ᠮᠠ ᠯᠢᠶᠠᠩ ᠴᠧᠩ
ᠨᠡᠶᠢᠲᠡᠯᠡᠭᠰᠡᠨ ᠴᠠᠭ᠄
2021/4/7
马良诚.jpg
      ᠮᠠ ᠯᠢᠶᠠᠩ ᠴᠧᠩ ︵1913 ~ 1948︶ ᠮᠣᠩᠭᠤᠯ ᠦᠨᠳᠦᠰᠦᠲᠡᠨ᠂ ᠮᠣᠩᠭᠤᠯ ᠨᠡᠷ᠎ᠡ ᠨᠢ ᠪᠣᠷᠤᠪᠠᠭᠠᠲᠤᠷ᠂ ᠶᠡᠭᠡ ᠵᠣᠣ ᠶᠢᠨ ᠴᠢᠭᠤᠯᠭᠠᠨ ︵ᠣᠳᠣ ᠶᠢᠨ ᠣᠷᠳᠤᠰ ᠬᠤᠲᠠ︶ ᠤ ᠣᠲᠤᠭ ᠬᠤᠰᠢᠭᠤᠨ ᠤ ᠬᠦᠮᠦᠨ᠃ ᠣᠲᠤᠭ ᠬᠤᠰᠢᠭᠤᠨ ᠤ ᠠᠮᠤᠷ ᠢ ᠬᠠᠮᠠᠭᠠᠯᠠᠬᠤ ᠶᠡᠭᠡ ᠠᠩᠭᠢ ᠶᠢᠨ ᠳᠠᠷᠤᠭ᠎ᠠ ᠪᠠᠶᠢᠪᠠ᠃ 1937 ᠣᠨ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠠᠵᠢᠯ ᠤᠨ ᠬᠤᠷᠢᠶᠠᠨ ᠤ ᠪᠦᠷᠢᠯᠳᠦᠭᠦᠨ ᠲᠠᠢ ᠨᠢᠭᠤᠴᠠ ᠪᠠᠷ ᠬᠠᠷᠢᠯᠴᠠᠵᠤ ᠬᠤᠪᠢᠰᠬᠠᠯ ᠢ ᠰᠠᠶᠢᠰᠢᠶᠠᠨ ᠳᠡᠮᠵᠢᠬᠦ ᠪᠣᠯᠵᠠᠢ᠃ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ᠂ ᠤᠯᠠᠨ ᠲᠦᠮᠡᠨ ᠢ ᠲᠠᠶᠢᠴᠢᠯᠠᠨ ᠬᠤᠪᠢᠰᠬᠠᠯ ᠤᠨ ᠰᠠᠭᠤᠷᠢᠨ ᠭᠠᠵᠠᠷ ᠢ ᠳᠠᠯᠳᠠᠭᠤᠷ ᠲᠤᠰᠠᠯᠠᠪᠠ᠃ 1946 ᠣᠨ ᠤ 1 ᠰᠠᠷ᠎ᠠ ᠳᠤᠴᠡᠷᠢᠭ ᠢᠶᠠᠨ ᠳᠠᠭᠠᠭᠤᠯᠤᠨ ᠪᠣᠰᠣᠯᠭ᠎ᠠ ᠭᠠᠷᠭᠠᠵᠤ᠂ ᠣᠲᠤᠭ ᠬᠤᠰᠢᠭᠤᠨ ᠤ ᠦᠨᠳᠦᠰᠦᠲᠡᠨ ᠤ ᠬᠤᠪᠢᠰᠬᠠᠯᠲᠤ ᠵᠡᠪᠰᠡᠭᠲᠦ ᠬᠦᠴᠦᠨ ᠢ ᠪᠠᠶᠢᠭᠤᠯᠤᠭᠠᠳ᠂ ᠬᠤᠶᠠᠳᠤᠭᠠᠷ ᠬᠤᠷᠢᠶᠠᠨ ᠤ ᠳᠠᠷᠤᠭ᠎ᠠ ᠪᠣᠯᠵᠤ᠂ᠨᠠᠢᠮᠠᠳᠤᠭᠠᠷ ᠵᠠᠮ ᠤᠨ ᠴᠡᠷᠢᠭ ᠤᠨ ᠭᠤᠣᠯ ᠬᠦᠴᠦᠨ ᠤ ᠴᠡᠷᠢᠭ ᠠᠩᠭᠢ ᠶᠢ ᠬᠠᠪᠰᠤᠷᠴᠤ ᠪᠠᠶᠢᠯᠳᠤᠭᠠᠨ ᠬᠢᠪᠡ᠃ 1947 ᠣᠨ ᠤ 7 ᠰᠠᠷ᠎ᠠ ᠳᠤ ᠶᠡᠭᠡ ᠵᠣᠣ ᠠᠶᠢᠮᠠᠭ ᠤᠨ ᠠᠵᠢᠯᠯᠠᠬᠤ ᠬᠤᠷᠢᠶ᠎ᠠ ᠶᠢ ᠳᠠᠭᠠᠵᠤ ᠴᠧᠩᠴᠤᠸᠠᠨ ᠳᠤ ᠪᠠᠨ ᠪᠤᠴᠠᠵᠤ᠂ ᠭᠠᠭᠴᠠᠭᠠᠷ ᠢᠶᠠᠨ ᠳᠠᠶᠢᠰᠤᠨ ᠤ ᠡᠵᠡᠯᠡᠭᠰᠡᠨ ᠣᠷᠣᠨ ᠳᠤ ᠰᠢᠷᠭᠤᠨ ᠣᠷᠣᠵᠤ ᠪᠤᠳᠠᠷᠠᠵᠤ ᠰᠠᠷᠨᠢᠭᠰᠠᠨ ᠬᠥᠮᠦᠰ ᠢ ᠲᠠᠲᠠᠨ ᠬᠤᠷᠢᠶᠠᠪᠠ᠂ 60 ᠭᠠᠷᠤᠢ ᠬᠦᠮᠦᠨ ᠲᠠᠢ ᠴᠡᠷᠢᠭ ᠠᠩᠭᠢ ᠶᠢ ᠳᠠᠬᠢᠨ ᠰᠢᠨ᠎ᠡ ᠪᠠᠷ ᠵᠣᠬᠢᠶᠠᠨ ᠪᠠᠶᠢᠭᠤᠯᠵᠤ᠂ ᠬᠤᠵᠢᠮ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠣᠣ ᠠᠶᠢᠮᠠᠭ ᠤᠨ ᠠᠵᠢᠯ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠮᠣᠩᠭᠤᠯ ᠬᠢᠲᠠᠳ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠪᠣᠯᠵᠤ᠂ ᠶᠡᠭᠡ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠭᠤᠣᠯ ᠬᠦᠴᠦᠨ ᠤ ᠴᠡᠷᠢᠭ ᠠᠩᠭᠢ ᠲᠠᠢ ᠬᠠᠮᠵᠢᠯᠴᠠᠨ ᠰᠠᠨᠪᠢᠶᠠᠨ ᠪᠣᠯᠤᠨ ᠶᠡᠭᠡ ᠵᠣᠣ ᠪᠠᠷᠠᠭᠤᠨ ᠠᠵᠢᠯ ᠤᠨ ᠬᠤᠷᠢᠶ᠎ᠠ ᠶᠢᠨ ᠫᠠᠷᠲ᠋ᠢᠽᠠᠨ ᠠᠩᠭᠢ ᠶᠢ ᠬᠠᠮᠠᠭᠠᠯᠠᠪᠠ᠃ 1948 ᠣᠨ ᠳᠤ ᠮᠣᠩᠭᠤᠯ ᠬᠢᠲᠠᠳ ᠰᠠᠯᠪᠤᠷᠢ ᠠᠩᠭᠢ ᠶᠢ ᠠᠷᠠᠳ ᠤᠨ ᠴᠢᠯᠦᠭᠡᠯᠡᠬᠦ ᠴᠡᠷᠢᠭ ᠤᠨ ᠶᠡᠭᠡ ᠵᠣᠣ ᠠᠶᠢᠮᠠᠭ ᠤᠨ ᠰᠠᠯᠪᠤᠷᠢ ᠠᠩᠭᠢ ᠪᠣᠯᠭᠠᠭᠰᠠᠨ ᠳᠤ᠂ ᠱᠲ᠋ᠠᠪ ᠤᠨ ᠳᠠᠷᠤᠭ᠎ᠠ ᠪᠦᠭᠡᠳ ᠭᠤᠷᠪᠠᠳᠤᠭᠠᠷ ᠶᠡᠭᠡ ᠠᠩᠭᠢ ᠶᠢᠨ ᠳᠠᠷᠤᠭ᠎ᠠ ᠪᠣᠯᠪᠠ᠃ 1948 ᠣᠨ ᠤ 5 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ ᠮᠦᠨ ᠰᠠᠷ᠎ᠠ ᠳᠤ᠂ ᠰᠠᠨᠪᠢᠶᠠᠨ ᠣᠷᠤᠨ ᠤ ᠵᠡᠪᠰᠡᠭᠲᠦ ᠳᠡᠭᠡᠷᠡᠮ ᠤᠳ ᠲᠠᠢ ᠪᠠᠶᠢᠯᠳᠤᠵᠤ ᠪᠠᠶᠢᠭᠠᠳ ᠪᠡᠶ᠎ᠡ ᠦᠷᠡᠭᠳᠡᠵᠡᠢ᠃
ᠢᠷᠡᠯᠲᠡ᠄ ︽ᠮᠣᠩᠭᠤᠯ ᠦᠨᠳᠦᠰᠦᠲᠡᠨ ᠤ ᠪᠦᠷᠢᠨ ᠲᠣᠯᠢ︾