠤᠯᠤᠨ᠎ᠡ᠃ ᠨᠠᠮ ᠤᠯᠠᠨ ᠲᠦᠮᠡᠨ ᠤ ᠲᠠᠮᠵᠢᠯᠭᠡ ᠪᠠ ᠬᠦᠷᠢᠶᠠᠯᠠᠯ ᠢ ᠤᠯᠬᠤ ᠬᠡᠪᠡᠯ ᠡᠷᠬᠡᠪᠰᠢ ᠨᠠᠮ ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠢ ᠬᠡᠵᠢᠶ᠎ᠡ ᠡᠭᠦᠷᠢᠲᠡ ᠪᠠᠳᠠᠷᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
ᠰᠢ ᠶᠢᠨ ᠫᠢᠩ᠂ ᠤᠳᠤᠬᠠᠨ ᠤ ᠲᠠᠯᠠᠭᠡᠢ ᠶᠢᠷᠳᠢᠨᠴᠤ ᠳᠤ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠠᠭ ᠲᠦᠷᠭᠡᠰᠴᠦ ᠪᠠᠶᠢᠨ᠎ᠡ᠂ ᠮᠠᠨ ᠤ ᠤᠯᠤᠰ ᠶᠠᠭ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠠᠶᠠᠯᠡᠬᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠠᠶᠢᠨ᠎ᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠠᠭᠤᠤ ᠶᠡᠭᠡ ᠲᠡᠤᠭᠡᠳᠤ ᠴᠢᠨᠠᠷᠳᠠᠢ ᠠᠮᠵᠢᠯᠳᠠ ᠪᠦᠳᠦᠮᠵᠢ ᠶᠢ ᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠦᠬᠦ ᠲᠠᠯ᠎ᠡ ᠪᠠᠷ ᠢᠯᠠᠯᠳᠠ ᠤᠯᠵᠤ᠂ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠯᠭᠤᠮ ᠤᠷᠤᠬᠰᠢᠳᠠᠢ ᠡᠬᠢᠯᠡᠭᠦ ᠶᠢᠨ ᠵᠡᠷᠭᠡ ᠪᠠᠷ ᠮᠠᠨ ᠤ ᠤᠷᠤᠬᠰᠢᠯᠠᠯᠳᠠ ᠶᠢᠨ ᠵᠠᠮ ᠲᠡᠭᠡᠷ᠎ᠡ ᠮᠦᠨ ᠬᠦ ᠮᠠᠰᠢ ᠤᠯᠠᠨ ᠬᠦᠴᠢᠷ ᠪᠤᠭᠤᠮᠳᠠ ᠪᠠ ᠦᠷᠢᠰᠦᠯᠳᠤᠭᠡᠨ ᠲᠤᠯᠭᠠᠷᠠᠵᠤ ᠪᠠᠶᠢᠨ᠎ᠡ᠃ ᠠᠶᠤᠯ ᠲᠦᠭᠰᠢᠬᠦᠷᠢ ᠤᠯᠠᠮ ᠶᠡᠭᠡ᠂ ᠦᠷᠢᠰᠦᠯᠳᠤᠭᠡᠨ ᠤᠯᠠᠮ ᠠᠷᠪᠢᠨ᠂ ᠡᠬᠦᠷᠭᠡ ᠤᠯᠠᠮ ᠬᠦᠨᠳᠤ ᠪᠤᠯᠬᠤ ᠲᠤᠳᠤᠮ ᠨᠠᠮ ᠤᠨ ᠰᠤᠷᠳᠠᠯ ᠤᠨ ᠪᠠᠶᠢᠭᠤᠯᠤᠯᠳᠠ ᠶᠢ ᠤᠯᠠᠮ ᠴᠢᠩᠭᠠᠳᠬᠠᠵᠤ᠂ ᠰᠠᠶᠢᠨ ᠰᠤᠷᠳᠠᠯ ᠢᠶᠠᠷ ᠡᠷᠴᠢ ᠵᠤᠷᠢᠭ ᠢᠶᠠᠨ ᠬᠦᠪᠴᠢᠯᠡᠵᠤ᠂ ᠲᠡᠮᠡᠴᠡᠯ ᠤᠨ ᠵᠤᠷᠢᠭ ᠢᠶᠠᠨ ᠬᠦᠭᠵᠢᠭᠡᠨ᠂ ᠲᠦᠷᠢ ᠲᠦᠷᠬᠦ ᠪᠠᠨ ᠱᠤᠭᠤᠵᠤ᠂ ᠠᠷᠠᠳ ᠤᠨ ᠰᠡᠳᠬᠢᠯ ᠢ ᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠤᠯ ᠡᠪ ᠬᠠᠮᠳᠤᠴᠤᠳ ᠤᠨ ᠲᠡᠷᠢᠬᠦᠨ ᠴᠢᠬᠤᠯᠠ ᠤᠯᠤᠰ ᠲᠦᠷᠦ ᠶᠢᠨ ᠵᠠᠩ ᠴᠢᠨᠠᠷ ᠮᠦᠨ᠃ ᠮᠠᠨ ᠤ ᠨᠠᠮ ᠬᠦᠭᠵᠢᠯᠳᠠ ᠶᠢᠨ ᠵᠠᠮ ᠳᠠᠭᠠᠨ ᠲᠤᠭ᠎ᠠ ᠲᠤᠮᠰᠢ ᠦᠭᠡᠢ ᠬᠦᠴᠢᠷ ᠪᠡᠷᠭᠡᠰᠢᠶᠠᠯ ᠪᠠ ᠬᠠᠯᠠ ᠵᠤᠪᠠᠯᠠᠩ ᠢ ᠦᠡᠭᠭᠡᠷᠡᠬᠦᠯᠦᠭᠰᠡᠨ ᠪᠤᠯᠪᠠᠴᠤ ᠶᠠᠮᠠᠷᠪᠡ ᠬᠦᠴᠢᠷ ᠪᠡᠷᠭᠡᠰᠢᠶᠠᠯ ᠭᠡᠳ ᠴᠦᠮ ᠪᠢᠳᠠᠨ ᠢ ᠲᠠᠷᠤᠵᠤ ᠲᠠᠶᠢᠯᠦᠭᠰᠡᠨ ᠦᠭᠡᠢ᠂ ᠶᠠᠮᠠᠷᠪᠡ ᠲᠠᠶᠢᠰᠤᠨ ᠴᠦᠮ ᠪᠢᠳᠠᠨ ᠢ ᠢᠯᠡᠵᠤ ᠲᠠᠶᠢᠯᠦᠭᠰᠡᠨ ᠦᠭᠡᠢ᠂ ᠡᠨᠡ ᠨᠢ ᠲᠠᠷᠤᠢ ᠲᠦᠭ ᠲᠦᠮᠡᠨ ᠨᠠᠮ ᠤᠨ ᠭᠡᠰᠢᠬᠦᠨ ᠤ ᠦᠨᠡᠨᠴᠢ ᠰᠢᠳᠤᠷᠭᠤ ᠳᠤ ᠲᠦᠰᠢᠭᠯᠡᠭᠰᠡᠨ ᠶᠤᠮ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠳᠤ᠂ ᠡᠷᠬᠡᠪᠰᠢ ᠨᠢᠭᠡ ᠰᠡᠳᠬᠢᠯ ᠨᠢᠭᠡ ᠵᠤᠷᠢᠭ ᠢᠶᠠᠷ᠂ ᠢᠮᠠᠬᠳᠠ ᠲᠤᠭᠤᠰᠢᠯᠠᠭᠤᠯᠬᠤ ᠭᠡᠷᠡᠭᠳᠠᠢ᠂ ᠡᠷᠬᠡᠪᠰᠢ ᠬᠡᠯᠡᠬᠦ ᠬᠢᠬᠦ ᠨᠢ ᠨᠢᠭᠡᠳᠤᠯᠳᠠᠢ᠂ ᠮᠡᠳᠡᠬᠦ ᠭᠢᠬᠦ ᠨᠢᠭᠡᠳᠤᠯᠳᠠᠢ ᠪᠠᠶᠢᠬᠤ ᠭᠡᠷᠡᠭᠳᠠᠢ᠂ ᠶᠠᠮᠠᠷᠪᠡ ᠦᠶ᠎ᠡ ᠳᠤ ᠶᠠᠮᠠᠷᠪᠠ ᠪᠠᠶᠢᠳᠠᠯ ᠲᠤᠤᠷ᠎ᠡ ᠴᠦᠮ ᠰᠡᠳᠬᠢᠯ ᠢᠶᠠᠨ ᠬᠤᠪᠢᠷᠠᠭᠤᠯᠬᠤ ᠦᠭᠡᠢ᠂ ᠵᠤᠷᠢᠭ ᠢᠶᠠᠨ ᠰᠤᠯᠠᠷᠠᠭᠤᠯᠬᠤ ᠦᠭᠡᠢ᠂ ᠵᠠᠩ ᠵᠢᠷᠤᠮ ᠢᠶᠠᠨ ᠭᠤᠲᠤᠭᠠᠬᠤ ᠦᠭᠡᠢ ᠪᠠᠶᠢᠬᠤ ᠭᠡᠷᠡᠭᠳᠠᠢ᠃ ᠵᠠᠯᠠᠭᠤ ᠺᠠᠳ᠋ᠷᠴᠤᠳ ᠠᠬᠠᠮᠡᠳ ᠨᠢᠭᠡ ᠦᠶ᠎ᠡ ᠶᠢᠨ ᠬᠢᠨ ᠪᠠ ᠦᠷᠡᠭᠳᠡᠭᠰᠡᠨ ᠪᠠᠭᠠᠳᠤᠷᠴᠤᠳ ᠢᠶᠠᠷ ᠲᠤᠯᠢ ᠪᠤᠯᠭᠠᠵᠤ᠂ ᠡᠰᠡᠷᠬᠦ ᠲᠠᠯ᠎ᠡ ᠶᠢᠨ ᠨᠠᠶᠢᠳᠡᠯᠢᠭ ᠵᠢᠱᠢᠶ᠎ᠡ ᠪᠠᠷ ᠴᠡᠭᠡᠷᠯᠡᠯ ᠪᠤᠯᠭᠠᠵᠤ᠂ ᠲᠠᠰᠤᠷᠠᠯᠳᠠ ᠦᠭᠡᠢ ᠢᠳᠡᠭᠡᠯ ᠪᠢᠰᠢᠷᠠᠯ ᠤᠨ ᠰᠠᠭᠤᠷᠢ ᠪᠠᠨ ᠪᠠᠳᠤ ᠴᠤᠬᠴᠠᠯᠠᠵᠤ᠂ ᠤᠶᠤᠨ ᠰᠠᠨᠠᠭᠠᠨ ᠤ ᠺᠠᠯᠼ ᠢᠶᠠᠨ ᠨᠦᠬᠦᠪᠤᠷᠢᠯᠡᠨ᠂ ᠦᠵᠡᠯ ᠰᠠᠨᠠᠭᠠᠨ ᠤ ᠵᠢᠯᠤᠭᠤ ᠪᠠᠨ ᠯᠠᠪᠳᠠᠭᠤᠨ ᠡᠵᠡᠮᠳᠡᠵᠤ᠂ ᠡᠷᠡᠰ ᠪᠠᠳᠤ ᠬᠦᠰᠡᠯᠡᠩ ᠢᠳᠡᠭᠡᠯ ᠪᠢᠰᠢᠷᠠᠯ ᠢᠶᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠡᠳᠬᠢᠯ ᠢᠶᠠᠨ ᠬᠠᠳᠠᠭᠤᠵᠢᠭᠤᠯᠬᠤ ᠭᠡᠷᠡᠭᠳᠠᠢ᠃ ᠤᠯᠤᠰ ᠲᠦᠷᠦ ᠶᠢᠨ ᠲᠠᠪᠳᠠᠨ ᠪᠤᠯᠪᠠᠰᠤᠷᠠᠭᠤᠯᠤᠯᠳᠠ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠴᠢᠩᠭ᠎ᠠ ᠪᠤᠯᠪᠠᠰᠤᠷᠠᠯ ᠢ ᠬᠦᠯᠢᠶᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠦᠪᠡᠷ ᠤᠨ ᠤᠯᠤᠰ ᠲᠦᠷᠦ ᠶᠢᠨ ᠴᠢᠳᠠᠪᠤᠷᠢ ᠪᠠᠨ ᠡᠬᠦᠷᠭᠡᠯᠡᠵᠤ ᠪᠠᠶᠢᠭ᠎ᠠ ᠠᠵᠢᠯ ᠤᠨ ᠲᠤᠰᠢᠶᠠᠯ ᠬᠠᠷᠢᠭᠤᠴᠠᠯᠭ᠎ᠠ ᠲᠠᠢ ᠪᠠᠨ ᠲᠤᠬᠢᠷᠠᠯᠴᠠᠭᠤᠯᠬᠤ ᠭᠡᠷᠡᠭᠳᠠᠢ᠃ ᠨᠠᠮ ᠤᠨ ᠰᠠᠨᠠᠭᠠᠰᠢᠷᠠᠯ ᠢ ᠬᠤᠪᠢᠶᠠᠯᠴᠠᠵᠤ᠂ ᠤᠯᠤᠰ ᠤᠨ ᠲᠦᠯᠦᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠠᠷᠠᠳ ᠲᠦᠮᠡᠨ ᠳᠤ ᠬᠤᠪᠢ ᠨᠠᠮᠠᠷᠢ ᠦᠵᠡᠬᠦᠯᠵᠤ᠂ ᠵᠤᠷᠢᠬᠳᠠᠢ ᠪᠠᠷ ᠬᠦᠴᠢᠷ ᠵᠤᠪᠠᠭᠤᠷᠢ ᠶᠢ ᠬᠦᠯᠢᠶᠡᠵᠤ᠂ ᠬᠦᠴᠢᠷ ᠪᠡᠷᠭᠡᠰᠢᠶᠠᠯ ᠢ ᠬᠦᠯᠢᠶᠡᠵᠤ᠂ ᠬᠦᠨᠳᠤ ᠡᠬᠦᠷᠭᠡ ᠶᠢ ᠡᠬᠦᠷᠭᠡᠯᠡᠨ᠂ ᠠᠶᠤᠯ ᠲᠦᠭᠰᠢᠬᠦᠷᠢ ᠶᠢ ᠳᠠᠭᠠᠭᠠᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠤᠳᠠᠳᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃
ᠰᠢ ᠶᠢᠨ ᠫᠢᠩ᠂ ᠶᠠᠮᠠᠷ ᠦᠶ᠎ᠡ ᠳᠤ ᠤᠨᠤᠯ ᠦᠢᠯᠡᠳᠦᠯᠭᠡ ᠶᠢ ᠤᠶᠠᠯᠳᠤᠭᠤᠯᠬᠤ ᠶᠢ ᠰᠠᠶᠢᠳᠤᠷ ᠪᠠᠷᠢᠮᠳᠠᠯᠡᠪᠡᠯ᠂ ᠨᠠᠮ ᠪᠠ ᠠᠷᠠᠳ ᠲᠦᠮᠡᠨ ᠤ ᠠᠵᠢᠯ ᠦᠢᠯᠡᠰ ᠲᠠᠷᠤᠢ ᠲᠠᠰᠤᠷᠠᠯᠳᠠ ᠦᠭᠡᠢ ᠢᠯᠠᠯᠳᠠ ᠤᠯᠵᠤ ᠴᠢᠳᠠᠨ᠎ᠡ︔ ᠡᠰᠡᠷᠬᠦ ᠪᠠᠷ ᠪᠤᠯᠪᠠᠯ᠂ ᠨᠠᠮ ᠪᠠ ᠠᠷᠠᠳ ᠲᠦᠮᠡᠨ ᠤ ᠠᠵᠢᠯ ᠦᠢᠯᠡᠰ ᠬᠤᠬᠢᠷᠠᠯ ᠳᠤ ᠤᠴᠠᠷᠠᠵᠤ᠂ ᠴᠢᠨᠠᠬᠰᠢᠯᠡᠨ ᠬᠦᠨᠳᠤ ᠨᠤᠴᠢᠳᠠᠢ ᠨᠤᠭᠤᠷᠠᠯ ᠳᠤ ᠤᠴᠠᠷᠠᠬᠤ ᠪᠤᠯᠤᠨ᠎ᠡ ᠭᠡᠳᠡᠭ ᠢ ᠮᠠᠨ ᠤ ᠨᠠᠮ ᠤᠨ ᠲᠡᠤᠭᠡ ᠲᠠᠬᠢᠨ ᠲᠠᠪᠳᠠᠨ ᠭᠡᠷᠡᠴᠢᠯᠡᠪᠡ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠶᠢᠨ ᠤᠷᠢᠳᠠᠯ ᠨᠢ ᠤᠨᠤᠯ ᠢ ᠰᠠᠶᠢᠳᠤᠷ ᠰᠤᠷᠤᠯᠴᠠᠵᠤ ᠲᠤᠭᠤᠷᠠᠳᠠᠯ᠎ᠡ ᠮᠡᠳᠡᠵᠤ᠂ ᠦᠵᠡᠯ ᠰᠠᠨᠠᠭᠠᠨ ᠤ ᠤᠭ ᠶᠤᠰᠤ ᠶᠢ ᠡᠵᠡᠮᠰᠢᠬᠦ ᠶᠠᠪᠤᠳᠠᠯ ᠪᠤᠯᠤᠨ᠎ᠡ᠃ ᠵᠠᠯᠠᠭᠤ ᠺᠠᠳ᠋ᠷᠴᠤᠳ ᠮᠠᠷᠺᠰ ᠤᠨ ᠦᠵᠡᠯ ᠤᠨ ᠦᠨᠳᠤᠰᠤᠨ ᠤᠭ ᠶᠤᠰᠤ ᠢᠯᠠᠩᠭᠤᠶ᠎ᠡ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠬᠦᠳᠦᠭᠰᠡᠡ ᠤᠨᠤᠯ ᠤᠨ ᠦᠷ᠎ᠡ ᠪᠦᠳᠦᠭᠡᠯ ᠢ ᠰᠢᠷᠭᠠᠭᠤ ᠬᠠᠳᠠᠭᠤᠵᠢᠯᠳᠠᠢ ᠰᠤᠳᠤᠯᠵᠤ᠂ ᠡᠬᠦᠨ ᠤ ᠲᠤᠮᠳᠠ ᠠᠭᠤᠯᠤᠬᠳᠠᠵᠤ ᠪᠠᠶᠢᠭ᠎ᠠ ᠵᠤᠬᠰᠤᠯᠳᠠ ᠦᠵᠡᠯᠳᠠ ᠠᠷᠭ᠎ᠠ᠂ ᠶᠤᠰᠤ ᠵᠦᠢ ᠬᠦᠨ ᠤᠬᠠᠭᠠᠨ ᠢ ᠴᠢᠷᠮᠠᠶᠢᠨ ᠡᠵᠡᠮᠰᠢᠵᠤ᠂ ᠦᠭᠡ ᠶᠢ ᠨᠢ ᠤᠢᠢᠯᠠᠭᠠᠬᠤ ᠪᠠᠷ ᠪᠠᠷᠠᠬᠤ ᠦᠭᠡᠢ ᠨᠡᠩ ᠴᠤ ᠤᠳᠬ᠎ᠠ ᠶᠢ ᠨᠢ ᠤᠢᠢᠯᠠᠭᠠᠵᠤ᠂ ᠲᠡᠶᠢᠮᠦ ᠭᠡᠬᠦ ᠶᠢ ᠮᠡᠳᠡᠬᠦ ᠪᠠᠷ ᠪᠠᠷᠠᠬᠤ ᠦᠭᠡᠢ ᠨᠡᠩ ᠴᠦ ᠴᠤᠬᠤᠮ ᠶᠠᠭᠠᠬᠢᠭᠠᠳ ᠲᠡᠶᠢᠮᠦ ᠪᠤᠯᠬᠤ ᠶᠢ ᠮᠡᠳᠡᠬᠦ ᠭᠡᠷᠡᠭᠲᠡᠢ᠃ ᠨᠠᠮ ᠤᠨ ᠰᠢᠨ᠎ᠡ ᠶᠢ ᠡᠬᠦᠳᠦᠭᠰᠡᠡ ᠤᠨᠤᠯ ᠤᠨ ᠦᠷ᠎ᠡ ᠪᠦᠳᠤᠭᠡᠯ ᠢ ᠬᠦᠨᠵᠡᠭᠡᠢ ᠰᠤᠷᠤᠯᠴᠠᠵᠤ᠂ ᠤᠷᠢᠳᠤᠬᠢ ᠬᠤᠶᠢᠳᠤᠬᠢ ᠶᠢ ᠨᠡᠪᠳᠡᠷᠡᠬᠦᠯᠦᠨ ᠰᠤᠷᠤᠯᠴᠠᠵᠤ᠂ ᠴᠠᠭ ᠲᠤᠬᠠᠢ ᠳᠤᠨᠢ ᠲᠠᠭᠠᠵᠤ ᠰᠤᠷᠤᠯᠴᠠᠨ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠦᠵᠡᠯ ᠰᠠᠨᠠᠭ᠎ᠠ ᠠᠷᠭ᠎ᠠ ᠬᠡᠮᠵᠢᠶ᠎ᠡ ᠪᠠᠨ ᠰᠢᠯᠢᠳᠡᠭᠵᠢᠬᠦᠯᠵᠤ᠂ ᠦᠵᠡᠯ ᠰᠠᠨᠠᠭᠠᠨ ᠤ ᠲᠦᠭᠡᠷᠢᠭᠳᠡᠯ ᠢᠶᠠᠨ ᠰᠢᠢᠳᠪᠤᠷᠢᠯᠡᠵᠤ᠂ ᠦᠪᠡᠷ ᠤᠨ ᠪᠡᠶ᠎ᠡ ᠶᠢᠨ ᠦᠵᠡᠯ ᠰᠠᠨᠠᠭ᠎ᠠ ᠰᠤᠷᠳᠠᠯ ᠪᠠ ᠤᠶᠤᠨ ᠰᠠᠨᠠᠭᠠᠨ ᠤ ᠪᠠᠶᠢᠳᠠᠯ ᠢᠶᠠᠨ ᠰᠢᠯᠭᠠᠨ ᠪᠠᠶᠢᠴᠠᠭᠠᠵᠤ᠂ ᠵᠦᠪ ᠶᠢᠷᠳᠢᠨᠴᠤ ᠶᠢᠨ ᠦᠵᠡᠯᠳᠠ᠂ ᠠᠮᠢᠳᠤᠷᠠᠬᠤᠢ ᠶᠢᠨ ᠦᠵᠡᠯᠳᠠ᠂ ᠦᠷᠳᠡᠭ ᠤᠨ ᠦᠵᠡᠯᠳᠠ ᠪᠠ ᠡᠷᠭᠡ ᠶᠢᠨ ᠦᠵᠡᠯᠳᠠ᠂ ᠵᠠᠰᠠᠭ ᠤᠨ ᠠᠮᠵᠢᠯᠳᠠ ᠶᠢᠨ ᠦᠵᠡᠯᠳᠠ᠂ ᠠᠵᠢᠯ ᠦᠢᠯᠡᠰ ᠤᠨ ᠦᠵᠡᠯᠳᠠ ᠶᠢ ᠪᠠᠳᠤ ᠪᠤᠢ ᠪᠤᠯᠭᠠᠵᠤ᠂ ᠦᠪᠡᠷ ᠤᠨ ᠢᠶᠠᠨ ᠰᠡᠳᠬᠢᠬᠦᠢ ᠶᠢᠨ ᠠᠷᠭ᠎ᠠ ᠬᠡᠯᠪᠡᠷᠢ ᠪᠡ ᠤᠶᠤᠨ ᠰᠠᠨᠠᠭᠠᠨ ᠤ ᠶᠢᠷᠳᠢᠨᠴᠤ ᠪᠠᠨ ᠠᠵᠢᠯ ᠦᠢᠯᠡᠰ ᠤᠨ ᠬᠦᠭᠵᠢᠯᠳᠠ ᠶᠢᠨ ᠭᠡᠷᠡᠭᠴᠡᠭᠡ ᠯᠦᠭᠡ ᠨᠡᠩ ᠰᠠᠶᠢᠨ ᠲᠤᠬᠢᠷᠠᠯᠴᠠᠭᠤᠯᠬᠤ ᠭᠡᠷᠡᠭᠳᠠᠢ᠃ ᠦᠨᠡᠨ ᠠᠴᠠ ᠵᠦᠪ ᠢ ᠡᠷᠢᠬᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠵᠤ᠂ ᠪᠤᠳᠠᠳᠠᠢ ᠠᠴᠠ ᠡᠬᠦᠰᠴᠤ ᠠᠵᠢᠯ ᠦᠢᠯᠡᠰ ᠪᠠ ᠠᠵᠢᠯ ᠢᠶᠠᠨ ᠲᠦᠯᠦᠪᠵᠢᠬᠦᠯᠤᠨ᠂ ᠠᠷᠭ᠎ᠠ ᠤᠬᠠᠭᠠᠨ᠂ ᠲᠦᠷᠦ ᠶᠢᠨ ᠪᠤᠳᠤᠯᠭ᠎ᠠ᠂ ᠲᠦᠰᠦᠯ ᠳᠤᠷᠠᠳᠬᠤ ᠳᠠᠭᠠᠨ ᠪᠤᠳᠠᠳᠤ ᠪᠠᠶᠢᠳᠠᠯ ᠲᠠᠢ ᠨᠠᠶᠢᠴᠠᠬᠦᠯᠵᠤ᠂ ᠪᠤᠰᠤᠳᠴᠢ ᠵᠢᠮ᠎ᠡ ᠶᠤᠰᠤ ᠲᠠᠢ ᠨᠡᠶᠢᠴᠡᠬᠦᠯᠤᠨ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠲᠠᠢ ᠨᠡᠶᠢᠴᠡᠬᠦᠯᠵᠤ᠂ ᠪᠦᠳᠦᠭᠡᠯᠴᠢ ᠴᠢᠨᠠᠷᠳᠠᠢ ᠠᠵᠢᠯ ᠢᠶᠠᠷ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠶᠢᠵᠢᠭᠤᠯᠬᠤ ᠭᠡᠷᠡᠭᠳᠠᠢ᠃ ᠦᠨᠡᠨ ᠬᠦ ᠠᠳᠬᠤᠵᠤ ᠪᠤᠳᠠᠳᠠᠢ ᠠᠵᠢᠯᠯᠠᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠠᠯᠢᠪᠠ ᠠᠵᠢᠯ ᠢ ᠪᠤᠳᠠᠳᠠᠢ ᠬᠢᠵᠤ᠂ ᠪᠤᠳᠠᠳᠠᠢ ᠦᠷ᠎ᠡ ᠪᠦᠳᠦᠮᠵᠢ ᠭᠠᠷᠭᠠᠬᠤ ᠬᠡᠷᠡᠭᠲᠡᠢ᠂ ᠲᠡᠭᠡᠭᠦᠷ ᠰᠠᠨᠠᠭᠠᠷᠬᠠᠵᠤ᠂ ᠪᠤᠳᠠᠳᠤ ᠪᠠᠶᠢᠳᠠᠯ ᠠᠴᠠ ᠰᠠᠯᠵᠤ ᠪᠤᠯᠬᠤ ᠦᠭᠡᠢ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠬᠦ ᠭᠡᠷᠡᠭᠳᠠᠢ᠃ ᠰᠢᠳᠤᠷᠭᠤ ᠬᠦᠮᠦᠨ ᠪᠤᠯᠬᠤ᠂ ᠦᠨᠡᠨᠴᠢ ᠦᠭᠡ ᠬᠡᠯᠡᠬᠦ᠂ ᠶᠠᠪᠤᠳᠠᠯ ᠢ ᠰᠢᠳᠤᠷᠭᠤ ᠬᠢᠬᠦ ᠪᠠᠷ ᠠᠮᠢᠳᠤᠷᠠᠬᠤᠢ ᠶᠢᠨ ᠵᠢᠷᠤᠮᠯᠠᠯ ᠪᠤᠯᠭᠠᠬᠤ ᠭᠡᠷᠡᠭᠳᠠᠢ᠂ ᠢᠩᠭᠢᠪᠡᠯ ᠰᠠᠶ᠋ᠢ ᠦᠨᠡᠨ ᠬᠦ ᠯᠠᠪᠳᠠᠭᠤᠨ ᠪᠠᠲᠤᠲᠠᠢ ᠬᠤᠯᠠ ᠠᠶᠠᠯᠠᠵᠤ ᠴᠢᠳᠠᠨ᠎ᠡ ᠭᠡᠵᠤ ᠵᠢᠭᠠᠵᠤ ᠭᠠᠷᠭᠠᠪᠠ᠃
ᠰᠢ ᠶᠢᠨ ᠫᠢᠩ᠂ ᠠᠷᠠᠳ ᠲᠦᠮᠡᠨ ᠪᠤᠯ ᠮᠠᠨ ᠤ ᠨᠠᠮ ᠤᠨ ᠬᠦᠴᠤᠨ ᠴᠢᠳᠠᠯ ᠤᠨ ᠡᠬᠢ ᠪᠤᠯᠠᠬ ᠮᠦᠨ᠂ ᠮᠠᠨ ᠤ ᠨᠠᠮ ᠤᠨ ᠦᠨᠳᠤᠰᠤ ᠰᠠᠭᠤᠷᠢ ᠠᠷᠠᠳ ᠲᠦᠮᠡᠨ ᠳᠤ ᠪᠤᠢ᠂ ᠠᠮᠢᠨ ᠰᠤᠳᠠᠰᠤ ᠠᠷᠠᠳ ᠲᠦᠮᠡᠨ ᠳᠤ ᠪᠤᠢ᠂ ᠡᠷᠬᠡᠪᠰᠢ ᠠᠷᠠᠳ ᠲᠦᠮᠡᠨ ᠢ ᠰᠡᠳᠬᠢᠯ ᠵᠢᠷᠦᠭᠡᠨ ᠳᠡᠭᠡᠨ ᠳᠡᠭᠡᠳᠦᠯᠡᠵᠦ᠂ ᠢᠮᠠᠬᠳᠠ ᠤᠯᠠᠨ ᠲᠦᠮᠡᠨ ᠤ ᠪᠤᠳᠤᠵᠦ ᠪᠠᠶᠢᠭ᠎ᠠ ᠵᠦᠢᠯ ᠢ ᠪᠤᠳᠤᠯᠬᠢᠯᠠᠬᠤ ᠭᠡᠷᠡᠭᠲᠡᠢ᠃ ᠡᠪ ᠬᠠᠮᠳᠤ ᠨᠠᠮ ᠤᠨ ᠺᠠᠳ᠋ᠷ ︽ᠠᠷᠠᠳ ᠲᠦᠮᠡᠨ ᠤ ᠲᠠᠷᠤᠭ᠎ᠠ ᠪᠤᠯᠬᠤ ︾ ᠶᠢ ᠪᠠᠷᠢᠮᠳᠠᠯᠠᠵᠤ᠂ ᠦᠪᠡᠷ ᠢ ᠪᠠᠨ ᠪᠠᠰᠠ ᠡᠬᠡᠯ ᠠᠷᠠᠳ ᠢᠶᠠᠷ ᠦᠵᠡᠬᠦ ᠭᠡᠷᠡᠭᠲᠡᠢ᠂ ᠬᠠᠷᠢᠨ ᠲᠠᠷᠤᠭ᠎ᠠ ᠪᠤᠯᠤᠭᠠᠳ ᠯᠤᠤᠶᠧ ᠪᠤᠯᠬᠤ ᠶᠢ ᠪᠤᠳᠤᠵᠦ ᠪᠤᠯᠬᠤ ᠦᠭᠡᠢ᠂ ᠡᠨᠡ ᠲᠠᠯ᠎ᠠ ᠪᠠᠷ ᠵᠠᠯᠠᠭᠤ ᠺᠠᠳ᠋ᠷᠴᠤᠳ ᠡᠬᠢᠨ ᠠᠴᠠ ᠪᠠᠨ ᠳᠤᠳᠤᠷᠬᠠᠢ ᠮᠡᠳᠡᠵᠦ᠂ ᠨᠠᠰᠤᠨ ᠲᠤᠷᠰᠢᠳᠠ ᠪᠠᠳᠤ ᠴᠡᠬᠡᠵᠢᠯᠡᠬᠦ ᠭᠡᠷᠡᠭᠳᠠᠢ᠃ ᠵᠠᠯᠠᠭᠤ ᠺᠠᠳ᠋ᠷᠴᠤᠳ ᠪᠠᠶ᠎ᠠ ᠲᠤᠬᠳᠠᠨᠢᠵᠦ ᠨᠡᠶᠢᠬᠡᠮ ᠲᠡᠭᠡᠷ᠎ᠠ ᠭᠠᠷᠬᠤ ᠭᠡᠰᠡᠨ ᠦᠭᠡᠢ ᠡᠰᠡᠬᠦᠯ᠎ᠡ ᠵᠠᠰᠠᠬ ᠪᠠᠷᠢᠵᠤ ᠠᠵᠢᠯ ᠬᠢᠬᠦ ᠬᠡᠰᠡᠨ ᠦᠭᠡᠢ᠂ ᠶᠠᠭᠤᠨ ᠤ ᠤᠷᠢᠳ ︽ᠪᠢ ᠬᠡᠨ ᠪᠤᠯᠬᠤ᠂ ᠬᠡᠨ ᠤ ᠲᠦᠯᠤᠬᠡ᠂ ᠬᠡᠨ ᠳᠤ ᠲᠦᠰᠢᠭᠯᠡᠬᠦ︾ ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ︽ᠠᠮᠢ ᠪᠠᠶ᠎ᠠ ᠪᠠᠨ ᠪᠤᠳᠤᠬᠤ ᠦᠬᠡᠢ᠂ ᠠᠷᠠᠳ ᠲᠦᠮᠡᠨ ᠳᠤ ᠤᠰᠤᠯᠳᠠᠬᠤ ᠦᠬᠡᠢ︾ ᠵᠤᠷᠢᠬ ᠰᠠᠨᠠᠭᠠᠨ ᠤ ᠠᠬᠤᠢ ᠪᠠᠶᠢᠳᠠᠯ ᠢ ᠲᠠᠰᠤᠷᠠᠯᠳᠠ ᠦᠬᠡᠢ ᠬᠦᠬᠡᠬᠡᠴᠡᠯᠳᠤᠬᠦ ᠭᠡᠷᠡᠭᠳᠠᠢ᠃ ᠠᠷᠠᠳ ᠲᠦᠮᠡᠨ ᠢᠶᠠᠷ ᠪᠠᠭᠰᠢ ᠪᠤᠯᠭᠠᠵᠤ᠂ ᠲᠤᠷᠠᠲᠠᠶ᠎ᠠ ᠪᠠᠭ᠎ᠠ ᠰᠤᠷᠤᠬᠴᠢ ᠪᠤᠯᠵᠤ᠂ ᠢᠯᠠᠩᠭᠤᠶ᠎ᠠ ᠢᠯᠡᠬᠦᠤ ᠬᠡᠳᠤᠨ ᠰᠡᠳᠬᠢᠯ ᠤᠨ ᠦᠬᠡ ᠪᠠᠨ ᠶᠠᠷᠢᠬᠤ ᠦᠨᠳᠤᠰᠤᠨ ᠱᠠᠳᠤᠨ ᠤ ᠨᠠᠶᠢᠵᠠ ᠲᠠᠢ ᠨᠠᠶᠢᠵᠠᠯᠠᠪᠠᠯ ᠰᠠᠶ᠋ᠢ ᠦᠨᠡᠨ ᠪᠠᠶᠢᠳᠠᠯ ᠢ ᠤᠢᠢᠯᠠᠭᠠᠬᠤ ᠳᠤ ᠠᠰᠢᠬᠳᠠᠢ᠂ ᠠᠵᠢᠯ ᠢᠶᠠᠨ ᠰᠠᠶᠢᠳᠤᠷ ᠬᠢᠬᠦ ᠳᠤ ᠠᠰᠢᠬᠳᠠᠢ ᠶᠤᠮ᠃ ᠮᠠᠨ ᠤ ᠨᠠᠮ ᠤᠨ ᠠᠷᠠᠳ ᠲᠦᠮᠡᠨ ᠳᠤ ᠠᠵᠠ ᠵᠢᠷᠭᠠᠯ ᠤᠯᠭᠤᠵᠤ᠂ ᠦᠨᠳᠦᠰᠦᠳᠡᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠶᠢ ᠪᠡᠳᠤ ᠴᠡᠬᠡᠵᠢᠯᠠᠵᠤ᠂ ᠨᠠᠮ ᠤᠨ ᠠᠷᠠᠳ ᠲᠦᠮᠡᠨ ᠤ ᠲᠦᠯᠤᠬᠡ ᠪᠦᠬᠦ ᠰᠡᠳᠬᠢᠯ ᠪᠦᠬᠦ ᠵᠤᠷᠢᠬ ᠢᠶᠠᠷ ᠢᠶᠠᠨ ᠤᠢᠢᠯᠡᠴᠢᠯᠡᠬᠦ ᠦᠨᠳᠤᠰᠤᠨ ᠵᠤᠷᠢᠯᠳᠠ ᠶᠢ ᠢᠮᠠᠬᠳᠠ ᠪᠠᠳᠤ ᠰᠠᠬᠢᠵᠦ᠂ ᠦᠪ ᠦᠨᠡᠨ ᠰᠠᠨᠠᠭ᠎ᠠ ᠰᠡᠳᠬᠢᠯᠭᠡ ᠲᠠᠢ ᠪᠠᠷ ᠤᠯᠠᠨ ᠲᠦᠮᠡᠨ ᠤ ︽ᠪᠠᠴᠢᠮᠲᠠᠵᠤ ᠪᠡᠷᠬᠡᠲᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ᠤᠯᠠᠨ ᠲᠦᠮᠡᠨ ᠳᠤ ᠨᠡᠩ ᠤᠯᠠᠨ᠂ ᠨᠡᠩ ᠰᠢᠭᠤᠳ᠂ ᠨᠡᠩ ᠪᠤᠳᠠᠳᠠᠢ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠤᠯᠭᠤᠬᠤ ᠭᠡᠷᠡᠭᠳᠠᠢ ᠬᠡᠵᠤ ᠴᠢᠬᠤᠯᠠᠴᠢᠯᠠᠪᠠ᠃
ᠰᠢ ᠶᠢᠨ ᠫᠢᠩ᠂ ᠮᠠᠨ ᠤ ᠡᠪ ᠬᠠᠮᠳᠤᠴᠤᠳ ᠦᠪᠡᠷ ᠤᠨ ᠰᠢᠬᠦᠮᠵᠢᠯᠠᠯ ᠦᠷᠨᠢᠬᠦᠯᠵᠤ ᠪᠠᠶᠢᠭ᠎ᠠ ᠶᠢᠨ ᠦᠨᠳᠤᠰᠤᠨ ᠬᠦᠳᠡᠯᠬᠡᠬᠦ ᠬᠦᠴᠤᠨ ᠨᠢ ᠨᠠᠮᠴᠢ ᠴᠢᠨᠠᠷ ᠠᠴᠠ ᠢᠷᠡᠵᠤ᠂ ᠨᠠᠮ ᠪᠤᠯᠤᠨ ᠠᠷᠠᠳ ᠲᠦᠮᠡᠨ ᠤ ᠤᠢᠢᠯᠡᠰ ᠲᠤ ᠲᠡᠭᠡᠳᠤ ᠬᠡᠮᠵᠢᠶ᠎ᠠ ᠪᠠᠷ ᠬᠠᠷᠢᠭᠤᠴᠠᠬᠤ ᠵᠤᠷᠢᠭ ᠰᠠᠨᠠᠭᠠᠨ ᠠᠴᠠ ᠢᠷᠡᠯᠳᠠᠢ᠃ ᠵᠠᠯᠠᠭᠤ ᠺᠠᠳ᠋ᠷᠴᠤᠳ
︽ᠦᠪᠡᠷ ᠢ ᠪᠠᠨ ᠴᠢᠩᠭ᠎ᠠ ᠬᠢᠵᠠᠭᠠᠷᠯᠠᠵᠤ᠂ ᠬᠦᠷᠦᠯᠴᠡᠬᠦ ᠦᠭᠡᠢ ᠲᠠᠯ᠎ᠠ ᠭᠠᠷᠬᠤ ᠠᠴᠠ ᠬᠢᠴᠢᠶᠡᠬᠦ︾ ᠤᠬᠠᠮᠰᠠᠷ ᠢᠶᠠᠷ ᠦᠷᠬᠦᠯᠵᠢ ᠨᠠᠮ ᠤᠨ ᠤᠨᠤᠯ᠂ ᠨᠠᠮ ᠤᠨ ᠲᠦᠷᠢᠮ ᠨᠠᠮ ᠤᠨ ᠲᠤᠭᠳᠠᠭᠠᠯ ᠨᠠᠮ ᠤᠨ ᠰᠠᠬᠢᠯᠭ᠎ᠠ ᠪᠠᠳᠤ ᠲᠠᠢ ᠬᠠᠷᠭᠤᠭᠤᠯᠵᠤ᠂ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠲᠠᠢ ᠬᠠᠷᠭᠤᠭᠤᠯᠵᠤ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠬᠠᠷᠭᠤᠭᠤᠯᠵᠤ᠂ ᠦᠪᠡᠷ ᠤᠨ ᠪᠠᠶ᠎ᠠ ᠲᠡᠭᠡᠷᠡᠬᠢ ᠲᠤᠳᠠᠬᠳᠠᠯ ᠪᠤᠯᠤᠨ ᠬᠦᠷᠤᠯᠴᠡᠬᠦ ᠦᠬᠡᠢ ᠲᠠᠯ᠎ᠠ ᠪᠠᠨ ᠰᠠᠨᠠᠭᠠᠴᠢᠯᠠᠭ᠎ᠠ ᠠᠴᠠ ᠪᠠᠨ ᠡᠷᠢᠨ ᠪᠠᠶᠢᠴᠠᠭᠠᠵᠤ᠂ ᠵᠤᠷᠢᠬᠳᠠᠢ ᠵᠠᠯᠠᠷᠠᠭᠤᠯᠬᠤ ᠭᠡᠷᠡᠭᠳᠠᠢ᠃ ᠨᠠᠮ᠂ ᠠᠵᠢᠯ ᠤᠢᠢᠯᠡᠰ᠂ ᠨᠦᠬᠦᠳ ᠲᠡᠭᠡᠨ ᠲᠡᠭᠡᠳᠤ ᠬᠡᠮᠵᠢᠶ᠎ᠠ ᠪᠠᠷ ᠬᠠᠷᠢᠭᠤᠴᠠᠬᠤ ᠵᠤᠷᠢᠬ ᠰᠠᠨᠠᠭ᠎ᠠ ᠪᠠᠷ ᠵᠤᠷᠢᠬᠳᠠᠢ ᠰᠢᠬᠦᠮᠵᠢᠯᠠᠯ ᠦᠷᠨᠢᠬᠦᠯᠵᠤ᠂ ᠨᠦᠬᠦᠳ ᠢᠶᠠᠨ ᠬᠠᠪᠰᠤᠷᠤᠨ ᠲᠤᠳᠠᠬᠳᠠᠯ ᠢ ᠨᠢ ᠡᠷᠢᠨ ᠭᠠᠷᠭᠠᠵᠤ᠂ ᠠᠯᠳᠠᠭ᠎ᠠ ᠪᠤᠷᠤᠭᠤ ᠶᠢ ᠨᠢ ᠵᠠᠯᠠᠷᠠᠭᠤᠯᠵᠤ᠂ ᠨᠦᠬᠦᠳ ᠲᠠᠢ ᠪᠠᠨ ᠪᠦᠯᠬᠦᠮᠳᠡᠨ ᠬᠠᠮᠳᠤ ᠪᠠᠷ ᠲᠠᠪᠰᠢᠬᠤ ᠭᠡᠷᠡᠭᠳᠠᠢ᠃ ᠲᠠᠷᠤᠤ ᠬᠢᠴᠢᠶᠠᠩᠬᠦᠢ ᠪᠠᠷ ᠰᠢᠬᠦᠮᠵᠢᠯᠠᠯ ᠢ ᠬᠦᠯᠢᠶᠠᠨ ᠠᠪᠬᠤ ᠪᠠᠭᠲᠠᠭᠠᠮᠵᠢᠲᠠᠢ ᠬᠡᠭᠦᠳᠡᠭ ᠴᠡᠭᠡᠵᠢ ᠲᠠᠢ ᠪᠤᠯᠵᠤ᠂ ᠠᠭᠤᠵᠢᠭᠤ ᠪᠤᠳᠤᠯ ᠡᠪᠤᠷᠳᠤᠯᠠᠵᠤ᠂ ᠴᠢᠩ ᠰᠡᠳᠬᠢᠯ ᠠᠴᠠ ᠪᠠᠨ ᠬᠦᠯᠢᠶᠠᠨ ᠠᠪᠴᠤ᠂ ᠪᠠᠶᠢᠪᠠᠯ ᠵᠠᠯᠠᠷᠠᠭᠤᠯᠵᠤ᠂ ᠦᠬᠡᠢ ᠪᠤᠯ ᠬᠢᠴᠢᠶᠠᠬᠦ ᠭᠡᠷᠡᠭᠳᠠᠢ ᠬᠡᠵᠤ ᠵᠢᠭᠠᠵᠤ ᠭᠠᠷᠭᠠᠪᠠ᠃
ᠰᠢ ᠶᠢᠨ ᠫᠢᠩ᠂ ᠵᠤᠷᠢᠭᠳᠠᠢ ᠲᠡᠮᠡᠴᠡᠬᠦ ᠪᠤᠯ ᠮᠠᠨ ᠤ ᠨᠠᠮ ᠤᠨ ᠢᠯᠠ ᠳᠤᠳᠤ ᠬᠡᠪ ᠰᠤᠷᠳᠠᠯ ᠪᠤᠯᠤᠨ᠎ᠠ᠃ ᠮᠠᠨ ᠤ ᠨᠠᠮ ᠲᠡᠮᠡᠴᠡᠯ ᠢᠶᠠᠷ ᠲᠠᠮᠵᠢᠨ ᠦᠨᠤᠳᠤᠷ ᠲᠤ ᠬᠦᠷᠴᠤ ᠢᠷᠠᠵᠠᠢ᠂ ᠯᠠᠪᠳᠠᠢ ᠲᠡᠮᠡᠴᠡᠯ ᠢᠶᠠᠷ ᠲᠠᠮᠵᠢᠨ ᠰᠠᠷᠠᠭᠤᠯ ᠢᠷᠡᠬᠡᠳᠤᠢ ᠪᠠᠨ ᠴᠤᠬᠴᠠᠯᠠᠬᠤ ᠶᠤᠮ᠃ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠵᠤ᠂ ᠰᠢᠨ᠎ᠠ ᠬᠦᠭᠵᠢᠯᠳᠠ ᠶᠢᠨ ᠱᠠᠳᠤᠨ ᠳᠤ ᠰᠠᠭᠤᠷᠢᠯᠠᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠳᠤ ᠲᠤᠯᠭᠠᠷᠠᠬᠤ ᠠᠶᠤᠯ ᠲᠦᠭᠰᠢᠬᠦᠷᠢ ᠪᠤᠯᠤᠨ ᠰᠢᠯᠭᠠᠯᠳᠠ ᠦᠩᠬᠡᠷᠡᠭᠰᠡᠨ ᠠᠴᠠ ᠦᠴᠤᠬᠡᠨ ᠴᠤ ᠳᠤᠳᠠᠭᠤ ᠦᠬᠡᠢ ᠶᠤᠮ᠃ ᠵᠠᠯᠠᠭᠤ ᠺᠠᠳ᠋ᠷᠴᠤᠳ ᠤᠬᠠᠮᠰᠠᠷ ᠠᠴᠠ ᠪᠠᠨ ᠲᠡᠮᠡᠴᠡᠯ ᠬᠢᠬᠦ ᠪᠤᠯᠪᠠᠰᠤᠷᠠᠯ ᠢᠶᠠᠨ ᠴᠢᠩᠭᠠᠳᠬᠠᠵᠤ᠂ ᠲᠡᠮᠡᠴᠡᠯ ᠤᠨ ᠲᠤᠮᠳᠠ ᠲᠡᠮᠡᠴᠡᠯ ᠬᠢᠬᠦ ᠶᠢ ᠰᠤᠷᠴᠤ᠂ ᠲᠡᠮᠡᠴᠡᠯ ᠤᠨ ᠲᠤᠮᠳᠠ ᠦᠰᠤᠨ ᠪᠤᠶᠢᠵᠢᠵᠤ ᠦᠪᠡᠷ ᠢ ᠪᠠᠨ ᠲᠡᠭᠡᠭᠰᠢᠯᠡᠭᠦᠯᠵᠤ᠂ ᠵᠤᠷᠢᠬᠳᠠᠢ ᠲᠡᠮᠡᠴᠡᠬᠦ᠂ ᠴᠢᠳᠠᠮᠠᠭᠠᠢ ᠲᠡᠮᠡᠴᠡᠬᠦ ᠪᠠᠭᠠᠳᠤᠷ ᠪᠤᠯᠬᠤ ᠪᠠᠷ ᠴᠢᠷᠮᠠᠶᠢᠬᠤ ᠭᠡᠷᠡᠭᠳᠠᠢ᠃ ᠲᠡᠮᠡᠴᠡᠯ ᠤᠨ ᠵᠤᠷᠢᠬ ᠢᠶᠠᠨ ᠡᠷᠴᠢᠯᠠᠵᠤ᠂ ᠰᠢᠨᠲᠠᠷᠠᠰᠢ ᠦᠬᠡᠢ ᠲᠡᠮᠡᠴᠡᠵᠤ᠂ ᠴᠤᠴᠠᠯᠳᠠ ᠦᠬᠡᠢ ᠤᠷᠤᠬᠰᠢᠯᠠᠬᠤ ᠭᠡᠷᠡᠭᠲᠡᠢ᠂ ᠶᠠᠭᠠᠬᠢᠬᠰᠠᠨ ᠴᠤ ᠵᠢᠭᠠᠬᠠᠨ ᠨᠤᠭᠤᠷᠠᠯ ᠪᠦᠳᠤᠷᠢᠯ ᠳᠤ ᠤᠴᠠᠷᠠᠭᠰᠠᠭᠠᠷ ᠲᠠᠷᠤᠢ ᠤᠬᠤᠷᠢᠵᠤ ᠪᠤᠯᠬᠤ ᠦᠬᠡᠢ᠂ ᠬᠦᠴᠢᠷᠳᠠᠯ ᠲᠤᠯᠭᠠᠷᠠᠬᠰᠠᠭᠠᠷ ᠲᠠᠷᠤᠢ ᠬᠤᠶᠢᠰᠢ ᠤᠬᠤᠷᠢᠵᠤ ᠪᠤᠯᠬᠤ ᠦᠬᠡᠢ᠃ ᠲᠡᠮᠡᠴᠡᠯ ᠬᠢᠬᠦ ᠳᠤ ᠴᠢᠳᠠᠮᠠᠭᠠᠢᠢᠷᠠᠵᠦ᠂ ᠲᠡᠮᠡᠴᠡᠯ ᠬᠢᠵᠤ ᠴᠢᠳᠠᠬᠤ ᠭᠡᠷᠡᠭᠳᠠᠢ᠂ ᠪᠠᠭ᠎ᠠ ᠠᠴᠠ ᠶᠡᠭᠡ ᠶᠢ ᠮᠡᠳᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠦᠵᠡᠭᠳᠡᠯ ᠠᠴᠠ ᠮᠦᠨ ᠴᠢᠨᠠᠷ ᠢ ᠨᠡᠪᠳᠡ ᠦᠵᠡᠨ ᠭᠠᠷᠴᠤ᠂ ᠬᠤᠪᠢᠷᠠᠯᠳᠠ ᠶᠢ ᠤᠨᠤᠴᠠᠳᠠᠢ ᠢᠯᠭᠠᠨ ᠲᠠᠨᠢᠵᠤ᠂ ᠬᠤᠪᠢᠷᠠᠯᠳᠠ ᠶᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠤ᠂ ᠠᠵᠠ ᠲᠤᠬᠢᠶᠠᠯ ᠢ ᠠᠵᠢᠵᠤ᠂ ᠠᠰᠢᠭᠲᠠᠢ ᠲᠠᠯ᠎ᠠ ᠶᠢ ᠡᠵᠡᠮᠲᠡᠨ ᠠᠰᠢᠭ ᠦᠭᠡᠢ ᠲᠠᠯ᠎ᠠ ᠠᠴᠠ ᠨᠢ ᠵᠠᠶᠢᠯᠠᠬᠤ ᠭᠡᠷᠡᠭᠳᠠᠢ᠃ ᠪᠠᠶᠢᠯᠳᠤᠬᠤ ᠪᠤᠳᠤᠯᠭ᠎ᠠ ᠶᠢᠨ ᠲᠦᠰᠦᠪᠯᠡᠯ ᠢ ᠴᠢᠩᠭᠠᠳᠬᠠᠵᠤ᠂ ᠶᠡᠭᠡ ᠬᠠᠨᠳᠤᠰᠢ ᠶᠡᠭᠡ ᠪᠠᠶᠢᠳᠠᠯ ᠢ ᠡᠵᠡᠮᠳᠡᠵᠤ᠂ ᠭᠤᠤᠯ ᠵᠦᠷᠢᠴᠡᠯ ᠪᠤᠯᠤᠨ ᠵᠦᠷᠢᠴᠡᠯ ᠤᠨ ᠭᠤᠤᠯ ᠲᠠᠯ᠎ᠠ ᠶᠢ ᠠᠳᠬᠤᠵᠤ᠂ ᠬᠦᠨᠳᠤ ᠬᠦᠩᠬᠡᠨ ᠠᠯᠭᠤᠷ ᠪᠠᠴᠢᠮ ᠢ ᠢᠯᠭᠠᠵᠤ᠂ ᠰᠢᠨᠵᠢᠯᠡᠬᠦ ᠤᠬᠠᠭᠠᠨᠴᠢ ᠪᠠᠷ ᠴᠡᠷᠢᠭ ᠲᠤᠮᠢᠯᠠᠵᠤ ᠵᠢᠬᠰᠠᠭᠠᠯ ᠵᠢᠬᠰᠠᠵᠤ᠂ ᠲᠡᠮᠡᠴᠡᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠬᠦ ᠭᠡᠷᠡᠭᠳᠠᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠲᠤᠭᠳᠠᠬᠰᠠᠨ ᠬᠤᠭᠤᠴᠠᠭ᠎ᠠ ᠪᠠᠷ ᠠᠶᠤᠯ ᠲᠦᠭᠰᠢᠬᠦᠷᠢ ᠲᠠᠢ ᠬᠦᠴᠤᠨ ᠵᠦᠢᠯ ᠳᠤ ᠪᠦᠬᠦ ᠲᠠᠯ᠎ᠠ ᠶᠢᠨ ᠵᠢᠬᠰᠠᠭᠠᠨ ᠪᠠᠶᠢᠴᠠᠭᠠᠯᠳᠠ ᠬᠢᠬᠦ ᠭᠡᠷᠡᠭᠳᠠᠢ᠃ ᠬᠠᠯᠠ ᠦᠵᠡᠵᠤ ᠬᠠᠰᠢᠷ ᠪᠤᠯᠵᠤ᠂ ᠡᠬᠦᠨ ᠠᠴᠠ ᠲᠡᠬᠦᠨ ᠳᠤ ᠬᠦᠷᠴᠤ᠂ ᠨᠢᠬᠡ ᠠᠴᠠ ᠵᠦᠢᠴᠢᠯᠠᠵᠤ ᠨᠦᠬᠦᠬᠡ ᠶᠢ ᠮᠡᠳᠡᠵᠤ᠂ ᠲᠡᠮᠡᠴᠡᠯ ᠤᠨ ᠵᠢᠩᠬᠢᠨᠢ ᠴᠢᠳᠠᠪᠤᠷᠢ᠂ ᠵᠢᠩᠬᠢᠨᠢ ᠡᠷᠳᠡᠮ ᠢ ᠪᠤᠯᠪᠠᠰᠤᠷᠠᠬᠤ ᠭᠡᠷᠡᠭᠳᠠᠢ ᠬᠡᠵᠤ ᠴᠢᠬᠤᠯᠠᠴᠢᠯᠠᠪᠠ᠃
ᠰᠢ ᠶᠢᠨ ᠫᠢᠩ᠂ ᠵᠠᠯᠠᠭᠤ ᠺᠠᠳ᠋ᠷᠴᠤᠳ ᠰᠢᠷᠭᠠᠭᠤ ᠬᠠᠳᠠᠭᠤᠵᠢᠯᠳᠠᠢ ᠲᠡᠮᠡᠴᠡᠬᠦ ᠪᠤᠤᠬᠢᠶ᠎ᠠ ᠶᠢ ᠲᠤᠰᠤᠨ ᠠᠪᠴᠤ᠂ ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠶᠢᠳᠠᠯ ᠪᠤᠯᠤᠨ ᠦᠨᠢᠳᠠ ᠰᠤᠯᠠᠷᠠᠰᠢ ᠦᠬᠡᠢ ᠤᠶᠤᠨ ᠰᠠᠨᠠᠭᠠᠨ ᠤ ᠲᠦᠷᠢ ᠪᠠᠶᠢᠳᠠᠯ ᠢᠶᠠᠷ ᠬᠦᠨᠳᠤ ᠡᠬᠦᠷᠬᠡ ᠶᠢ ᠵᠤᠷᠢᠬᠳᠠᠢ ᠡᠬᠦᠷᠬᠡᠯᠠᠵᠤ᠂ ᠬᠠᠳᠠᠭᠤᠵᠢᠯᠳᠠᠢ ᠬᠢᠵᠤ ᠪᠤᠳᠠᠳᠠᠢ ᠬᠢᠵᠤ᠂ ᠰᠢᠨ᠎ᠠ ᠴᠠᠬ ᠦᠶ᠎ᠡ ᠶᠢᠨ ᠰᠢᠨ᠎ᠠ ᠠᠶᠠᠨ ᠳᠤ ᠨᠠᠮ ᠳᠠᠭᠠᠨ ᠵᠢᠳᠬᠦᠵᠤ ᠤᠯᠤᠰ ᠲᠠᠭᠠᠨ ᠡᠷᠬᠦᠬᠦ ᠲᠡᠮᠡᠴᠡᠯ ᠤᠨ ᠤᠯᠠ ᠮᠦᠷ ᠢ ᠦᠯᠡᠳᠡᠬᠡᠬᠦ ᠭᠡᠷᠡᠭᠳᠠᠢ᠃ ᠠᠷᠪᠢᠴᠢ ᠪᠤᠷᠤᠭᠵᠢᠭᠤᠨ ᠢ ᠡᠷᠬᠢᠮᠯᠡᠵᠦ᠂ ᠱᠠᠯᠢᠨ ᠪᠦᠷᠢᠯᠬᠡᠬᠦ ᠶᠢ ᠡᠷᠡᠰ ᠴᠡᠬᠡᠷᠯᠡᠬᠦ ᠪᠤᠯ ᠮᠠᠨ ᠤ ᠨᠠᠮ ᠤᠨ ᠡᠷᠬᠢᠮ ᠨᠠᠨᠳᠢᠨ ᠤᠯᠠᠮᠵᠢᠯᠠᠯ ᠪᠤᠯᠤᠨ᠎ᠠ᠃ ᠤᠳᠤ᠂ ᠮᠠᠨ ᠤ ᠠᠮᠢᠳᠤᠷᠠᠯ ᠤᠨ ᠨᠦᠬᠦᠴᠠᠯ ᠰᠠᠶᠢᠵᠢᠷᠠᠵᠠᠢ᠂ ᠬᠡᠪᠡᠴᠤ ᠲᠡᠰᠪᠦᠷᠢ ᠬᠠᠳᠠᠭᠤᠵᠢᠯᠳᠠᠢ ᠲᠡᠮᠡᠴᠡᠬᠦ ᠵᠤᠷᠢᠬ ᠰᠠᠨᠠᠭ᠎ᠠ ᠶᠢ ᠦᠷᠬᠦᠯᠵᠢᠯᠠᠨ ᠪᠠᠷᠢᠮᠳᠠᠯᠠᠵᠤ᠂ ᠡᠷᠭᠡᠪᠰᠢ ᠠᠵᠢᠯᠴᠢ ᠠᠷᠪᠢᠴᠢ ᠪᠠᠷ ᠪᠠᠶ᠎ᠠ ᠪᠠᠨ ᠵᠠᠰᠠᠵᠤ᠂ ᠠᠵᠢᠯᠴᠢ ᠠᠷᠪᠢᠴᠢ ᠪᠠᠷ ᠤᠢᠢᠯᠡᠰ ᠢᠶᠠᠨ ᠮᠠᠨᠳᠤᠭᠤᠯᠵᠤ᠂ ᠠᠷᠪᠢᠯᠠᠨ ᠭᠠᠮᠨᠠᠬᠤ ᠶᠢ ᠡᠷᠬᠢᠮᠨᠠᠵᠤ᠂ ᠠᠵᠢᠯᠴᠢ ᠠᠷᠪᠢᠴᠢ ᠪᠠᠷ ᠠᠯᠢᠪᠠ ᠶᠠᠪᠤᠳᠠᠯ ᠢ ᠪᠦᠳᠤᠬᠡᠬᠦ ᠶᠢ ᠪᠠᠷᠢᠮᠳᠠᠯᠠᠬᠤ ᠭᠡᠷᠡᠭᠳᠠᠢ᠃ ᠵᠠᠯᠠᠭᠤ ᠺᠠᠳ᠋ᠷᠴᠤᠳ ᠴᠠᠬ ᠢᠮᠠᠬᠳᠠ ᠪᠠᠶ᠎ᠠ ᠪᠠᠨ ᠰᠡᠷᠡᠮᠵᠢᠯᠡᠬᠦᠯᠵᠤ᠂ ᠢᠳᠡᠪᠬᠢᠳᠠᠢ ᠡᠷᠡᠬᠦᠯ ᠰᠠᠷᠠᠭᠤᠯ ᠠᠮᠢᠳᠤᠷᠠᠯ ᠤᠨ ᠲᠠᠳᠬᠠᠯ ᠲᠠᠢ ᠪᠤᠯᠵᠤ᠂ ᠵᠢᠷᠭᠠᠨ ᠴᠡᠩᠬᠡᠬᠦ ᠦᠵᠡᠯ᠂ ᠱᠠᠯᠢᠨ ᠪᠦᠷᠢᠯᠬᠡᠬᠦ ᠰᠤᠷᠳᠠᠯ ᠢ ᠡᠷᠡᠰ ᠡᠰᠡᠷᠬᠦᠴᠡᠵᠤ᠂ ᠡᠪ ᠬᠠᠮᠳᠤᠴᠤᠳ ᠤᠨ ᠠᠷᠢᠭᠤᠨ ᠴᠢᠬᠡᠴᠢ ᠤᠯᠤᠰ ᠲᠦᠷᠤ ᠶᠢᠨ ᠮᠦᠨ ᠴᠢᠨᠠᠷ ᠢ ᠦᠨᠢᠳᠠ ᠬᠠᠳᠠᠭᠠᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃
ᠴᠧᠨ ᠰᠢ ᠬᠢᠴᠢᠶᠠᠯ ᠡᠬᠢᠯᠡᠬᠦ ᠶᠤᠰᠤᠯᠠᠯ ᠢ ᠡᠷᠬᠢᠯᠠᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠬᠤ ᠶᠢ ᠨᠠᠮ ᠤᠨ ᠲᠡᠤᠬᠡ ᠶᠢ ᠰᠤᠷᠤᠯᠴᠠᠬᠤ᠂ ᠰᠢᠨ᠎ᠠ ᠳᠤᠮᠳᠠᠳᠤ ᠤᠯᠤᠰ ᠤᠨ ᠲᠡᠤᠬᠡ ᠶᠢ ᠰᠤᠷᠤᠯᠴᠠᠬᠤ᠂ ᠦᠬᠡᠷᠡᠴᠢᠯᠠᠯᠳᠠ ᠨᠡᠬᠡᠬᠡᠯᠳᠠ ᠶᠢᠨ ᠲᠡᠤᠬᠡ ᠶᠢ ᠰᠤᠷᠤᠯᠴᠠᠬᠤ᠂ ᠨᠡᠶᠢᠬᠡᠮ ᠵᠢᠷᠤᠮ ᠤᠨ ᠬᠦᠭᠵᠢᠯᠳᠠ ᠶᠢᠨ ᠲᠡᠤᠬᠡ ᠶᠢ ᠰᠤᠷᠤᠯᠴᠠᠬᠤ ᠲᠠᠢ ᠤᠶᠠᠯᠳᠤᠭᠤᠯᠵᠤ᠂ ᠨᠠᠮ ᠤᠨ ᠤᠨᠤᠯ ᠤᠨ ᠰᠢᠨ᠎ᠠ ᠡᠬᠦᠳᠦᠯᠲᠡ ᠶᠢᠨ ᠦᠨᠡᠨ ᠶᠤᠰᠤᠨ ᠤ ᠬᠦᠴᠤᠨ᠂ ᠤᠢᠢᠯᠡᠳᠤᠯᠬᠡ ᠶᠢᠨ ᠬᠦᠴᠤᠨ᠂ ᠬᠡᠪ ᠰᠤᠷᠳᠠᠯ ᠤᠨ ᠬᠦᠴᠤᠨ ᠢ ᠬᠦᠨᠵᠡᠬᠡᠢ ᠤᠢᠢᠯᠠᠭᠠᠵᠤ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠤ ᠶᠢᠨ ᠭᠡᠷᠡᠭᠵᠢᠬᠦᠯᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠤ᠂ ᠨᠠᠮ ᠤᠨ ᠢᠷᠠᠭᠤ ᠠᠯᠳᠠᠷᠳᠤ ᠤᠯᠠᠮᠵᠢᠯᠠᠯ ᠪᠤᠯᠤᠨ ᠰᠢᠯᠢᠳᠡᠭ ᠰᠤᠷᠳᠠᠯ ᠢ ᠰᠤᠷᠤᠯᠴᠠᠨ ᠪᠠᠳᠠᠷᠠᠭᠤᠯᠬᠤ ᠤᠯᠤᠰ ᠲᠦᠷᠤ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠤᠬᠡ ᠴᠦᠬᠦᠷᠡᠰᠢ ᠦᠬᠡᠢ ᠲᠡᠮᠡᠴᠡᠵᠤ᠂ ᠰᠢᠯᠢᠳᠡᠭ ᠬᠢᠷᠢ ᠪᠦᠳᠤᠮᠵᠢ ᠪᠠᠷ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠤᠬᠳᠤᠬᠤ ᠭᠡᠷᠡᠭᠳᠠᠢ ᠬᠡᠵᠤ ᠢᠯᠡᠳᠬᠡᠪᠡ᠃
ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠠᠯ ᠡᠬᠢᠯᠡᠬᠦ ᠶᠤᠰᠤᠯᠠᠯ ᠳᠤ ᠤᠷᠤᠯᠴᠠᠪᠠ᠃
2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠬ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠰᠤᠷᠤᠯᠭᠠᠳᠠᠳ ᠬᠢᠴᠢᠶᠠᠯ ᠡᠬᠢᠯᠡᠬᠦ ᠶᠤᠰᠤᠯᠠᠯ ᠳᠤ ᠤᠷᠤᠯᠴᠠᠵᠤ᠂ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠢᠴᠢᠶᠠᠯ ᠡᠬᠢᠯᠡᠬᠦ ᠶᠤᠰᠤᠯᠠᠯ ᠳᠤ ᠰᠤᠯᠠ ᠤᠷᠤᠯᠴᠠᠪᠠ᠃