ᠨᠠᠮ ᠤᠨ ᠶᠢᠰᠦᠳᠦᠭᠡᠷ ᠶᠡᠭᠡ ᠬᠤᠷᠠᠯ / 1969 ᠣᠨ / ᠪᠡᠭᠡᠵᠢᠩ
ᠨᠡᠶᠢᠲᠡᠯᠡᠭᠰᠡᠨ ᠴᠠᠭ᠄
2021/6/28
      1969 ᠣᠨ ᠤ 4 ᠳ᠋ᠦ᠋ᠭᠡᠷ ᠰᠠᠷ᠎ᠠ ᠶᠢᠨ 1᠎ ᠤ ᠡᠳᠦᠷ ᠠᠴᠠ 24᠎ ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢ 1512 ᠬᠥᠮᠦᠨ ᠪᠠᠶᠢᠵᠤ᠂ ᠪᠦᠬᠦ ᠤᠯᠤᠰ ᠤᠨ 2200 ᠲᠦᠮᠡᠨ ᠨᠠᠮ ᠤᠨ ᠭᠡᠰᠢᠭᠦᠨ ᠢ ᠲᠥᠯᠥᠭᠡᠯᠡᠪᠡ᠃ ᠮᠠᠤ ᠽᠤ᠋ ᠳ᠋ᠦᠩ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠢ ᠡᠷᠬᠢᠯᠡᠭᠰᠡᠨ ᠪᠥᠭᠡᠳ ᠬᠤᠷᠠᠯ ᠡᠬᠢᠯᠡᠬᠦ ᠦᠭᠡ ᠬᠡᠯᠡᠵᠡᠶ᠃ ᠬᠤᠷᠠᠯ ᠠᠴᠠ ᠯᠢᠨ ᠪᠢᠶᠤᠤ ᠶᠢᠨ ᠨᠠᠮ ᠤᠨ ᠲᠥᠪ ᠬᠤᠷᠢᠶᠠᠨ ᠤ ᠡᠮᠦᠨ᠎ᠡ ᠠᠴᠠ ᠬᠢᠭᠰᠡᠨ ᠤᠯᠤᠰ ᠲᠦᠷᠦ ᠶᠢᠨ ᠢᠯᠡᠳᠬᠡᠯ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾᠎ ᠢ ᠶᠠᠷᠢᠯᠴᠠᠵᠤ ᠪᠠᠲᠤᠯᠠᠪᠠ᠃ ᠡᠭᠦᠨ ᠳᠤ ᠨᠠᠮ ᠤᠨ ᠲᠦᠷᠢᠮ ᠳᠤ ᠯᠢᠨ ᠪᠢᠶᠤᠤ ᠶᠢ ︽ᠮᠠᠤ ᠽᠤ᠋ ᠳ᠋ᠦᠩ ᠨᠥᠬᠦᠷ ᠤᠨ ᠳᠣᠲᠣᠨᠣ ᠲᠠᠶᠢᠴᠢᠨ ᠬᠠᠨᠢ ᠪᠠ ᠵᠠᠯᠭᠠᠮᠵᠢᠯᠠᠭᠴᠢ︾᠎ ᠪᠠᠷ ᠦᠵᠡᠵᠦ ᠶᠡᠷᠦᠩᠬᠡᠶ ᠬᠥᠲᠥᠯᠪᠦᠷᠢ ᠳᠤ ᠪᠢᠴᠢᠵᠦ ᠣᠷᠣᠭᠤᠯᠵᠠᠶ᠃ ᠶᠡᠭᠡ ᠬᠤᠷᠠᠯ ᠠᠴᠠ ᠪᠠᠰᠠ ᠲᠥᠪ ᠬᠤᠷᠢᠶ᠎ᠠ ᠶᠢ ᠰᠣᠩᠭᠤᠨ ᠭᠠᠷᠭᠠᠪᠠ᠃
党的九大.jpg
ᠢᠷᠡᠯᠲᠡ᠄ ᠠᠷᠠᠳ ᠤᠨ ᠰᠦᠯᠵᠢᠶ᠎ᠡ