ᠵᠠᠰᠠᠭ ᠤᠨ ᠣᠷᠳᠣᠨ ᠤ ᠰᠤᠳᠤᠯᠬᠤ ᠲᠠᠰᠤᠭ ︵ᠵᠥᠪᠳᠡᠭᠴᠢ ᠶᠢᠨ ᠲᠠᠰᠤᠭ︶
ᠨᠡᠶᠢᠲᠡᠯᠡᠭᠰᠡᠨ ᠴᠠᠭ᠄
2021/5/26

     ᠨᠢᠭᠡᠳᠦᠭᠡᠷ ᠵᠦᠶᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃
     ᠬᠤᠶᠠᠳᠤᠭᠠᠷ ᠵᠦᠶᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠭᠴᠢ ᠶᠢᠨ ᠲᠠᠰᠤᠭ ᠤᠨ ᠫᠠᠶᠢᠰᠠ ᠶᠢ ᠨᠡᠮᠡᠵᠦ ᠡᠯᠭᠦᠨ᠎ᠡ᠃
     ᠭᠤᠷᠪᠠᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠨᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄
     ︵ᠨᠢᠭᠡ︶ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠪᠠ ᠰᠢᠶᠳᠪᠦᠷᠢᠲᠦ ᠪᠣᠳᠣᠯᠭ᠎ᠠ ᠶᠢᠨ ᠯᠠᠪᠯᠠᠯᠭ᠎ᠠ ᠶᠢ ᠬᠠᠷᠢᠭᠤᠴᠠᠨ ᠵᠣᠬᠢᠶᠠᠨ ᠪᠠᠶᠢᠭᠤᠯᠬᠤ ᠪᠤᠶᠤ ᠣᠷᠣᠯᠴᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠠᠨᠠᠭᠤᠯᠭ᠎ᠠ ᠪᠠ ᠯᠠᠪᠯᠠᠯᠭ᠎ᠠ ᠶᠢᠨ ᠰᠠᠨᠠᠯ ᠳᠤᠷᠠᠳᠤᠨ᠎ᠠ᠃
     ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠪᠤᠶᠤ ᠬᠤᠷᠠᠯ ᠤᠨ ᠮᠠᠲ᠋ᠧᠷᠢᠶᠠᠯ ᠢ ᠲᠤᠭᠤᠷᠪᠢᠬᠤ᠂ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠵᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠶᠠᠷᠢᠶ᠎ᠠ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠬᠤ ᠠᠵᠢᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠡᠬᠡ ᠨᠣᠣᠷᠠᠭ ᠢ ᠲᠤᠭᠤᠷᠪᠢᠬᠤ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃
     ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠳᠬᠡᠬᠦ ᠪᠠ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠭ᠎ᠠ ᠶᠢᠨ ᠰᠠᠨᠠᠭᠤᠯᠭ᠎ᠠ ᠬᠠᠩᠭᠠᠨ᠎ᠠ᠃
     ︵ᠳᠥᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠷᠤᠯᠴᠠᠵᠤ᠂ ᠵᠠᠰᠠᠭ ᠤᠨ ᠣᠷᠳᠣᠨ ᠢᠶᠠᠷ ᠭᠤᠣᠯᠯᠠᠭᠰᠠᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠬᠦᠰᠡᠯ ᠢ ᠲᠤᠰᠬᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠤᠯᠤᠰ ᠤᠨ ᠶᠡᠭᠡ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠢᠭᠡᠳᠦᠮᠡᠯ ᠹᠷᠣᠨᠲ ᠤᠨ ᠨᠥᠬᠦᠷᠯᠡᠯ ᠢ ᠪᠠᠶᠢᠭᠤᠯᠤᠨ᠎ᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠬᠤᠯᠪᠣᠭᠳᠠᠯ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠵᠢᠴᠢ ᠴᠢᠬᠤᠯᠠ ᠪᠢᠴᠢᠭ ᠮᠠᠲ᠋ᠧᠷᠢᠶᠠᠯ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ ᠶᠢ ᠰᠣᠩᠭᠤᠨ ᠤᠷᠢᠬᠤ ᠠᠵᠢᠯ ᠳᠤ ᠣᠷᠣᠯᠴᠠᠵᠤ᠂ ᠵᠥᠪᠳᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠲᠤᠯᠠᠭ᠎ᠠ ᠪᠠ ᠦᠢᠯᠡᠴᠢᠯᠡᠭᠡ ᠬᠠᠩᠭᠠᠨ᠎ᠠ᠃
     ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠣᠶᠤᠨ ᠤ ᠬᠥᠮᠥᠷᠭᠡ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠡᠯ᠎ᠡ ᠲᠥᠷᠥᠯ ᠤᠨ ᠣᠶᠤᠨ ᠤ ᠬᠥᠮᠥᠷᠭᠡ ᠶᠢ ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃
     ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
     ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠲᠤ ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠲᠣᠬᠢᠷᠠᠭᠤᠯᠤᠨ᠎ᠠ᠄
     ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠴᠢᠯᠠᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ ᠪᠣᠯᠤᠨ ᠪᠠᠶᠢᠭᠤᠯᠤᠮᠵᠢ ᠶᠢᠨ ᠣᠷᠣᠨ ᠲᠣᠭᠠᠨ ᠤ ᠠᠵᠢᠯ ᠢ ᠳᠠᠭᠠᠭᠠᠴᠢᠯᠠᠨ ᠭᠦᠢᠴᠡᠳᠬᠡᠨ᠎ᠡ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡ᠂ ᠠᠵᠢᠯ ᠠᠴᠠ ᠪᠠᠨ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ᠂ ᠰᠣᠩᠭᠤᠨ ᠲᠣᠮᠢᠯᠠᠬᠤ ᠳᠦᠷᠢᠮ ᠤᠨ ᠵᠥᠪᠳᠡᠭᠴᠢ᠂ ᠨᠥᠭᠴᠢᠭᠰᠡᠨ ᠵᠥᠪᠳᠡᠭᠴᠢ ᠶᠢᠨ ᠭᠡᠷ ᠪᠦᠯᠢ ᠶᠢᠨ ᠬᠢᠨ ᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃
     ︵ᠬᠤᠶᠠᠷ︶ ᠶᠡᠷᠦᠩᠬᠡᠶᠢᠯᠡᠭᠰᠡᠨ ᠰᠤᠳᠤᠯᠭᠠᠨ ᠤ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠦᠷᠭᠦᠯᠵᠢᠯᠡᠬᠦᠶᠢᠴᠡ ᠬᠥᠭᠵᠢᠯᠲᠡ ᠵᠢᠴᠢ ᠠᠵᠤ ᠠᠬᠤᠶ ᠠᠮᠢ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠶ ᠶᠢᠨ ᠪᠠᠶᠢᠳᠠᠯ ᠳᠤ ᠵᠠᠳᠠᠯᠤᠯᠲᠠ ᠬᠢᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠣᠷᠣᠨ ᠤ ᠳᠣᠲᠣᠨ᠎ᠠ ᠭᠠᠳᠠᠨᠠᠬᠢ ᠡᠯ᠎ᠡ ᠲᠥᠷᠥᠯ ᠤᠨ ᠣᠶᠤᠨ ᠤ ᠬᠥᠮᠥᠷᠭᠡ ᠲᠠᠢ ᠬᠠᠷᠢᠯᠴᠠᠨ᠎ᠠ᠃
     ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠰᠤᠳᠤᠯᠭᠠᠨ ᠤ ᠭᠠᠵᠠᠷ᠃ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠲᠠᠷᠢᠶᠠᠴᠢᠨ ᠮᠠᠯᠴᠢᠨ ᠤ ᠣᠷᠣᠯᠭ᠎ᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃
     ︵ᠳᠥᠷᠪᠡ︶ ᠠᠵᠤ ᠦᠢᠯᠡᠳᠪᠦᠷᠢ ᠠᠷᠠᠯᠵᠢᠶ᠎ᠠ ᠬᠤᠳᠠᠯᠳᠤᠭᠠᠨ ᠤ ᠰᠤᠳᠤᠯᠭᠠᠨ ᠤ ᠭᠠᠵᠠᠷ᠃ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠡᠳ᠋ ᠤᠨ ᠶᠠᠪᠤᠳᠠᠯ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠠᠷᠠᠯᠵᠢᠶ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠭᠠᠳᠠᠭᠠᠳᠤ ᠨᠡᠭᠡᠭᠡᠯᠲᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠤᠨ ᠬᠥᠭᠵᠢᠯᠲᠡ᠂ ᠴᠡᠷᠢᠭ ᠠᠷᠠᠳ ᠤᠨ ᠬᠡᠷᠡᠭᠴᠡᠭᠡ ᠶᠢᠨ ᠠᠭᠤᠰᠤᠯᠴᠠᠯ᠂ ᠠᠶᠤᠯ ᠦᠭᠡᠢ ᠦᠢᠯᠡᠳᠪᠦᠷᠢᠯᠡᠯ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃
     ︵ᠲᠠᠪᠤ︶ ᠨᠡᠶᠢᠭᠡᠮ ᠤᠨ ᠬᠥᠭᠵᠢᠯᠲᠡ ᠶᠢᠨ ᠰᠤᠳᠤᠯᠭᠠᠨ ᠤ ᠭᠠᠵᠠᠷ᠃ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠢᠯ ᠣᠯᠭᠤᠯᠲᠠ ᠬᠢᠭᠡᠳ ᠨᠡᠶᠢᠭᠡᠮ ᠤᠨ ᠪᠠᠲᠤᠯᠠᠭ᠎ᠠ᠂ ᠣᠷᠣᠯᠭ᠎ᠠ ᠶᠢᠨ ᠬᠤᠪᠢᠶᠠᠷᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠨᠡᠶᠢᠭᠡᠮ ᠤᠨ ᠲᠣᠭᠲᠠᠭᠤᠨ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠠᠷᠠᠳ ᠤᠨ ᠶᠠᠪᠤᠳᠠᠯ᠂ ᠵᠡᠮᠳᠡᠭᠴᠦᠳ ᠤᠨ ᠦᠶᠯᠡᠰ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃
     ︵ᠵᠢᠷᠭᠤᠭ᠎ᠠ︶ ᠮᠡᠳᠡᠭᠡ ᠵᠠᠩᠭᠢ ᠶᠢᠨ ᠰᠤᠳᠤᠯᠭᠠᠨ ᠤ ᠭᠠᠵᠠᠷ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠭᠡ ᠵᠠᠩᠭᠢᠴᠢᠯᠠᠬᠤ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠮᠡᠳᠡᠭᠡ ᠵᠠᠩᠭᠢ ᠶᠢᠨ ᠬᠥᠳᠡᠯᠦᠩᠭᠦᠢ ᠪᠠᠶᠢᠳᠠᠯ ᠢ ᠴᠤᠭᠯᠠᠭᠤᠯᠬᠤ᠂ ᠵᠠᠳᠠᠯᠬᠤ᠂ ᠡᠮᠬᠢᠳᠬᠡᠬᠦ ᠪᠠ ᠮᠡᠳᠡᠭᠦᠯᠵᠦ ᠬᠦᠷᠭᠡᠨ᠎ᠡ᠃ ᠳ᠋ᠠᠶᠢᠲ᠋ᠠ ᠮᠠᠲ᠋ᠧᠷᠢᠶᠠᠯ ᠤᠨ ᠬᠥᠮᠥᠷᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ᠂ ᠬᠠᠮᠢᠶ᠎ᠠ ᠪᠥᠬᠦᠶ ᠬᠡᠪᠯᠡᠭᠳᠡᠬᠦᠨ ᠢ ᠨᠠᠶᠢᠷᠠᠭᠤᠯᠬᠤ ᠪᠠ ᠳᠠᠷᠤᠮᠠᠯᠯᠠᠨ ᠲᠠᠷᠬᠠᠭᠠᠬᠤ ᠶᠢ ᠬᠠᠷᠢᠭᠤᠴᠠᠨ᠎ᠠ᠃
     ︵ᠲᠤᠯᠤᠭ᠎ᠠ︶ ᠵᠥᠪᠳᠡᠭᠴᠢ ᠶᠢᠨ ᠠᠵᠢᠯ ᠤᠨ ᠭᠠᠵᠠᠷ᠃ ᠵᠥᠪᠳᠡᠭᠴᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ᠂ ᠦᠷ᠎ᠡ ᠪᠦᠲᠦᠭᠡᠯ ᠢ ᠡᠮᠬᠢᠳᠬᠡᠬᠦ ᠪᠠ ᠵᠥᠪᠳᠡᠭᠴᠢ ᠶᠢᠨ ᠰᠠᠨᠠᠭᠤᠯᠭ᠎ᠠ ᠶᠢ ᠴᠤᠬᠤᠯᠠᠪᠤᠷᠢᠯᠠᠨ ᠭᠦᠢᠴᠡᠳᠬᠡᠭᠰᠡᠨ ᠪᠠᠶᠢᠳᠠᠯ ᠢ ᠮᠥᠷᠳᠡᠨ ᠬᠠᠷᠢᠭᠤ ᠲᠤᠰᠬᠠᠬᠤ ᠶᠢ ᠬᠠᠷᠢᠭᠤᠴᠠᠨ᠎ᠠ᠃ ᠵᠥᠪᠳᠡᠭᠴᠢ ᠶᠢᠨ ᠪᠠᠶᠢᠴᠠᠭᠠᠨ ᠰᠤᠳᠤᠯᠬᠤ ᠲᠥᠯᠥᠪᠯᠡᠭᠡ ᠪᠠ ᠰᠡᠳᠦᠪ ᠰᠣᠩᠭᠤᠬᠤ ᠰᠠᠨᠠᠭᠤᠯᠭ᠎ᠠ ᠶᠢ ᠳᠤᠷᠠᠳᠴᠤ᠂ ᠵᠥᠪᠳᠡᠭᠴᠢ ᠶᠢ ᠬᠠᠮᠵᠢᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ︽ᠵᠥᠪᠳᠡᠭᠴᠢ ᠶᠢᠨ ᠰᠠᠨᠠᠭᠤᠯᠭ᠎ᠠ︾ ᠶᠢ ᠲᠤᠭᠤᠷᠪᠢᠨ᠎ᠠ᠃ ᠵᠥᠪᠳᠡᠭᠴᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠡᠬᠡ ᠨᠣᠣᠷᠠᠭ ᠵᠢᠴᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠰᠠᠨᠠᠯ ᠪᠠ ᠰᠠᠨᠠᠭᠤᠯᠭ᠎ᠠ ᠳᠤᠷᠠᠳᠬᠤ ᠶᠢ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ ᠶᠢ ᠰᠣᠩᠭᠤᠨ ᠤᠷᠢᠬᠤ ᠠᠵᠢᠯ ᠳᠤ ᠣᠷᠣᠯᠴᠠᠵᠤ᠂ ᠵᠥᠪᠳᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠲᠤᠯᠠᠭ᠎ᠠ ᠪᠠ ᠦᠢᠯᠡᠴᠢᠯᠡᠭᠡ ᠬᠠᠩᠭᠠᠨ᠎ᠠ᠃
     ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃
     ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠳᠤ 37 ᠬᠥᠮᠦᠨ ᠪᠤᠢ᠃ 1 ᠡᠷᠬᠢᠯᠡᠭᠴᠢ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠭᠴᠢ ᠶᠢᠨ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠂ 3 ᠳᠡᠳ᠋ ᠡᠷᠬᠢᠯᠡᠭᠴᠢ ᠲᠣᠬᠢᠷᠠᠭᠤᠯᠤᠨ᠎ᠠ︔ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠳᠤ 16 ᠬᠥᠮᠥᠨ ﹇8 ᠭᠠᠵᠠᠷ ᠤᠨ ᠳᠡᠰ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠥᠮᠥᠨ ᠢ ᠪᠠᠭᠲᠠᠭᠠᠨ᠎ᠠ︶ 8 ᠳᠡᠳ᠋ ᠭᠠᠵᠠᠷ ᠤᠨ ᠳᠡᠰ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ ᠢ ᠪᠠᠭᠲᠠᠭᠠᠨ᠎ᠠ︶﹈ ᠪᠤᠢ᠃
     ᠵᠢᠷᠭᠤᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤ ᠨᠢ ᠲᠣᠭᠲᠠᠭᠠᠨ᠎ᠠ᠃
     ᠳᠣᠯᠣᠳᠤᠭᠠᠷ ᠵᠦᠢᠯ  ᠲᠤᠰ ᠲᠣᠭᠲᠠᠭᠠᠯ ᠳᠤ ᠲᠠᠶᠢᠯᠪᠤᠷᠢᠯᠠᠭᠰᠠᠨ ᠭᠦᠢᠴᠡᠳᠬᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃
     ᠨᠠᠶᠮᠠᠳᠤᠭᠠᠷ ᠵᠦᠶᠯ  ᠲᠣᠰ ᠲᠣᠭᠲᠠᠭᠠᠯ ᠢ 2018 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
     ᠬᠠᠶ᠋ᠢᠭ᠄ ᠬᠥᠬᠡᠬᠤᠲᠠ ᠶᠢᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ ᠨᠠᠮ ᠵᠠᠰᠠᠭ ᠤᠨ ᠠᠯᠪᠠᠨ ᠠᠰᠠᠷ
     ᠤᠲᠠᠰᠤ᠄ 0471-4824598
     

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ