ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ | ᠲᠢᠩᠬᠢᠮ᠂ ᠲᠣᠪᠴᠢᠶ᠎ᠠ ᠶᠢᠨ ᠠᠯᠪᠠᠨ ᠬᠡᠷ ᠲᠤ᠄ | ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠬᠤ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ | ᠠᠵᠢᠯ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠨᠠᠷᠢᠨ ᠪᠢᠴᠢᠭ ᠤᠨ ᠲᠣᠪᠴᠢᠶ᠎ᠠ ᠶᠢᠨ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2021 ᠣᠨ ᠤ ᠳᠥᠷᠪᠡᠳᠦᠭᠡᠷ ᠤᠯᠠᠷᠢᠯ ᠤᠨ ᠪᠥᠬᠦ | ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠠᠵᠢᠯ ᠥᠷᠨᠢᠭᠦᠯᠦᠭᠰᠡᠨ ᠪᠠᠶᠢᠳᠠᠯ | ︵ᠨᠢᠭᠡ︶ 2021 ᠣᠨ ᠤ ᠭᠤᠷᠪᠠᠳᠤᠭᠠᠷ ᠤᠯᠠᠷᠢᠯ ᠤᠨ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠪᠲᠠᠨ ᠪᠠᠶᠢᠴᠠᠭᠠᠭᠰᠠᠨ ᠢᠶᠠᠷ᠂ 2021 ᠣᠨ ᠤ ᠭᠤᠷᠪᠠᠳᠤᠭᠠᠷ ᠤᠯᠠᠷᠢᠯ ᠤᠨ ᠪᠠᠶᠢᠴᠠᠭᠠᠯᠲᠠ ᠳᠤ | ᠢᠯᠡᠷᠡᠭᠦᠯᠦᠭᠰᠡᠨ ᠬᠢᠷᠢ ᠲᠡᠩᠴᠡᠭᠰᠡᠨ ᠦᠭᠡᠶ 5 ᠵᠠᠰᠠᠭ ᠤᠨ ᠣᠷᠳᠣᠨ ᠤ ᠰᠦᠯᠵᠢᠶ᠎ᠡ᠂ ᠬᠢᠷᠢ ᠲᠡᠩᠴᠡᠭᠰᠡᠨ ᠦᠭᠡᠶ 187 ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠲᠤ᠂ ︽ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︾ ᠶᠢᠨ ᠰᠦᠯᠵᠢᠶ᠎ᠡ᠂ ︽ᠪᠠᠯᠠᠭᠠᠷ ᠭᠤᠤᠯ ᠪᠠᠯᠭᠠᠰᠤᠨ ᠤ | ᠲᠣᠮᠢᠯᠠᠭᠰᠠᠨ ᠰᠠᠯᠪᠤᠷᠢ︾ ᠶᠢᠨ ᠸᠢᠴᠠᠲ ᠤᠨ ᠨᠡᠶᠢᠲᠡ ᠶᠢᠨ ᠳ᠋ᠤᠭᠠᠷ᠂ ︽ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠧ ᠳ᠋ᠤᠤ ᠸᠠᠨ ᠽᠢ︾ ᠰᠢᠨ ᠯᠠᠩ | ᠪᠢᠴᠢᠯ ᠪᠦᠷᠭᠡ ᠶᠢᠨ ᠳ᠋ᠤᠭᠠᠷ ︵新浪微博︶᠂ ︽ᠠᠮᠢ ᠠᠬᠤᠶᠢᠲᠤ ᠣᠯᠠᠭᠠᠨᠴᠠᠪ︾ ︵生态乌兰察布︶ ᠥᠨᠥᠳᠦᠷ ᠤᠨ ᠲᠡᠷᠢᠭᠦᠨ | ᠵᠤᠷᠪᠤᠰ ᠤᠨ ᠳ᠋ᠤᠭᠠᠷ ︵今日头条︶ ᠵᠡᠷᠭᠡ 34 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠱᠠᠭᠠᠷᠳᠠᠯᠭ᠎ᠠ ᠶᠣᠰᠣᠭᠠᠷ ᠴᠡᠭᠴᠡᠯᠡᠨ ᠥᠭᠡᠷᠡᠴᠢᠯᠡᠭᠰᠡᠨ | ᠥᠬᠡᠶ ᠠᠴᠠ ᠪᠤᠰᠤᠳ 4 ᠵᠠᠰᠠᠭ ᠤᠨ ᠣᠷᠳᠣᠨ ᠤ ᠰᠦᠯᠵᠢᠶ᠎ᠡ ᠪᠠ 153 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠴᠥᠮ ᠴᠡᠭᠴᠡᠯᠡᠨ ᠥᠭᠡᠷᠡᠴᠢᠯᠡᠵᠦ | ᠳᠠᠭᠤᠰᠪᠠ᠃ | ︵ᠬᠤᠶᠠᠷ︶ 2021 ᠣᠨ ᠤ ᠳᠥᠷᠪᠡᠳᠦᠭᠡᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠳᠤ ᠰᠤᠭᠤᠴᠢᠨ ᠪᠠᠶᠢᠴᠠᠭᠠᠯᠲᠠ ᠬᠢᠭᠰᠡᠨ ᠪᠠᠶᠢᠳᠠᠯ᠃ | 2021 ᠣᠨ ᠤ ᠳᠥᠷᠪᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ 534 | ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠠᠴᠠ 293 ᠶᠢ ᠰᠤᠭᠤᠴᠢᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ | ᠣᠷᠳᠣᠨ ᠤ ᠰᠦᠯᠵᠢᠶ᠎ᠡ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠰᠤᠭᠤᠴᠢᠨ | ᠪᠠᠶᠢᠴᠠᠭᠠᠭᠰᠠᠨ ᠬᠠᠷᠢᠴᠠᠯ ᠨᠢ 100% ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶ᠎ᠡ ᠠᠴᠠ 44 ᠶᠢ ᠪᠠᠶᠢᠴᠠᠭᠠᠵᠤ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠠᠴᠠ 115 ᠶᠢ ᠪᠠᠶᠢᠴᠠᠭᠠᠪᠠ︔ ᠡᠯ᠎ᠡ ᠠᠶᠢᠮᠠᠭ | ᠬᠤᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ ᠶᠢᠨ ᠰᠤᠭᠤᠴᠢᠨ ᠪᠠᠶᠢᠴᠠᠭᠠᠭᠰᠠᠨ ᠬᠠᠷᠢᠴᠠᠯ ᠨᠢ 35.73% ᠪᠠᠶᠢᠵᠤ᠂ ᠨᠡᠶᠢᠲᠡ 134 ᠶᠢ ᠰᠤᠭᠤᠴᠢᠨ ᠪᠠᠶᠢᠴᠠᠭᠠᠪᠠ | ᠃ ᠰᠣᠭᠤᠴᠢᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 13 ᠪᠠᠶᠢᠵᠤ᠂ | ᠰᠣᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 95.56% ᠳᠤ ᠬᠦᠷᠴᠦ᠂ ᠬᠥᠬᠡᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ | ᠣᠷᠳᠣᠰ ᠬᠤᠲᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠣᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 100% ᠳᠤ | ᠬᠦᠷᠴᠦ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠤᠷ᠎ᠠ ᠪᠠᠶᠢᠨ᠎ᠠ᠃ ᠲᠣᠰ | ᠤᠳᠠᠭᠠᠨ ᠤ ᠰᠤᠭᠤᠴᠢᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 42.24% ᠶᠢᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ 5 ᠠᠵᠢᠯᠯᠠᠬᠤ ᠡᠳᠦᠷ ᠤᠨ | ᠳᠣᠲᠣᠷ᠎ᠠ ᠪᠠᠶᠢᠩᠭᠤ ᠳᠣᠬᠢᠶᠠᠯᠳᠤᠬᠤ ᠯᠠᠪᠯᠠᠭ᠎ᠠ ᠳᠤ ᠪᠦᠲᠦᠮᠵᠢᠲᠡᠶ ᠬᠠᠷᠢᠭᠤᠯᠲᠠ ᠥᠭᠴᠦ᠂ 16 ᠫᠣᠷᠲ᠋ᠧᠯ ᠰᠦᠯᠵᠢᠶ᠎ᠡ ᠨᠢ 1 ᠠᠵᠢᠯᠯᠠᠬᠤ ᠡᠳᠦᠷ ᠤᠨ ᠳᠣᠲᠣᠷ᠎ᠠ | ᠪᠦᠲᠦᠮᠵᠢᠲᠡᠶ ᠬᠠᠷᠢᠭᠤᠯᠲᠠ ᠥᠭᠴᠦ ᠴᠢᠳᠠᠵᠤ ᠪᠤᠢ᠃ | ︵ᠭᠤᠷᠪᠠ︶ 2021 ᠣᠨ ᠤ ᠳᠥᠷᠪᠡᠳᠦᠭᠡᠷ ᠤᠯᠠᠷᠢᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠤᠭᠤᠴᠢᠨ ᠪᠠᠶᠢᠴᠠᠭᠠᠯᠲᠠ ᠬᠢᠭᠰᠡᠨ | ᠪᠠᠶᠢᠳᠠᠯ᠃ 2021 ᠣᠨ ᠤ ᠳᠥᠷᠪᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ | ᠣᠷᠣᠨ ᠤ 5966 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠣᠲᠣᠷ᠎ᠠ ᠠᠴᠠ 2310 ᠶᠢ ᠰᠣᠭᠤᠴᠢᠨ ᠠᠪᠴᠤ ᠪᠠᠶᠢᠴᠠᠭᠠᠯᠲᠠ ᠬᠢᠪᠠ᠃ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠣᠭᠤᠴᠢᠨ ᠪᠠᠶᠢᠴᠠᠭᠠᠯᠲᠠ ᠬᠢᠭᠰᠡᠨ ᠬᠠᠷᠢᠴᠠᠯ ᠨᠢ 80.46%᠂ ᠡᠯ᠎ᠡ | ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠤᠭᠤᠴᠢᠨ ᠪᠠᠶᠢᠴᠠᠭᠠᠯᠲᠠ ᠬᠢᠭᠰᠡᠨ ᠬᠠᠷᠢᠴᠠᠯ ᠨᠢ 35.81% ᠪᠠᠶᠢᠵᠤ᠂ ᠡᠭᠦᠨ ᠳᠤ | ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ 152᠂ ᠶᠡᠷᠦᠩᠬᠡᠶ ᠬᠢᠷᠢ ᠲᠡᠩᠴᠡᠭᠰᠡᠨ ᠨᠣᠷᠮ᠎ᠠ ᠨᠢ 93.42% ᠳᠤ ᠬᠦᠷᠴᠦ᠂ ᠭᠤᠷᠪᠠᠳᠤᠭᠠᠷ | ᠤᠯᠠᠷᠢᠯ ᠤᠨ ᠬᠢ ᠠᠴᠠ 1.28% ᠪᠠᠷ ᠳᠡᠭᠡᠭᠰᠢᠯᠡᠵᠡᠶ᠃ ᠡᠭᠦᠨ ᠳᠤ ᠦᠬᠠᠶ ᠬᠤᠲᠠ᠂ ᠣᠷᠳᠣᠰ ᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ ᠵᠡᠷᠭᠡ | ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠢ ᠶᠡᠷᠦᠩᠬᠡᠶ ᠬᠢᠷᠢ ᠲᠡᠩᠴᠡᠭᠰᠡᠨ ᠨᠣᠷᠮ᠎ᠠ ᠠᠴᠠ ᠥᠨᠳᠥᠷ | ᠪᠠᠶᠢᠵᠤ᠂ ᠲᠦᠩᠯᠢᠶᠣᠤ ᠬᠤᠲᠠ᠂ ᠪᠠᠶᠠᠨᠨᠠᠭᠤᠷ ᠤᠨ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠤᠷ᠎ᠠ | ᠪᠠᠶᠢᠨ᠎ᠠ᠃ | ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ | ︵ᠨᠢᠭᠡ︶ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠮᠥᠨ ᠬᠦ ᠭᠦᠢᠴᠡᠳ ᠦᠭᠡᠢ ᠪᠠᠶᠢᠨ᠎ᠠ᠃ ᠵᠠᠷᠢᠮ | ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠨᠢ ᠵᠢᠷᠤᠮᠵᠢᠯ ᠥᠬᠡᠶ ᠪᠠᠶᠢᠵᠤ᠂ ᠨᠡᠶᠢᠲᠡᠯᠡᠭᠰᠡᠨ ᠠᠭᠤᠯᠭ᠎ᠠ ᠶᠢᠨ ᠢᠶᠠᠨ ᠬᠢᠨᠠᠨ | ᠬᠠᠷᠭᠤᠭᠤᠯᠬᠤ ᠪᠣᠭᠤᠮᠲᠠ ᠶᠢ ᠴᠢᠩᠭ᠎ᠠ ᠡᠵᠡᠮᠳᠡᠭᠰᠡᠨ ᠥᠬᠡᠶ᠂ ᠵᠢᠱᠢᠶᠡᠯᠡᠪᠡᠯ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠫᠣᠷᠲ᠋ᠧᠯ | ᠰᠦᠯᠵᠢᠶ᠎ᠡ᠂ ︽ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠣᠨ︾ ᠤ ᠫᠣᠷᠲ᠋ᠧᠯ ᠰᠦᠯᠵᠢᠶ᠎ᠡ ᠳᠤ ᠬᠦᠨᠳᠦ ᠨᠣᠴᠢᠲᠠᠶ ᠪᠤᠷᠤᠭᠤ ᠲᠣᠭᠠᠴᠢᠯᠲᠠ ᠣᠷᠣᠰᠢᠵᠤ ᠪᠤᠢ᠃ | ᠴᠥᠭᠡᠨ ᠲᠣᠭᠠᠨ ᠤ ᠵᠠᠰᠠᠭ ᠤᠨ ᠣᠷᠳᠣᠨ ᠤ ᠰᠦᠯᠵᠢᠶ᠎ᠡ ᠨᠢ ᠰᠦᠯᠵᠢᠶᠡᠨ ᠤ ᠠᠷᠠᠳ ᠤᠨ ᠬᠠᠯᠠᠮᠵᠢᠯᠠᠯ ᠳᠤ ᠴᠠᠭ ᠲᠤᠬᠠᠶ ᠳᠤ ᠨᠢ ᠬᠠᠷᠢᠭᠤ ᠥᠭᠭᠦᠭᠰᠡᠨ ᠥᠬᠡᠶ᠂ | ᠵᠢᠱᠢᠶᠡᠯᠡᠪᠡᠯ ︽ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠰᠦᠯᠵᠢᠶ᠎ᠡ︾ ᠨᠢ ᠰᠦᠯᠵᠢᠶᠡᠨ ᠤ ᠠᠷᠠᠳ ᠤᠨ ᠦᠯᠡᠳᠡᠭᠡᠭᠰᠡᠨ | ᠠᠰᠠᠭᠤᠯᠲᠠ ᠶᠢ 3 ᠰᠠᠷ᠎ᠠ ᠭᠠᠷᠤᠢ ᠬᠠᠷᠢᠭᠤ ᠥᠭᠭᠦᠭᠰᠡᠨ ᠥᠬᠡᠶ ᠪᠠᠶᠢᠳᠠᠯ ᠣᠷᠣᠰᠢᠵᠤ ᠪᠠᠶᠢᠨ᠎ᠠ᠃ ᠵᠠᠷᠢᠮ ᠵᠠᠰᠠᠭ ᠤᠨ ᠣᠷᠳᠣᠨ ᠤ ᠰᠦᠯᠵᠢᠶᠡᠨ ᠤ ᠭᠤᠣᠯᠴᠢᠯᠠᠨ | ᠬᠠᠮᠢᠶᠠᠷᠬᠤ ᠨᠢᠭᠡᠴᠢ ᠶᠢᠨ ᠬᠢᠨ ᠲᠤᠰᠬᠠᠢ ᠪᠤᠯᠤᠩ ᠭᠠᠷᠭᠠᠬᠤ ᠳᠤ ᠪᠠᠨ ︽ᠪᠠᠶᠢᠭᠤᠯᠤᠯᠲᠠ ᠶᠢ ᠴᠢᠬᠤᠯᠠᠴᠢᠯᠠᠵᠤ᠂ ᠬᠠᠮᠠᠭᠠᠯᠠᠯᠲᠠ ᠶᠢ ᠬᠥᠩᠭᠡᠪᠴᠢᠯᠡᠬᠦ︾ ᠦᠵᠡᠭᠳᠡᠯ | ᠣᠷᠣᠰᠢᠵᠤ ᠪᠤᠢ᠂ ᠵᠢᠱᠢᠶᠡᠯᠡᠪᠡᠯ ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︾᠂ ︽ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ︾ | ᠵᠡᠷᠭᠡ ᠰᠦᠯᠵᠢᠶᠡᠨ ᠳᠤ ᠣᠯᠠᠨ ᠬᠤᠭᠤᠰᠣᠨ ᠪᠤᠯᠤᠩ ᠣᠷᠣᠰᠢᠵᠤ ᠪᠠᠶᠢᠨ᠎ᠠ᠃ | ︵ᠬᠤᠶᠠᠷ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠨᠢ ᠲᠡᠭᠦᠯᠳᠡᠷ ᠪᠤᠰᠤ᠃ | ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠵᠢᠷᠤᠮᠵᠢᠭᠤᠯᠤᠨ ᠪᠠᠶᠢᠭᠤᠯᠬᠤ ᠶᠢ | ᠴᠢᠬᠤᠯᠠᠴᠢᠯᠠᠬᠤ ᠲᠠᠯ᠎ᠠ ᠪᠠᠷ ᠬᠦᠷᠦᠯᠴᠡᠬᠦ ᠦᠭᠡᠶ᠂ ᠮᠡᠳᠡᠭᠡ ᠵᠠᠩᠭᠢ ᠶᠢ ᠢᠯᠡ ᠪᠣᠯᠭᠠᠬᠤ ᠪᠤᠯᠤᠩ ᠤᠨ ᠲᠣᠬᠢᠷᠠᠭᠤᠯᠤᠯᠲᠠ ᠨᠢ ᠵᠢᠷᠤᠮᠵᠢᠯ ᠥᠬᠡᠶ᠂ ᠠᠭᠤᠯᠭ᠎ᠠ ᠶᠢᠨ | ᠬᠠᠮᠠᠭᠠᠯᠠᠯᠲᠠ ᠬᠦᠷᠦᠯᠴᠡᠬᠦ ᠦᠭᠡᠢ᠂ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠭᠰᠡᠨ ᠥᠬᠡᠶ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠨ᠎ᠠ᠂ ᠵᠢᠱᠢᠶᠡᠯᠡᠪᠡᠯ | ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠰᠦᠯᠵᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ | ᠲᠤᠰᠬᠠᠶ ᠪᠤᠯᠤᠩ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠠᠭᠤᠯᠭ᠎ᠠ ᠵᠡᠷᠭᠡ ᠪᠤᠯᠤᠩ ᠢ ᠵᠢᠷᠤᠮᠵᠢᠭᠤᠯᠤᠨ ᠳᠣᠭᠢᠷᠠᠭᠤᠯᠤᠭᠰᠠᠨ ᠥᠬᠡᠶ︔ ᠪᠤᠭᠤᠲᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠵᠡᠷᠭᠡ ᠨᠢᠭᠡᠴᠢ ᠶᠢᠨ ᠰᠦᠯᠵᠢᠶ᠎ᠡ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠤᠨ ᠪᠤᠯᠤᠩ ᠤᠨ ᠳᠣᠤᠷ᠎ᠠ ᠶᠡᠭᠡ ᠬᠡᠮᠵᠢᠶᠡᠨ ᠤ | ᠲᠦᠷᠢᠮ ᠤᠨ ᠪᠤᠰᠤ ᠲᠥᠷᠥᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠤᠯᠤᠰ ᠤᠨ ᠲᠠᠰ ᠳᠠᠪᠬᠤᠷᠭ᠎ᠠ ᠠᠴᠠ ᠲᠣᠳᠣᠷᠬᠠᠶ ᠲᠣᠭᠲᠠᠭᠠᠭᠰᠠᠨ 13 ᠬᠠᠤᠯᠢ ᠲᠣᠭᠲᠠᠭᠠᠯ ᠤᠨ | ᠲᠠᠶᠢᠯᠪᠤᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠡ ᠪᠣᠯᠭᠠᠭᠰᠠᠨ ᠥᠬᠡᠶ ᠪᠤᠶᠤ ᠪᠦᠷᠢᠨ ᠨᠡᠶᠢᠲᠡᠯᠡᠭᠰᠡᠨ ᠥᠬᠡᠶ᠃ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠮᠡᠷᠭᠡᠵᠢᠯ ᠤᠨ ᠲᠤᠯᠭᠠᠭᠤᠷᠢᠯᠠᠯ ᠨᠢ ᠭᠦᠢᠴᠡᠳ ᠥᠬᠡᠶ᠂ ᠲᠣᠰ ᠪᠠᠶᠢᠭᠤᠯᠭ᠎ᠠ ᠨᠢ ᠴᠠᠭ | ᠲᠤᠬᠠᠶ ᠳᠤ ᠨᠢ ᠮᠥᠷᠳᠡᠨ ᠬᠠᠮᠠᠭᠠᠯᠠᠭᠰᠠᠨ ᠥᠬᠡᠶ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ ᠠᠯᠠᠱᠠ ᠠᠶᠢᠮᠠᠭ ᠤᠨ ᠵᠠᠰᠠᠭ ᠵᠠᠬᠢᠷᠭ᠎ᠠ ᠶᠢᠨ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠤᠨ ᠠᠭᠤᠯᠭ᠎ᠠ ᠳᠤ ︽ᠨᠡᠶᠢᠲᠡᠯᠡᠭᠰᠡᠨ ᠡᠳᠦᠷ ᠬᠤᠭᠤᠴᠠᠭ᠎ᠠ︾ ᠨᠢ ︽ᠪᠢᠴᠢᠭᠳᠡᠭᠰᠡᠨ ᠴᠠᠭ︾ ᠠᠴᠠ | ᠡᠷᠲᠡ ᠪᠠᠶᠢᠬᠤ ᠦᠵᠡᠭᠳᠡᠯ ᠣᠷᠣᠰᠢᠵᠤ ᠪᠠᠶᠢᠨ᠎ᠠ᠃ ᠡᠭᠦᠨ ᠤ ᠵᠡᠷᠭᠡ ᠳᠤ᠂ ᠵᠠᠷᠢᠮ ᠭᠠᠵᠠᠷ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠵᠦᠭᠯᠡᠭᠦᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠤᠨ ᠠᠭᠤᠯᠭ᠎ᠠ ᠶᠢ ᠰᠢᠨᠡᠳᠬᠡᠬᠦ ᠠᠴᠠ ᠪᠢᠰᠢ ᠨᠡᠶᠢᠲᠡᠯᠡᠭᠰᠡᠨ ᠴᠠᠭ ᠢ ᠰᠢᠨᠡᠳᠬᠡᠬᠦ | ᠦᠭᠡᠶ ᠪᠤᠶᠤ ᠨᠡᠶᠢᠲᠡᠯᠡᠭᠰᠡᠨ ᠴᠠᠭ ᠢ ᠰᠢᠨᠡᠳᠬᠡᠬᠦ ᠠᠴᠠ ᠪᠢᠰᠢ ᠠᠭᠤᠯᠭ᠎ᠠ ᠶᠢ ᠰᠢᠨᠡᠳᠬᠡᠬᠦ ᠦᠭᠡᠶ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ | ᠬᠠᠷᠢᠭᠤᠯᠲᠠ ᠥᠭᠬᠦ ᠬᠤᠭᠤᠴᠠᠭ᠎ᠠ ᠨᠢ ᠮᠥᠨ ᠬᠦ 15 ᠠᠵᠢᠯᠯᠠᠬᠤ ᠡᠳᠦᠷ ᠪᠠᠶᠢᠵᠤ᠂ ︽ᠭᠤᠷᠪᠠᠨ ᠬᠡᠷᠡᠭᠴᠡᠭᠡ︾ ᠶᠢ ᠬᠡᠪ ᠢᠶᠠᠷ ᠪᠠᠶᠢᠯᠭᠠᠬᠤ ᠵᠡᠷᠭᠡ ᠠᠰᠠᠭᠤᠳᠠᠯ ᠶᠡᠭᠡ | ᠬᠡᠮᠵᠢᠶ᠎ᠡ ᠪᠠᠷ ᠣᠷᠣᠰᠢᠵᠤ ᠪᠤᠢ᠃ | ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠨ ᠥᠬᠡᠶ | ᠃ ᠴᠥᠭᠡᠨ ᠲᠣᠭᠠᠨ ᠤ ᠭᠠᠵᠠᠷ ᠣᠷᠣᠨ ᠤ ᠬᠢᠨ ᠨᠢᠭᠡᠨᠲᠡ ︽ᠪᠦᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢᠨ | ᠮᠡᠳᠡᠭᠦᠯᠦᠨ ᠬᠦᠷᠭᠡᠬᠦ ᠰᠢᠰᠲ᠋ᠧᠮ︾ ᠳᠤ ᠣᠷᠣᠭᠤᠯᠤᠭᠰᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠨᠢ ᠵᠢᠷᠤᠮᠵᠢᠯ ᠦᠭᠡᠶ᠂ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠳᠤ ᠨᠢ ᠣᠯᠵᠤ ᠮᠡᠳᠡᠭᠰᠡᠨ ᠦᠭᠡᠶ᠂ ᠴᠡᠭᠴᠡᠯᠡᠨ ᠥᠭᠡᠷᠡᠴᠢᠯᠡᠬᠦ ᠪᠠᠷ ᠮᠡᠳᠡᠭᠳᠡᠭᠰᠡᠨ ᠤ ᠳᠠᠷᠠᠭ᠎ᠠ ᠲᠡᠷᠡ ᠶᠣᠰᠣᠭᠠᠷ ᠨᠢ | ᠨᠠᠶᠢᠳᠠᠪᠤᠷᠢᠵᠢᠭᠤᠯᠤᠭᠰᠠᠨ ᠦᠭᠡᠶ᠂ ᠲᠤᠰ ᠤᠯᠠᠷᠢᠯ ᠤᠨ ᠰᠣᠩᠭᠤᠨ ᠪᠠᠶᠢᠴᠠᠭᠠᠯᠲᠠ ᠳᠤ ᠵᠠᠷᠢᠮ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠯᠭ᠎ᠠ ᠪᠠᠨ | ᠤᠷᠲᠤ ᠬᠤᠭᠤᠴᠠᠭ᠎ᠠ ᠰᠢᠨᠡᠳᠬᠡᠭᠰᠡᠨ ᠦᠭᠡᠶ ᠪᠠᠶᠢᠳᠠᠯ ᠣᠷᠣᠰᠢᠵᠤ ᠪᠤᠢ᠂ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽ ᠤᠯᠠᠭᠠᠨᠪᠤᠬ᠎ᠠ ᠵᠢᠱᠢᠶ᠎ᠡ ᠦᠵᠡᠭᠦᠯᠬᠦ | ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ︾ ︽ᠲᠦᠩᠯᠢᠶᠣᠤ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠲᠠᠪᠤᠳᠤᠭᠠᠷ ᠶᠡᠭᠡ | ᠠᠩᠭᠢ︾ ︽ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︾᠂ ᠰᠢᠨ ᠯᠠᠩ ᠪᠢᠴᠢᠯ ᠪᠦᠷᠭᠡ ︵新浪微博︶ ︽ᠭᠠᠭᠴᠠᠮᠣᠳᠣ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︾ ︽ᠤᠯᠠᠭᠠᠶ ᠶᠢᠨ ᠵᠢᠭᠤᠯᠴᠢᠯᠠᠯ︾᠂ ᠥᠨᠥᠳᠦᠷ ᠤᠨ ᠲᠡᠷᠢᠭᠦᠨ ᠵᠤᠷᠪᠤᠰ ︵今日头条︶ ︽ | ᠳᠥᠷᠪᠡᠳ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ︾᠂ TikTok ᠣᠬᠤᠷ ᠸᠢᠳᠢᠣ᠋ ︽ᠳᠠᠷᠬᠠᠨ ᠮᠣᠣᠮᠢᠩᠭᠠᠨ ᠤ ᠴᠠᠭᠳᠠᠭᠠᠨ ᠤ ᠶᠠᠪᠤᠳᠠᠯ︾ ᠵᠡᠷᠭᠡ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠢ ᠴᠥᠮ ᠠᠭᠤᠯᠭ᠎ᠠ ᠪᠠᠨ ᠣᠷᠳᠣ ᠬᠤᠭᠤᠴᠠᠭ᠎ᠠ ᠪᠠᠷ ᠰᠢᠨᠡᠳᠬᠡᠭᠰᠡᠨ ᠥᠬᠡᠶ᠃ ᠵᠠᠷᠢᠮ ᠭᠠᠵᠠᠷ ᠣᠷᠣᠨ ᠪᠣᠯᠤᠨ | ᠰᠠᠯᠠᠭ᠎ᠠ ᠮᠥᠴᠢᠷ ᠤᠳ ᠪᠡᠶ᠎ᠡ ᠪᠠᠨ ᠳᠠᠭᠠᠭᠠᠵᠤ ᠬᠠᠮᠢᠶᠠᠷᠬᠤ ᠲᠠᠯ᠎ᠠ ᠪᠠᠷ ᠳᠤᠲᠠᠮᠠᠭ ᠪᠠᠶᠢᠵᠤ᠂ ᠥᠪᠡᠷᠲᠡᠭᠡᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠢ ᠬᠠᠰᠢ | ᠶᠠᠰᠢ ᠪᠠᠷ ᠠᠷᠭᠠᠴᠠᠭᠠᠵᠤ᠂ ᠤᠯᠠᠷᠢᠯ ᠤᠨ ᠰᠣᠭᠤᠴᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ ︽ᠨᠢᠭᠡ ᠠᠴᠠ ᠨᠦᠬᠦᠭᠡ ᠶᠢ | ᠵᠦᠢᠴᠢᠯᠡᠵᠦ︾ ᠥᠪᠡᠷ ᠢ ᠪᠠᠨ ᠪᠠᠶᠢᠴᠠᠭᠠᠭᠰᠠᠨ ᠥᠬᠡᠶ ᠠᠴᠠ ᠪᠣᠯᠵᠣ᠂ ᠠᠳᠠᠯᠢ ᠲᠥᠷᠥᠯ ᠤᠨ ᠠᠰᠠᠭᠤᠳᠠᠯ ᠳᠠᠬᠢᠨ ᠳᠠᠪᠲᠠᠨ ᠢᠯᠡᠷᠡᠵᠦ ᠪᠤᠢ᠂ ᠵᠢᠱᠢᠶᠡᠯᠡᠪᠡᠯ | ᠸᠢᠴᠠᠲ ᠤᠨ ᠨᠡᠶᠢᠲᠡ ᠶᠢᠨ ᠳ᠋ᠤᠭᠠᠷ ︽ᠪᠠᠭᠠᠲᠤᠷᠯᠢᠭ ᠳᠠᠷᠬᠠᠨ ᠮᠣᠣᠮᠢᠩᠭᠠᠨ ᠤ ᠮᠣᠩᠭᠤᠯ ᠨᠡᠶᠢᠲᠡᠯᠡᠯ︾ ︽ᠵᠠᠷᠤᠳ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ︾ ︽ᠤᠯᠠᠭᠠᠨᠴᠠᠪ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠪᠠᠶᠢᠭᠤᠯᠤᠯᠲᠠ︾ ᠵᠡᠷᠭᠡ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠪᠦᠲᠦᠮᠵᠢᠲᠡᠶ ᠬᠠᠷᠢᠯᠴᠠᠨ ᠦᠢᠯᠡᠳᠦᠯᠴᠡᠬᠦ ᠴᠢᠳᠠᠮᠵᠢ ᠬᠠᠩᠭᠠᠭᠰᠠᠨ ᠥᠬᠡᠶ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ | ︵ᠨᠢᠭᠡ︶ ᠪᠠᠶᠢᠩᠭᠤᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ | ᠪᠠᠶᠢᠩᠭᠤᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠨ ᠰᠢᠨᠵᠢᠯᠡᠯᠲᠡ ᠶᠢ ᠴᠢᠩᠭᠠᠳᠬᠠᠵᠤ᠂ | ᠨᠢᠭᠡᠳᠦᠯᠲᠡᠶ ᠵᠢᠷᠤᠮᠵᠢᠭᠤᠯᠤᠨ ᠬᠠᠮᠢᠶᠠᠷᠴᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠭᠤᠣᠴᠢᠯᠠᠨ ᠬᠠᠮᠢᠶᠠᠷᠴᠤ ᠪᠠᠶᠢᠭ᠎ᠠ ᠨᠢᠭᠡᠴᠢ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠲᠠᠪᠴᠠᠩ ᠤᠨ ᠬᠤᠯᠪᠣᠭᠳᠠᠯ ᠪᠥᠬᠦᠶ ᠵᠦᠢᠯᠡᠰ ᠢ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠤᠨ ᠮᠡᠳᠡᠭᠳᠡᠯ︾ ︵ᠲᠥᠷᠥ ᠠᠯᠪᠠᠨ ᠢᠯᠡ ᠪᠣᠯᠭᠠᠬᠤ ᠠᠯᠪᠠᠨ ᠵᠠᠬᠢᠳᠠᠯ ﹇ | 2019﹈ 61 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠵᠠᠰᠠᠭ ᠤᠨ | ᠣᠷᠳᠣᠨ ᠤ ᠰᠦᠯᠵᠢᠶ᠎ᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ︾ ᠤᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠶ | ᠵᠦᠢᠯ ᠤᠨ ᠪᠠᠶᠢᠴᠠᠭᠠᠯᠲᠠ ᠥᠷᠨᠢᠭᠦᠯᠵᠦ᠂ ᠪᠤᠯᠤᠩ ᠲᠣᠬᠢᠷᠠᠭᠤᠯᠬᠤ ᠪᠠ ᠠᠭᠤᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠮᠡᠳᠡᠭᠡ ᠵᠠᠩᠭᠢ ᠶᠢ ᠴᠠᠭ ᠲᠤᠬᠠᠶ ᠳᠤ ᠨᠢ | ᠣᠨᠣᠪᠴᠢᠲᠠᠶ ᠨᠡᠶᠢᠲᠡᠯᠡᠬᠦ ᠬᠡᠷᠡᠭᠲᠡᠢ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢ ᠪᠤᠷᠤᠭᠤ ᠲᠠᠭᠯᠠᠨ ᠮᠡᠳᠡᠭᠦᠯᠦᠭᠰᠡᠨ | ᠠᠰᠠᠭᠤᠳᠠᠯ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠦᠨᠳᠦᠰᠦᠨ ᠮᠡᠳᠡᠭᠡ ᠵᠠᠩᠭᠢ ᠶᠢᠨ ᠦᠨᠡᠨ ᠪᠣᠳᠠᠲᠠᠶ ᠪᠥᠭᠡᠳ ᠵᠢᠷᠤᠮᠵᠢᠯ ᠲᠠᠢ᠂ ᠵᠥᠪ ᠣᠨᠣᠪᠴᠢᠲᠠᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ︽ᠬᠦᠰᠢᠮᠡᠯ︾ ︽ᠬᠤᠭᠤᠰᠣᠨ︾ ᠨᠣᠮᠧᠷ ᠢ ᠠᠷᠢᠯᠭᠠᠨ | ᠴᠡᠪᠡᠷᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠣᠮᠧᠷ ᠤᠨ ᠦᠢᠯᠡᠴᠢᠯᠡᠭᠡᠨ ᠳᠤ ᠬᠡᠷᠡᠭᠯᠡᠵᠦ | ᠪᠣᠯᠬᠤ᠂ ᠬᠡᠷᠡᠭᠯᠡᠬᠦ ᠳᠤ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢ ᠶᠢᠨ ᠬᠡᠷᠡᠭᠯᠡᠭᠡᠨ ᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠠᠭᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠲᠥᠷᠥ ᠶᠢᠨ ᠪᠣᠳᠣᠯᠭ᠎ᠠ ᠶᠢᠨ ᠤᠯᠠᠮᠵᠢᠯᠠᠨ ᠳᠠᠮᠵᠢᠭᠤᠯᠬᠤ ᠴᠢᠳᠠᠮᠵᠢ ᠪᠠᠨ ᠴᠢᠩᠭᠠᠳᠬᠠᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠡᠷᠭᠡ ᠡᠷᠬᠡ ᠰᠦᠷᠲᠦ ᠮᠡᠳᠡᠭᠡ ᠵᠠᠩᠭᠢ ᠶᠢ | ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠡᠶᠢᠲᠡᠯᠡᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠥᠰᠥᠭ ᠪᠢᠴᠢᠭ ᠤᠨ | ᠠᠭᠤᠯᠭ᠎ᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭᠠᠳᠬᠠᠨ᠂ ᠣᠯᠠᠨ ᠲᠦᠮᠡᠨ ᠪᠠ ᠠᠵᠤ ᠠᠬᠤᠶᠢᠯᠠᠯ ᠳᠤ ᠲᠥᠬᠦᠮ ᠪᠥᠭᠡᠳ ᠬᠡᠷᠡᠭᠴᠡᠭᠡ ᠪᠦᠬᠦᠢ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤ ᠨᠢ ᠬᠠᠩᠭᠠᠬᠤ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠲᠤᠭ᠎ᠠ ᠪᠠᠷᠢᠮᠲᠠ ᠨᠢ ᠠᠳᠠᠯᠢ ᠢᠷᠡᠯᠲᠡ ᠲᠠᠢ᠂ ᠦᠢᠯᠡᠴᠢᠯᠡᠭᠡ ᠨᠢ ᠠᠳᠠᠯᠢ ᠦᠨᠳᠦᠰᠦ ᠲᠠᠢ᠂ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ᠂ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ | ︵ᠭᠤᠷᠪᠠ︶ ᠰᠦᠯᠵᠢᠶᠡᠨ ᠤ ᠠᠷᠠᠳ ᠤᠨ ᠦᠯᠡᠳᠡᠭᠡᠭᠰᠡᠨ ᠠᠰᠠᠭᠤᠯᠲᠠ ᠶᠢ ᠬᠠᠷᠢᠭᠤᠯᠤᠨ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠰᠦᠯᠵᠢᠶᠡᠨ ᠤ ᠠᠷᠠᠳ ᠤᠨ ᠦᠯᠡᠳᠡᠭᠡᠭᠰᠡᠨ ᠠᠰᠠᠭᠤᠯᠲᠠ ᠳᠤ ᠬᠠᠷᠢᠭᠤᠯᠲᠠ ᠥᠭᠬᠦ ᠠᠵᠢᠯ ᠢ ᠴᠢᠬᠤᠯᠠᠴᠢᠯᠠᠨ | ᠦᠵᠡᠵᠦ᠂ ᠠᠵᠢᠯ ᠤᠨ ᠲᠣᠭᠲᠠᠴᠠ ᠵᠢᠴᠢ ᠴᠣᠪᠣᠷᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠶ ᠬᠥᠮᠦᠨ ᠢᠶᠠᠷ ᠬᠠᠷᠢᠴᠠᠭᠤᠯᠵᠤ᠂ ᠰᠢᠢᠳᠪᠦᠷᠢᠯᠡᠬᠦ | ᠴᠠᠭ ᠤᠨ ᠬᠢᠵᠠᠭᠠᠷ ᠢ ᠴᠢᠩᠭ᠎ᠠ ᠵᠢᠷᠤᠮᠯᠠᠵᠤ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠬᠡᠷᠡᠭᠲᠡᠶ᠃ ᠰᠦᠯᠵᠢᠶᠡᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠷᠢᠯᠴᠠᠭᠠᠨ ᠤ ᠠᠷᠭ᠎ᠠ ᠵᠠᠮ ᠢᠶᠠᠷ ᠳᠠᠮᠵᠢᠭᠤᠯᠤᠨ | ᠳᠤᠷᠠᠳᠤᠭᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠴᠠᠭ ᠲᠤᠬᠠᠶ ᠳᠤ ᠨᠢ ᠨᠠᠷᠢᠨ ᠬᠢᠨᠠᠮᠠᠭᠠᠶ ᠰᠤᠳᠤᠯᠤᠨ ᠤᠩᠰᠢᠬᠤ ᠪᠠ ᠬᠠᠷᠢᠭᠤᠯᠲᠠ ᠥᠭᠴᠦ᠂ ᠵᠠᠰᠠᠭ ᠤᠨ | ᠣᠷᠳᠣᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ︵ᠳᠥᠷᠪᠡ︶ 2021 ᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠬᠦ ᠠᠵᠢᠯ ᠢ ᠰᠠᠶᠢᠲᠤᠷ | ᠬᠢᠨ᠎ᠠ᠃ ︽ᠵᠠᠰᠠᠭ ᠤᠨ ᠣᠷᠳᠣᠨ ᠤ ᠰᠦᠯᠵᠢᠶᠡᠨ ᠤ ᠣᠨ ᠤ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠬᠦ ᠠᠵᠢᠯ ᠢ ᠰᠠᠶᠢᠲᠤᠷ ᠬᠢᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2018﹈ 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠤᠷᠢᠳ ᠢᠶᠠᠷ ᠬᠢᠨᠠᠵᠤ | ᠳᠠᠷᠠᠭ᠎ᠠ ᠨᠢ ᠲᠠᠷᠬᠠᠭᠠᠬᠤ︾ ᠵᠠᠷᠴᠢᠮ ᠶᠣᠰᠣᠭᠠᠷ᠂ 2022 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ 2021 ᠣᠨ ᠤ ︽ᠵᠠᠰᠠᠭ ᠤᠨ | ᠣᠷᠳᠣᠨ ᠤ ᠰᠦᠯᠵᠢᠶ᠎ᠡ ᠶᠢᠨ ᠠᠵᠢᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠠᠵᠢᠯ ᠢ ᠳᠠᠭᠤᠰᠬᠠᠵᠤ᠂ ᠮᠡᠳᠡᠭᠡ ᠵᠠᠩᠭᠢ ᠶᠢ ᠢᠯᠡ | ᠪᠣᠯᠭᠠᠬᠤ ᠭᠠᠷᠴᠠᠭ ᠲᠤ ᠣᠷᠣᠭᠤᠯᠬᠤ ᠶᠢᠨ ᠬᠠᠮᠲᠤ᠂ ᠰᠦᠯᠵᠢᠶᠡᠨ ᠤ ᠲᠦᠷᠦᠭᠦᠤ ᠨᠢᠭᠤᠷ ᠤᠨ ᠢᠯᠡ ᠪᠠᠶᠢᠷᠢᠨ ᠳᠤ ᠨᠡᠶᠢᠲᠡᠯᠡᠬᠦ ᠬᠡᠷᠡᠭᠲᠡᠶ᠃ ᠣᠨ ᠤ ᠮᠡᠳᠡᠭᠦᠯᠦᠯᠲᠡ ᠶᠢ | ᠬᠢᠨᠠᠨ ᠬᠠᠷᠭᠤᠭᠤᠯᠬᠤ ᠪᠣᠭᠤᠮᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠯᠭ᠎ᠠ ᠶᠢᠨ ᠪᠦᠷᠢᠨ ᠪᠦᠲᠦᠨ ᠪᠥᠭᠡᠳ ᠵᠢᠷᠤᠮᠵᠢᠯ ᠲᠠᠢ᠂ ᠲᠤᠭ᠎ᠠ ᠪᠠᠷᠢᠮᠲᠠ ᠶᠢᠨ | ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠭᠰᠠᠨ ᠤ ᠳᠠᠷᠠᠭ᠎ᠠ ᠳᠠᠬᠢᠨ ᠢᠯᠡ ᠪᠠᠷ ᠨᠡᠶᠢᠲᠡᠯᠡᠬᠦ ᠶᠢᠨ ᠬᠠᠮᠲᠤ ︽ᠪᠥᠬᠦ ᠤᠯᠤᠰ ᠤᠨ ᠵᠠᠰᠠᠭ ᠤᠨ | ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢᠨ ᠮᠡᠳᠡᠭᠦᠯᠦᠨ ᠬᠦᠷᠭᠡᠬᠦ ᠰᠢᠰᠲ᠋ᠧᠮ︾ ᠳᠤ ᠲᠠᠭᠯᠠᠨ ᠮᠡᠳᠡᠭᠦᠯᠬᠦ ᠠᠵᠢᠯ ᠢ ᠴᠠᠭ ᠲᠤᠬᠠᠶ ᠳᠤ ᠨᠢ ᠪᠡᠶᠡᠯᠡᠭᠦᠯᠬᠦ ᠬᠡᠷᠡᠭᠲᠡᠶ᠃ | ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ ᠲᠡᠷᠢᠭᠦᠨ ᠨᠢᠭᠤᠷ ᠲᠤ ᠪᠠᠨ ᠲᠤᠰᠬᠠᠶ ᠪᠤᠯᠤᠩ ᠭᠠᠷᠭᠠᠵᠤ᠂ ᠲᠣᠰ ᠭᠠᠵᠠᠷ ᠤᠨ ᠢᠶᠠᠨ | ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ ᠶᠢ ᠲᠥᠪᠯᠡᠷᠡᠭᠦᠯᠦᠨ ᠨᠡᠶᠢᠲᠡᠯᠡᠬᠦ | ᠬᠡᠷᠡᠭᠲᠡᠶ᠃ | 2021 ᠣᠨ ᠤ ᠳᠥᠷᠪᠡᠳᠦᠭᠡᠷ ᠤᠯᠠᠷᠢᠯ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠤᠭᠤᠴᠢᠨ ᠪᠠᠶᠢᠴᠠᠭᠠᠯᠲᠠ ᠳᠤ ᠠᠰᠠᠭᠤᠳᠠᠯ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ ᠤᠨ | ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠴᠠᠭ ᠲᠤᠬᠠᠶ ᠳᠤ ᠨᠢ ᠴᠡᠭᠴᠡᠯᠡᠨ ᠥᠭᠡᠷᠡᠴᠢᠯᠡᠵᠦ᠂ ᠴᠡᠭᠴᠡᠯᠡᠨ ᠥᠭᠡᠷᠡᠴᠢᠯᠡᠭᠰᠡᠨ | ᠪᠠᠶᠢᠳᠠᠯ ᠢᠶᠠᠨ ᠵᠠᠷᠯᠠᠨ ᠨᠡᠶᠢᠲᠡᠯᠡᠭᠰᠡᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠶ᠃ | ᠳᠠᠭᠠᠯᠳᠤᠭᠤᠯᠤᠯ᠄ | 1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠭᠤᠴᠢᠨ ᠪᠠᠶᠢᠴᠠᠭᠠᠭᠰᠠᠨ ᠪᠠᠶᠢᠳᠠᠯ | | | | | 2. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠣᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠳᠠᠯ | | | | | 3. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ | | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | 2021 ᠣᠨ ᠤ 12 ᠳ᠋ᠤᠭᠠᠷ ᠰᠠᠷ᠎ᠠ ᠶᠢᠨ 23 ᠤ ᠡᠳᠦᠷ | |