ᠨᠠᠮ ᠤᠨ ᠳᠦᠷᠪᠡᠳᠦᠭᠡᠷ ᠶᠡᠭᠡ ᠬᠤᠷᠠᠯ / 1925 ᠣᠨ / ᠱᠠᠩᠬᠠᠢ ᠬᠤᠲᠠ
ᠨᠡᠶᠢᠲᠡᠯᠡᠭᠰᠡᠨ ᠴᠠᠭ᠄
2021/5/17
      ᠭᠤᠮᠢᠨᠳᠠᠩ ᠡᠪ ᠬᠠᠮᠲᠤ ᠨᠠᠮ ᠤᠨ ᠬᠠᠮᠲᠤᠷᠠᠨ ᠠᠵᠢᠯᠯᠠᠭᠰᠠᠨ ᠨᠢᠭᠡ ᠵᠢᠯ ᠤᠨ ᠲᠤᠷᠰᠢᠬᠢ ᠲᠤᠷᠰᠢᠯᠭ᠎ᠠ ᠶᠢ ᠳ᠋ᠦᠩᠨᠡᠵᠦ᠂ ᠬᠤᠪᠢᠰᠬᠠᠯ ᠤᠨ ᠬᠥᠳᠡᠯᠭᠡᠭᠡᠨ ᠤ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠳᠤ ᠲᠤᠯᠭᠠᠷᠠᠵᠤ ᠪᠠᠶᠢᠭ᠎ᠠ ᠮᠠᠰᠢ ᠤᠯᠠᠨ ᠰᠢᠨ᠎ᠡ ᠠᠰᠠᠭᠤᠳᠠᠯ ᠢ ᠬᠠᠷᠢᠭᠤᠯᠬᠤ ᠶᠢᠨ ᠲᠥᠯᠥᠭᠡ᠂ 1925 ᠣᠨ ᠤ1 ᠳ᠋ᠦ᠋ᠭᠡᠷ ᠰᠠᠷ᠎ᠠ ᠶᠢᠨ 11᠎ ᠤ ᠡᠳᠦᠷ ᠠᠴᠠ 22᠎ ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠱᠠᠩᠬᠠᠶ ᠳᠤ ᠬᠤᠷᠠᠯᠳᠤᠪᠠ᠃ ᠪᠦᠬᠦ ᠤᠯᠤᠰ ᠤᠨ 994 ᠨᠠᠮ ᠤᠨ ᠭᠡᠰᠢᠭᠦᠨ ᠢ ᠲᠦᠯᠦᠭᠡᠯᠡᠨ᠂ ᠴᠧᠨ ᠳ᠋ᠦ᠋ ᠰᠢᠤ᠂ ᠼᠠᠢ ᠾᠧ ᠰᠧᠨ ᠵᠡᠷᠭᠡ 20 ᠬᠥᠮᠦᠨ ᠶᠡᠭᠡ ᠬᠤᠷᠠᠯ ᠳᠤ ᠣᠷᠤᠯᠴᠠᠪᠠ᠃      ᠶᠡᠭᠡ ᠬᠤᠷᠠᠯ ᠠᠴᠠ ᠣᠳᠣᠬᠠᠨ ᠤ ᠭᠤᠣᠯ ᠠᠵᠢᠯ ᠤᠨ ᠲᠣᠭᠤᠷᠢᠨ ᠳᠤ᠂ ︽ᠦᠨᠳᠦᠰᠦᠲᠡᠨ ᠤ ᠬᠤᠪᠢᠰᠬᠠᠯ ᠤᠨ ᠬᠥᠳᠡᠯᠭᠡᠭᠡᠨ ᠤ ᠲᠤᠬᠠᠶ ᠰᠢᠢᠳᠪᠦᠷᠢ ᠶᠢᠨ ᠲᠥᠰᠦᠯ︾ ᠵᠡᠷᠭᠡ 11 ᠰᠢᠢᠳᠪᠦᠷᠢ ᠶᠢᠨ ᠲᠥᠰᠦᠯ ᠢ ᠪᠠᠲᠤᠯᠠᠭᠰᠠᠨ ᠪᠥᠭᠡᠳ ᠲᠥᠪ ᠤᠨ ᠭᠦᠢᠴᠡᠳᠬᠡᠬᠦ ᠬᠤᠷᠢᠶ᠎ᠠ ᠶᠢ ᠰᠢᠨ᠎ᠡ ᠪᠠᠷ ᠰᠣᠩᠭᠤᠨ ᠭᠠᠷᠭᠠᠪᠠ᠃       ᠨᠠᠮ ᠤᠨ ᠳᠥᠷᠪᠡᠳᠦᠭᠡᠷ ᠶᠡᠭᠡ ᠬᠤᠷᠠᠯ ᠤᠨ ᠬᠠᠮᠤᠭ ᠤᠨ ᠴᠢᠬᠤᠯᠠ ᠬᠤᠪᠢ ᠨᠡᠮᠡᠷᠢ ᠪᠣᠯ ᠠᠷᠠᠳᠴᠢᠯᠠᠭᠰᠠᠨ ᠬᠤᠪᠢᠰᠬᠠᠯ ᠤᠨ ᠳᠤᠮᠳᠠᠬᠢ ᠦᠭᠡᠶᠢᠭᠦᠦ ᠠᠩᠬᠢ ᠶᠢᠨ ᠤᠳᠤᠷᠢᠳᠬᠤ ᠡᠷᠬᠡ ᠪᠠ ᠠᠵᠢᠯᠴᠢᠨ ᠲᠠᠷᠢᠶᠠᠴᠢᠨ ᠤ ᠬᠤᠯᠪᠣᠭ᠎ᠠ ᠶᠢᠨ ᠠᠰᠠᠭᠤᠳᠠᠯ ᠢ ᠠᠩᠬ᠎ᠠ ᠤᠳᠠᠭ᠎ᠠ ᠲᠣᠳᠣᠷᠬᠠᠶ ᠳᠤᠷᠠᠳᠤᠨ ᠭᠠᠷᠭᠠᠭᠰᠠᠨ ᠶᠠᠪᠤᠳᠠᠯ ᠪᠣᠯᠤᠨ᠎ᠠ᠃
中共四大.jpg
ᠢᠷᠡᠯᠲᠡ᠄ ᠠᠷᠠᠳ ᠤᠨ ᠰᠦᠯᠵᠢᠶ᠎ᠡ