︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/1/20

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
                       ᠥᠪᠥᠷ ᠵᠠᠰᠠᠭ ᠠᠯᠪᠠᠨ ᠲᠠᠷᠬᠠᠭᠠᠭᠰᠠᠨ ﹇2021﹈ 76 ᠳ᠋ᠤᠭᠠᠷ ᠲᠣᠭᠠᠲᠤ
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃
     2021 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ
     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠨᠢᠭᠡᠳᠦᠭᠡᠷ ᠪᠦᠯᠦᠭ ᠶᠡᠷᠦᠩᠬᠡᠢ ᠳᠦᠷᠢᠮ
     ᠨᠢᠭᠡᠳᠦᠭᠡᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠢ ᠵᠢᠷᠤᠮᠵᠢᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠭᠡᠳᠡᠭ ᠨᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠪᠠᠶᠢᠭᠤᠯᠵᠤ᠂ ᠠᠵᠤ ᠦᠢᠯᠡᠳᠪᠦᠷᠢ ᠪᠠᠷ ᠭᠤᠣᠯ ᠤᠳᠤᠷᠢᠳᠤᠮᠵᠢ ︵ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠡᠵᠡᠯᠡᠬᠦ ᠬᠤᠪᠢ ᠶᠢᠨ ᠵᠢᠩ ᠨᠢ ᠬᠠᠮᠤᠭ ᠶᠡᠭᠡ︶ ᠪᠣᠯᠭᠠᠭᠰᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠳᠠᠭᠠᠭᠠᠨ ᠵᠠᠯᠭᠠᠭᠤᠯᠬᠤ ᠨᠡᠭᠡᠭᠡᠯᠲᠡ ᠶᠢᠨ ᠲᠣᠭᠤᠷᠢᠭ᠂ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠬᠢᠯᠢ ᠶᠢᠨ ᠠᠵᠤ ᠠᠬᠤᠶ ︵ᠮᠡᠷᠭᠡᠵᠢᠯ︶ ᠶᠢᠨ ᠬᠠᠮᠳᠤᠷᠠᠯᠴᠠᠭ᠎ᠠ ᠶᠢᠨ ᠲᠣᠭᠤᠷᠢᠭ᠂ ᠬᠢᠯᠢ ᠶᠢᠨ ᠪᠣᠭᠤᠮᠲᠠ ᠳᠠᠬᠢ ᠡᠳ᠋ᠰᠢᠭᠦᠯᠵᠦ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠵᠢᠭᠠᠵᠤ ᠪᠤᠶ᠃
     ᠭᠤᠷᠪᠠᠳᠤᠭᠠᠷ ᠵᠦᠢᠯ  ᠲᠤᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠠᠶᠢᠭᠤᠯᠬᠤ᠂ ᠳᠡᠰ ᠳᠡᠪᠰᠢᠭᠦᠯᠦᠨ ᠲᠥᠷᠥᠯ ᠠᠩᠭᠢᠯᠠᠯ ᠲᠠᠢ ᠪᠠᠶᠢᠯᠭᠠᠬᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠠᠵᠤ ᠦᠢᠯᠡᠰ ᠤᠨ ᠬᠥᠭᠵᠢᠯᠲᠡ᠂ ᠦᠨᠡᠯᠡᠵᠦ ᠰᠢᠯᠭᠠᠨ ᠬᠢᠨᠠᠬᠤ᠂ ᠦᠢᠯᠡᠴᠢᠯᠡᠭᠡ ᠪᠠ ᠪᠠᠲᠤᠯᠠᠭ᠎ᠠ ᠵᠡᠷᠭᠡ ᠳᠤ ᠬᠡᠷᠡᠭᠯᠡᠭᠳᠡᠨ᠎ᠡ᠃
     ᠳᠥᠷᠪᠡᠳᠦᠭᠡᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠥᠯᠥᠪᠵᠢᠭᠦᠯᠵᠦ ᠬᠥᠲᠥᠯᠥᠨ ᠳᠠᠭᠠᠭᠤᠯᠬᠤ᠂ ᠬᠤᠷᠠᠭᠤᠯᠵᠤ ᠡᠷᠴᠢᠮᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠵᠠᠷᠴᠢᠮ ᠢ ᠵᠢᠷᠤᠮᠯᠠᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠠᠶᠢᠵᠢᠷᠠᠭᠤᠯᠵᠤ ᠲᠠᠰ ᠳᠡᠪᠰᠢᠭᠦᠯᠬᠦ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠢ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠭᠰᠡᠨ ᠬᠥᠭᠵᠢᠯᠲᠡ ᠶᠢᠨ ᠬᠥᠲᠥᠯᠥᠨ ᠳᠠᠭᠠᠭᠤᠯᠬᠤ ᠲᠣᠭᠤᠷᠢᠭ᠂ ᠥᠨᠳᠥᠷ ᠬᠢᠷᠢ ᠲᠦᠪᠰᠢᠨ ᠪᠥᠬᠦᠶ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠵᠢᠱᠢᠶ᠎ᠡ ᠦᠵᠡᠭᠦᠯᠬᠦ ᠲᠣᠭᠤᠷᠢᠭ᠂ ᠣᠯᠠᠨ ᠢᠶᠠᠷ ᠢᠶᠠᠨ ᠦᠢᠯᠡᠰ ᠪᠣᠰᠬᠠᠵᠤ ᠰᠢᠨ᠎ᠡ ᠶᠢ ᠡᠭᠦᠳᠬᠦ ᠲᠥᠪᠯᠡᠷᠡᠯ ᠤᠨ ᠲᠣᠭᠤᠷᠢᠭ᠂ ᠥᠭᠡᠷᠡᠴᠢᠯᠡᠯᠲᠡ ᠨᠡᠭᠡᠭᠡᠯᠲᠡ ᠪᠠ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠬᠦ ᠳᠤ ᠤᠷᠢᠳ ᠢᠶᠠᠷ ᠬᠡᠷᠡᠭᠵᠢᠭᠦᠯᠬᠦ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃
     ᠬᠤᠶᠠᠳᠤᠭᠠᠷ ᠪᠦᠯᠦᠭ  ᠲᠥᠯᠥᠪᠵᠢᠭᠦᠯᠦᠨ ᠪᠦᠲᠦᠭᠡᠨ ᠪᠠᠶᠢᠭᠤᠯᠬᠤ
     ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠬᠡᠮᠵᠢᠶ᠎ᠡ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠬᠠᠮᠢᠶᠠᠷᠤᠯᠲᠠ ᠶᠢᠨ ᠪᠠᠶᠢᠭᠤᠯᠤᠯ ᠪᠠ ᠬᠥᠭᠵᠢᠯᠲᠡ ᠶᠢᠨ ᠴᠢᠭᠯᠡᠯ ᠢ ᠲᠣᠳᠣᠷᠬᠠᠶ ᠲᠣᠭᠲᠠᠭᠠᠨ᠂ ᠪᠠᠶᠢᠷᠢᠰᠢᠭᠤᠯᠤᠯ ᠨᠢ ᠵᠣᠬᠢᠰᠲᠠᠶ᠂ ᠪᠦᠲᠦᠴᠡ ᠨᠢ ᠰᠢᠯᠢᠳᠡᠭᠵᠢᠭᠰᠡᠨ᠂ ᠴᠢᠳᠠᠮᠵᠢ ᠨᠢ ᠵᠣᠬᠢᠴᠠᠩᠭᠤᠶ᠂ ᠲᠤᠰ ᠲᠤᠰ ᠤᠨ ᠣᠨᠴᠠᠯᠢᠭ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠬᠡᠷᠡᠭᠲᠡᠢ᠃
     ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠨᠢ ᠲᠣᠰ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ ᠳᠤ ᠨᠡᠶᠢᠴᠡᠭᠰᠡᠨ ᠪᠠᠶᠢᠬᠤ ᠬᠡᠷᠡᠭᠲᠡᠶ᠃
     ᠵᠢᠷᠭᠤᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠪᠠᠶᠢᠭ᠎ᠠ ᠠᠶᠢᠮᠠᠭ ᠬᠤᠲᠠ ᠪᠤᠶᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠲᠤᠰ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ᠂ ᠬᠥᠭᠵᠢᠯᠲᠡ ᠶᠢᠨ ᠬᠠᠷᠠᠯᠲᠠ᠂ ᠠᠵᠤ ᠦᠢᠯᠡᠰ ᠤᠨ ᠣᠨᠴᠠᠯᠢᠭ᠂ ᠣᠷᠣᠨ ᠵᠠᠶ ᠶᠢᠨ ᠪᠠᠶᠢᠷᠢᠰᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠭᠤᠯᠭ᠎ᠠ ᠶᠢ ᠲᠣᠳᠣᠷᠬᠠᠶ ᠲᠣᠭᠲᠠᠭᠠᠵᠤ᠂ ᠣᠯᠠᠨ ᠲᠥᠯᠥᠪᠵᠢᠭᠦᠯᠭᠡ ᠪᠠᠨ ᠨᠢᠭᠡᠳᠬᠡᠬᠦ ᠶᠢ ᠬᠡᠷᠡᠭᠵᠢᠭᠦᠯᠬᠦ ᠶᠢᠨ ᠬᠠᠮᠲᠤ᠂ ᠬᠠᠤᠯᠢ ᠶᠣᠰᠣᠭᠠᠷ ᠳᠡᠰ ᠳᠠᠷᠠᠭᠠᠯᠠᠯ ᠲᠠᠢ ᠪᠠᠷ ᠡᠷᠬᠡ ᠮᠡᠳᠡᠯ ᠲᠠᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠦᠨ ᠬᠢᠨᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠪᠠᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠨᠢ ᠦᠨᠡᠯᠡᠬᠦ ᠪᠠ ᠤᠰᠤᠨ ᠤ ᠡᠬᠢ ᠰᠤᠷᠪᠤᠯᠵᠢ ᠶᠢ ᠨᠢ ᠨᠤᠲᠠᠯᠠᠬᠤ ᠠᠵᠢᠯ ᠢ ᠵᠡᠷᠭᠡ ᠳᠤ ᠨᠢ ᠬᠠᠤᠯᠢ ᠶᠣᠰᠣᠭᠠᠷ ᠥᠷᠨᠢᠭᠦᠯᠵᠦ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠪᠠ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠶᠢᠨ ᠦᠨᠡᠮᠯᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠳ᠋ᠦᠩᠨᠡᠯᠲᠡ ᠵᠢᠴᠢ ᠬᠢᠨᠠᠵᠤ ᠪᠠᠶᠢᠴᠠᠭᠠᠭᠰᠠᠨ ᠰᠠᠨᠠᠯ ᠢ ᠲᠥᠯᠥᠪᠵᠢᠭᠦᠯᠭᠡ ᠳᠤ ᠪᠠᠨ ᠨᠠᠶᠢᠳᠠᠪᠤᠷᠢᠵᠢᠭᠤᠯᠵᠤ᠂ ︽ᠤᠰᠤᠨ ᠤ ᠪᠠᠶᠢᠳᠠᠯ ᠢᠶᠠᠷ ᠬᠤᠲᠠ ᠶᠢᠨ ᠬᠡᠪᠴᠢᠶ᠎ᠡ ᠶᠢ ᠲᠣᠭᠲᠠᠭᠠᠬᠤ᠂ ᠤᠰᠤᠨ ᠤ ᠪᠠᠶᠢᠳᠠᠯ ᠢᠶᠠᠷ ᠭᠠᠵᠠᠷ ᠰᠢᠷᠣᠢ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠥᠮᠦᠨ ᠠᠮᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠤᠨᠠᠯᠲᠠ ᠭᠠᠷᠤᠯᠲᠠ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠨ᠂ ᠠᠵᠤ ᠦᠢᠯᠡᠰ ᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃
     ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠭᠤᠣᠯ ᠤᠳᠤᠷᠢᠳᠤᠮᠵᠢ ᠪᠣᠯᠬᠤ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠰᠠᠭᠤᠷᠢᠰᠢᠬᠤ ᠪᠠ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠬᠡᠷᠡᠭᠯᠡᠬᠦ ᠭᠠᠵᠠᠷ ᠰᠢᠷᠣᠢ ᠳᠤ ᠨᠡᠶᠢᠴᠡᠭᠰᠡᠨ ᠪᠠᠶᠢᠪᠠᠯ ᠤᠷᠢᠳ ᠢᠶᠠᠷ ᠪᠠᠲᠤᠯᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠳᠤ ᠬᠡᠷᠡᠭᠯᠡᠬᠦ ᠭᠠᠵᠠᠷ ᠰᠢᠷᠤᠢ ᠶᠢ ᠨᠢᠭᠡᠲᠦᠯᠲᠡᠢ ᠲᠦᠯᠦᠪᠯᠡᠨ ᠲᠣᠬᠢᠷᠠᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠬᠠᠩᠭᠠᠵᠤ ᠠᠰᠢᠭᠯᠠᠬᠤ ᠶᠢ ᠪᠦᠷᠢᠳᠬᠡᠵᠦ ᠬᠢᠨᠠᠨ ᠰᠢᠯᠭᠠᠬᠤ᠂ ᠡᠷᠴᠢᠮᠵᠢᠭᠦᠯᠦᠨ ᠠᠰᠢᠭᠯᠠᠵᠤ ᠦᠨᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠨᠡᠯᠡᠭᠰᠡᠨ ᠦᠷ᠎ᠡ ᠳ᠋ᠦᠩ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠰᠢᠯᠭᠠᠵᠤ ᠬᠢᠨᠠᠨ ᠦᠨᠡᠯᠡᠬᠦ ᠲᠣᠭᠲᠠᠯᠴᠠᠭ᠎ᠠ ᠳᠤ ᠣᠷᠣᠭᠤᠯᠤᠨ᠂ ᠭᠠᠵᠠᠷ ᠰᠢᠷᠣᠶ ᠶᠢ ᠠᠰᠢᠭᠯᠠᠭᠰᠠᠨ ᠦᠷ᠎ᠡ ᠪᠦᠲᠦᠮᠵᠢ ᠪᠠᠷ ᠥᠨᠳᠥᠷ᠂ ᠭᠠᠵᠠᠷ ᠰᠢᠷᠣᠢ ᠶᠢ ᠡᠷᠴᠢᠮᠵᠢᠭᠦᠯᠵᠦ ᠬᠡᠷᠡᠭᠯᠡᠭᠰᠡᠨ ᠦᠷ᠎ᠡ ᠪᠦᠲᠦᠮᠵᠢ ᠪᠠᠷ ᠮᠡᠳᠡᠭᠳᠡᠮ᠎ᠡ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠠᠵᠠᠷ ᠬᠡᠷᠡᠭᠯᠡᠬᠦ ᠲᠠᠯ᠎ᠠ ᠪᠠᠷ ᠢᠯᠡᠭᠦᠬᠡᠨ ᠬᠠᠷᠠᠭᠠᠯᠵᠠᠵᠤ ᠳᠡᠮᠵᠢᠬᠦ ᠬᠡᠷᠡᠭᠲᠡᠶ᠃ ᠤᠭ ᠤᠨ ᠪᠠᠶᠢᠭ᠎ᠠ ᠭᠠᠵᠠᠷ ᠰᠢᠷᠣᠶ ᠶᠢ ᠭᠦᠢᠯᠭᠡᠭᠡᠨ ᠡᠷᠭᠢᠯᠳᠦᠭᠦᠯᠵᠦ ᠠᠰᠢᠭᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠠᠵᠠᠷ ᠬᠡᠷᠡᠭᠯᠡᠬᠦ ᠭᠦᠢᠴᠡᠳᠭᠡᠯ ᠲᠤᠭ᠎ᠠ ᠪᠠᠷ ᠱᠠᠩᠨᠠᠨ ᠬᠥᠬᠢᠭᠦᠯᠵᠦ ᠪᠣᠯᠤᠨ᠎ᠠ᠃
     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠢ ᠵᠣᠬᠢᠰᠲᠠᠢ ᠲᠣᠬᠢᠷᠠᠭᠤᠯᠵᠤ᠂ ᠨᠡᠭᠡᠭᠡᠨ ᠠᠰᠢᠭᠯᠠᠬᠤ ᠡᠷᠴᠢᠮ ᠢᠶᠠᠨ ᠰᠢᠨᠵᠢᠯᠡᠬᠦ ᠤᠬᠠᠭᠠᠨᠴᠢ ᠪᠠᠷ ᠡᠵᠡᠮᠳᠡᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠠᠵᠤ ᠦᠢᠯᠡᠰ ᠲᠤ ᠬᠡᠷᠡᠭᠯᠡᠬᠦ ᠭᠠᠵᠠᠷ ᠪᠠ ᠠᠮᠢᠳᠤᠷᠠᠯ ᠤᠨ ᠬᠡᠷᠡᠭᠴᠡᠭᠡᠨ ᠳᠤ ᠬᠡᠷᠡᠭᠯᠡᠬᠦ ᠭᠠᠵᠠᠷ ᠤᠨ ᠬᠠᠷᠢᠴᠠᠯ ᠢ ᠵᠣᠬᠢᠰᠲᠠᠶ ᠲᠥᠯᠥᠪᠵᠢᠭᠦᠯᠦᠨ᠂ ᠦᠢᠯᠡᠳᠪᠦᠷᠢᠯᠡᠯ᠂ ᠶᠡᠷᠦᠩᠬᠡᠶᠢᠯᠡᠭᠰᠡᠨ ᠦᠢᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠥᠷᠥᠯ ᠤᠨ ᠴᠢᠳᠠᠮᠵᠢ ᠶᠢᠨ ᠣᠷᠣᠨ ᠬᠤᠪᠢᠶᠠᠷᠢᠯᠠᠯ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠪᠠ ᠬᠥᠮᠥᠰ ᠤᠨ ᠰᠠᠭᠤᠷᠢᠰᠢᠨ ᠨᠤᠲᠤᠭᠰᠢᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠤᠨ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠪᠣᠯᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠬᠤᠳᠠᠯᠳᠤᠨ ᠠᠪᠴᠤ ᠨᠥᠭᠡᠴᠡᠯᠡᠬᠦ᠂ ᠰᠢᠯᠵᠢᠭᠦᠯᠦᠨ ᠡᠷᠭᠢᠯᠳᠦᠭᠦᠯᠬᠦ ᠶᠢ ᠵᠣᠷᠢᠭᠵᠢᠭᠤᠯᠬᠤ᠂ ᠵᠥᠪᠯᠡᠯᠴᠡᠭᠡᠷ ᠢᠶᠠᠷ ᠰᠣᠯᠢᠵᠤ ᠬᠡᠷᠡᠭᠯᠡᠬᠦ᠂ ᠬᠠᠮᠲᠤᠷᠠᠯᠴᠠᠨ ᠡᠵᠡᠩᠨᠡᠬᠦ᠂ ᠥᠪᠡᠷ ᠢᠶᠠᠨ ᠡᠵᠡᠨ ᠮᠡᠳᠡᠵᠦ ᠨᠡᠭᠡᠭᠡᠨ ᠠᠰᠢᠭᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠯᠠ ᠪᠠᠶᠢᠭ᠎ᠠ ᠭᠠᠵᠠᠷ ᠰᠢᠷᠣᠶ᠂ ᠬᠡᠷᠡᠭᠯᠡᠬᠦ ᠦᠷ᠎ᠡ ᠠᠰᠢᠭ ᠢᠶᠠᠷ ᠪᠠᠭᠠᠲᠠᠢ ᠭᠠᠵᠠᠷ ᠵᠡᠷᠭᠡ ᠤᠭ ᠤᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠬᠢᠨᠲᠠ ᠨᠡᠭᠡᠭᠡᠨ ᠠᠰᠢᠭᠯᠠᠵᠤ ᠪᠣᠯᠤᠨ᠎ᠠ᠃
     ᠨᠠᠢᠮᠠᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠲᠥᠯᠥᠪᠵᠢᠭᠦᠯᠦᠨ ᠪᠠᠶᠢᠭᠤᠯᠵᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ᠂ ᠭᠠᠯ ᠰᠡᠷᠭᠡᠶᠢᠯᠡᠵᠦ ᠤᠨᠲᠠᠷᠠᠭᠠᠬᠤ᠂ ᠦᠶᠡᠷ ᠢ ᠰᠡᠷᠭᠡᠶᠢᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠣᠬᠢᠷᠲᠤᠯ ᠢ ᠵᠠᠰᠠᠬᠤ ᠵᠡᠷᠭᠡ ᠪᠡᠯᠡᠳᠬᠡᠮᠵᠢ ᠶᠢ ᠲᠥᠬᠦᠷᠵᠢᠭᠦᠯᠬᠦ ᠶᠢᠨ ᠬᠠᠮᠲᠤ᠂ ᠠᠵᠤ ᠠᠬᠤᠶᠢᠯᠠᠯ ᠳᠤ ᠦᠢᠯᠡᠴᠢᠯᠡᠬᠦ ᠣᠯᠠᠨ ᠨᠡᠶᠢᠲᠡ ᠶᠢᠨ ᠮᠡᠳᠡᠭᠡ ᠵᠠᠩᠭᠢ᠂ ᠮᠡᠷᠭᠡᠵᠢᠯ᠂ ᠪᠠᠷᠠᠭᠠᠨ ᠤ ᠭᠦᠢᠯᠭᠡᠭᠡᠨ ᠵᠡᠷᠭᠡ ᠦᠢᠯᠡᠴᠢᠯᠡᠭᠡᠨ ᠤ ᠲᠠᠪᠴᠠᠩ ᠪᠠ ᠴᠢᠬᠤᠯᠠ ᠪᠦᠬᠦᠢ ᠨᠡᠶᠢᠭᠡᠮ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦᠯᠢ ᠴᠣᠭᠴᠠ ᠶᠢᠨ ᠲᠥᠯᠥᠪᠵᠢᠭᠦᠯᠭᠡ ᠳᠤ ᠨᠢᠭᠡᠳᠦᠯᠲᠡᠶ ᠣᠷᠣᠭᠤᠯᠬᠤ ᠬᠡᠷᠡᠭᠲᠡᠶ᠃ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠠᠬᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ ᠬᠢᠨᠠᠨ ᠰᠢᠨᠵᠢᠬᠦ᠂ ᠡᠨᠧᠷᠭᠢ ᠶᠢᠨ ᠬᠤᠷᠣᠭᠳᠠᠯ ᠢ ᠬᠢᠨᠠᠨ ᠰᠢᠨᠵᠢᠬᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠰᠢᠨᠵᠢᠬᠦ ᠵᠡᠷᠭᠡ ᠴᠢᠳᠠᠮᠵᠢ ᠶᠢ ᠪᠠᠭᠲᠠᠭᠠᠭᠰᠠᠨ ᠣᠶᠣᠨᠯᠢᠭ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠬᠡᠷᠡᠭᠲᠡᠢ᠃
     ᠲᠤᠰᠬᠠᠶ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠢᠳᠡᠪᠬᠢᠲᠡᠶ ᠠᠰᠢᠭᠯᠠᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠨᠡᠭᠡᠭᠡᠯᠲᠡ ᠶᠢᠨ ᠴᠢᠨᠠᠷᠲᠠᠶ᠂ ᠬᠤᠳᠠᠯᠳᠤᠭᠠᠨ ᠤ ᠴᠢᠨᠠᠷᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠳᠤ ᠪᠠᠨ ᠰᠢᠨ᠎ᠡ ᠡᠭᠦᠳᠦᠯᠲᠡ ᠲᠠᠢ ᠪᠣᠯᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ︵PPP︶ ᠠᠷᠭ᠎ᠠ ᠬᠡᠯᠪᠡᠷᠢ ᠶᠢ ᠠᠰᠢᠭᠯᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠵᠦ ᠥᠷᠨᠢᠭᠦᠯᠬᠦ ᠶᠢ ᠨᠢ ᠳᠡᠮᠵᠢᠬᠦ ᠬᠡᠷᠡᠭᠲᠡᠢ᠃
     ᠭᠤᠷᠪᠠᠳᠤᠭᠠᠷ ᠪᠦᠯᠦᠭ  ᠳᠡᠰ ᠳᠡᠪᠰᠢᠭᠦᠯᠦᠨ ᠲᠥᠷᠥᠯ ᠠᠩᠭᠢᠯᠠᠯ ᠲᠠᠢ ᠪᠠᠶᠢᠯᠭᠠᠬᠤ
     ᠶᠢᠰᠦᠳᠦᠭᠡᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠳᠤ ᠵᠣᠬᠢᠰᠲᠠᠶ ᠪᠠᠶᠢᠷᠢᠰᠢᠭᠤᠯᠬᠤ᠂ ᠶᠡᠷᠦᠩᠬᠡᠶ ᠬᠡᠮᠵᠢᠶ᠎ᠡ ᠪᠠᠷ ᠡᠵᠡᠮᠳᠡᠬᠦ ᠵᠠᠷᠴᠢᠮ ᠢ ᠵᠢᠷᠤᠮᠯᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠲᠣᠬᠢᠷᠠᠭᠤᠯᠪᠠ︶ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨᠠᠵᠤ ᠬᠠᠷᠭᠤᠭᠤᠯᠬᠤ ᠠᠯᠪᠠᠨ ᠵᠠᠷ ᠤᠨ ᠭᠠᠷᠴᠠᠭ︾ ᠲᠤ ᠲᠣᠭᠲᠠᠮᠠᠯ ᠬᠤᠭᠤᠴᠠᠭ᠎ᠠ ᠲᠠᠢ ᠵᠠᠰᠠᠪᠤᠷᠢ ᠣᠷᠣᠭᠤᠯᠵᠤ᠂ ᠨᠥᠬᠦᠴᠡᠯ ᠳᠤ ᠨᠡᠶᠢᠴᠡᠭᠰᠡᠨ ᠨᠡᠭᠡᠭᠡᠯᠲᠡ ᠶᠢᠨ ᠲᠣᠭᠤᠷᠢᠭ ᠤᠨ ᠨᠡᠷᠡᠶᠢᠳᠦᠯ᠂ ᠲᠥᠷᠥᠯ ᠢᠯᠭᠠᠯ᠂ ᠣᠷᠣᠨ ᠬᠡᠰᠡᠭ᠂ ᠭᠤᠤᠯᠯᠠᠬᠤ ᠠᠵᠤ ᠦᠢᠯᠡᠰ᠂ ᠳᠥᠷᠪᠡᠨ ᠲᠠᠯ᠎ᠠ ᠶᠢᠨ ᠬᠦᠷᠢᠶ᠎ᠡ ᠬᠡᠪᠴᠢᠶ᠎ᠡ᠂ ᠲᠠᠯᠠᠪᠠᠶ ᠵᠡᠷᠭᠡ ᠶᠢ ᠨᠡᠶᠢᠭᠡᠮ ᠳᠤ ᠨᠡᠶᠢᠲᠡᠯᠡᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃
     ᠠᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠰᠤᠳᠤᠯᠬᠤ ᠶᠢᠨ ᠬᠠᠮᠲᠤ ᠬᠢᠨᠠᠵᠤ ᠬᠠᠷᠭᠤᠭᠤᠯᠤᠭᠰᠠᠨ ᠰᠠᠨᠠᠯ ᠢᠶᠠᠨ ᠳᠤᠷᠠᠳᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃
     ᠣᠳᠣ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠨᠡᠷᠡᠶᠢᠳᠦᠯ ᠢᠶᠠᠨ ᠬᠤᠪᠢᠷᠠᠭᠤᠯᠬᠤ᠂ ᠲᠥᠯᠥᠪᠵᠢᠭᠦᠯᠭᠡ ᠶᠢᠨ ᠲᠠᠯᠠᠪᠠᠶ ᠪᠤᠶᠤ ᠣᠷᠣᠨ ᠪᠠᠶᠢᠷᠢ ᠪᠠᠨ ᠲᠣᠬᠢᠷᠠᠭᠤᠯᠬᠤ ᠴᠢᠬᠤᠯᠠᠲᠠᠶ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠭᠦᠯᠵᠦ ᠲᠣᠭᠤᠷᠢᠭ ᠢᠶᠠᠨ ᠥᠷᠭᠡᠳᠬᠡᠬᠦ ᠦᠨᠡᠯᠡᠯᠲᠡ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃
     ᠠᠷᠪᠠᠨ ᠨᠢᠭᠡᠳᠦᠭᠡᠷ ᠵᠦᠢᠯ  ᠬᠥᠭᠵᠢᠯᠲᠡ ᠶᠢᠨ ᠰᠠᠭᠤᠷᠢ ᠪᠠᠷ ᠰᠠᠶᠢᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠤᠯᠤᠰ ᠤᠨ ᠲᠠᠰ ᠤᠨ ᠨᠡᠭᠡᠭᠡᠯᠲᠡ ᠶᠢᠨ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠤᠯᠤᠰ ᠤᠨ ᠲᠠᠰ ᠤᠨ ᠨᠡᠭᠡᠭᠡᠯᠲᠡ ᠶᠢᠨ ᠲᠣᠭᠤᠷᠢᠭ ᠢᠶᠠᠷ ᠲᠠᠰ ᠳᠡᠪᠰᠢᠭᠦᠯᠬᠦ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠬᠤᠯᠪᠣᠭᠳᠠᠯ ᠪᠥᠬᠦᠶ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯᠴᠠᠨ ᠰᠤᠳᠤᠯᠬᠤ ᠶᠢᠨ ᠬᠠᠮᠲᠤ ᠬᠢᠨᠠᠵᠤ ᠬᠠᠷᠭᠤᠭᠤᠯᠤᠭᠰᠠᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
     ᠳᠡᠰ ᠳᠡᠪᠰᠢᠭᠦᠯᠦᠭᠡᠳ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠠ ᠬᠢᠯᠢ ᠶᠢᠨ ᠠᠵᠤ ᠠᠬᠤᠶ ︵ᠮᠡᠷᠭᠡᠵᠢᠯ︶ ᠶᠢᠨ ᠬᠠᠮᠲᠤᠷᠠᠯᠴᠠᠭ᠎ᠠ ᠶᠢᠨ ᠲᠣᠭᠤᠷᠢᠭ᠂ ᠬᠢᠯᠢ ᠶᠢᠨ ᠪᠣᠭᠤᠮᠲᠠ ᠳᠠᠬᠢ ᠡᠳ᠋ᠰᠢᠭᠦᠯᠵᠦ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠵᠡᠷᠭᠡ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠲᠣᠭᠤᠷᠢᠭ ᠪᠣᠯᠭᠠᠬᠤ ᠳᠤ᠂ ᠡᠷᠬᠡᠪᠰᠢ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠃
     ᠠᠷᠪᠠᠨ ᠬᠤᠶᠠᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠡᠪᠴᠢᠶ᠎ᠡ ᠪᠠ ᠦᠷ᠎ᠡ ᠠᠰᠢᠭ ᠵᠡᠷᠭᠡ ᠶᠢᠨ ᠭᠦᠢᠴᠡᠳᠭᠡᠯ ᠲᠤᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠢᠭᠡᠳᠦᠭᠡᠷ᠂ ᠬᠤᠶᠠᠳᠤᠭᠠᠷ ᠲᠥᠷᠥᠯ ᠭᠡᠵᠦ ᠬᠤᠪᠢᠶᠠᠨ᠎ᠠ᠃ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠣᠨ ᠤ ᠦᠢᠯᠡᠳᠬᠦᠨ ᠤ ᠥᠷᠲᠡᠭ ᠢ 150 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠂ ᠬᠤᠶᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠣᠨ ᠤ ᠦᠢᠯᠡᠳᠬᠦᠨ ᠤ ᠥᠷᠲᠡᠭ ᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠮᠦ ᠪᠦᠷᠢ ᠶᠢᠨ ᠳᠤᠮᠳᠠᠴᠢ ᠤᠨᠠᠯᠲᠠ ᠶᠢᠨ ᠥᠷᠲᠡᠭ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ᠂ ᠲᠣᠭᠤᠷᠢᠭ ᠲᠤ ᠣᠷᠣᠭᠰᠠᠨ ᠠᠵᠤ ᠠᠬᠤᠶᠢᠯᠠᠯ ᠤᠨ ᠲᠤᠭ᠎ᠠ᠂ ᠣᠨ ᠤ ᠭᠠᠶᠢᠯᠢ ᠲᠠᠲᠠᠪᠤᠷᠢ ᠵᠢᠴᠢ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠷ ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠢ᠃
     ᠠᠷᠪᠠᠨ ᠭᠤᠷᠪᠠᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠷᠥᠯ ᠬᠤᠪᠢᠶᠠᠵᠤ ᠮᠠᠭᠠᠳᠯᠠᠨ ᠲᠣᠭᠲᠠᠭᠠᠬᠤ ᠳᠤ ᠳᠤᠤᠷᠠᠬᠢ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠄
     ︵ᠨᠢᠭᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠭᠤᠶᠤᠴᠢᠯᠠᠯ ᠭᠠᠷᠭᠠᠵᠤ᠂ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠠᠩᠬ᠎ᠠ ᠬᠢᠨᠠᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠥᠷᠥᠯ ᠬᠤᠪᠢᠶᠠᠵᠤ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠬᠤ ᠬᠡᠷᠡᠭᠲᠡᠶ᠃
     ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠠᠮᠢᠶ᠎ᠠ ᠪᠦᠬᠦᠢ ᠨᠥᠬᠦᠴᠡᠯ ᠪᠠ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠮᠠᠭᠠᠳᠯᠠᠨ ᠲᠣᠭᠲᠠᠭᠠᠭᠰᠠᠨ ᠰᠠᠨᠠᠭᠤᠯᠭ᠎ᠠ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠰᠤᠳᠤᠯᠤᠨ ᠲᠣᠭᠲᠠᠭᠠᠯᠭᠠᠬᠤ ᠬᠡᠷᠡᠭᠲᠡᠶ᠃
     ᠳᠥᠷᠪᠡᠳᠦᠭᠡᠷ ᠪᠦᠯᠦᠭ  ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ
     ᠠᠷᠪᠠᠨ ᠳᠥᠷᠪᠡᠳᠦᠭᠡᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠤᠮᠵᠢ ᠪᠣᠯᠤᠨ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠨᠢ ᠨᠡᠶᠢᠯᠡᠵᠦ ᠬᠠᠮᠲᠤ ᠳᠤ ᠪᠠᠨ ᠠᠵᠢᠯᠯᠠᠬᠤ᠂ ᠨᠢᠭᠡ ᠲᠦᠬᠦᠷᠵᠢᠭᠰᠡᠨ ᠪᠠᠶᠢᠭᠤᠯᠤᠮᠵᠢ᠂ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠠᠵᠤ ᠠᠬᠤᠢ ᠶᠢᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠦᠢᠯᠡᠴᠢᠯᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠠᠶᠢᠭᠤᠯᠤᠯᠲᠠ ᠵᠡᠷᠭᠡ ᠶᠢᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠰᠣᠶᠣᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠨᠡᠶᠢᠭᠡᠮ ᠤᠨ ᠠᠵᠢᠯ ᠶᠠᠪᠤᠳᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠨᠢ ᠠᠯᠬᠤᠮ ᠠᠯᠬᠤᠮ ᠢᠶᠠᠷ ᠰᠠᠯᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠷᠢᠶ᠎ᠠ ᠭᠠᠵᠠᠷ ᠲᠠᠬᠢ ᠵᠠᠰᠠᠭ ᠤᠨ ᠣᠷᠳᠣᠨ ᠨᠢ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠳᠠᠭᠠᠭᠠᠨ ᠠᠪᠴᠤ ᠵᠠᠯᠭᠠᠭᠤᠯᠬᠤ ᠠᠵᠢᠯ ᠢ ᠰᠠᠶᠢᠲᠤᠷ ᠬᠢᠵᠦ᠂ ᠰᠠᠯᠭᠠᠵᠤ ᠭᠠᠷᠭᠠᠭᠰᠠᠨ ᠨᠡᠶᠢᠭᠡᠮ ᠤᠨ ᠠᠵᠢᠯ ᠶᠠᠪᠤᠳᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠳᠠᠭᠠᠭᠠᠨ ᠠᠪᠴᠤ ᠵᠠᠯᠭᠠᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
     ᠡᠯ᠎ᠡ ᠭᠠᠵᠠᠷ ᠣᠷᠣᠨ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠣᠷᠣᠭᠰᠢ ᠲᠠᠯᠪᠢᠵᠤ ᠪᠣᠯᠬᠤ ᠬᠠᠮᠢᠶᠠᠷᠤᠯᠲᠠ ᠶᠢᠨ ᠡᠷᠬᠡ ᠮᠡᠳᠡᠯ ᠢ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠠᠯᠪᠢᠵᠤ ᠥᠭᠬᠦ ᠶᠢᠨ ᠬᠠᠮᠲᠤ ᠨᠠᠷᠢᠨ ᠬᠠᠭᠤᠳᠠᠰᠤ ᠲᠠᠢ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠡᠳᠡᠨ ᠳᠤ ᠨᠡᠩ ᠶᠡᠭᠡ ᠪᠡᠶ᠎ᠡ ᠪᠠᠨ ᠳᠠᠭᠠᠭᠠᠵᠤ ᠬᠥᠭᠵᠢᠬᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠪᠠ ᠪᠡᠶ᠎ᠡ ᠪᠠᠨ ᠳᠠᠭᠠᠭᠠᠵᠤ ᠰᠢᠨ᠎ᠡ ᠡᠭᠦᠳᠦᠯᠲᠡ ᠲᠠᠢ ᠬᠠᠮᠢᠶᠠᠷᠬᠤ ᠡᠷᠬᠡ ᠮᠡᠳᠡᠯ ᠢ ᠣᠯᠭᠤᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠦᠢᠴᠡᠳ ᠡᠷᠬᠡ ᠮᠡᠳᠡᠯ ᠲᠠᠢ ᠪᠠᠷ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ᠂ ᠵᠣᠬᠢᠴᠠᠭᠤᠯᠤᠨ ᠬᠥᠭᠵᠢᠭᠦᠯᠬᠦ ᠪᠠᠨ ᠨᠢᠭᠡᠳᠦᠯᠲᠡᠶ ᠲᠥᠯᠥᠪᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠳᠤᠤᠷᠠᠬᠢ ᠮᠡᠲᠦ ᠡᠷᠬᠡ ᠲᠤᠰᠢᠶᠠᠯ ᠢ ᠬᠡᠷᠡᠭᠵᠢᠭᠦᠯᠬᠦ ᠬᠡᠷᠡᠭᠲᠡᠢ᠄
     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠢ ᠬᠥᠭᠵᠢᠯᠲᠡ ᠶᠢᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠢ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠬᠡᠷᠡᠭᠲᠡᠢ᠃
     ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠨ᠂ ᠲᠤᠰ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠵᠤ᠂ ᠬᠦᠷᠢᠶᠡᠯᠡᠩ ᠲᠣᠭᠤᠷᠢᠭ ᠲᠠᠬᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃
     ︵ᠭᠤᠷᠪᠠ︶ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠡᠯ᠎ᠡ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠦᠷᠢᠶᠡᠯᠡᠩ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠨᠠᠮ ᠤᠨ ᠬᠤᠷᠢᠶ᠎ᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠢ᠃
     ︵ᠳᠥᠷᠪᠡ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ ᠪᠦᠷᠢᠨᠰᠢᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠪᠴᠠᠩ ᠢ ᠪᠠᠶᠢᠭᠤᠯᠬᠤ ᠬᠡᠷᠡᠭᠲᠡᠢ᠃
     ︵ᠲᠠᠪᠤ︶ ᠰᠢᠨ᠎ᠡ ᠶᠢ ᠡᠭᠦᠳᠴᠦ ᠦᠢᠯᠡᠰ ᠪᠣᠰᠬᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠳᠠᠪᠤᠷᠢᠲᠠᠨ ᠤᠷᠢᠵᠤ ᠣᠶᠤᠨ ᠤ ᠮᠡᠳᠡᠯᠭᠡ ᠣᠷᠣᠭᠤᠯᠤᠨ ᠠᠪᠴᠢᠷᠠᠬᠤ ᠲᠠᠪᠴᠠᠩ ᠢ ᠪᠠᠶᠢᠭᠤᠯᠤᠨ᠂ ᠰᠢᠨ᠎ᠡ ᠡᠭᠦᠳᠦᠯᠲᠡ ᠶᠢᠨ ᠡᠬᠢ ᠪᠠᠶᠠᠯᠢᠭ ᠢ ᠲᠥᠪᠯᠡᠷᠡᠭᠦᠯᠬᠦ ᠪᠠᠨ ᠴᠢᠩᠭᠠᠳᠬᠠᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃
     ︵ᠵᠢᠷᠭᠤᠭ᠎ᠠ︶ ᠬᠦᠷᠢᠶᠡᠯᠡᠩ ᠲᠣᠭᠤᠷᠢᠭ ᠲᠠᠬᠢ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃
     ︵ᠳᠣᠯᠤᠭ᠎ᠠ︶ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠡᠵᠡᠩᠨᠡᠬᠦ ᠶᠢ ᠬᠥᠲᠥᠯᠥᠨ ᠵᠢᠯᠣᠭᠤᠳᠬᠤ ᠪᠠ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠢ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃
     ︵ᠨᠠᠢᠮᠠ︶ ᠣᠯᠠᠨ ᠨᠡᠶᠢᠲᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠪᠠ ᠬᠠᠮᠢᠶ᠎ᠠ ᠪᠦᠬᠦᠢ ᠪᠠᠶᠢᠭᠤᠯᠤᠮᠵᠢ ᠳᠤ ᠵᠢᠭᠠᠨ ᠵᠢᠯᠣᠭᠤᠳᠬᠤ᠂ ᠠᠰᠠᠭᠤᠨ ᠯᠠᠪᠯᠠᠬᠤ ᠪᠠ ᠦᠢᠯᠡᠴᠢᠯᠡᠭᠡ ᠬᠠᠩᠭᠠᠬᠤ ᠬᠡᠷᠡᠭᠲᠡᠶ᠃
     ︵ᠶᠢᠰᠦ︶ ᠬᠠᠷᠢᠶ᠎ᠠ ᠪᠣᠯᠬᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃
     ᠠᠷᠪᠠᠨ ᠲᠠᠪᠤᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠷᠢᠯᠠᠭᠤᠯᠬᠤ ᠪᠠᠷᠢᠮᠵᠢᠶ᠎ᠠ ᠶᠢ ᠬᠦᠷᠢᠶᠡᠯᠡᠩ ᠲᠣᠭᠤᠷᠢᠭ ᠤᠨ ᠲᠥᠷᠥᠯ ᠠᠩᠭᠢᠯᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠰᠠᠨᠠᠯ︾ ᠤᠨ ᠶᠣᠰᠣᠭᠠᠷ ᠬᠡᠷᠡᠭᠵᠢᠭᠦᠯᠬᠦ ᠬᠡᠷᠡᠭᠲᠡᠢ᠃
     ᠲᠠᠪᠤᠳᠤᠭᠠᠷ ᠪᠦᠯᠦᠭ  ᠠᠵᠤ ᠦᠢᠯᠡᠰ ᠤᠨ ᠬᠥᠭᠵᠢᠯᠲᠡ
     ᠠᠷᠪᠠᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ ᠲᠥᠪᠯᠡᠷᠡᠭᠰᠡᠨ᠂ ᠠᠵᠤ ᠦᠢᠯᠡᠰ ᠲᠥᠪᠯᠡᠷᠡᠭᠰᠡᠨ᠂ ᠴᠢᠬᠤᠯᠠ ᠬᠦᠴᠦᠨ ᠵᠦᠢᠯ ᠡᠷᠴᠢᠮᠵᠢᠭᠰᠡᠨ᠂ ᠮᠡᠷᠭᠡᠵᠢᠯ ᠬᠤᠷᠠᠭᠰᠠᠨ᠂ ᠦᠢᠯᠡᠴᠢᠯᠡᠭᠡ ᠲᠥᠪᠯᠡᠷᠡᠭᠰᠡᠨ ᠠᠵᠤ ᠦᠢᠯᠡᠰ ᠤᠨ ᠠᠮᠢ ᠠᠬᠤᠶ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ᠃
     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠭᠤᠣᠯᠯᠠᠬᠤ ᠠᠵᠤ ᠦᠢᠯᠡᠰ ᠢ ᠦᠨᠳᠦᠰᠦᠯᠡᠨ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠲᠤᠰᠬᠠᠶᠢᠵᠢᠭᠰᠠᠨ᠂ ᠣᠨᠴᠠᠯᠢᠭᠵᠢᠭᠰᠠᠨ᠂ ᠵᠦᠷᠢᠶᠡᠴᠢᠯᠡᠭᠰᠡᠨ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠵᠤ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠬᠦ ᠶᠢ ᠲᠦᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠷᠢᠭᠵᠢᠭᠤᠯᠤᠨ ᠳᠡᠮᠵᠢᠵᠦ ᠪᠠᠶᠢᠭᠠᠳ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠢ ᠲᠦᠷᠭᠡᠳᠬᠡᠨ᠂ ᠤᠯᠠᠮᠵᠢᠯᠠᠯᠲᠤ ᠠᠵᠤ ᠦᠢᠯᠡᠰ ᠢᠶᠠᠨ ᠥᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠵᠦ᠂ ᠲᠤᠰ ᠭᠠᠵᠠᠷ ᠤᠨ ᠣᠨᠴᠠᠯᠢᠭ ᠲᠠᠢ ᠭᠤᠣᠯᠯᠠᠬᠤ ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠬᠤ ᠬᠡᠷᠡᠭᠲᠡᠶ᠃
     ᠠᠷᠪᠠᠨ ᠳᠣᠯᠣᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠢᠶᠠᠨ ᠤᠷᠢᠳ ᠢᠶᠠᠷ ᠬᠥᠭᠵᠢᠭᠦᠯᠬᠦ ᠭᠠᠷᠴᠠᠭ ᠪᠠ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠳᠤ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠲᠣᠭᠲᠠᠭᠠᠨ ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠦᠨ ᠭᠠᠵᠠᠷ ᠰᠣᠩᠭᠤᠬᠤ᠂ ᠣᠷᠴᠢᠨ ᠲᠣᠭᠤᠷᠢᠨ᠂ ᠠᠮᠤᠷ ᠲᠦᠪᠰᠢᠨ᠂ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠵᠡᠷᠭᠡ ᠲᠠᠯ᠎ᠠ ᠳᠤ ᠬᠢᠨᠠᠨ ᠪᠠᠶᠢᠴᠠᠭᠠᠯᠲᠠ ᠬᠢᠵᠦ᠂ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃
     ᠠᠷᠪᠠᠨ ᠨᠠᠢᠮᠠᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠷᠢᠭᠵᠢᠭᠤᠯᠵᠤ ᠪᠠᠶᠢᠭᠠᠳ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯ᠎ᠡ ᠲᠥᠷᠥᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠶᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠢᠴᠢ ᠤᠰᠤ ᠠᠷᠪᠢᠯᠠᠬᠤ ᠮᠠᠶ᠋ᠢᠭ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠳᠡᠮᠵᠢᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠯᠠᠪᠯᠠᠯᠭ᠎ᠠ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ᠂ ᠬᠠᠤᠯᠢ ᠴᠠᠭᠠᠵᠠ ᠶᠢᠨ ᠦᠢᠯᠡᠴᠢᠯᠡᠭᠡᠨ᠂ ᠡᠳ᠋ ᠬᠥᠷᠥᠩᠭᠡ ᠶᠢᠨ ᠦᠨᠡᠯᠡᠨ ᠵᠢᠱᠢᠯᠲᠡ᠂ ᠢᠲᠡᠭᠡᠮᠵᠢ ᠶᠢᠨ ᠳᠡᠰ ᠲᠣᠭᠲᠠᠭᠠᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠵᠡᠷᠭᠡ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠡᠵᠡᠩᠨᠡᠯᠲᠡ ᠪᠠ ᠰᠢᠨ᠎ᠡ ᠶᠢ ᠡᠭᠦᠳᠴᠦ ᠦᠢᠯᠡᠰ ᠪᠣᠰᠬᠠᠬᠤ ᠠᠵᠢᠯᠯᠠᠭ᠎ᠠ ᠳᠤ ᠦᠢᠯᠡᠴᠢᠯᠡᠭᠡ ᠬᠠᠩᠭᠠᠬᠤ ᠬᠡᠷᠡᠭᠲᠡᠶ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠣᠷᠢᠭᠵᠢᠭᠤᠯᠵᠤ ᠪᠠᠶᠢᠭᠠᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ᠂ ᠡᠭᠦᠳᠦᠨ ᠴᠣᠭᠴᠠᠯᠠᠭᠴᠢ ᠶᠢᠨ ᠣᠷᠣᠨ ᠵᠠᠶ᠂ ᠦᠢᠯᠡᠰ ᠪᠣᠰᠬᠠᠬᠤ ᠦᠢᠯᠡᠴᠢᠯᠡᠭᠡᠨ ᠤ ᠲᠥᠪ ᠵᠡᠷᠭᠡ ᠠᠵᠤ ᠦᠢᠯᠡᠰ ᠤᠨ ᠠᠬᠢᠭᠤᠯᠬᠤ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠬᠡᠷᠡᠭᠲᠡᠢ᠃
     ᠠᠷᠪᠠ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠳᠡᠮᠵᠢᠬᠦ ᠴᠢᠬᠤᠯᠠᠲᠠᠶ ᠲᠥᠷᠥᠯ ᠵᠦᠢᠯ ᠢ ᠴᠤᠭᠯᠠᠭᠤᠯᠬᠤ ᠶᠢᠨ ᠬᠠᠮᠲᠤ ᠲᠥᠪᠯᠡᠷᠡᠭᠦᠯᠵᠦ ᠪᠠᠶᠢᠭᠠᠳ ᠰᠢᠯᠭᠠᠷᠠᠭᠤᠯᠤᠨ ᠲᠣᠭᠲᠠᠭᠠᠬᠤ ᠬᠡᠷᠡᠭᠲᠡᠢ᠂ ᠰᠢᠯᠭᠠᠷᠠᠭᠤᠯᠵᠤ ᠲᠣᠭᠲᠠᠭᠠᠭᠰᠠᠨ ᠲᠥᠷᠥᠯ ᠵᠦᠢᠯ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠨ᠂ ᠲᠥᠷᠥᠯ ᠵᠦᠢᠯ ᠤᠨ ᠬᠥᠮᠥᠷᠭᠡ ᠳᠤ ᠡᠷᠭᠢᠯᠳᠦᠭᠦᠯᠦᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠵᠢᠯ ᠪᠦᠷᠢ ᠬᠥᠮᠥᠷᠭᠡ ᠳᠤ ᠣᠷᠣᠭᠤᠯᠤᠭᠰᠠᠨ ᠴᠠᠭ ᠬᠤᠭᠤᠴᠠᠭ᠎ᠠ ᠶᠣᠰᠣᠭᠠᠷ ᠨᠢ ᠲᠥᠷᠥᠯ ᠵᠦᠢᠯ ᠢ ᠰᠣᠩᠭᠤᠨ᠂ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠶ᠃ ᠣᠳᠣ ᠪᠠᠶᠢᠭ᠎ᠠ ᠠᠵᠤ ᠦᠢᠯᠡᠰ ᠢ ᠲᠡᠳᠬᠦᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠤᠰᠬᠠᠶ ᠪᠡᠯᠡ ᠮᠥᠩᠭᠦ ᠵᠢᠴᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠭᠦᠢᠴᠡᠳ ᠠᠰᠢᠭᠯᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠬᠦ ᠬᠡᠷᠡᠭᠲᠡᠢ᠃
     ᠬᠤᠷᠢᠳᠤᠭᠠᠷ ᠵᠦᠢᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠶᠡᠭᠡ᠂ ᠶᠠᠰᠤ ᠴᠢᠨᠠᠷ ᠦᠷ᠎ᠡ ᠠᠰᠢᠭ ᠢᠶᠠᠷ ᠰᠠᠶᠢᠨ᠂ ᠡᠨᠧᠷᠭᠢ ᠪᠠ ᠤᠰᠤ ᠠᠷᠪᠢᠯᠠᠬᠤ ᠪᠠᠷ ᠰᠠᠶᠢᠨ᠂ ᠠᠵᠤ ᠦᠢᠯᠡᠰ ᠲᠠᠢ ᠬᠤᠯᠪᠣᠭᠳᠠᠬᠤ ᠪᠠᠷ ᠴᠢᠩᠭ᠎ᠠ᠂ ᠥᠨᠳᠥᠷ ᠥᠷᠲᠡᠭ ᠪᠦᠬᠦᠢ ᠮᠡᠳᠡᠯᠭᠡ ᠶᠢᠨ ᠥᠮᠴᠢᠯᠡᠯ ᠤᠨ ᠡᠷᠬᠡ ᠲᠠᠢ ᠲᠥᠷᠥᠯ ᠵᠦᠢᠯ ᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠣᠷᠣᠨ ᠤ ᠳᠣᠲᠣᠷᠠᠬᠢ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠰᠠᠭᠤᠷᠢᠨ ᠭᠠᠵᠠᠷ ᠪᠠ ᠪᠣᠷᠣᠯᠠᠭᠤᠯᠤᠨ ᠬᠤᠳᠠᠯᠳᠤᠬᠤ ᠲᠣᠣᠷ ᠰᠦᠯᠵᠢᠶ᠎ᠡ ᠪᠠᠶᠢᠭᠤᠯᠬᠤ ᠶᠢ ᠳᠡᠮᠵᠢᠵᠦ᠂ ᠭᠠᠳᠠᠭᠠᠳᠤ ᠳᠤ ᠪᠡᠯᠡ ᠣᠷᠣᠭᠤᠯᠬᠤ ᠶᠢ ᠥᠷᠨᠢᠭᠦᠯᠦᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠢᠯᠢ ᠶᠢᠨ ᠭᠠᠳᠠᠨᠠᠬᠢ ᠪᠠᠶᠢᠷᠢᠰᠢᠯ ᠢ ᠥᠷᠭᠡᠳᠬᠡᠬᠦ ᠬᠡᠷᠡᠭᠲᠡᠶ᠃
     ᠵᠢᠷᠭᠤᠳᠤᠭᠠᠷ ᠪᠦᠯᠦᠭ  ᠦᠨᠡᠯᠡᠵᠦ ᠰᠢᠯᠭᠠᠨ ᠬᠢᠨᠠᠬᠤ
     ᠬᠤᠷᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠦᠨᠡᠯᠡᠵᠦ ᠰᠢᠯᠭᠠᠨ ᠬᠢᠨᠠᠬᠤ ᠠᠷᠭ᠎ᠠ ᠶᠢ ᠬᠠᠷᠢᠭᠤᠴᠠᠨ ᠲᠣᠭᠲᠠᠭᠠᠨ᠎ᠠ᠃
     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠲᠤᠭ᠎ᠠ ᠪᠦᠷᠢᠳᠬᠡᠯ ᠤᠨ ᠳᠦᠷᠢᠮ ᠤᠨ ᠲᠣᠭᠲᠠᠭᠠᠯ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠪᠠᠶᠢᠭᠤᠯᠤᠮᠵᠢ ᠶᠢ ᠲᠣᠳᠣᠷᠬᠠᠶ ᠲᠣᠭᠲᠠᠭᠠᠨ᠂ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠢ ᠲᠣᠬᠢᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠬᠡᠪᠴᠢᠶ᠎ᠡ᠂ ᠠᠵᠤ ᠠᠬᠤᠶ ᠶᠢᠨ ᠦᠷ᠎ᠡ ᠠᠰᠢᠭ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠡᠯᠡ ᠣᠷᠣᠭᠤᠯᠤᠭᠰᠠᠨ ᠪᠠ ᠦᠢᠯᠡᠳᠪᠦᠷᠢᠯᠡᠵᠦ ᠭᠠᠷᠭᠠᠭᠰᠠᠨ ᠡᠷᠴᠢᠮ ᠬᠦᠴᠦ᠂ ᠠᠵᠢᠯ ᠣᠯᠭᠤᠯᠲᠠ ᠶᠢᠨ ᠳᠠᠢᠴᠢᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠬᠤᠷᠣᠭᠳᠠᠭᠤᠯᠭ᠎ᠠ ᠵᠡᠷᠭᠡ ᠪᠠᠶᠢᠳᠠᠯ ᠢᠶᠠᠨ ᠪᠦᠬᠦ ᠲᠠᠯ᠎ᠠ ᠪᠠᠷ ᠲᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠪᠠ ᠦᠨᠡᠯᠡᠵᠦ ᠰᠢᠯᠭᠠᠨ ᠬᠢᠨᠠᠬᠤ ᠳᠤ ᠭᠤᠤᠯ ᠦᠨᠳᠦᠰᠦᠯᠡᠯ ᠬᠠᠩᠭᠠᠬᠤ ᠬᠡᠷᠡᠭᠲᠡᠶ᠃
     ᠬᠤᠷᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠨᠢᠭᠡᠳᠦᠭᠡᠷ᠂ ᠬᠤᠶᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠢ ᠰᠢᠯᠭᠠᠨ ᠬᠢᠨᠠᠵᠤ ᠦᠨᠡᠯᠡᠯᠲᠡ ᠬᠢᠬᠦ ᠶᠢ ᠲᠦᠷᠦᠭᠦᠯᠡᠨ ᠵᠣᠬᠢᠶᠠᠨ ᠪᠠᠶᠢᠭᠤᠯᠬᠤ ᠶᠢᠨ ᠬᠠᠮᠲᠤ᠂ ᠦᠨᠡᠯᠡᠭᠰᠡᠨ ᠦᠷ᠎ᠡ ᠳ᠋ᠦᠩ ᠢᠶᠠᠨ ᠡᠯ᠎ᠡ ᠠᠶᠢᠮᠠᠭ ᠬᠤᠲᠠ ᠳᠤ ᠨᠡᠪᠲᠡᠷᠡᠭᠦᠯᠦᠨ ᠮᠡᠳᠡᠭᠦᠯᠬᠦ ᠬᠡᠷᠡᠭᠲᠡᠶ᠃
     ᠶᠡᠷᠦᠩᠬᠡᠶ ᠦᠨᠡᠯᠡᠯᠲᠡ ᠶᠢᠨ ᠲᠦᠷᠦᠭᠦᠦ 10 ᠨᠡᠷᠡᠰ ᠲᠤ ᠵᠢᠭᠰᠠᠭᠠᠭᠳᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠨ ᠤ ᠰᠢᠯᠭᠠᠨ ᠬᠢᠨᠠᠭᠰᠠᠨ ᠠᠵᠢᠯ ᠳᠠᠬᠢ ᠲᠡᠷᠢᠭᠦᠨ ᠤ ᠨᠢᠭᠡᠴᠢ︾ ᠶᠢᠨ ᠱᠠᠩᠨᠠᠯ ᠤᠨ ᠮᠧᠳᠠᠯ ᠣᠯᠭᠤᠬᠤ ᠶᠢᠨ ᠬᠠᠮᠲᠤ᠂ 3000 ᠲᠦᠮᠡᠨ ᠲᠥᠭᠦᠷᠢᠭ ᠱᠠᠩᠨᠠᠵᠤ᠂ ᠠᠵᠢᠯ ᠤᠨ ᠵᠠᠷᠤᠳᠠᠯ ᠪᠣᠯᠭᠠᠨ᠎ᠠ︔ ᠱᠠᠩᠨᠠᠯ ᠣᠯᠤᠭᠰᠠᠨ ᠬᠦᠷᠢᠶᠡᠯᠡᠩ ᠲᠣᠭᠤᠷᠢᠭ ᠨᠢ ᠳᠠᠷᠠᠭ᠎ᠠ ᠵᠢᠯ ᠤᠨ ᠲᠤᠰᠬᠠᠶ ᠪᠡᠯᠡ ᠮᠥᠩᠭᠦᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠪᠡᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠬᠠᠷᠢᠴᠠᠯ ᠢ ᠨᠢ 5 ᠵᠠᠭᠤᠨ ᠤ ᠴᠡᠭ ᠢᠶᠠᠷ ᠳᠡᠭᠡᠭᠰᠢᠯᠡᠭᠦᠯᠵᠦ᠂ ᠨᠥᠬᠦᠪᠥᠷᠢ ᠶᠢᠨ ᠪᠡᠯᠡ ᠮᠥᠩᠭᠦᠨ ᠤ ᠳᠡᠭᠡᠳᠦ ᠬᠢᠵᠠᠭᠠᠷ ᠢ ᠨᠢ 3000 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃
     ᠶᠡᠷᠦᠩᠬᠡᠶ ᠦᠨᠡᠯᠡᠯᠲᠡ ᠶᠢᠨ ᠰᠡᠭᠦᠯᠴᠢ ᠶᠢᠨ 3 ᠨᠡᠷᠡᠰ ᠲᠤ ᠵᠢᠭᠰᠠᠭᠠᠭᠳᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠳᠠᠷᠠᠭ᠎ᠠ ᠵᠢᠯ ᠲᠤᠰᠬᠠᠢ ᠪᠠᠯᠠ ᠮᠥᠩᠭᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠪᠡᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠯᠠ ᠣᠷᠣᠭᠤᠯᠤᠯᠲᠠ ᠶᠢᠨ ᠨᠥᠬᠦᠪᠥᠷᠢ ᠶᠢᠨ ᠬᠠᠷᠢᠴᠠᠯ ᠢ ᠨᠢ 5 ᠵᠠᠭᠤᠨ ᠤ ᠴᠡᠭ ᠪᠠᠭᠤᠷᠠᠭᠤᠯᠤᠨ᠎ᠠ︔ ᠭᠤᠷᠪᠠᠨ ᠵᠢᠯ ᠳᠠᠷᠠᠭᠠᠯᠠᠵᠤ ᠲᠥᠷᠥᠯ ᠬᠤᠪᠢᠶᠠᠭᠰᠠᠨ ᠪᠠᠷᠢᠮᠵᠢᠶ᠎ᠠ ᠳᠤ ᠥᠯᠥ ᠬᠦᠷᠦᠭᠰᠡᠨ ᠬᠦᠷᠢᠶᠡᠯᠡᠩ ᠲᠣᠭᠤᠷᠢᠭ ᠢ ᠲᠠᠰ ᠳᠠᠷᠠᠭᠠᠯᠠᠯ ᠶᠣᠰᠣᠭᠠᠷ ᠬᠦᠷᠢᠶᠡᠯᠡᠩ ᠲᠣᠭᠤᠷᠢᠭ ᠤᠨ ᠲᠠᠰ ᠵᠡᠷᠭᠡ ᠶᠢ ᠨᠢ ᠪᠠᠭᠤᠷᠠᠭᠤᠯᠬᠤ ᠪᠤᠶᠤ ᠡᠮᠬᠢᠯᠡᠨ ᠨᠡᠶᠢᠯᠡᠭᠦᠯᠵᠦ ᠬᠦᠴᠦᠨ ᠥᠬᠡᠶ ᠪᠣᠯᠭᠠᠨ᠎ᠠ᠃
     ᠬᠤᠷᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠳᠡᠰ ᠵᠡᠷᠭᠡ ᠳᠤ ᠬᠥᠳᠡᠯᠦᠩᠭᠦᠶ ᠲᠣᠬᠢᠷᠠᠭᠤᠯᠤᠯᠲᠠ ᠬᠢᠨ᠎ᠡ᠃
     ᠳᠣᠯᠣᠳᠤᠭᠠᠷ ᠪᠦᠯᠦᠭ  ᠦᠢᠯᠡᠴᠢᠯᠡᠭᠡᠨ ᠤ ᠪᠠᠲᠤᠯᠠᠭ᠎ᠠ
     ᠬᠤᠷᠢᠨ ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠠᠰᠠᠭᠤᠳᠠᠯ ᠤᠨ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠱᠠᠩᠨᠠᠵᠤ ᠵᠠᠯᠬᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠵᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠭᠡᠢ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ᠂ ᠠᠵᠢᠯᠴᠢᠨ ᠬᠡᠷᠡᠭᠯᠡᠬᠦ᠂ ᠪᠡᠯᠡ ᠮᠥᠩᠭᠦ᠂ ᠮᠡᠷᠭᠡᠵᠢᠯ᠂ ᠳ᠋ᠠᠶᠢᠲ᠋ᠠ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠡᠭᠦᠳᠬᠦ ᠬᠡᠷᠡᠭᠲᠡᠶ᠃
     ᠬᠤᠷᠢᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠱᠠᠲᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠤᠳᠠᠯᠳᠤᠭᠠᠨ ᠤ ᠶᠠᠪᠤᠳᠠᠯ᠂ ᠪᠣᠭᠤᠮᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠢᠭᠠᠨ ᠵᠢᠯᠣᠭᠤᠳᠬᠤ᠂ ᠦᠢᠯᠡᠴᠢᠯᠡᠬᠦ᠂ ᠵᠣᠬᠢᠴᠠᠭᠤᠯᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢ ᠠᠬᠢᠭᠤᠯᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠠᠬᠢ ᠠᠶᠤᠯ ᠦᠭᠡᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠷᠢᠯᠭ᠎ᠠ ᠶᠢᠨ ᠠᠵᠢᠯ ᠵᠡᠷᠭᠡ ᠶᠢ ᠭᠤᠣᠯᠳᠠᠯᠭ᠎ᠠ ᠪᠣᠯᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ ᠶᠣᠰᠣᠭᠠᠷ ᠵᠢᠭᠠᠨ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠦᠨᠡᠨ ᠬᠦ ᠡᠭᠦᠷᠭᠡᠯᠡᠭᠦᠯᠬᠦ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠵᠡᠷᠭᠡ ᠰᠠᠯᠠᠭ᠎ᠠ ᠮᠥᠴᠢᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ᠂ ᠠᠵᠢᠯᠴᠢᠨ ᠬᠡᠷᠡᠭᠯᠡᠬᠦ ᠪᠠᠷ ᠤᠷᠢᠵᠤ ᠡᠯᠰᠡᠬᠦ ᠵᠡᠷᠭᠡ ᠠᠵᠢᠯ ᠢ ᠭᠤᠤᠯᠳᠠᠯᠭ᠎ᠠ ᠪᠣᠯᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠢᠶᠠᠨ ᠥᠷᠨᠢᠭᠦᠯᠬᠦ ᠶᠢ ᠨᠢ ᠵᠢᠭᠠᠨ ᠵᠢᠯᠣᠭᠤᠳᠬᠤ ᠪᠠ ᠰᠢᠮᠳᠠᠭᠤᠯᠬᠤ ᠬᠡᠷᠡᠭᠲᠡᠢ᠃
     ᠬᠤᠷᠢᠨ ᠵᠢᠷᠭᠤᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠣᠷᠣᠨ ᠪᠦᠰᠡ ᠶᠢᠨ ᠦᠨᠡᠯᠡᠨ ᠵᠢᠱᠢᠯᠲᠡ ᠬᠢᠬᠦ ᠶᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠦᠷᠢᠶᠡᠯᠡᠩ ᠲᠣᠭᠤᠷᠢᠭ ᠲᠠᠬᠢ ᠣᠯᠠᠨ ᠨᠡᠶᠢᠲᠡ ᠳᠤ ᠬᠠᠷᠢᠶᠠᠯᠠᠭᠳᠠᠬᠤ ᠴᠢᠨᠠᠷᠲᠠᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠡᠨᠧᠷᠭᠢ ᠠᠷᠪᠢᠯᠠᠬᠤ ᠶᠢ ᠦᠨᠡᠯᠡᠬᠦ᠂ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠴᠢᠨᠠᠷ ᠢ ᠦᠨᠡᠯᠡᠬᠦ᠂ ᠭᠠᠵᠠᠷ ᠬᠦᠷᠦᠰᠦᠨ ᠤ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ᠂ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠷᠤᠵᠤ ᠪᠦᠷᠬᠦᠭᠰᠡᠨ ᠢ ᠦᠨᠡᠯᠡᠨ ᠵᠢᠱᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠦᠨᠡᠯᠡᠨ ᠵᠢᠱᠢᠬᠦ᠂ ᠤᠰᠤᠨ ᠤ ᠡᠬᠢ ᠰᠤᠷᠪᠤᠯᠵᠢ ᠶᠢ ᠨᠤᠲᠠᠯᠠᠬᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠲᠥᠰᠦᠯ ᠢ ᠨᠤᠲᠠᠯᠠᠬᠤ᠂ ᠦᠶᠡᠷ ᠤᠨ ᠨᠥᠯᠥᠭᠡ ᠶᠢ ᠦᠨᠡᠯᠡᠬᠦ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ ᠵᠡᠷᠭᠡ ᠲᠤᠰᠬᠠᠶ ᠵᠦᠢᠯ ᠤᠨ ᠦᠨᠡᠯᠡᠨ ᠵᠢᠱᠢᠯᠲᠡ ᠶᠢ ᠬᠢᠬᠦ ᠬᠡᠷᠡᠭᠲᠡᠶ᠃ ᠡᠯ᠎ᠡ ᠠᠶᠢᠮᠠᠭ ᠬᠤᠲᠠ ᠨᠢ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠴᠠᠭ ᠲᠤᠬᠠᠶ ᠳᠤ ᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠣᠷᠣᠨ ᠪᠦᠰᠡ ᠳᠠᠬᠢ ᠲᠥᠷᠥᠯ ᠵᠦᠢᠯ ᠢ ᠬᠠᠮᠲᠤ ᠳᠤ ᠪᠠᠨ ᠬᠦᠷᠲᠡᠬᠦ᠂ ᠰᠦᠢᠳᠬᠡᠯ ᠬᠤᠷᠢᠶᠠᠬᠤ ᠦᠭᠡᠢ ᠬᠡᠷᠡᠭᠯᠡᠭᠦᠯᠬᠦ ᠪᠠᠷ ᠬᠠᠩᠭᠠᠬᠤ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠡᠯ᠎ᠡ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠬᠠᠷᠢᠯᠴᠠᠨ ᠮᠡᠳᠡᠷᠡᠬᠦ ᠬᠡᠷᠡᠭᠲᠡᠶ᠃ ᠨᠢᠭᠡᠨᠲᠡ ᠣᠷᠣᠨ ᠪᠦᠰᠡ ᠶᠢᠨ ᠦᠨᠡᠯᠡᠨ ᠵᠢᠱᠢᠯᠲᠡ ᠬᠢᠭᠰᠡᠨ ᠵᠦᠢᠯᠡᠰ ᠲᠤ᠂ ᠲᠣᠰ ᠣᠷᠣᠨ ᠪᠦᠰᠡ ᠶᠢᠨ ᠬᠡᠪᠴᠢᠶᠡᠨ ᠳᠠᠬᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠲᠤᠰᠠᠭᠠᠷ ᠨᠢ ᠳᠠᠭᠢᠵᠤ ᠦᠨᠡᠯᠡᠨ ᠵᠢᠱᠢᠯᠲᠡ ᠬᠢᠬᠦ ᠥᠬᠡᠶ᠂ ᠬᠦᠨᠳᠦ ᠴᠢᠬᠤᠯᠠ ᠣᠨᠴᠠ ᠶᠡᠭᠡ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠤᠶᠤ ᠪᠤᠰᠤᠳ ᠣᠨᠴᠠᠭᠠᠢ ᠲᠥᠷᠥᠯ ᠵᠦᠢᠯ ᠳᠤ ᠲᠤᠰᠠᠭᠠᠷ ᠨᠢ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠪᠠᠯ᠂ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠷᠨᠢᠭᠦᠯᠬᠦ ᠴᠢᠬᠤᠯᠠᠲᠠᠶ ᠦᠨᠡᠯᠡᠨ ᠵᠢᠱᠢᠵᠦ ᠦᠨᠡᠯᠡᠬᠦ ᠵᠦᠢᠯᠡᠰ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠠᠭᠠᠷ ᠨᠢ ᠦᠨᠡᠯᠡᠨ ᠵᠢᠱᠢᠯᠲᠡ ᠬᠢᠵᠦ ᠪᠣᠯᠤᠨ᠎ᠠ᠃
     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰᠬᠠᠢ ᠪᠡᠯᠡ ᠮᠥᠩᠭᠦ ᠲᠤᠬᠢᠷᠠᠭᠤᠯᠵᠤ ᠪᠠᠶᠢᠭᠠᠳ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠥᠷᠨᠢᠭᠦᠯᠬᠦ ᠶᠢ ᠳᠡᠮᠵᠢᠬᠦ ᠬᠡᠷᠡᠭᠲᠡᠢ᠃
     ᠬᠤᠷᠢᠨ ᠳᠣᠯᠣᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠨᠡᠶᠢᠯᠡᠭᠦᠯᠵᠦ ᠬᠤᠯᠪᠣᠭᠠᠯᠠᠨ ᠬᠢᠨᠠᠵᠤ ᠵᠥᠪᠰᠢᠶᠡᠷᠡᠬᠦ᠂ ᠰᠦᠯᠵᠢᠶ᠎ᠡ ᠪᠠᠷ ᠭᠦᠢᠴᠡᠳᠬᠡᠬᠦ ᠵᠡᠷᠭᠡ ᠵᠠᠭᠪᠤᠷ ᠲᠤ ᠰᠢᠨ᠎ᠡ ᠡᠭᠦᠳᠦᠯᠲᠡ ᠬᠢᠬᠦ ᠶᠢ ᠢᠳᠡᠪᠬᠢᠲᠡᠶ ᠠᠬᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠨᠢᠭᠡ ᠴᠣᠩᠬᠤᠪᠴᠢ ᠪᠠᠷ ᠭᠥᠯᠢᠶᠡᠨ ᠠᠪᠬᠤ᠂ ᠲᠥᠪᠯᠡᠷᠡᠭᠦᠯᠦᠨ ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠠᠬᠤᠶᠢᠯᠠᠯ᠂ ᠪᠠᠯᠠ ᠣᠷᠣᠭᠤᠯᠵᠤ ᠦᠢᠯᠡᠰ ᠪᠣᠰᠬᠠᠭᠰᠠᠳ ᠲᠤ ᠴᠢᠨᠠᠷ ᠰᠠᠶᠢᠲᠠᠶ᠂ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠷᠢᠭᠵᠢᠭᠤᠯᠵᠤ ᠪᠠᠶᠢᠭᠠᠳ ᠬᠢᠨᠠᠨ ᠵᠥᠪᠰᠢᠶᠡᠷᠡᠬᠦ ᠵᠦᠢᠯᠡᠰ ᠨᠢ ᠳᠤᠲᠠᠭᠳᠠᠵᠤ ᠪᠠᠶᠢᠭᠰᠠᠨ ᠴᠦ ᠤᠷᠢᠳ ᠢᠶᠠᠷ ᠬᠦᠯᠢᠶᠡᠨ ᠠᠪᠴᠤ ᠭᠦᠢᠴᠡᠳᠭᠡᠬᠦ ᠲᠠᠯ᠎ᠠ ᠶᠢᠨ ᠠᠵᠢᠯ ᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠥᠬᠦᠶ ᠬᠢᠨᠠᠨ ᠵᠥᠪᠰᠢᠶᠡᠷᠡᠬᠦ ᠵᠦᠢᠯᠡᠰ ᠲᠤ ᠳᠤᠲᠠᠭᠳᠠᠵᠤ ᠪᠠᠶᠢᠭ᠎ᠠ ᠶᠢ ᠨᠢ ᠤᠷᠢᠳ ᠢᠶᠠᠷ ᠪᠠᠭᠲᠠᠭᠠᠵᠤ ᠬᠦᠯᠢᠶᠡᠨ ᠠᠪᠴᠤ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ ᠬᠡᠷᠡᠭᠲᠡᠶ᠃
     ᠬᠤᠷᠢᠨ ᠨᠠᠢᠮᠠᠳᠤᠭᠠᠷ ᠵᠦᠢᠯ  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠴᠢᠳᠠᠪᠤᠷᠢᠲᠠᠨ ᠢ ᠬᠥᠮᠦᠵᠢᠭᠦᠯᠬᠦ ᠪᠠ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠡᠷᠡᠭᠯᠡᠬᠦ ᠪᠣᠳᠠᠲᠠᠶ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ ᠵᠠᠭᠪᠤᠷ ᠲᠤ ᠰᠢᠨ᠎ᠡ ᠶᠢ ᠡᠭᠦᠳᠦᠨ᠂ ᠳᠡᠭᠡᠳᠦ ᠲᠡᠰ ᠤᠨ ᠴᠢᠳᠠᠪᠤᠷᠢᠲᠠᠨ ᠢ ᠬᠤᠷᠠᠭᠤᠯᠬᠤ ᠶᠢ ᠨᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠳᠤ ᠰᠤᠳᠤᠯᠤᠨ ᠨᠡᠭᠡᠭᠡᠬᠦ ᠠᠵᠢᠯ ᠬᠢᠵᠦ ᠪᠠᠶᠢᠭ᠎ᠠ ᠳᠡᠭᠡᠳᠦ ᠵᠡᠷᠭᠡ ᠶᠢᠨ ᠴᠢᠳᠠᠪᠤᠷᠢᠲᠠᠨ ᠳᠤ ᠬᠢᠮᠳᠠ ᠣᠷᠣᠨ ᠰᠠᠭᠤᠴᠠ ᠶᠢᠨ ᠪᠠᠲᠤᠯᠠᠭ᠎ᠠ᠂ ᠭᠡᠷ ᠪᠦᠯᠢ ᠶᠢᠨ ᠬᠢᠨ ᠤ ᠰᠤᠷᠭᠠᠭᠤᠯᠢ ᠳᠤ ᠣᠷᠣᠬᠤ ︵ᠠᠵᠢᠯ ᠣᠯᠬᠤ︶ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠬᠦ ᠶᠢᠨ ᠬᠠᠮᠲᠤ᠂ ᠡᠷᠦᠬᠡ ᠠᠮᠠ ᠪᠠᠨ ᠰᠢᠯᠵᠢᠭᠦᠯᠬᠦ᠂ ᠮᠡᠷᠭᠡᠵᠢᠯ ᠤᠨ ᠴᠣᠯᠠ ᠰᠢᠯᠭᠠᠷᠠᠭᠤᠯᠤᠨ ᠲᠣᠭᠲᠠᠭᠠᠬᠤ ᠵᠡᠷᠭᠡ ᠲᠠᠯ᠎ᠠ ᠳᠤ ᠬᠠᠪᠰᠤᠷᠤᠯᠭ᠎ᠠ ᠦᠵᠡᠭᠦᠯᠬᠦ ᠬᠡᠷᠡᠭᠲᠡᠶ᠃
     ᠬᠤᠷᠢ ᠶᠢᠰᠦᠳᠦᠭᠡᠷ ᠵᠦᠢᠯ  ᠶᠠᠮᠠᠷᠪᠠ ᠲᠥᠷᠥ ᠶᠢᠨ ᠪᠠᠶᠢᠭᠤᠯᠭ᠎ᠠ ᠵᠢᠴᠢ ᠲᠡᠳᠡᠭᠡᠷ ᠤᠨ ᠠᠵᠢᠯᠲᠠᠳ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠵᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠡᠪ ᠤᠨ ᠶᠣᠰᠣᠭᠠᠷ ᠬᠡᠷᠡᠭᠵᠢᠭᠦᠯᠬᠦ ᠶᠢ ᠬᠠᠷᠰᠢᠯᠠᠵᠤ ᠪᠣᠯᠬᠤ ᠦᠭᠡᠶ᠃ ᠶᠠᠮᠠᠷᠪᠠ ᠨᠢᠭᠡᠴᠢ ᠭᠡᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠴᠠ ᠪᠤᠰᠤᠳ ᠰᠦᠢᠳᠬᠡᠯ ᠬᠤᠷᠢᠶᠠᠬᠤ ᠲᠥᠷᠥᠯ ᠵᠦᠢᠯ ᠢ ᠭᠠᠷᠭᠠᠵᠤ ᠪᠣᠯᠬᠤ ᠥᠬᠡᠶ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠠᠯᠪᠠᠳᠠᠵᠤ ᠪᠠᠶᠢᠭᠠᠳ ᠰᠦᠢᠳᠬᠡᠯ ᠭᠠᠷᠭᠠᠭᠤᠯᠵᠤ ᠡᠯ᠎ᠡ ᠲᠥᠷᠥᠯ ᠤᠨ ᠬᠤᠷᠠᠯ᠂ ᠪᠣᠯᠪᠠᠰᠤᠷᠠᠯ᠂ ᠦᠵᠡᠰᠬᠦᠯᠡᠩ᠂ ᠠᠳᠠᠯᠢᠳᠬᠠᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ ᠪᠣᠯᠬᠤ ᠥᠬᠡᠶ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠠᠯᠪᠠᠳᠠᠵᠤ ᠪᠠᠶᠢᠭᠠᠳ ᠵᠣᠭᠤᠰ ᠢᠶᠠᠷ ᠲᠤᠰᠠᠯᠠᠬᠤ᠂ ᠪᠡᠯᠡᠭᠯᠡᠵᠦ ᠬᠠᠨᠳᠢᠪᠯᠠᠬᠤ᠂ ᠵᠢᠭᠠᠨ ᠲᠣᠭᠲᠠᠭᠠᠭᠰᠠᠨ ᠦᠢᠯᠡᠴᠢᠯᠡᠭᠡᠨ ᠢ ᠭᠥᠯᠢᠶᠡᠨ ᠠᠪᠤᠭᠤᠯᠵᠤ ᠪᠣᠯᠬᠤ ᠥᠬᠡᠶ᠃
     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠪᠠ ᠪᠡᠯᠡ ᠣᠷᠣᠭᠤᠯᠤᠭᠴᠢᠳ ᠤᠨ ᠲᠤᠰᠬᠠᠭᠰᠠᠨ ᠬᠦᠰᠡᠯ ᠱᠠᠭᠠᠷᠳᠠᠯᠭ᠎ᠠ ᠵᠢᠴᠢ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠵᠠᠭᠠᠯᠳᠤᠭᠰᠠᠨ ᠪᠠ ᠢᠯᠡᠴᠢᠯᠡᠵᠦ ᠮᠡᠳᠡᠭᠦᠯᠦᠭᠰᠡᠨ ᠢ ᠨᠢ ᠬᠦᠯᠢᠶᠡᠨ ᠠᠪᠬᠤ ᠶᠢᠨ ᠬᠠᠮᠲᠤ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃
     ᠨᠠᠢᠮᠠᠳᠤᠭᠠᠷ ᠪᠦᠯᠦᠭ  ᠳᠠᠭᠠᠯᠳᠤᠭᠤᠯᠤᠯ ᠲᠦᠷᠢᠮ
     ᠭᠤᠴᠢᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
     ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃
     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                       2021 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ