ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠬᠤᠲᠠ ᠶᠢᠨ ᠬᠡᠪᠴᠢᠶ᠎ᠡ ᠶᠢ ᠨᠡᠶᠢᠲᠡᠯᠡᠬᠦ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠵᠠᠷ
ᠨᠡᠶᠢᠲᠡᠯᠡᠭᠰᠡᠨ ᠴᠠᠭ᠄
2022/1/6
      ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ︽ᠬᠢᠯᠢ ᠶᠢᠨ ᠪᠣᠭᠤᠮᠲᠠ ᠶᠢᠨ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ ﹇2021﹈ 14 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠡᠷᠭᠦᠨ᠎ᠡ ᠬᠤᠲᠠ᠂ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠪᠠᠭᠲᠠᠨ᠎ᠠ︶᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠷᠠᠰᠢᠶᠠᠨ ᠬᠤᠲᠠ᠂ ᠵᠡᠭᠦᠨ ᠦᠵᠦᠮᠦᠴᠢᠨ ᠬᠤᠰᠢᠭᠤ᠂ ᠡᠷᠢᠶᠡᠨ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠡᠵᠡᠨ᠎ᠡ ᠬᠤᠰᠢᠭᠤ ᠶᠢ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠬᠤᠲᠠ ᠪᠠᠷ ᠨᠡᠶᠢᠲᠡᠯᠡᠪᠡ᠃      ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠶᠢᠨ ᠲᠤᠰᠠᠳᠠ᠂ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 3 ᠰᠠᠷ᠎ᠠ ᠶᠢᠨ 15 ᠤ ᠡᠳᠦᠷ ᠪᠣᠯᠲᠠᠯ᠎ᠠ᠂ ᠡᠷᠭᠦᠨ᠎ᠡ ᠬᠤᠲᠠ᠂ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠪᠠᠭᠲᠠᠨ᠎ᠠ︶᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠷᠠᠰᠢᠶᠠᠨ ᠬᠤᠲᠠ᠂ ᠵᠡᠭᠦᠨ ᠦᠵᠦᠮᠦᠴᠢᠨ ᠬᠤᠰᠢᠭᠤ᠂ ᠡᠷᠢᠶᠡᠨ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠡᠵᠡᠨ᠎ᠡ ᠬᠤᠰᠢᠭᠤ ᠠᠴᠠ ᠰᠠᠯᠬᠤ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ ᠬᠤᠯᠪᠣᠭᠳᠠᠯ ᠪᠥᠬᠦᠶ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠢᠨᠠᠮᠠᠭᠠᠶ ᠵᠢᠷᠤᠮᠯᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠲᠠᠢ ᠬᠠᠮᠵᠢᠯᠴᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠶᠢ ᠪᠠᠶᠢᠴᠠᠭᠠᠨ ᠰᠢᠯᠭᠠᠭᠤᠯᠬᠤ ᠶᠢ ᠬᠦᠰᠡᠵᠦ ᠪᠠᠶᠢᠨ᠎ᠠ᠃ ᠬᠡᠷᠪᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠪᠠᠨ ᠭᠦᠢᠴᠡᠳᠬᠡᠭᠰᠡᠨ ᠦᠭᠡᠢ ᠠᠴᠠ ᠪᠤᠯᠵᠤ ᠬᠠᠯᠳᠠᠪᠤᠷᠢᠲᠤ ᠡᠪᠡᠳᠴᠢᠨ ᠢ ᠳᠡᠯᠭᠡᠷᠡᠭᠦᠯᠦᠨ ᠲᠠᠷᠬᠠᠭᠠᠭᠰᠠᠨ ᠪᠠᠶᠢᠪᠠᠯ᠂ ᠵᠣᠬᠢᠬᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠤᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ                                                                2021 ᠣᠨ ᠤ 12 ᠰᠠᠷ᠎ᠠ ᠶᠢᠨ 29 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ