6 ᠳ᠋ᠤᠭᠠᠷ ᠰᠠᠷ᠎ᠠ ᠶᠢᠨ 18 ᠤ ᠡᠳᠦᠷ᠂ ︽ᠲᠤᠯᠤᠭᠠᠨ ᠰᠠᠷ᠎ᠠ ᠶᠢᠨ ᠨᠢᠭᠡᠨ︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ︽ᠨᠠᠮ ᠳᠤ ᠣᠷᠤᠭᠰᠠᠨ | ᠢᠷᠠᠭᠤ ᠠᠯᠳᠠᠷᠲᠤ 50 ᠵᠢᠯ︾ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠵᠢᠤᠢ ᠪᠦᠦ ᠵᠤᠸᠠᠩ ᠪᠠᠯᠭᠠᠰᠤᠨ ᠳᠤ ᠶᠠᠪᠣᠭᠳᠠᠪᠠ᠃ | | | | | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ ᠮᠠ ᠬᠤᠩ ᠢᠦᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠸᠧᠨ ᠪᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠪᠠ᠃ | | | | | ᠬᠤᠷᠠᠯ ᠳᠡᠭᠡᠷ᠎ᠡ᠂ ᠪᠦᠬᠦ ᠨᠥᠬᠦᠳ ᠪᠣᠰᠴᠤ ᠵᠣᠭᠰᠣᠨ ᠬᠦᠭᠵᠢᠮ ᠢ ᠲᠠᠭᠠᠨ ᠤᠯᠤᠰ ᠤᠨ ᠰᠦᠯᠳᠡ ᠳᠠᠭᠤᠤ ᠶᠢ ᠳᠠᠭᠤᠯᠠᠪᠠ︔ ᠪᠠᠯᠭᠠᠰᠤᠨ ᠤ ᠨᠠᠮ ᠤᠨ | ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠨᠠᠮ ᠳᠤ ᠣᠷᠣᠬᠤ ᠲᠠᠩᠭᠠᠷᠢᠭ ᠢ ᠲᠠᠬᠢᠨ ᠡᠷᠭᠢᠴᠡᠭᠦᠯᠪᠡ︔ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ | ︽ᠵᠢᠤᠢ ᠪᠦᠦ ᠵᠤᠸᠠᠩ ᠪᠠᠯᠭᠠᠰᠤᠨ ᠤ ᠨᠠᠮ ᠤᠨ ᠬᠤᠷᠢᠶᠠᠨ ᠤ ︿ᠬᠤᠶᠠᠷ ᠰᠢᠯᠢᠳᠡᠭ ᠨᠢᠭᠡ ᠲᠡᠷᠢᠭᠦᠨ﹀ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠵᠢᠴᠢ | ︽ᠨᠠᠮ ᠳᠤ ᠣᠷᠤᠭᠰᠠᠨ ᠢᠷᠠᠭᠤ ᠠᠯᠳᠠᠷᠲᠤ 50 ᠵᠢᠯ︾ ᠳᠤᠷᠠᠰᠬᠠᠯ ᠤᠨ ᠲᠡᠮᠳᠡᠭ ᠬᠦᠷᠲᠡᠬᠦ ᠬᠦᠮᠦᠰ ᠤᠨ ᠨᠡᠷᠡᠰ ᠢ ᠤᠩᠰᠢᠨ ᠨᠡᠶᠢᠲᠡᠯᠡᠪᠡ᠃ | | | | | ᠬᠥᠬᠢᠭᠦᠯᠦᠨ ᠰᠠᠶᠢᠰᠢᠶᠠᠬᠤ ᠶᠣᠰᠣᠯᠠᠯ ᠳᠡᠭᠡᠷ᠎ᠡ᠂ ᠸᠠᠩ ᠵᠧᠨ ᠬᠠᠢ᠂ ᠮᠠ ᠬᠤᠩ ᠢᠦᠢ᠂ ᠸᠧᠨ ᠪᠢᠨ ᠨᠠᠷ ᠠᠬᠠᠮᠠᠳ ᠨᠠᠮ ᠤᠨ ᠭᠡᠰᠢᠭᠦᠨ ᠱᠠᠩ ᠪᠦᠦ ᠽᠠᠢ | ᠵᠡᠷᠭᠡ ᠨᠥᠬᠦᠳ ᠲᠤ ︽ᠨᠠᠮ ᠳᠤ ᠣᠷᠤᠭᠰᠠᠨ ᠢᠷᠠᠭᠤ ᠠᠯᠳᠠᠷᠲᠤ 50 ᠵᠢᠯ︾ ᠳᠤᠷᠠᠰᠬᠠᠯ ᠤᠨ ᠲᠡᠮᠳᠡᠭ ᠭᠠᠷᠳᠠᠭᠤᠯᠤᠭᠰᠠᠨ ᠤ ᠬᠠᠮᠲᠤ ᠠᠬᠠᠮᠠᠳ ᠨᠥᠬᠦᠳ ᠲᠤ | ᠪᠡᠶ᠎ᠡ ᠪᠠᠨ ᠭᠠᠮᠨᠠᠵᠦ᠂ ᠦᠷᠭᠦᠯᠵᠢᠯᠡᠨ ᠨᠠᠮ ᠤᠨ ᠦᠢᠯᠡᠰ ᠲᠤ ᠦᠢᠯᠡᠳᠦᠯ ᠢᠶᠠᠨ ᠪᠠᠳᠠᠷᠠᠭᠤᠯᠵᠤ᠂ ᠹᠧᠩᠵᠧᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠡᠷᠡᠢ | ᠬᠡᠷᠪᠡ᠃ ᠬᠤᠷᠠᠯ ᠠᠴᠠ ᠪᠠᠰᠠ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠲᠤᠰ ᠲᠤᠰ ᠬᠥᠬᠢᠭᠦᠯᠦᠨ ᠰᠠᠶᠢᠰᠢᠶᠠᠪᠠ︔ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢ ᠪᠠ ᠠᠬᠠᠮᠠᠳ ᠨᠠᠮ ᠤᠨ ᠭᠡᠰᠢᠭᠦᠨ ᠤ | ᠲᠥᠯᠥᠭᠡᠯᠡᠭᠴᠢ ᠨᠠᠷ ᠲᠤᠰ ᠲᠤᠰ ᠶᠠᠷᠢᠶ᠎ᠠ ᠲᠠᠯᠪᠢᠪᠠ᠃ | | | | | ᠸᠠᠩ ᠵᠧᠨ ᠬᠠᠶ ᠶᠠᠷᠢᠶᠠᠨ ᠳᠤ ᠪᠠᠨ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ | ᠲᠠᠰᠢᠷᠠᠮ ᠳᠤ ︽ᠲᠤᠯᠤᠭᠠᠨ ᠰᠠᠷ᠎ᠠ ᠶᠢᠨ ᠨᠢᠭᠡᠨ︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ︽ᠨᠠᠮ ᠳᠤ ᠣᠷᠤᠭᠰᠠᠨ ᠢᠷᠠᠭᠤ ᠠᠯᠳᠠᠷᠲᠤ 50 ᠵᠢᠯ︾ | ᠬᠡᠬᠦ ᠳᠤᠷᠠᠰᠬᠠᠯ ᠤᠨ ᠲᠡᠮᠳᠡᠭ ᠢ ᠲᠠᠷᠬᠠᠭᠠᠬᠤ ᠶᠣᠰᠣᠯᠠᠯ ᠶᠠᠪᠤᠭᠤᠯᠵᠤ᠂ ᠠᠬᠠᠮᠠᠳ ᠨᠠᠮ ᠤᠨ ᠭᠡᠰᠢᠭᠦᠨ᠂ ︽ᠬᠤᠶᠠᠷ ᠰᠢᠯᠢᠳᠡᠭ ᠨᠢᠭᠡ ᠲᠡᠷᠢᠭᠦᠨ︾ ᠤ ᠬᠠᠮᠲᠤ | ᠨᠡᠶᠢᠳᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ ᠪᠠᠶᠢᠭ᠎ᠠ ᠨᠢ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠬᠤᠰᠢᠭᠤᠴᠢ ᠵᠢᠱᠢᠶᠡᠴᠢ | ᠦᠢᠯᠡᠳᠦᠯ ᠢ ᠭᠦᠢᠴᠡᠳ ᠪᠠᠳᠠᠷᠠᠭᠤᠯᠤᠨ᠂ ᠪᠤᠢ ᠪᠦᠬᠦᠢ ᠨᠠᠮ ᠤᠨ ᠭᠡᠰᠢᠭᠦᠨ ᠢ ᠲᠠᠶᠢᠴᠢᠯᠠᠨ ᠴᠢᠷᠮᠠᠶᠢᠨ ᠠᠵᠢᠯᠯᠠᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ | ᠭᠠᠪᠢᠶ᠎ᠠ ᠵᠢᠳᠬᠦᠯ ᠪᠠᠶᠢᠭᠤᠯᠬᠤ ᠶᠢᠨ ᠲᠥᠯᠥᠭᠡ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠤᠲᠤ ᠶᠡᠭᠡ ᠠᠮᠵᠢᠯᠲᠠ | ᠣᠯᠵᠤ᠂ ᠠᠷᠠᠳ ᠤᠯᠠᠨ ᠤ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠤᠯᠠᠮ ᠴᠢᠨᠠᠭᠰᠢᠳᠠ ᠴᠢᠩᠭᠠᠷᠠᠪᠠ᠃ | ᠸᠠᠩ ᠵᠧᠨ ᠬᠠᠢ ᠱᠠᠭᠠᠷᠳᠠᠬᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠴᠢᠬᠤᠯᠠ ᠶᠡᠭᠡ ᠴᠠᠭ ᠮᠥᠴᠡ ᠳᠤ | ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠦᠶ᠎ᠡ ᠳᠤ᠂ ᠪᠦᠬᠦ ᠬᠤᠳᠠ ᠪᠠᠷ ᠢᠶᠠᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡ ᠯᠠᠪᠳᠠᠭᠤᠨ ᠪᠠᠲᠤᠲᠠᠢ ᠪᠣᠳᠠᠲᠠᠢ ᠶᠠᠪᠤᠳᠠᠯ ᠬᠢᠵᠦ᠂ ᠬᠦᠴᠢᠷ | ᠶᠠᠪᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ︔ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠠᠮᠴᠢ ᠴᠢᠨᠠᠷ ᠢ ᠴᠢᠩᠭᠠᠳᠬᠠᠬᠤ᠂ ᠴᠢᠳᠠᠪᠤᠷᠢ ᠶᠢ ᠳᠡᠭᠡᠭᠰᠢᠯᠡᠭᠦᠯᠬᠦ᠂ | ᠰᠤᠷᠲᠠᠯ ᠢ ᠰᠠᠶᠢᠵᠢᠷᠠᠭᠤᠯᠬᠤ᠂ ᠠᠵᠢᠯ ᠢ ᠠᠬᠢᠭᠤᠯᠬᠤ ᠳᠡᠭᠡᠷ᠎ᠡ ᠢᠯᠡᠷᠡᠭᠦᠯᠬᠦ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠪᠤᠰᠬᠠᠬᠤ ᠣᠷᠭᠢᠯᠤᠮ᠎ᠠ ᠰᠡᠳᠬᠢᠯᠭᠡ ᠶᠢ | ᠳᠠᠰᠤᠷᠠᠯᠳᠠ ᠦᠭᠡᠢ ᠴᠢᠩᠭᠠᠳᠬᠠᠨ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠠᠷᠠᠳ ᠤᠯᠠᠨ ᠤ ᠪᠤᠬᠢᠨᠢᠳᠤᠬᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ︔ ᠤᠶᠤᠨ ᠰᠠᠨᠠᠭᠠᠨ ᠤ | ᠠᠮᠢᠨ ᠰᠤᠳᠠᠰᠤ ᠶᠢ ᠦᠷᠭᠦᠯᠵᠢᠯᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠦᠢᠯᠡᠳᠦᠯᠭᠡᠵᠢᠭᠦᠯᠬᠦ ᠬᠡᠷᠡᠭᠲᠡᠢ︔ ᠴᠠᠭ ᠢᠮᠠᠭᠲᠠ ︽ᠦᠨᠡᠨᠴᠢ | ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ︾ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ︽ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ︾ ᠢ ᠪᠢᠳᠡᠨ ᠤ ᠲᠡᠮᠡᠴᠡᠬᠦ ᠬᠠᠷᠠᠯᠲᠠ ᠪᠠᠨ ᠪᠤᠯᠭᠠᠨ᠂ ᠨᠠᠮ ᠳᠤ ᠪᠠᠨ ᠲᠦᠢᠯ ᠤᠨ ᠦᠨᠡᠨᠴᠢ ᠰᠢᠳᠤᠷᠭᠤ᠂ ᠰᠠᠬᠢᠯᠭ᠎ᠠ | ᠪᠠᠲᠤ ᠶᠢ ᠬᠡᠷᠡᠭᠵᠢᠭᠦᠯᠬᠦ ᠳᠤ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠬᠡᠷᠡᠭᠲᠡᠢ︔ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ︔ ︽ᠨᠠᠮ ᠳᠤ ᠣᠷᠤᠭᠰᠠᠨ ᠢᠷᠠᠭᠤ ᠠᠯᠳᠠᠷᠲᠤ 50 ᠵᠢᠯ︾ ᠬᠡᠬᠦ | ᠳᠤᠷᠠᠰᠬᠠᠯ ᠤᠨ ᠲᠡᠮᠳᠡᠭ ᠢ ᠲᠠᠷᠬᠠᠭᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ | ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠠᠬᠠᠮᠠᠳ ᠨᠠᠮ ᠤᠨ ᠭᠡᠰᠢᠭᠦᠨ ᠤ ᠪᠠᠯᠠᠷᠠᠰᠢ ᠦᠭᠡᠢ ᠬᠤᠪᠢ ᠨᠡᠮᠡᠷᠢ ᠶᠢ ᠪᠠᠲᠤ ᠴᠡᠭᠡᠵᠢᠯᠡᠵᠦ᠂ ᠠᠬᠠᠮᠠᠳ ᠨᠠᠮ ᠤᠨ | ᠭᠡᠰᠢᠭᠦᠨ ᠤ ᠤᠬ ᠰᠠᠨᠠᠭ᠎ᠠ ᠪᠠᠨ ᠦᠯᠦ ᠮᠠᠷᠲᠠᠭᠰᠠᠨ ᠡᠷᠬᠢᠮ ᠳᠡᠭᠡᠳᠦ ᠬᠦᠨᠳᠦᠳᠬᠡᠯ ᠢ ᠰᠢᠩᠭᠡᠭᠡᠨ᠂ ᠡᠪ ᠬᠠᠮᠲᠤᠴᠤᠳ ᠤᠨ ᠡᠭᠦᠷᠭᠡ ᠬᠠᠷᠢᠭᠤᠴᠠᠯᠭ᠎ᠠ ᠶᠢᠨ | ᠤᠯᠠᠮᠵᠢᠯᠠᠯ ᠢ ᠨᠢᠭᠲᠠᠷᠠᠭᠤᠯᠤᠭᠰᠠᠨ ᠪᠠᠶᠢᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠵᠠᠯᠠᠭᠤ ᠨᠠᠮ ᠤᠨ ᠭᠡᠰᠢᠭᠦᠨ ᠠᠬᠠᠮᠠᠳ ᠨᠠᠮ ᠤᠨ | ᠭᠡᠰᠢᠭᠦᠨ ᠤ ᠤᠯᠤᠰ ᠲᠥᠷᠥ ᠶᠢᠨ ᠬᠡᠪ ᠰᠤᠷᠲᠠᠯ ᠪᠠ ᠣᠶᠤᠨ ᠰᠠᠨᠠᠭᠠᠨ ᠤ ᠬᠡᠪ ᠰᠤᠷᠲᠠᠯ ᠢ ᠭᠦᠨᠵᠡᠭᠡᠶ ᠰᠤᠷᠤᠯᠴᠠᠨ ᠪᠠᠳᠠᠷᠠᠭᠤᠯᠵᠤ᠂ ᠲᠡᠳᠡᠨ ᠤ ᠲᠡᠰᠪᠦᠷᠢ | ᠬᠠᠲᠠᠭᠤᠵᠢᠯᠲᠠᠢ ᠲᠡᠮᠡᠴᠡᠬᠦ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠤᠯᠠᠮᠵᠢᠯᠠᠨ᠂ ᠠᠬᠠᠮᠠᠳ ᠦᠶ᠎ᠡ ᠶᠢᠨ ᠰᠢᠯᠢᠳᠡᠭ ᠤᠯᠠᠮᠵᠢᠯᠠᠯ ᠢ ᠠᠵᠢᠯ | ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ | ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠤᠶᠤᠨ ᠴᠢᠳᠠᠯ ᠢᠶᠠᠨ ᠠᠰᠠᠭᠤᠳᠠᠯ ᠢ ᠰᠢᠢᠳᠪᠦᠷᠢᠯᠡᠬᠦ᠂ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠲᠠᠯᠪᠢᠵᠤ᠂ ᠹᠧᠩᠵᠧᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ | | | | | ᠬᠥᠬᠢᠭᠦᠯᠦᠨ ᠰᠠᠶᠢᠰᠢᠶᠠᠬᠤ ᠬᠤᠷᠠᠯ ᠠᠴᠠ ᠡᠮᠦᠨ᠎ᠡ᠂ ᠸᠠᠩ ᠵᠧᠨ ᠬᠠᠢ᠂ ᠮᠠ ᠬᠤᠩ ᠢᠦᠢ᠂ ᠸᠧᠨ ᠪᠢᠨ ᠬᠥᠬᠢᠭᠦᠯᠦᠯ ᠬᠦᠷᠳᠡᠭᠰᠡᠨ ᠠᠬᠠᠮᠠᠳ ᠨᠠᠮ ᠤᠨ | ᠭᠡᠰᠢᠭᠦᠨ ᠲᠥᠯᠥᠭᠡᠯᠡᠭᠴᠢ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠢᠴᠢ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠲᠠᠢ ᠬᠥᠨᠳᠡᠯᠡᠨ ᠪᠢᠴᠢᠭᠡᠰᠦ ᠳᠡᠭᠡᠷ᠎ᠡ ᠭᠠᠷ ᠤᠨ | ᠦᠰᠦᠭ ᠵᠢᠷᠤᠵᠤ᠂ ᠡᠨᠡ ᠬᠦ ᠢᠷᠠᠭᠤ ᠠᠯᠳᠠᠷᠲᠤ ᠴᠠᠭ ᠮᠥᠴᠡ ᠶᠢ ᠬᠠᠮᠲᠤᠪᠠᠷ ᠭᠡᠷᠡᠴᠢᠯᠡᠪᠡ︔ ᠬᠤᠷᠠᠯ ᠳᠤ ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠪᠠᠰᠠ | ᠵᠢᠤᠢ ᠪᠦᠦ ᠵᠤᠸᠠᠩ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠠᠢ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠵᠤ᠂ ᠬᠤᠳᠠ ᠶᠢᠨ ᠤᠯᠠᠭᠠᠨᠮᠥ᠋ᠴᠢᠷ ᠤᠨ ᠭᠡᠰᠢᠭᠦᠳ ᠤᠳᠬ᠎ᠠ ᠠᠭᠤᠯᠭ᠎ᠠ ᠲᠠᠢ ᠤᠷᠠᠨ | ᠰᠠᠶᠢᠬᠠᠨ ᠤ ᠲᠣᠭᠯᠠᠯᠲᠠ ᠭᠠᠷᠭᠠᠪᠠ᠃ | | | | | ᠮᠠᠨ ᠤ ᠬᠤᠲᠠ ᠶᠢᠨ ᠡᠯ᠎ᠡ ᠭᠠᠵᠠᠷ ᠤᠨ ᠬᠢᠨ ᠵᠠᠯᠭᠠᠭ᠎ᠠ ᠪᠠᠷ ︽7·1︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠬᠦ ︽ᠨᠠᠮ ᠳᠤ ᠣᠷᠤᠭᠰᠠᠨ | ᠢᠷᠠᠭᠤ ᠠᠯᠳᠠᠷᠲᠤ 50 ᠵᠢᠯ︾ ᠬᠡᠬᠦ ᠳᠤᠷᠠᠰᠬᠠᠯ ᠤᠨ ᠲᠡᠮᠳᠡᠭ ᠢ ᠲᠠᠷᠬᠠᠭᠠᠬᠤ ᠶᠣᠰᠣᠯᠠᠯ ᠢ ᠥᠷᠨᠢᠭᠦᠯᠬᠦ ᠪᠣᠯᠤᠨ᠎ᠠ᠃ |