|
ᠦᠰᠦᠭ ᠪᠢᠴᠢᠭ ᠢᠶᠠᠷ ᠥᠭᠦᠯᠡᠬᠦᠢ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ |
|
|
ᠨᠡᠶᠢᠲᠡᠯᠡᠭᠰᠡᠨ ᠴᠠᠭ᠄
2022/11/4
|
|
ᠨᠢᠭᠡ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ 2011 ᠣᠨ ᠠᠴᠠ ᠨᠠᠭᠠᠰᠢ᠂ ᠮᠠᠨ ᠤ ᠣᠷᠣᠨ ︽ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠭᠠᠵᠠᠷ ᠰᠢᠷᠣᠢ ᠶᠢ ᠬᠠᠮᠠᠭᠠᠯᠠᠬᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠂ 2021 ᠣᠨ ᠤ ᠡᠴᠦᠰ ᠪᠣᠯᠬᠤ ᠳᠤ ᠨᠢᠭᠡᠨᠲᠡ ᠨᠡᠶᠢᠲᠡ 4589 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠯᠤᠰ ᠠᠴᠠ ᠪᠠᠭᠤᠯᠭᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠢᠴᠡᠳ ᠲᠤᠭ᠎ᠠ ᠪᠠᠷ ᠪᠡᠶᠡᠯᠡᠭᠦᠯᠵᠦ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠶᠢᠨ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ 2019 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠢ ᠪᠥᠭᠡᠳ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠠᠯᠢ ᠣᠯᠠᠨ ᠪᠦᠲᠦᠮᠵᠢᠲᠡᠶ ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠯ᠎ᠡ ᠭᠤᠭᠴᠤᠭ᠎ᠠ ᠶᠢᠨ ᠵᠠᠩᠭᠢᠯᠠᠭ᠎ᠠ ᠶᠢᠨ ᠨᠥᠯᠥᠭᠡ ᠪᠠᠷ ᠨᠡᠯᠢᠶᠡᠳ ᠶᠡᠭᠡ ᠬᠦᠴᠢᠷ ᠴᠡᠭ ᠪᠠ ᠲᠦᠭᠵᠢᠷᠡᠯ ᠴᠡᠭ ᠢ ᠲᠣᠳᠣᠷᠬᠠᠢ ᠰᠦᠪᠡᠭᠴᠢᠯᠡᠵᠡᠢ᠃ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠪᠠ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠬᠤᠶᠠᠷ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠠᠷᠪᠠᠨ ᠨᠢᠭᠡᠨ ᠲᠠᠯ᠎ᠠ ᠠᠴᠠ 35 ᠵᠦᠢᠯ ᠤᠨ ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠡᠨᠡ ᠨᠢ ᠭᠤᠣᠯᠳᠠᠭᠤ ︽5 ᠵᠦᠢᠯ ᠳᠤ ᠰᠢᠨ᠎ᠡ ᠶᠢ ᠡᠭᠦᠳᠬᠦ᠂ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠂ 2 ᠲᠠᠯ᠎ᠠ ᠪᠠᠷ ᠰᠠᠭᠤᠷᠢ ᠶᠢ ᠪᠠᠲᠤᠯᠠᠬᠤ᠂ 1 ᠵᠦᠢᠯ ᠢ ᠱᠠᠩᠨᠠᠨ ᠬᠥᠬᠢᠭᠦᠯᠬᠦ︾ ᠢᠶᠠᠷ ᠢᠯᠡᠷᠡᠵᠦ ᠪᠠᠶᠢᠨ᠎ᠠ᠃ 5 ᠵᠦᠢᠯ ᠳᠤ ᠰᠢᠨ᠎ᠡ ᠶᠢ ᠡᠭᠦᠳᠬᠦ᠃ ᠨᠢᠭᠡ ᠳᠤ᠂ ᠲᠥᠷᠥᠯ ᠵᠦᠢᠯ ᠢ ᠠᠬᠢᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠦᠬᠦᠶᠢᠯᠡ ᠲᠣᠰᠬᠤᠨ ᠪᠦᠬᠦᠶᠢᠯᠡ ᠳᠤᠭᠤᠶᠢᠯᠠᠩ ᠪᠦᠬᠦᠶᠢᠯᠡ ᠬᠡᠰᠡᠭ ᠲᠠᠷᠢᠶᠠᠨ ᠭᠠᠵᠠᠷ ᠢ ᠬᠠᠮᠲᠤ ᠪᠠᠷ ᠰᠢᠯᠵᠢᠭᠦᠯᠬᠦ ᠵᠢᠴᠢ ᠪᠦᠬᠦᠶᠢᠯᠡ ᠪᠠᠶᠢᠭᠤᠯᠤᠮᠵᠢ ᠶᠢᠨ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠵᠣᠷᠢᠭᠵᠢᠭᠤᠯᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠪᠦᠬᠦᠶᠢᠯᠡ ᠬᠤᠰᠢᠭᠤ ᠰᠢᠶᠠᠨ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠬᠤᠶᠠᠷ ᠲᠤ᠂ ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠰᠢᠭᠤ ᠰᠢᠶᠠᠨ ᠤ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠨᠤᠲᠠᠯᠠᠵᠤ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠬᠦ ᠶᠢ ᠠᠬᠢᠭᠤᠯᠵᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ︽ᠵᠣᠭᠤᠰ ᠨᠢ ᠲᠥᠷᠥᠯ ᠵᠦᠢᠯ ᠢ ᠬᠦᠯᠢᠶᠡᠬᠦ︾ ᠠᠴᠠ ᠵᠠᠶᠢᠯᠠᠰᠬᠢᠨ᠎ᠡ᠃ ᠭᠤᠷᠪᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠵᠣᠭᠤᠰ ᠥᠭᠴᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠳᠥᠷᠪᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ ᠴᠡᠭᠴᠡᠯᠡᠨ ᠵᠠᠰᠠᠬᠤ ᠵᠠᠭᠪᠤᠷ ᠢ ᠬᠡᠷᠡᠭᠵᠢᠭᠦᠯᠦᠨ᠂ ᠤᠤᠯ ᠤᠨ ᠪᠠᠶᠢᠷᠢᠰᠢᠯ ᠢ ᠡᠪᠳᠡᠵᠦ᠂ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠳᠠᠬᠢᠨ ᠬᠤᠪᠢᠶᠠᠷᠢᠯᠠᠨ ᠡᠵᠡᠩᠨᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠲᠠᠪᠤ ᠳᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠤᠯᠤᠰ ᠤᠨ ᠥᠮᠴᠢᠯᠡᠯ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠳᠤ ᠣᠷᠣᠭᠤᠯᠤᠨ ᠬᠠᠮᠢᠶᠠᠷᠴᠤ᠂ ᠣᠯᠣᠭᠰᠠᠨ ᠠᠰᠢᠭ ᠣᠯᠵᠠᠪᠤᠷᠢ ᠶᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠳᠤ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠬᠠᠮᠢᠶᠠᠷᠤᠯᠲᠠ ᠶᠢᠨ ᠬᠦᠴᠦᠨ ᠢ ᠨᠡᠶᠢᠯᠡᠭᠦᠯᠦᠨ᠂ ᠬᠤᠰᠢᠭᠤ ᠰᠢᠶᠠᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠭᠲᠠᠴᠠ ᠶᠢ ᠲᠥᠪᠯᠡᠷᠡᠭᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠳᠤ ᠦᠨᠡᠯᠡᠯᠲᠡ ᠬᠢᠬᠦ᠂ ᠲᠤᠰᠬᠠᠢ ᠪᠠᠶᠢᠭᠤᠯᠤᠮᠵᠢ ᠮᠡᠷᠭᠡᠵᠢᠯ ᠤᠨ ᠦᠢᠯᠡᠴᠢᠯᠡᠭᠡ ᠬᠢᠬᠦ᠂ ᠮᠠᠯᠴᠢᠨ ᠲᠠᠷᠢᠶᠠᠴᠢᠨ ᠤ ᠬᠢᠨᠠᠯᠲᠠ ᠲᠠᠯᠪᠢᠭᠴᠢ ᠪᠥᠬᠦ ᠶᠠᠪᠤᠴᠠ ᠳᠤ ᠣᠷᠤᠯᠴᠠᠬᠤ᠂ ᠬᠠᠯᠠᠮᠰᠢᠯ ᠤᠲᠠᠰᠤ ᠪᠠ ᠵᠠᠭᠤᠴᠢᠯᠠᠭᠤᠷ ᠬᠢᠨᠠᠯᠲᠠ ᠲᠠᠯᠪᠢᠬᠤ ᠵᠡᠷᠭᠡ ᠲᠠᠪᠤᠨ ᠶᠡᠭᠡ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠲᠠᠷᠠᠬᠠᠢ ᠪᠤᠲᠠᠷᠬᠠᠢ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠢ ᠨᠡᠶᠢᠯᠡᠭᠦᠯᠵᠦ᠂ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠤᠨ ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠭᠲᠠᠭᠠᠵᠤ᠂ ᠭᠡᠷ᠎ᠡ ᠶᠢ ᠵᠠᠷᠯᠠᠨ ᠨᠡᠶᠢᠲᠡᠯᠡᠵᠦ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠳᠤ ᠴᠣᠬᠢᠯᠲᠠ ᠥᠭᠭᠦᠨ᠎ᠡ᠃ 2 ᠵᠦᠢᠯ ᠢᠶᠠᠷ ᠰᠠᠭᠤᠷᠢ ᠶᠢ ᠪᠠᠲᠤᠯᠠᠬᠤ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠠᠴᠠ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠬᠤᠶᠠᠷ ᠠᠷᠭ᠎ᠠ ᠵᠠᠮ ᠢᠶᠠᠷ ᠪᠡᠯᠡ ᠣᠷᠣᠭᠤᠯᠬᠤ ᠶᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠠᠴᠠ ᠳᠠᠭᠢᠵᠤ ᠢᠵᠢ ᠪᠦᠷᠢᠳᠦᠭᠦᠯᠬᠦ ᠦᠭᠡᠢ᠂ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢᠯᠡᠬᠦ ᠪᠠᠷᠢᠮᠵᠢᠶ᠎ᠠ ᠶᠢ ᠪᠠᠷᠢᠮᠵᠢᠶᠠᠲᠤ ᠤᠰᠤᠯᠠᠯᠲᠠ ᠶᠢᠨ ᠲᠠᠷᠢᠶ᠎ᠠ ᠳᠤ 1700 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠠᠭᠤᠷᠠᠢ ᠲᠠᠷᠢᠶ᠎ᠠ ᠳᠤ 1200 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠥᠳᠡᠯᠦᠩᠭᠦᠢ ᠪᠠᠷ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠤᠰᠢᠭᠤ ᠰᠢᠶᠠᠨ ᠠᠴᠠ ᠰᠠᠭᠤᠷᠢ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠬᠤᠰᠢᠭᠤ ᠰᠢᠶᠠᠨ ᠠᠴᠠ ᠥᠪᠡᠷ ᠢᠶᠠᠨ ᠪᠡᠯᠡ ᠭᠠᠷᠭᠠᠵᠤ ᠲᠣᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠬᠤ ᠶᠢ ᠪᠡᠶᠡᠯᠡᠭᠦᠯᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠤᠴᠠᠭᠠᠨ ᠠᠪᠤᠨ᠎ᠠ᠃ 1 ᠵᠦᠢᠯ ᠢ ᠱᠠᠩᠨᠠᠨ ᠬᠥᠬᠢᠭᠦᠯᠬᠦ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠣᠰ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠳᠤ ᠱᠠᠩᠨᠠᠯ ᠣᠯᠭᠤᠵᠤ᠂ 1000 ᠲᠦᠮᠡᠨ ᠲᠥᠭᠦᠷᠢᠭ ᠲᠣᠬᠢᠷᠠᠭᠤᠯᠵᠤ ᠪᠠᠶᠢᠭᠤᠯᠵᠤ ᠳᠠᠭᠤᠰᠬᠠᠭᠰᠠᠨ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠱᠠᠩᠨᠠᠯ ᠣᠯᠭᠤᠨ᠎ᠠ᠃ ᠭᠤᠷᠪᠠ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠣᠪᠣᠶᠢᠮ᠎ᠠ ᠣᠨᠴᠠᠯᠢᠭ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠲᠠᠢ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠵᠤ᠂ ᠭᠤᠷᠪᠠᠨ ᠲᠠᠯ᠎ᠠ ᠶᠢᠨ ᠲᠣᠪᠣᠶᠢᠮ᠎ᠠ ᠣᠨᠴᠠᠯᠢᠭ ᠲᠠᠢ ᠶᠤᠮ᠃ ᠨᠢᠭᠡ ᠳᠤ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠶᠢ ᠲᠤᠪᠤᠶᠢᠯᠭᠠᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠭᠲᠠᠭᠰᠠᠨ ᠴᠠᠭ ᠲᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠶᠡᠷᠦᠩᠬᠡᠢ ᠬᠠᠷᠠᠯᠲᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠡᠶᠢᠳᠡᠮ ᠤᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠳᠤ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ ᠲᠣᠭᠲᠠᠭᠠᠵᠠᠢ᠃ ᠬᠤᠶᠠᠷ ᠲᠤ᠂ ᠲᠣᠪᠴᠢ ᠲᠣᠳᠣᠷᠬᠠᠢ ᠪᠠᠶᠢᠬᠤ ᠶᠢ ᠲᠣᠪᠤᠶᠢᠯᠭᠠᠨ᠂ ᠦᠭᠡ ᠥᠭᠦᠯᠡᠪᠦᠷᠢ ᠨᠢ ᠲᠣᠪᠴᠢ ᠠᠪᠰᠠᠷᠬᠠᠨ᠂ ᠠᠭᠤᠯᠭ᠎ᠠ ᠨᠢ ᠪᠠᠶᠠᠯᠢᠭ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠬᠤ ᠶᠢ ᠴᠢᠬᠤᠯᠠᠴᠢᠯᠠᠵᠤ᠂ ︽ᠭᠤᠷᠪᠠ ᠶᠢ ᠬᠡᠯᠡᠬᠦ ᠦᠭᠡᠢ︾ ᠪᠠᠶᠢᠬᠤ ᠶᠢ ᠭᠤᠣᠯᠳᠠᠯᠭ᠎ᠠ ᠲᠠᠢ ᠡᠵᠡᠮᠰᠢᠪᠡ᠂ ᠲᠤᠬᠠᠶᠢᠯᠠᠪᠠᠯ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ ᠲᠣᠭᠠᠲᠤ︶ ᠳᠤ ᠨᠢᠭᠡᠨᠲᠡ ᠲᠣᠳᠣᠷᠬᠠᠶᠢᠯᠠᠭᠰᠠᠨ ᠢ ᠬᠡᠯᠡᠬᠦ ᠦᠭᠡᠢ︔ ᠡᠯ᠎ᠡ ᠭᠠᠵᠠᠷ ᠤᠨ ᠣᠳᠣᠬᠠᠨ ᠳᠤ ᠨᠢᠭᠡᠨᠲᠡ ᠨᠡᠶᠢᠳᠡᠮ ᠪᠣᠳᠠᠲᠠᠶᠢᠵᠢᠭᠤᠯᠤᠭᠰᠠᠨ ᠪᠠᠶᠢᠳᠠᠯ ᠢ ᠬᠡᠯᠡᠬᠦ ᠦᠭᠡᠢ︔ ᠴᠢᠩᠭ᠎ᠠ ᠬᠢᠵᠠᠭᠠᠷᠯᠠᠯ ᠦᠭᠡᠢ ᠪᠣᠯ ᠬᠢᠨᠠᠨ ᠰᠢᠯᠭᠠᠵᠤ ᠪᠣᠯᠬᠤ ᠦᠭᠡᠢ ᠶᠢ ᠬᠡᠯᠡᠬᠦ ᠦᠭᠡᠢ᠃ ᠭᠤᠷᠪᠠ ᠳᠤ᠂ ᠥᠷᠭᠡᠨ ᠢᠶᠠᠷ ᠯᠠᠪᠯᠠᠯᠲᠠ ᠪᠣᠯᠭᠠᠬᠤ ᠶᠢ ᠲᠤᠪᠤᠶᠢᠯᠭᠠᠵᠦ᠂ ᠬᠠᠮᠢᠶ᠎ᠠ ᠪᠦᠬᠦᠢ ᠮᠤᠵᠢ ᠬᠤᠲᠠ ᠮᠤᠵᠢ ᠶᠢᠨ ᠱᠠᠲᠤᠨ ᠠᠴᠠ ᠣᠷᠣᠨ ᠨᠤᠲᠤᠭ ᠤᠨ ᠢᠵᠢ ᠪᠦᠷᠢᠳᠦᠭᠦᠯᠬᠦ ᠬᠠᠷᠢᠭᠤᠴᠠᠯᠭ᠎ᠠ ᠶᠢ ᠪᠦᠬᠦ ᠲᠤᠭ᠎ᠠ ᠪᠠᠷ ᠡᠭᠦᠷᠭᠡᠯᠡᠬᠦ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠠᠮᠢᠶ᠎ᠠ ᠪᠦᠬᠦᠢ ᠠᠶᠢᠮᠠᠭ ᠬᠤᠲᠠ ᠶᠢᠨ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ᠂ ᠤᠷᠢᠳ ᠢᠶᠠᠷ ᠰᠢᠯᠵᠢᠭᠦᠯᠦᠨ ᠳᠠᠷᠠᠭ᠎ᠠ ᠨᠢ ᠪᠦᠲᠦᠭᠡᠨ ᠪᠠᠶᠢᠭᠤᠯᠬᠤ ᠵᠡᠷᠭᠡ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠢᠲᠡᠭᠡᠮᠵᠢ ᠶᠢᠨ ᠲᠡᠰ ᠤᠨ ᠦᠨᠡᠯᠡᠯᠲᠡ ᠬᠢᠬᠦ ᠵᠡᠷᠭᠡ ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠪᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|