ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2022/2/14

           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
                 ᠥᠪᠥᠷ ᠵᠠᠰᠠᠭ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ
     
     ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ
     
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠤ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠬᠤᠲᠠ ᠶᠢᠨ ᠬᠥᠭᠵᠢᠯᠲᠡ ᠰᠢᠨ᠎ᠡ ᠱᠠᠲᠤᠨ ᠳᠤ ᠣᠷᠣᠭᠰᠠᠨ ᠳᠤ ᠨᠡᠶᠢᠴᠡᠭᠦᠯᠦᠨ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠬᠤᠳᠠ ᠶᠢ ᠰᠢᠨᠡᠳᠬᠡᠬᠦ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠬᠤ ᠪᠥᠭᠡᠳ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠂ ᠪᠠᠰᠠ ᠴᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ᠃ ᠣᠳᠣᠬᠠᠨ ᠳᠤ᠂ ᠮᠠᠨ ᠤ ᠣᠷᠣᠨ ᠤ ᠬᠤᠲᠠ ᠶᠢᠨ ᠬᠥᠭᠵᠢᠯᠲᠡ ᠨᠢᠭᠡᠨᠲᠡ ᠶᠡᠭᠡ ᠬᠡᠪᠴᠢᠶ᠎ᠡ ᠪᠠᠷ ᠨᠡᠮᠡᠭᠳᠡᠭᠦᠯᠵᠦ ᠪᠦᠲᠦᠭᠡᠨ ᠪᠠᠶᠢᠭᠤᠯᠬᠤ ᠠᠴᠠ ᠤᠭ ᠤᠨ ᠪᠠᠶᠢᠭᠰᠠᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ ᠰᠠᠶᠢᠵᠢᠷᠠᠭᠤᠯᠬᠤ ᠪᠠ ᠨᠡᠮᠡᠭᠳᠡᠯ ᠤᠨ ᠪᠦᠲᠦᠴᠡ ᠶᠢ ᠨᠢ ᠲᠣᠬᠢᠷᠠᠭᠤᠯᠬᠤ ᠪᠠᠨ ᠵᠡᠷᠭᠡ ᠳᠤ ᠨᠢ ᠴᠢᠬᠤᠯᠠᠴᠢᠯᠠᠬᠤ ᠪᠣᠯᠵᠤ ᠬᠤᠪᠢᠷᠠᠨ᠂ ᠬᠤᠲᠠ ᠶᠢᠨ ᠰᠢᠨᠡᠳᠬᠡᠯ ᠤᠨ ᠴᠢᠬᠤᠯᠠ ᠴᠠᠭ ᠦᠶ᠎ᠡ ᠳᠤ ᠣᠷᠣᠪᠠ᠃ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃
     ᠨᠢᠭᠡ᠂ ᠶᠡᠷᠦᠩᠬᠡᠢ ᠱᠠᠭᠠᠷᠳᠠᠯᠭ᠎ᠠ
     ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠲᠠᠨᠢᠵᠤ ᠡᠷᠬᠢᠮᠯᠡᠨ ᠬᠦᠨᠳᠦᠳᠬᠡᠬᠦ ᠪᠥᠭᠡᠳ ᠲᠡᠭᠦᠨ ᠳᠤ ᠨᠡᠶᠢᠴᠡᠭᠦᠯᠵᠦ᠂ ᠬᠤᠲᠠ ᠳᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠤᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠲᠠ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ ᠶᠢ ᠤᠯᠤᠰ ᠤᠨ ᠲᠤᠷᠰᠢᠯᠲᠠ ᠶᠢᠨ ᠴᠡᠭ ᠤᠨ ᠬᠤᠲᠠ ᠳᠤ ᠵᠢᠭᠰᠠᠭᠠᠨ ᠣᠷᠣᠭᠤᠯᠬᠤ ᠶᠢ ᠠᠬᠢᠭᠤᠯᠵᠤ᠂ ᠬᠤᠲᠠ ᠶᠢᠨ ᠰᠢᠨᠡᠳᠬᠡᠯ ᠤᠨ ᠲᠤᠷᠰᠢᠯᠲᠠ ᠶᠢᠨ ᠴᠡᠭ ᠤᠨ ᠲᠥᠰᠥᠯ ᠢ ᠲᠣᠭᠲᠠᠭᠠᠨ ᠨᠡᠶᠢᠲᠡᠯᠡᠨ᠎ᠡ︔ ᠬᠤᠲᠠ ᠶᠢᠨ ᠰᠢᠨᠡᠳᠬᠡᠯ ᠤᠨ ᠪᠦᠲᠦᠭᠡᠨ ᠪᠠᠶᠢᠭᠤᠯᠵᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠬᠤᠲᠠ ᠶᠢᠨ ᠪᠠᠶᠢᠭᠤᠯᠤᠯᠲᠤ ᠬᠤᠳᠡ ︵ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠪᠠᠭᠲᠠᠨ᠎ᠠ︶ ᠶᠢᠨ ᠰᠢᠨᠡᠳᠬᠡᠯ ᠤᠨ ᠠᠵᠢᠯᠯᠠᠭ᠎ᠠ ᠶᠢ ᠵᠢᠭᠠᠨ ᠵᠢᠯᠣᠭᠤᠳᠤᠨ᠎ᠠ᠃ 2023 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠳᠠᠬᠢ ᠬᠤᠲᠠ ᠶᠢᠨ ᠪᠠᠶᠢᠭᠤᠯᠤᠯᠲᠤ ᠬᠤᠲᠠ ᠨᠢ ᠴᠥᠮ ᠰᠢᠨᠡᠳᠬᠡᠯ ᠤᠨ ᠵᠢᠱᠢᠶ᠎ᠡ ᠦᠵᠡᠭᠦᠯᠬᠦ ᠲᠣᠭᠤᠷᠢᠭ ᠲᠠᠢ ᠪᠣᠯᠬᠤ ᠶᠢᠨ ᠬᠠᠮᠲᠤ᠂ ᠬᠡᠰᠡᠭ ᠲᠣᠭᠤᠷᠢᠭ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠪᠤᠶᠤ ᠬᠤᠲᠠ ᠶᠢᠨ ᠰᠢᠨᠡᠳᠬᠡᠯ ᠢ ᠲᠥᠪᠯᠡᠷᠡᠭᠦᠯᠦᠨ ᠵᠠᠯᠭᠠᠯᠳᠤᠭᠤᠯᠵᠤ ᠬᠡᠷᠡᠭᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠴᠢᠬᠤᠯᠠ ᠠᠬᠢᠴᠠ ᠲᠠᠢ ᠪᠣᠯᠭᠠᠨ᠂ ᠬᠤᠲᠠ ᠶᠢᠨ ᠰᠢᠨᠡᠳᠬᠡᠯ ᠤᠨ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠵᠦ᠂ ᠬᠤᠲᠠ ᠪᠠᠯᠭᠠᠰᠤᠨ ᠤ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠤᠲᠠ ᠶᠢᠨ ᠪᠦᠲᠦᠴᠡ᠂ ᠴᠢᠳᠠᠮᠵᠢ᠂ ᠪᠠᠶᠢᠷᠢᠰᠢᠯ ᠢ ᠠᠯᠬᠤᠮ ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠬᠤᠲᠠ ᠳᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ︽ᠬᠤᠲᠠ ᠶᠢᠨ ᠭᠡᠮ︾ ᠪᠠ ᠬᠤᠲᠠ ᠶᠢᠨ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠵᠠᠰᠠᠨ᠎ᠠ᠃
     ᠬᠤᠶᠠᠷ᠂ ᠭᠤᠣᠯᠳᠠᠯᠭ᠎ᠠ ᠲᠠᠢ ᠡᠭᠦᠷᠭᠡ
     ︵ᠨᠢᠭᠡ︶ ᠰᠠᠭᠤᠷᠢᠰᠢᠨ ᠠᠮᠢᠳᠤᠷᠠᠬᠤ ᠳᠤ ᠲᠣᠬᠢᠷᠠᠬᠤ ᠲᠠᠭᠠᠯᠠᠮᠵᠢᠲᠠᠢ ᠬᠤᠲᠠ ᠶᠢ ᠪᠦᠲᠦᠭᠡᠨ ᠪᠠᠶᠢᠭᠤᠯᠤᠨ᠎ᠠ᠃
     1. ᠣᠷᠣᠨ ᠵᠠᠢ ᠶᠢᠨ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠪᠠ ᠤᠯᠠᠭᠠᠨᠬᠠᠳᠠ᠂ ᠲᠦᠩᠯᠢᠶᠣᠣ ᠶᠢᠨ ᠣᠷᠣᠨ ᠪᠦᠰᠡ ᠶᠢᠨ ᠭᠤᠣᠯ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠠᠬᠢᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠣᠷᠣᠨ ᠪᠦᠰᠡ ᠶᠢᠨ ᠴᠢᠬᠤᠯᠠ ᠶᠡᠭᠡ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠤᠨ᠂ ᠴᠢᠳᠠᠮᠵᠢ ᠨᠢ ᠪᠦᠷᠢᠨ ᠲᠡᠭᠦᠯᠳᠡᠷ᠂ ᠵᠣᠯᠭᠠᠯᠳᠤᠭᠰᠠᠨ ᠨᠢ ᠨᠢᠭᠲᠠ ᠪᠣᠯᠬᠤ ᠬᠤᠲᠠ ᠶᠢᠨ ᠪᠥᠭᠡᠮᠨᠡᠷᠡᠯ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠵᠡᠷᠭᠡ ᠣᠲᠣ ᠦᠶ᠎ᠡ ᠶᠢᠨ ᠪᠡᠯᠡᠳᠬᠡᠮᠵᠢ ᠶᠢᠨ ᠲᠣᠣᠷ ᠰᠦᠯᠵᠢᠶ᠎ᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠰᠢᠭᠤ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠬᠤᠲᠠ ᠬᠥᠳᠡᠭᠡ ᠶᠢᠨ ᠬᠥᠭᠵᠢᠯᠲᠡ ᠶᠢ ᠳᠠᠶᠢᠴᠢᠯᠠᠵᠤ᠂ ᠳᠤᠮᠳᠠ ᠪᠠᠭ᠎ᠠ ᠬᠤᠲᠠ ᠶᠢᠨ ᠳᠠᠭᠠᠭᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠣᠨᠴᠠᠯᠢᠭᠲᠤ ᠪᠠᠭ᠎ᠠ ᠬᠤᠲᠠ ᠪᠠᠯᠭᠠᠰᠤ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃
     2. ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠬᠦᠷᠲᠡᠬᠦ ᠪᠠ ᠰᠠᠭᠤᠷᠢ ᠲᠦᠷᠦᠯ ᠤᠨ ᠬᠢ ᠶᠢᠨ ᠥᠭᠡᠷᠡᠴᠢᠯᠡᠪᠡᠰᠦ ᠵᠣᠬᠢᠬᠤ ᠶᠢ ᠨᠢ ᠪᠦᠬᠦᠨ ᠢ ᠥᠭᠡᠷᠡᠴᠢᠯᠡᠨ ᠰᠢᠨᠡᠳᠬᠡᠬᠦ᠂ ᠲᠡᠭᠦᠯᠳᠡᠷᠵᠢᠭᠦᠯᠬᠦ ᠲᠥᠷᠥᠯ ᠤᠨ ᠬᠢ ᠶᠢᠨ ᠥᠭᠡᠷᠡᠴᠢᠯᠡᠨ ᠰᠢᠨᠡᠳᠬᠡᠵᠦ ᠪᠣᠯᠬᠤ ᠶᠢ ᠨᠢ ᠢᠯᠡᠭᠦᠬᠡᠨ ᠥᠭᠡᠷᠡᠴᠢᠯᠡᠨ ᠰᠢᠨᠡᠳᠬᠡᠬᠦ᠂ ᠳᠡᠭᠡᠭᠰᠢᠯᠡᠭᠦᠯᠬᠦ ᠲᠥᠷᠥᠯ ᠤᠨ ᠬᠢ ᠶᠢ ᠢᠳᠡᠪᠬᠢᠲᠡᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠯᠦᠪᠵᠢᠭᠦᠯᠭᠡ ᠪᠠ ᠣᠨ ᠤ ᠥᠭᠡᠷᠡᠴᠢᠯᠡᠨ ᠰᠢᠨᠡᠳᠬᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠥᠭᠡᠷᠡᠴᠢᠯᠡᠨ ᠰᠢᠨᠡᠳᠬᠡᠬᠦ ᠠᠭᠤᠯᠭ᠎ᠠ ᠶᠢ ᠵᠣᠬᠢᠰᠲᠠᠢ ᠲᠣᠭᠲᠠᠭᠠᠨ᠂ ᠤᠯᠠᠨ ᠲᠦᠮᠡᠨ ᠤ ︽ᠲᠤᠯᠭᠠᠮ ᠱᠠᠭᠠᠷᠳᠠᠵᠤ ᠪᠠᠶᠢᠭ᠎ᠠ᠂ ᠬᠦᠴᠢᠷ ᠲᠠᠢ ᠪᠠᠶᠢᠭ᠎ᠠ᠂ ᠰᠠᠨᠠᠭ᠎ᠠ ᠪᠣᠯᠵᠤ ᠪᠠᠶᠢᠭ᠎ᠠ᠂ ᠬᠦᠰᠡᠵᠦ ᠪᠠᠶᠢᠭ᠎ᠠ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠪᠣᠯᠬᠤ ᠳᠤ᠂ 2005 ᠣᠨ ᠤ ᠵᠢᠯ ᠤᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠭᠰᠠᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠣᠳᠣ ᠶᠢᠨ ᠪᠠᠶᠢᠭ᠎ᠠ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠤᠰᠤ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠨᠠᠰᠤᠲᠠᠶᠢᠴᠤᠳ ᠲᠤ ᠲᠣᠬᠢᠷᠠᠬᠤ ᠪᠠ ᠰᠠᠭᠠᠳ ᠦᠭᠡᠢ ᠪᠡᠯᠡᠳᠬᠡᠮᠵᠢ ᠪᠠᠷ ᠥᠭᠡᠷᠡᠴᠢᠯᠡᠨ ᠰᠢᠨᠡᠳᠬᠡᠬᠦ ᠡᠷᠴᠢᠮ ᠢᠶᠠᠨ ᠴᠢᠩᠭᠠᠷᠠᠭᠤᠯᠵᠤ᠂ ᠪᠦᠷᠢᠨ ᠲᠥᠬᠦᠷ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠥᠷᠨᠢᠭᠦᠯᠦᠨ᠂ ᠪᠣᠬᠢᠷᠳᠤᠯ ᠦᠭᠡᠢ ᠨᠡᠶᠢᠭᠡᠮ ᠲᠣᠭᠤᠷᠢᠭ ᠢ ᠢᠳᠡᠪᠬᠢᠲᠡᠢ ᠡᠭᠦᠳᠦᠨ ᠪᠠᠶᠢᠭᠤᠯᠵᠤ᠂ ᠰᠠᠭᠤᠭᠠᠯᠢ ᠠᠷᠠᠳ ᠤᠨ ᠰᠠᠭᠤᠷᠢᠰᠢᠨ ᠠᠮᠢᠳᠤᠷᠠᠬᠤ ᠳᠤ ᠲᠣᠬᠢᠷᠠᠮᠵᠢᠲᠠᠢ ᠪᠠᠶᠢᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
     3. ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ ᠭᠡᠷ ᠪᠠᠶᠢᠰᠢᠩ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠥᠭᠡᠷᠡᠴᠢᠯᠡᠨ ᠰᠢᠨᠡᠳᠬᠡᠵᠦ ᠪᠣᠯᠬᠤ ᠪᠠᠷ ᠨᠤᠲᠠᠯᠠᠵᠤ ᠲᠣᠭᠲᠠᠭᠠᠭᠰᠠᠨ ᠨᠤᠷᠠᠬᠤ ᠠᠶᠤᠯᠲᠠᠢ ᠬᠠᠭᠤᠴᠢᠨ ᠠᠰᠠᠷ ᠪᠠᠶᠢᠰᠢᠩ ᠢ ᠰᠢᠨᠡᠳᠬᠡᠨ ᠵᠠᠰᠠᠬᠤ᠂ ᠥᠭᠡᠷᠡᠴᠢᠯᠡᠨ ᠵᠠᠰᠠᠬᠤ ᠪᠤᠶᠤ ᠵᠣᠬᠢᠬᠤ ᠬᠡᠮᠵᠢᠶ᠎ᠡ ᠪᠠᠷ ᠥᠷᠭᠡᠳᠬᠡᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠭᠡᠷᠡᠴᠢᠯᠡᠵᠦ ᠰᠢᠨᠡᠳᠬᠡᠨ᠎ᠡ᠂ ᠨᠥᠬᠦᠴᠡᠯ ᠪᠦᠷᠢᠳᠦᠭᠰᠡᠨ ᠪᠠᠶᠢᠪᠠᠯ ᠪᠠᠷᠢᠯᠭ᠎ᠠ ᠶᠢᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠠᠶᠢᠭᠠᠳ ᠢᠵᠢ ᠪᠦᠷᠢᠳᠦᠭᠦᠯᠦᠨ ᠥᠭᠡᠷᠡᠴᠢᠯᠡᠵᠦ ᠰᠢᠨᠡᠳᠬᠡᠬᠦ ᠶᠢ ᠬᠡᠷᠡᠭᠵᠢᠭᠦᠯᠬᠦ ᠪᠤᠶᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢ ᠨᠡᠮᠡᠭᠳᠡᠭᠦᠯᠵᠦ ᠪᠣᠯᠣᠨ᠎ᠠ᠃ ᠠᠯᠪᠠᠯᠠᠬᠤ ᠬᠠᠭᠤᠴᠢᠨ ᠠᠰᠠᠷ᠂ ᠬᠤᠳᠠᠯᠳᠤᠭᠠᠨ ᠤ ᠬᠠᠭᠤᠴᠢᠨ ᠪᠡᠯᠡᠳᠬᠡᠮᠵᠢ ᠵᠡᠷᠭᠡ ᠬᠠᠭᠤᠴᠢᠨ ᠠᠰᠠᠷ ᠢᠶᠠᠨ ᠲᠠᠰ ᠳᠡᠪᠰᠢᠭᠦᠯᠬᠦ ᠪᠠᠷ ᠥᠭᠡᠷᠡᠴᠢᠯᠡᠨ ᠰᠢᠨᠡᠳᠬᠡᠬᠦ᠂ ᠴᠢᠳᠠᠮᠵᠢ ᠶᠢ ᠨᠢ ᠲᠣᠬᠢᠷᠠᠭᠤᠯᠬᠤ᠂ ᠠᠮᠢᠵᠢᠷᠠᠯ ᠤᠨ ᠬᠦᠴᠦᠨ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ ᠬᠠᠭᠤᠴᠢᠨ ᠠᠰᠠᠷ ᠲᠤ ᠭᠠᠯ ᠤᠨᠲᠠᠷᠠᠭᠠᠬᠤ ᠱᠠᠲᠤ᠂ ᠴᠠᠬᠢᠯᠭᠠᠨ ᠱᠠᠲᠤ ᠵᠡᠷᠭᠡ ᠪᠡᠯᠡᠳᠬᠡᠮᠵᠢ ᠨᠡᠮᠡᠭᠳᠡᠭᠦᠯᠬᠦ ᠶᠢ ᠵᠣᠷᠢᠭᠵᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠭᠠᠵᠠᠷ ᠳᠣᠣᠷᠠᠬᠢ ᠣᠷᠣᠨ ᠵᠠᠢ ᠶᠢ ᠶᠡᠷᠦᠩᠬᠡᠶᠢᠯᠡᠨ ᠠᠰᠢᠭᠯᠠᠨ᠎ᠠ᠃
     4. ᠬᠠᠭᠤᠴᠢᠨ ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ ᠬᠠᠭᠤᠴᠢᠨ ᠠᠵᠤ ᠦᠢᠯᠡᠳᠪᠦᠷᠢ ᠶᠢᠨ ᠦᠢᠯᠡᠳᠪᠦᠷᠢ ᠶᠢᠨ ᠲᠣᠭᠤᠷᠢᠭ ᠤᠨ ᠠᠵᠤ ᠠᠬᠤᠶᠢᠯᠠᠯ ᠤᠨ ᠪᠠᠶᠢᠳᠠᠯ ᠢ ᠨᠢ ᠦᠨᠳᠦᠰᠦᠯᠡᠵᠦ ᠲᠤᠰ ᠭᠠᠵᠠᠷ ᠲᠤ ᠨᠢ ᠥᠭᠡᠷᠡᠴᠢᠯᠡᠨ ᠰᠢᠨᠡᠳᠬᠡᠬᠦ᠂ ᠣᠨᠳᠣᠣ ᠭᠠᠵᠠᠷ ᠲᠤ ᠨᠡᠭᠦᠯᠭᠡᠨ ᠪᠠᠶᠢᠭᠤᠯᠬᠤ ᠪᠠ ᠬᠠᠤᠯᠢ ᠶᠣᠰᠣᠭᠠᠷ ᠬᠠᠭᠠᠵᠤ ᠵᠣᠭᠰᠤᠭᠠᠬᠤ ᠶᠢ ᠲᠤᠰ ᠲᠤᠰ ᠲᠤ ᠨᠢ ᠬᠡᠷᠡᠭᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠥᠬᠦᠴᠡᠯ ᠪᠦᠷᠢᠳᠦᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠵᠦ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠨᠡᠭᠦᠯᠭᠡᠨ ᠰᠢᠯᠵᠢᠭᠦᠯᠦᠭᠡᠳ ᠪᠤᠴᠠᠭᠠᠭᠰᠠᠨ ᠭᠠᠵᠠᠷ ᠰᠢᠷᠣᠢ ᠪᠠ ᠰᠤᠯᠠ ᠬᠠᠶᠠᠭᠳᠠᠵᠤ ᠪᠠᠶᠢᠭ᠎ᠠ ᠭᠠᠵᠠᠷ ᠤᠳ ᠢ ᠭᠦᠢᠴᠡᠳ ᠠᠰᠢᠭᠯᠠᠨ᠂ ᠤᠳᠤ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠢ ᠬᠥᠭᠵᠢᠭᠦᠯᠦᠨ᠎ᠡ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠬᠠᠭᠤᠴᠢᠨ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠵᠤ᠂ ᠣᠯᠠᠨ ᠨᠡᠶᠢᠲᠡ ᠶᠢᠨ ᠰᠣᠶᠣᠯ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ᠂ ᠨᠠᠰᠤᠵᠢᠯ ᠪᠠ ᠪᠦᠲᠦᠭᠡᠯᠴᠢ ᠰᠡᠳᠬᠢᠮᠵᠢ ᠵᠡᠷᠭᠡ ᠠᠵᠤ ᠦᠢᠯᠡᠰ ᠲᠤ ᠤᠷᠢᠳ ᠢᠶᠠᠷ ᠬᠡᠷᠡᠭᠯᠡᠨ᠎ᠡ᠃ ᠬᠠᠭᠤᠴᠢᠨ ᠠᠵᠤ ᠦᠢᠯᠡᠳᠪᠦᠷᠢ ᠶᠢᠨ ᠦᠢᠯᠡᠳᠪᠦᠷᠢ ᠶᠢᠨ ᠲᠣᠭᠤᠷᠢᠭ ᠤᠨ ᠴᠢᠳᠠᠮᠵᠢ ᠶᠢ ᠳᠠᠬᠢᠨ ᠪᠣᠢ ᠪᠣᠯᠭᠠᠵᠣ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠥᠪ ᠤᠨ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃
     5. ᠠᠮᠢ ᠠᠬᠤᠢ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠶᠢ ᠬᠡᠷᠡᠭᠵᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢ ᠭᠦᠢᠴᠡᠳ ᠪᠣᠳᠣᠯᠬᠢᠯᠠᠨ᠂ ᠬᠤᠲᠠ ᠶᠢᠨ ᠬᠡᠪᠴᠢᠶ᠎ᠡ ᠪᠠ ᠬᠥᠮᠥᠨ ᠠᠮᠠ ᠶᠢᠨ ᠨᠢᠭᠲᠠᠴᠠ ᠶᠢ ᠵᠣᠬᠢᠰᠲᠠᠢ ᠲᠣᠭᠲᠠᠭᠠᠵᠤ᠂ ᠬᠤᠲᠠ ᠶᠢᠨ ᠠᠮᠢ ᠠᠬᠤᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠤᠲᠠ ᠶᠢᠨ ᠠᠭᠤᠯᠠᠨ ᠪᠡᠯ ᠤᠨ ᠪᠠᠶᠢᠭᠠᠯᠢ ᠶᠢᠨ ᠳᠦᠷᠰᠦ ᠪᠠᠶᠢᠳᠠᠯ ᠢ ᠬᠠᠮᠠᠭᠠᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠪᠠ ᠨᠤᠭᠤ ᠭᠠᠵᠠᠷ ᠵᠡᠷᠭᠡ ᠤᠰᠤᠨ ᠴᠣᠭᠴᠠ ᠶᠢ ᠵᠠᠰᠠᠨ ᠰᠡᠷᠭᠦᠭᠡᠵᠦ᠂ ᠣᠷᠣᠨ ᠪᠦᠰᠡ ᠶᠢᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠪᠠ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠬᠤᠳᠠ ᠵᠢᠴᠢ ᠲᠡᠭᠦᠨ ᠤ ᠡᠷᠬᠢᠨ ᠲᠣᠭᠤᠷᠢᠨ ᠳᠠᠬᠢ ᠤᠰᠤᠨ ᠤ ᠣᠷᠣᠨ ᠵᠠᠢ ᠶᠢ ᠬᠠᠮᠠᠭᠠᠯᠠᠨ ᠰᠡᠷᠭᠦᠭᠡᠵᠦ᠂ ᠪᠣᠷᠣᠭᠠᠨ ᠤ ᠪᠠ ᠦᠶᠡᠷ ᠤᠨ ᠤᠰᠤ ᠶᠢ ᠲᠣᠬᠢᠷᠠᠭᠤᠯᠤᠨ ᠬᠠᠳᠠᠭᠠᠯᠠᠬᠤ ᠣᠷᠣᠨ ᠵᠠᠢ ᠶᠢ ᠥᠷᠭᠡᠳᠬᠡᠨ᠎ᠡ᠃ ᠬᠤᠲᠠ ᠶᠢᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠭᠦᠢᠴᠡᠳ ᠠᠭᠤᠳᠠᠯᠠᠵᠤ᠂ ᠬᠤᠲᠠ ᠶᠢᠨ ᠦᠷ᠎ᠡ ᠠᠰᠢᠭ ᠢᠶᠠᠷ ᠪᠠᠷᠤᠭᠲᠠᠢ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠮᠢᠯᠠᠭᠤᠯᠵᠤ᠂ ᠣᠯᠠᠨ ᠡᠰᠢᠵᠢᠭᠰᠡᠨ ᠠᠵᠢᠯᠯᠠᠭᠠᠨ ᠤ ᠠᠷᠭ᠎ᠠ ᠮᠠᠶ᠋ᠢᠭ ᠢ ᠬᠡᠷᠡᠭᠯᠡᠨ᠂ ᠬᠤᠲᠠ ᠶᠢᠨ ᠣᠳᠣ ᠶᠢᠨ ᠪᠠᠶᠢᠭ᠎ᠠ ᠣᠷᠣᠨ ᠵᠠᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠪᠠ ᠭᠦᠨᠵᠡᠭᠡᠢ ᠨᠡᠭᠡᠭᠡᠨ ᠬᠥᠭᠵᠢᠭᠦᠯᠦᠨ᠎ᠡ᠃
     ︵ᠬᠤᠶᠠᠷ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠤᠲᠠ ᠶᠢ ᠪᠠᠶᠢᠭᠤᠯᠤᠨ᠎ᠠ᠃
     1. ᠴᠡᠴᠡᠷᠯᠢᠭᠵᠢᠭᠦᠯᠦᠨ ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠶᠢᠨ ᠴᠡᠴᠡᠷᠯᠢᠭ ᠤᠨ ᠲᠣᠭᠲᠠᠯᠴᠠᠭ᠎ᠠ ᠪᠠ ᠨᠣᠭᠤᠭᠠᠨ ᠵᠠᠮ᠂ ᠠᠯᠬᠤᠵᠤ ᠶᠠᠪᠤᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠠᠮᠢ ᠠᠬᠤᠢ ᠶᠢᠨ ᠲᠣᠣᠷ ᠢ ᠪᠠᠶᠢᠭᠤᠯᠤᠨ᠎ᠠ᠃ ᠴᠡᠴᠡᠷᠯᠢᠭᠲᠦ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ︽300 ᠮᠧᠲᠷ ᠲᠤ ᠵᠦᠯᠭᠡ ᠪᠠ ᠮᠣᠳᠣ ᠲᠠᠢ᠂ 500 ᠮᠧᠲᠷ ᠲᠤ ᠴᠡᠴᠡᠷᠯᠢᠭ ᠲᠠᠢ ᠪᠠᠶᠢᠯᠭᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠶᠢᠨ ᠰᠢᠰᠲ᠋ᠧᠮᠲᠦ ᠴᠢᠨᠠᠷ᠂ ᠲᠡᠩᠴᠡᠭᠦᠷᠢᠰᠢᠯᠲᠦ ᠴᠢᠨᠠᠷ ᠪᠦᠬᠦᠢ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠠᠭᠤᠳᠠᠮ ᠲᠠᠯᠠᠪᠠᠶ᠂ ᠭᠤᠣᠯ ᠰᠡᠳᠦᠪᠲᠦ ᠴᠡᠴᠡᠷᠯᠢᠭ᠂ ᠶᠠᠪᠠᠭᠠᠨ ᠵᠠᠮ ᠵᠡᠷᠭᠡ ᠣᠯᠠᠨ ᠨᠡᠶᠢᠲᠡ ᠶᠢᠨ ᠠᠵᠢᠯᠯᠠᠭᠠᠨ ᠤ ᠣᠷᠣᠨ ᠵᠠᠢ ᠶᠢ ᠵᠣᠬᠢᠰᠲᠠᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ ᠠᠵᠢᠯᠯᠠᠭᠠᠨ ᠳᠤ ᠳᠥᠭᠦᠮ ᠦᠵᠡᠭᠦᠯᠦᠨ᠂ ᠰᠠᠭᠤᠭᠠᠯᠢ ᠠᠷᠠᠳ ᠤᠨ ᠰᠣᠯᠢᠯᠴᠠᠭ᠎ᠠ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠡᠳᠦᠷ ᠲᠤᠲᠤᠮ ᠤᠨ ᠠᠵᠢᠯᠯᠠᠭᠠᠨ ᠳᠤ ᠦᠢᠯᠡᠴᠢᠯᠡᠬᠦ ᠲᠠᠯ᠎ᠠ ᠪᠠᠷ ᠬᠢ ᠵᠦᠯᠭᠡ ᠭᠠᠵᠠᠷ ᠤᠨ ᠴᠢᠳᠠᠮᠵᠢ ᠶᠢ ᠴᠢᠩᠭᠠᠷᠠᠭᠤᠯᠤᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠶᠢᠷ᠎ᠠ ᠬᠠᠪᠢ ᠳᠤ ᠵᠦᠯᠭᠡ ᠭᠠᠵᠠᠷ ᠲᠠᠢ ᠪᠠᠶᠢᠬᠤ᠂ ᠵᠦᠯᠭᠡ ᠭᠠᠵᠠᠷ ᠲᠠᠢ ᠣᠶᠢᠷᠠᠲᠤᠵᠤ᠂ ᠣᠶᠣᠨ ᠰᠡᠳᠬᠢᠯᠭᠡ ᠪᠠᠨ ᠰᠡᠷᠭᠦᠭᠡᠬᠦ ᠪᠣᠯᠭᠠᠨ᠎ᠠ᠃
     2. ᠪᠣᠬᠢᠷᠳᠤᠯ ᠦᠭᠡᠢ ᠪᠠᠷᠢᠯᠭ᠎ᠠ ᠶᠢᠨ ᠲᠣᠭᠲᠠᠯᠴᠠᠭ᠎ᠠ ᠶᠢ ᠴᠣᠭᠴᠠᠯᠠᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ ᠴᠢᠩᠭᠠᠳᠬᠠᠵᠤ᠂ ᠢᠳᠡᠪᠬᠢ ᠪᠤᠰᠤ ᠬᠡᠯᠪᠡᠷᠢ ᠪᠠᠷ ᠡᠨᠧᠷᠭᠢ ᠬᠡᠳᠦ ᠳᠣᠣᠷ᠎ᠠ ᠬᠤᠷᠣᠭᠳᠠᠭᠤᠯᠬᠤ᠂ ᠡᠨᠧᠷᠭᠢ ᠥᠯᠥ ᠬᠤᠷᠣᠭᠳᠠᠭᠤᠯᠬᠤ ᠳᠤ ᠣᠶᠢᠷᠠᠲᠤᠭᠰᠠᠨ᠂ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠪᠠᠨ ᠠᠬᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ ᠣᠳᠣ ᠣᠯᠠᠨᠲᠠᠢ ᠲᠠᠰ ᠤᠨ ᠪᠣᠬᠢᠷᠳᠤᠯ ᠦᠭᠡᠢ ᠪᠠᠷᠢᠯᠭ᠎ᠠ ᠶᠢ ᠬᠥᠭᠵᠢᠭᠦᠯᠦᠨ᠎ᠡ᠃ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠣᠶ ᠪᠣᠯᠭᠠᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠶᠢ ᠥᠷᠨᠢᠭᠦᠯᠦᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶᠠᠲᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠬᠠᠮᠲᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠳᠡᠯᠭᠡᠷᠡᠭᠦᠯᠦᠨ ᠬᠡᠷᠡᠭᠯᠡᠬᠦ ᠶᠢ ᠰᠦᠪᠡᠭᠴᠢᠯᠡᠵᠦ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃
     3. ᠴᠡᠪᠡᠷ ᠳᠤᠯᠠᠭᠠᠯᠠᠭ᠎ᠠ ᠬᠠᠩᠭᠠᠬᠤ ᠶᠢ ᠲᠦᠷᠭᠡᠳᠬᠡᠨ ᠬᠡᠷᠡᠭᠵᠢᠭᠦᠯᠦᠨ᠎ᠡ᠃ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠢᠭᠡᠳ ᠴᠡᠪᠡᠷ ᠢᠶᠠᠷ ᠬᠥᠭᠵᠢᠭᠦᠯᠬᠦ ᠶᠢ ᠵᠡᠷᠭᠡ ᠳᠤ ᠨᠢ ᠴᠢᠬᠤᠯᠠᠴᠢᠯᠠᠬᠤ ᠶᠢ ᠪᠠᠷᠢᠮᠲᠠᠯᠠᠵᠤ᠂ ︽ᠨᠡᠭᠦᠷᠡᠰᠦ ᠲᠦᠯᠡᠬᠦ ᠶᠢ ᠬᠡᠢ ᠬᠡᠷᠡᠭᠯᠡᠬᠦ ᠪᠣᠯᠭᠠᠨ ᠥᠭᠡᠷᠡᠴᠢᠯᠡᠬᠦ︾᠂ ︽ᠨᠡᠭᠦᠷᠡᠰᠦ ᠲᠦᠯᠡᠬᠦ ᠶᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ︾ ᠵᠡᠷᠭᠡ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠶᠢ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠵᠤ ᠬᠡᠷᠡᠭᠵᠢᠭᠦᠯᠦᠨ᠎ᠡ᠃ ᠢᠯᠴᠢ ᠴᠠᠬᠢᠯᠭᠠᠨ ᠤ ᠬᠠᠮᠲᠤᠷᠠᠭᠰᠠᠨ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠦᠯᠡᠳᠡᠭᠳᠡᠯ ᠢᠯᠴᠢ ᠪᠠ ᠲᠣᠮᠣ ᠬᠡᠪᠴᠢᠶᠡᠨ ᠤ ᠣᠷᠣᠨ ᠪᠦᠰᠡ ᠶᠢᠨ ᠭᠦᠸᠧᠯᠦ ᠵᠡᠷᠭᠡ ᠲᠥᠪᠯᠡᠷᠡᠭᠦᠯᠦᠨ ᠢᠯᠴᠢ ᠬᠠᠩᠭᠠᠬᠤ ᠠᠷᠭ᠎ᠠ ᠶᠢ ᠶᠡᠭᠡ ᠪᠠᠷ ᠳᠡᠯᠭᠡᠷᠡᠭᠦᠯᠵᠦ᠂ ᠳᠤᠮᠳᠠ ᠶᠢᠨ ᠪᠠ ᠬᠤᠯᠠ ᠵᠠᠢ ᠶᠢᠨ ᠬᠤᠭᠤᠷᠣᠨᠳᠤ ᠢᠯᠴᠢ ᠬᠠᠩᠭᠠᠬᠤ ᠶᠢ ᠢᠳᠡᠪᠬᠢᠲᠡᠢ ᠠᠬᠢᠭᠤᠯᠤᠨ᠂ ᠨᠡᠭᠦᠷᠡᠰᠦ ᠲᠦᠯᠡᠵᠦ ᠪᠠᠶᠢᠭ᠎ᠠ ᠲᠠᠷᠠᠬᠠᠢ ᠪᠤᠲᠠᠷᠬᠠᠢ ᠭᠦᠸᠧᠯᠦ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ ᠢᠯᠴᠢ ᠬᠠᠩᠭᠠᠵᠤ ᠪᠠᠶᠢᠭ᠎ᠠ ᠢᠯᠴᠢ ᠡᠭᠦᠰᠬᠡᠭᠴᠢ ᠶᠢ ᠨᠡᠶᠢᠯᠡᠭᠦᠯᠵᠦ ᠰᠢᠯᠢᠳᠡᠭᠵᠢᠭᠦᠯᠬᠦ ᠪᠠ ᠢᠯᠴᠢ ᠬᠠᠩᠭᠠᠬᠤ ᠲᠣᠣᠷ ᠢ ᠬᠤᠯᠪᠤᠭᠠᠯᠠᠨ ᠠᠵᠢᠯᠯᠠᠭᠤᠯᠬᠤ ᠶᠢ ᠲᠦᠷᠭᠡᠳᠬᠡᠨ᠂ ᠣᠯᠠᠨ ᠴᠡᠭ ᠲᠠᠬᠢ ᠢᠯᠴᠢ ᠡᠭᠦᠰᠬᠡᠭᠴᠢ ᠶᠢᠨ ᠬᠤᠯᠪᠣᠭᠠᠯᠠᠵᠤ ᠢᠯᠴᠢ ᠬᠠᠩᠭᠠᠬᠤ ᠴᠠᠭᠠᠷᠢᠭ ᠬᠡᠯᠪᠡᠷᠢ ᠶᠢᠨ ᠪᠦᠷᠢᠯᠳᠦᠯ ᠲᠠᠢ ᠠᠵᠢᠯᠯᠠᠭᠠᠨ ᠤ ᠲᠣᠣᠷ ᠢ ᠪᠣᠶ ᠪᠣᠯᠭᠠᠨ᠎ᠠ᠃ ᠣᠳᠣ ᠶᠢᠨ ᠪᠠᠶᠢᠭ᠎ᠠ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠪᠠ ᠬᠤᠲᠠ ᠶᠢᠨ ᠳᠤᠮᠳᠠᠬᠢ ᠲᠣᠰᠬᠤᠨ᠂ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠥᠭᠡᠷᠡᠴᠢᠯᠡᠨ ᠰᠢᠨᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃
     4. ᠠᠮᠢᠳᠤᠷᠠᠯ ᠤᠨ ᠬᠤᠭ ᠤᠨ ᠲᠥᠷᠥᠯ ᠬᠤᠪᠢᠶᠠᠬᠤ ᠶᠢ ᠵᠢᠷᠤᠮᠵᠢᠭᠤᠯᠤᠨ ᠥᠷᠨᠢᠭᠦᠯᠦᠨ᠎ᠡ᠃ ᠠᠮᠢᠳᠤᠷᠠᠯ ᠤᠨ ᠬᠤᠭ ᠤᠨ ᠲᠥᠷᠥᠯ ᠬᠤᠪᠢᠶᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠣᠭᠲᠠᠭᠠᠯ ᠳᠦᠷᠢᠮ ᠨᠡᠶᠢᠲᠡᠯᠡᠬᠦ ᠶᠢ ᠠᠬᠢᠭᠤᠯᠵᠤ᠂ ᠠᠮᠢᠳᠤᠷᠠᠯ ᠤᠨ ᠬᠤᠭ ᠤᠨ ᠲᠥᠷᠥᠯ ᠬᠤᠪᠢᠶᠠᠬᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠲᠥᠷᠥᠯ ᠬᠤᠪᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠢᠯᠤᠭᠤᠳᠬᠤ ᠭᠠᠷᠴᠠᠭ ᠢ ᠨᠡᠶᠢᠲᠡᠯᠡᠨ᠂ ᠲᠥᠷᠥᠯ ᠬᠤᠪᠢᠶᠠᠭᠰᠠᠨ ᠦᠷ᠎ᠡ ᠳ᠋ᠦᠩ ᠯᠦᠭᠡ ᠬᠤᠯᠪᠣᠭᠳᠠᠭᠤᠯᠤᠭᠰᠠᠨ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠲᠣᠭᠲᠠᠭᠠᠨ᠎ᠠ᠃ ᠠᠮᠢᠳᠤᠷᠠᠯ ᠤᠨ ᠬᠤᠭ ᠤᠨ ᠲᠥᠷᠥᠯ ᠬᠤᠪᠢᠶᠠᠨ ᠬᠠᠶᠠᠬᠤ ᠶᠢ ᠵᠢᠷᠤᠮᠵᠢᠭᠤᠯᠤᠨ᠂ ᠲᠥᠷᠥᠯ ᠬᠤᠪᠢᠶᠠᠨ ᠬᠤᠷᠢᠶᠠᠵᠤ ᠴᠤᠭᠯᠠᠭᠤᠯᠬᠤ ᠪᠡᠯᠡᠳᠬᠡᠮᠵᠢ ᠶᠢ ᠪᠦᠷᠢᠨᠰᠢᠭᠦᠯᠵᠦ᠂ ᠲᠥᠷᠥᠯ ᠬᠤᠪᠢᠶᠠᠵᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠠᠮᠢᠳᠤᠷᠠᠯ ᠤᠨ ᠬᠤᠭ ᠰᠢᠲᠠᠭᠠᠬᠤ ᠦᠢᠯᠡᠳᠪᠦᠷᠢ᠂ ᠲᠣᠭᠤᠭᠠᠨ ᠭᠡᠷ ᠤᠨ ᠬᠤᠭ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠡᠭᠦᠰᠬᠡᠯ ᠤᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠬᠤᠷᠢᠶᠠᠵᠤ ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
     ︵ᠭᠤᠷᠪᠠ︶ ᠠᠮᠤᠷ ᠲᠦᠪᠰᠢᠨ ᠪᠥᠭᠡᠳ ᠤᠶᠠᠨᠯᠢᠭ ᠬᠤᠲᠠ ᠶᠢ ᠪᠠᠶᠢᠭᠤᠯᠤᠨ᠎ᠠ᠃
     1. ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠪᠠ ᠱᠠᠭᠠᠷᠳᠠᠯᠭ᠎ᠠ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠨ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠵᠡᠷᠭᠡ ᠠᠵᠢᠯ ᠯᠤᠭ᠎ᠠ ᠬᠠᠮᠵᠢᠯᠴᠠᠨ ᠠᠬᠢᠭᠤᠯᠤᠨ᠎ᠠ᠃ ᠰᠢᠰᠲ᠋ᠧᠮᠲᠦ ᠰᠡᠳᠬᠢᠬᠦᠢ ᠲᠠᠢ ᠪᠠᠶᠢᠬᠤ ᠪᠠ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠬᠤᠲᠠ ᠶᠢᠨ ᠳᠣᠲᠣᠭᠠᠳᠤ ᠳᠠᠬᠢ ᠤᠰᠤᠲᠤᠯ ᠢ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃
     2. ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠰᠢᠲᠠᠮᠠᠬᠠᠢ ᠬᠡᠢ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠪᠠ ᠣᠶᠤᠨᠴᠢᠯᠠᠨ ᠬᠠᠮᠢᠶᠠᠷᠬᠤ ᠶᠢ ᠬᠡᠷᠡᠭᠵᠢᠭᠦᠯᠵᠦ᠂ ᠬᠤᠭᠤᠯᠠᠢ ᠭᠤᠤᠷᠰᠤ ᠶᠢᠨ ᠲᠣᠣᠷ ᠤᠨ ᠡᠪᠳᠡᠷᠡᠵᠦ ᠭᠤᠭᠤᠵᠢᠬᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠶᠢᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠪᠠᠨ ᠲᠡᠭᠦᠯᠳᠡᠷᠵᠢᠭᠦᠯᠦᠨ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠨ᠎ᠠ᠃
     3. ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠨ ᠴᠢᠩᠭᠠᠳᠬᠠᠨ᠎ᠠ᠃ ᠪᠦᠲᠦᠭᠡᠨ ᠪᠠᠶᠢᠭᠤᠯᠬᠤ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ᠂ ᠰᠢᠯᠭᠠᠨ ᠠᠪᠬᠤ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠨ᠂ ᠥᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠳᠣ ᠶᠢᠨ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠤᠶ ᠪᠣᠯᠭᠠᠨ᠎ᠠ᠃
     4. ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠬᠤᠲᠠ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠪᠠ ᠠᠮᠤᠷ ᠲᠦᠪᠰᠢᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠤᠲᠠ ᠶᠢᠨ ᠭᠠᠵᠠᠷ ᠬᠥᠳᠡᠯᠦᠯᠲᠡ᠂ ᠵᠠᠮ ᠬᠠᠷᠢᠯᠴᠠᠭ᠎ᠠ᠂ ᠬᠥᠷᠥᠰᠥᠨ ᠳᠠᠪᠬᠤᠷᠭ᠎ᠠ ᠶᠢᠨ ᠭᠠᠮᠰᠢᠭ ᠢ ᠠᠷᠭᠠᠴᠠᠭᠠᠬᠤ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠲᠠ ᠶᠢᠨ ᠠᠮᠢ ᠨᠠᠰᠣᠨ ᠤ ᠠᠶᠤᠯ ᠠᠴᠠ ᠠᠪᠤᠷᠠᠬᠤ ᠵᠠᠮ ᠱᠤᠭᠤᠮ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠳᠠᠬᠢ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠵᠤ ᠳᠠᠯᠳᠠᠯᠠᠬᠤ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠬᠤᠷᠢᠭᠯᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠲᠦᠭᠰᠢᠭᠦᠷᠢ ᠶᠢ ᠡᠷᠬᠡᠰᠢᠶᠡᠨ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠤᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠣᠷᠣᠨ ᠰᠠᠭᠤᠴᠠ ᠠᠮᠢᠳᠤᠷᠠᠯ ᠤᠨ ᠲᠣᠭᠤᠷᠢᠭ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠬᠤᠳᠠᠯᠳᠤᠭ᠎ᠠ ᠪᠠ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠵᠦᠯᠭᠡ ᠲᠠᠢ ᠰᠡᠯᠡᠭᠦᠴᠡᠯ ᠲᠣᠭᠤᠷᠢᠭ ᠢ ᠵᠣᠬᠢᠰᠲᠠᠢ ᠪᠠᠶᠢᠷᠢᠯᠠᠭᠤᠯᠵᠤ᠂ ᠬᠦᠨᠳᠦ ᠶᠡᠭᠡ ᠠᠶᠤᠯ ᠤᠨ ᠡᠬᠢ ᠡᠭᠦᠰᠦᠯ ᠢ ᠬᠢᠨᠠᠨ ᠡᠵᠡᠮᠳᠡᠬᠦ ᠪᠠᠨ ᠴᠢᠩᠭᠠᠷᠠᠭᠤᠯᠤᠨ᠂ ᠬᠦᠨᠳᠦ ᠶᠡᠭᠡ ᠠᠳᠡᠯ ᠤᠨ ᠳᠠᠯᠳᠠ ᠭᠡᠮ ᠢ ᠠᠷᠢᠯᠭᠠᠨ᠎ᠠ᠃
     ︵ᠳᠥᠷᠪᠡ︶ ᠣᠶᠤᠨᠯᠢᠭ ᠪᠥᠭᠡᠳ ᠠᠮᠢᠵᠢᠷᠠᠯ ᠤᠨ ᠬᠦᠴᠦᠨ ᠲᠠᠢ ᠬᠤᠲᠠ ᠶᠢ ᠡᠭᠦᠳᠦᠨ ᠪᠠᠶᠢᠭᠤᠯᠤᠨ᠎ᠠ᠃
     1. ᠬᠤᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠬᠠᠮ ᠰᠢᠨᠵᠢᠯᠡᠭᠡ ᠵᠠᠳᠠᠯᠤᠯᠲᠠ᠂ ᠬᠤᠲᠠ ᠶᠢᠨ ᠠᠮᠤᠷ ᠲᠦᠪᠰᠢᠨ᠂ ᠣᠶᠤᠨᠴᠢ ᠪᠠᠷ ᠪᠦᠲᠦᠭᠡᠨ ᠪᠠᠶᠢᠭᠤᠯᠬᠤ᠂ ᠣᠶᠤᠨᠯᠢᠭ ᠨᠡᠶᠢᠭᠡᠮ ᠲᠣᠭᠤᠷᠢᠭ ᠵᠡᠷᠭᠡ ᠬᠦᠷᠢᠶᠡᠨ ᠳᠠᠬᠢ ᠲᠠᠪᠴᠠᠩ ᠤᠨ ᠭᠦᠨᠵᠡᠭᠡᠢ ᠬᠡᠷᠡᠭᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶ᠎ᠡ ᠶᠢ ᠪᠠᠶᠢᠭᠤᠯᠵᠤ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠢ ᠬᠡᠷᠡᠭᠯᠡᠨ᠂ ᠪᠠᠷᠢᠯᠭ᠎ᠠ ᠶᠢᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠲᠠᠯ᠎ᠠ ᠶᠢᠨ ᠬᠠᠮᠵᠢᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
     2. ᠬᠤᠲᠠ ᠶᠢᠨ ᠶᠠᠪᠤᠳᠠᠯ ᠤᠨ ᠭᠠᠵᠠᠷ ᠳᠣᠣᠷᠠᠬᠢ ᠰᠠᠭᠤᠷᠢ ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ ᠣᠳᠣᠬᠢ ᠪᠠᠶᠢᠳᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠲᠤᠰᠬᠠᠢ ᠣᠷᠣᠨ ᠤ ᠲᠠᠰ ᠤᠨ ᠬᠤᠲᠠ ᠶᠢᠨ ᠭᠠᠵᠠᠷ ᠳᠣᠣᠷᠠᠬᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠬᠦ ᠶᠢ ᠨᠢ ᠠᠬᠢᠭᠤᠯᠵᠤ᠂ ᠪᠡᠯᠡᠳᠬᠡᠮᠵᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠨ ᠭᠠᠮᠰᠢᠭ ᠠᠴᠠ ᠰᠡᠷᠭᠡᠶᠢᠯᠡᠬᠦ ᠵᠡᠷᠭᠡ ᠠᠵᠢᠯ ᠤᠨ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ ᠲᠠᠪᠴᠠᠩ ᠯᠤᠭ᠎ᠠ ᠭᠦᠨ ᠠᠭᠤᠰᠤᠯᠴᠠᠭᠤᠯᠵᠤ᠂ ᠪᠡᠯᠡᠳᠬᠡᠮᠵᠢ ᠶᠢᠨ ᠮᠡᠳᠡᠭᠡ ᠵᠠᠩᠭᠢ ᠪᠠᠨ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ᠃ ᠬᠤᠲᠠ ᠶᠢᠨ ᠶᠠᠪᠤᠳᠠᠯ ᠤᠨ ᠤᠰᠤ ᠵᠠᠯᠠᠬᠤ ᠬᠤᠭᠤᠯᠠᠢ ᠭᠤᠤᠷᠰᠤ ᠶᠢᠨ ᠲᠣᠣᠷ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠬᠤᠭᠤᠯᠠᠢ ᠭᠤᠤᠷᠰᠤ ᠶᠢᠨ ᠲᠣᠣᠷ ᠤᠨ ᠮᠡᠳᠡᠭᠡ ᠵᠠᠩᠭᠢᠴᠢᠯᠠᠯᠲᠠ᠂ ᠲᠠᠩᠰᠠ ᠬᠠᠷ᠎ᠠ ᠲᠠᠢ ᠬᠠᠮᠢᠶᠠᠷᠤᠯᠲᠠ ᠶᠢ ᠪᠡᠶᠡᠯᠡᠭᠦᠯᠦᠨ᠎ᠡ᠃
     ︵ᠲᠠᠪᠤ︶ ᠬᠥᠮᠥᠨ ᠰᠣᠶᠣᠯ ᠤᠨ ᠣᠨᠴᠠᠯᠢᠭᠲᠤ ᠬᠤᠲᠠ ᠶᠢ ᠴᠣᠭᠴᠠᠯᠠᠨ ᠪᠠᠶᠢᠭᠤᠯᠤᠨ᠎ᠠ᠃
     1. ᠲᠡᠦᠬᠡ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠣᠷᠣᠨ ᠪᠦᠰᠡ ᠶᠢᠨ ᠰᠣᠶᠣᠯ ᠤᠨ ᠣᠨᠴᠠᠯᠢᠭ ᠪᠠ ᠬᠤᠲᠠ ᠶᠢᠨ ᠪᠦᠲᠦᠴᠡ ᠵᠦᠢ ᠶᠢ ᠨᠠᠷᠢᠨ ᠪᠣᠳᠠᠲᠠᠢ ᠡᠮᠬᠢᠯᠡᠵᠦ᠂ ᠲᠡᠦᠬᠡ ᠰᠣᠶᠣᠯ ᠤᠨ ᠨᠡᠷᠡᠳᠣ ᠬᠤᠲᠠ᠂ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡᠨ ᠪᠠᠷᠢᠯᠭ᠎ᠠ ᠶᠢ ᠬᠠᠮᠠᠭᠠᠯᠠᠬᠤ ᠠᠵᠢᠯ ᠢᠶᠠᠨ ᠦᠨᠡᠨ ᠬᠦ ᠰᠠᠶᠢᠲᠤᠷ ᠬᠢᠵᠦ᠂ ᠲᠥᠷᠥᠯ ᠬᠤᠪᠢᠶᠠᠭᠰᠠᠨ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠨᠢ ᠡᠷᠴᠢᠮᠲᠡᠢ᠂ ᠬᠠᠮᠢᠶᠠᠷᠤᠯᠲᠠ ᠨᠢ ᠪᠦᠲᠦᠮᠵᠢᠲᠡᠶ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠲᠡᠦᠬᠡ ᠰᠣᠶᠣᠯ ᠤᠨ ᠥᠪ ᠣᠯᠠᠨᠲᠠ ᠰᠦᠢᠳᠦᠨ ᠡᠪᠳᠡᠭᠳᠡᠬᠦ᠂ ᠨᠤᠷᠠᠭᠠᠵᠤ ᠬᠠᠶᠠᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠮᠠᠭᠠᠯᠠᠬᠤ᠂ ᠠᠰᠢᠭᠯᠠᠬᠤ᠂ ᠤᠯᠠᠮᠵᠢᠯᠠᠨ ᠵᠠᠯᠭᠠᠮᠵᠢᠯᠠᠬᠤ ᠶᠢ ᠨᠢᠭᠡᠳᠦᠯᠲᠡᠢ ᠲᠥᠯᠥᠪᠯᠡᠨ᠂ ᠰᠢᠰᠲ᠋ᠧᠮ ᠲᠠᠢ ᠪᠦᠷᠢᠨ ᠪᠦᠲᠦᠨ ᠬᠠᠮᠠᠭᠠᠯᠠᠬᠤ ᠶᠢ ᠪᠠᠷᠢᠮᠲᠠᠯᠠᠵᠤ᠂ ᠲᠠᠩ ᠴᠣᠭᠴᠠᠲᠤ ᠪᠠᠷᠢᠯᠭ᠎ᠠ ᠶᠢ ᠬᠠᠮᠠᠭᠠᠯᠠᠬᠤ ᠮᠥᠷᠲᠡᠭᠡᠨ ᠪᠠᠰᠠ ᠨᠠᠷᠢᠨ ᠭᠤᠳᠤᠮᠵᠢ ᠵᠡᠭᠡᠯᠢ ᠲᠣᠭᠤᠷᠢᠭ᠂ ᠬᠤᠲᠠ ᠪᠠᠯᠭᠠᠰᠤᠨ ᠤ ᠪᠠᠶᠢᠷᠢᠰᠢᠯ ᠢ ᠬᠠᠮᠠᠭᠠᠯᠠᠬᠤ ᠮᠥᠷᠲᠡᠭᠡᠨ ᠪᠠᠰᠠ ᠲᠡᠦᠬᠡ ᠶᠢᠨ ᠭᠠᠵᠠᠷ ᠬᠡᠰᠡᠭ᠂ ᠪᠠᠶᠢᠭᠠᠯᠢ ᠶᠢᠨ ᠦᠵᠡᠮᠵᠢ᠂ ᠬᠥᠮᠥᠨ ᠰᠣᠶᠣᠯ ᠤᠨ ᠣᠷᠴᠢᠨ ᠨᠥᠬᠦᠴᠡᠯ ᠢ ᠰᠠᠶᠢᠲᠤᠷ ᠬᠠᠮᠠᠭᠠᠯᠠᠨ᠎ᠠ᠃
     2. ᠳᠦᠷᠰᠦ ᠪᠠᠶᠢᠳᠠᠯ ᠤᠨ ᠣᠨᠴᠠᠯᠢᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ︽ᠲᠣᠬᠢᠷᠠᠬᠤ᠂ ᠬᠢᠮᠳᠠ᠂ ᠪᠣᠬᠢᠷᠳᠤᠯ ᠦᠭᠡᠢ᠂ ᠭᠤᠶᠣ︾ ᠪᠠᠶᠢᠯᠭᠠᠬᠤ ᠪᠠᠷᠢᠯᠭ᠎ᠠ ᠶᠢᠨ ᠴᠢᠭᠯᠡᠯᠲᠡ ᠶᠣᠰᠣᠭᠠᠷ᠂ ᠪᠠᠷᠢᠯᠭ᠎ᠠ ᠶᠢᠨ ᠬᠡᠷᠡᠭᠯᠡᠬᠦ ᠴᠢᠳᠠᠮᠵᠢ ᠵᠢᠴᠢ ᠡᠨᠧᠷᠭᠢ ᠠᠷᠪᠢᠯᠠᠬᠤ᠂ ᠤᠰᠤ ᠠᠷᠪᠢᠯᠠᠬᠤ᠂ ᠭᠠᠵᠠᠷ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ ᠲᠣᠪᠤᠶᠢᠯᠭᠠᠨ᠂ ᠬᠠᠴᠢᠨ ᠵᠢᠭᠲᠡᠢ ᠪᠠᠷᠢᠯᠭ᠎ᠠ ᠶᠢ ᠴᠢᠩᠭ᠎ᠠ ᠬᠢᠵᠠᠭᠠᠷᠯᠠᠵᠤ᠂ ᠪᠠᠷᠢᠯᠭ᠎ᠠ ᠶᠢᠨ ᠭᠠᠳᠠᠷ ᠳᠦᠷᠰᠦ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠶᠢ ᠰᠡᠷᠭᠡᠶᠢᠯᠡᠨ ᠬᠤᠷᠢᠭᠯᠠᠨ᠎ᠠ᠃ ᠬᠤᠲᠠ ᠶᠢᠨ ᠵᠢᠷᠤᠭ ᠲᠥᠯᠥᠪᠯᠡᠭᠡ ᠶᠢ ᠪᠦᠬᠦ ᠲᠠᠯ᠎ᠠ ᠪᠠᠷ ᠴᠢᠩᠭᠠᠳᠬᠠᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠢᠷᠤᠭ ᠲᠥᠯᠥᠪᠯᠡᠭᠡ ᠳᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠨᠠᠨ ᠵᠥᠪᠰᠢᠶᠡᠷᠡᠬᠦ ᠠᠵᠢᠯ ᠢ ᠴᠢᠩᠭ᠎ᠠ ᠠᠳᠬᠤᠵᠤ᠂ ᠶᠡᠭᠡ ᠳᠤ ᠰᠢᠨᠤᠬᠤ᠂ ᠭᠠᠳᠠᠭᠠᠳᠤ ᠬᠢ ᠶᠢ ᠰᠠᠶᠢᠮᠰᠤᠷᠠᠬᠤ᠂ ᠰᠣᠨᠢᠨ ᠰᠡᠪᠡᠭᠦᠨ ᠢ ᠬᠥᠭᠡᠭᠡᠴᠡᠯᠳᠦᠬᠦ ᠵᠡᠷᠭᠡ ᠡᠮᠬᠢ ᠵᠢᠷᠤᠮ ᠦᠭᠡᠢ ᠪᠠᠶᠢᠳᠠᠯ ᠭᠠᠷᠬᠤ ᠶᠢ ᠡᠷᠡᠰ ᠬᠤᠷᠢᠭᠯᠠᠨ᠎ᠠ᠃
     ᠭᠤᠷᠪᠠ᠂ ᠠᠵᠢᠯ ᠤᠨ ᠠᠷᠭ᠎ᠠ ᠬᠡᠮᠵᠢᠶ᠎ᠡ
     ︵ᠨᠢᠭᠡ︶ ᠬᠤᠲᠠ ᠶᠢᠨ ᠬᠠᠮ ᠰᠢᠨᠵᠢᠯᠡᠭᠡ ᠵᠠᠳᠠᠯᠤᠯᠲᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠬᠤᠲᠠ ᠶᠢᠨ ᠬᠠᠮ ᠰᠢᠨᠵᠢᠯᠡᠭᠡ ᠵᠠᠳᠠᠯᠤᠯᠲᠠ ᠦᠨᠡᠯᠡᠯᠲᠡ ᠪᠠᠷ ᠳᠠᠮᠵᠢᠭᠤᠯᠵᠤ᠂ ᠳᠤᠲᠠᠭᠤᠳᠠᠯ ᠪᠠ ᠪᠠᠭᠤᠷᠠᠢ ᠲᠠᠯ᠎ᠠ ᠶᠢ ᠡᠷᠢᠵᠦ ᠭᠠᠷᠭᠠᠨ᠎ᠠ᠃ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠵᠦ᠂ ᠭᠠᠵᠠᠷ ᠣᠷᠣᠨ ᠤ ᠴᠢᠳᠠᠮᠵᠢ ᠶᠢ ᠰᠢᠯᠢᠳᠡᠭᠵᠢᠭᠦᠯᠬᠦ᠂ ᠣᠯᠠᠨ ᠨᠡᠶᠢᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠡᠦᠬᠡ ᠶᠢᠨ ᠳᠦᠷᠰᠦ ᠪᠠᠶᠢᠳᠠᠯ ᠢ ᠬᠠᠮᠠᠭᠠᠯᠠᠬᠤ᠂ ᠬᠤᠲᠠ ᠶᠢᠨ ᠣᠷᠴᠢᠨ ᠲᠣᠭᠤᠷᠢᠨ ᠢ ᠵᠠᠰᠠᠬᠤ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ ᠬᠠᠷᠠᠯᠲᠠ ᠪᠠ ᠰᠠᠨᠠᠭᠤᠯᠭ᠎ᠠ ᠳᠤᠷᠠᠳᠤᠨ᠎ᠠ᠃
     ︵ᠬᠤᠶᠠᠷ︶ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠡᠯ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠳᠠᠬᠢ ᠬᠤᠲᠠ ᠶᠢᠨ ᠰᠢᠨᠡᠳᠬᠡᠯ ᠤᠨ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠵᠤ ᠲᠣᠭᠲᠠᠭᠠᠨ᠂ ᠰᠢᠨᠡᠳᠬᠡᠬᠦ ᠬᠡᠰᠡᠭ ᠲᠣᠭᠤᠷᠢᠭ ᠢ ᠵᠣᠬᠢᠰᠲᠠᠢ ᠬᠤᠪᠢᠶᠠᠷᠢᠯᠠᠨ ᠲᠣᠭᠲᠠᠭᠠᠨ᠎ᠠ᠃ ᠬᠡᠰᠡᠭ ᠲᠣᠭᠤᠷᠢᠭ ᠤᠨ ᠴᠢᠳᠠᠮᠵᠢ ᠶᠢᠨ ᠪᠦᠷᠢᠨ ᠪᠦᠲᠦᠨ ᠴᠢᠨᠠᠷ᠂ ᠰᠢᠰᠲ᠋ᠧᠮᠲᠦ ᠴᠢᠨᠠᠷ ᠪᠠ ᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠢᠨᠡᠳᠬᠡᠬᠦ ᠬᠡᠰᠡᠭ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠠᠳᠠᠯᠢ ᠪᠤᠰᠤ ᠬᠡᠰᠡᠭ ᠲᠣᠭᠤᠷᠢᠭ ᠲᠤ ᠬᠤᠲᠠ ᠶᠢᠨ ᠰᠢᠨᠡᠳᠬᠡᠯ ᠤᠨ ᠵᠥᠷᠢᠶᠡᠵᠢᠭᠦᠯᠦᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠎ᠡ᠃
     ︵ᠭᠤᠷᠪᠠ︶ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠤᠲᠠ ᠶᠢᠨ ᠰᠢᠨᠡᠳᠬᠡᠯ ᠤᠨ ᠬᠡᠷᠡᠭᠵᠢᠭᠦᠯᠬᠦ ᠲᠥᠰᠥᠯ ᠶᠣᠰᠣᠭᠠᠷ᠂ ᠬᠡᠷᠡᠭᠵᠢᠭᠦᠯᠦᠭᠰᠡᠨ ᠤ ᠳᠠᠷᠠᠭᠠᠬᠢ ᠦᠷ᠎ᠡ ᠪᠦᠲᠦᠮᠵᠢ ᠳᠤ ᠦᠨᠡᠯᠡᠨ ᠵᠢᠱᠢᠬᠦ ᠶᠢ ᠥᠷᠨᠢᠭᠦᠯᠵᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠨ᠂ ᠦᠨᠡᠨ ᠠᠴᠠ ᠵᠥᠪ ᠢ ᠡᠷᠢᠬᠦ ᠪᠠᠷ ᠠᠰᠠᠭᠤᠳᠠᠯ ᠡᠷᠢᠵᠦ᠂ ᠦᠷᠭᠦᠯᠵᠢᠯᠡᠨ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠲᠠᠯ᠎ᠠ ᠶᠢᠨ ᠪᠠᠶᠢᠴᠠᠭᠠᠯᠲᠠ ᠶᠢ ᠥᠷᠨᠢᠭᠦᠯᠵᠦ᠂ ᠠᠷᠠᠳ ᠣᠯᠠᠨ ᠢᠶᠠᠷ ᠬᠤᠲᠠ ᠶᠢᠨ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠭᠦᠯᠦᠨ᠎ᠡ᠃
     ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ
     ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠭᠰᠡᠨ᠂ ᠬᠤᠲᠠ ᠶᠢᠨ ᠬᠢᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠲᠣᠭᠤᠷᠢᠭ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢᠨ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠲᠣᠭᠲᠠᠭᠠᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠠᠶᠢᠲᠤᠷ ᠵᠣᠬᠢᠴᠠᠯᠳᠤᠨ ᠬᠠᠮᠵᠢᠯᠴᠠᠵᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠷᠠᠭᠤᠯᠵᠤ᠂ ᠬᠤᠲᠠ ᠶᠢᠨ ᠰᠢᠨᠡᠳᠬᠡᠯ ᠤᠨ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠡᠯ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃
     ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠰᠡᠳᠦᠪ ᠲᠣᠭᠲᠠᠭᠠᠬᠤ᠂ ᠭᠠᠵᠠᠷ ᠰᠢᠷᠣᠢ᠂ ᠲᠥᠯᠦᠪᠵᠢᠭᠦᠯᠭᠡ᠂ ᠬᠢᠨᠠᠨ ᠵᠥᠪᠰᠢᠶᠡᠷᠡᠬᠦ ᠵᠡᠷᠭᠡ ᠲᠥᠬᠦᠷᠵᠢᠭᠰᠡᠨ ᠳᠦᠷᠢᠮ ᠳᠤ ᠰᠢᠨ᠎ᠡ ᠶᠢ ᠡᠭᠦᠳᠴᠦ᠂ ᠶᠡᠭᠡ ᠬᠡᠪᠴᠢᠶᠡᠨ ᠤ ᠦᠯᠡᠳᠡᠭᠡᠯ ᠤᠨ ᠶᠠᠰᠤ ᠴᠢᠨᠠᠷ ᠢ ᠳᠡᠭᠡᠭᠰᠢᠯᠡᠭᠦᠯᠵᠦ ᠥᠭᠡᠷᠡᠴᠢᠯᠡᠨ ᠰᠠᠶᠢᠵᠢᠷᠠᠭᠤᠯᠬᠤ ᠯᠤᠭ᠎ᠠ ᠲᠣᠬᠢᠷᠠᠯᠴᠠᠭᠰᠠᠨ ᠬᠠᠮᠢᠶᠠᠷᠤᠯᠲᠠ ᠶᠢᠨ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠷᠢᠯᠳᠦᠭᠦᠯᠦᠨ᠎ᠡ᠃ ᠬᠤᠲᠠ ᠶᠢᠨ ᠰᠢᠨᠡᠳᠬᠡᠯ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠤᠲᠠ ᠪᠠᠯᠭᠠᠰᠤᠨ ᠤ ᠣᠳᠣ ᠶᠢᠨ ᠪᠠᠶᠢᠭ᠎ᠠ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠯᠠᠭᠤᠯᠤᠨ ᠠᠰᠢᠭᠯᠠᠵᠤ᠂ ᠬᠤᠲᠠ ᠶᠢᠨ ᠰᠢᠨᠡᠳᠬᠡᠯ ᠤᠨ ᠲᠥᠷᠥᠯ ᠵᠦᠢᠯ ᠳᠤ ᠤᠷᠢᠳ ᠢᠶᠠᠷ ᠬᠡᠷᠡᠭᠯᠡᠨ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠬᠠᠤᠯᠢ ᠶᠣᠰᠣᠭᠠᠷ ᠲᠣᠬᠢᠷᠠᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠬᠤᠲᠠ ᠶᠢᠨ ᠰᠢᠨᠡᠳᠬᠡᠯ ᠤᠨ ᠬᠠᠮᠢᠶ᠎ᠠ ᠪᠦᠬᠦᠢ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃
     ︵ᠭᠤᠷᠪᠠ︶ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠲᠥᠪ ᠤᠨ ᠨᠥᠬᠦᠪᠦᠷᠢᠯᠡᠬᠦ ᠪᠡᠯᠡ ᠮᠥᠩᠭᠦ ᠶᠢ ᠢᠳᠡᠪᠬᠢᠯᠡᠨ ᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢᠨ ᠰᠢᠨᠡᠳᠬᠡᠯ ᠤᠨ ᠲᠥᠷᠥᠯ ᠵᠦᠢᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠡᠳ᠋ ᠤᠨ ᠵᠠᠰᠠᠭ ᠤᠨ ᠴᠢᠨᠠᠷᠲᠠᠢ ᠨᠥᠬᠦᠪᠦᠷᠢᠯᠡᠬᠦ ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠬᠤᠲᠠ ᠶᠢᠨ ᠰᠢᠨᠡᠳᠬᠡᠯ ᠤᠨ ᠲᠥᠷᠥᠯ ᠵᠦᠢᠯ ᠳᠤ ᠬᠡᠯᠪᠡᠶᠢᠯᠭᠡᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠳᠠᠬᠢ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡᠨ ᠳᠤ ᠰᠢᠨ᠎ᠡ ᠶᠢ ᠡᠭᠦᠳᠴᠦ᠂ ᠬᠤᠲᠠ ᠶᠢᠨ ᠰᠢᠨᠡᠳᠬᠡᠯ ᠳᠤ ᠦᠷᠭᠦᠯᠵᠢᠯᠡᠵᠦ ᠪᠣᠯᠬᠤᠶᠢᠴᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠨ᠎ᠠ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠬᠤᠲᠠ ᠶᠢᠨ ᠰᠢᠨᠡᠳᠬᠡᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃
     ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ ᠨᠢ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠶᠢᠨ ᠰᠢᠨᠡᠳᠬᠡᠯ ᠤᠨ ᠲᠥᠷᠥ ᠶᠢᠨ ᠪᠣᠳᠣᠯᠭ᠎ᠠ ᠪᠠ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠬᠤᠲᠠ ᠶᠢᠨ ᠰᠢᠨᠡᠳᠬᠡᠯ ᠤᠨ ᠠᠵᠢᠯ ᠤᠨ ᠲᠠᠯ᠎ᠠ ᠪᠠᠷ ᠬᠢ ᠥᠪᠥᠷ ᠮᠣᠩᠭᠤᠯ ᠤᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠴᠠᠭ ᠲᠤᠬᠠᠢ ᠳᠤ ᠨᠢ ᠮᠡᠳᠡᠭᠡᠯᠡᠵᠦ᠂ ᠬᠤᠲᠠ ᠶᠢᠨ ᠰᠢᠨᠡᠳᠬᠡᠯ ᠤᠨ ᠠᠵᠢᠯᠯᠠᠭ᠎ᠠ ᠶᠢᠨ ᠠᠷᠠᠳ ᠣᠯᠠᠨ ᠳᠤ ᠠᠪᠴᠢᠷᠠᠭᠰᠠᠨ ᠬᠦᠷᠲᠡᠮᠵᠢ ᠶᠢᠨ ᠲᠥᠷᠥᠭᠳᠡᠯ ᠢ ᠤᠬᠠᠭᠤᠯᠬᠤ ᠬᠡᠷᠡᠭᠲᠡᠢ᠃ ᠠᠷᠠᠳ ᠣᠯᠠᠨ ᠤ ᠣᠷᠤᠯᠴᠠᠬᠤ ᠵᠠᠮ ᠮᠥᠷ ᠢ ᠢᠳᠡᠪᠬᠢᠲᠡᠢ ᠥᠷᠭᠡᠳᠬᠡᠵᠦ᠂ ᠬᠤᠲᠠ ᠶᠢᠨ ᠰᠢᠨᠡᠳᠬᠡᠯ ᠤᠨ ᠰᠠᠶᠢᠨ ᠰᠠᠶᠢᠬᠠᠨ ᠨᠡᠶᠢᠭᠡᠮ ᠤᠨ ᠪᠠᠶᠢᠳᠠᠯ ᠢ ᠬᠠᠮᠲᠤ ᠪᠠᠷ ᠪᠣᠢ ᠪᠣᠯᠭᠠᠬᠤ ᠬᠡᠷᠡᠭᠲᠡᠢ᠃
     2021ᠣᠨ ᠤ 9 ᠳ᠋ᠦ᠋ᠭᠡᠷ ᠰᠠᠷ᠎ᠠ ᠶᠢᠨ 3 ᠤ ᠡᠳᠦᠷ
     
     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
     
     ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ‍ᠤᠨ‌ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃
     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
     
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
     2021 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ