ᠨᠢᠭᠡ᠂ ᠨᠡᠶᠢᠲᠡᠯᠡᠭᠰᠡᠨ ᠠᠬᠤᠢ ᠪᠠᠶᠢᠳᠠᠯ
ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ᠂ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠬᠤᠪᠢᠷᠠᠭᠤᠯᠬᠤ ᠶᠢ ᠠᠬᠢᠭᠤᠯᠬᠤ ᠪᠠ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠡᠨ ᠨᠡᠮᠡᠭᠳᠡᠭᠦᠯᠬᠦ ᠳᠤᠮᠳᠠᠬᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠪᠥᠬᠦ ᠣᠷᠣᠨ ᠤ ᠣᠶ ᠰᠢᠭᠤᠢ ᠡᠪᠡᠰᠦ ᠪᠡᠯᠴᠢᠭᠡᠷ ᠦᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 174 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠣᠷᠣᠨ ᠤ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ ᠰᠢᠯᠭᠠᠷᠠᠭᠤᠯᠵᠤ ᠮᠠᠭᠠᠳᠯᠠᠨ ᠲᠣᠭᠲᠠᠭᠠᠬᠤ ᠵᠢᠴᠢ ᠲᠦᠷᠦᠭᠦᠸ ᠳᠥᠷᠪᠡᠨ ᠪᠦᠯᠦᠭ ᠨᠢᠭᠡᠨᠲᠡ ᠮᠠᠭᠠᠳᠯᠠᠨ ᠲᠣᠭᠲᠠᠭᠠᠭᠰᠠᠨ ᠲᠦᠷᠦᠭᠦᠯᠡᠭᠴᠢ ᠠᠵᠤ ᠠᠬᠤᠶᠢᠯᠠᠯ ᠢ ᠬᠢᠨᠠᠨ ᠰᠢᠨᠵᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ ᠰᠢᠯᠭᠠᠷᠠᠭᠤᠯᠵᠤ ᠲᠣᠭᠲᠠᠭᠠᠬᠤ ᠵᠢᠴᠢ ᠲᠦᠷᠦᠭᠦᠦ ᠳᠥᠷᠪᠡᠨ ᠪᠦᠯᠦᠭ ᠨᠢᠭᠡᠨᠲᠡ ᠲᠣᠭᠲᠠᠭᠠᠭᠰᠠᠨ ᠲᠦᠷᠦᠭᠦᠯᠡᠭᠴᠢ ᠠᠵᠤ ᠠᠬᠤᠶᠢᠯᠠᠯ ᠢ ᠬᠢᠨᠠᠨ ᠰᠢᠨᠵᠢᠯᠡᠬᠦ ᠠᠵᠢᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 174 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃
ᠬᠤᠶᠠᠷ ᠂ ᠭᠤᠣᠯ ᠠᠭᠤᠯᠭ᠎ᠠ
ᠠᠵᠤ ᠠᠬᠤᠶᠢᠯᠠᠯ ᠠᠴᠠ ᠭᠤᠶᠤᠴᠢᠯᠠᠨ ᠮᠡᠳᠡᠭᠦᠯᠬᠦ᠂ ᠡᠯ᠎ᠡ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠠᠴᠠ ᠪᠠᠲᠤᠯᠠᠨ ᠲᠠᠨᠢᠯᠴᠠᠭᠤᠯᠵᠤ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠬᠣᠯᠪᠣᠭᠠᠲᠤ ᠬᠤᠷᠠᠯ ᠠᠴᠠ ᠬᠢᠨᠠᠨ ᠲᠣᠭᠲᠠᠭᠠᠬᠤ ᠪᠠ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠷᠠᠰᠢᠶᠠᠨ ᠬᠤᠲᠠ ᠶᠢᠨ ᠪᠠᠢ ᠯᠠᠩ ᠤᠨ ᠲᠢᠶᠠᠨ ᠶᠤᠸᠠᠨ ᠣᠶ ᠰᠢᠭᠤᠢ ᠶᠢᠨ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 7 ᠠᠵᠤ ᠠᠬᠤᠶᠢᠯᠠᠯ ᠢ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠪᠠ︔ ᠥᠪᠥᠷ ᠮᠣᠩᠭᠤᠯ ᠤᠨ ᠢᠦᠢ ᠬᠠᠩ ᠷᠧᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠬᠢᠨᠠᠨ ᠰᠢᠨᠵᠢᠯᠡᠯᠲᠡ ᠳᠤ ᠬᠢᠷᠢ ᠲᠡᠩᠴᠡᠭᠰᠡᠨ 52 ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠨᠡᠷ᠎ᠡ ᠶᠢ ᠨᠢ ᠦᠷᠭᠦᠯᠵᠢᠯᠡᠨ ᠦᠯᠡᠳᠡᠭᠡᠨ᠎ᠡ᠃ ᠲᠦᠷᠦᠭᠦᠦ ᠳᠥᠷᠪᠡᠨ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠢᠨᠠᠨ ᠰᠢᠨᠵᠢᠯᠡᠯᠲᠡ ᠳᠤ ᠬᠢᠷᠢ ᠲᠡᠩᠴᠡᠭᠰᠡᠨ ᠨᠡᠷᠡᠰ ᠲᠤ ᠵᠢᠭᠰᠠᠭᠠᠭᠳᠠᠭᠰᠠᠨ ᠦᠭᠡᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠢᠷᠢ ᠬᠡᠮ ᠢ ᠨᠢ ᠬᠠᠰᠤᠨ᠎ᠠ᠃ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠨᠡᠷᠡᠰ ᠪᠣᠯᠣᠨ ᠲᠦᠷᠦᠭᠦᠦ ᠳᠥᠷᠪᠡᠨ ᠪᠦᠯᠦᠭ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠢᠨᠠᠨ ᠰᠢᠨᠵᠢᠯᠡᠯᠲᠡ ᠳᠤ ᠬᠢᠷᠢ ᠲᠡᠩᠴᠡᠭᠰᠡᠨ ᠨᠡᠷᠡᠰ ᠢ ᠪᠢᠴᠢᠭ ᠮᠠᠲ᠋ᠧᠷᠢᠶᠠᠯ ᠤᠨ ᠳᠠᠭᠠᠯᠳᠤᠭᠤᠯᠤᠯ ᠳᠤ ᠪᠣᠳᠠᠲᠠᠢ ᠪᠠᠷ ᠦᠵᠡᠭᠦᠯᠦᠨ᠎ᠡ᠃
ᠭᠤᠷᠪᠠ᠂ ᠨᠤᠲᠠᠯᠠᠨ ᠲᠣᠭᠲᠠᠭᠠᠭᠰᠠᠨ ᠠᠴᠢ ᠬᠤᠯᠪᠣᠭᠳᠠᠯ
ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠪᠣᠯ ᠮᠠᠨ ᠤ ᠣᠷᠣᠨ ᠤ ᠣᠶ ᠰᠢᠭᠤᠢ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠴᠢᠨᠠᠷ ᠰᠠᠶᠢᠲᠠᠢ ᠬᠥᠭᠵᠢᠬᠦ ᠶᠢ ᠳᠠᠶᠢᠴᠢᠯᠠᠬᠤ ᠴᠢᠬᠤᠯᠠ ᠬᠦᠴᠦᠨ ᠪᠠᠶᠢᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ᠂ ᠵᠢᠱᠢᠶ᠎ᠡ ᠦᠵᠡᠭᠦᠯᠬᠦ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠬᠢᠬᠦ ᠂ ᠣᠷᠣᠨ ᠪᠦᠰᠡ ᠶᠢᠨ ᠠᠵᠤ ᠦᠢᠯᠡᠰ ᠤᠨ ᠪᠦᠷᠢᠯᠳᠦᠯ ᠢ ᠳᠠᠶᠢᠴᠢᠯᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠦᠨᠡᠯᠡᠨ ᠲᠣᠭᠲᠠᠭᠠᠭᠰᠠᠨ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠳ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠨ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠨ ᠲᠦᠷᠭᠡᠳᠬᠡᠵᠦ᠂ ᠲᠣᠰ ᠪᠡᠶ᠎ᠡ ᠶᠢᠨ ᠠᠵᠤ ᠠᠬᠤᠶᠢᠯᠠᠯ ᠢᠶᠠᠨ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠦᠢᠯᠡᠰ ᠤᠨ ᠲᠥᠪᠯᠡᠷᠡᠯ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠨᠠᠩ ᠰᠠᠶᠢᠲᠤᠷ ᠳᠠᠶᠢᠴᠢᠯᠠᠬᠤ ᠬᠡᠷᠡᠭᠲᠡᠢ᠃