ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠥᠬᠦ | ᠲᠠᠯ᠎ᠠ ᠪᠠᠷ ᠳᠠᠶᠢᠴᠢᠯᠠᠵᠤ᠂ ᠨᠠᠷᠢᠨ ᠨᠢᠮᠪᠠᠶ ᠲᠥᠯᠥᠪᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷᠭᠦᠯᠵᠢᠯᠡᠨ ᠥᠷᠨᠢᠬᠦ ᠶᠢ ᠠᠬᠢᠭᠤᠯᠪᠠ᠃ | ᠨᠢᠭᠡ ᠳᠤ᠂ ᠪᠦᠬᠦ ᠲᠠᠯ᠎ᠠ ᠪᠠᠷ ᠪᠦᠷᠬᠦᠭᠦᠯᠵᠦ᠂ ᠴᠠᠭ ᠲᠤᠬᠠᠢ ᠳᠤ ᠨᠢ ᠮᠥᠷᠳᠡᠨ ᠲᠠᠭᠠᠪᠠ᠃ 3 ᠳ᠋ᠤᠭᠠᠷ ᠰᠠᠷ᠎ᠠ ᠶᠢᠨ 3 ᠤ ᠡᠳᠦᠷ ᠳᠡᠭᠡᠳᠦ ᠰᠢᠨ᠎ᠡ | ᠮᠡᠷᠭᠡᠵᠢᠯ ᠤᠨ ᠣᠷᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠲᠡᠷᠨ ᠳᠠᠷᠤᠢ ᠳᠤ | ᠨᠢ 4 ᠲᠣᠭᠤᠷᠢᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠵᠡᠭᠡᠯᠢ ᠪᠠᠯᠭᠠᠰᠤ᠂ ᠰᠤᠷᠭᠠᠨ ᠬᠥᠮᠦᠵᠢᠯ ᠰᠣᠶᠣᠯ | ᠡᠷᠡᠭᠦᠯ ᠬᠠᠮᠠᠭᠠᠯᠠᠯ ᠤᠨ ᠰᠢᠰᠲ᠋ᠧᠮ᠂ ᠠᠵᠤ ᠠᠬᠤᠶᠢᠯᠠᠯ ᠳᠥᠷᠪᠡᠨ ᠬᠦᠷᠢᠶᠡᠨ ᠤ 35 ᠨᠢᠭᠡᠴᠢ᠂ 306 ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠪᠠ᠃ ᠡᠯ᠎ᠡ ᠵᠢᠯᠣᠭᠤᠳᠬᠤ | ᠳᠤᠭᠤᠶᠢᠯᠠᠩ ᠤᠨ ᠬᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠣ᠂ ︽ᠭᠤᠷᠪᠠ ᠶᠢ ᠱᠠᠯᠠᠪᠳᠠᠭᠤᠯᠵᠤ ᠭᠤᠷᠪᠠ ᠶᠢ ᠦᠵᠡᠨ ᠨᠢᠭᠡ ᠶᠢ ᠵᠢᠯᠣᠭᠤᠳᠬᠤ︾ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠶᠢᠷᠢᠯᠠᠭᠤᠯᠤᠯᠲᠠ ᠨᠠᠶᠢᠳᠠᠪᠤᠷᠢᠵᠢᠭᠤᠯᠤᠯᠲᠠ᠂ ︽ᠠᠷᠪᠠᠨ ᠵᠤᠷᠪᠤᠰ ᠰᠠᠬᠢᠯᠭ᠎ᠠ ᠪᠠᠲᠤ︾᠂ ︽ᠵᠠᠩᠭᠢᠯᠠᠭ᠎ᠠ ᠶᠢᠨ ᠴᠥᠭᠡᠨ | ᠲᠣᠭᠠᠲᠠᠨ︾ ᠢ ᠱᠠᠯᠠᠪᠳᠠᠭᠤᠯᠤᠨ ᠱᠠᠭᠠᠷᠳᠠᠵᠤ᠂ ᠰᠤᠷᠤᠯᠴᠠᠯᠭ᠎ᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠠᠷᠠᠳ ᠲᠤ ᠪᠣᠳᠠᠲᠠᠶ ᠶᠠᠪᠤᠳᠠᠯ ᠬᠢᠭᠰᠡᠨ ᠡᠰᠡᠭᠦ ᠶᠢ | ᠪᠠᠶᠢᠴᠠᠭᠠᠨ᠂ ᠰᠤᠷᠤᠯᠴᠠᠯᠭ᠎ᠠ ᠶᠢ ᠠᠬᠢᠭᠤᠯᠤᠭᠰᠠᠨ ᠠᠵᠢᠯ ᠤᠨ ᠪᠠᠶᠢᠳᠠᠯ ᠂ ︽ᠲᠣᠭᠲᠠᠭᠰᠠᠨ ᠬᠥᠳᠡᠯᠭᠡᠭᠡᠨ︾᠂ ︽ᠥᠪᠡᠰᠦᠪᠡᠨ ᠰᠣᠩᠭᠤᠬᠤ ᠬᠥᠳᠡᠯᠭᠡᠭᠡᠨ︾ | ᠪᠣᠯᠤᠨ ᠤᠬᠠᠭᠤᠯᠭ᠎ᠠ ᠵᠢᠯᠣᠭᠤᠳᠣᠯᠭ᠎ᠠ ᠶᠢ ᠵᠢᠯᠣᠭᠤᠳᠪᠠ᠃ ᠰᠤᠷᠪᠤᠯᠵᠢᠯᠠᠨ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠳᠠᠯ ᠢ ᠴᠠᠭ | ᠲᠤᠬᠠᠶ ᠳᠤ ᠨᠢ ᠢᠯᠡᠷᠡᠭᠦᠯᠵᠦ᠂ ᠵᠥᠷᠢᠶ᠎ᠡ ᠶᠢ ᠵᠠᠯᠠᠷᠠᠭᠤᠯᠪᠠ᠃ ᠣᠲᠣ ᠪᠣᠯᠲᠠᠯ᠎ᠠ᠂ ᠨᠢᠭᠡᠨᠲᠡ 35 ᠨᠢᠭᠡᠴᠡ ᠶᠢ ᠨᠡᠶᠢᠳᠡᠮ ᠲᠣᠭᠤᠷᠢᠨ ᠵᠢᠯᠣᠭᠤᠳᠴᠤ᠂ ᠦᠨᠳᠦᠰᠦᠨ | ᠱᠠᠲᠤᠨ ᠤ 101 ᠨᠠᠮ ᠤᠨ ᠡᠭᠦᠷ ᠲᠤ ᠬᠦᠨᠵᠡᠶᠢᠡᠷᠡᠪᠠ᠃ | ᠬᠤᠶᠠᠷ ᠲᠤ᠂ ᠪᠠᠷᠢᠮᠵᠢᠶ᠎ᠠ ᠶᠢ ᠴᠢᠩᠳᠠᠯᠠᠵᠤ᠂ ᠪᠣᠭᠤᠮᠲᠠ ᠶᠢ ᠨᠠᠷᠢᠯᠢᠭ ᠠᠳᠬᠤᠪᠠ᠃ ᠤᠳᠤᠷᠢᠳᠬᠤ ᠺᠠᠳ᠋ᠷ ᠭᠡᠬᠦ ᠡᠨᠡ ᠬᠦ ᠵᠠᠩᠭᠢᠯᠠᠭ᠎ᠠ ᠶᠢᠨ ᠴᠥᠭᠡᠨ | ᠲᠣᠭᠠᠲᠠᠨ ᠢ ᠴᠢᠩᠭ᠎ᠠ ᠠᠳᠬᠤᠵᠤ᠂ ᠰᠢᠶᠠᠨ ᠭᠠᠵᠠᠷ ᠤᠨ ᠲᠡᠰ ᠤᠨ ᠵᠢᠴᠢ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠪᠠᠶᠢᠳᠠᠯ ᠢ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠨ᠂ ᠰᠤᠷᠤᠯᠴᠠᠯᠭ᠎ᠠ ᠶᠢᠨ ᠲᠡᠮᠳᠡᠭᠯᠡᠯ᠂ ᠣᠯᠤᠯᠲᠠ᠂ ᠪᠠᠶᠢᠴᠠᠭᠠᠨ | ᠰᠤᠳᠤᠯᠵᠤ ᠲᠤᠬᠢᠷᠠᠭᠤᠯᠬᠤ᠂ ᠮᠡᠳᠡᠭᠦᠯᠬᠦ᠂ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠨᠠᠷᠢᠨ ᠲᠠᠩᠰᠠ ᠶᠢ ᠪᠠᠶᠢᠴᠠᠭᠠᠵᠤ᠂ ᠤᠳᠤᠷᠢᠳᠬᠤ ᠺᠠᠳ᠋ᠷ ᠢ | ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ︾ ᠶᠢ ᠲᠦᠷᠦᠭᠦᠯᠡᠨ | ᠪᠡᠶᠡᠯᠡᠭᠦᠯᠬᠦ ᠶᠢ ᠱᠠᠯᠠᠪᠳᠠᠭᠤᠯᠪᠠ᠃ ᠡᠯ᠎ᠡ ᠵᠢᠯᠣᠭᠤᠳᠬᠤ ᠳᠤᠭᠤᠶᠢᠯᠠᠩ ︽ᠳᠥᠷᠪᠡᠨ ᠥᠬᠡᠶ ᠬᠤᠶᠠᠷ ᠰᠢᠭᠤᠳ︾ ᠢᠶᠠᠷ ᠦᠨᠳᠦᠰᠦᠨ ᠱᠠᠲᠤᠨ ᠳᠤ 48 ᠤᠳᠠᠭ᠎ᠠ | ᠰᠢᠭᠤᠳ ᠬᠦᠷᠴᠣ᠂ ᠰᠢᠯᠭᠠᠬᠤ᠂ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠦᠨᠳᠦᠰᠦᠨ ᠱᠠᠲᠤᠨ ᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠨ | ᠪᠠᠶᠢᠴᠠᠭᠠᠵᠤ᠂ ᠪᠥᠬᠦ ᠨᠠᠮ ᠤᠨ ᠭᠡᠰᠢᠭᠦᠨ ᠺᠠᠳ᠋ᠷ ᠤᠨ ᠦᠨᠡᠨ ᠬᠦ ᠰᠤᠷᠤᠯᠴᠠᠵᠤ ᠭᠦᠨᠵᠡᠭᠡᠶ ᠣᠶᠢᠯᠠᠭᠠᠬᠤ ᠶᠢ ᠡᠷᠴᠢᠮᠵᠢᠭᠦᠯᠪᠠ᠃ ᠰᠤᠷᠪᠤᠯᠵᠢᠯᠠᠨ ᠪᠠᠶᠢᠴᠠᠭᠠᠨ | ᠰᠤᠳᠤᠯᠬᠤ᠂ ᠲᠣᠭᠤᠷᠢᠨ ᠰᠣᠨᠣᠰᠴᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠳᠦᠰᠦᠨᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠰᠤᠷᠤᠯᠴᠠᠯᠭ᠎ᠠ ᠶᠢᠨ ᠠᠵᠢᠯᠯᠠᠭ᠎ᠠ ᠳᠤ ᠣᠷᠣᠯᠴᠠᠵᠤ᠂ 23 ᠠᠰᠠᠭᠤᠳᠠᠯ ᠢ ᠢᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ᠠᠳᠡᠭᠦᠦ ᠪᠤᠷᠤᠭᠤ ᠪᠠᠨ ᠴᠠᠭ ᠲᠤᠬᠠᠶ ᠳᠤ | ᠨᠢ ᠵᠠᠯᠠᠷᠠᠭᠤᠯᠪᠠ᠃ ᠰᠤᠷᠤᠯᠴᠠᠬᠤ ᠰᠠᠬᠢᠯᠭ᠎ᠠ ᠪᠠᠲᠤ ᠶᠢᠨ ᠪᠣᠭᠤᠮᠲᠠ ᠶᠢ ᠴᠢᠩᠭ᠎ᠠ ᠠᠳᠬᠤᠨ᠂ ᠨᠠᠮ ᠤᠨ ᠲᠡᠦᠬᠡ ᠵᠢᠨᠰᠤᠷᠤᠯᠴᠠᠯᠭ᠎ᠠ ᠬᠥᠮᠦᠵᠢᠯ ᠤᠨ ᠠᠵᠢᠯ ᠢ | ᠥᠷᠨᠢᠭᠦᠯᠬᠦ ︽ᠠᠷᠪᠠᠨ ᠥᠯᠥ ᠪᠣᠯᠬᠤ︾ ᠲᠤᠬᠠᠶ ᠭᠤᠤᠯᠳᠠᠯᠭ᠎ᠠ ᠲᠠᠢ ᠤᠬᠠᠭᠤᠯᠭ᠎ᠠ ᠥᠷᠨᠢᠭᠦᠯᠵᠦ᠂ 10 ᠵᠦᠢᠯ ᠤᠨ ᠤᠯᠤᠰ ᠲᠥᠷᠥ ᠶᠢᠨ ᠰᠠᠬᠢᠯᠭ᠎ᠠ ᠪᠠᠲᠤ ᠶᠢ | ᠵᠢᠷᠤᠮᠯᠠᠨ ᠰᠠᠬᠢᠬᠤ ᠡᠰᠡᠬᠦ ᠱᠠᠭᠠᠷᠳᠠᠯᠭ᠎ᠠ ᠶᠢ ᠪᠠᠶᠢᠴᠠᠭᠠᠨ ᠵᠢᠯᠣᠭᠤᠳᠴᠤ᠂ ᠡᠯ᠎ᠡ ᠰᠠᠯᠠᠭ᠎ᠠ ᠮᠥᠴᠢᠷ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠳᠤᠮᠳᠠᠬᠢ ᠴᠢᠭᠯᠡᠯ ᠪᠠ ᠤᠳᠤᠷᠢᠳᠤᠮᠵᠢ ᠶᠢᠨ ᠲᠠᠯ᠎ᠠ ᠶᠢᠨ ᠠᠯᠳᠠᠭ᠎ᠠ ᠪᠤᠶᠤ ᠠᠯᠳᠠᠰᠢ ᠭᠠᠷᠬᠤ ᠶᠢ ᠡᠷᠡᠰ ᠬᠤᠷᠢᠭᠯᠠᠪᠠ᠃ | ᠭᠤᠷᠪᠠ ᠳᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠣᠷᠣᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠵᠢᠭᠠᠨ ᠵᠢᠯᠣᠭᠤᠳᠬᠤ ᠳᠤᠭᠤᠶᠢᠯᠠᠩ ᠲᠥᠪᠯᠡᠷᠡᠩᠭᠦᠢ ᠲᠣᠬᠢᠷᠠᠭᠤᠯᠭᠠᠨ ᠤ ᠬᠤᠷᠠᠯ ᠢ 2 ᠤᠳᠠᠭ᠎ᠠ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ | ᠲᠤᠬᠠᠢ᠂ ᠨᠡᠶᠢᠲᠡᠯᠢᠭ ᠲᠤᠷᠰᠢᠯᠭ᠎ᠠ ᠶᠢ ᠭᠦᠢᠴᠡᠳ ᠰᠣᠯᠢᠯᠴᠠᠵᠤ᠂ ᠴᠠᠭ ᠲᠤᠬᠠᠢ ᠳᠤ ᠨᠢ ᠲᠣᠬᠢᠷᠠᠭᠤᠯᠣᠨ᠂ ᠡᠯ᠎ᠡ ᠵᠢᠭᠠᠨ ᠵᠢᠯᠣᠭᠤᠳᠬᠤ ᠳᠤᠭᠤᠶᠢᠯᠠᠩ ᠤᠨ | ᠠᠵᠢᠯ ᠤᠨ ᠴᠢᠳᠠᠪᠤᠷᠢ ᠶᠢ ᠬᠦᠴᠦᠯᠡᠨᠲ᠋ᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠭᠯᠡᠯ ᠬᠡᠯᠪᠠᠶᠢᠬᠦ ᠦᠭᠡᠢ᠂ ᠲᠥᠪᠯᠡᠷᠡᠯ ᠤᠨ ᠴᠡᠭ | ᠰᠠᠷᠨᠢᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠵᠢᠷᠬᠢᠶ᠎ᠡ ᠬᠤᠯᠪᠣᠭ᠎ᠠ ᠪᠠᠷ | ᠳᠠᠮᠵᠢᠭᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠱᠠᠭᠠᠷᠳᠠᠯᠭ᠎ᠠ ᠰᠢᠨ᠎ᠡ ᠵᠢᠭᠠᠪᠤᠷᠢ ᠶᠢ ᠴᠠᠭ ᠲᠤᠬᠠᠢ ᠳᠤ ᠨᠢ ᠤᠯᠠᠮᠵᠢᠯᠠᠵᠤ᠂ | ᠦᠨᠳᠦᠰᠦᠨᠱᠠᠲᠤᠨ ᠤ ᠨᠢᠭᠡᠴᠢ ᠶᠢ ᠬᠠᠪᠰᠤᠷᠤᠨ ᠮᠠᠳᠠᠭ ᠲᠠᠢ ᠠᠰᠠᠭᠤᠳᠠᠯ ᠢ ᠨᠢ ᠳᠠᠷᠤᠢ ᠲᠦᠷᠭᠡᠨ ᠰᠢᠢᠳᠪᠦᠷᠢᠯᠡᠨ᠂ ᠨᠠᠮ ᠤᠨᠲ᠋ᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠳᠣᠯᠠᠵᠠᠢ᠃ ᠣᠳᠣᠬᠠᠨ ᠪᠣᠯᠲᠠᠯ᠎ᠠ᠂ ᠪᠥᠬᠦ ᠣᠷᠣᠨ ᠤ 35 | ᠰᠤᠷᠭᠠᠭᠤᠯᠢ ᠳᠤ ᠣᠷᠣᠯᠴᠠᠬᠤ ᠨᠢᠭᠡᠴᠢ ᠴᠥᠮ ︽ᠨᠢᠭᠡ ᠲᠥᠰᠦᠯ ᠬᠤᠶᠠᠷ ᠨᠠᠷᠢᠨ ᠲᠠᠩᠰᠠ︾ ︵ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ | ᠲᠥᠰᠦᠯ᠂ ᠰᠠᠯᠠᠭ᠎ᠠ ᠮᠥᠴᠢᠷ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ᠂ ᠰᠢᠶᠠᠨᠭᠠᠵᠠᠷ ᠤᠨ ᠲᠠᠰ ᠤᠨ ᠤᠳᠤᠷᠢᠳᠬᠤ ᠺᠠᠳ᠋ᠷ ᠤᠨ | ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠠᠷᠢᠨ ᠲᠠᠩᠰᠠ︶ ᠶᠢ ᠲᠣᠭᠲᠠᠭᠠᠵᠤ᠂ 306 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠴᠥᠮ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠬᠢᠷᠠᠭᠤᠯᠤᠯᠲᠠ ᠶᠣᠰᠣᠭᠠᠷ ᠠᠵᠢᠯ ᠢᠶᠠᠨ ᠡᠮᠬᠢ ᠵᠢᠷᠤᠮ ᠲᠠᠢ ᠥᠷᠨᠢᠭᠦᠯᠪᠡ᠃ |