2020 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2021/4/8

     2020 ᠣᠨ ᠳᠤ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠠᠤᠯᠢ ᠶᠣᠰᠣᠭᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠬᠦᠴᠦᠯᠡᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠲᠠᠰᠤᠷᠠᠯᠳᠠ ᠥᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃
    ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠪᠡ
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠤᠳᠠᠭ᠎ᠠ ᠪᠦᠷᠢ ᠶᠢᠨ ᠲᠤᠰᠬᠠᠶ ᠰᠡᠳᠦᠪᠲᠦ ᠬᠤᠷᠠᠯ ᠳᠤ ᠵᠥᠪᠯᠡᠬᠦ ᠰᠡᠳᠦᠪ ᠲᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠢᠨᠠᠮᠠᠭᠠᠶ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠤᠯᠠᠨ ᠤᠳᠠᠭ᠎ᠠ ᠵᠢᠭᠠᠪᠤᠷᠢ ᠴᠣᠬᠤᠯᠠᠪᠤᠷᠢ ᠥᠭᠴᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠲᠤᠬᠢᠷᠠᠭᠤᠯᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠵᠠᠮ ᠢᠶᠠᠷ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠤᠨ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠵᠤ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 144 ᠵᠦᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠣᠲᠣᠷᠠᠬᠢ ᠦᠵᠦ ᠲᠥᠯᠥᠪᠯᠡᠭᠡ ᠶᠢ ᠬᠢᠬᠦ ᠪᠠᠷ ᠪᠠᠶᠢᠭ᠎ᠠ 3 ᠵᠦᠢᠯ ᠠᠴᠠ ᠭᠠᠳᠠᠨ᠎ᠠ᠂ ᠪᠤᠰᠤᠳ ᠡᠭᠦᠷᠭᠡ ᠶᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠪᠡ᠃
     ᠬᠤᠶᠠᠷ᠂ ᠬᠠᠤᠯᠢ ᠪᠠᠷ ᠵᠠᠰᠠᠵᠢᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢ ᠬᠠᠤᠯᠢ ᠶᠣᠰᠣᠭᠠᠷ ᠠᠬᠢᠭᠤᠯᠪᠠ
     ᠨᠢᠭᠡ ᠳᠤ᠂ ᠬᠠᠤᠯᠢ ᠪᠠᠷ ᠵᠠᠰᠠᠵᠢᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 722 ᠳ᠋ᠤᠭᠠᠷ ᠲᠣᠭᠠᠲᠤ︶᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠪᠠ ︽ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 9 ᠳ᠋ᠦ᠋ᠭᠡᠷ ᠲᠣᠭᠠᠲᠤ︶᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 30 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠬᠤᠶᠠᠷ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠤᠯᠤᠰ ᠪᠠ 20 ᠣᠷᠣᠨ ᠤ ᠡᠭᠴᠡ ᠪᠠᠷ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠳᠠᠩᠰᠠᠯᠠᠭᠤᠯᠤᠭᠰᠠᠨ ᠬᠡᠷᠡᠭᠯᠡᠭᠴᠢ 1400 ᠭᠠᠷᠤᠶ ᠲᠦᠮᠡᠨ ᠬᠥᠮᠦᠨ ᠳᠤ ᠬᠦᠷᠴᠦ᠂ 69 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ︽ᠮᠤᠵᠢ ᠠᠯᠤᠰᠯᠠᠨ ᠨᠡᠶᠢᠳᠡᠮ ᠳᠤ ᠨᠢ ᠭᠦᠢᠴᠡᠳᠬᠡᠬᠦ︾᠎ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 32 ᠰᠠᠯᠠᠭ᠎ᠠ ᠮᠥᠴᠢᠷ ᠣᠷᠣᠵᠤ ᠠᠵᠢᠯᠯᠠᠨ᠂ 548 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ ᠪᠣᠯᠤᠨ᠎ᠠ᠂ ᠪᠥᠬᠦ ᠣᠷᠣᠨ ᠤ 120 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠢᠶ᠎ᠡ ᠴᠠᠷᠠᠭ᠎ᠠ ᠬᠤᠪᠢᠶᠠᠨ ︽ᠨᠢᠭᠡ ᠴᠣᠩᠬᠤᠪᠴᠢ ᠪᠠᠷ ᠨᠡᠶᠢᠳᠡᠮ ᠳᠤ ᠨᠢ ᠭᠦᠢᠴᠡᠳᠬᠡᠬᠦ︾᠎ ᠶᠢ ᠬᠡᠷᠡᠭᠵᠢᠭᠦᠯᠦᠭᠰᠡᠨ ᠤ ᠬᠠᠮᠲᠤ ᠦᠢᠯᠡᠴᠢᠯᠡᠭᠡᠨ ᠤ ᠬᠡᠯᠬᠢᠶ᠎ᠡ ᠶᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠱᠠᠲᠤᠨ ᠳᠤ ᠬᠦᠷᠲᠡᠯ᠎ᠡ ᠤᠷᠲᠤᠳᠬᠠᠪᠠ᠃ ᠠᠵᠤ ᠠᠬᠤᠶᠢᠯᠠᠯ ᠪᠠᠶᠢᠭᠤᠯᠤᠨ ᠡᠷᠬᠢᠯᠡᠬᠦ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠢ ᠰᠦᠯᠵᠢᠶᠡᠨ ᠳᠤ ᠨᠡᠪᠲᠡᠷᠡᠭᠦᠯᠦᠨ ᠠᠵᠢᠯᠯᠠᠭᠤᠯᠵᠤ᠂ ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠤᠨ ᠬᠢᠵᠠᠭᠠᠷ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠬᠢᠯᠪᠠᠷ ᠳᠥᠭᠦᠮ ᠬᠦᠴᠦᠨ ᠥᠬᠡᠶ ᠪᠣᠯᠭᠠᠬᠤ ᠪᠠᠷ ᠵᠠᠷᠯᠠᠬᠤ ᠴᠠᠭ ᠢ 45 ᠡᠳᠦᠷ ᠪᠠᠶᠢᠭᠰᠠᠨ ᠠᠴᠠ 20 ᠡᠳᠦᠷ ᠪᠣᠯᠭᠠᠨ ᠪᠣᠭᠤᠨᠢᠰᠬᠠᠪᠠ᠃ ᠭᠤᠷᠪᠠ ᠳᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠪᠥᠬᠦ ᠣᠷᠣᠨ ᠤ ᠨᠢᠭᠡᠳᠦᠯᠲᠡᠶ ︽ᠬᠤᠶᠠᠷ ᠢ ᠲᠠᠰᠢᠷᠠᠮ ᠳᠤ ᠨᠢ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ 454 ᠲᠦᠮᠡ ᠭᠠᠷᠤᠶ ᠵᠤᠷᠪᠤᠰ ᠴᠤᠭᠯᠠᠭᠤᠯᠤᠨ ᠳᠡᠭᠡᠭᠰᠢ ᠮᠡᠳᠡᠭᠦᠯᠪᠡ᠃ ᠣᠨ ᠤ ᠳᠣᠲᠣᠷ᠎ᠠ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠬᠤᠶᠠᠷ ᠢ ᠲᠠᠰᠢᠷᠠᠮ ᠳᠤ ᠨᠢ ᠪᠠᠶᠢᠴᠠᠭᠠᠬᠤ︾ 6098 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠯᠲᠠ ᠶᠢ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠨ 581 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠯᠲᠠ ᠶᠢ ᠥᠷᠨᠢᠭᠦᠯᠪᠡ᠃ ᠲᠦᠷᠪᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠪᠡ᠃ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠬᠠᠤᠯᠢ ᠶᠣᠰᠣᠭᠠᠷ ᠵᠠᠰᠠᠯᠲᠠ ᠬᠢᠬᠦ ᠶᠢ ᠪᠠᠷᠢᠮᠲᠠᠯᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠳᠤ ᠦᠯᠦ ᠨᠡᠶᠢᠴᠡᠬᠦ ᠲᠦᠷ ᠴᠠᠭ ᠤᠨ ᠴᠢᠨᠠᠷᠲᠠᠶ ᠨᠡᠶᠢᠳᠡ 154 ᠵᠤᠷᠪᠤᠰ ᠱᠠᠭᠠᠷᠳᠠᠯᠭ᠎ᠠ ᠶᠢ ᠢᠯᠭᠠᠨ ᠴᠡᠪᠡᠷᠯᠡᠵᠦ᠂ 10 ᠬᠦᠷᠢᠶᠡᠨ ᠳᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠯᠣᠭᠤᠳᠬᠤ ᠰᠠᠨᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠲᠠᠰ ᠲᠤ ᠲᠣᠬᠢᠷᠠᠭᠤᠯᠤᠯᠲᠠ ᠬᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠮᠡᠳᠡᠭᠳᠡᠯ︾ ︵ᠥᠪᠥᠷ ᠰᠡᠷᠭᠡᠶᠢᠯᠡᠬᠦ ᠵᠢᠯᠣᠭᠤᠳᠬᠤ ᠴᠠᠬᠢᠯᠭᠠᠨ ﹇2020﹈ 16 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠵᠢᠷᠭᠤᠭᠠᠨ ᠶᠡᠭᠡ ᠲᠥᠪᠯᠡᠷᠡᠩᠭᠦᠶ ᠠᠵᠢᠯᠯᠠᠭ᠎ᠠ︾᠎ ᠶᠢ ᠯᠠᠪᠳᠠᠭᠤᠨ ᠢᠶᠠᠷ ᠠᠬᠢᠭᠤᠯᠪᠠ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠠᠴᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ ᠶᠢ ᠳᠡᠮᠵᠢᠬᠦ ᠲᠡᠶᠢᠰᠢ ᠬᠤᠪᠢᠷᠠᠭᠤᠯᠬᠤ ᠶᠢ ᠠᠬᠢᠭᠤᠯᠪᠠ᠃
     ᠭᠤᠷᠪᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ
     ᠨᠢᠭᠡ ᠳᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2020 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠤᠷᠠᠳᠤᠨ ᠳᠡᠪᠰᠢᠭᠦᠯᠵᠦ 9 ᠬᠤᠪᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠵᠤ᠂ 11 ᠬᠤᠪᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ 4 ᠬᠤᠪᠢ ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠪᠠ︔ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ 2 ᠬᠤᠪᠢ ᠲᠣᠭᠲᠠᠭᠠᠵᠤ᠂ 3 ᠬᠤᠪᠢ ᠳᠤ ᠵᠠᠰᠠᠪᠤᠷᠢ ᠣᠷᠣᠭᠤᠯᠵᠤ᠂ 6 ᠬᠤᠪᠢ ᠶᠢ ᠬᠦᠴᠦᠨ ᠦᠭᠡᠢ ᠪᠣᠯᠭᠠᠵᠤ᠂ ᠰᠠᠶᠢᠨ ᠬᠠᠤᠯᠢ ᠳᠤ ᠲᠦᠰᠢᠭᠯᠡᠨ ᠠᠰᠢᠭᠲᠠᠢ ᠵᠠᠰᠠᠯᠲᠠ ᠶᠢ ᠪᠡᠶᠡᠯᠡᠭᠦᠯᠪᠡ᠃ ᠬᠤᠶᠠᠷ ᠲᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠵᠦᠢᠯ ᠢᠶᠠᠷ ᠢᠯᠭᠠᠷᠠᠭᠤᠯᠬᠤ ᠠᠵᠢᠯ ᠢ ᠠᠬᠢᠭᠤᠯᠪᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ᠂ ︽ᠢᠷᠭᠡᠨ ᠤ ᠬᠠᠤᠯᠢ ᠶᠢᠨ ᠪᠢᠴᠢᠭ︾ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠵᠦᠢᠯ ᠢᠶᠠᠷ ᠢᠯᠭᠠᠷᠠᠭᠤᠯᠤᠨ ᠲᠢᠭᠯᠡᠬᠦ ᠠᠵᠢᠯ ᠢ ᠥᠷᠨᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 461 ᠬᠤᠪᠢ ᠢᠯᠭᠠᠷᠠᠭᠤᠯᠤᠨ ᠲᠢᠭᠯᠡᠵᠦ᠂ 43 ᠬᠤᠪᠢ ᠶᠢ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠢ ᠵᠠᠷᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ 49 ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠭᠰᠠᠨ ᠪᠠ ᠬᠦᠴᠦᠨ ᠥᠬᠡᠶ ᠪᠣᠯᠣᠭᠰᠠᠨ ᠢ ᠵᠠᠷᠯᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ 179 ᠵᠦᠢᠯ᠂ ᠵᠠᠰᠠᠭ ᠤᠨ ᠣᠷᠳᠣᠨ ᠤ ᠲᠦᠷᠢᠮ ᠲᠣᠭᠲᠠᠭᠠᠯ 106 ᠵᠦᠢᠯ ᠪᠠᠶᠢᠨ᠎ᠠ᠃
    ᠳᠦᠷᠪᠡ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠤᠯᠢ ᠪᠠᠷ ᠵᠠᠰᠠᠵᠢᠬᠤ ᠬᠢᠷᠢ ᠲᠦᠪᠰᠢᠨ ᠢ ᠳᠡᠭᠡᠭᠰᠢᠯᠡᠭᠦᠯᠪᠡ
     ᠨᠢᠭᠡ ᠳᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶᠎ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ︵ᠥᠪᠥᠷ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ︶᠎ ᠢ ᠨᠡᠶᠢᠲᠡᠯᠡᠵᠦ᠂ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠪᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠣᠶᠤᠨᠯᠢᠭ ᠬᠥᠮᠥᠷᠭᠡ ᠶᠢ ᠪᠦᠷᠢᠨᠰᠢᠭᠦᠯᠵᠦ᠂ ᠰᠢᠢᠳᠪᠦᠷᠢᠲᠦ ᠪᠤᠳᠤᠯᠭ᠎ᠠ ᠬᠡᠷᠡᠭᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠠᠷ ᠲᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠪᠠ᠃ 2020 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠣᠭᠲᠠᠭᠠᠨ ᠲᠠᠷᠬᠠᠭᠠᠭᠰᠠᠨ 509 ᠬᠤᠪᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ︵ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠪᠠ ᠭᠡᠷ᠎ᠡ ᠶᠢᠨ ᠵᠥᠪᠯᠡᠯᠴᠡᠭᠡᠷ ᠵᠡᠷᠭᠡ ᠪᠠᠭᠲᠠᠨ᠎ᠠ︶᠎ ᠳᠤ ᠴᠥᠮ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠪᠠ︔ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠥᠮ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠳᠠᠩᠰᠠᠯᠠᠭᠤᠯᠵᠤ᠂ ᠮᠡᠳᠡᠭᠦᠯᠦᠨ ᠳᠠᠩᠰᠠᠯᠠᠭᠤᠯᠤᠭᠰᠠᠨ ᠨᠤᠷᠮ᠎ᠠ ᠪᠠ ᠴᠠᠭ ᠲᠤᠬᠠᠢ ᠳᠤ ᠨᠢ ᠰᠢᠢᠳᠪᠦᠷᠢᠯᠡᠭᠰᠡᠨ ᠨᠣᠷᠮ᠎ᠠ ᠨᠢ ᠴᠥᠮ 100 % ᠬᠦᠷᠪᠡ᠃
    ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠨ ᠪᠥᠭᠡᠳ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠯᠠᠪᠳᠠᠭᠤᠨ ᠢᠶᠠᠷ ᠠᠬᠢᠭᠤᠯᠪᠠ
     ᠨᠢᠭᠡ ᠳᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠳᠤ ᠵᠥᠪᠬᠡᠨ ᠵᠠᠮ ᠬᠠᠷᠢᠯᠴᠠᠭ᠎ᠠ ᠲᠡᠭᠡᠭᠡᠪᠦᠷᠢ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ 2 ᠰᠠᠯᠠᠭ᠎ᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠦᠯᠡᠳᠡᠭᠡᠵᠦ᠂ ᠠᠶᠢᠮᠠᠭ ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ 426 ᠪᠠᠶᠢᠭᠰᠠᠨ ᠠᠴᠠ 144 ᠪᠣᠯᠭᠠᠨ ᠬᠠᠰᠤᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠢ ᠶᠢ 2436 ᠪᠠᠶᠢᠭᠰᠠᠨ ᠠᠴᠠ 852 ᠪᠣᠯᠭᠠᠨ ᠬᠠᠰᠤᠪᠠ᠃ ᠬᠤᠶᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠢᠯᠭᠠᠷᠠᠭᠤᠯᠤᠨ ᠨᠡᠶᠢᠲᠡᠯᠡᠬᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠨ ᠰᠢᠯᠭᠠᠬᠤ ᠠᠵᠢᠯ ᠢ ᠥᠷᠨᠢᠭᠦᠯᠵᠦ᠂ ᠡᠯᠧᠺᠲᠷᠣᠨ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠪᠥᠬᠦ ᠲᠠᠯ᠎ᠠ ᠪᠠᠷ ᠡᠬᠢᠯᠡᠭᠦᠯᠦᠨ ᠬᠡᠷᠡᠭᠯᠡᠪᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠵᠤ᠂ ︽ᠬᠤᠶᠠᠷ ᠬᠠᠤᠯᠢ︾᠎ ᠶᠢ ᠵᠣᠯᠭᠠᠭᠤᠯᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠪᠠ᠃ ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ︾᠎ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ  ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ  ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠪᠠ ᠬᠠᠤᠯᠢ ᠲᠦᠷᠢᠮ ᠢ ᠬᠢᠨᠠᠨ ᠬᠠᠷᠭᠤᠭᠤᠯᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 244 ᠳ᠋ᠦ᠋ᠭᠡᠷ ᠲᠣᠭᠠᠲᠤ︶᠎ ᠶᠢ ᠨᠡᠶᠢᠲᠡᠯᠡᠨ ᠬᠡᠷᠡᠭᠵᠢᠭᠦᠯᠪᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ︽ᠵᠠᠰᠠᠭ ᠵᠠᠬᠢᠷᠭᠠᠨ ᠤ ᠵᠢᠯᠣᠭᠤᠳᠬᠤ ᠠᠵᠢᠯ ᠢ ᠬᠡᠷᠡᠭᠵᠢᠭᠦᠯᠬᠦ ᠲᠤᠬᠠᠶ ᠰᠠᠨᠠᠯ︾ ︵ᠥᠪᠥᠷ ᠬᠠᠤᠯᠢ ᠲᠠᠷᠬᠠᠭᠠᠭᠰᠠᠨ ﹇2020﹈ 46 ᠳ᠋ᠤᠭᠠᠷ ᠲᠣᠭᠠᠲᠤ︶ ᠪᠠ ︽︿ᠣᠨᠳᠣᠤ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠠᠮᠵᠢᠯᠴᠠᠬᠤ ᠲᠦᠷᠢᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ﹀᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠠᠤᠯᠢ ᠮᠡᠳᠡᠭᠳᠡᠯ ﹇2020﹈ 99 ᠳ᠋ᠦ᠋ᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠲᠦᠷᠪᠡ ᠳᠤ᠂ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾᠎ ᠢ ᠨᠡᠶᠢᠲᠡᠯᠡᠵᠦ᠂ ᠪᠥᠬᠦ ᠤᠯᠤᠰ ᠲᠤ ᠤᠷᠢᠳ ᠢᠶᠠᠷ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠷᠬᠡ ᠣᠯᠭᠤᠬᠤ ᠨᠠᠷᠢᠨ ᠬᠠᠭᠤᠳᠠᠰᠤ ᠶᠢᠨ ᠬᠡᠯᠪᠡᠷᠢ ᠪᠠᠷ 99 ᠵᠦᠢᠯ ᠤᠨ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠨ ᠱᠠᠲᠤᠨ ᠳᠤ ᠪᠠᠭᠤᠯᠭᠠᠪᠠ᠃
     ᠵᠢᠷᠭᠤᠭ᠎ᠠ᠂ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠪᠠ
     ᠨᠢᠭᠡ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ ᠨᠢ 100% ᠬᠦᠷᠪᠡ᠃ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ᠂ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠪᠡ᠃ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ᠂ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠪᠠ ᠴᠢᠬᠤᠯᠠ ᠶᠡᠭᠡ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠪᠠ᠃ ᠬᠤᠶᠠᠷ ᠲᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠠᠬᠢᠭᠤᠯᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠰᠲ᠋ᠧᠮᠵᠢᠭᠦᠯᠬᠦ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠤᠨ ᠵᠢᠷᠤᠮᠵᠢᠯ︾ ᠵᠡᠷᠭᠡ 8 ᠵᠦᠢᠯ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ 161 ᠤᠳᠠᠭ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠪᠠᠶᠢᠩᠭᠤᠵᠢᠭᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ ᠳᠣᠭᠢᠷᠠᠭᠤᠯᠤᠨ᠂ ᠡᠯ᠎ᠡ ᠲᠥᠷᠥᠯ ᠤᠨ ᠮᠡᠳᠡᠭᠡ ᠵᠠᠩᠭᠢ ᠶᠢ 3 ᠲᠦᠮᠡ ᠭᠠᠷᠤᠶ ᠨᠡᠶᠢᠲᠡᠯᠡᠪᠡ᠃ ᠭᠤᠷᠪᠠ ᠳᠤ᠂ ᠬᠠᠤᠯᠢ ᠴᠠᠭᠠᠵᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2020﹈ 77 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠡᠯᠡᠵᠦ᠂ 2020 ᠣᠨ ᠳᠤ ᠪᠥᠬᠦ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ ᠨᠢ ᠳᠡᠭᠡᠷ᠎ᠡ ᠵᠢᠯ ᠤᠨ ᠬᠢ ᠠᠴᠠ ᠨᠢᠭᠡ ᠳᠠᠬᠢᠨ ᠰᠢᠬᠠᠮ ᠢᠶᠠᠷ ᠳᠡᠭᠡᠭᠰᠢᠯᠡᠵᠦ᠂ ᠵᠠᠰᠠᠭ ᠵᠠᠬᠢᠷᠭᠠᠨ ᠤ ᠵᠠᠷᠭᠤ ᠶᠢᠨ ᠢᠯᠠᠭᠳᠠᠭᠰᠠᠨ ᠨᠣᠷᠮ᠎ᠠ ᠶᠢ 16% ᠪᠣᠯᠲᠠᠯ᠎ᠠ ᠪᠠᠭᠤᠷᠠᠭᠤᠯᠪᠠ᠃
     ᠲᠤᠯᠤᠭ᠎ᠠ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ
     ᠨᠢᠭᠡ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠢᠳᠡᠪᠬᠢᠲᠡᠶ ᠪᠠᠷ ᠠᠬᠢᠭᠤᠯᠪᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠳᠠᠬᠢᠨ ᠵᠥᠪᠯᠡᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠰᠦᠯᠵᠢᠶᠡᠨ ᠳᠡᠭᠡᠷ᠎ᠡ ᠠᠵᠢᠯᠯᠠᠭᠤᠯᠬᠤ ᠲᠠᠪᠴᠠᠩ ᠭᠠᠷᠭᠠᠵᠤ᠂ ᠣᠨ ᠤ ᠳᠣᠲᠣᠷ᠎ᠠ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ 5217 ᠬᠡᠷᠡᠭ ᠢ ᠰᠢᠢᠳᠪᠦᠷᠢᠯᠡᠵᠦ᠂ ᠡᠭᠦᠨ ᠳᠤ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ ᠨᠢ 2633 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠪᠡ᠃ ᠬᠤᠶᠠᠷ ᠲᠤ᠂ ︽ᠶᠡᠭᠡ ᠡᠶᠡᠳᠡᠭᠦᠯᠭᠡ︾᠎ ᠶᠢᠨ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠪᠠ᠃ ᠲᠣᠮᠢᠯᠠᠭᠰᠠᠨ ᠰᠠᠯᠪᠤᠷᠢ ᠪᠠ ᠬᠠᠤᠯᠢ ᠴᠠᠭᠠᠵᠠ ᠶᠢᠨ ᠭᠠᠵᠠᠷ ᠤᠨ ︽ᠬᠤᠶᠠᠷ ᠭᠠᠵᠠᠷ ᠤᠨ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠵᠤ᠂ ᠠᠷᠠᠳ ᠤᠨ ᠡᠶᠡᠳᠡᠭᠦᠯᠭᠡ ᠬᠢᠭᠡᠳ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠵᠣᠬᠢᠴᠠᠯᠳᠤᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠣᠨ ᠤ ᠳᠣᠲᠣᠷ᠎ᠠ ᠨᠡᠶᠢᠳᠡ 8.5 ᠲᠦᠮᠡ ᠭᠠᠷᠤᠶ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ᠡᠶᠡᠳᠡᠭᠦᠯᠦᠨ ᠰᠢᠢᠳᠪᠦᠷᠢᠯᠡᠵᠦ ᠠᠮᠵᠢᠯᠲᠠ ᠣᠯᠤᠭᠰᠠᠨ ᠨᠤᠷᠮ᠎ᠠ ᠨᠢ 96%᠎ ᠳᠤ ᠬᠦᠷᠴᠡᠶ᠃ ᠭᠤᠷᠪᠠ ᠳᠤ᠂ ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠵᠢᠬᠤ ᠪᠠᠶᠢᠭᠤᠯᠤᠯᠲᠠ ᠶᠢ ᠴᠢᠩᠭᠠᠳᠬᠠᠪᠠ᠃ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠬᠢᠨ ᠪᠠᠶᠢᠴᠠᠭᠠᠵᠤ ᠳᠠᠬᠢᠨ ᠬᠠᠷᠭᠤᠭᠤᠯᠬᠤ ᠪᠠ ᠵᠠᠬᠢᠳᠠᠯ ᠰᠤᠷᠪᠤᠯᠵᠢᠯᠠᠯ ᠤᠨ ᠭᠤᠮᠣᠳᠠᠯ ᠲᠣᠭᠠᠴᠢᠯᠲᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ ᠲᠤᠬᠠᠶ ᠲᠣᠭᠲᠠᠭᠠᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠢᠯᠭᠠᠷᠠᠭᠤᠯᠤᠨ ᠪᠠᠶᠢᠴᠠᠭᠠᠵᠤ ᠨᠠᠮᠳᠠᠭᠠᠬᠤ ᠠᠵᠢᠯ ᠢ ᠴᠢᠩᠭᠠᠳᠬᠠᠵᠤ᠂ ᠣᠨ ᠤ ᠳᠣᠲᠣᠷ᠎ᠠ ᠤᠳᠤᠷᠢᠳᠤᠯᠭ᠎ᠠ ᠶᠢᠨ ᠳᠠᠭᠠᠭᠠᠴᠢᠯᠠᠭᠰᠠᠨ 5132 ᠬᠡᠷᠡᠭ ᠢ ᠨᠠᠶᠢᠳᠠᠪᠤᠷᠢᠵᠢᠭᠤᠯᠵᠤ᠂ 2841 ᠬᠡᠷᠡᠭ ᠢ ᠬᠠᠤᠯᠢ ᠶᠣᠰᠣᠭᠠᠷ ᠨᠠᠮᠳᠠᠭᠠᠨ ᠰᠢᠢᠳᠪᠦᠷᠢᠯᠡᠪᠡ᠃ ᠲᠦᠷᠪᠡ ᠳᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠠᠬᠢᠭᠤᠯᠪᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ 95%᠎ ᠶᠢᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠬᠠᠮᠤᠷᠤᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ ︽ᠬᠢᠲᠠᠳ ᠮᠣᠩᠭᠤᠯ ᠬᠠᠤᠯᠢ ᠴᠠᠭᠠᠵᠠ ᠶᠢᠨ ᠬᠡᠷᠡᠭᠯᠡᠭᠡᠨ ᠤ ᠲᠣᠯᠢ ᠪᠢᠴᠢᠭ︾᠎ ᠢ ᠨᠠᠶᠢᠷᠠᠭᠤᠯᠤᠨ ᠪᠢᠴᠢᠵᠦ ᠳᠠᠭᠤᠰᠬᠠᠭᠠᠳ᠂ ᠤᠯᠤᠰ ᠤᠨ ᠳᠣᠲᠣᠭᠠᠳᠤ ᠶᠢᠨ ᠬᠤᠭᠤᠰᠣᠨ ᠢ ᠨᠥᠬᠦᠪᠡ᠃
    ᠨᠠᠢᠮᠠ᠂ ᠬᠠᠤᠯᠢ ᠪᠠᠷ ᠵᠠᠰᠠᠬᠤ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ
     ᠨᠢᠭᠡ ᠳᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠰᠤᠷᠤᠯᠴᠠᠯᠭ᠎ᠠ ᠤᠬᠠᠭᠤᠯᠭ᠎ᠠ ᠶᠢᠨ ᠪᠣᠯᠪᠠᠰᠤᠷᠠᠯ ᠢ ᠰᠠᠶᠢᠲᠤᠷ ᠠᠳᠬᠤᠪᠠ᠃ ᠣᠨ ᠤ ᠳᠣᠲᠣᠷ᠎ᠠ    1.7 ᠲᠦᠮᠡ ᠭᠠᠷᠤᠶ ᠨᠠᠮ ᠵᠠᠰᠠᠭ ᠤᠨ ᠪᠠᠶᠢᠭᠤᠯᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠡᠶᠢᠲᠡ 71.9 ᠲᠦᠮᠡᠨ ᠬᠥᠮᠦᠨ ᠰᠦᠯᠵᠢᠶᠡᠨ ᠳᠡᠭᠡᠷ᠎ᠡ ᠬᠠᠤᠯᠢ ᠴᠠᠭᠠᠵᠠ ᠰᠤᠷᠬᠤ ᠪᠠ ᠰᠢᠯᠭᠠᠯᠲᠠ ᠳᠤ ᠣᠷᠣᠯᠴᠠᠵᠤ᠂ ᠬᠢᠷᠢ ᠲᠡᠩᠴᠡᠭᠰᠡᠨ ᠨᠣᠷᠮ᠎ᠠ ᠨᠢ 79.41% ᠬᠦᠷᠴᠡᠶ︔ ︽12•4︾᠎ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠲᠤ ᠠᠩᠬᠠᠳᠤᠭᠠᠷ ᠬᠤᠭᠤᠴᠠᠭᠠᠨ ᠤ ︽ᠬᠠᠤᠯᠢ ᠴᠠᠭᠠᠵᠠ ᠶᠢᠨ ᠰᠠᠶᠢᠨ ᠳᠠᠭᠤᠨ︾᠎ ᠤ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ 130 ᠲᠦᠮᠡ ᠰᠢᠬᠠᠮ ᠦᠵᠡᠭᠴᠢᠳ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ᠃ ᠬᠤᠶᠠᠷ ᠲᠤ᠂ ︽ᠢᠷᠭᠡᠨ ᠤ ᠬᠠᠤᠯᠢ ᠶᠢᠨ ᠪᠢᠴᠢᠭ︾᠎ ᠤᠨ ᠰᠤᠷᠤᠯᠴᠠᠯᠭ᠎ᠠ ᠤᠬᠠᠭᠤᠯᠭ᠎ᠠ ᠶᠢ ᠰᠠᠶᠢᠲᠤᠷ ᠠᠳᠬᠤᠪᠠ᠃ ︽ᠢᠷᠭᠡᠨ ᠤ ᠬᠠᠤᠯᠢ ᠶᠢᠨ ᠪᠢᠴᠢᠭ︾᠎ ᠤᠨ ᠰᠤᠷᠤᠯᠴᠠᠯᠭ᠎ᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠪᠠ ᠡᠯ᠎ᠡ ᠲᠦᠷᠦᠯ ᠤᠨ ᠰᠤᠷᠭᠠᠭᠤᠯᠢ ᠶᠢᠨ ᠬᠠᠤᠯᠢ ᠪᠠᠷ ᠵᠠᠰᠠᠬᠤ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠤᠯᠠᠨ ᠵᠦᠢᠯ ᠤᠨ ᠬᠡᠯᠪᠡᠷᠢ ᠪᠠᠷ ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠪᠡ᠃ ᠭᠤᠷᠪᠠ ᠳᠤ᠂ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠬᠠᠤᠯᠢ ᠲᠦᠭᠡᠮᠡᠯᠵᠢᠭᠦᠯᠬᠦ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠰᠢᠷᠢᠰ ᠤᠬᠠᠭᠤᠯᠭ᠎ᠠ ᠶᠢᠨ ᠹᠢᠯᠢᠮ ᠢ ᠨᠡᠶᠢᠳᠡ 300 ᠭᠠᠷᠤᠢ ᠬᠤᠭᠤᠴᠠᠭ᠎ᠠ ᠦᠢᠯᠡᠳᠴᠦ᠂ ᠰᠢᠷᠢᠰ ᠺᠠᠷᠲ᠋ᠣᠨ ᠵᠦᠴᠦᠭᠡ ︽ᠪᠢᠴᠢᠬᠠᠨ ᠬᠠᠤᠯᠢᠴᠢ ᠢᠷᠡᠯ᠎ᠡ︾᠎ ᠨᠢ ᠲᠥᠪ ᠤᠨ ᠤᠬᠠᠭᠤᠯᠬᠤ ᠬᠡᠯᠲᠡᠰ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠢᠴᠢ ᠬᠠᠤᠯᠢ ᠴᠠᠭᠠᠵᠠ ᠶᠢᠨ ᠶᠠᠮᠤᠨ ᠤ ᠨᠢᠭᠡᠳᠦᠭᠡᠷ ᠳᠡᠰ ᠤᠨ ᠱᠠᠩᠨᠠᠯ ᠢ ᠬᠦᠷᠳᠡᠵᠡᠢ᠃ ᠲᠦᠷᠪᠡ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠠᠬᠢᠭᠤᠯᠪᠠ᠃ ︽7•5︾᠎ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽8•5︾᠎ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠥᠨᠳᠥᠷ ᠡᠬᠢᠯᠡᠯᠲᠡ ᠶᠢᠨ ᠴᠡᠭ ᠤᠬᠠᠭᠤᠯᠤᠨ ᠲᠥᠯᠥᠪᠯᠡᠵᠦ᠂ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠰᠤᠷᠤᠯᠴᠠᠬᠤ᠂ ᠵᠢᠱᠢᠶᠡᠴᠢ ᠪᠠᠷ ᠬᠠᠤᠯᠢ ᠰᠠᠬᠢᠬᠤ ᠶᠢ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠬᠤ ᠵᠠᠩᠭᠢᠯᠠᠭ᠎ᠠ ᠪᠣᠯᠭᠠᠵᠤ᠂ ᠪᠦᠬᠦ ᠤᠯᠤᠰ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠠᠯᠪᠠᠨ ᠭᠡᠷ ᠤᠨ ᠭᠦᠢᠴᠡᠳ ᠨᠤᠲᠠᠯᠠᠯᠲᠠ ᠶᠢ ᠤᠯᠪᠠ᠃
    ᠶᠢᠰᠦ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠪᠠ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ
     ᠨᠢᠭᠡ ᠳᠤ᠂ ᠬᠢᠨᠠᠨ ᠰᠢᠯᠭᠠᠯᠲᠠ ᠶᠢᠨ ︽ᠳᠣᠬᠢᠭᠤᠷ︾᠎ ᠤᠨ ᠦᠢᠯᠡᠳᠦᠯ ᠢ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠢᠶᠠᠨ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠬᠤᠷᠢᠶ᠎ᠠ ᠶᠢᠨ ᠠᠯᠪᠠᠨ ᠬᠡᠷ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠢᠶᠠᠨ ᠬᠠᠤᠯᠢ ᠪᠠᠷ ᠵᠠᠰᠠᠬᠤ ᠰᠢᠯᠭᠠᠷᠠᠭᠤᠯᠬᠤ ᠺᠣᠮᠢᠰ ᠤᠨ ᠲᠤᠰᠬᠠᠶ ᠮᠡᠷᠭᠡᠵᠢᠯᠲᠡᠨ ᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶᠂ ︽︿2020 ᠣᠨ ᠤ ᠠᠶᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ ᠶᠢᠨ ᠣᠷᠣᠨ ᠢᠶᠠᠨ ᠬᠠᠤᠯᠢ ᠪᠠᠷ ᠵᠠᠰᠠᠬᠤ ᠶᠢ ᠰᠢᠯᠭᠠᠨ ᠬᠢᠨᠠᠵᠤ ᠦᠨᠡᠯᠡᠬᠦ ᠠᠷᠭ᠎ᠠ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠣᠷᠣᠨ ᠢᠶᠠᠨ ᠬᠠᠤᠯᠢ ᠪᠠᠷ ᠵᠠᠰᠠᠬᠤ ᠠᠯᠪᠠᠨ ᠲᠠᠷᠬᠠᠭᠠᠭᠰᠠᠨ ﹇2020﹈ 17 ᠳ᠋ᠤᠭᠠᠷ ᠲᠣᠭᠠᠲᠤ︶᠎ ᠢ ᠲᠣᠭᠲᠠᠭᠠᠨ ᠨᠡᠶᠢᠲᠡᠯᠡᠵᠦ᠂ ᠰᠢᠯᠭᠠᠷᠠᠭᠤᠯᠬᠤ ᠺᠣᠮᠢᠰ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠰᠢᠯᠭᠠᠨ ᠦᠨᠡᠯᠡᠬᠦ ᠲᠤᠰᠬᠠᠶ ᠮᠡᠷᠭᠡᠵᠢᠯ ᠤᠨ ᠴᠢᠨᠠᠷ᠂ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ ᠶᠢ ᠰᠢᠯᠭᠠᠨ ᠦᠨᠡᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠶᠠᠷ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠰᠬᠠᠶ ᠵᠦᠢᠯ ᠤᠨ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠪᠡ᠃ ᠣᠨ ᠤ ᠳᠣᠲᠣᠷ᠎ᠠ 10 ᠠᠶᠢᠮᠠᠭ ᠬᠤᠲᠠ᠂ 8 ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠰᠢᠮᠳᠠᠭᠤᠯᠤᠨ ᠪᠠᠶᠢᠴᠠᠭᠠᠯᠲᠠ ᠬᠢᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠵᠦ᠂ ᠠᠵᠢᠯ ᠤᠨ ᠡᠬᠡ ᠲᠠᠩᠰᠠ ᠪᠠᠶᠢᠭᠤᠯᠤᠨ᠂ ᠦᠷᠭᠦᠯᠵᠢᠯᠡᠨ ᠰᠢᠮᠳᠠᠭᠤᠯᠵᠤ ᠴᠡᠭᠴᠡᠯᠡᠨ ᠰᠠᠶᠢᠵᠢᠷᠠᠭᠤᠯᠪᠠ᠃ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠮᠠᠨ ᠤ ᠣᠷᠣᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠲᠤ ᠨᠢ ᠰᠢᠮᠳᠠᠭᠤᠯᠤᠨ ᠪᠠᠶᠢᠴᠠᠭᠠᠬᠤ ᠪᠠᠶᠢᠴᠠᠭᠠᠯᠲᠠ ᠶᠢ ᠤᠭᠲᠤᠬᠤ ᠠᠵᠢᠯ ᠢ ᠬᠠᠮᠵᠢᠨ ᠪᠡᠶᠡᠯᠡᠭᠦᠯᠪᠡ᠃ ᠭᠤᠷᠪᠠ ᠳᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠪᠠ᠃ ᠪᠥᠬᠦ ᠣᠷᠣᠨ ᠤ ᠬᠤᠶᠠᠳᠤᠭᠠᠷ ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 5 ᠵᠢᠱᠢᠶ᠎ᠡ ᠦᠵᠡᠭᠦᠯᠬᠦ ᠠᠶᠢᠮᠠᠭ ᠬᠤᠲᠠ᠂ 5 ᠵᠢᠱᠢᠶ᠎ᠡ ᠦᠵᠡᠭᠦᠯᠬᠦ ᠰᠠᠯᠠᠭ᠎ᠠ ᠮᠥᠴᠢᠷ ᠪᠠ 20 ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠲᠣᠭᠲᠠᠭᠠᠵᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃
     2020 ᠣᠨ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠤ ᠬᠡᠳᠦ᠋ᠢᠪᠡᠷ ᠵᠣᠬᠢᠬᠤ ᠠᠮᠵᠢᠯᠲᠠ ᠣᠯᠤᠭᠰᠠᠨ ᠪᠣᠯᠪᠠᠴᠤ ᠮᠥᠨ ᠯᠡ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠂ ᠨᠢᠭᠡ ᠳᠤ᠂ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠣᠨ︶﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠪ ᠲᠠᠷᠬᠠᠭᠠᠭᠰᠠᠨ ﹇2015﹈ 36 ᠳ᠋ᠤᠭᠠᠷ ᠲᠣᠭᠠᠲᠤ︶᠎ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠶᠡᠷᠦᠩᠬᠡᠶ ᠳᠤ ᠨᠢ ᠪᠡᠶᠡᠯᠡᠭᠦᠯᠦᠭᠰᠡᠨ ᠪᠣᠯᠪᠠᠴᠤ ᠭᠠᠵᠠᠷ ᠣᠷᠣᠨ ᠤ ᠠᠬᠢᠴᠠ ᠨᠢ ᠲᠡᠩᠴᠡᠭᠦᠷᠢ ᠦᠭᠡᠢ᠃ ᠬᠤᠶᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠬᠡᠷᠡᠭᠵᠢᠭᠦᠯᠦᠭᠰᠡᠨ ᠨᠢ ᠴᠢᠩᠭ᠎ᠠ ᠪᠤᠰᠤ᠂ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ᠃ ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠪᠤᠴᠠ ᠳᠤ ᠮᠥᠨ ᠬᠦ ︽ᠪᠣᠳᠠᠲᠤ ᠴᠣᠭᠴᠠ ᠶᠢ ᠴᠢᠬᠤᠯᠠᠴᠢᠯᠠᠵᠤ ᠲᠠᠰ ᠳᠠᠷᠠᠭᠠᠯᠠᠯ ᠢ ᠬᠥᠩᠭᠡᠪᠴᠢᠯᠡᠬᠦ︾ ︽ᠰᠢᠢᠳᠬᠡᠯ ᠲᠣᠷᠭᠠᠭᠤᠯᠢ ᠶᠢ ᠴᠢᠬᠤᠯᠠᠴᠢᠯᠠᠵᠤ ᠠᠯᠳᠠᠭ᠎ᠠ ᠵᠠᠯᠠᠷᠠᠭᠤᠯᠬᠤ ᠶᠢ ᠬᠥᠩᠭᠡᠪᠴᠢᠯᠡᠬᠦ︾ ︽ᠨᠢᠭᠡ ᠯᠡ ᠪᠠᠷᠢᠮᠵᠢᠶ᠎ᠠ ᠪᠠᠷ ᠬᠡᠷᠡᠭᠵᠢᠭᠦᠯᠬᠦ︾ ᠮᠠᠶ᠋ᠢᠭ ᠢᠶᠠᠷ ᠬᠠᠤᠯᠢ ᠬᠡᠷᠡᠭᠵᠢᠭᠦᠯᠬᠦ᠂ ᠬᠥᠳᠡᠯᠭᠡᠭᠡᠨ ᠤ ᠮᠠᠶ᠋ᠢᠭ ᠤᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠳᠥᠷᠪᠡ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠰᠢᠢᠳᠪᠦᠷᠢᠯᠡᠬᠦ ᠪᠠ ᠡᠬᠢ ᠡᠭᠦᠰᠦᠯ ᠠᠴᠠ ᠨᠢ ᠵᠠᠰᠠᠬᠤ ᠱᠠᠭᠠᠷᠳᠠᠯᠭ᠎ᠠ ᠯᠤᠭ᠎ᠠ ᠵᠥᠷᠢᠶ᠎ᠡ ᠲᠠᠢ ᠪᠠᠶᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠷᠭᠡᠳᠬᠡᠨ ᠠᠬᠢᠭᠤᠯᠬᠤ ᠴᠢᠬᠤᠯᠠᠲᠠᠶ᠃ ᠲᠠᠪᠤ ᠳᠤ᠂ ᠬᠠᠤᠯᠢ ᠪᠠᠷ ᠵᠠᠰᠠᠵᠢᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠣᠷᠣᠨ ᠵᠠᠶ ᠪᠠᠶᠢᠨ᠎ᠠ᠃ ᠵᠢᠷᠭᠤᠭ᠎ᠠ ᠳᠤ᠂ ᠬᠡᠰᠡᠭ ᠭᠠᠵᠠᠷ ᠣᠷᠣᠨ ᠳᠤ ᠬᠠᠤᠯᠢ ᠪᠠᠷ ᠵᠠᠰᠠᠬᠤ ᠠᠵᠢᠯ ᠤᠨ ᠪᠠᠶᠢᠭᠤᠯᠤᠮᠵᠢ ᠲᠡᠭᠦᠯᠳᠡᠷᠵᠢᠭᠡᠳᠦᠶ᠂ ᠲᠤᠰᠬᠠᠶ ᠮᠡᠷᠭᠡᠵᠢᠯ ᠤᠨ ᠠᠵᠢᠯᠳᠠᠨ ᠳᠤᠲᠠᠭᠳᠠᠵᠤ ᠪᠠᠶᠢᠬᠤ ᠠᠰᠠᠭᠤᠳᠠᠯ ᠣᠷᠣᠰᠢᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ᠂ ᠵᠠᠷᠤᠳᠠᠯ ᠤᠨ ᠪᠠᠲᠤᠯᠠᠭ᠎ᠠ ᠵᠡᠷᠭᠡ ᠨᠢ ᠲᠡᠭᠦᠨ ᠤ ᠡᠭᠦᠷᠭᠡᠯᠡᠵᠦ ᠪᠠᠶᠢᠭ᠎ᠠ ᠲᠤᠰᠢᠶᠠᠯ ᠬᠠᠷᠢᠭᠤᠴᠠᠯᠭ᠎ᠠ ᠯᠤᠭ᠎ᠠ ᠵᠣᠬᠢᠴᠠᠯᠳᠤᠬᠤ ᠦᠭᠡᠢ ᠪᠠᠶᠢᠨ᠎ᠠ᠃
     2021 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠬᠤᠷᠢᠶᠠᠨ ᠤ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠨᠠᠷᠢᠨ ᠬᠢᠨᠠᠮᠠᠭᠠᠶ ᠪᠠᠷᠢᠮᠵᠢᠶᠠᠯᠠᠨ ᠬᠠᠷᠭᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠶᠠᠰᠤ ᠴᠢᠨᠠᠷ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠨ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠠᠬᠢ ᠬᠡᠷᠡᠭᠯᠡᠯᠲᠡ ᠶᠢ ᠪᠠᠳᠠᠷᠠᠭᠤᠯᠤᠨ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃
                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
                       2021 ᠣᠨ ᠤ 4 ᠳ᠋ᠦ᠋ᠭᠡᠷ ᠰᠠᠷ᠎ᠠ ᠶᠢᠨ 1᠎ ᠤ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ