2021 ᠣᠨ ᠤ ᠬᠤᠶᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠪᠴᠢᠶ᠎ᠠ ᠶᠢᠨ ᠮᠡᠳᠡᠭᠡᠯᠡᠯ
ᠨᠡᠶᠢᠲᠡᠯᠡᠭᠰᠡᠨ ᠴᠠᠭ᠄
2021/7/5

     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠶᠢᠨ ᠠᠯᠪᠠᠨ ᠬᠡᠷ ᠲᠤ᠄
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠬᠤ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ ᠠᠵᠢᠯ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2021 ᠣᠨ ᠤ ᠬᠤᠶᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠂ ᠡᠳᠦᠭᠡ ᠬᠤᠯᠪᠣᠭᠳᠠᠯ ᠪᠥᠬᠦᠶ ᠪᠠᠶᠢᠳᠠᠯ ᠤᠨ ᠮᠡᠳᠡᠭᠡᠯᠡᠯ ᠨᠢ ᠳᠣᠤᠷᠠᠬᠢ ᠮᠡᠲᠦ᠄
     ᠨᠢᠭᠡ᠂ ᠠᠵᠢᠯ ᠢ ᠥᠷᠨᠢᠭᠦᠯᠦᠭᠰᠡᠨ ᠪᠠᠶᠢᠳᠠᠯ
     ︵ᠨᠢᠭᠡ︶ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ᠃ 2021 ᠣᠨ ᠤ ᠬᠤᠶᠠᠳᠤᠭᠠᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠠᠵᠢᠯᠯᠠᠭᠤᠯᠵᠤ ᠪᠠᠶᠢᠭ᠎ᠠ 549 ᠵᠠᠰᠠᠭ ᠤᠨ ᠣᠷᠳᠣᠨ ᠤ ᠰᠦᠯᠵᠢᠶ᠎ᠡ ᠠᠴᠠ 272 ᠶᠢ ᠰᠤᠭᠤᠴᠢᠨ ᠪᠠᠶᠢᠴᠠᠭᠠᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 100% ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶ᠎ᠡ ᠠᠴᠠ 45 ᠶᠢ ᠪᠠᠶᠢᠴᠠᠭᠠᠵᠤ᠂ ᠠᠶᠢᠮᠠᠭ ᠬᠤᠲᠠ᠂ ᠬᠤᠰᠢᠭᠤ ᠰᠢᠶᠠᠨ     ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠠᠴᠠ 115 ᠶᠢ ᠪᠠᠶᠢᠴᠠᠭᠠᠪᠠ︔ ᠡᠯ᠎ᠡ ᠠᠶᠢᠮᠠᠭ ᠬᠤᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 30% ᠪᠠᠶᠢᠵᠤ᠂ ᠨᠡᠶᠢᠲᠡ 112 ᠢ ᠰᠤᠭᠤᠴᠢᠨ ᠪᠠᠶᠢᠴᠠᠭᠠᠪᠠ᠃ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 7 ᠪᠠᠶᠢᠵᠤ᠂ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠨᠣᠷᠮ᠎ᠠ ᠨᠢ 97.42% ᠲᠤ ᠬᠦᠷᠴᠦ᠂ ᠬᠥᠬᠡᠬᠤᠲᠠ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠶᠢᠮᠠᠭ ᠤᠨ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠨᠣᠷᠮ᠎ᠠ ᠨᠢ ᠴᠥᠮ 100% ᠳᠤ ᠬᠥᠷᠪᠡ᠃
     ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ᠃ 2021 ᠣᠨ ᠤ ᠬᠤᠶᠠᠳᠤᠭᠠᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠵᠠᠰᠠᠭ ᠤᠨ ᠶᠠᠪᠤᠳᠠᠯ ᠤᠨ 5151 ᠰᠢᠨ᠎ᠡ ᠵᠠᠭᠤᠴᠢᠯᠠᠭᠤᠷ ᠤᠨ ᠳᠣᠲᠣᠷ᠎ᠠ ᠠᠴᠠ 2233 ᠶᠢ ᠰᠤᠭᠤᠴᠢᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 100%᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 40% ᠪᠠᠶᠢᠵᠤ᠂ ᠡᠭᠦᠨ ᠳᠤ ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ 101 ᠪᠠᠶᠢᠵᠤ᠂ ᠶᠡᠷᠦᠩᠬᠡᠶ ᠬᠢᠷᠢ ᠲᠡᠩᠴᠡᠭᠰᠡᠨ ᠨᠣᠷᠮ᠎ᠠ ᠨᠢ 95.48% ᠳᠤ ᠬᠦᠷᠴᠦ᠂ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ ᠵᠡᠷᠭᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠢ ᠬᠢᠷᠢ ᠲᠡᠩᠴᠡᠭᠰᠡᠨ ᠶᠡᠷᠦᠩᠬᠡᠢ ᠨᠣᠷᠮ᠎ᠠ ᠠᠴᠠ ᠥᠨᠳᠥᠷ ᠪᠠᠶᠢᠨ᠎ᠠ᠃ ᠡᠭᠦᠨ ᠠᠴᠠ ᠭᠠᠳᠠᠨ᠎ᠠ᠂ 21 ᠲᠠᠩᠰᠠᠨ ᠳ᠋ᠤᠭᠠᠷ ᠢ ᠨᠢᠭᠡᠨᠲᠡ ᠱᠠᠭᠠᠷᠳᠠᠯᠭ᠎ᠠ ᠶᠣᠰᠣᠭᠠᠷ ᠬᠦᠴᠦᠨ ᠥᠬᠡᠶ ᠪᠣᠯᠭᠠᠨ ᠬᠠᠭᠠᠵᠤ ᠵᠣᠭᠰᠣᠭᠠᠭᠰᠠᠨ ᠨᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠠᠩᠰᠠᠨ ᠳ᠋ᠤᠭᠠᠷ ᠪᠣᠯᠤᠨ᠎ᠠ᠃
     ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠣᠪᠤᠶᠢᠮ᠎ᠠ ᠠᠰᠠᠭᠤᠳᠠᠯ ᠢ ᠲᠤᠰᠬᠠᠶ ᠢᠯᠭᠠᠷᠠᠭᠤᠯᠤᠨ ᠴᠡᠪᠡᠷᠯᠡᠵᠦ ᠴᠡᠭᠴᠡᠯᠡᠨ ᠵᠠᠰᠠᠭᠰᠠᠨ ᠠᠵᠢᠯ ᠢ ︽ᠪᠤᠴᠠᠵᠤ ᠪᠠᠶᠢᠴᠠᠭᠠᠨ ᠦᠵᠡᠭᠰᠡᠨ︾ ᠪᠠᠶᠢᠳᠠᠯ᠃ 2021 ᠣᠨ ᠤ 4 — 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠲᠥᠪᠯᠡᠷᠡᠭᠦᠯᠵᠦ ᠢᠯᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠰᠠᠭᠤᠳᠠᠯ ᠣᠷᠣᠰᠢᠵᠤ ᠪᠠᠶᠢᠭ᠎ᠠ ᠰᠢᠨ᠎ᠡ ᠵᠠᠭᠤᠴᠢᠯᠠᠭᠤᠷ ᠤᠨ 449 ᠲᠠᠩᠰᠠᠨ ᠳ᠋ᠤᠭᠠᠷ ᠢ ᠪᠠᠶᠢᠴᠠᠭᠠᠨ ᠭᠠᠷᠭᠠᠵᠠᠶ᠃ 6 ᠳ᠋ᠤᠭᠠᠷ ᠰᠠᠷ᠎ᠠ ᠳᠤ ᠢᠯᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠳᠤ ᠲᠤᠰᠬᠠᠶᠢᠯᠠᠨ ︽ᠪᠤᠴᠠᠭᠠᠨ ᠪᠠᠶᠢᠴᠠᠭᠠᠨ ᠦᠵᠡᠬᠦ︾ ᠪᠠᠶᠢᠴᠠᠭᠠᠯᠲᠠ ᠬᠢᠵᠦ᠂ ᠮᠥᠨ ᠯᠡ 52 ᠳᠠᠩᠰᠠᠨ ᠳ᠋ᠤᠭᠠᠷ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ ᠠᠵᠢᠯᠯᠠᠭᠤᠯᠬᠤ ᠶᠢ ᠨᠢ ᠨᠢᠭᠡᠨᠲᠡ ᠵᠣᠭᠰᠣᠭᠠᠭᠰᠠᠨ ᠪᠣᠯᠪᠠᠴᠤ ᠬᠦᠴᠦᠨ ᠥᠬᠡᠶ ᠪᠣᠯᠭᠠᠬᠤ ᠠᠵᠢᠯ ᠢ ᠬᠠᠷᠠᠬᠠᠨ ᠪᠡᠶᠡᠯᠡᠭᠦᠯᠦᠭᠡᠳᠦᠶ᠃ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠬᠥᠯᠥᠨ ᠪᠤᠶᠢᠷ ᠬᠤᠲᠠ ︵49 ᠲᠠᠩᠰᠠᠨ ᠳ᠋ᠤᠭᠠᠷ︶᠂ ᠪᠠᠶᠠᠨᠨᠠᠭᠤᠷ ᠬᠤᠲᠠ ︵2 ᠲᠠᠩᠰᠠᠨ ᠳ᠋ᠤᠭᠠᠷ︶᠂ ᠬᠢᠩᠭᠠᠨ ᠠᠶᠢᠮᠠᠭ ︵1 ᠲᠠᠩᠰᠠᠨ ᠳ᠋ᠤᠭᠠᠷ︶ ᠢ ᠵᠠᠷᠯᠠᠨ ᠮᠡᠳᠡᠭᠡᠯᠡᠪᠡ      ︵ᠳᠠᠭᠠᠯᠳᠤᠭᠤᠯᠤᠯ 3 ᠶᠢ ᠦᠵᠡᠭᠡᠷᠡᠶ︶᠃
     ︵ᠳᠥᠷᠪᠡ︶ 2021 ᠣᠨ ᠤ ᠨᠢᠭᠡᠳᠦᠭᠡᠷ ᠤᠯᠠᠷᠢᠯ ᠤᠨ ᠵᠠᠷᠯᠠᠨ ᠮᠡᠳᠡᠭᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 2021 ᠣᠨ ᠤ ᠨᠢᠭᠡᠳᠦᠭᠡᠷ ᠤᠯᠠᠷᠢᠯ ᠤᠨ ᠰᠤᠭᠤᠴᠢᠨ ᠪᠠᠶᠢᠴᠠᠭᠠᠯᠲᠠ ᠳᠤ ᠠᠰᠠᠭᠤᠳᠠᠯ ᠢ ᠢᠯᠡᠷᠡᠭᠦᠯᠦᠭᠰᠡᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠠᠵᠢᠯᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ ᠰᠢᠮᠳᠠᠭᠤᠯᠤᠨ ᠰᠢᠢᠳᠪᠦᠷᠢᠯᠡᠭᠦᠯᠪᠡ᠃ ᠪᠣᠶ ᠪᠥᠬᠦᠶ ᠠᠶᠢᠮᠠᠭ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠴᠥᠮ ᠵᠠᠷᠯᠠᠨ ᠮᠡᠳᠡᠭᠡᠯᠡᠵᠦ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ᠂ ᠬᠠᠮᠢᠶ᠎ᠠ ᠪᠥᠬᠦᠶ ᠠᠵᠢᠯ ᠤᠨ ᠬᠠᠷᠢᠭᠤᠴᠠᠯᠭ᠎ᠠ ᠶᠢ ᠲᠤᠰᠬᠠᠢ ᠬᠥᠮᠦᠨ ᠳᠤ ᠨᠠᠶᠢᠳᠠᠪᠤᠷᠢᠵᠢᠭᠤᠯᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠳᠤ ᠪᠠᠨ ᠢᠳᠡᠪᠬᠢᠲᠡᠶ ᠰᠤᠳᠤᠯᠤᠯᠲᠠ ᠬᠢᠵᠦ ᠪᠤᠢ᠃ ᠬᠥᠬᠡᠬᠤᠲᠠ ᠪᠠᠰᠠ ᠬᠠᠷᠢᠶ᠎ᠠ ᠣᠷᠣᠨ ᠳᠣᠲᠣᠷᠠᠬᠢ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠶᠢ ᠭᠤᠣᠯᠴᠢᠯᠠᠨ ᠬᠠᠮᠢᠶᠠᠷᠴᠤ ᠪᠠᠶᠢᠭ᠎ᠠ ᠨᠢᠭᠡᠴᠢ ᠶᠢ ᠮᠡᠳᠡᠭᠡᠯᠡᠨ ᠰᠢᠭᠦᠮᠵᠢᠯᠡᠪᠡ᠃
     ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ
     ︵ᠨᠢᠭᠡ︶ ᠬᠡᠰᠡᠭ ᠰᠦᠯᠵᠢᠶ᠎ᠡ ᠶᠢᠨ ᠬᠠᠮᠢᠶᠠᠷᠴᠤ ᠠᠵᠢᠯᠯᠠᠭᠤᠯᠬᠤ ᠠᠵᠢᠯ ᠢ ᠴᠢᠩᠭᠠᠳᠬᠠᠬᠤ ᠴᠢᠬᠤᠯᠠ ᠲᠠᠢ᠃ ᠬᠡᠰᠡᠭ ᠰᠦᠯᠵᠢᠶ᠎ᠡ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ︽ᠰᠦᠯᠵᠢᠶ᠎ᠡ ᠶᠢ ᠤᠩᠰᠢᠵᠤ ᠰᠦᠯᠵᠢᠶ᠎ᠡ ᠶᠢ ᠬᠠᠮᠢᠶᠠᠷᠬᠤ︾ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠵᠤ᠂ ᠮᠡᠳᠡᠭᠡ ᠵᠠᠩᠭᠢ ᠨᠡᠶᠢᠲᠡᠯᠡᠬᠦ ᠳᠤ ︽ᠭᠤᠷᠪᠠᠨᠲᠠ ᠬᠢᠨᠠᠵᠤ ᠭᠤᠷᠪᠠᠨᠲᠠ ᠬᠠᠷᠭᠤᠭᠤᠯᠬᠤ︾ ᠬᠢᠨᠠᠨ ᠬᠠᠷᠭᠤᠭᠤᠯᠬᠤ ᠲᠣᠭᠲᠠᠴᠠ ᠨᠢ ᠬᠡᠯᠪᠡᠷᠢ ᠶᠢᠨ ᠲᠡᠳᠦᠶ ᠪᠣᠯᠵᠣ᠂ ᠪᠤᠷᠤᠭᠤ᠂ ᠰᠡᠷᠭᠡᠭ ᠥᠰᠥᠭ ᠤᠳ ᠪᠠᠶᠢᠨ ᠳᠠᠬᠢᠨ ᠢᠯᠡᠷᠡᠵᠦ ᠪᠠᠶᠢᠨ᠎ᠠ᠃ ᠬᠡᠰᠡᠭ ᠰᠦᠯᠵᠢᠶ᠎ᠡ ᠳᠤ ᠴᠥᠷᠬᠡᠯᠡᠭᠡ ᠨᠢ ᠬᠡᠷᠡᠭᠯᠡᠵᠦ ᠪᠣᠯᠬᠤ ᠥᠬᠡᠶ᠂ ᠠᠭᠤᠯᠭ᠎ᠠ ᠨᠢ ᠵᠢᠷᠤᠮᠵᠢᠯ ᠥᠬᠡᠶ᠂ ᠴᠠᠭ ᠲᠤᠬᠠᠶ ᠳᠤ ᠨᠢ ᠰᠢᠨᠡᠳᠬᠡᠭᠰᠡᠨ ᠥᠬᠡᠶ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠰᠦᠯᠵᠢᠶ᠎ᠡ ᠳᠤ ᠡᠬᠡ ᠪᠢᠴᠢᠭ ᠢ ᠲᠤᠭᠤᠷᠪᠢᠭᠰᠠᠨ ᠴᠠᠭ ᠨᠢ ᠡᠬᠡ ᠪᠢᠴᠢᠭ ᠢ ᠨᠡᠶᠢᠲᠡᠯᠡᠭᠰᠡᠨ ᠪᠣᠳᠠᠲᠠᠶ ᠴᠠᠭ ᠠᠴᠠ ᠣᠷᠦ᠋ᠢᠲᠠᠭᠰᠠᠨ ᠠᠰᠠᠭᠤᠳᠠᠯ ᠣᠷᠣᠰᠢᠵᠤ ᠪᠠᠶᠢᠨ᠎ᠠ᠃
     ︵ᠬᠤᠶᠠᠷ︶ ᠬᠡᠰᠡᠭ ᠰᠦᠯᠵᠢᠶ᠎ᠡ ᠶᠢᠨ ᠪᠤᠯᠤᠩ ᠢᠶᠠᠨ ᠴᠠᠭ ᠲᠤᠬᠠᠶ ᠳᠤ ᠨᠢ ᠰᠢᠨᠡᠳᠬᠡᠭᠰᠡᠨ ᠥᠬᠡᠶ ᠪᠤᠶᠤ ᠬᠤᠭᠤᠰᠣᠨ ᠪᠤᠯᠤᠩ ᠢᠯᠡᠷᠡᠵᠦ ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠢᠨᠡᠳᠬᠡᠭᠰᠡᠨ ᠨᠢ ᠪᠠᠷᠢᠮᠵᠢᠶ᠎ᠠ ᠳᠤ ᠬᠦᠷᠦᠭᠰᠡᠨ ᠥᠬᠡᠶ ᠪᠤᠯᠤᠩ ᠨᠢ 10 ᠶᠢ ᠳᠠᠪᠠᠭᠰᠠᠨ ᠠᠴᠠ ᠳᠠᠩ ᠢᠶᠠᠷ ᠦᠭᠡᠶᠢᠰᠬᠡᠭᠳᠡᠪᠡ︔ ᠤᠯᠠᠭᠠᠨᠬᠠᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠡᠷᠭᠡ 3 ᠰᠦᠯᠵᠢᠶ᠎ᠡ ᠶᠢᠨ ᠬᠤᠭᠤᠰᠣᠨ ᠪᠤᠯᠤᠩ ᠨᠢ 5 ᠶᠢ ᠳᠠᠪᠠᠭᠰᠠᠨ ᠠᠴᠠ ᠪᠣᠯᠵᠣ ᠲᠠᠩ ᠢᠶᠠᠷ ᠦᠭᠡᠶᠢᠰᠬᠡᠭᠳᠡᠪᠡ᠃ ᠡᠭᠦᠨ ᠠᠴᠠ ᠭᠠᠳᠠᠨ᠎ᠠ᠂ ᠬᠢᠷᠢ ᠲᠡᠩᠴᠡᠭᠰᠡᠨ ᠵᠠᠰᠠᠭ ᠤᠨ ᠣᠷᠳᠣᠨ ᠤ ᠰᠦᠯᠵᠢᠶ᠎ᠡ ᠳᠣᠲᠣᠷᠠᠬᠢ ᠬᠡᠰᠡᠭ ᠰᠦᠯᠵᠢᠶ᠎ᠡ ᠳᠤ ᠮᠥᠨ ᠬᠦ ᠪᠤᠯᠤᠩ ᠢᠶᠠᠨ ᠴᠠᠭ ᠲᠤᠬᠠᠶ ᠳᠤ ᠨᠢ ᠰᠢᠨᠡᠳᠬᠡᠭᠰᠡᠨ ᠥᠬᠡᠶ ᠪᠤᠶᠤ ᠬᠤᠭᠤᠰᠣᠨ ᠪᠤᠯᠤᠩ ᠤᠨ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃
     ︵ᠭᠤᠷᠪᠠ︶ ᠣᠨᠴᠠ ᠵᠠᠷᠢᠮ ᠰᠦᠯᠵᠢᠶ᠎ᠡ ᠶᠢᠨ ᠬᠠᠷᠢᠯᠴᠠᠨ ᠦᠢᠯᠡᠳᠦᠯᠴᠡᠵᠦ ᠬᠠᠷᠢᠭᠤ ᠲᠤᠰᠬᠠᠯ ᠠᠨᠠᠶ᠂ ᠵᠠᠰᠠᠭ ᠠᠷᠠᠳ ᠤᠨ ᠬᠠᠷᠢᠯᠴᠠᠨ ᠦᠢᠯᠡᠳᠦᠯᠴᠡᠬᠦ ᠳᠤ ᠰᠠᠭᠠᠳ ᠲᠠᠢ ᠪᠠᠶᠢᠨ᠎ᠠ᠃ ᠬᠡᠰᠡᠭ ᠰᠦᠯᠵᠢᠶ᠎ᠡ ᠶᠢᠨ ᠬᠠᠷᠢᠯᠴᠠᠨ ᠦᠢᠯᠡᠳᠦᠯᠴᠡᠬᠦ ᠴᠢᠳᠠᠮᠵᠢ ᠨᠢ ᠲᠡᠭᠦᠯᠳᠡᠷ ᠪᠤᠰᠤ᠂ ᠴᠠᠭ ᠲᠤᠬᠠᠶ ᠳᠤ ᠨᠢ ᠪᠠ ᠣᠨᠣᠪᠴᠢᠲᠠᠢ ᠬᠠᠷᠢᠭᠤ ᠲᠤᠰᠬᠠᠯ ᠦᠭᠡᠢ᠂ ᠰᠦᠯᠵᠢᠶ᠎ᠡ ᠶᠢᠨ ᠦᠢᠯᠡᠴᠢᠯᠡᠭᠡᠨ ᠤ ᠦᠷ᠎ᠡ ᠨᠥᠯᠥᠭᠡ ᠥᠨᠳᠥᠷ ᠪᠢᠰᠢ ᠪᠠᠶᠢᠨ᠎ᠠ᠃ ᠵᠢᠱᠢᠶᠡᠯᠡᠪᠡᠯ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠦᠭᠡ ᠦᠯᠡᠳᠡᠭᠡᠵᠦ ᠢᠯᠡ ᠪᠣᠯᠭᠠᠬᠤ 3 ᠰᠠᠷ᠎ᠠ ᠭᠠᠷᠤᠢ ᠰᠢᠨᠡᠳᠬᠡᠭᠰᠡᠨ ᠥᠬᠡᠶ ᠪᠠᠶᠢᠳᠠᠯ ᠣᠷᠣᠰᠢᠵᠤ ᠪᠠᠶᠢᠨ᠎ᠠ᠃
     ︵ᠳᠥᠷᠪᠡ︶ ᠬᠡᠰᠡᠭ ᠰᠦᠯᠵᠢᠶ᠎ᠡ ᠶᠢᠨ ᠴᠢᠳᠠᠮᠵᠢ ᠶᠢᠨ ᠪᠠᠶᠢᠭᠤᠯᠤᠯᠲᠠ ᠲᠡᠭᠦᠯᠳᠡᠷ ᠪᠤᠰᠤ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠦᠯᠵᠢᠶ᠎ᠡ ᠳᠤ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠠᠷᠭ᠎ᠠ ᠵᠠᠮ ᠬᠠᠩᠭᠠᠭᠰᠠᠨ ᠥᠬᠡᠶ︔ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠡᠷᠭᠡ 67 ᠰᠦᠯᠵᠢᠶ᠎ᠡ ᠨᠢ ᠨᠢᠭᠡᠳᠦᠯᠲᠡᠶ ᠨᠡᠪᠲᠡᠷᠡᠬᠦ ᠪᠠ ᠨᠢᠭᠡ ᠳᠠᠩᠰᠠ ᠪᠠᠷ ᠨᠡᠪᠲᠡᠷᠡᠬᠦ ᠪᠠᠶᠢᠭᠤᠯᠤᠯᠲᠠ ᠶᠢ ᠪᠡᠶᠡᠯᠡᠭᠦᠯᠦᠭᠰᠡᠨ ᠥᠬᠡᠶ︔ IPv6 ᠶᠢᠨ ᠥᠭᠡᠷᠡᠴᠢᠯᠡᠯᠲᠡ ᠶᠢᠨ ᠠᠬᠢᠴᠠ ᠨᠢ ᠤᠳᠠᠭᠠᠨ ᠪᠠᠶᠢᠵᠤ᠂ ᠬᠤᠶᠠᠷ ᠭᠤᠷᠪᠠᠳᠤᠭᠠᠷ ᠳᠡᠰ ᠤᠨ ᠨᠢᠭᠤᠷ ᠢᠶᠠᠷ ᠠᠶᠢᠯᠴᠢᠯᠠᠬᠤ ᠶᠢ ᠳᠡᠮᠵᠢᠬᠦ ᠬᠡᠮᠵᠢᠶ᠎ᠡ ᠥᠨᠳᠥᠷ ᠪᠢᠰᠢ ᠪᠠᠶᠢᠨ᠎ᠠ᠃
     ︵ᠲᠠᠪᠤ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠴᠠᠭ ᠲᠤᠬᠠᠶ ᠳᠤ ᠨᠢ ᠰᠢᠨᠡᠳᠬᠡᠭᠰᠡᠨ ᠥᠬᠡᠶ ᠪᠠᠶᠢᠳᠠᠯ ᠣᠷᠣᠰᠢᠵᠤ ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠸᠢᠴᠠᠲ ᠤᠨ ᠨᠡᠶᠢᠲᠡ ᠶᠢᠨ ᠳ᠋ᠤᠭᠠᠷ ︽ᠬᠢᠩᠭᠠᠨ ᠵᠡᠭᠡᠯᠢ ᠭᠤᠳᠤᠮᠵᠢ︾᠂ ᠰᠢᠨ ᠯᠠᠩ ᠪᠢᠴᠢᠯ ᠪᠯᠤᠭ ︽ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠢᠨᠵᠧᠦ ᠵᠡᠭᠡᠯᠢ ᠭᠤᠳᠤᠮᠵᠢ ᠶᠢᠨ ᠠᠯᠪᠠᠨ ᠬᠡᠷ︾᠂ ︽ᠵᠢᠶ ᠸᠧᠨ ᠵᠣᠬᠢᠶᠠᠨ ᠪᠠᠶᠢᠭᠤᠯᠬᠤ ᠤᠬᠠᠭᠤᠯᠬᠤ ᠬᠡᠯᠲᠡᠰ︾᠂ ᠥᠨᠥᠳᠦᠷ ᠤᠨ ᠲᠡᠷᠢᠭᠦᠨ ᠵᠤᠷᠪᠤᠰ ︽ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ︾᠂ ᠳ᠋ᠸᠦ ᠶᠢᠨ ᠣᠬᠤᠷ ᠸᠢᠳᠢᠣ᠋ ︽ᠰᠢᠯᠢ ᠶᠢᠨ ᠭᠤᠤᠯ ᠤᠨ ᠨᠡᠶᠢᠭᠡᠮ ᠤᠨ ᠳᠠᠭᠠᠳᠬᠠᠯ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠴᠥᠮ ᠣᠷᠳᠣ ᠬᠤᠭᠤᠴᠠᠭ᠎ᠠ ᠪᠠᠷ ᠰᠢᠨᠡᠳᠬᠡᠭᠰᠡᠨ ᠥᠬᠡᠶ ᠪᠠᠶᠢᠳᠠᠯ ᠣᠷᠣᠰᠢᠵᠤ ᠪᠠᠶᠢᠨ᠎ᠠ᠃ ᠨᠠᠩ ᠴᠤ ᠲᠠᠩᠰᠠᠨ ᠳ᠋ᠤᠭᠠᠷ ᠨᠢ 1 ᠵᠢᠯ ᠭᠠᠷᠤᠢ ᠰᠢᠨᠡᠳᠬᠡᠭᠰᠡᠨ ᠥᠬᠡᠶ᠂ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠨᠢ ︽ᠬᠥᠰᠢᠭᠦᠷᠡᠬᠦ︾ ᠦᠵᠡᠭᠳᠡᠯ ᠣᠷᠣᠰᠢᠵᠤ ᠪᠠᠶᠢᠨ᠎ᠠ᠃
     ︵ᠵᠢᠷᠭᠤᠭ᠎ᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠷᠢᠯᠴᠠᠨ ᠦᠢᠯᠡᠳᠦᠯᠴᠡᠬᠦ ᠲᠦᠪᠰᠢᠨ ᠢ ᠳᠡᠭᠡᠭᠰᠢᠯᠡᠭᠦᠯᠬᠦ ᠴᠢᠬᠤᠯᠠ ᠲᠠᠢ᠃ ᠣᠯᠠᠩᠬᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠢ ᠨᠢᠭᠡᠨᠲᠡ ᠱᠠᠭᠠᠷᠳᠠᠯᠭ᠎ᠠ ᠶᠣᠰᠣᠭᠠᠷ ᠬᠠᠷᠢᠯᠴᠠᠨ ᠦᠢᠯᠡᠳᠦᠯᠴᠡᠬᠦ ᠴᠢᠳᠠᠮᠵᠢ ᠪᠠᠨ ᠴᠡᠭᠴᠡᠯᠡᠨ ᠰᠠᠶᠢᠵᠢᠷᠠᠭᠤᠯᠤᠭᠰᠠᠨ ᠪᠣᠯᠪᠠᠴᠤ ᠣᠨᠴᠠ ᠵᠠᠷᠢᠮ ᠲᠠᠩᠰᠠᠨ ᠳ᠋ᠤᠭᠠᠷ ᠨᠢ ᠮᠥᠨ ᠯᠡ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠥᠬᠡᠶ᠃ ᠸᠢᠴᠠᠲ ᠤᠨ ᠨᠡᠶᠢᠲᠡ ᠶᠢᠨ ᠳ᠋ᠤᠭᠠᠷ ︽ᠰᠢᠳᠢᠲᠦ ᠳᠥᠷᠥᠯᠵᠢ︾᠂ ︽ᠲᠠᠶᠢᠫᠦᠰᠧ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︾᠂ ︽ᠠᠯᠠᠱᠠ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︾᠂ ︽ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︾ ᠵᠡᠷᠭᠡ ᠲᠠᠩᠰᠠᠨ ᠳ᠋ᠤᠭᠠᠷ ᠨᠢ ᠪᠦᠲᠦᠮᠵᠢᠲᠡᠶ ᠬᠠᠷᠢᠯᠴᠠᠨ ᠦᠢᠯᠡᠳᠦᠯᠴᠡᠬᠦ ᠴᠢᠳᠠᠮᠵᠢ ᠬᠠᠩᠭᠠᠭᠰᠠᠨ ᠥᠬᠡᠶ᠃
     ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ
     ︵ᠨᠢᠭᠡ︶ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠲᠠᠪᠴᠠᠩ ᠤᠨ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠩᠭᠤᠵᠢᠭᠰᠠᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠲᠡᠯᠡᠭᠰᠡᠨ ᠮᠡᠳᠡᠭᠡ ᠵᠠᠩᠭᠢ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠵᠦ᠂ ᠪᠤᠷᠤᠭᠤ᠂ ᠰᠡᠷᠭᠡᠭ ᠮᠡᠳᠡᠭᠡ ᠵᠠᠩᠭᠢ ᠶᠢ ᠪᠠᠶᠢᠴᠠᠭᠠᠵᠤ ᠢᠯᠡᠷᠡᠭᠦᠯᠪᠡᠯ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠵᠤ᠂ ᠪᠤᠷᠤᠭᠤ᠂ ᠰᠡᠷᠭᠡᠭ ᠮᠡᠳᠡᠭᠡ ᠵᠠᠩᠭᠢ ᠶᠢᠨ ᠢᠯᠡᠷᠡᠬᠦ ᠪᠠ ᠣᠷᠳᠣ ᠬᠤᠭᠤᠴᠠᠭ᠎ᠠ ᠪᠠᠷ ᠦᠯᠡᠳᠡᠭᠳᠡᠨ ᠬᠠᠳᠠᠭᠠᠯᠠᠭᠳᠠᠬᠤ ᠶᠢ ᠪᠠᠭᠠᠰᠬᠠᠬᠤ ᠬᠡᠷᠡᠭᠲᠡᠶ᠃ ᠰᠦᠯᠵᠢᠶ᠎ᠡ ᠶᠢᠨ ᠪᠦᠬᠦᠯᠢ ᠴᠣᠭᠴᠠ ᠶᠢᠨ ᠠᠵᠢᠯᠯᠠᠭᠠᠨ᠂ ᠪᠤᠯᠤᠩ ᠢ ᠰᠢᠨᠡᠳᠬᠡᠬᠦ᠂ ᠮᠡᠳᠡᠭᠡ ᠵᠠᠩᠭᠢ ᠶᠢᠨ ᠠᠭᠤᠯᠭ᠎ᠠ ᠶᠢᠨ ᠶᠠᠰᠤ ᠴᠢᠨᠠᠷ ᠵᠡᠷᠭᠡ ᠲᠠᠯ᠎ᠠ ᠪᠠᠷ ᠠᠰᠠᠭᠤᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠤᠳᠠᠯ ᠢᠶᠠᠷ ᠵᠣᠬᠢᠶᠠᠬᠤ᠂ ᠴᠠᠭ ᠲᠤᠬᠠᠶ ᠳᠤ ᠨᠢ ᠰᠢᠨᠡᠳᠬᠡᠬᠦ ᠥᠬᠡᠶ ᠪᠠ ᠬᠤᠭᠤᠰᠣᠨ ᠪᠤᠯᠤᠩ ᠪᠠᠶᠢᠬᠤ ᠵᠡᠷᠭᠡ ᠬᠤᠷᠢᠭ᠎ᠠ ᠱᠤᠭᠤᠮ ᠤᠨ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠶ᠃ ᠥᠪᠡᠰᠦᠪᠡᠨ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠬᠠᠷᠭᠤᠭᠤᠯᠤᠨ ᠪᠠᠶᠢᠴᠠᠭᠠᠬᠤ ᠶᠢ ᠨᠢᠭᠡ ᠴᠣᠠᠠᠴᠠᠵᠢᠭᠤᠯᠥᠠᠠᠰᠠᠨ ᠪᠢᠲᠡᠭᠦᠦ ᠣᠷᠴᠢᠯᠲᠤ ᠵᠠᠭᠪᠤᠷ ᠢ ᠪᠠᠶᠢᠭᠤᠯᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠶ ᠳᠤ ᠨᠢ ᠬᠠᠷᠢᠭᠤ ᠲᠤᠰᠬᠠᠵᠤ᠂ ᠬᠠᠮᠢᠶ᠎ᠠ ᠪᠥᠬᠦᠶ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃
     ︵ᠬᠤᠶᠠᠷ︶ ᠠᠭᠤᠯᠭ᠎ᠠ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠦᠯᠵᠢᠶ᠎ᠡ ᠶᠢᠨ ᠴᠢᠳᠠᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠲᠡᠯᠡᠭᠰᠡᠨ ᠠᠭᠤᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠬᠦᠯᠵᠦ᠂ ᠡᠬᠡ ᠪᠢᠴᠢᠭ ᠲᠤᠭᠤᠷᠪᠢᠭᠰᠠᠨ ᠰᠠᠯᠠᠭ᠎ᠠ ᠮᠥᠴᠢᠷ᠂ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠯᠠᠭ᠎ᠠ ᠮᠥᠴᠢᠷ ᠨᠢ ᠱᠠᠲᠤ ᠳᠠᠷᠠᠭᠠᠯᠠᠨ ᠬᠢᠨᠠᠨ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠡᠯ᠎ᠡ ᠪᠤᠯᠤᠩ ᠤᠨ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠤᠯᠤᠩ ᠤᠨ ᠮᠡᠳᠡᠭᠡ ᠵᠠᠩᠭᠢ ᠶᠢᠨ ᠰᠢᠨᠡᠴᠢᠯᠡᠯᠲᠡ ᠪᠠ ᠠᠭᠤᠯᠭ᠎ᠠ ᠶᠢᠨ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ᠃ ᠰᠢᠨᠡᠳᠬᠡᠬᠦ ᠪᠠ ᠬᠠᠮᠠᠭᠠᠯᠠᠬᠤ ᠴᠢᠳᠠᠯ ᠥᠬᠡᠶ ᠰᠦᠯᠵᠢᠶ᠎ᠡ ᠶᠢᠨ ᠪᠤᠯᠤᠩ ᠢ ᠴᠠᠭ ᠲᠤᠬᠠᠶ ᠳᠤ ᠨᠢ ᠰᠢᠯᠢᠳᠡᠭᠵᠢᠭᠦᠯᠦᠨ ᠳᠣᠭᠢᠷᠠᠭᠤᠯᠬᠤ ᠪᠤᠶᠤ ᠬᠠᠭᠠᠵᠤ ᠡᠮᠬᠢᠯᠡᠨ ᠨᠡᠶᠢᠯᠡᠭᠦᠯᠬᠦ ᠬᠡᠷᠡᠭᠲᠡᠶ᠃ ᠰᠦᠯᠵᠢᠶ᠎ᠡ ᠶᠢᠨ ᠬᠥᠳᠡᠯᠦᠯᠴᠡᠨ ᠰᠣᠯᠢᠯᠴᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠴᠢᠳᠠᠮᠵᠢ ᠨᠢ ᠠᠳᠠᠯᠢᠪᠲᠤᠷ ᠬᠠᠷᠢᠯᠴᠠᠨ ᠦᠢᠯᠡᠳᠦᠯᠴᠡᠵᠦ ᠰᠣᠯᠢᠯᠴᠠᠬᠤ ᠪᠤᠯᠤᠩ ᠢ ᠡᠮᠬᠢᠯᠡᠨ ᠨᠡᠶᠢᠯᠡᠭᠦᠯᠵᠦ᠂ ᠦᠭᠡ ᠦᠯᠡᠳᠡᠭᠰᠡᠨ ᠢ ᠭᠦᠢᠴᠡᠳᠬᠡᠬᠦ ᠶᠠᠰᠤ ᠴᠢᠨᠠᠷ ᠪᠠ ᠬᠤᠭᠤᠴᠠᠭ᠎ᠠ ᠪᠦᠲᠦᠮᠵᠢ ᠶᠢ ᠳᠡᠭᠡᠭᠰᠢᠯᠡᠭᠦᠯᠦᠨ᠎ᠡ᠃ ᠰᠦᠯᠵᠢᠶ᠎ᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠵᠢᠷᠤᠮᠵᠢᠭᠤᠨ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠤᠭᠤᠴᠢᠨ ᠪᠠᠶᠢᠴᠠᠭᠠᠬᠤ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠭᠡᠳᠦᠯᠲᠡᠶ ᠨᠡᠪᠲᠡᠷᠡᠬᠦ᠂ ᠨᠢᠭᠡ ᠳᠠᠩᠰᠠ ᠪᠠᠷ ᠨᠡᠪᠲᠡᠷᠡᠬᠦ ᠴᠢᠳᠠᠮᠵᠢ ᠶᠢᠨ ᠪᠠᠶᠢᠭᠤᠯᠤᠯᠲᠠ ᠪᠠ ᠰᠦᠯᠵᠢᠶ᠎ᠡ ᠶᠢᠨ IPv6 ᠶᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃
     ︵ᠭᠤᠷᠪᠠ︶ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠤᠢ ᠪᠣᠯᠭᠠᠵᠤ᠂ ᠮᠡᠳᠡᠭᠡ ᠵᠠᠩᠭᠢ ᠶᠢᠨ ᠡᠬᠢ ᠰᠤᠷᠪᠤᠯᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ ᠰᠦᠯᠵᠢᠶ᠎ᠡ ᠶᠢᠨ ᠴᠥᠷᠬᠡᠯᠡᠭᠡ ᠶᠢᠨ ᠬᠡᠷᠡᠭᠯᠡᠬᠦᠶᠢᠴᠡ ᠪᠠᠶᠢᠳᠠᠯ ᠢ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠰᠦᠯᠵᠢᠶᠡᠨ ᠳᠠᠬᠢ ᠦᠬᠦᠮᠡᠯ ᠴᠥᠷᠬᠡᠯᠡᠭᠡ᠂ ᠪᠤᠷᠤᠭᠤ ᠴᠥᠷᠬᠡᠯᠡᠭᠡ᠂ ᠳᠠᠯᠳᠠ ᠴᠥᠷᠬᠡᠯᠡᠭᠡ ᠵᠡᠷᠭᠡ ᠲᠦᠭᠰᠢᠭᠦᠷᠢ ᠠᠴᠠ ᠵᠠᠶᠢᠯᠠᠰᠬᠢᠬᠦ ᠬᠡᠷᠡᠭᠲᠡᠶ︔ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠥᠪᠡᠰᠦᠪᠡᠨ ᠪᠠᠶᠢᠭᠤᠯᠤᠭᠰᠠᠨ ᠪᠤᠯᠤᠩ ᠤᠨ ᠬᠡᠷᠡᠭᠯᠡᠬᠦᠶᠢᠴᠡ ᠪᠠᠶᠢᠳᠠᠯ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠥᠪᠡᠰᠦᠪᠡᠨ ᠪᠠᠶᠢᠭᠤᠯᠤᠭᠰᠠᠨ ᠪᠤᠯᠤᠩ ᠢ ᠬᠡᠪ ᠢᠶᠠᠷ ᠠᠶᠢᠯᠴᠢᠯᠠᠬᠤ ᠠᠷᠭ᠎ᠠ ᠥᠬᠡᠶ᠂ ᠪᠤᠷᠤᠭᠤ ᠴᠥᠷᠬᠡᠯᠡᠭᠡ ᠢᠯᠡᠷᠡᠬᠦ ᠵᠡᠷᠭᠡ ᠲᠦᠭᠰᠢᠭᠦᠷᠢ ᠭᠠᠷᠬᠤ ᠠᠴᠠ ᠵᠠᠶᠢᠯᠠᠰᠬᠢᠬᠦ ᠬᠡᠷᠡᠭᠲᠡᠢ᠃
     ︵ᠳᠥᠷᠪᠡ︶ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠯᠭ᠎ᠠ ᠶᠢ ᠨᠡᠶᠢᠲᠡᠯᠡᠬᠦ ᠶᠢ ᠪᠠᠲᠤᠯᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠡᠷᠡᠭᠯᠡᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠳᠢᠭᠯᠡᠵᠦ᠂ ᠰᠤᠯᠠ ᠲᠠᠯᠪᠢᠭᠳᠠᠵᠤ ᠪᠠᠶᠢᠭ᠎ᠠ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠢ ᠴᠠᠭ ᠲᠤᠬᠠᠶ ᠳᠤ ᠨᠢ ᠬᠦᠴᠦᠨ ᠥᠬᠡᠶ ᠪᠣᠯᠭᠠᠬᠤ ᠬᠡᠷᠡᠭᠲᠡᠶ︔ ᠮᠡᠳᠡᠭᠦᠯᠦᠨ ᠬᠦᠷᠭᠡᠬᠦ ᠰᠢᠰᠲ᠋ᠧᠮ ᠳᠤ ᠬᠦᠴᠦᠨ ᠥᠬᠡᠶ ᠪᠣᠯᠭᠠᠭᠰᠠᠨ ᠲᠠᠩᠰᠠᠨ ᠳ᠋ᠤᠭᠠᠷ ᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠰᠢᠰᠲ᠋ᠧᠮ ᠳᠤ ᠬᠠᠷᠠᠭᠠᠯᠵᠠᠭᠰᠠᠨ ᠪᠠᠶᠢᠳᠠᠯ ᠢ ᠬᠤᠪᠢᠷᠠᠭᠤᠯᠵᠤ᠂ ᠨᠢᠭᠡᠨᠲᠡ ᠬᠦᠴᠦᠨ ᠥᠬᠡᠶ ᠪᠣᠯᠭᠠᠭᠰᠠᠨ ᠪᠠ ᠬᠡᠷᠡᠭᠯᠡᠭᠦᠯᠬᠦ ᠶᠢ ᠵᠣᠭᠰᠣᠭᠠᠭᠰᠠᠨ ᠲᠠᠩᠰᠠᠨ ᠳ᠋ᠤᠭᠠᠷ ᠨᠢ ᠮᠡᠳᠡᠭᠦᠯᠦᠨ ᠬᠦᠷᠭᠡᠬᠦ ᠰᠢᠰᠲ᠋ᠧᠮ ᠳᠤ ᠬᠡᠪ ᠤᠨ ᠪᠠᠶᠢᠳᠠᠯ ᠲᠠᠢ ᠪᠠᠷ ᠢᠯᠡᠷᠡᠬᠦ ᠠᠴᠠ ᠵᠠᠶᠢᠯᠠᠰᠬᠢᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠯ᠎ᠡ ᠵᠦᠢᠯ ᠤᠨ ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠷᠢᠯᠴᠠᠨ ᠦᠢᠯᠡᠳᠦᠯᠴᠡᠵᠦ ᠰᠣᠯᠢᠯᠴᠠᠬᠤ ᠪᠤᠯᠤᠩ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠵᠠᠰᠠᠭ ᠤᠨ ᠣᠷᠳᠣᠨ ᠤ ᠰᠦᠯᠵᠢᠶ᠎ᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃
     ︵ᠲᠠᠪᠤ︶ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠨ᠂ ᠬᠢᠨᠠᠨ ᠬᠠᠷᠭᠤᠭᠤᠯᠵᠤ ᠡᠵᠡᠮᠳᠡᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶᠢᠩᠭᠤᠵᠢᠭᠤᠯᠤᠭᠰᠠᠨ ᠰᠤᠭᠤᠴᠢᠨ ᠪᠠᠶᠢᠴᠠᠭᠠᠬᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠠᠬᠢᠭᠤᠯᠬᠤ ᠬᠡᠷᠡᠭᠲᠡᠶ᠃
     2021 ᠣᠨ ᠤ ᠬᠤᠶᠠᠳᠤᠭᠠᠷ ᠤᠯᠠᠷᠢᠯ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠡᠯᠡᠭᠰᠡᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠴᠠᠭ ᠢ ᠠᠮᠵᠢᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠥᠭᠡᠷᠡᠴᠢᠯᠡᠵᠦ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ ᠵᠠᠷᠯᠠᠨ ᠨᠡᠶᠢᠲᠡᠯᠡᠭᠰᠡᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠶ᠃
     ᠳᠠᠭᠠᠯᠳᠤᠭᠤᠯᠤᠯ᠄
     1. ᠥᠪᠡᠷᠲᠡᠭᠡᠨ ᠵᠠᠰᠠᠬᠤ ᠣᠷᠣᠨ ᠤ 2021 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ
     2. ᠥᠪᠡᠷᠲᠡᠭᠡᠨ ᠵᠠᠰᠠᠬᠤ ᠣᠷᠣᠨ ᠤ 2021 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ
     3. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠲᠤᠰᠬᠠᠶᠢᠯᠠᠨ ᠢᠯᠭᠠᠷᠠᠭᠤᠯᠤᠨ ᠴᠡᠪᠡᠷᠯᠡᠵᠦ ᠴᠡᠭᠴᠡᠯᠡᠨ ᠵᠠᠰᠠᠭᠰᠠᠨ ᠠᠵᠢᠯ ᠢ ︽ᠪᠤᠴᠠᠵᠤ ᠪᠠᠶᠢᠴᠠᠭᠠᠨ ᠦᠵᠡᠭᠰᠡᠨ︾ ᠪᠠᠶᠢᠳᠠᠯ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ