ᠤᠯᠤᠰ ᠤᠨ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠦᠭᠰᠡᠨ ᠡᠰᠡᠬᠦ ᠳᠤ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/1/29

      9 ᠳ᠋ᠦ᠋ᠭᠡᠷ ᠰᠠᠷ᠎ᠠ ᠶᠢᠨ 22 ᠠᠴᠠ 28 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠨᠢ ᠦᠨᠳᠦᠰᠦᠨ ᠳᠤ ᠪᠠᠨ ᠲᠡᠩᠴᠡᠭᠦᠷᠢᠲᠡᠶ ᠰᠢᠶᠠᠨ ᠳᠤ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠰᠠᠨᠠᠯ ᠢᠶᠠᠨ ᠬᠠᠷᠢᠭᠤ ᠲᠤᠰᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠦᠭᠰᠡᠨ ᠡᠰᠡᠬᠦ ᠳᠤ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠤᠨ ᠵᠠᠬᠢᠳᠠᠯ︾ ︵ᠲᠥᠷᠥ ᠰᠤᠷᠭᠠᠨ ᠬᠥᠮᠦᠵᠢᠯ ᠰᠢᠮᠳᠠᠭᠤᠯᠤᠨ ᠵᠢᠯᠣᠭᠤᠳᠬᠤ ᠠᠯᠪᠠᠨ ᠵᠠᠬᠢᠳᠠᠯ ﹇2021﹈ 68 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠬᠦᠴᠦᠲᠡᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠪᠠᠷ ᠵᠠᠬᠢᠳᠠᠯ ᠢᠶᠠᠷ ᠮᠡᠳᠡᠭᠦᠯᠪᠡ᠄
      ᠨᠢᠭᠡ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ
      9 ᠳ᠋ᠦ᠋ᠭᠡᠷ ᠰᠠᠷ᠎ᠠ ᠶᠢᠨ 28 ᠤ ᠡᠳᠦᠷ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠤᠭ ᠤᠨ ᠲᠡᠷᠢᠭᠦᠨ ᠳᠤ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠭᠡᠷ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ ᠪᠦᠬᠦ ᠲᠠᠯ᠎ᠠ ᠪᠠᠷ ᠴᠡᠭᠴᠡᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠬᠦ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾ ︵ᠳᠣᠷᠣᠭᠰᠢ ︽ᠴᠡᠭᠴᠡᠯᠡᠨ ᠰᠠᠶᠢᠵᠢᠷᠠᠭᠤᠯᠬᠤ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠪᠠ ᠬᠡᠷᠡᠭᠯᠡᠯᠲᠡ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ 5 ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ 3 ᠵᠦᠢᠯ ᠤᠨ ᠠᠵᠢᠯ ᠤᠨ ᠬᠠᠷᠠᠯᠲᠠ ᠶᠢ ᠳᠤᠷᠠᠳᠤᠨ ᠭᠠᠷᠭᠠᠵᠤ᠂ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ 4 ᠵᠦᠢᠯ ᠤᠨ ᠡᠭᠦᠷᠭᠡ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 6 ᠵᠦᠢᠯ ᠤᠨ ᠡᠭᠦᠷᠭᠡ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠬᠤ 4 ᠵᠦᠢᠯ ᠤᠨ ᠡᠭᠦᠷᠭᠡ ᠪᠣᠯᠭᠠᠨ ᠨᠠᠷᠢᠯᠢᠬᠵᠢᠭᠤᠯᠵᠤ᠂ ᠪᠥᠬᠦᠳᠡ ᠳᠤ ᠨᠠᠷᠢᠨ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠤ ᠨᠢᠭᠡᠴᠢ ᠶᠢ ᠵᠦᠢᠯ ᠵᠤᠷᠪᠤᠰ ᠳᠠᠷᠠᠭᠠᠯᠠᠨ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠬᠡᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠬᠡ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠠᠭᠠᠰ ᠰᠠᠷ᠎ᠠ ᠪᠦᠷᠢ ᠳᠤ ᠠᠵᠢᠯ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠬᠡᠷᠡᠭᠵᠢᠭᠦᠯᠦᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠥᠬᠦ ᠶᠠᠪᠤᠴᠠ ᠳᠤ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠵᠤ᠂ ᠦᠷᠭᠦᠯᠵᠢᠯᠡᠨ ᠮᠥᠷᠳᠡᠨ ᠲᠣᠬᠢᠷᠠᠭᠤᠯᠪᠠ᠃ 11 ᠳ᠋ᠦ᠋ᠭᠡᠷ ᠰᠠᠷ᠎ᠠ ᠶᠢᠨ 19 ᠤ ᠡᠳᠦᠷ᠂ ᠪᠥᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠳᠠᠬᠢᠨ ᠠᠬᠢᠭᠤᠯᠵᠤ ᠳᠠᠬᠢᠨ ᠰᠢᠮᠳᠠᠭᠤᠯᠪᠠ᠃ ︽ᠴᠡᠭᠴᠡᠯᠡᠨ ᠰᠠᠶᠢᠵᠢᠷᠠᠭᠤᠯᠬᠤ ᠲᠥᠰᠦᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠤᠰ ᠲᠤᠰ ᠴᠡᠭᠴᠡᠯᠡᠨ ᠰᠠᠶᠢᠵᠢᠷᠠᠭᠤᠯᠵᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠳᠤ ᠴᠢᠭᠯᠡᠭᠦᠯᠦᠨ᠂ ᠨᠢᠭᠡ ᠠᠴᠠ ᠨᠥᠬᠦᠭᠡ ᠶᠢ ᠵᠦᠢᠴᠢᠯᠡᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠶᠢ ᠳᠣᠪᠤᠶᠢᠯᠭᠠᠨ᠂ ᠰᠢᠰᠲ᠋ᠧᠮ ᠲᠠᠢ ᠪᠠᠷ ᠠᠷᠭ᠎ᠠ ᠪᠣᠳᠣᠯᠭ᠎ᠠ ᠰᠦᠪᠡᠭᠴᠢᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ ᠶᠢ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠯᠤᠭ᠎ᠠ ᠤᠶᠠᠯᠳᠤᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠮᠥᠷᠲᠡᠭᠡᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠯᠤᠭ᠎ᠠ ᠬᠠᠷᠢᠯᠴᠠᠨ ᠵᠣᠯᠭᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠣᠳᠠᠲᠠᠶ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠪᠡ᠃
      ᠬᠤᠶᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ
      ︵ᠨᠢᠭᠡ︶ ᠳᠠᠷᠤᠶ ᠳᠤ ᠨᠢ ᠬᠡᠷᠡᠭᠵᠢᠭᠦᠯᠵᠦ ᠳᠠᠷᠤᠶ ᠳᠤ ᠨᠢ ᠥᠭᠡᠷᠡᠴᠢᠯᠡᠬᠦ 4 ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃
      1. ᠰᠤᠷᠭᠠᠨ ᠬᠥᠮᠦᠵᠢᠯ ᠤᠨ ᠵᠠᠷᠤᠳᠠᠯ ᠵᠠᠷᠤᠯᠭ᠎ᠠ ᠶᠢᠨ ᠲᠣᠭᠲᠠᠭᠠᠯ ᠳᠤ ᠨᠡᠶᠢᠴᠡᠬᠦ ᠥᠬᠡᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠰᠤᠷᠭᠠᠨ ᠬᠥᠮᠦᠵᠢᠯ ﹇2019﹈ 121 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠥᠬᠦᠶ ᠲᠣᠭᠲᠠᠭᠠᠯ ᠲᠠᠢ ᠬᠠᠷᠢᠴᠠᠭᠤᠯᠵᠤ᠂ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ ᠳᠤ ᠪᠥᠬᠦ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠵᠢᠷᠤᠮᠵᠢᠭᠤᠯᠤᠨ ᠬᠡᠷᠡᠭᠯᠡᠬᠦ᠂ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠭᠦᠢᠴᠡᠳ ᠳᠣᠭᠢᠷᠠᠭᠤᠯᠬᠤ ᠶᠢ ᠦᠨᠡᠨ ᠬᠦ ᠪᠠᠲᠤᠯᠠᠪᠠ᠃
      ᠠᠤᠬᠠᠨ ᠬᠤᠰᠢᠭᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢᠶᠠᠷ 171 ᠨᠡᠷᠡᠰ ᠠᠮᠤᠷ ᠢ ᠬᠠᠮᠠᠭᠠᠯᠠᠬᠤ ᠠᠵᠢᠯᠲᠠᠨ ᠳᠤ ᠴᠠᠯᠢᠩ ᠥᠭᠭᠦᠭᠰᠡᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠠᠴᠠ ᠰᠤᠳᠤᠯᠤᠭᠠᠳ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠤ ᠬᠠᠮᠲᠤ᠂ ᠬᠡᠤᠬᠡᠳ ᠤᠨ ᠴᠡᠴᠡᠷᠯᠢᠭ ᠲᠤ 75 ᠨᠡᠷᠡᠰ ᠠᠮᠤᠷ ᠢ ᠬᠠᠮᠠᠭᠠᠯᠠᠭᠴᠢ ᠶᠢ ᠨᠡᠮᠡᠨ ᠤᠷᠢᠪᠠ᠃ ᠳ᠋ᠧᠩᠺᠸᠤ ᠰᠢᠶᠠᠨ ︽ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠨ ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠢᠩᠬᠢᠨᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠪᠠᠷ ᠦᠢᠯᠡᠴᠢᠯᠡᠭᠡᠨ ᠤ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠭᠦᠯᠬᠦ ᠪᠠᠷ ᠲᠣᠭᠲᠠᠵᠠᠢ᠃ ᠡᠭᠦᠨ ᠤ ᠬᠠᠮᠲᠤ᠂ ︽ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ︾ ᠪᠠ ︽ᠳᠤᠮᠳᠠᠳᠤ ᠪᠠᠭ᠎ᠠ ᠰᠤᠷᠭᠠᠭᠤᠯᠢ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ ᠶᠡᠷᠦᠩᠬᠡᠶ ᠲᠣᠭᠠᠨ ᠤ 5% ᠪᠠᠷ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠳᠣᠭᠢᠷᠠᠭᠤᠯᠬᠤ︾ ᠲᠣᠭᠲᠠᠭᠠᠯ ᠶᠣᠰᠣᠭᠠᠷ᠂ 2022 ᠣᠨ ᠤ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠨᠢᠭᠡᠨᠲᠡ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠪᠠᠶᠢᠨ᠎ᠠ᠃
      2. ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠡᠳᠦᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠠᠵᠢᠯ ᠤᠨ ᠦᠷ᠎ᠡ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤ ᠵᠢᠯᠣᠭᠤᠳᠬᠤ ᠰᠠᠨᠠᠯ ᠢ ᠤᠯᠠᠮᠵᠢᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2008﹈ 133 ᠳ᠋ᠤᠭᠠᠷ ᠲᠣᠭᠠᠲᠤ︶ ᠳᠤ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠠᠵᠢᠯ ᠤᠨ ᠣᠯᠭᠤᠮᠵᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠤᠷᠭᠠᠭᠤᠯᠢ ᠶᠢ ᠰᠢᠮᠳᠠᠭᠤᠯᠤᠨ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠪᠠᠭᠰᠢ ᠶᠢᠨ ᠣᠯᠭᠤᠮᠵᠢ ᠪᠠᠲᠤᠯᠠᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠲᠤᠬᠠᠶ ᠮᠡᠳᠡᠭᠳᠡᠯ︾ ᠢ ᠴᠠᠭ ᠲᠤᠬᠠᠶ ᠳᠤ ᠨᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠳᠠᠷᠦ᠋ᠢᠬᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠰᠠᠭᠤᠳᠠᠯ ᠡᠭᠦᠰᠦᠭᠰᠡᠨ ᠰᠢᠯᠲᠠᠭᠠᠨ ᠢ ᠵᠠᠳᠠᠯᠤᠨ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠢᠯ ᠪᠦᠷᠢ ᠶᠢᠨ ᠨᠢᠭᠡᠳᠦᠭᠡᠷ ᠤᠯᠠᠷᠢᠯ ᠤᠨ ᠡᠴᠦᠰ ᠲᠤ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃ ︽ᠠᠯᠪᠠᠨ ᠵᠢᠷᠤᠮ ᠤᠨ ᠪᠠᠭᠰᠢ ᠶᠢᠨ ᠴᠠᠯᠢᠩ ᠣᠯᠭᠤᠮᠵᠢ ᠶᠢ ᠤᠯᠠᠮ ᠨᠢᠭᠡ ᠠᠯᠬᠤᠮ ᠪᠠᠲᠤᠯᠠᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2019﹈ 55 ᠳ᠋ᠤᠭᠠᠷ ᠲᠣᠭᠠᠲᠤ︶ ᠢ ᠦᠨᠳᠦᠰᠦᠯᠡᠪᠡᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠣᠯᠭᠤᠮᠵᠢ ᠲᠠᠢ ᠬᠠᠮᠲᠤ ᠲᠣᠬᠢᠷᠠᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠠᠶᠢᠭ᠎ᠠ ᠭᠠᠵᠠᠷ ᠨᠢ ᠠᠯᠪᠠᠲᠠᠨ ᠤ ᠴᠠᠯᠢᠩ ᠣᠯᠭᠤᠮᠵᠢ ᠳᠤ ᠲᠣᠬᠢᠷᠠᠭᠤᠯᠤᠯᠲᠠ ᠬᠢᠬᠦ ᠳᠤ ᠪᠠᠨ ᠡᠷᠬᠡᠪᠰᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠳᠤ ᠵᠣᠬᠢᠴᠠᠩᠭᠤᠶ ᠪᠠᠷ ᠲᠣᠬᠢᠷᠠᠭᠤᠯᠤᠯᠲᠠ ᠬᠢᠵᠦ᠂ ᠵᠢᠯ ᠪᠦᠷᠢ ᠶᠢᠨ ᠡᠴᠦᠰ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ ᠶᠢᠨ ᠪᠠᠶᠢᠳᠠᠯ ᠬᠢᠭᠡᠳ ᠠᠯᠪᠠᠲᠠᠨ ᠤ ᠣᠷᠣᠯᠭ᠎ᠠ ᠶᠢᠨ ᠪᠠᠶᠢᠳᠠᠯ ᠢ ᠬᠠᠷᠢᠴᠠᠭᠤᠯᠬᠤ ᠠᠵᠢᠯ ᠢ ᠥᠷᠨᠢᠭᠦᠯᠵᠦ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠯᠭᠤᠮᠵᠢ ᠶᠢᠨ ᠬᠠᠷᠢᠴᠠᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ ᠬᠡᠷᠡᠭᠲᠡᠢ᠃
      ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠰᠢᠨ᠎ᠡ ᠪᠠᠷᠭᠤ ᠵᠡᠭᠦᠨ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠵᠢᠴᠢ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠦᠯ︾ ︵ᠰᠢᠨ᠎ᠡ ᠪᠠᠷᠭᠤ ᠵᠡᠭᠦᠨ ᠵᠠᠰᠠᠭ ᠥᠰᠥᠭ ﹇2021﹈ 66 ᠳ᠋ᠤᠭᠠᠷ ᠲᠣᠭᠠᠲᠤ︶ ᠢ ᠲᠣᠭᠲᠠᠭᠠᠨ ᠨᠡᠶᠢᠲᠡᠯᠡᠵᠦ᠂ ᠡᠯ᠎ᠡ ᠰᠤᠷᠭᠠᠭᠤᠯᠢ ᠲᠥᠰᠦᠯ ᠢ ᠦᠨᠳᠦᠰᠦᠯᠡᠨ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠲᠥᠰᠦᠯ ᠢ ᠲᠣᠭᠲᠠᠭᠠᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ ᠪᠠᠭᠰᠢ ᠠᠵᠢᠯᠲᠠᠨ ᠳᠤ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠳᠦᠷᠢᠮ ᠢ ᠬᠡᠷᠡᠭᠵᠢᠭᠦᠯᠦᠨ᠎ᠡ᠃ ᠤᠯᠠᠭᠠᠨᠬᠠᠳᠠ ᠬᠤᠲᠠ ᠶᠢᠨ ᠡᠯ᠎ᠡ ᠬᠤᠰᠢᠭᠤ ᠰᠢᠶᠠᠨ ︵ᠲᠣᠭᠤᠷᠢᠭ︶ ᠪᠣᠯᠤᠨ ᠳ᠋ᠧᠩᠺᠸᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ 2009 ᠣᠨ ᠤ 12 ᠳ᠋ᠤᠭᠠᠷ ᠰᠠᠷ᠎ᠠ ᠠᠴᠠ ᠡᠬᠢᠯᠡᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠨᠢᠭᠡᠨᠲᠡ ᠪᠥᠬᠦ ᠲᠠᠯ᠎ᠠ ᠪᠠᠷ ᠬᠡᠷᠡᠭᠵᠢᠭᠦᠯᠪᠡ᠃
      3. ᠵᠢᠭᠠᠨ ᠰᠤᠷᠭᠠᠯᠲᠠ ᠶᠢᠨ ᠬᠠᠮᠢᠶᠠᠷᠤᠯᠲᠠ ᠨᠢ ᠵᠢᠷᠤᠮᠵᠢᠯ ᠦᠭᠡᠢ ᠪᠠᠶᠢᠬᠤ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ︽ᠰᠢᠨ᠎ᠡ ᠴᠠᠭ ᠦᠶ᠎ᠡ ᠶᠢᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠪᠠᠷᠢᠮᠵᠢᠶ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠰᠤᠷᠭᠠᠨ ᠬᠥᠮᠦᠵᠢᠯ ᠰᠠᠭᠤᠷᠢ ﹇2017﹈ 9 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠤ ᠬᠠᠮᠲᠤ᠂ ᠰᠤᠷᠭᠠᠭᠤᠯᠢ ᠶᠢ ᠰᠢᠮᠳᠠᠭᠤᠯᠤᠨ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠬᠢᠴᠢᠶᠡᠯ ᠤᠨ ᠲᠥᠰᠦᠯ ᠤᠨ ᠶᠣᠰᠣᠭᠠᠷ ᠪᠣᠶ ᠪᠥᠬᠦᠶ ᠬᠢᠴᠢᠶᠡᠯ ᠢ ᠪᠦᠷᠢᠨ ᠭᠦᠢᠴᠡᠳ ᠲᠣᠬᠢᠷᠠᠭᠤᠯᠤᠨ ᠨᠡᠭᠡᠭᠡᠵᠡᠶ᠃ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2021﹈ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠰᠤᠷᠭᠠᠭᠤᠯᠢ ᠣᠨᠣᠯ ᠤᠨ ᠬᠢᠴᠢᠶᠡᠯ ᠪᠠ ᠦᠢᠯᠡᠳᠦᠯᠭᠡ ᠶᠢᠨ ᠬᠢᠴᠢᠶᠡᠯ ᠢ ᠬᠠᠷᠢᠯᠴᠠᠨ ᠤᠶᠠᠯᠳᠤᠭᠤᠯᠵᠤ᠂ ᠦᠢᠯᠡᠳᠦᠯᠭᠡ ᠶᠢᠨ ᠬᠢᠴᠢᠶᠡᠯ ᠢᠶᠠᠷ ᠭᠤᠤᠯ ᠪᠣᠯᠭᠠᠭᠰᠠᠨ᠂ ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠬᠥᠮᠦᠵᠢᠯ ᠤᠨ ᠬᠥᠮᠦᠨ ᠬᠥᠮᠦᠵᠢᠭᠦᠯᠬᠦ ᠶᠡᠷᠦᠩᠬᠡᠶᠢᠯᠡᠭᠰᠡᠨ ᠴᠢᠳᠠᠮᠵᠢ ᠶᠢ ᠦᠨᠡᠨ ᠬᠦ ᠪᠦᠲᠦᠮᠵᠢᠲᠡᠶ ᠪᠠᠳᠠᠷᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ︵ᠰᠤᠷᠭᠠᠨ ᠬᠥᠮᠦᠵᠢᠯ ᠰᠠᠭᠤᠷᠢ ﹇2019﹈ 16 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠬᠢᠴᠢᠶᠡᠯ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠤᠨ᠂ ᠲᠤᠷᠰᠢᠯᠲᠠ ᠶᠢᠨ ᠲᠠᠰᠤᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃
      4. ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠵᠢᠷᠤᠮᠵᠢᠯ ᠥᠬᠡᠶ ᠪᠠᠶᠢᠬᠤ ᠠᠰᠠᠭᠤᠳᠠᠯ ᠤᠨ ᠲᠤᠬᠠᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠲᠠᠢ ᠬᠠᠮᠲᠤᠷᠠᠨ ︽︿ᠥᠪᠡᠷᠲᠡᠭᠡᠨ ᠵᠠᠰᠠᠬᠤ ᠣᠷᠣᠨ ᠤ ︿ᠢᠳᠡᠬᠦ ᠡᠮᠦᠰᠬᠦ ᠶᠠᠪᠤᠬᠤ ᠰᠠᠭᠤᠬᠤ﹀ ᠵᠠᠬ᠎ᠠ ᠳᠡᠯᠭᠡᠭᠦᠷ ᠤᠨ ᠬᠦᠷᠢᠶᠡᠨ ᠳᠠᠬᠢ ᠬᠤᠯᠪᠣᠭᠠᠯᠠᠵᠤ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠲᠤᠯᠠᠨ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ ᠬᠠᠮᠠᠭᠠᠯᠠᠬᠤ ᠠᠵᠢᠯᠯᠠᠭ᠎ᠠ ᠶᠢ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠨᠢᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ ᠢ ᠪᠥᠬᠦ ᠣᠷᠣᠨ ᠤ ᠰᠤᠷᠭᠠᠭᠤᠯᠢ ᠶᠢᠨ ᠬᠤᠭᠤᠯᠠᠨ ᠬᠡᠷ ᠲᠤ ᠪᠥᠬᠦ ᠲᠠᠯ᠎ᠠ ᠪᠠᠷ ᠣᠷᠣᠭᠤᠯᠬᠤ ᠶᠢ ᠠᠬᠢᠭᠤᠯᠵᠤ᠂ ᠡᠳᠦᠷ ᠲᠣᠳᠣᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠲᠦᠭᠰᠢᠭᠦᠷᠢ ᠳᠤ ᠲᠠᠰ ᠬᠤᠪᠢᠶᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ ᠨᠠᠮᠤᠷ ᠤᠨ ᠤᠯᠠᠷᠢᠯ ᠤᠨ ᠰᠤᠷᠤᠯᠭ᠎ᠠ ᠤᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠪᠥᠬᠦ ᠣᠷᠣᠨ ᠤ ᠰᠤᠷᠭᠠᠭᠤᠯᠢ ᠶᠢᠨ ᠬᠤᠭᠤᠯᠠᠨ ᠬᠡᠷ ᠵᠢᠴᠢ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠨᠡᠶᠢᠲᠡ 10024 ᠤᠳᠠᠭ᠎ᠠ ᠪᠠᠶᠢᠴᠠᠭᠠᠵᠤ᠂ 10370 ᠬᠥᠮᠦᠨ ᠤᠳᠠᠭ᠎ᠠ ᠳᠠᠶᠢᠴᠢᠯᠠᠨ ᠬᠠᠤᠯᠢ ᠬᠡᠷᠡᠭᠵᠢᠭᠦᠯᠵᠦ᠂ 260 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 7 ᠬᠡᠷᠡᠭ ᠢ ᠳᠡᠩᠰᠡᠯᠡᠵᠦ᠂ 12.1 ᠲᠦᠮᠡᠨ ᠲᠥᠭᠦᠷᠢᠭ ᠲᠣᠷᠭᠠᠵᠤ ᠬᠤᠷᠢᠶᠠᠮᠵᠢᠯᠠᠪᠠ᠃ ᠡᠯ᠎ᠡ ᠠᠶᠢᠮᠠᠭ ᠬᠤᠲᠠ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ 2663 ᠠᠰᠠᠭᠤᠳᠠᠯ ᠪᠠ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠠᠷ ᠰᠢᠮᠳᠠᠭᠤᠯᠵᠤ᠂ ᠪᠥᠬᠦ ᠣᠷᠣᠨ ᠤ ᠪᠣᠶ ᠪᠥᠬᠦᠶ ᠰᠤᠷᠭᠠᠭᠤᠯᠢ ᠶᠢᠨ ᠬᠤᠭᠤᠯᠠᠨ ᠬᠡᠷ ᠤᠨ ︽ᠢᠯᠡ ᠲᠣᠭᠤᠭᠠᠨ ᠭᠡᠷ︾ ᠪᠣᠯᠬᠤ ᠶᠢ ᠪᠡᠶᠡᠯᠡᠭᠦᠯᠵᠦ᠂ 53% ᠶᠢᠨ ᠰᠤᠷᠭᠠᠭᠤᠯᠢ ᠶᠢᠨ ᠬᠤᠭᠤᠯᠠᠨ ᠬᠡᠷ ᠲᠤ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠢ ᠬᠡᠷᠡᠭᠵᠢᠭᠦᠯᠪᠡ᠃
      ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠳᠤ ᠬᠢᠨᠠᠨ ᠰᠢᠨᠵᠢᠯᠡᠯᠲᠡ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 12 ᠠᠶᠢᠮᠠᠭ ᠬᠤᠲᠠ ᠶᠢᠨ 37 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠯ᠎ᠡ ᠲᠥᠷᠥᠯ ᠤᠨ ᠰᠤᠷᠭᠠᠭᠤᠯᠢ ᠶᠢ ᠬᠠᠮᠤᠷᠤᠭᠤᠯᠵᠤ᠂ ᠰᠤᠷᠭᠠᠭᠤᠯᠢ ᠶᠢᠨ ᠢᠳᠡᠭᠡᠨ ᠤ 860 ᠬᠤᠪᠢ ᠥᠯᠢᠭᠡᠷ ᠡᠳ᠋ ᠲᠤ ᠬᠢᠨᠠᠨ ᠰᠢᠨᠵᠢᠯᠡᠯᠲᠡ ᠬᠢᠬᠦ ᠶᠢ ᠪᠡᠶᠡᠯᠡᠭᠦᠯᠵᠦ᠂ 4626 ᠵᠤᠷᠪᠤᠰ ᠬᠢᠨᠠᠨ ᠰᠢᠨᠵᠢᠯᠡᠯᠲᠡ ᠶᠢᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠪᠡ᠃ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠳᠤ ᠬᠢᠨᠠᠨ ᠰᠢᠨᠵᠢᠯᠡᠯᠲᠡ ᠬᠢᠬᠦ ᠠᠵᠢᠯ ᠢ ᠢᠳᠡᠪᠬᠢᠲᠡᠶ ᠠᠬᠢᠭᠤᠯᠵᠤ᠂ 2021 ᠣᠨ ᠳᠤ 2 ᠠᠶᠢᠮᠠᠭ ᠬᠤᠲᠠ ᠶᠢᠨ 8 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠢᠨᠠᠨ ᠰᠢᠨᠵᠢᠯᠡᠯᠲᠡ ᠬᠢᠵᠦ ᠪᠠᠶᠢᠭᠰᠠᠨ ᠠᠴᠠ ᠵᠢᠯ ᠪᠦᠷᠢ 30 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠢᠨᠠᠨ ᠰᠢᠨᠵᠢᠯᠡᠯᠲᠡ ᠬᠢᠬᠦ ᠪᠣᠯᠭᠠᠨ ᠥᠷᠭᠡᠳᠬᠡᠵᠦ᠂ ︽2019 ᠣᠨ — 2021 ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠳᠤ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ ᠮᠡᠷᠭᠡᠵᠢᠯ ᠤᠨ ᠮᠡᠳᠡᠭᠦᠯᠦᠯᠲᠡ︾ ᠶᠢ ᠪᠣᠶ ᠪᠣᠯᠭᠠᠪᠠ᠃ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 300 ᠭᠠᠷᠤᠶ ᠲᠠᠯᠠᠪᠤᠷ ᠵᠣᠬᠢᠶᠠᠨ ᠪᠠᠶᠢᠭᠤᠯᠵᠤ᠂ 3.2 ᠲᠦᠮᠡᠨ ᠪᠠᠭᠰᠢ ᠰᠣᠷᠣᠭᠴᠢ ᠭᠥᠯᠢᠶᠡᠨ ᠠᠪᠴᠤ ᠰᠣᠨᠣᠰᠪᠠ᠃
      ᠠᠤᠬᠠᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠬᠡᠰᠡᠭ ᠰᠤᠷᠭᠠᠭᠤᠯᠢ ᠶᠢᠨ ᠰᠣᠷᠣᠭᠴᠢ ᠶᠢᠨ ᠬᠤᠭᠤᠯᠠᠨ ᠬᠡᠷ ᠤᠨ ᠠᠵᠢᠯᠯᠠᠭᠠᠨ ᠤ ᠲᠠᠰᠤᠭ ᠲᠤ ᠪᠠᠨ ᠬᠤᠯᠤᠭᠠᠨ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠥᠬᠡᠶ᠂ ᠢᠳᠡᠭᠡᠨ ᠤ ᠥᠯᠢᠭᠡᠷ ᠡᠳ᠋ ᠦᠯᠡᠳᠡᠭᠡᠬᠦ ᠲᠤᠰᠬᠠᠶ ᠯᠠᠩᠭᠦᠶ ᠪᠠᠨ ᠣᠨᠢᠰᠤᠯᠠᠭᠰᠠᠨ ᠥᠬᠡᠶ᠂ ᠬᠤᠭᠤᠯᠠᠨ ᠬᠡᠷ ᠤᠨ ᠥᠯᠢᠭᠡᠷ ᠡᠳ᠋ ᠦᠯᠡᠳᠡᠭᠡᠭᠰᠡᠨ ᠢᠳᠡᠭᠡᠨ ᠤ ᠨᠡᠷᠡᠶᠢᠳᠦᠯ᠂ ᠥᠯᠢᠭᠡᠷ ᠡᠳ᠋ ᠦᠯᠡᠳᠡᠭᠡᠭᠰᠡᠨ ᠲᠤᠭ᠎ᠠ ᠬᠡᠮᠵᠢᠶ᠎ᠡ᠂ ᠥᠯᠢᠭᠡᠷ ᠡᠳ᠋ ᠦᠯᠡᠳᠡᠭᠡᠭᠰᠡᠨ ᠴᠠᠭ ᠬᠤᠭᠤᠴᠠᠭ᠎ᠠ᠂ ᠥᠯᠢᠭᠡᠷ ᠡᠳ᠋ ᠦᠯᠡᠳᠡᠭᠡᠭᠰᠡᠨ ᠬᠥᠮᠦᠨ ᠵᠡᠷᠭᠡ ᠶᠢᠨ ᠮᠡᠳᠡᠭᠡ ᠵᠠᠩᠭᠢ ᠨᠢ ᠪᠦᠷᠢᠨ ᠪᠤᠰᠤ᠂ ᠬᠤᠭᠤᠯᠠᠨ ᠬᠡᠷ ᠤᠨ ᠠᠷᠢᠭᠤᠳᠬᠠᠭᠰᠠᠨ ᠲᠡᠮᠳᠡᠭᠯᠡᠯ ᠳᠠᠬᠢ ︽ᠠᠷᠢᠭᠤᠳᠬᠠᠬᠤ ᠠᠷᠭ᠎ᠠ ᠮᠠᠶ᠋ᠢᠭ︾ ᠤᠨ ᠲᠡᠮᠳᠡᠭᠯᠡᠯ ᠨᠢ ᠪᠣᠳᠠᠲᠠᠶ ᠲᠠᠢ ᠨᠡᠶᠢᠴᠡᠬᠦ ᠥᠬᠡᠶ ᠵᠡᠷᠭᠡ ᠠᠰᠠᠭᠤᠳᠠᠯ ᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃
      ︵ᠬᠤᠶᠠᠷ︶ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 6 ᠵᠦᠢᠯ ᠤᠨ ᠡᠭᠦᠷᠭᠡ ᠶᠢ ᠡᠮᠬᠢ ᠵᠢᠷᠤᠮ ᠲᠠᠢ ᠪᠠᠷ ᠠᠬᠢᠭᠤᠯᠤᠨ ᠨᠠᠶᠢᠳᠠᠪᠤᠷᠢᠵᠢᠭᠤᠯᠪᠠ᠃
      1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠠᠳᠤᠶ ᠠᠰᠠᠭᠤᠳᠠᠯ ᠤᠨ ᠲᠤᠬᠠᠢ᠃ ᠡᠯ᠎ᠡ ᠱᠠᠲᠤᠨ ᠤ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ 2018 — 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠨᠡᠮᠡᠭᠳᠡᠯ ᠤᠨ ᠪᠠᠶᠢᠳᠠᠯ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠶᠢ ᠲᠠᠲᠠᠪᠤᠷᠢᠯᠠᠭᠰᠠᠨ ᠪᠠᠶᠢᠳᠠᠯ ᠤᠨ ᠲᠤᠬᠠᠶ ᠪᠥᠬᠦ ᠲᠠᠯ᠎ᠠ ᠪᠠᠷ ᠥᠪᠡᠷ ᠢᠶᠠᠨ ᠪᠠᠶᠢᠴᠠᠭᠠᠨ ᠵᠠᠯᠠᠷᠠᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠢ ᠪᠦᠬᠦᠨ ᠢ ᠰᠤᠷᠭᠠᠨ ᠬᠥᠮᠥᠵᠢᠯ ᠳᠤ ᠬᠡᠷᠡᠭᠯᠡᠬᠦ ᠶᠢ ᠪᠠᠲᠤᠯᠠᠪᠠ᠃ 2020 ᠣᠨ ᠳᠤ᠂ ᠪᠥᠬᠦ ᠣᠷᠣᠨ ᠤ ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ 642.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.3% ᠪᠠᠷ ᠨᠡᠮᠡᠭᠳᠡᠪᠡ᠃ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠶ ᠣᠷᠣᠯᠭ᠎ᠠ 2325.75 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 1.68% ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠭᠳᠡᠯ ᠨᠢ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠶ ᠣᠷᠣᠯᠭ᠎ᠠ ᠶᠢᠨ ᠨᠡᠮᠡᠭᠳᠡᠯ ᠠᠴᠠ 6.98 ᠵᠠᠭᠤᠨ ᠤ ᠴᠡᠭ ᠥᠨᠳᠥᠷ ᠪᠣᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠰᠤᠷᠭᠠᠨ ᠬᠥᠮᠦᠵᠢᠯ ᠤᠨ ᠵᠠᠷᠤᠳᠠᠯ 3537.54 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠳᠤ 1873.93 ᠳ᠋ᠦᠩᠰᠢᠭᠤᠷ ᠲᠥᠭᠦᠷᠢᠭ ᠬᠡᠷᠡᠭᠯᠡᠵᠦ᠂ 52.97% ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ 2016 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠥᠬᠦ ᠣᠷᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ︽ᠬᠤᠶᠠᠷ ᠢ ᠭᠡᠯᠳᠦᠷᠢᠭᠦᠯᠵᠦ ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠢᠭᠡᠳᠬᠡᠵᠦ᠂ ᠰᠣᠷᠣᠭᠴᠢ ᠨᠢᠭᠡᠪᠦᠷᠢ ᠶᠢᠨ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠤᠭ᠎ᠠ ᠶᠢ ᠨᠢᠭᠡᠳᠬᠡᠵᠦ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠵᠠᠷᠤᠳᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠰᠤᠷᠭᠠᠨ ᠬᠥᠮᠥᠵᠢᠯ ᠤᠨ ᠵᠠᠷᠤᠳᠠᠯ ᠤᠨ ᠳᠠᠭᠠᠯᠳᠤᠭᠤᠯᠵᠤ ᠪᠣᠯᠬᠤ ᠶᠢ ᠪᠡᠶᠡᠯᠡᠭᠦᠯᠪᠡ᠃ 2020 ᠣᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠨᠢᠭᠡᠪᠦᠷᠢ ᠶᠢᠨ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠰᠣᠷᠣᠭᠴᠢ ᠨᠢᠭᠡᠪᠦᠷᠢ ᠳᠤ ᠵᠢᠯ ᠪᠦᠷᠢ ᠪᠠᠭ᠎ᠠ ᠰᠤᠷᠭᠠᠭᠤᠯᠢ 650 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 850 ᠲᠦᠭᠦᠷᠢᠭ ᠪᠣᠯᠭᠠᠪᠠ᠃ ᠮᠠᠯᠵᠢᠬᠤ ᠲᠠᠷᠢᠶᠠᠯᠠᠬᠤ ᠣᠷᠣᠨ ᠤ ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠷ ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠬᠦ ᠳᠤ ᠨᠥᠬᠦᠪᠥᠷᠢ ᠥᠭᠴᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠬᠡᠷ ᠪᠠᠶᠢᠰᠢᠩ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠪᠠ᠃ ᠲᠥᠪᠯᠡᠷᠡᠨ ᠬᠡᠰᠡᠭᠷᠡᠭᠰᠡᠨ ᠣᠨᠴᠠ ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠳᠤ ᠠᠮᠢᠳᠤᠷᠠᠯ ᠤᠨ ᠨᠥᠬᠦᠪᠥᠷᠢ ᠣᠯᠭᠤᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠲᠥᠯᠥᠪᠯᠡᠭᠡ ᠶᠢ ᠬᠡᠷᠡᠭᠵᠢᠭᠦᠯᠪᠡ᠃ 2018 ᠣᠨ ᠤ 7 ᠳ᠋ᠤᠭᠠᠷ ᠰᠠᠷ᠎ᠠ ᠠᠴᠠ ᠡᠬᠢᠯᠡᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ︽ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾ ᠶᠢᠨ ᠪᠠᠭᠰᠢ ᠳᠤ ᠬᠥᠮᠦᠨ ᠪᠦᠷᠢ ᠰᠤᠷᠤᠯᠭ᠎ᠠ ᠶᠢᠨ ᠵᠢᠯ ᠪᠦᠷᠢ ᠳᠤ 3.82 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠪᠡ᠃ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠ ᠤᠮᠳᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠰᠣᠷᠣᠭᠴᠢ ᠨᠢᠭᠡᠪᠦᠷᠢ ᠶᠢᠨ ᠡᠳᠦᠷ ᠤᠨ 4 ᠲᠥᠭᠦᠷᠢᠭ ᠪᠠᠶᠢᠭᠰᠠᠨ ᠠᠴᠠ 5 ᠲᠥᠭᠦᠷᠢᠭ ᠪᠣᠯᠭᠠᠨ ᠳᠡᠭᠡᠭᠰᠢᠯᠡᠭᠦᠯᠪᠡ᠃
      ᠰᠢᠨ᠎ᠡ ᠪᠠᠷᠭᠤ ᠵᠡᠭᠦᠨ ᠬᠤᠰᠢᠭᠤᠨ ᠤ ᠬᠢᠨ 2018 — 2020 ᠣᠨ ᠤ ᠳᠤᠲᠠᠭᠤ ᠨᠥᠬᠦᠪᠦᠷᠢᠯᠡᠭᠰᠡᠨ 594 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠨᠥᠬᠦᠪᠥᠷᠢ ᠶᠢ ᠨᠢᠭᠡᠨᠲᠡ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ 390 ᠲᠦᠮᠡᠨ ᠲᠥᠭᠦᠷᠢᠭ ᠢ 2021 ᠣᠨ ᠤ ᠰᠤᠷᠭᠠᠭᠤᠯᠢ ᠶᠢᠨ ᠬᠦᠷᠢᠶᠡᠨ ᠤ ᠳᠤᠯᠠᠭᠠᠯᠠᠭ᠎ᠠ᠂ ᠰᠡᠯᠪᠢᠨ ᠵᠠᠰᠠᠬᠤ ᠵᠠᠷᠤᠳᠠᠯ ᠳᠤ ᠬᠡᠷᠡᠭᠯᠡᠵᠦ᠂ 204 ᠲᠦᠮᠡᠨ ᠲᠥᠭᠦᠷᠢᠭ ᠢ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠤᠢ᠃ ︽ᠰᠤᠷᠭᠠᠨ ᠬᠥᠮᠦᠵᠢᠯ ᠤᠨ ᠵᠠᠷᠤᠳᠠᠯ ᠢ 1908 ᠲᠦᠮᠡᠨ ᠲᠥᠭᠦᠷᠢᠭ ᠳᠤᠲᠠᠭᠤ ᠰᠠᠯᠭᠠᠵᠤ ᠥᠭᠭᠦᠭᠰᠡᠨ︾ ᠪᠠ ︽2020 ᠣᠨ ᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠳᠤᠮᠳᠠᠴᠢ ᠲᠥᠰᠦᠪ ᠤᠨ ᠳᠣᠲᠣᠷᠠᠬᠢ ᠰᠤᠷᠭᠠᠨ ᠬᠥᠮᠦᠵᠢᠯ ᠤᠨ ᠵᠠᠷᠤᠳᠠᠯ ᠢ 350 ᠲᠦᠮᠡᠨ ᠲᠥᠭᠦᠷᠢᠭ ᠳᠤᠲᠠᠭᠤ ᠰᠠᠯᠭᠠᠵᠤ ᠥᠭᠭᠦᠭᠰᠡᠨ︾ ᠠᠰᠠᠭᠤᠳᠠᠯ ᠳᠤ ᠴᠢᠭᠯᠡᠭᠦᠯᠦᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠨ᠎ᠡ ᠪᠠᠷᠭᠤ ᠵᠡᠭᠦᠨ ᠬᠤᠰᠢᠭᠤᠨ ᠳᠤ ᠳᠠᠪᠠᠭᠤᠯᠤᠨ ᠰᠢᠯᠵᠢᠭᠦᠯᠬᠦ ᠪᠠᠯᠠ ᠮᠥᠩᠭᠦ ᠶᠢ ᠭᠦᠢᠴᠡᠳᠬᠡᠬᠦ ᠪᠠᠷ ᠲᠣᠭᠲᠠᠵᠤ᠂ ᠳᠠᠪᠠᠭᠤᠯᠤᠨ ᠰᠢᠯᠵᠢᠭᠦᠯᠬᠦ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠣᠨ᠂ ᠬᠤᠭᠤᠴᠠᠭ᠎ᠠ ᠬᠤᠪᠢᠶᠠᠨ ᠨᠥᠬᠦᠪᠥᠷᠢᠯᠡᠨ ᠥᠭᠴᠦ᠂ 2025 ᠣᠨ ᠠᠴᠠ ᠡᠮᠦᠨ᠎ᠡ ᠳᠤᠲᠠᠭᠤ ᠨᠥᠬᠦᠪᠦᠷᠢᠯᠡᠨ ᠥᠭᠭᠦᠭᠰᠡᠨ ᠪᠠᠯᠠ ᠮᠥᠩᠭᠦ ᠶᠢ ᠪᠦᠬᠦᠨ ᠢ ᠨᠥᠬᠦᠪᠥᠷᠢᠯᠡᠨ ᠰᠠᠯᠭᠠᠵᠤ ᠥᠭᠬᠦ ᠶᠢ ᠭᠦᠢᠴᠡᠳᠬᠡᠨ᠎ᠡ᠃ ᠠᠤᠬᠠᠨ ᠬᠤᠰᠢᠭᠤᠨ ᠤ ᠳᠤᠲᠠᠭᠤ ᠰᠠᠯᠭᠠᠵᠤ ᠥᠭᠭᠦᠭᠰᠡᠨ 1025 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ ᠵᠠᠷᠤᠳᠠᠯ ᠪᠠ 545.2 ᠲᠦᠮᠡᠨ ᠲᠥᠭᠦᠷᠢᠭ ᠤᠨ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ 9 ᠳ᠋ᠦ᠋ᠭᠡᠷ ᠰᠠᠷ᠎ᠠ ᠶᠢᠨ 26 ᠤ ᠡᠳᠦᠷ ᠪᠦᠬᠦᠨ ᠢ ᠨᠥᠬᠦᠪᠦᠷᠢᠯᠡᠨ ᠥᠭᠴᠦ᠂ ᠠᠤᠬᠠᠨ ᠬᠤᠰᠢᠭᠤᠨ ᠤ ᠰᠢᠨ ᠬᠤᠶ ᠠᠷᠪᠠᠳᠤᠭᠠᠷ ᠪᠠᠭ᠎ᠠ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠ ᠪᠠᠭᠰᠢ ᠶᠢᠨ ᠪᠣᠯᠪᠠᠰᠤᠷᠠᠯ ᠤᠨ ᠠᠵᠢᠯ ᠳᠤ ᠬᠡᠷᠡᠭᠯᠡᠪᠡ᠃ ᠳ᠋ᠧᠩᠺᠸᠤ ᠰᠢᠶᠠᠨ ᠤ ᠬᠢᠨ 2018 ᠣᠨ ᠳᠤ ᠳᠤᠲᠠᠭᠤ ᠰᠠᠯᠭᠠᠵᠤ ᠥᠭᠭᠦᠭᠰᠡᠨ 574 ᠲᠦᠮᠡᠨ ᠲᠥᠭᠦᠷᠢᠭ ᠢ ᠨᠢᠭᠡᠨᠲᠡ ᠨᠥᠬᠦᠪᠦᠷᠢᠯᠡᠨ ᠥᠭᠴᠦ᠂ 2018 ᠣᠨ ᠳᠤ ᠭᠤᠷᠪᠠᠨ ᠨᠡᠮᠡᠭᠳᠡᠯ ᠨᠢ ᠴᠥᠮ ᠪᠠᠷᠢᠮᠵᠢᠶ᠎ᠠ ᠳᠤ ᠬᠦᠷᠴᠡᠢ᠃
      2. ᠰᠤᠷᠭᠠᠨ ᠬᠥᠮᠦᠵᠢᠯ ᠤᠨ ᠵᠠᠷᠤᠳᠠᠯ ᠤᠨ ᠬᠢᠨᠠᠨ ᠬᠠᠮᠢᠶᠠᠷᠤᠯᠲᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠤᠨ ᠲᠤᠬᠠᠢ᠃ ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ 10 ᠳ᠋ᠤᠭᠠᠷ ᠰᠠᠷ᠎ᠠ ᠶᠢᠨ 14 ᠤ ᠡᠳᠦᠷ 2018 — 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠳᠤ ᠲᠤᠰᠬᠠᠶ ᠬᠢᠨᠠᠨ ᠪᠤᠳᠤᠯᠲᠠ ᠬᠢᠵᠦ᠂ 11 ᠳ᠋ᠦ᠋ᠭᠡᠷ ᠰᠠᠷ᠎ᠠ ᠶᠢᠨ 10 ᠤ ᠡᠳᠦᠷ ᠨᠢᠭᠡᠨᠲᠡ ᠪᠥᠬᠦ ᠬᠢᠨᠠᠨ ᠪᠤᠳᠤᠯᠲᠠ ᠶᠢ ᠳᠠᠭᠤᠰᠬᠠᠵᠤ᠂ 11 ᠳ᠋ᠦ᠋ᠭᠡᠷ ᠰᠠᠷ᠎ᠠ ᠶᠢᠨ 15 ᠤ ᠡᠳᠦᠷ ᠬᠢᠨᠠᠨ ᠪᠤᠳᠤᠯᠲᠠ ᠶᠢᠨ ᠮᠡᠳᠡᠭᠦᠯᠦᠯᠲᠡ ᠭᠠᠷᠭᠠᠪᠠ᠃ ᠳ᠋ᠧᠩᠺᠸᠤ ᠰᠢᠶᠠᠨ ᠤ ᠬᠢᠨᠠᠨ ᠪᠤᠳᠤᠬᠤ ᠲᠣᠪᠴᠢᠶ᠎ᠠ ᠠᠴᠠ ᠳ᠋ᠧᠩᠺᠸᠤ ᠰᠢᠶᠠᠨ ᠤ ᠨᠢᠭᠡᠳᠦᠭᠡᠷ ᠪᠦᠷᠢᠨ ᠳᠤᠮᠳᠠᠳᠤ ᠰᠤᠷᠭᠠᠭᠤᠯᠢ ᠪᠣᠯᠤᠨ ᠳ᠋ᠧᠩᠺᠸᠤ ᠰᠢᠶᠠᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠬᠢᠨᠠᠨ ᠪᠤᠳᠤᠯᠳᠠ ᠬᠢᠵᠦ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠳᠣᠲᠣᠭᠠᠳᠤ ᠬᠢᠨᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠯᠭ᠎ᠠ ᠳᠤᠷᠠᠳᠴᠤ᠂ ᠣᠳᠣᠬᠠᠨ ᠳᠤ ᠡᠯ᠎ᠡ ᠰᠤᠷᠭᠠᠭᠤᠯᠢ ᠶᠢᠨ ᠬᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠳᠠᠭᠤᠰᠪᠠ᠃
      3. ᠪᠠᠭᠰᠢ ᠶᠢᠨ ᠡᠩᠨᠡᠭᠡᠨ ᠤ ᠪᠦᠲᠦᠴᠡ ᠶᠢᠨ ᠴᠢᠨᠠᠷᠲᠠᠢ ᠳᠤᠲᠠᠭᠤᠳᠠᠯ ᠤᠨ ᠠᠰᠠᠭᠤᠳᠠᠯ ᠤᠨ ᠲᠤᠬᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ᠪᠠᠷᠢᠮᠵᠢᠶ᠎ᠠ ᠶᠣᠰᠣᠭᠠᠷ ᠭᠤᠷᠪᠠᠨ ᠵᠢᠯ ᠳᠤ ᠨᠢᠭᠡ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠳᠤ ᠲᠣᠬᠢᠷᠠᠭᠤᠯᠤᠯᠲᠠ ᠬᠢᠵᠦ᠂ ᠨᠠᠰᠤ ᠠᠭᠢᠭᠰᠠᠨ᠂ ᠬᠡᠪ ᠴᠢᠨᠠᠷ ᠬᠡᠳᠦ ᠳᠣᠤᠷ᠎ᠠ ᠪᠠᠭᠰᠢ ᠵᠢᠴᠢ ᠬᠠᠷᠢᠴᠠᠯ ᠠᠴᠠ ᠬᠡᠲᠦᠷᠡᠭᠰᠡᠨ ᠬᠠᠮᠢᠶᠠᠷᠤᠯᠲᠠ ᠪᠠ ᠬᠢᠴᠢᠶᠡᠯ ᠬᠥᠮᠦᠵᠢᠯ ᠤᠨ ᠬᠠᠪᠰᠤᠷᠤᠨ ᠵᠢᠯᠣᠭᠤᠳᠬᠤ ᠠᠵᠢᠯᠲᠠᠨ ᠢ ᠵᠦᠶ ᠵᠣᠬᠢᠰᠲᠠᠶ ᠪᠠᠷ ᠠᠵᠢᠯ ᠤᠨ ᠪᠠᠶᠢᠷᠢ ᠰᠢᠯᠵᠢᠭᠦᠯᠦᠨ ᠲᠥᠪᠬᠢᠨᠡᠭᠦᠯᠵᠦ᠂ ᠬᠥᠮᠦᠨ ᠡᠯᠰᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠪᠠᠭᠰᠢ ᠠᠵᠢᠯᠲᠠᠨ ᠤ ᠣᠷᠣᠨ ᠲᠤᠭ᠎ᠠ ᠶᠢ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠵᠤ᠂ ᠲᠤᠬᠠᠶ ᠶᠢᠨ ᠭᠠᠵᠠᠷ ᠤᠨ ᠪᠠᠶᠢᠳᠠᠯ ᠳᠤ ᠨᠢ ᠳᠣᠭᠢᠷᠠᠭᠤᠯᠤᠨ ᠣᠷᠣᠨ ᠲᠤᠭ᠎ᠠ ᠶᠢ ᠬᠠᠷᠭᠤᠭᠤᠯᠬᠤ ᠠᠷᠭ᠎ᠠ ᠮᠠᠶ᠋ᠢᠭ ᠢ ᠰᠢᠨᠡᠴᠢᠯᠡᠵᠦ᠂ ᠬᠤᠲᠠ ᠬᠥᠳᠡᠭᠡ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠨᠢᠭᠡᠳᠬᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠳᠤ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠲᠤᠰᠬᠠᠶ ᠣᠷᠣᠨ ᠲᠤᠭ᠎ᠠ ᠶᠢ ᠲᠤᠰᠬᠠᠶᠢᠵᠢᠭᠤᠯᠤᠨ ᠬᠡᠷᠡᠭᠯᠡᠬᠦ ᠶᠢ ᠪᠡᠶᠡᠯᠡᠭᠦᠯᠪᠡ᠃ ᠪᠠᠭᠰᠢ ᠶᠢ ᠨᠥᠬᠦᠪᠥᠷᠢᠯᠡᠬᠦ ᠲᠠᠯ᠎ᠠ ᠪᠠᠷ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠤᠲᠠ ᠯᠤᠭ᠎ᠠ ᠬᠠᠷᠢᠯᠴᠠᠨ ᠨᠢᠭᠡᠳᠬᠡᠵᠦ᠂ ︽ᠠᠩᠭᠢ ᠪᠠᠭᠰᠢ ᠶᠢᠨ ᠬᠠᠷᠢᠴᠠᠯ︾ ᠪᠠ ︽ᠰᠣᠷᠣᠭᠴᠢ ᠪᠠᠭᠰᠢ ᠶᠢᠨ ᠬᠠᠷᠢᠴᠠᠯ︾ ᠭᠡᠬᠦ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠦᠨᠳᠦᠰᠦᠨ ᠣᠷᠣᠨ ᠲᠤᠭ᠎ᠠ ᠶᠢ ᠬᠠᠷᠭᠤᠭᠤᠯᠤᠨ ᠲᠣᠭᠲᠠᠭᠠᠵᠤ᠂ ᠪᠤᠶᠢᠳᠠ ᠪᠥᠭᠯᠡᠭᠦᠤ ᠭᠠᠵᠠᠷ ᠣᠷᠣᠨ ᠤ ᠠᠩᠭᠢ ᠶᠢᠨ ᠲᠤᠭ᠎ᠠ ᠪᠠᠭ᠎ᠠ᠂ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠶᠡᠭᠡ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ 300 ᠨᠡᠷᠡᠰ ᠪᠠᠭᠰᠢ ᠶᠢᠨ ᠲᠤᠰᠬᠠᠶ ᠣᠷᠣᠨ ᠲᠤᠭ᠎ᠠ ᠶᠢ ᠳᠣᠭᠢᠷᠠᠭᠤᠯᠤᠨ ᠪᠥᠬᠦ ᠣᠷᠣᠨ ᠤ ︽ᠭᠤᠷᠪᠠᠨ ᠬᠢᠴᠢᠶᠡᠯ ᠲᠥᠷᠥᠯ︾ ᠤᠨ ᠪᠠᠭᠰᠢ ᠶᠢᠨ ᠪᠣᠯᠪᠠᠰᠤᠷᠠᠭᠤᠯᠤᠨ ᠨᠥᠬᠦᠪᠦᠷᠢᠯᠡᠬᠦ ᠡᠷᠭᠢᠯᠲᠡ ᠶᠢ ᠳᠡᠮᠵᠢᠬᠦ ᠳᠤ ᠬᠡᠷᠡᠭᠯᠡᠵᠦ᠂ ︽ᠭᠤᠷᠪᠠᠨ ᠬᠢᠴᠢᠶᠡᠯ ᠲᠥᠷᠥᠯ︾ ᠤᠨ 1600 ᠨᠡᠷᠡᠰ ᠪᠠᠭᠰᠢ ᠶᠢ ᠨᠥᠬᠦᠪᠦᠷᠢᠯᠡᠪᠡ᠃ 9 ᠠᠶᠢᠮᠠᠭ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠣᠷᠣᠨ ᠲᠤᠭ᠎ᠠ ᠶᠢ 1221 ᠨᠡᠷᠡᠰ ᠴᠤᠬᠤᠯᠠᠪᠤᠷᠢᠯᠠᠨ ᠬᠠᠷᠢᠭᠤᠯᠵᠤ᠂ ᠠᠶᠢᠮᠠᠭ ᠬᠤᠲᠠ ᠵᠢᠴᠢ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠬᠡᠷᠡᠭᠯᠡᠬᠦ ᠳᠤ 8336 ᠨᠡᠷᠡᠰ ᠬᠤᠭᠤᠰᠣᠨ ᠣᠷᠣᠨ ᠲᠤᠭ᠎ᠠ ᠬᠡᠷᠡᠭᠯᠡᠬᠦ ᠪᠠᠷ ᠳᠠᠩᠰᠠᠯᠠᠭᠤᠯᠪᠠ᠃ ᠬᠥᠮᠦᠨ ᠬᠡᠷᠡᠭᠯᠡᠬᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠨᠢᠭᠡᠨᠲᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠤᠷᠢᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠷᠬᠡ ᠶᠢᠨ ᠬᠢᠵᠠᠭᠠᠷ ᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠢᠭᠡᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠵᠡᠨ ᠮᠡᠳᠡᠵᠦ ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠪᠠᠭᠰᠢ ᠤᠷᠢᠨ ᠬᠡᠷᠡᠭᠯᠡᠬᠦ ᠠᠵᠢᠯ ᠤᠨ ᠲᠣᠭᠲᠠᠴᠠ ᠶᠢ ᠪᠣᠶ ᠪᠣᠯᠭᠠᠪᠠ᠃ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ 2021 ᠣᠨ ᠤ 5 ᠳ᠋ᠤᠭᠠᠷ ᠰᠠᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠤᠷᠢᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠨ ᠪᠠᠶᠢᠷᠢᠯᠠᠭᠤᠯᠪᠠ᠃ ᠡᠨᠡ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠠᠵᠢᠯ ᠤᠨ ᠰᠠᠷ᠎ᠠ ᠶᠢᠨ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠤᠷᠢᠨ ᠬᠡᠷᠡᠭᠯᠡᠬᠦ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠤᠷᠢᠨ ᠬᠡᠷᠡᠭᠯᠡᠬᠦ ᠭᠠᠷ ᠭᠦᠢᠴᠡᠳᠬᠡᠯ ᠢ ᠳᠥᠭᠦᠮᠴᠢᠯᠡᠨ᠂ ᠤᠷᠢᠨ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ 2021 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢ ᠨᠡᠶᠢᠲᠡ 8101 ᠨᠡᠷᠡᠰ ᠤᠷᠢᠨ ᠬᠡᠷᠡᠭᠯᠡᠵᠦ᠂ ᠨᠢᠭᠡᠨᠲᠡ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠪᠠᠨ ᠭᠠᠷᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠯᠪᠠᠨ ᠬᠡᠷ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ ᠨᠡᠶᠢᠲᠡᠯᠡᠪᠡ᠃
      4. ᠰᠤᠷᠭᠠᠭᠤᠯᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠳᠤ ᠳᠤᠲᠠᠭᠤᠳᠠᠯ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠰᠢᠯᠲᠠᠭᠠᠨ ᠢ ᠵᠠᠳᠠᠯᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠭᠤᠷᠠᠶ ᠭᠤᠭᠴᠤᠭ᠎ᠠ ᠶᠢ ᠬᠠᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠳᠬᠠᠵᠤ᠂ ᠰᠤᠷᠭᠠᠭᠤᠯᠢ ᠡᠷᠭᠢᠯᠡᠬᠦ ᠨᠥᠬᠦᠴᠡᠯ ᠬᠦᠷᠦᠯᠴᠡᠬᠦ ᠥᠬᠡᠶ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠪᠠᠲᠤᠯᠠᠨ ᠰᠠᠶᠢᠵᠢᠷᠠᠭᠤᠯᠬᠤ ᠲᠥᠯᠥᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠬᠠᠯᠠᠨ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠲᠥᠷᠥᠯ ᠵᠦᠢᠯ ᠤᠨ ᠲᠥᠯᠥᠪᠵᠢᠭᠦᠯᠭᠡ ︵2021 — 2025 ᠣᠨ︶︾ ᠶᠢ ᠳᠠᠷᠤᠮᠠᠯᠯᠠᠨ ᠲᠠᠷᠬᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠪᠠᠲᠤᠯᠠᠬᠤ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠭᠤᠤᠯᠳᠠᠯᠭ᠎ᠠ ᠲᠠᠢ ᠲᠣᠬᠢᠷᠠᠭᠤᠯᠤᠯᠲᠠ ᠬᠢᠪᠠ᠃ 2021 — 2025 ᠣᠨ ᠳᠤ᠂ ︽ᠴᠢᠳᠠᠪᠤᠷᠢ ᠶᠢ ᠳᠡᠭᠡᠭᠰᠢᠯᠡᠭᠦᠯᠬᠦ︾ ᠲᠥᠷᠥᠯ ᠵᠦᠢᠯ ᠢ ᠪᠥᠬᠦ ᠣᠷᠣᠨ ᠤ 12 ᠠᠶᠢᠮᠠᠭ ᠬᠤᠲᠠ ᠪᠠ 2 ᠠᠰ ᠲᠤ ᠨᠢ ᠲᠥᠯᠥᠪᠯᠡᠬᠦ ᠬᠤᠲᠠ᠂ 113 ᠰᠢᠶᠠᠨ ᠤ ᠱᠠᠲᠤᠨ ᠤ ᠨᠢᠭᠡᠴᠢ ︵ᠠᠶᠢᠮᠠᠭ ᠬᠤᠲᠠ ᠶᠢᠨ ᠲᠣᠰ ᠱᠠᠲᠤ᠂ ᠨᠡᠭᠡᠭᠡᠯᠲᠡ ᠶᠢᠨ ᠲᠣᠭᠤᠷᠢᠭ ᠪᠠᠭᠲᠠᠨ᠎ᠠ︶᠂ 1548 ᠰᠤᠷᠭᠠᠭᠤᠯᠢ ᠳᠤ ᠬᠠᠮᠤᠷᠤᠭᠤᠯᠤᠨ᠎ᠠ᠃ 59.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠵᠢᠭᠦᠯᠵᠦ᠂ ᠰᠤᠷᠭᠠᠭᠤᠯᠢ ᠶᠢᠨ ᠪᠠᠶᠢᠷᠢ ᠶᠢᠨ ᠭᠡᠷ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ 116.37 ᠲᠦᠮᠡᠨ ᠺᠤᠸᠠᠲ ᠮᠧᠲᠷ᠂ ᠲᠠᠮᠢᠷ ᠤᠨ ᠲᠠᠯᠠᠪᠠᠶ  282.22 ᠲᠦᠮᠡᠨ ᠺᠤᠸᠠᠲ ᠮᠧᠲᠷ᠂ ᠬᠥᠳᠡᠯᠮᠦᠷᠢ ᠶᠢᠨ ᠬᠥᠮᠦᠵᠢᠯ ᠤᠨ ᠲᠠᠯᠠᠪᠠᠶ ︵ᠠᠵᠢᠯᠯᠠᠭᠠᠨ ᠤ ᠦᠢᠯᠡᠳᠦᠯᠭᠡ ᠶᠢᠨ ᠰᠠᠭᠤᠷᠢᠨ ᠭᠠᠵᠠᠷ︶ 2.37 ᠲᠦᠮᠡᠨ ᠺᠤᠸᠠᠲ ᠮᠧᠲᠷ ᠬᠦᠷᠭᠡᠵᠦ᠂ ᠨᠣᠮ ᠪᠢᠴᠢᠭ ᠵᠢᠴᠢ ᠵᠢᠭᠠᠨ ᠰᠤᠷᠭᠠᠯᠲᠠ ᠶᠢᠨ ᠬᠡᠮᠵᠢᠭᠦᠷᠯᠢᠭ ᠪᠡᠯᠡᠳᠬᠡᠮᠵᠢ 10 ᠳ᠋ᠦᠩᠰᠢᠭᠤᠷ ᠲᠥᠭᠦᠷᠢᠭ᠂ ᠠᠮᠢᠳᠤᠷᠠᠯ ᠤᠨ ᠪᠡᠯᠡᠳᠬᠡᠮᠵᠢ 7881 ᠲᠦᠮᠡᠨ ᠲᠥᠭᠦᠷᠢᠭ᠂ ᠬᠢᠴᠢᠶᠡᠯ ᠤᠨ ᠰᠢᠷᠡᠭᠡ ᠰᠠᠨᠳᠠᠯᠢ 4874 ᠲᠦᠮᠡᠨ ᠲᠥᠭᠦᠷᠢᠭ᠂ ᠪᠤᠰᠤᠳ ᠪᠡᠯᠡᠳᠬᠡᠮᠵᠢ 1.5 ᠳ᠋ᠦᠩᠰᠢᠭᠤᠷ ᠲᠥᠭᠦᠷᠢᠭ ᠬᠤᠳᠠᠯᠳᠤᠨ ᠠᠪᠬᠤ ᠪᠠᠷ ᠲᠥᠯᠥᠪᠵᠢᠭᠦᠯᠪᠡ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 6.9 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠳᠡᠭᠡ ᠲᠣᠰᠬᠤᠨ ︵ᠭᠠᠴᠠᠭ᠎ᠠ︶ ᠤ ᠪᠠᠭ᠎ᠠ ᠬᠡᠪᠴᠢᠶᠡᠨ ᠤ ᠰᠤᠷᠭᠠᠭᠤᠯᠢ ᠪᠣᠯᠤᠨ ᠰᠤᠮᠤ ᠰᠢᠶᠠᠩ ᠪᠠᠯᠭᠠᠰᠤ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃ 1.3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠮᠵᠢᠵᠦ᠂ ᠪᠠᠭᠰᠢ ᠶᠢᠨ ᠲᠤᠰᠬᠠᠶ ᠪᠣᠯᠪᠠᠰᠤᠷᠠᠯ ᠢ ᠥᠷᠨᠢᠭᠦᠯᠪᠡ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠠᠬᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ᠂ ᠤᠤᠯ ᠤᠨ ᠤᠯᠤᠰ ᠤᠨ ᠲᠠᠰ ᠤᠨ 31 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠵᠢᠴᠢ ᠠᠮᠢᠳᠤᠷᠠᠯ ᠳᠤ ᠬᠡᠷᠡᠭᠯᠡᠬᠦ ᠬᠡᠷ ᠪᠠᠶᠢᠰᠢᠩ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠪᠠ ᠬᠥᠳᠡᠯᠮᠦᠷᠢ ᠶᠢᠨ ᠬᠥᠮᠥᠵᠢᠯ ᠤᠨ ᠲᠠᠯᠠᠪᠤᠷ ᠭᠠᠵᠠᠷ᠂ ᠬᠢᠯᠢ ᠬᠢᠵᠠᠭᠠᠷ ᠤᠨ ᠬᠦᠴᠢᠷ ᠪᠡᠷᠬᠡᠰᠢᠶᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠷᠭᠢᠯᠲᠡ ᠶᠢᠨ ᠪᠠᠶᠢᠷᠢ ᠵᠡᠷᠭᠡ ᠲᠥᠷᠥᠯ ᠵᠦᠢᠯ ᠳᠤ ᠭᠤᠤᠯᠳᠠᠯᠭ᠎ᠠ ᠲᠠᠢ ᠪᠠᠷ ᠪᠥᠲᠥᠭᠡᠨ ᠪᠠᠶᠢᠭᠤᠯᠤᠯᠲᠠ ᠬᠢᠪᠠ᠃ ᠵᠢᠯ ᠤᠨ ᠡᠴᠦᠰ ᠪᠣᠯᠬᠤ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ 14098 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠤᠤᠯ ᠤᠨ ᠤᠯᠤᠰ ᠤᠨ ᠲᠠᠰ ᠤᠨ 14 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠠ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ 1 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ 20 ᠳᠤᠮᠳᠠᠳᠤ ᠪᠠᠭ᠎ᠠ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠪᠠᠷ ᠪᠤᠢ᠃
      ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤᠨ ᠤ ᠬᠤᠶᠠᠷ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠭᠤᠯᠤᠨ᠂ ᠰᠣᠷᠣᠭᠴᠢ ᠨᠢᠭᠡᠪᠦᠷᠢ ᠶᠢᠨ ᠳᠤᠮᠳᠠᠴᠢ ᠵᠢᠭᠠᠨ ᠰᠤᠷᠭᠠᠯᠲᠠ ᠶᠢᠨ ᠪᠠᠭᠠᠵᠢ ᠬᠡᠮᠵᠢᠭᠦᠷᠯᠢᠭ ᠤᠨ ᠬᠡᠮᠵᠢᠭᠳᠡᠯ ᠨᠢ ᠨᠢᠭᠡᠨᠲᠡ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠬᠦᠷᠭᠡᠪᠡ᠃ ᠰᠤᠷᠭᠠᠭᠤᠯᠢ ᠶᠢᠨ ᠬᠤᠭᠤᠷᠣᠨᠳᠣ ᠲᠣᠬᠢᠷᠠᠭᠤᠯᠤᠯᠲᠠ ᠬᠢᠬᠦ᠂ ᠬᠤᠪᠢᠶᠠᠷᠢᠯᠠᠨ ᠲᠣᠬᠢᠷᠠᠭᠤᠯᠵᠤ ᠠᠵᠢᠯ ᠤᠨ ᠪᠠᠶᠢᠷᠢ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠳᠣᠲᠣᠷᠠᠬᠢ ᠣᠷᠣᠨ ᠲᠤᠭ᠎ᠠ ᠪᠠ ᠣᠷᠣᠨ ᠲᠤᠭ᠎ᠠ ᠠᠴᠠ ᠬᠡᠲᠦᠷᠡᠭᠰᠡᠨ ᠠᠰᠠᠭᠤᠳᠠᠯ ᠢ ᠰᠢᠢᠳᠪᠦᠷᠢᠯᠡᠵᠦ᠂ ᠪᠠᠭᠰᠢ ᠰᠣᠷᠣᠭᠴᠢ ᠶᠢᠨ ᠬᠠᠷᠢᠴᠠᠯ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠶᠢᠯᠭᠠᠬᠤ ᠶᠢ ᠪᠡᠶᠡᠯᠡᠭᠦᠯᠪᠡ᠃ ᠰᠤᠷᠭᠠᠨ ᠬᠥᠮᠦᠵᠢᠯ ᠢ ᠳᠡᠮᠵᠢᠵᠦ ᠬᠠᠪᠰᠤᠷᠤᠨ ᠲᠡᠳᠬᠦᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠢᠭᠠᠨ ᠰᠤᠷᠭᠠᠯᠲᠠ ᠶᠢᠨ ᠨᠢᠷᠤᠭᠤᠪᠴᠢ ᠬᠦᠴᠦᠨ ᠢ ᠰᠣᠩᠭᠤᠨ ᠲᠣᠮᠢᠯᠠᠵᠤ ᠦᠨᠳᠦᠰᠦᠨ ᠱᠠᠲᠤᠨ ᠤ ᠰᠤᠷᠭᠠᠭᠤᠯᠢ ᠳᠤ ᠤᠷᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠥᠷᠨᠢᠭᠦᠯᠵᠦ᠂ ᠪᠠᠭᠤᠷᠠᠶ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠰᠣᠷᠣᠭᠴᠢ ᠶᠢᠨ ᠭᠠᠳᠠᠭᠰᠢ ᠨᠡᠭᠦᠳᠡᠯᠯᠡᠬᠦ ᠶᠢ ᠬᠢᠵᠠᠭᠠᠷᠯᠠᠵᠤ᠂ ᠦᠨᠳᠦᠰᠦᠨ ᠱᠠᠲᠤᠨ ᠤ ᠰᠤᠷᠭᠠᠭᠤᠯᠢ ᠶᠢᠨ ︽ᠰᠣᠷᠣᠭᠴᠢ ᠶᠢᠨ ᠢᠷᠡᠯᠲᠡ ᠬᠦᠷᠦᠯᠴᠡᠬᠦ ᠥᠬᠡᠶ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃ ᠠᠤᠬᠠᠨ ᠬᠤᠰᠢᠭᠤᠨ ᠤ ᠣᠷᠣᠨ ᠲᠤᠭ᠎ᠠ ᠢᠯᠡᠭᠦᠳᠡᠬᠦ ᠠᠰᠠᠭᠤᠳᠠᠯ ᠣᠷᠣᠰᠢᠵᠤ ᠪᠠᠶᠢᠭ᠎ᠠ 3 ᠰᠤᠷᠭᠠᠭᠤᠯᠢ ᠠᠴᠠ 2 ᠢ ᠨᠢ ᠰᠢᠢᠳᠪᠦᠷᠢᠯᠡᠵᠦ᠂ 2 ᠰᠤᠷᠭᠠᠭᠤᠯᠢ ᠶᠢᠨ ᠴᠢᠳᠠᠮᠵᠢ ᠶᠢᠨ ᠲᠠᠰᠤᠭ ᠬᠦᠷᠦᠯᠴᠡᠬᠦ ᠥᠬᠡᠶ ᠪᠠᠶᠢᠬᠤ ᠪᠠ 2 ᠰᠤᠷᠭᠠᠭᠤᠯᠢ ᠶᠢᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ  ᠵᠢᠭᠠᠨ ᠰᠤᠷᠭᠠᠯᠲᠠ ᠶᠢᠨ ᠬᠠᠪᠰᠤᠷᠤᠮᠵᠢ ᠬᠡᠷ ᠪᠠᠶᠢᠰᠢᠩ ᠨᠢ ᠪᠠᠷᠢᠮᠵᠢᠶ᠎ᠠ ᠳᠤ ᠬᠥᠷᠬᠦ ᠥᠬᠡᠶ ᠵᠡᠷᠭᠡ ᠠᠰᠠᠭᠤᠳᠠᠯ ᠢ ᠨᠢᠭᠡᠨᠲᠡ ᠬᠤᠰᠢᠭᠤᠨ ᠤ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ 2022 ᠣᠨ ᠠᠴᠠ 2025 ᠣᠨ ᠪᠣᠯᠲᠠᠯ᠎ᠠ ᠵᠢᠯ ᠳᠠᠷᠠᠭᠠᠯᠠᠨ ᠰᠢᠢᠳᠪᠦᠷᠢᠯᠡᠬᠦ ᠪᠠᠷ ᠪᠤᠢ᠃ ᠳ᠋ᠧᠩᠺᠸᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠦᠬᠦ ᠰᠢᠶᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠯᠡᠳᠬᠡᠮᠵᠢ ᠶᠢ ᠪᠦᠬᠦ ᠲᠠᠯ᠎ᠠ ᠪᠠᠷ ᠪᠠᠶᠢᠴᠠᠭᠠᠵᠤ᠂ ᠡᠪᠳᠡᠷᠡᠭᠰᠡᠨ ᠪᠡᠯᠡᠳᠬᠡᠮᠵᠢ ᠶᠢ ᠰᠡᠯᠪᠢᠨ ᠵᠠᠰᠠᠬᠤ ᠪᠠ ᠰᠣᠯᠢᠵᠤ᠂ ᠠᠯᠬᠤᠮ ᠠᠯᠬᠤᠮ ᠢᠶᠠᠷ ᠴᠢᠨᠠᠷᠯᠢᠭ ᠪᠥᠭᠡᠳ ᠲᠡᠩᠴᠡᠭᠦᠷᠢᠲᠡᠢ ᠦᠨᠡᠯᠡᠯᠲᠡ ᠶᠢᠨ ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠯᠡᠳᠬᠡᠮᠵᠢ ᠶᠢ ᠭᠦᠢᠴᠡᠳ ᠲᠣᠬᠢᠷᠠᠭᠤᠯᠪᠠ᠃ ᠪᠣᠷᠣᠬᠠᠢ ᠲᠠᠷᠢᠶᠠᠯᠠᠩ ᠤᠨ ᠲᠠᠯᠠᠪᠠᠶ ᠶᠢᠨ ᠰᠤᠷᠭᠠᠭᠤᠯᠢ ᠶᠢ ᠨᠡᠶᠢᠳᠬᠡᠬᠦ ᠠᠵᠢᠯ ᠢ ᠪᠡᠶᠡᠯᠡᠭᠦᠯᠵᠦ᠂ ᠡᠬᠢ ᠪᠠᠶᠠᠯᠢᠭ ᠢ ᠨᠡᠶᠢᠳᠬᠡᠭᠰᠡᠨ ᠤ ᠳᠠᠷᠠᠭ᠎ᠠ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢᠨ ᠢᠯᠡᠳᠬᠡᠮᠵᠢ ᠶᠢ ᠪᠠᠭᠠᠰᠬᠠᠵᠤ᠂ ᠨᠢᠷᠤᠭᠤᠪᠴᠢ ᠪᠠᠭᠰᠢ ᠶᠢᠨ ᠲᠠᠷᠬᠠᠯᠲᠠ ᠶᠢ ᠠᠯᠬᠤᠮ ᠠᠯᠬᠤᠮ ᠢᠶᠠᠷ ᠲᠡᠩᠴᠡᠭᠦᠷᠢᠲᠡᠶ ᠪᠣᠯᠭᠠᠪᠠ᠃
      5. ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢ ᠬᠤᠪᠢᠶᠠᠷᠢᠯᠠᠭᠠᠳᠤᠶ ᠠᠰᠠᠭᠤᠳᠠᠯ ᠤᠨ ᠲᠤᠬᠠᠢ᠃ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢᠭᠡᠨᠲᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠶᠢ ᠴᠡᠭᠴᠡᠯᠡᠨ ᠥᠭᠡᠷᠡᠴᠢᠯᠡᠬᠦ ᠲᠥᠰᠦᠯ ᠢ ᠲᠣᠭᠲᠠᠭᠠᠵᠤ᠂ 2022 ᠣᠨ ᠳᠤ ᠪᠥᠬᠦ ᠬᠤᠲᠠ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠶᠢᠨ ᠰᠢᠨ᠎ᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠪᠤᠢ᠃
      6. ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠵᠢᠷᠤᠮᠵᠢᠯ ᠥᠬᠡᠶ ᠠᠰᠠᠭᠤᠳᠠᠯ ᠤᠨ ᠲᠤᠬᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 11 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠠᠷᠢᠮᠵᠢᠶ᠎ᠠ ᠳᠤ ᠬᠦᠷᠭᠡᠬᠦ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠵᠠᠷᠯᠠᠯ︾ ᠢ ᠳᠠᠷᠤᠮᠠᠯᠯᠠᠨ ᠲᠠᠷᠬᠠᠭᠠᠵᠤ᠂ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠵᠤ᠂ ᠪᠥᠬᠦ ᠣᠷᠣᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠳᠤ ᠶᠡᠭᠡ ᠢᠯᠡᠷᠡᠭᠦᠯᠦᠯᠲᠡ᠂ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠬᠢᠪᠠ᠃
      ᠠᠤᠬᠠᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠠᠮᠤᠷ ᠢ ᠬᠠᠮᠠᠭᠠᠯᠠᠬᠤ ᠠᠵᠢᠯ ᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠪᠡᠯᠡᠳᠬᠡᠮᠵᠢ ᠶᠢ ᠭᠦᠢᠴᠡᠳ ᠳᠣᠭᠢᠷᠠᠭᠤᠯᠤᠨ᠂ ᠰᠤᠷᠭᠠᠭᠤᠯᠢ ᠶᠢᠨ ᠡᠭᠦᠳᠡᠨ ᠳᠠᠬᠢ ᠵᠠᠮ ᠬᠠᠷᠢᠯᠴᠠᠭᠠᠨ ᠤ ᠰᠡᠷᠡᠮᠵᠢ ᠶᠢᠨ ᠲᠡᠮᠳᠡᠭ᠂ ᠬᠤᠷᠳᠤᠴᠠ ᠪᠠᠭᠤᠷᠠᠭᠤᠯᠬᠤ ᠪᠦᠰᠡ᠂ ᠮᠥᠷᠭᠦᠯᠳᠦᠬᠦ ᠶᠢ ᠰᠡᠷᠭᠡᠶᠢᠯᠡᠬᠦ ᠪᠡᠯᠡᠳᠬᠡᠮᠵᠢ᠂ ᠬᠠᠲᠠᠭᠤᠯᠢᠭ ᠲᠤᠰᠠᠭᠠᠷᠯᠠᠬᠤ ᠪᠡᠯᠡᠳᠬᠡᠮᠵᠢ ᠵᠡᠷᠭᠡ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢ ᠵᠣᠬᠢᠰᠲᠠᠶ ᠳᠣᠭᠢᠷᠠᠭᠤᠯᠪᠠ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ︽ᠭᠤᠷᠪᠠ ᠶᠢ ᠰᠡᠷᠭᠡᠶᠢᠯᠡᠬᠦ︾ ᠣᠷᠣᠭᠤᠯᠤᠯᠲᠠ ᠶᠢ ᠨᠡᠮᠡᠭᠳᠡᠭᠦᠯᠵᠦ᠂ ︽ᠬᠤᠲᠠ᠂ ᠬᠤᠲᠠ ᠪᠠᠯᠭᠠᠰᠤ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠪᠠᠷ ᠪᠡᠶᠡᠯᠡᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠨᠣᠷᠮ᠎ᠠ ᠶᠢ 100% ᠪᠠᠷ ᠪᠡᠶᠡᠯᠡᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠨᠤᠷᠮ᠎ᠠ ᠶᠢ 100% ᠪᠠᠷ ᠪᠡᠶᠡᠯᠡᠭᠦᠯᠦᠨ᠎ᠡ︔ ᠬᠤᠲᠠ᠂ ᠬᠤᠲᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠮᠠᠰᠢᠨ᠂ ᠸᠢᠳᠢᠤ᠋ ᠬᠢᠨᠠᠨ ᠡᠵᠡᠮᠳᠡᠭᠦᠷ ᠤᠭᠰᠠᠷᠠᠬᠤ ᠨᠣᠷᠮ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠰᠦᠯᠵᠢᠶ᠎ᠡ ᠬᠤᠯᠪᠣᠬᠤ ᠨᠣᠷᠮ᠎ᠠ ᠶᠢ 100% ᠳᠤ ᠬᠦᠷᠭᠡᠨ᠎ᠡ︾ ᠭᠡᠬᠦ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
      ᠠᠤᠬᠠᠨ ᠬᠤᠰᠢᠭᠤᠨ ᠤ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠠᠮᠤᠷ ᠢ ᠬᠠᠮᠠᠭᠠᠯᠠᠭᠴᠢ ᠡᠯᠰᠡᠵᠦ᠂ ᠠᠮᠤᠷ ᠢ ᠬᠠᠮᠠᠭᠠᠯᠠᠬᠤ ᠲᠤᠰᠬᠠᠶ ᠵᠠᠷᠤᠳᠠᠯ ᠢ ᠬᠤᠰᠢᠭᠤᠨ ᠤ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠪᠠ᠃ ᠭᠤᠷᠪᠠᠨ ᠭᠤᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠪᠳᠡᠷᠡᠭᠰᠡᠨ ᠸᠢᠳᠢᠤ᠋ ᠬᠢᠨᠠᠨ ᠡᠵᠡᠮᠳᠡᠬᠦ ᠪᠡᠯᠡᠳᠬᠡᠮᠵᠢ ᠶᠢ ᠰᠣᠯᠢᠵᠤ᠂ ᠰᠦᠯᠵᠢᠶᠡᠨ ᠤ ᠺᠣᠮᠫᠠᠨᠢ ᠲᠠᠢ ᠣᠶᠢᠯᠠᠭᠠᠯᠴᠠᠵᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠬᠡᠪ ᠤᠨ ᠪᠠᠶᠢᠳᠠᠯ ᠢ ᠪᠠᠲᠤᠯᠠᠵᠤ᠂ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠰᠤᠷᠭᠠᠭᠤᠯᠢ ᠶᠢᠨ ᠰᠦᠯᠵᠢᠶ᠎ᠡ ᠬᠢᠭᠡᠳ ᠬᠢᠨᠠᠨ ᠡᠵᠡᠮᠳᠡᠬᠦ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠬᠢᠨᠠᠨ ᠡᠵᠡᠮᠳᠡᠬᠦ ᠵᠢᠷᠤᠭ ᠢ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠢᠯᠡᠷᠡᠭᠦᠯᠬᠦ ᠪᠠ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶ᠎ᠡ ᠲᠠᠢ ᠬᠤᠯᠪᠣᠨ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠰᠦᠯᠵᠢᠶᠡᠨ ᠤ ᠠᠰᠠᠭᠤᠳᠠᠯ ᠠᠴᠠ ᠪᠣᠯᠵᠣ ᠲᠦᠭᠰᠢᠭᠦᠷᠢ ᠮᠡᠳᠡᠭᠦᠯᠬᠦ ᠶᠢᠨ ᠠᠷᠭ᠎ᠠ ᠥᠬᠡᠶ ᠪᠣᠯᠬᠤ ᠠᠴᠠ ᠵᠠᠶᠢᠯᠠᠰᠬᠢᠬᠦ ᠶᠢᠨ ᠲᠤᠰᠠᠳᠠ᠂ 54 ᠳᠤᠮᠳᠠᠳᠤ ᠪᠠᠭ᠎ᠠ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠲᠤ ᠤᠲᠠᠰᠤ ᠥᠬᠡᠶ ᠨᠢᠭᠡ ᠳᠠᠷᠤᠪᠴᠢᠲᠤ ᠲᠦᠭᠰᠢᠭᠦᠷᠢ ᠮᠡᠳᠡᠭᠡᠯᠡᠬᠦ ᠮᠠᠰᠢᠨ ᠢ ᠨᠡᠮᠡᠵᠦ ᠲᠣᠬᠢᠷᠠᠭᠤᠯᠪᠠ᠃ ᠪᠠᠶᠢᠰᠡ ᠶᠢᠨ ᠣᠷᠳᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠭᠦᠳᠡᠨ ᠳᠤ ᠮᠥᠷᠭᠦᠯᠳᠦᠬᠦ ᠠᠴᠠ ᠰᠡᠷᠭᠡᠶᠢᠯᠡᠬᠦ ᠪᠠᠭᠠᠨ᠎ᠠ ᠲᠣᠬᠢᠷᠠᠭᠤᠯᠪᠠ᠃ 120 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠤᠰᠤᠳ 39 ᠰᠤᠷᠭᠠᠭᠤᠯᠢ ᠳᠤ ᠮᠥᠷᠭᠦᠯᠳᠦᠬᠦ ᠠᠴᠠ ᠰᠡᠷᠭᠡᠶᠢᠯᠡᠬᠦ ᠠᠦ᠋ᠲ᠋ᠤ᠋ ᠪᠠᠭᠠᠨ᠎ᠠ ᠤᠭᠰᠠᠷᠠᠵᠤ᠂ ᠬᠠᠮᠠᠭᠠᠯᠠᠯᠲᠠ ᠶᠢᠨ ᠪᠡᠯᠡᠳᠬᠡᠮᠵᠢ ᠶᠢ ᠭᠦᠢᠴᠡᠳ ᠲᠣᠬᠢᠷᠠᠭᠤᠯᠬᠤ ᠪᠠᠷ ᠲᠥᠯᠥᠪᠯᠡᠵᠦ ᠪᠣᠶ᠃
      ᠳ᠋ᠧᠩᠺᠸᠤ ᠰᠢᠶᠠᠨ ᠤ ᠬᠢᠨ ᠬᠡᠰᠡᠭ ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠳᠡᠭᠡᠷ᠎ᠡ ᠪᠠᠨ ᠶᠠᠪᠠᠭᠠᠨ ᠬᠥᠮᠦᠨ ᠶᠠᠪᠤᠬᠤ ᠬᠥᠨᠳᠡᠯᠡᠨ ᠱᠤᠭᠤᠮ ᠪᠣᠯᠤᠨ ᠬᠤᠷᠳᠤᠴᠠ ᠶᠢ ᠪᠠᠭᠤᠷᠠᠭᠤᠯᠬᠤ ᠢᠯᠡᠳᠬᠡᠮᠵᠢ ᠳᠡᠮᠳᠡᠭ ᠵᠢᠷᠤᠭᠰᠠᠨ ᠦᠬᠡᠢ ᠠᠰᠠᠭᠤᠳᠠᠯ ᠳᠤ ᠴᠢᠭᠯᠡᠭᠦᠯᠦᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠲᠣᠭᠲᠠᠭᠠᠵᠤ᠂ 2022 ᠣᠨ ᠤ 5 ᠳ᠋ᠤᠭᠠᠷ ᠰᠠᠷ᠎ᠠ ᠠᠴᠠ ᠡᠮᠦᠨ᠎ᠡ ᠰᠤᠷᠭᠠᠭᠤᠯᠢ ᠶᠢᠨ ᠶᠠᠪᠠᠭᠠᠨ ᠬᠥᠮᠦᠨ ᠶᠠᠪᠤᠬᠤ ᠬᠥᠨᠳᠡᠯᠡᠨ ᠵᠢᠷᠤᠭᠠᠰᠤ᠂ ᠰᠤᠷᠭᠠᠭᠤᠯᠢ ᠶᠢᠨ ᠡᠭᠦᠳᠡᠨ ᠳᠠᠬᠢ ᠬᠤᠷᠳᠤᠴᠠ ᠶᠢ ᠪᠠᠭᠤᠷᠠᠭᠤᠯᠬᠤ ᠪᠦᠰᠡ᠂ ᠮᠥᠷᠭᠦᠯᠳᠦᠬᠦ ᠶᠢ ᠰᠡᠷᠭᠡᠶᠢᠯᠡᠬᠦ ᠲᠣᠨᠣᠭᠯᠠᠯ᠂ ᠬᠠᠲᠠᠭᠤᠯᠢᠭ ᠲᠤᠰᠠᠭᠠᠷᠯᠠᠬᠤ ᠪᠡᠯᠡᠳᠬᠡᠮᠵᠢ ᠵᠡᠷᠭᠡ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ︔ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢ ᠳᠠᠷᠤᠭᠰᠠᠨ ᠤ ᠳᠠᠷᠠᠭ᠎ᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠤ ᠬᠠᠷᠢᠭᠤ ᠥᠭᠬᠦ ᠥᠬᠡᠶ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠠᠰᠠᠭᠤᠬᠤ ᠲᠠᠪᠴᠠᠩ ᠤᠨ ᠰᠦᠯᠵᠢᠶ᠎ᠡ ᠶᠢ ᠪᠠᠶᠢᠭᠤᠯᠤᠭᠰᠠᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠶᠡᠷᠦᠩᠬᠡᠶᠢᠯᠡᠨ ᠡᠵᠡᠮᠳᠡᠬᠦ ᠲᠠᠰᠤᠭ ᠲᠤ ᠰᠤᠷᠭᠠᠭᠤᠯᠢ ᠶᠢᠨ ᠤᠲᠠᠰᠤᠨ ᠨᠣᠮᠧᠷ ᠢᠯᠡᠷᠡᠬᠦ ᠪᠡᠯᠡᠳᠬᠡᠮᠵᠢ ᠤᠭᠰᠠᠷᠠᠵᠤ᠂ ᠲᠠᠪᠴᠠᠩ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠳᠣᠬᠠᠨ ᠳᠤ᠂ ᠰᠤᠷᠭᠠᠭᠤᠯᠢ ᠶᠢᠨ ᠬᠦᠷᠢᠶᠡᠨ ᠤ ᠸᠢᠳᠢᠤ᠋ ᠬᠢᠨᠠᠨ ᠡᠵᠡᠮᠳᠡᠭᠦᠷ ᠢ ᠦᠨᠳᠦᠰᠦᠨ ᠳᠤ ᠪᠠᠨ ᠤᠭᠰᠠᠷᠠᠵᠤ ᠳᠠᠭᠤᠰᠬᠠᠭᠠᠳ᠂ ᠣᠲᠣ ᠨᠢᠭᠡᠨᠲᠡ ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠨ ᠡᠵᠡᠮᠳᠡᠬᠦ ᠪᠠ ᠪᠠᠶᠢᠴᠠᠭᠠᠨ ᠠᠰᠠᠭᠤᠬᠤ ᠲᠠᠪᠴᠠᠩ ᠢ ᠳᠣᠲᠣᠭᠠᠳᠤ ᠶᠢ ᠬᠠᠮᠠᠭᠠᠯᠠᠬᠤ ᠰᠦᠯᠵᠢᠶ᠎ᠡ ᠲᠠᠢ ᠬᠤᠯᠪᠣᠨ ᠨᠡᠪᠲᠡᠷᠡᠭᠦᠯᠬᠦ ᠱᠠᠲᠤᠨ ᠳᠤ ᠣᠷᠣᠵᠤ᠂ ᠪᠠᠶᠢᠴᠠᠭᠠᠨ ᠠᠰᠠᠭᠤᠬᠤ ᠲᠠᠪᠴᠠᠩ ᠢ ᠰᠦᠯᠵᠢᠶᠡᠨ ᠳᠤ ᠬᠤᠯᠪᠣᠨ ᠨᠡᠪᠲᠡᠷᠡᠭᠦᠯᠬᠦ᠂ ᠸᠢᠳᠢᠤ᠋ ᠬᠢᠨᠠᠨ ᠡᠵᠡᠮᠳᠡᠭᠦᠷ ᠢ ᠰᠦᠯᠵᠢᠶᠡᠨ ᠳᠤ ᠨᠡᠪᠲᠡᠷᠡᠭᠦᠯᠬᠦ ᠨᠣᠷᠮ᠎ᠠ ᠶᠢ 100% ᠳᠤ ᠬᠦᠷᠭᠡᠬᠦ ᠬᠠᠷᠠᠯᠲᠠ ᠶᠢ ᠪᠡᠶᠡᠯᠡᠭᠦᠯᠪᠡ᠃ ᠬᠤᠶᠠᠷ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠠᠬᠢᠭᠤᠯᠵᠤ᠂ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ ᠭᠦᠢᠴᠡᠳ ᠲᠤᠭ᠎ᠠ ᠪᠠᠷ ᠪᠠᠲᠤᠯᠠᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠨᠣᠷᠮ᠎ᠠ 100%᠂ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠳᠤ ᠬᠤᠯᠪᠣᠭᠰᠠᠨ ᠨᠣᠷᠮ᠎ᠠ ᠶᠢ 100%᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠬᠤ ᠠᠵᠢᠯᠲᠠᠨ ᠤ ᠲᠣᠬᠢᠷᠠᠭᠤᠯᠤᠯᠲᠠ ᠶᠢᠨ ᠨᠣᠷᠮ᠎ᠠ ᠶᠢ 100%᠂ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠭᠡᠵᠦ᠂ ᠲᠠᠷᠢᠶᠠᠯᠠᠬᠤ ᠮᠠᠯᠵᠢᠬᠤ ᠣᠷᠣᠨ ᠤ ᠡᠭᠦᠳᠡ ᠨᠢ ᠵᠠᠮ ᠬᠠᠷᠠᠭᠰᠠᠨ ᠰᠤᠷᠭᠠᠭᠤᠯᠢ ᠪᠠ ᠬᠤᠲᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠳᠤ ᠴᠥᠮ ᠮᠥᠷᠭᠦᠯᠳᠦᠬᠦ ᠠᠴᠠ ᠰᠡᠷᠭᠡᠶᠢᠯᠡᠬᠦ ᠬᠠᠲᠠᠭᠤᠯᠢᠭ ᠠᠮᠤᠷ ᠲᠦᠪᠰᠢᠨ ᠤ ᠪᠡᠯᠡᠳᠬᠡᠮᠵᠢ ᠶᠢ ᠤᠭᠰᠠᠷᠠᠪᠠ᠃
      ᠰᠢᠨ᠎ᠡ ᠪᠠᠷᠭᠤ ᠵᠡᠭᠦᠨ ᠬᠤᠰᠢᠭᠤᠨ ᠤ ᠬᠢᠨ ︽ᠰᠤᠷᠭᠠᠭᠤᠯᠢ ᠶᠢᠨ ᠬᠦᠷᠢᠶᠡᠨ ᠤ ︿ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠰᠢᠰᠲ᠋ᠧᠮ﹀ ᠤᠨ ᠬᠡᠷᠡᠭᠯᠡᠯᠲᠡ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ︾ ᠢ ᠲᠣᠭᠲᠠᠭᠠᠵᠤ᠂ ᠰᠤᠷᠭᠠᠭᠤᠯᠢ ᠶᠢᠨ ᠬᠦᠷᠢᠶᠡᠨ ᠤ ᠲᠦᠭᠰᠢᠭᠦᠷᠢ ᠮᠡᠳᠡᠭᠡᠯᠡᠬᠦ ᠪᠡᠯᠡᠳᠬᠡᠮᠵᠢ ᠶᠢᠨ ᠰᠢᠯᠭᠠᠨ ᠲᠤᠷᠰᠢᠬᠤ ᠠᠵᠢᠯᠯᠠᠭ᠎ᠠ ᠶᠢ ᠰᠠᠷ᠎ᠠ ᠪᠦᠷᠢ 3 ᠤᠳᠠᠭ᠎ᠠ ᠵᠣᠬᠢᠶᠠᠨ ᠪᠠᠶᠢᠭᠤᠯᠵᠤ᠂ ᠭᠠᠭᠴᠠ ᠳᠠᠷᠤᠪᠴᠢᠲᠤ ᠲᠦᠭᠰᠢᠭᠦᠷᠢ ᠮᠡᠳᠡᠭᠡᠯᠡᠬᠦ ᠮᠠᠰᠢᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠪᠠᠷ ᠪᠤᠢ᠃ ᠣᠲᠣ ᠪᠣᠯᠲᠠᠯ᠎ᠠ᠂ ᠬᠤᠲᠠ ᠶᠢᠨ ᠲᠣᠭᠤᠷᠢᠭ ᠤᠨ 7 ᠰᠤᠷᠭᠠᠭᠤᠯᠢ ᠳᠤ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠪᠠᠶᠢᠷᠢ ᠶᠢ 14 ᠭᠠᠷᠭᠠᠵᠤ᠂ 6 ᠬᠤᠷᠳᠤᠴᠠ ᠪᠠᠭᠤᠷᠠᠭᠤᠯᠬᠤ ᠪᠦᠰᠡ ᠲᠠᠭᠠᠷᠠᠭᠤᠯᠵᠤ᠂ ᠮᠥᠷᠭᠦᠯᠳᠦᠬᠦ ᠠᠴᠠ ᠰᠡᠷᠭᠡᠶᠢᠯᠡᠬᠦ 8 ᠪᠡᠯᠡᠳᠬᠡᠮᠵᠢ ᠲᠠᠭᠠᠷᠠᠭᠤᠯᠵᠠᠶ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠬᠦᠷᠢᠶᠡᠨ ᠤ ᠬᠢᠮᠢ ᠶᠢᠨ ᠲᠤᠷᠰᠢᠯᠲᠠ ᠶᠢᠨ ᠲᠠᠰᠤᠭ ᠲᠤ ᠵᠢᠭᠰᠠᠭᠠᠨ ᠪᠠᠶᠢᠴᠠᠭᠠᠯᠲᠠ ᠬᠢᠵᠦ᠂ ᠠᠶᠤᠯᠲᠠᠶ ᠬᠢᠮᠢ ᠶᠢᠨ ᠪᠣᠳᠠᠰ ᠢ ᠬᠤᠶᠠᠷ ᠬᠥᠮᠦᠨ ᠬᠠᠮᠢᠶᠠᠷᠤᠭᠰᠠᠨ ᠬᠤᠤᠰ ᠣᠨᠢᠰᠤᠲᠤ ᠲᠤᠰᠬᠠᠶ ᠠᠪᠳᠠᠷ᠎ᠠ ᠳᠤ ᠬᠠᠳᠠᠭᠠᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠨᠲᠡ ᠰᠤᠷᠭᠠᠭᠤᠯᠢ ᠶᠢᠨ ᠬᠦᠷᠢᠶᠡᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠪᠠ ᠠᠵᠢᠯᠯᠠᠬᠤ ᠲᠦᠷᠢᠮ ᠢ ᠲᠣᠭᠲᠠᠭᠠᠨ ᠲᠡᠭᠦᠯᠳᠡᠷᠵᠢᠭᠦᠯᠪᠡ᠃ ᠬᠡᠰᠡᠭ ᠰᠤᠷᠭᠠᠭᠤᠯᠢ ᠶᠢᠨ ᠬᠢᠮᠢ ᠶᠢᠨ ᠲᠤᠷᠰᠢᠯᠲᠠ ᠶᠢᠨ ᠲᠠᠰᠤᠭ ᠲᠤ ᠰᠠᠯᠬᠢ ᠨᠡᠪᠲᠡᠷᠡᠭᠦᠯᠬᠦ ᠪᠡᠯᠡᠳᠬᠡᠮᠵᠢ ᠥᠬᠡᠶ᠂ ᠬᠤᠯᠠᠭᠠᠶᠢᠴᠢ ᠶᠢ ᠰᠡᠷᠭᠡᠶᠢᠯᠡᠬᠦ ᠡᠭᠦᠳᠡ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠨᠢᠭᠡᠨᠲᠡ ᠡᠬᠢᠯᠡᠭᠦᠯᠪᠡ᠃ ᠰᠤᠷᠭᠠᠭᠤᠯᠢ ᠶᠢᠨ ᠬᠦᠷᠢᠶᠡᠨ ᠤ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠢ ᠰᠢᠢᠳᠪᠦᠷᠢᠯᠡᠬᠦ ᠠᠵᠢᠯ ᠳᠤ ᠴᠢᠭᠯᠡᠭᠦᠯᠦᠨ᠂ ᠣᠳᠣᠬᠠᠨ ᠳᠤ ᠶᠠᠭ ᠠᠶᠤᠯᠲᠠᠶ ᠬᠢᠮᠢ ᠶᠢᠨ ᠪᠣᠳᠠᠰ ᠢ ᠰᠢᠢᠳᠪᠦᠷᠢᠯᠡᠬᠦ ᠠᠵᠤ ᠠᠬᠤᠶᠢᠯᠠᠯ ᠲᠠᠢ ᠵᠣᠯᠭᠠᠭᠤᠯᠵᠤ᠂ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠬᠦ ᠶᠢ ᠬᠡᠷᠡᠭᠵᠢᠭᠦᠯᠬᠦ ᠪᠠᠷ ᠪᠤᠢ᠃
      ︵ᠭᠤᠷᠪᠠ︶ 4 ᠵᠦᠢᠯ ᠤᠨ ᠣᠷᠳᠣ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠪᠠ᠃
      1. ᠶᠣᠰᠣ ᠮᠣᠷᠠᠯ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠨᠠᠶᠢᠳᠠᠪᠤᠷᠢᠵᠢᠭᠤᠯᠬᠤ ᠲᠤᠬᠠᠶ᠃ ᠨᠢᠭᠡ ᠳᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠪᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠥᠩᠭᠡᠷᠡᠭᠰᠡᠨ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ 2021 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠡᠷ᠎ᠡ ᠪᠠᠷ ︽ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︵2021 — 2025︶︾ ᠢ ᠳᠠᠷᠤᠮᠠᠯᠯᠠᠨ ᠲᠠᠷᠬᠠᠭᠠᠵᠤ᠂ ︽ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠶᠣᠰᠣ ᠮᠣᠷᠠᠯ ᠢ ᠮᠡᠳᠡᠵᠦ ᠣᠶᠤᠨ ᠤᠬᠠᠭᠠᠨ ᠢ ᠰᠡᠩᠬᠡᠷᠡᠭᠦᠯᠬᠦ᠂ ᠰᠡᠳᠬᠢᠯ ᠢᠶᠠᠨ ᠨᠢᠭᠡᠳᠬᠡᠨ ᠬᠠᠮᠲᠤ ᠪᠠᠷ ᠴᠣᠭᠴᠠᠯᠠᠬᠤ᠂ ᠰᠣᠶᠣᠯ ᠢᠶᠠᠷ ᠬᠥᠮᠦᠨ ᠢ ᠬᠥᠮᠥᠵᠢᠭᠦᠯᠬᠦ︾ ᠳᠥᠷᠪᠡᠨ ᠶᠡᠭᠡ ᠠᠵᠢᠯᠯᠠᠭ᠎ᠠ᠂ 16 ᠵᠦᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ 12 ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠲᠤᠷᠰᠢᠯᠲᠠ ᠶᠢᠨ ᠴᠡᠭ ᠤᠨ ᠬᠥᠳᠡᠯᠭᠡᠭᠡᠨ ᠢ ᠥᠷᠨᠢᠭᠦᠯᠪᠡ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠡᠯ᠎ᠡ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠᠲᠤ ᠴᠣᠭᠴᠠᠯᠠᠬᠤ ᠪᠣᠯᠪᠠᠰᠤᠷᠠᠯ ᠢ ᠱᠠᠳᠤ ᠬᠤᠪᠢᠶᠠᠨ ᠥᠷᠨᠢᠭᠦᠯᠪᠡ᠃ ︽ᠨᠢᠭᠡ ᠭᠠᠷᠠᠭ ᠬᠤᠶᠠᠷ ᠰᠠᠷ᠎ᠠ︾ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠣᠭᠴᠠᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ︾ ᠳᠠᠬᠢ ︽ᠠᠯᠳᠠᠭᠳᠠᠯ ᠲᠠᠢ ᠲᠠᠯ᠎ᠠ ᠶᠢᠨ ᠨᠠᠷᠢᠨ ᠬᠠᠭᠤᠳᠠᠰᠤ︾ ᠲᠠᠢ ᠬᠠᠷᠢᠴᠠᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠥᠷᠨᠢᠭᠦᠯᠵᠦ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤ ᠨᠢ ᠲᠤᠯᠲᠠᠯ᠎ᠠ ᠬᠢᠬᠦ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠪᠡ᠃ ᠬᠤᠶᠠᠷ ᠲᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠢᠳᠡᠪᠬᠢᠲᠡᠢ ᠪᠥᠭᠡᠳ ᠯᠠᠪᠳᠠᠭᠤᠨ ᠪᠣᠯᠭᠤᠮᠵᠢᠲᠠᠢ᠂ ᠡᠷᠡᠰ ᠰᠢᠭᠤᠷᠬᠠᠢ ᠪᠠᠷ ᠰᠠᠶᠢᠲᠤᠷ ᠬᠢᠪᠡ᠃ ︽ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠥᠮᠥᠵᠢᠭᠦᠯᠦᠨ ᠰᠤᠷᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ᠂ 2021 ᠣᠨ ᠤ ᠨᠠᠮᠤᠷ ᠪᠣᠯᠲᠠᠯ᠎ᠠ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠤ 6.99 ᠲᠦᠮᠡᠨ ᠰᠣᠷᠣᠭᠴᠢ ᠪᠦᠬᠦᠨ ᠢᠶᠠᠷ ᠢᠶᠠᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠬᠡᠯᠡ ᠪᠠᠷ ᠬᠢᠴᠢᠶᠡᠯᠯᠡᠵᠦ᠂ ᠣᠨ ᠤ ᠬᠡᠷᠡᠭᠵᠢᠭᠦᠯᠬᠦ ᠠᠵᠢᠯ ᠤᠨ ᠬᠠᠷᠠᠯᠲᠠ ᠪᠠᠨ ᠯᠠᠪᠳᠠᠭᠤᠨ ᠪᠥᠭᠡᠳ ᠡᠮᠬᠢ ᠵᠢᠷᠤᠮ ᠲᠠᠢ ᠪᠡᠶᠡᠯᠡᠭᠦᠯᠪᠡ᠃ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠴᠢᠳᠠᠪᠤᠷᠢ ᠶᠢᠨ ᠲᠤᠰᠬᠠᠶ ᠵᠦᠢᠯ ᠤᠨ ᠪᠣᠯᠪᠠᠰᠤᠷᠠᠯ ᠪᠠ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠷᠢᠮᠵᠢᠶ᠎ᠠ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠵᠢᠭᠠᠨ ᠰᠤᠳᠤᠯᠬᠤ ᠵᠢᠯᠣᠭᠤᠳᠣᠯᠭ᠎ᠠ ᠶᠢ ᠴᠢᠩᠭᠠᠳᠬᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠪᠡ᠃
      2. ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠠᠵᠢᠯ ᠤᠨ ᠲᠤᠬᠠᠶ᠃ ᠨᠢᠭᠡ ᠳᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠦᠨᠡᠨ ᠬᠦ ᠪᠠᠲᠤᠯᠠᠪᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠷᠭᠠᠨ ᠬᠥᠮᠦᠵᠢᠯ ᠤᠨ ︽ᠭᠤᠷᠪᠠ ᠶᠢ ᠤᠷᠢᠳ ᠢᠶᠠᠷ ᠪᠣᠳᠣᠯᠬᠢᠯᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ ᠤᠨ ᠠᠵᠢᠯ ᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤᠮᠳᠠᠬᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠪᠠ᠃ ᠬᠤᠶᠠᠷ ᠲᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠪᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠨᠢᠭᠡᠪᠦᠷᠢ ᠶᠢᠨ ᠳᠤᠮᠳᠠᠴᠢ ᠵᠠᠷᠤᠳᠠᠯ ᠢ ᠬᠤᠪᠢᠶᠠᠷᠢᠯᠠᠨ ᠥᠭᠬᠦ ᠪᠠᠷᠢᠮᠵᠢᠶ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢ ᠬᠠᠤᠯᠢ ᠶᠣᠰᠣᠭᠠᠷ ᠪᠠᠲᠤᠯᠠᠵᠤ᠂ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠥᠬᠡᠶ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠵᠠᠷᠤᠳᠠᠯ ᠤᠨ ᠰᠢᠨᠵᠢᠯᠡᠬᠦ ᠤᠬᠠᠭᠠᠨᠴᠢᠯᠠᠭᠰᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠪᠠ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠪᠠ᠃ ᠭᠤᠷᠪᠠ ᠳᠤ᠂ ︽ᠮᠤᠵᠢ ᠠᠴᠠ ᠨᠢᠭᠡᠳᠦᠯᠲᠡᠶ ᠲᠥᠯᠥᠪᠯᠡᠬᠦ᠂ ᠰᠢᠶᠠᠨ ᠢᠶᠠᠷ ᠭᠤᠣᠯ ᠪᠣᠯᠭᠠᠬᠤ︾ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠡᠯᠡ ᠮᠥᠩᠭᠦ ᠪᠠ ᠲᠥᠷᠥᠯ ᠵᠦᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠪᠠᠭᠤᠷᠠᠶ ᠭᠠᠵᠠᠷ ᠣᠷᠣᠨ᠂ ᠪᠠᠭᠤᠷᠠᠶ ᠭᠤᠭᠴᠤᠭ᠎ᠠ᠂ ᠪᠠᠭᠤᠷᠠᠶ ᠬᠦᠮᠦᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠥᠷᠢᠶ᠎ᠡ ᠶᠢ ᠦᠷᠭᠦᠯᠵᠢᠯᠡᠨ ᠪᠠᠭᠠᠰᠬᠠᠵᠤ᠂ ᠶᠡᠭᠡ ᠠᠩᠬᠢ ᠶᠢᠨ ᠲᠤᠭ᠎ᠠ᠂ ᠲᠣᠮᠣ ᠰᠤᠷᠭᠠᠭᠤᠯᠢ ᠶᠢᠨ ᠲᠤᠭ᠎ᠠ ᠶᠢᠨ ᠠᠰᠠᠭᠤᠳᠠᠯ ᠢ ᠤᠯᠠᠮ ᠨᠢᠭᠡ ᠠᠯᠬᠤᠮ ᠰᠠᠶᠢᠲᠤᠷ ᠰᠢᠢᠳᠪᠦᠷᠢᠯᠡᠪᠡ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠷᠢᠯᠠᠬᠤ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ ᠨᠥᠬᠦᠴᠡᠯ ᠪᠠ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠪᠠ᠃ ᠳᠥᠷᠪᠡ ᠳᠤ᠂ ᠬᠤᠲᠠ ᠪᠠᠯᠭᠠᠰᠤᠵᠢᠯᠲᠠ ᠶᠢᠨ ᠠᠬᠢᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠴᠠᠭ ᠲᠤᠬᠠᠶ ᠳᠤ ᠨᠢ ᠳᠣᠭᠢᠷᠠᠭᠤᠯᠤᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠬᠤ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠣᠷᠣᠭᠴᠢ ᠶᠢᠨ ᠢᠷᠡᠯᠲᠡ ᠵᠢᠯ ᠳᠠᠷᠠᠭᠠᠯᠠᠨ ᠬᠠᠰᠤᠭᠳᠠᠬᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠣᠤᠷ᠎ᠠ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃
      3. ᠠᠭᠤᠯᠤᠭᠳᠠᠬᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠠᠵᠢᠯ ᠤᠨ ᠲᠤᠬᠠᠶ᠃ ᠨᠢᠭᠡ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢ ︽ᠰᠢᠶᠠᠨ ᠬᠠᠮᠢᠶᠠᠷᠴᠤ ᠰᠤᠷᠭᠠᠭᠤᠯᠢ ᠤᠷᠢᠬᠤ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠪᠠ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠠᠶᠢᠷᠢ ᠶᠢ ᠡᠭᠡᠯᠵᠢᠯᠡᠭᠦᠯᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠰᠢᠯᠢᠳᠡᠭ ᠰᠤᠷᠭᠠᠭᠤᠯᠢ ᠶᠢᠨ ᠵᠠᠬᠢᠷᠤᠯ ᠪᠠ ᠨᠢᠷᠤᠭᠤᠪᠴᠢ ᠪᠠᠭᠰᠢ ᠶᠢ ᠲᠠᠲᠠᠵᠤ ᠬᠢᠯᠢ ᠬᠢᠵᠠᠭᠠᠷ ᠤᠨ ᠬᠦᠴᠢᠷ ᠪᠡᠷᠬᠡᠰᠢᠶᠡᠯᠲᠡᠶ ᠭᠠᠵᠠᠷ ᠣᠷᠣᠨ ᠳᠤ ᠪᠠᠭᠰᠢᠯᠠᠭᠤᠯᠪᠠ᠃ ᠬᠤᠶᠠᠷ ᠲᠤ᠂ ᠪᠠᠭᠰᠢ ᠶᠢᠨ ᠡᠩᠨᠡᠭᠡᠨ ᠤ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠵᠦ᠂ ᠪᠠᠭᠰᠢ ᠶᠢᠨ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠤᠬᠤᠷᠢᠨ ᠭᠠᠷᠬᠤ ᠲᠣᠭᠲᠠᠴᠠ ᠶᠢ ᠪᠠᠶᠢᠭᠤᠯᠵᠤ᠂ ᠥᠷᠭᠡᠨ ᠤᠯᠠᠨ ᠪᠠᠭᠰᠢ ᠶᠢᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠨ ᠲᠤᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠴᠠᠭ ᠲᠤᠬᠠᠶ ᠳᠤ ᠨᠢ ᠬᠥᠳᠡᠯᠦᠩᠭᠦᠶ ᠪᠠᠷ ᠲᠣᠬᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠪᠦᠬᠦ ᠬᠢᠴᠢᠶᠡᠯ ᠲᠥᠷᠥᠯ ᠤᠨ ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠳᠤ ᠨᠢᠭᠡ ᠪᠦᠯᠦᠭ ︽ᠦᠯᠡᠳᠡᠵᠦ ᠳᠡᠶᠢᠯᠬᠦ᠂ ᠴᠢᠳᠠᠮᠠᠭᠠᠢ ᠵᠢᠭᠠᠬᠤ︾ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠮᠦᠵᠢᠭᠦᠯᠪᠡ᠃ ᠳᠥᠷᠪᠡ ᠳᠤ᠂ ᠪᠠᠭᠰᠢ ᠶᠢᠨ ᠬᠠᠷᠠᠭᠠᠯᠵᠠᠯ ᠢ ᠬᠠᠤᠯᠢ ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ ᠶᠢ ᠪᠠᠲᠤᠯᠠᠬᠤ ᠪᠠᠶᠢᠩᠭᠤᠵᠢᠭᠰᠠᠨ ᠪᠦᠲᠦᠮᠵᠢᠲᠡᠶ ᠲᠣᠭᠲᠠᠴᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠬᠠᠷᠠᠭᠠᠯᠵᠠᠯ ᠢ ᠳᠠᠭᠠᠭᠤᠯᠤᠨ ᠳᠣᠭᠢᠷᠠᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠲᠠᠪᠤ ᠳᠤ᠂ ᠪᠠᠭᠰᠢ ᠶᠢ ᠬᠢᠨᠠᠨ ᠰᠢᠯᠭᠠᠵᠤ ᠦᠨᠡᠯᠡᠬᠦ ᠠᠷᠭ᠎ᠠ ᠶᠢ ᠥᠭᠡᠷᠡᠴᠢᠯᠡᠵᠦ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠮᠣᠷᠠᠯ ᠢᠶᠠᠷ ᠵᠢᠭᠠᠨ ᠰᠤᠷᠭᠠᠵᠤ᠂ ᠶᠣᠰᠣ ᠮᠣᠷᠠᠯ ᠢᠶᠠᠷ ᠬᠥᠮᠦᠨ ᠬᠥᠮᠦᠵᠢᠭᠦᠯᠵᠦ᠂ ᠨᠠᠮ ᠪᠠ ᠠᠷᠠᠳ ᠲᠦᠮᠡᠨ ᠤ ᠰᠡᠳᠬᠢᠯ ᠬᠠᠨᠤᠮᠵᠢᠲᠠᠢ ︽ᠲᠦᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ ᠪᠣᠯᠭᠠᠪᠠ᠃
      4. ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ  ᠶᠢ ᠪᠤᠢ ᠪᠣᠯᠭᠠᠬᠤ ᠠᠵᠢᠯ ᠤᠨ ᠲᠤᠬᠠᠶ᠃ ᠨᠢᠭᠡ ᠳᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠰᠤᠷᠭᠠᠭᠤᠯᠢ ᠳᠤ ᠨᠢᠭᠡ ᠥᠪᠡᠷᠮᠢᠴᠡ ᠣᠨᠴᠠᠯᠢᠭ ᠲᠠᠢ︾ ᠰᠤᠷᠭᠠᠭᠤᠯᠢ ᠶᠢᠨ ᠬᠦᠷᠢᠶᠡᠨ ᠤ ᠰᠣᠶᠣᠯ ᠢ ᠬᠦᠴᠦᠯᠡᠨ ᠪᠣᠶ ᠪᠣᠯᠭᠠᠵᠤ᠂ ᠰᠤᠷᠭᠠᠭᠤᠯᠢ ᠶᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠢᠳᠠ ᠰᠠᠶᠢᠬᠠᠨ᠂ ᠰᠤᠷᠭᠠᠨ ᠬᠥᠮᠦᠵᠢᠯ ᠤᠨ ᠣᠨᠣᠯᠵᠢᠬᠤᠨ ᠲᠡᠷᠢᠭᠦᠨ ᠤ ᠬᠢ᠂ ᠰᠤᠷᠭᠠᠨ ᠬᠥᠮᠦᠵᠢᠭᠦᠯᠬᠦ ᠠᠭᠤᠷ ᠠᠮᠢᠰᠬᠤᠯ ᠭᠦᠨ ᠵᠤᠵᠠᠭᠠᠨ ᠣᠷᠴᠢᠨ ᠨᠥᠬᠦᠴᠡᠯ ᠪᠦᠬᠦᠢ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠬᠥᠮᠦᠵᠢᠭᠦᠯᠬᠦ ᠭᠤᠤᠯ ᠵᠢᠭᠰᠠᠭᠠᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠪᠠ᠃ ᠬᠤᠶᠠᠷ ᠲᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠪᠠ᠃ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠤᠯᠤᠰ ᠠᠴᠠ ᠲᠣᠭᠲᠠᠭᠠᠭᠰᠠᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠬᠥᠳᠡᠯᠮᠦᠷᠢ ᠶᠢᠨ ᠬᠢᠴᠢᠶᠡᠯ ᠤᠨ ᠪᠠᠶᠢᠭᠤᠯᠤᠯᠲᠠ ᠪᠠ ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠴᠢᠩᠭᠠᠳᠬᠠᠵᠤ᠂ ᠦᠨᠳᠦᠰᠦᠨ ᠬᠥᠳᠡᠯᠮᠦᠷᠢ ᠶᠢᠨ ᠮᠡᠷᠭᠡᠵᠢᠯ ᠪᠠ ᠴᠢᠳᠠᠪᠤᠷᠢ ᠶᠢ ᠡᠵᠡᠮᠰᠢᠭᠦᠯᠦᠨ ᠪᠦᠷᠢᠯᠳᠦᠭᠦᠯᠵᠦ᠂ ᠬᠥᠳᠡᠯᠮᠦᠷᠢ ᠶᠢᠨ ᠬᠥᠮᠥᠵᠢᠯ ᠤᠨ ᠶᠡᠷᠦᠩᠬᠡᠶᠢᠯᠡᠭᠰᠡᠨ ᠴᠢᠳᠠᠪᠤᠷᠢ ᠶᠢ ᠪᠠᠳᠠᠷᠠᠭᠤᠯᠪᠠ᠃ ᠭᠤᠷᠪᠠ ᠳᠤ᠂ ︽ᠬᠤᠶᠠᠷ ᠢ ᠬᠥᠩᠭᠡᠷᠡᠭᠦᠯᠬᠦ︾᠂ ︽ᠲᠠᠪᠤᠨ ᠵᠦᠢᠯ ᠤᠨ ᠬᠠᠮᠢᠶᠠᠷᠤᠯᠲᠠ︾ ᠶᠢᠨ ᠠᠵᠢᠯ ᠢ ᠬᠦᠴᠦᠯᠡᠨ ᠰᠠᠶᠢᠲᠤᠷ ᠠᠳᠬᠤᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠮᠵᠢᠯ ᠢ ᠳᠠᠷᠤᠮᠠᠯᠯᠠᠨ ᠲᠠᠷᠬᠠᠭᠠᠵᠤ᠂ ᠰᠢᠯᠭᠠᠯᠲᠠ ᠶᠢᠨ ᠤᠳᠠᠭ᠎ᠠ ᠳᠠᠪᠲᠠᠮᠵᠢ ᠶᠢ ᠴᠢᠩᠭ᠎ᠠ ᠵᠢᠷᠤᠮᠵᠢᠭᠤᠯᠤᠨ᠂ ᠳᠠᠰᠬᠠᠯ ᠤᠨ ᠶᠡᠷᠦᠩᠬᠡᠶ ᠬᠡᠮᠵᠢᠶ᠎ᠡ ᠶᠢ ᠪᠠᠭᠠᠰᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ︽5 + 2︾ ᠵᠠᠭᠪᠤᠷ ᠢ ᠪᠦᠬᠦ ᠲᠠᠯ᠎ᠠ ᠪᠠᠷ ᠬᠠᠮᠤᠷᠤᠭᠤᠯᠬᠤ ᠶᠢ ᠬᠡᠷᠡᠭᠵᠢᠭᠦᠯᠪᠡ᠃ ᠣᠲᠣ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠠᠯᠪᠠᠨ ᠬᠡᠷ ᠤᠨ ᠵᠠᠷᠯᠠᠨ ᠮᠡᠳᠡᠭᠳᠡᠭᠰᠡᠨ ᠳᠠᠰᠬᠠᠯ ᠪᠠ ᠬᠢᠴᠢᠶᠡᠯ ᠤᠨ ᠭᠠᠳᠠᠨᠠᠬᠢ ᠦᠢᠯᠡᠴᠢᠯᠡᠭᠡ ᠵᠡᠷᠭᠡ ᠳᠥᠷᠪᠡᠨ ᠵᠦᠢᠯ ᠤᠨ ᠭᠦᠢᠴᠡᠳᠬᠡᠯ ᠲᠤᠭ᠎ᠠ ᠨᠢ ᠴᠥᠮ 100% ᠳᠤ ᠬᠦᠷᠪᠡ᠃ ᠲᠦᠷᠪᠡ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠪᠠ᠃ ᠰᠤᠷᠭᠠᠭᠤᠯᠢ ᠶᠢᠨ ᠠᠮᠤᠷ ᠲᠦᠪᠰᠢᠨ ᠤ ᠲᠦᠭᠰᠢᠭᠦᠷᠢ ᠬᠢᠭᠡᠳ ᠠᠮᠤᠷ ᠲᠣᠭᠲᠠᠭᠤᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠪᠦᠲᠦᠮᠵᠢᠲᠡᠶ ᠰᠡᠷᠡᠮᠵᠢᠯᠡᠭᠦᠯᠦᠨ ᠠᠷᠭᠠᠴᠠᠭᠠᠬᠤ ᠲᠣᠭᠲᠠᠴᠠ ᠶᠢ ᠪᠣᠶ ᠪᠣᠯᠭᠠᠵᠤ᠂ ᠬᠦᠨᠳᠦ ᠶᠡᠭᠡ ᠠᠮᠤᠷ ᠲᠦᠪᠰᠢᠨ ᠲᠣᠭᠲᠠᠭᠤᠨ ᠤ ᠠᠳᠡᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ︽ᠥᠪᠥᠷ ᠮᠣᠩᠭᠤᠯ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠡᠷᠡᠭᠵᠢᠭᠦᠯᠬᠦ ᠲᠥᠰᠦᠯ︾ ︽ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠵᠤ᠂ ᠰᠤᠷᠤᠭᠴᠢᠳ ᠤᠨ ᠠᠮᠤᠷ ᠲᠦᠪᠰᠢᠨ ᠤ ᠠᠵᠢᠯ ᠤᠨ ᠬᠡᠷ ᠤᠨ ᠠᠬᠠᠮᠠᠳ ᠪᠠ ᠰᠤᠷᠭᠠᠭᠤᠯᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠪᠠ᠃ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠵᠢᠱᠢᠶ᠎ᠡ ᠦᠵᠡᠭᠦᠯᠬᠦ ᠲᠥᠪ ᠪᠠ ᠶᠡᠭᠡ ᠳᠡᠭᠡᠳᠦ ᠰᠤᠷᠭᠠᠭᠤᠯᠢ ᠨᠤᠭᠤᠳ ᠠᠴᠠ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠲᠠᠢ ᠬᠤᠯᠪᠣᠭᠠᠰᠤ ᠪᠠᠶᠢᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠲᠣᠭᠲᠠᠴᠠ ᠶᠢ ᠪᠠᠶᠢᠭᠤᠯᠪᠠ᠃
      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ
      ᠤᠯᠤᠰ ᠤᠨ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠷ ᠬᠢᠨᠠᠮᠠᠭᠠᠶ ᠬᠠᠷᠭᠤᠭᠤᠯᠵᠤ᠂ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠬᠤ ᠪᠠᠷ ᠬᠢᠨᠠᠨ ᠵᠢᠯᠣᠭᠤᠳᠴᠤ ᠦᠨᠡᠯᠡᠨ ᠵᠢᠱᠢᠬᠦ ᠪᠠᠷᠢᠮᠵᠢᠶ᠎ᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠳᠤ ᠪᠠᠨ ᠲᠡᠩᠴᠡᠭᠦᠷᠢᠲᠡᠶ ᠡᠰᠡᠬᠦ ᠲᠤᠬᠠᠢ ︽ᠡᠷᠭᠢᠵᠦ ᠪᠤᠴᠠᠨ ᠬᠠᠷᠠᠵᠤ︾᠂ ᠪᠠᠭᠤᠷᠠᠶ ᠲᠠᠯ᠎ᠠ ᠶᠢ ᠪᠥᠬᠦ ᠲᠠᠯ᠎ᠠ ᠪᠠᠷ ᠡᠷᠢᠵᠦ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠳᠤ ᠪᠠᠲᠤ ᠰᠠᠭᠤᠷᠢ ᠲᠠᠯᠪᠢᠨ᠎ᠠ᠃
      ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠯᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠵᠢᠯᠣᠭᠤᠳᠤᠨ ᠤᠯᠤᠰ ᠲᠥᠷᠥ ᠶᠢ ᠡᠷᠬᠢᠮᠯᠡᠬᠦ ᠥᠨᠳᠥᠷᠴᠡ ᠳᠤ ᠵᠣᠭᠰᠣᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠯᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠭᠦᠯᠬᠦ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠬᠢᠨᠠᠨ ᠵᠢᠯᠣᠭᠤᠳᠴᠤ ᠦᠨᠡᠯᠡᠨ ᠵᠢᠱᠢᠬᠦ ᠭᠦᠢᠴᠡᠳᠬᠡᠯ ᠲᠤᠭ᠎ᠠ ᠳᠤ ᠣᠷᠣᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠵᠤ᠂ ᠳᠠᠷᠤᠢ ᠳᠤ ᠨᠢ ᠬᠡᠷᠡᠭᠵᠢᠭᠦᠯᠵᠦ ᠳᠠᠷᠤᠢ ᠳᠤ ᠨᠢ ᠥᠭᠡᠷᠡᠴᠢᠯᠡᠬᠦ ᠪᠠ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠨᠠᠷᠢᠨ ᠬᠠᠭᠤᠳᠠᠰᠤ ᠶᠢᠨ ᠳ᠋ᠤᠭᠠᠷ ᠢ ᠬᠠᠰᠤᠬᠤ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠢ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠵᠤ᠂ ᠠᠰᠠᠭᠤᠳᠠᠯ ᠤᠨ ᠳᠠᠬᠢᠨ ᠡᠭᠦᠰᠬᠦ ᠠᠴᠠ ᠰᠡᠷᠭᠡᠶᠢᠯᠡᠨ᠎ᠡ︔ ᠴᠡᠭᠴᠡᠯᠡᠨ ᠰᠠᠶᠢᠵᠢᠷᠠᠭᠤᠯᠤᠭᠰᠠᠨ ᠦᠭᠡᠢ ᠶᠢ ᠨᠢ ᠴᠢᠩᠭ᠎ᠠ ᠠᠳᠬᠤᠵᠤ᠂ ᠠᠰᠠᠭᠤᠳᠠᠯ ᠤᠨ ᠬᠤᠭᠤᠰᠣᠳᠠᠬᠤ ᠰᠡᠷᠭᠡᠶᠢᠯᠡᠬᠦ ᠶᠢᠨ ᠬᠠᠮᠲᠤ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ︽ᠡᠷᠭᠢᠵᠦ ᠪᠤᠴᠠᠨ ᠬᠠᠷᠠᠬᠤ︾ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ 14 ᠵᠦᠢᠯ ᠤᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠵᠦᠷᠢᠶ᠎ᠡ ᠪᠠᠨ ᠡᠷᠢᠬᠦ ᠪᠠᠷ ᠪᠠᠷᠠᠬᠤ ᠦᠭᠡᠢ ᠴᠢᠨᠠᠷᠯᠢᠭ ᠪᠥᠭᠡᠳ ᠲᠡᠩᠴᠡᠭᠦᠷᠢᠲᠡᠢ ᠪᠠᠶᠢᠬᠤ ᠪᠠᠷᠢᠮᠵᠢᠶ᠎ᠠ ᠲᠠᠢ ᠬᠠᠷᠢᠴᠠᠭᠤᠯᠤᠨ ᠨᠠᠷᠢᠨ ᠳᠠᠩᠰᠠ ᠪᠤᠳᠤᠬᠤ ᠬᠡᠷᠡᠭᠲᠡᠢ᠃
      ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃
      ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ︽ᠭᠤᠷᠪᠠ ᠶᠢ ᠨᠡᠮᠡᠭᠳᠡᠭᠦᠯᠬᠦ︾ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠲᠥᠯᠥᠪᠯᠡᠨ ᠬᠠᠮᠢᠶᠠᠷᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠯᠭᠠᠬᠤ ᠬᠠᠮᠢᠶ᠎ᠠ ᠪᠥᠬᠦᠶ ᠪᠠᠷᠢᠮᠵᠢᠶ᠎ᠠ ᠲᠠᠢ ᠬᠠᠷᠢᠴᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠤᠯᠳ᠋᠊ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠥᠯᠥᠪᠵᠢᠭᠦᠯᠵᠦ᠂ ᠰᠢᠶᠠᠩ ᠪᠠᠯᠭᠠᠰᠤ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠪᠠᠯᠭᠠᠰᠤ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠭᠦᠢᠴᠡᠳ ᠪᠠᠲᠤᠯᠠᠵᠤ᠂ ᠬᠤᠲᠠ ᠪᠠᠯᠭᠠᠰᠤ ᠶᠢᠨ ᠰᠤᠷᠭᠠᠭᠤᠯᠢ ᠶᠢᠨ ᠶᠡᠭᠡ ᠠᠩᠭᠢ ᠶᠢᠨ ᠲᠤᠭ᠎ᠠ ᠶᠢ ᠠᠯᠬᠤᠮ ᠠᠯᠬᠤᠮ ᠢᠶᠠᠷ ᠴᠥᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠤᠲᠠᠭᠤᠳᠠᠯ ᠤᠨ ᠠᠰᠠᠭᠤᠳᠠᠯ ᠢ ᠰᠢᠢᠳᠪᠦᠷᠢᠯᠡᠨ᠎ᠡ᠃
      ︵ᠭᠤᠷᠪᠠ︶ ᠪᠠᠭᠰᠢ ᠶᠢᠨ ᠬᠦᠯᠦᠰᠦ ᠣᠯᠭᠤᠮᠵᠢ ᠶᠢ ᠪᠠᠲᠤᠯᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠠᠵᠢᠯ ᠤᠨ ᠲᠤᠬᠠᠶ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠲᠤᠳᠬᠠᠵᠤ᠂ ᠪᠠᠭᠰᠢ ᠶᠢᠨ ᠬᠥᠯᠥᠰᠥ ᠣᠯᠭᠤᠮᠵᠢ ᠶᠢ ᠰᠠᠶᠢᠲᠤᠷ ᠪᠠᠲᠤᠯᠠᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠢ ᠤᠷᠢᠳ ᠢᠶᠠᠷ ᠪᠣᠳᠣᠯᠬᠢᠯᠠᠬᠤ ᠵᠠᠷᠴᠢᠮ ᠶᠣᠰᠣᠭᠠᠷ᠂ ᠪᠠᠭᠰᠢ ᠡᠯᠰᠡᠬᠦ ᠣᠨ ᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠲᠣᠭᠲᠠᠭᠠᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠰᠢᠯᠭᠠᠯᠲᠠ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠂ ᠪᠠᠰᠠ ᠰᠢᠭᠤᠳ ᠨᠢᠭᠤᠷᠲᠠᠨ ᠰᠢᠯᠭᠠᠬᠤ ᠪᠠ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠤᠷᠢᠨ ᠬᠡᠷᠡᠭᠯᠡᠵᠦ ᠪᠣᠯᠤᠨ᠎ᠠ᠃ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠡᠯᠰᠡᠬᠦ ᠳᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠡᠯᠪᠡᠶᠢᠯᠭᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ ᠶᠡᠷᠦᠩᠬᠡᠶ ᠲᠣᠭᠠᠨ ᠤ 5% ᠪᠠᠷ ᠪᠠᠭᠰᠢ ᠶᠢᠨ ᠪᠣᠯᠪᠠᠰᠤᠷᠠᠯ ᠤᠨ ᠵᠠᠷᠤᠳᠠᠯ ᠢ ᠳᠣᠭᠢᠷᠠᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃
      ︵ᠳᠥᠷᠪᠡ︶ ᠲᠡᠩᠴᠡᠭᠦᠷᠢᠰᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠡᠬᠢ ᠪᠠᠶᠠᠯᠢᠭ ᠢ ᠥᠷᠭᠡᠳᠬᠡᠵᠦ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠪᠦᠬᠦ ᠲᠠᠯ᠎ᠠ ᠪᠠᠷ ᠵᠢᠷᠤᠮᠵᠢᠭᠤᠯᠤᠨ᠎ᠠ᠃ ︽ᠪᠥᠯᠥᠭᠯᠡᠯ ᠪᠣᠯᠭᠠᠬᠤ︾᠂ ︽ᠬᠤᠯᠪᠣᠭᠠᠯᠠᠬᠤ ᠲᠦᠷᠢᠮ︾ ᠢᠶᠠᠷ ᠰᠤᠷᠭᠠᠭᠤᠯᠢ ᠡᠷᠬᠢᠯᠡᠬᠦ ᠶᠢ ᠢᠳᠡᠪᠬᠢᠲᠡᠶ ᠠᠬᠢᠭᠤᠯᠵᠤ᠂ ᠬᠤᠯᠪᠣᠭᠠᠯᠠᠵᠤ ᠵᠢᠭᠠᠨ ᠰᠤᠳᠤᠯᠬᠤ ᠲᠦᠷᠢᠮ ᠢ ᠲᠡᠭᠦᠯᠳᠡᠷᠵᠢᠭᠦᠯᠦᠨ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠭᠦᠯᠦᠭᠰᠡᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠯᠭᠠᠬᠤ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠢᠯᠡ ᠪᠠᠷ ᠰᠣᠷᠣᠭᠴᠢ ᠡᠯᠰᠡᠬᠦ ᠶᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠪᠣᠯᠬᠤ ᠦᠵᠡᠯᠲᠡ ᠶᠢ ᠪᠤᠢ ᠪᠣᠯᠭᠠᠵᠤ᠂ ᠰᠤᠷᠭᠠᠭᠤᠯᠢ ᠳᠡᠪᠰᠢᠬᠦ ᠭᠦᠢᠴᠡᠳᠬᠡᠯ ᠲᠤᠭ᠎ᠠ ᠪᠠᠭᠤᠯᠭᠠᠬᠤ ᠪᠤᠶᠤ ᠰᠤᠷᠭᠠᠭᠤᠯᠢ ᠳᠡᠪᠰᠢᠬᠦ ᠨᠤᠷᠮ᠎ᠠ ᠪᠠᠷ ᠰᠤᠷᠭᠠᠭᠤᠯᠢ ᠪᠠ ᠪᠠᠭᠰᠢ ᠶᠢ ᠥᠷᠥᠭᠡᠰᠦᠭᠡᠯ ᠢᠶᠠᠷ ᠦᠨᠡᠯᠡᠬᠦ ᠶᠢ ᠴᠢᠩᠭ᠎ᠠ ᠴᠠᠭᠠᠵᠠᠯᠠᠨ᠎ᠠ᠃ ︽ᠲᠠᠪᠤᠨ ᠵᠦᠢᠯ ᠤᠨ ᠬᠠᠮᠢᠶᠠᠷᠤᠯᠲᠠ︾ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
      ︵ᠲᠠᠪᠤ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠥᠬᠦ ᠲᠠᠯ᠎ᠠ ᠪᠠᠷ ᠡᠬᠢᠯᠡᠭᠦᠯᠦᠨ᠎ᠡ᠃
      ᠪᠦᠬᠦ ᠲᠠᠯ᠎ᠠ ᠪᠠᠷ ᠬᠥᠭᠵᠢᠭᠦᠯᠬᠦ ᠣᠨᠣᠯᠵᠢᠬᠤᠨ ᠨᠢ ᠨᠡᠩ ᠢᠯᠡ ᠲᠣᠳᠣ᠂ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠨᠢ ᠨᠡᠩ ᠥᠨᠳᠥᠷ᠂ ᠪᠠᠭᠰᠢ ᠶᠢᠨ ᠡᠩᠨᠡᠭᠡ ᠨᠢ ᠨᠡᠩ ᠬᠦᠴᠦᠷᠬᠡᠭ᠂ ᠠᠷᠠᠳ ᠣᠯᠠᠨ ᠨᠡᠩ ᠬᠠᠨᠤᠮᠵᠢᠲᠠᠶ ᠪᠠᠶᠢᠬᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠬᠢᠷᠢ ᠬᠡᠮ ᠤᠨ ᠨᠥᠬᠦᠴᠡᠯ᠂ ᠠᠭᠤᠯᠤᠭᠳᠠᠬᠤᠨ ᠪᠠ ᠴᠢᠬᠤᠯᠠ ᠠᠭᠤᠯᠭ᠎ᠠ᠂ ᠦᠨᠡᠯᠡᠨ ᠵᠢᠱᠢᠬᠦ ᠪᠠᠷᠢᠮᠵᠢᠶ᠎ᠠ ᠪᠠ ᠡᠭᠦᠳᠦᠨ ᠪᠠᠶᠢᠭᠤᠯᠬᠤ ᠠᠷᠭ᠎ᠠ ᠶᠢ ᠭᠦᠨᠵᠡᠭᠡᠶ ᠰᠤᠳᠤᠯᠵᠤ᠂ ︽ᠰᠤᠷᠭᠠᠭᠤᠯᠢ ᠪᠦᠬᠦᠨ ᠪᠠᠷᠢᠮᠵᠢᠶ᠎ᠠ ᠳᠤ ᠬᠦᠷᠴᠦ᠂ ᠲᠥᠷᠥᠯ ᠵᠦᠢᠯ ᠪᠦᠬᠦᠨ ᠪᠠᠷᠢᠮᠵᠢᠶ᠎ᠠ ᠳᠤ ᠬᠦᠷᠬᠦ︾ ᠭᠦᠢᠴᠡᠳᠬᠡᠯ ᠲᠣᠭᠠᠨ ᠤ ᠲᠣᠭᠲᠠᠯᠴᠠᠭ᠎ᠠ ᠲᠠᠢ ᠬᠠᠷᠢᠴᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠷᠭᠠᠭᠤᠯᠢ ᠬᠤᠪᠢᠶᠠᠨ ᠣᠳᠣᠬᠢ ᠪᠠᠶᠢᠳᠠᠯ ᠢ ᠰᠢᠰᠲ᠋ᠧᠮ ᠲᠠᠢ ᠪᠠᠷ ᠡᠮᠬᠢᠯᠡᠨ ᠳᠢᠭᠯᠡᠵᠦ᠂ ᠵᠥᠷᠢᠶ᠎ᠡ ᠪᠠ ᠠᠰᠠᠭᠤᠳᠠᠯ ᠢ ᠡᠷᠢᠵᠦ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠮᠥᠷᠲᠡᠭᠡᠨ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠦᠨᠳᠦᠰᠦᠨ ᠳᠤ ᠪᠠᠨ ᠲᠡᠩᠴᠡᠭᠦᠷᠢᠲᠡᠶ ᠪᠠᠬᠢᠵᠢᠭᠦᠯᠬᠦ ᠬᠢᠷᠢ ᠲᠦᠪᠰᠢᠨ ᠢ ᠪᠣᠳᠣᠯᠬᠢᠯᠠᠬᠤ ᠮᠥᠷᠲᠡᠭᠡᠨ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠰᠠᠭᠤᠷᠢ ᠶᠢ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠬᠤ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠲᠥᠯᠥᠪᠵᠢᠭᠦᠯᠭᠡ ᠶᠢᠨ ᠲᠥᠰᠦᠯ ᠢ ᠰᠠᠶᠢᠲᠤᠷ ᠰᠤᠳᠤᠯᠤᠨ ᠲᠣᠭᠲᠠᠭᠠᠵᠤ᠂ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠷ ᠴᠢᠨᠠᠷᠯᠢᠭ ᠪᠥᠭᠡᠳ ᠲᠡᠩᠴᠡᠭᠦᠷᠢᠲᠡᠶ ᠪᠠᠷ ᠡᠭᠦᠳᠦᠨ ᠪᠠᠶᠢᠭᠤᠯᠬᠤ ᠠᠵᠢᠯ ᠢ ᠬᠥᠲᠥᠯᠦᠨ ᠳᠠᠭᠠᠭᠤᠯᠤᠨ᠎ᠠ᠃

                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                             2021 ᠣᠨ ᠤ 12 ᠰᠠᠷ᠎ᠠ ᠶᠢᠨ 27 ᠤ ᠡᠳᠦᠷ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ