ᠨᠢᠩᠴᠧᠩ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠲᠤᠰᠬᠠᠢ ᠰᠡᠳᠦᠪᠲᠦ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/25
      ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠲᠤᠰᠬᠠᠢ ᠰᠡᠳᠦᠪᠲᠦ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃
微信图片_20210825161622.jpg
      ᠨᠢᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠯᠢᠦ ᠡᡁᠧ ᠰᠢᠨ ᠬᠤᠷᠠᠯ ᠳᠤ ᠣᠷᠣᠯᠴᠠᠪᠠ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠨᠠᠮ ︵ᠠᠵᠢᠯᠴᠢᠨ︶ ᠤᠨ ᠬᠤᠷᠢᠶ᠎ᠠ ᠶᠢᠨ ᠳᠡᠳ᠋ ᠱᠦᠵᠢ ᠪᠣᠯᠤᠨ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
微信图片_20210825161644.jpg
      ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠲᠥᠪᠡᠳ ᠲᠤ ᠠᠵᠢᠯ ᠪᠠᠶᠢᠴᠠᠭᠠᠬᠤ ᠳᠤ ᠪᠠᠨ ︽ᠲᠡᠤᠬᠡ ᠶᠢ ᠰᠤᠷᠤᠯᠴᠠᠵᠤ ᠴᠢᠷᠮᠠᠶᠢᠨ ᠬᠡᠷᠡᠭᠵᠢᠭᠦᠯᠬᠦ︾ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃
      ᠯᠢᠦ ᠡᡁᠧ ᠰᠢᠨ ᠳᠠᠷᠠᠭᠠᠴᠢ ᠶᠢᠨ ᠱᠠᠲᠤᠨ ᠳᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠳᠤ ᠭᠤᠣᠯᠳᠠᠯᠭ᠎ᠠ ᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠲᠡᠷᠡ᠂ ᠠᠮᠵᠢᠯᠲᠠ ᠪᠦᠲᠦᠮᠵᠢ ᠳᠤ ᠪᠠᠨ ᠵᠥᠪ ᠬᠠᠨᠳᠤᠵᠤ᠂ ᠬᠦᠷᠦᠯᠴᠡᠬᠦ ᠦᠭᠡᠶ ᠲᠠᠯ᠎ᠠ ᠪᠠᠨ ᠡᠷᠢᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠨᠡᠨ ᠬᠦ ᠭᠦᠨᠵᠡᠭᠡᠶᠢᠷᠡᠭᠦᠯᠬᠦ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠬᠦ ᠰᠢᠶᠠᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ 30 ᠨᠡᠷᠡᠰ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ 69 ᠨᠡᠷᠡᠰ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠡᠶᠢᠳᠡ 118 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠪᠡ᠃ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ 132 ᠨᠠᠮ ᠤᠨ ᠵᠣᠬᠢᠶᠠᠨ ᠪᠠᠶᠢᠭᠤᠯᠤᠯᠲᠠ ᠠᠴᠠ ᠲᠣᠰᠬᠤᠨ ᠳᠤ ᠪᠣᠳᠠᠲᠤ ᠶᠠᠪᠤᠳᠠᠯ ᠬᠢᠵᠦ ᠥᠭᠬᠦ 46 ᠲᠦᠷᠦᠯ ᠵᠦᠢᠯ ᠢ ᠪᠡᠶᠡᠯᠡᠭᠦᠯᠵᠦ᠂ ᠨᠡᠶᠢᠭᠡᠮ ᠲᠣᠭᠤᠷᠢᠭ ᠲᠤ ᠪᠣᠳᠠᠲᠤ ᠶᠠᠪᠤᠳᠠᠯ ᠬᠢᠵᠦ ᠥᠭᠬᠦ 52 ᠲᠦᠷᠦᠯ ᠵᠦᠢᠯ ᠢ ᠪᠡᠶᠡᠯᠡᠭᠦᠯᠵᠡᠢ᠃ ᠪᠠᠶᠢᠭᠤᠯᠤᠯᠭ᠎ᠠ ᠠᠵᠢᠯ ᠦᠢᠯᠡᠰ ᠤᠨ 132 ᠨᠠᠮ ᠤᠨ ᠬᠤᠷᠢᠶ᠎ᠠ ᠨᠠᠮ ᠤᠨ ᠵᠣᠬᠢᠶᠠᠨ ᠪᠠᠶᠢᠭᠤᠯᠤᠯᠲᠠ᠂ 5896 ᠨᠠᠮ ᠤᠨ ᠭᠡᠰᠢᠭᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠦᠨᠳᠦᠰᠦᠲᠡᠨ ᠤ ᠪᠦᠯᠬᠦᠮᠳᠡᠯ ᠵᠡᠷᠭᠡ ᠭᠤᠣᠯᠳᠠᠯᠭ᠎ᠠ ᠲᠠᠢ ᠠᠵᠢᠯ ᠳᠤ ᠢᠳᠡᠪᠬᠢᠲᠡᠢ ᠣᠷᠣᠯᠴᠠᠵᠤ᠂ ᠨᠡᠶᠢᠳᠡ 220 ᠭᠠᠷᠤᠢ ᠤᠳᠠᠭ᠎ᠠ ᠶᠢᠨ ︽ᠪᠢ ᠲᠠᠨ ᠢ ᠬᠠᠪᠰᠤᠷᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠰᠠᠨᠠᠭ᠎ᠠ ᠲᠠᠯᠪᠢᠵᠦ ᠪᠠᠶᠢᠭ᠎ᠠ ᠶᠠᠪᠤᠳᠠᠯ ᠢ ᠨᠢᠭᠤᠷᠲᠠᠨ 1524 ᠬᠤᠪᠢ ᠰᠢᠢᠳᠪᠦᠷᠢᠯᠡᠪᠡ᠃ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠵᠣᠬᠢᠬᠤ ᠦᠷ᠎ᠡ ᠪᠦᠲᠦᠮᠵᠢ ᠤᠯᠪᠠ᠃
      ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡ ᠪᠠᠷ᠂ ᠪᠣᠳᠠᠲᠤ ᠶᠠᠪᠤᠳᠠᠯ ᠢ ᠬᠢᠬᠦ ᠦᠢᠯᠡᠳᠦᠯᠭᠡ ᠶᠢᠨ ᠠᠵᠢᠯᠯᠠᠭ᠎ᠠ ᠶᠢᠨ ᠳᠤᠮᠳᠠ᠂ ᠦᠵᠡᠯ ᠰᠠᠨᠠᠭ᠎ᠠ ᠲᠠᠨᠢᠯᠲᠠ᠂ ᠡᠭᠦᠷᠭᠡ ᠬᠠᠷᠠᠯᠲᠠ᠂ ᠭᠠᠷᠳᠠᠨ ᠬᠢᠬᠦ ᠡᠷᠴᠢᠮ᠂ ᠠᠵᠢᠯ ᠤᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠪᠠᠰᠠ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠲᠠᠢ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠂ ᠡᠳᠡᠭᠡᠷ ᠠᠰᠠᠭᠤᠳᠠᠯ ᠢ ᠪᠢᠳᠡ ᠲᠠᠷᠠᠭᠠᠴᠢ ᠶᠢᠨ ᠱᠠᠲᠤᠨ ᠤ ᠠᠵᠢᠯ ᠤᠨ ᠳᠤᠮᠳᠠ ᠪᠠᠨ ᠬᠢᠨᠠᠮᠠᠭᠠᠶ ᠳ᠋ᠦᠩᠨᠡᠵᠦ᠂ ᠬᠢᠨᠠᠮᠠᠭᠠᠶ ᠬᠠᠨᠳᠤᠬᠤ ᠶᠢᠨ ᠬᠠᠮᠲᠤ ᠭᠤᠣᠯᠳᠠᠯᠭ᠎ᠠ ᠲᠠᠢ ᠪᠠᠷ ᠰᠢᠶ᠋ᠳᠪᠦᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠤᠴᠢᠷ ᠰᠢᠯᠲᠠᠭᠠᠨ ᠢᠶᠠᠨ ᠣᠨᠣᠪᠴᠢᠲᠠᠶ ᠡᠷᠢᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠳᠥᠯᠭᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠮᠵᠢᠶ᠎ᠠ ᠪᠠ ᠬᠦᠰᠦᠨᠦᠭᠲᠦ ᠶᠢ ᠴᠢᠩᠭ᠎ᠠ ᠬᠠᠷᠭᠤᠭᠤᠯᠵᠤ᠂ ᠲᠥᠷᠥᠯ ᠵᠤᠶᠢᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠨ ᠲᠡᠭᠦᠯᠳᠡᠷᠵᠢᠭᠦᠯᠬᠦ ᠬᠡᠷᠡᠭᠲᠡᠢ᠃ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠲᠥᠷᠥᠯ ᠵᠤᠶᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠤᠬᠤ ᠬᠡᠷᠡᠭᠲᠡᠢ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ︽ᠲᠦᠷᠪᠡᠨ ᠭᠤᠣᠯᠳᠠᠯᠭ᠎ᠠ︾ ᠶᠢ ᠨᠡᠪᠲᠡᠷᠡᠭᠦᠯᠦᠨ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠬᠡᠷᠡᠭᠲᠡᠶ᠃ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠴᠠ ᠪᠠᠨ ᠪᠦᠷᠢᠨᠰᠢᠬᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ᠬᠢᠨᠠᠨ ᠵᠢᠯᠣᠭᠤᠳᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃
微信图片_20210825161707.jpg
      ᠯᠢᠦ ᠡᡁᠧ ᠰᠢᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠪᠣᠯ ᠡᠷᠬᠡᠪᠰᠢ ᠰᠠᠶᠢᠲᠤᠷ ᠪᠡᠶᠡᠯᠡᠭᠦᠯᠬᠦ ᠬᠡᠷᠡᠭᠲᠡᠢ ᠤᠯᠤᠰ ᠲᠦᠷᠦ ᠶᠢᠨ ᠡᠭᠦᠷᠭᠡ ᠪᠣᠯᠤᠨ᠎ᠠ᠃ ᠪᠢᠳᠡ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃       ᠯᠢᠦ ᠾᠧ ᠰᠢᠨ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ︽7 · 1︾ ᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠤᠨ ᠪᠦᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ 
ᠢᠷᠡᠯᠲᠡ᠄ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠤᠨ