ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/2/15

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
                 ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ
     ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠲᠣᠭᠲᠠᠴᠠ  ᠶᠢ ᠪᠠᠶᠢᠭᠤᠯᠤᠨ ᠪᠦᠷᠢᠨᠰᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ︵ᠳᠣᠷᠣᠭᠰᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠳᠠᠭᠠᠳᠬᠠᠯ ᠳᠤ ᠣᠷᠣᠯᠴᠠᠭᠰᠠᠳ ᠲᠤ ᠡᠭᠦᠳᠡᠨ ᠡᠮᠨᠡᠯᠭᠡ ᠶᠢᠨ ᠡᠮᠴᠢᠯᠡᠭᠡᠨ ᠢ ᠨᠢ ᠪᠠᠲᠤᠯᠠᠬᠤ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠥᠬᠦ ᠣᠷᠣᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠢᠶᠠᠷ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠳᠣᠣᠷᠠᠬᠢ ᠮᠡᠲᠦ ᠰᠠᠨᠠᠯ ᠳᠤᠷᠠᠳᠪᠠ᠃
     ᠨᠢᠭᠡ᠂ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠴᠢᠳᠠᠮᠵᠢ ᠶᠢ ᠴᠢᠩᠭᠠᠷᠠᠭᠤᠯᠤᠨ᠎ᠠ
     ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠢ ᠪᠠᠲᠤᠯᠠᠬᠤ ᠲᠣᠭᠲᠠᠴᠠ ᠪᠠᠨ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠪᠡᠳᠴᠢᠨ ᠤ ᠵᠦᠢᠯ ᠢ ᠪᠠᠲᠤᠯᠠᠵᠤ ᠪᠠᠶᠢᠭᠰᠠᠨ ᠠᠴᠠ ᠵᠠᠷᠤᠳᠠᠯ ᠢ ᠨᠢ ᠪᠠᠲᠤᠯᠠᠬᠤ ᠲᠡᠶᠢᠰᠢ ᠠᠯᠬᠤᠮ ᠠᠯᠬᠤᠮ ᠢᠶᠠᠷ ᠰᠢᠯᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠶᠢ ᠨᠢ ᠦᠨᠳᠦᠰᠦᠯᠡᠨ᠂ ᠪᠠᠲᠤᠯᠠᠬᠤ ᠬᠢᠷᠢ ᠲᠦᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠤᠨ ᠳᠠᠷᠤᠭᠠᠰᠤ ᠶᠢ ᠨᠢ ᠬᠥᠩᠭᠡᠯᠡᠨ᠎ᠡ᠃
     ︵ᠨᠢᠭᠡ︶ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠠᠬᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠠᠶᠢᠭᠤᠯᠤᠨ᠎ᠠ᠃ ᠡᠭᠦᠳᠡᠨ ᠡᠮᠨᠡᠯᠭᠡ ᠳᠤ ᠡᠮᠨᠡᠨ ᠵᠠᠰᠠᠳᠠᠭ ᠣᠯᠠᠨᠲᠠ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦᠨ ᠤ ᠲᠦᠯᠦᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ ᠤᠯᠤᠰ ᠤᠨ ᠲᠣᠭᠲᠠᠭᠠᠭᠰᠠᠨ ᠬᠡᠪᠴᠢᠶᠡᠨ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠢ ᠣᠯᠭᠤᠮᠵᠢ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃
     ︵ᠬᠤᠶᠠᠷ︶ ᠣᠨᠴᠠᠭᠠᠢ ᠡᠪᠡᠳᠴᠢᠨ᠂ ᠠᠷᠬᠠᠭ ᠡᠪᠡᠳᠴᠢᠨ ᠢ ᠡᠮᠨᠡᠨ ᠵᠠᠰᠠᠬᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠳᠤ ᠡᠮᠨᠡᠨ ᠵᠠᠰᠠᠬᠤ ᠣᠨᠴᠠᠭᠠᠢ ᠡᠪᠡᠳᠴᠢᠨ᠂ ᠠᠷᠬᠠᠭ ᠡᠪᠡᠳᠴᠢᠨ ᠤ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠣᠭᠲᠠᠭᠠᠨ᠎ᠠ᠃
     1. ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠳᠤ ᠡᠮᠨᠡᠨ ᠵᠠᠰᠠᠬᠤ ᠣᠨᠴᠠᠭᠠᠢ ᠡᠪᠡᠳᠴᠢᠨ ᠤ ᠬᠡᠪᠴᠢᠶ᠎ᠡ ᠶᠢ ᠨᠢᠭᠡᠳᠬᠡᠨ᠎ᠡ᠃ ᠡᠭᠦᠳᠡᠨ ᠡᠮᠨᠡᠯᠭᠡ ᠳᠤ ᠡᠮᠨᠡᠨ ᠵᠠᠰᠠᠬᠤ ᠳᠤ ᠲᠣᠬᠢᠷᠠᠬᠤ᠂ ᠡᠮᠨᠡᠯᠭᠡ ᠳᠤ ᠰᠠᠭᠤᠵᠤ ᠡᠮᠨᠡᠭᠦᠯᠬᠦ ᠠᠴᠠ ᠨᠠᠩ ᠬᠢᠮᠳᠠ ᠪᠥᠭᠡᠳ ᠲᠥᠬᠦᠮ ᠪᠠᠶᠢᠳᠠᠭ ᠡᠭᠦᠳᠡᠨ ᠡᠮᠨᠡᠯᠭᠡ ᠳᠠᠬᠢ ᠵᠠᠷᠢᠮ ᠣᠨᠴᠠᠭᠠᠢ ᠡᠮᠨᠡᠯᠭᠡ ᠵᠠᠰᠠᠯᠭ᠎ᠠ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦᠨ ᠤ ᠳᠥᠯᠥᠬᠦ ᠬᠡᠪᠴᠢᠶᠡᠨ ᠳᠤ ᠣᠷᠣᠭᠤᠯᠵᠤ᠂ ᠨᠢᠭᠡᠳᠦᠯᠲᠡᠢ ᠲᠥᠯᠥᠪᠯᠡᠭᠰᠡᠨ ᠭᠠᠵᠠᠷ ᠣᠷᠣᠨ ᠤ ᠡᠮᠨᠡᠯᠭᠡ ᠳᠤ ᠰᠠᠭᠤᠵᠤ ᠡᠮᠨᠡᠭᠦᠯᠬᠦ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠠᠮᠢᠶᠠᠷᠴᠤ ᠪᠣᠯᠣᠨ᠎ᠠ᠃
     2. ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠳᠤ ᠡᠮᠨᠡᠨ ᠵᠠᠰᠠᠬᠤ ᠠᠷᠬᠠᠭ ᠡᠪᠡᠳᠴᠢᠨ ᠤ ᠬᠡᠪᠴᠢᠶ᠎ᠡ ᠶᠢ ᠨᠢᠭᠡᠳᠬᠡᠨ᠎ᠡ᠃ ᠬᠡᠰᠡᠭ ᠡᠮᠨᠡᠨ ᠵᠠᠰᠠᠬᠤ ᠦᠶᠡᠯᠡᠯ ᠤᠨ ᠬᠤᠭᠤᠴᠠᠭ᠎ᠠ ᠨᠢ ᠣᠷᠳᠣ᠂ ᠡᠷᠡᠭᠦᠯ ᠮᠡᠨᠳᠦ ᠳᠤ ᠲᠤᠩ ᠠᠰᠢᠭ ᠦᠭᠡᠢ᠂ ᠵᠠᠷᠤᠳᠠᠯ ᠤᠨ ᠳᠠᠷᠤᠭᠠᠰᠤ ᠪᠠᠷ ᠬᠦᠨᠳᠦ ᠪᠠᠶᠢᠭ᠎ᠠ ᠡᠪᠡᠳᠴᠢᠨ ᠡᠮᠭᠡᠭ ᠤᠨ ᠡᠭᠦᠳᠡᠨ ᠡᠮᠨᠡᠯᠭᠡ ᠳᠤ ᠡᠮᠨᠡᠨ ᠵᠠᠰᠠᠬᠤ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦᠨ ᠤ ᠳᠥᠯᠥᠬᠦ ᠬᠡᠪᠴᠢᠶᠡᠨ ᠳᠤ ᠣᠷᠣᠭᠤᠯᠤᠨ᠎ᠠ᠃
     3. ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ᠰᠢᠨ᠎ᠡ ᠪᠠᠷ ᠨᠡᠮᠡᠭᠳᠡᠬᠦ ᠶᠢ ᠬᠤᠷᠢᠭᠯᠠᠬᠤ᠂ ᠦᠯᠡᠳᠡᠭᠳᠡᠵᠦ ᠪᠠᠶᠢᠭ᠎ᠠ ᠶᠢ ᠨᠢ ᠴᠡᠪᠡᠷᠯᠡᠬᠦ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠨᠢ ᠡᠭᠦᠳᠡᠨ ᠡᠮᠨᠡᠯᠭᠡ ᠳᠤ ᠡᠮᠨᠡᠨ ᠵᠠᠰᠠᠬᠤ ᠠᠷᠬᠠᠭ ᠡᠪᠡᠳᠴᠢᠨ ᠣᠨᠴᠠᠭᠠᠢ ᠡᠪᠡᠳᠴᠢᠨ ᠤ ᠲᠠᠯ᠎ᠠ ᠶᠢᠨ ᠲᠥᠷᠥ ᠶᠢᠨ ᠪᠣᠳᠣᠯᠭ᠎ᠠ ᠶᠢ ᠳᠠᠭᠢᠵᠤ ᠰᠢᠨ᠎ᠡ ᠪᠠᠷ ᠭᠠᠷᠭᠠᠵᠤ ᠪᠣᠯᠬᠤ ᠦᠭᠡᠢ᠃ ︽ᠤᠤᠯ ᠤᠨ ᠠᠵᠢᠯᠲᠠᠨ ᠠᠵᠢᠯᠴᠢᠨ ᠳᠤ ᠤᠤᠯ ᠤᠨ ᠠᠷᠭ᠎ᠠ ᠪᠣᠳᠣᠯᠭ᠎ᠠ᠂ ᠰᠢᠨ᠎ᠡ ᠠᠵᠢᠯᠲᠠᠨ ᠠᠵᠢᠯᠴᠢᠨ ᠳᠤ ᠰᠢᠨ᠎ᠡ ᠠᠷᠭ᠎ᠠ ᠶᠢ ᠬᠡᠷᠡᠭᠵᠢᠭᠦᠯᠬᠦ︾ ᠵᠠᠷᠴᠢᠮ ᠶᠣᠰᠣᠭᠠᠷ᠂ ᠰᠢᠨ᠎ᠡ ᠪᠠ ᠤᠤᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠨ᠎ᠠ᠃ ᠲᠣᠭᠲᠠᠭᠠᠭᠰᠠᠨ ᠬᠡᠪᠴᠢᠶᠡᠨ ᠳᠤ ᠦᠯᠦ ᠬᠠᠷᠢᠶᠠᠯᠠᠭᠳᠠᠬᠤ ᠡᠭᠦᠳᠡᠨ ᠡᠮᠨᠡᠯᠭᠡ ᠳᠤ ᠡᠮᠨᠡᠨ ᠵᠠᠰᠠᠬᠤ ᠠᠷᠬᠠᠭ ᠡᠪᠡᠳᠴᠢᠨ ᠣᠨᠴᠠᠭᠠᠢ ᠡᠪᠡᠳᠴᠢᠨ ᠤ ᠵᠦᠢᠯ ᠯᠦᠭᠡ ᠬᠤᠯᠪᠣᠭᠳᠠᠬᠤ ᠬᠥᠮᠥᠨ ᠤ ᠲᠤᠭ᠎ᠠ ᠶᠢ ᠳᠠᠬᠢᠵᠦ ᠰᠢᠨ᠎ᠡ ᠪᠠᠷ ᠨᠡᠮᠡᠭᠳᠡᠭᠦᠯᠬᠦ ᠦᠭᠡᠢ᠂ ᠨᠢᠭᠡᠨᠲᠡ ᠬᠠᠷᠢᠶᠠᠯᠠᠭᠳᠠᠭᠰᠠᠨ ᠬᠥᠮᠥᠰ ᠲᠤ ᠲᠣᠭᠲᠠᠭᠠᠯ ᠶᠣᠰᠣᠭᠠᠷ ᠦᠷᠭᠦᠯᠵᠢᠯᠡᠨ ᠣᠯᠭᠤᠮᠵᠢ ᠬᠦᠷᠲᠡᠭᠡᠵᠦ ᠪᠣᠯᠣᠨ᠎ᠠ᠂ 3 ᠵᠢᠯ ᠤᠨ ᠰᠢᠯᠵᠢᠯᠲᠡ ᠶᠢᠨ ᠬᠤᠭᠤᠴᠠᠭ᠎ᠠ ᠲᠣᠬᠢᠷᠠᠭᠤᠯᠵᠤ᠂ ᠡᠪᠡᠳᠴᠢᠨ ᠤ ᠵᠦᠢᠯ ᠢ ᠪᠠᠲᠤᠯᠠᠵᠤ ᠪᠠᠶᠢᠭᠰᠠᠨ ᠠᠴᠠ ᠵᠠᠷᠤᠳᠠᠯ ᠢ ᠪᠠᠲᠤᠯᠠᠬᠤ ᠲᠡᠶᠢᠰᠢ ᠠᠯᠬᠤᠮ ᠠᠯᠬᠤᠮ ᠢᠶᠠᠷ ᠰᠢᠯᠵᠢᠭᠦᠯᠦᠨ᠎ᠡ᠃
     ︵ᠭᠤᠷᠪᠠ︶ ᠡᠭᠦᠳᠡᠨ ᠡᠮᠨᠡᠯᠭᠡ ᠳᠤ ᠡᠮᠨᠡᠭᠦᠯᠬᠦ ᠪᠠ ᠡᠮᠨᠡᠯᠭᠡ ᠳᠤ ᠰᠠᠭᠤᠵᠤ ᠡᠮᠨᠡᠭᠦᠯᠬᠦ ᠶᠢ ᠨᠢ ᠪᠠᠲᠤᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠤᠨ᠎ᠠ᠃ ᠡᠭᠦᠳᠡᠨ ᠡᠮᠨᠡᠯᠭᠡ ᠳᠤ ᠡᠮᠨᠡᠭᠦᠯᠬᠦ ᠶᠢ ᠨᠢ ᠪᠠᠲᠤᠯᠠᠬᠤ ᠣᠨ ᠤ ᠬᠠᠮᠤᠭ ᠤᠨ ᠶᠡᠭᠡ ᠳᠥᠯᠥᠬᠦ ᠬᠢᠵᠠᠭᠠᠷ ᠲᠤᠭ᠎ᠠ ᠶᠢ ᠡᠮᠨᠡᠯᠭᠡ ᠳᠤ ᠰᠠᠭᠤᠵᠤ ᠡᠮᠨᠡᠭᠦᠯᠬᠦ ᠶᠢᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦᠨ ᠤ ᠣᠨ ᠤ ᠬᠠᠮᠤᠭ ᠤᠨ ᠶᠡᠭᠡ ᠳᠥᠯᠥᠬᠦ ᠬᠢᠵᠠᠭᠠᠷ ᠲᠤᠭ᠎ᠠ ᠳᠤ ᠣᠷᠣᠭᠤᠯᠵᠤ ᠪᠤᠳᠤᠬᠤ ᠶᠢᠨ ᠬᠠᠮᠲᠤ᠂ ᠡᠮᠨᠡᠯᠭᠡ ᠳᠤ ᠰᠠᠭᠤᠵᠤ ᠡᠮᠨᠡᠭᠦᠯᠦᠭᠰᠡᠨ ᠵᠠᠷᠤᠳᠠᠯ ᠤᠨ ᠲᠦᠯᠦᠬᠦ ᠲᠥᠷᠥ ᠶᠢᠨ ᠪᠣᠳᠣᠯᠭ᠎ᠠ ᠯᠤᠭ᠎ᠠ ᠰᠠᠶᠢᠲᠤᠷ ᠵᠣᠯᠭᠠᠭᠤᠯᠤᠨ᠎ᠠ᠃ ᠡᠩ ᠤᠨ ᠡᠭᠦᠳᠡᠨ ᠡᠮᠨᠡᠯᠭᠡ ᠪᠠ ᠡᠭᠦᠳᠡᠨ ᠡᠮᠨᠡᠯᠭᠡ ᠳᠤ ᠡᠮᠨᠡᠨ ᠵᠠᠰᠠᠬᠤ ᠠᠷᠬᠠᠭ ᠡᠪᠡᠳᠴᠢᠨ ᠣᠨᠴᠠᠭᠠᠢ ᠡᠪᠡᠳᠴᠢᠨ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠤᠨ᠎ᠠ᠃
     ᠬᠤᠶᠠᠷ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠬᠤᠪᠢᠷᠠᠭᠤᠯᠤᠨ᠎ᠠ
     ᠤᠯᠤᠰ ᠤᠨ ᠱᠠᠭᠠᠷᠳᠠᠯᠭ᠎ᠠ ᠶᠣᠰᠣᠭᠠᠷ᠂ ᠬᠤᠪᠢ ᠬᠥᠮᠥᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠣᠭᠲᠠᠭᠠᠵᠤ᠂ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠬᠤᠪᠢ ᠬᠥᠮᠥᠨ ᠤ ᠲᠠᠩᠰᠠᠨ ᠡᠷᠦᠬᠡ ᠶᠢᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠡᠮᠡᠭᠳᠡᠭᠰᠡᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ ᠭᠤᠣᠯᠳᠠᠭᠤ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠳᠤ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠳᠠᠬᠢ ᠡᠮᠨᠡᠭᠦᠯᠬᠦ ᠣᠯᠭᠤᠮᠵᠢ ᠶᠢ ᠨᠢ ᠳᠡᠭᠡᠭᠰᠢᠯᠡᠭᠦᠯᠦᠨ᠎ᠡ᠃
     2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠠᠶᠢᠭᠤᠯᠭ᠎ᠠ ᠨᠢᠭᠡᠴᠢ ᠶᠢᠨ ᠲᠤᠰᠢᠶᠠᠵᠤ ᠪᠠᠶᠢᠭ᠎ᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠪᠦᠬᠦᠨ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠳᠤ ᠪᠤᠳᠤᠵᠤ ᠣᠷᠣᠭᠤᠯᠤᠨ᠎ᠠ᠃ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠥᠨ ᠤ ᠲᠠᠩᠰᠠᠨ ᠡᠷᠦᠬᠡ ᠳᠤ᠂ ᠲᠣᠰ ᠬᠥᠮᠥᠨ ᠤ ᠳᠠᠭᠠᠳᠬᠠᠯ ᠳᠤ ᠣᠷᠣᠯᠴᠠᠭᠠᠳ ᠲᠤᠰᠢᠶᠠᠭᠰᠠᠨ ᠰᠦᠢᠳᠬᠡᠯ ᠤᠨ ᠰᠠᠭᠤᠷᠢ ᠲᠤᠭ᠎ᠠ ᠶᠢᠨ 2% ᠢᠶᠠᠷ ᠲᠤᠰᠢᠶᠠᠵᠤ ᠪᠦᠬᠦᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠤᠪᠢ ᠬᠥᠮᠥᠨ ᠤ ᠲᠠᠩᠰᠠᠨ ᠡᠷᠦᠬᠡ ᠳᠤ᠂ ᠠᠯᠬᠤᠮ ᠠᠯᠬᠤᠮ ᠢᠶᠠᠷ ᠲᠣᠬᠢᠷᠠᠭᠤᠯᠵᠤ ᠪᠠᠶᠢᠭᠠᠳ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠵᠤ ᠣᠷᠣᠭᠤᠯᠬᠤ ᠪᠣᠯᠭᠠᠨ᠎ᠠ᠂ 2021 ᠣᠨ ᠤ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠬᠥᠮᠥᠨ ᠤ ᠲᠠᠩᠰᠠᠨ ᠡᠷᠦᠬᠡ ᠳᠤ 3% ᠶᠢᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠵᠤ᠂ 2023 ᠣᠨ ᠠᠴᠠ ᠡᠬᠢᠯᠡᠨ 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃
     ᠭᠤᠷᠪᠠ᠂ ᠬᠤᠪᠢ ᠬᠥᠮᠥᠨ ᠤ ᠲᠠᠩᠰᠠᠨ ᠡᠷᠦᠬᠡ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠥᠷᠭᠡᠳᠬᠡᠨ᠎ᠡ
     ᠬᠤᠪᠢ ᠬᠥᠮᠥᠨ ᠤ ᠲᠠᠩᠰᠠᠨ ᠡᠷᠦᠬᠡ ᠶᠢ ᠭᠤᠣᠯᠳᠠᠭᠤ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠤᠶᠤ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠵᠠᠷᠤᠴᠠᠭᠤᠯᠤᠭᠰᠠᠨ ᠥᠪᠡᠷ ᠢᠶᠠᠨ ᠥᠭᠬᠦ ᠵᠠᠷᠤᠳᠠᠯ ᠢ ᠨᠢ ᠳᠥᠯᠥᠬᠦ ᠳᠤ ᠬᠡᠷᠡᠭᠯᠡᠨ᠎ᠡ᠃ ᠬᠤᠪᠢ ᠬᠥᠮᠥᠨ ᠤ ᠲᠠᠩᠰᠠᠨ ᠡᠷᠦᠬᠡ ᠶᠢ ᠳᠠᠭᠠᠳᠬᠠᠯ ᠳᠤ ᠣᠷᠣᠯᠴᠠᠭᠰᠠᠳ ᠤᠨ ᠲᠣᠰ ᠬᠥᠮᠥᠨ ᠵᠢᠴᠢ ᠲᠡᠭᠦᠨ ᠤ ᠬᠠᠨᠢ ᠨᠥᠬᠦᠷ᠂ ᠡᠴᠢᠭᠡ ᠡᠬᠡ᠂ ᠦᠷ᠎ᠡ ᠬᠡᠦᠬᠡᠳ ᠤᠨ ᠬᠢᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠵᠦ ᠵᠠᠷᠤᠴᠠᠭᠤᠯᠤᠭᠰᠠᠨ ᠬᠤᠪᠢ ᠬᠥᠮᠥᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠪᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠬᠤᠪᠢ ᠬᠥᠮᠥᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ ᠪᠣᠯᠣᠨ᠎ᠠ᠃ ᠬᠤᠪᠢ ᠬᠥᠮᠥᠨ ᠤ ᠲᠠᠩᠰᠠᠨ ᠡᠷᠦᠬᠡ ᠶᠢ ᠪᠠᠰᠠ ᠬᠠᠨᠢ ᠨᠥᠬᠦᠷ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ᠂ ᠠᠵᠢᠯᠲᠠᠨ ᠠᠵᠢᠯᠴᠢᠨ ᠤ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠨᠥᠬᠦᠪᠦᠷᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠬᠤᠪᠢ ᠬᠥᠮᠥᠨ ᠤ ᠰᠦᠢᠳᠬᠡᠯ ᠢᠶᠠᠨ ᠲᠤᠰᠢᠶᠠᠬᠤ ᠳᠤ ᠬᠡᠷᠡᠭᠯᠡᠵᠦ ᠪᠣᠯᠣᠨ᠎ᠠ᠃ ᠬᠤᠪᠢ ᠬᠥᠮᠥᠨ ᠤ ᠳᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ ᠵᠡᠷᠭᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠲᠤᠯᠠᠬᠤ ᠬᠡᠪᠴᠢᠶᠡᠨ ᠳᠤ ᠪᠠᠭᠲᠠᠬᠤ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃
     ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ
     ᠡᠭᠦᠳᠡᠨ ᠡᠮᠨᠡᠯᠭᠡ ᠳᠤ ᠡᠮᠨᠡᠨ ᠵᠠᠰᠠᠬᠤ ᠶᠢ ᠪᠠᠲᠤᠯᠠᠬᠤ ᠯᠤᠭ᠎ᠠ ᠵᠣᠬᠢᠴᠠᠯᠳᠤᠭᠰᠠᠨ ᠵᠠᠷᠤᠳᠠᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠦᠯᠦᠬᠦ ᠠᠷᠭ᠎ᠠ ᠮᠠᠶ᠋ᠢᠭ ᠲᠤ ᠲᠥᠷᠥᠯ ᠬᠤᠪᠢᠶᠠᠨ ᠥᠭᠡᠷᠡᠴᠢᠯᠡᠯᠲᠡ ᠬᠢᠬᠦ ᠶᠢ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠳᠦᠷᠢᠮ ᠤᠨ ᠪᠠᠶᠢᠭᠤᠯᠤᠯᠲᠠ ᠶᠢ ᠳᠡᠮᠵᠢᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ ᠡᠭᠦᠳᠡᠨ ᠡᠮᠨᠡᠯᠭᠡ ᠳᠤ ᠡᠮᠨᠡᠭᠦᠯᠬᠦ ᠶᠢ ᠨᠢᠭᠡᠳᠦᠯᠲᠡᠢ ᠲᠥᠯᠥᠪᠯᠡᠬᠦ ᠳᠤ ᠬᠥᠮᠥᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠥᠷᠨᠢᠭᠦᠯᠵᠦ᠂ ᠬᠥᠮᠥᠨ ᠤ ᠲᠤᠭ᠎ᠠ ᠪᠠᠷ ᠵᠠᠷᠤᠳᠠᠯ ᠲᠤᠰᠢᠶᠠᠬᠤ ᠠᠵᠢᠯ ᠢ ᠠᠷᠬᠠᠭ ᠡᠪᠡᠳᠴᠢᠨ ᠤ ᠬᠠᠮᠢᠶᠠᠷᠤᠯᠲᠠ ᠯᠤᠭ᠎ᠠ ᠤᠶᠠᠯᠳᠤᠭᠤᠯᠬᠤ ᠶᠢ ᠢᠳᠡᠪᠬᠢᠲᠡᠢ ᠰᠦᠪᠡᠭᠴᠢᠯᠡᠨ᠎ᠡ︔ ᠡᠳᠦᠷ ᠲᠤ ᠨᠢ ᠮᠡᠰᠡ ᠵᠠᠰᠠᠯ ᠬᠢᠬᠦ ᠵᠢᠴᠢ ᠨᠥᠬᠦᠴᠡᠯ ᠳᠤ ᠨᠡᠶᠢᠴᠡᠭᠰᠡᠨ ᠡᠭᠦᠳᠡᠨ ᠡᠮᠨᠡᠯᠭᠡ ᠳᠤ ᠣᠨᠴᠠᠭᠠᠢ ᠡᠮᠨᠡᠬᠦ ᠡᠪᠡᠳᠴᠢᠨ ᠤ ᠵᠦᠢᠯ ᠳᠤ᠂ ᠡᠪᠡᠳᠴᠢᠨ ᠤ ᠵᠦᠢᠯ ᠪᠤᠶᠤ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠦᠬᠦᠢ ᠬᠡᠰᠡᠭ ᠪᠦᠯᠦᠭ ᠬᠤᠪᠢᠶᠠᠵᠤ ᠵᠠᠷᠤᠳᠠᠯ ᠲᠤᠰᠢᠶᠠᠬᠤ ᠶᠢ ᠬᠡᠷᠡᠭᠵᠢᠭᠦᠯᠦᠨ᠎ᠡ︔ ᠪᠥᠭᠡᠮ ᠢᠶᠠᠷ ᠬᠠᠮᠲᠤ ᠳᠤ ᠨᠢ ᠵᠠᠷᠤᠳᠠᠯ ᠲᠤᠰᠢᠶᠠᠬᠤ ᠳᠤ ᠲᠣᠬᠢᠷᠠᠬᠤ ᠦᠭᠡᠢ ᠡᠭᠦᠳᠡᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠢ ᠲᠥᠷᠥᠯ ᠵᠦᠢᠯ ᠢᠶᠠᠷ ᠨᠢ ᠵᠠᠷᠤᠳᠠᠯ ᠲᠤᠰᠢᠶᠠᠵᠤ ᠪᠣᠯᠣᠨ᠎ᠠ᠃
     ᠬᠡᠯᠡᠯᠴᠡᠭᠡᠷ ᠤᠨ ᠡᠮ ᠤᠨ ᠵᠦᠢᠯ ᠢ ᠪᠣᠳᠠᠲᠠᠶᠢᠵᠢᠭᠤᠯᠬᠤ ᠪᠠᠨ ᠢᠳᠡᠪᠬᠢᠲᠡᠢ ᠠᠬᠢᠭᠤᠯᠵᠤ᠂ ᠬᠡᠯᠡᠯᠴᠡᠭᠡᠷ ᠤᠨ ᠡᠮ ᠤᠨ ᠵᠦᠢᠯ ᠤᠨ ᠡᠭᠦᠳᠡᠨ ᠡᠮᠨᠡᠯᠭᠡ ᠳᠤ ᠡᠮᠨᠡᠬᠦ ᠶᠢ ᠪᠠᠲᠤᠯᠠᠬᠤ ᠵᠢᠴᠢ ︽ᠬᠤᠣᠰ ᠨᠡᠪᠲᠡᠷᠡᠯ ᠵᠠᠮ︾ ᠢᠶᠠᠷ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠯᠡᠯᠴᠡᠭᠡᠷ ᠤᠨ ᠡᠮ ᠤᠨ ᠵᠦᠢᠯ ᠢ ᠪᠣᠳᠠᠲᠠᠶᠢᠵᠢᠭᠤᠯᠬᠤ ᠪᠠᠨ ᠰᠠᠶᠢᠲᠤᠷ ᠬᠢᠨᠠᠨ ᠰᠢᠨᠵᠢᠨ᠎ᠡ᠃ ᠨᠥᠬᠦᠴᠡᠯ ᠳᠤ ᠨᠡᠶᠢᠴᠡᠬᠦ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠩᠭᠠᠭᠰᠠᠨ ᠡᠮ ᠢ ᠬᠡᠷᠡᠭᠯᠡᠬᠦ ᠲᠠᠯ᠎ᠠ ᠶᠢᠨ ᠪᠠᠲᠤᠯᠠᠭ᠎ᠠ ᠦᠢᠯᠡᠴᠢᠯᠡᠭᠡ ᠶᠢ ᠡᠭᠦᠳᠡᠨ ᠡᠮᠨᠡᠯᠭᠡ ᠳᠤ ᠡᠮᠨᠡᠭᠦᠯᠬᠦ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠠᠴᠠ ᠪᠤᠰᠤᠳ ᠭᠠᠵᠠᠷ ᠤᠨ ᠨᠠᠶᠢᠷᠠᠭᠤᠯᠤᠭᠰᠠᠨ ᠵᠣᠷ ᠢᠶᠠᠷ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠳ᠋ᠦᠩᠨᠡᠨ ᠪᠤᠳᠤᠬᠤ ᠪᠠ ᠡᠮ ᠠᠪᠬᠤ ᠶᠢ ᠳᠡᠮᠵᠢᠵᠦ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠠᠷᠠᠳ ᠲᠤ ᠲᠥᠬᠦᠮ ᠦᠵᠡᠭᠦᠯᠵᠦ ᠰᠢᠭᠤᠳ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠨᠥᠬᠦᠴᠡᠯ ᠳᠤ ᠨᠡᠶᠢᠴᠡᠭᠰᠡᠨ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠨ᠎ᠡ᠃ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠣᠭᠲᠠᠭᠠᠵᠤ᠂ ᠤᠷᠮᠠᠰᠢᠭᠤᠯᠵᠤ ᠬᠢᠵᠠᠭᠠᠷᠯᠠᠬᠤ ᠪᠠ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠪᠣᠶ ᠪᠣᠯᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠰᠡᠨ ᠨᠢ ᠲᠤᠰᠠᠲᠠᠢ᠂ ᠦᠨ᠎ᠡ ᠬᠠᠩᠰᠢ ᠨᠢ ᠲᠣᠬᠢᠷᠠᠮᠵᠢᠲᠠᠢ ᠡᠮ ᠤᠨ ᠵᠦᠢᠯ ᠢ ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠪᠣᠯᠭᠠᠨ᠎ᠠ᠃
     ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ
     ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢᠶᠠᠷ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ᠂ ᠳᠠᠭᠠᠳᠬᠠᠯ ᠢ ᠪᠡᠴᠢ ᠭᠠᠷᠭᠠᠨ ᠬᠠᠭᠤᠷᠴᠤ ᠮᠡᠬᠡᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢ ᠠᠮᠤᠷ ᠲᠦᠪᠰᠢᠨ ᠪᠥᠭᠡᠳ ᠥᠨᠳᠥᠷ ᠦᠷ᠎ᠡ ᠪᠦᠲᠦᠮᠵᠢᠲᠡᠶ᠂ ᠵᠣᠬᠢᠰᠲᠠᠢ ᠬᠡᠷᠡᠭᠯᠡᠬᠦ ᠶᠢ ᠨᠢ ᠦᠨᠡᠨ ᠬᠦ ᠪᠠᠲᠤᠯᠠᠨ᠎ᠠ᠃ ᠡᠮᠴᠢᠯᠡᠭᠡᠨ ᠤ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠪᠡᠳᠴᠢᠲᠡᠨ ᠢᠶᠠᠷ ᠡᠪᠯᠡᠬᠦ᠂ ᠡᠪᠡᠳᠴᠢᠨ ᠤ ᠪᠠᠶᠢᠳᠠᠯ ᠪᠠ ᠫᠢᠶᠣᠣ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠵᠡᠷᠭᠡ ︽ᠭᠤᠷᠪᠠᠨ ᠬᠠᠭᠤᠷᠮᠠᠭ︾ ᠪᠠᠶᠢᠳᠠᠯ ᠳᠤ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ ᠥᠷᠨᠢᠭᠦᠯᠵᠦ᠂ ᠨᠡᠷ᠎ᠡ ᠶᠢᠨ ᠲᠡᠳᠦᠢ ᠡᠮᠨᠡᠯᠭᠡ ᠳᠤ ᠰᠠᠭᠤᠯᠭᠠᠵᠤ ᠡᠮᠨᠡᠭᠦᠯᠬᠦ᠂ ᠥᠳᠥᠭᠡᠵᠦ ᠡᠮᠨᠡᠯᠭᠡ ᠳᠤ ᠰᠠᠭᠤᠯᠭᠠᠵᠤ ᠡᠮᠨᠡᠭᠦᠯᠬᠦ ᠵᠡᠷᠭᠡ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠣᠶᠤᠨᠴᠢ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠥᠬᠦ ᠣᠷᠣᠨ ᠤ ᠨᠢᠭᠡᠳᠦᠯᠵᠢᠭᠦᠯᠦᠭᠰᠡᠨ ᠣᠶᠤᠨᠴᠢ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠨ᠂ ᠣᠶᠤᠨᠴᠢ ᠬᠢᠨᠠᠨ ᠡᠵᠡᠮᠳᠡᠬᠦ ᠮᠡᠳᠡᠯᠭᠡ ᠶᠢᠨ ᠬᠥᠮᠥᠷᠭᠡ ᠪᠠ ᠳᠦᠷᠢᠮ ᠤᠨ ᠬᠥᠮᠥᠷᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠬᠢᠨᠠᠨ ᠬᠠᠮᠢᠶᠠᠷᠬᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠭᠤᠷᠪᠠᠳᠠᠭᠢ ᠡᠲᠡᠭᠡᠳ ᠢ ᠢᠳᠡᠪᠬᠢᠲᠡᠢ ᠣᠷᠣᠭᠤᠯᠤᠨ ᠠᠪᠴᠢᠷᠠᠵᠤ᠂ ᠲᠤᠰᠬᠠᠢ ᠮᠡᠷᠭᠡᠵᠢᠯ ᠤᠨ ᠳᠡᠮᠵᠢᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠬᠢᠨᠠᠯᠲᠠ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠦᠨ᠎ᠡ᠃
     ᠵᠢᠷᠭᠤᠭ᠎ᠠ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠦᠨ᠎ᠡ
     ᠡᠭᠦᠳᠡᠨ ᠡᠮᠨᠡᠯᠭᠡ ᠳᠤ ᠡᠮᠨᠡᠭᠦᠯᠵᠦ ᠪᠠᠲᠤᠯᠠᠬᠤ ᠬᠠᠮᠢᠶᠠᠷᠤᠯᠲᠠ ᠪᠠ ᠦᠢᠯᠡᠴᠢᠯᠡᠭᠡᠨ ᠤ ᠠᠷᠭ᠎ᠠ ᠳᠤ ᠰᠢᠨ᠎ᠡ ᠶᠢ ᠡᠭᠦᠳᠴᠦ᠂ ᠡᠭᠦᠳᠡᠨ ᠡᠮᠨᠡᠯᠭᠡ ᠳᠤ ᠡᠮᠨᠡᠭᠦᠯᠵᠦ ᠪᠠᠲᠤᠯᠠᠬᠤ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠦᠢᠯᠡᠴᠢᠯᠡᠭᠡᠨ ᠤ ᠵᠥᠪᠯᠡᠯᠴᠡᠭᠡᠷ ᠤᠨ ᠬᠡᠪᠴᠢᠶᠡᠨ ᠳᠤ ᠣᠷᠣᠭᠤᠯᠤᠨ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢ ᠬᠢᠨᠠᠨ ᠡᠵᠡᠮᠳᠡᠬᠦ᠂ ᠵᠠᠳᠠᠯᠬᠤ ᠪᠠ ᠰᠢᠯᠭᠠᠨ ᠬᠢᠨᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠭᠦᠢᠴᠡᠳᠬᠡᠭᠰᠡᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠣᠨᠣᠰᠢᠯᠠᠨ ᠡᠮᠴᠢᠯᠡᠬᠦ ᠦᠢᠯᠡᠴᠢᠯᠡᠭᠡ ᠵᠢᠷᠤᠮᠵᠢᠯ ᠲᠠᠢ ᠬᠠᠩᠭᠠᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠤᠯᠭᠠᠨ ᠬᠠᠷᠭᠤᠭᠤᠯᠬᠤ ᠳᠦᠷᠢᠮ ᠪᠠ ᠳᠣᠲᠣᠭᠠᠳᠤ ᠳᠤ ᠪᠠᠨ ᠡᠵᠡᠮᠳᠡᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠪᠢ ᠬᠥᠮᠥᠨ ᠤ ᠲᠠᠩᠰᠠᠨ ᠡᠷᠦᠬᠡ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠪᠢ ᠬᠥᠮᠥᠨ ᠤ ᠲᠠᠩᠰᠠᠨ ᠡᠷᠦᠬᠡ ᠳᠤ ᠪᠥᠬᠦ ᠴᠤᠪᠤᠷᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠬᠤᠪᠢ ᠬᠥᠮᠥᠨ ᠤ ᠲᠠᠩᠰᠠᠨ ᠡᠷᠦᠬᠡ ᠶᠢᠨ ᠬᠡᠷᠡᠭᠯᠡᠬᠦ᠂ ᠳ᠋ᠦᠩᠨᠡᠨ ᠪᠤᠳᠤᠬᠤ ᠵᠡᠷᠭᠡ ᠭᠤᠭᠴᠤᠭ᠎ᠠ ᠳᠤ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠮᠡᠳᠡᠭᠡ ᠵᠠᠩᠭᠢ ᠶᠢ ᠪᠦᠷᠢᠳᠬᠡᠬᠦ ᠠᠵᠢᠯ ᠢᠶᠠᠨ ᠰᠠᠶᠢᠲᠤᠷ ᠬᠢᠨ᠎ᠡ᠃
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠨᠢᠭᠡᠳᠦᠯᠲᠡᠢ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠨᠳᠣᠣ ᠭᠠᠵᠠᠷ ᠲᠤ ᠡᠮᠨᠡᠭᠦᠯᠦᠭᠰᠡᠨ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠲᠡᠭᠦᠯᠳᠡᠷᠵᠢᠭᠦᠯᠬᠦ᠂ ᠣᠷᠳᠣ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠨ ᠬᠠᠮᠵᠢᠯᠴᠠᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠠᠩᠬ᠎ᠠ ᠡᠮᠨᠡᠭᠦᠯᠬᠦ ᠳᠤ ᠦᠨᠳᠦᠰᠦᠨ ᠱᠠᠲᠤᠨ ᠳᠤ ᠡᠮᠨᠡᠭᠦᠯᠬᠦ ᠶᠢ ᠨᠢ ᠬᠥᠲᠥᠯᠥᠨ ᠵᠢᠯᠣᠭᠤᠳᠤᠨ᠎ᠠ᠃ ᠡᠭᠦᠳᠡᠨ ᠡᠮᠨᠡᠯᠭᠡ ᠳᠤ ᠡᠮᠨᠡᠨ ᠵᠠᠰᠠᠬᠤ ᠠᠷᠬᠠᠭ ᠡᠪᠡᠳᠴᠢᠨ ᠪᠠ ᠣᠨᠴᠠᠭᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠵᠢᠴᠢ ᠰᠢᠯᠵᠢᠭᠦᠯᠦᠨ ᠡᠮᠨᠡᠭᠦᠯᠬᠦ ᠵᠡᠷᠭᠡ ᠠᠵᠢᠯᠯᠠᠭ᠎ᠠ ᠶᠢ ᠵᠢᠷᠤᠮᠵᠢᠭᠤᠯᠤᠨ᠎ᠠ᠃
     ᠳᠣᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ
     ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠡᠷᠬᠡ ᠶᠢᠨ ᠢᠶᠠᠨ ᠬᠡᠪᠴᠢᠶᠡᠨ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠷᠢᠯᠢᠭᠵᠢᠭᠤᠯᠵᠤ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠵᠦ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠢ ᠥᠭᠡᠷᠡᠴᠢᠯᠡᠯᠲᠡ ᠥᠷᠨᠢᠭᠦᠯᠦᠨ ᠦᠨᠡᠯᠡᠨ ᠵᠢᠱᠢᠬᠦ ᠠᠵᠢᠯ ᠢ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠢᠶᠠᠷ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ᠃
     ︵ᠬᠤᠶᠠᠷ︶ ᠯᠠᠪᠳᠠᠭᠤᠨ ᠪᠣᠯᠭᠤᠮᠵᠢᠲᠠᠢ ᠠᠬᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠣᠷᠣᠨ ᠨᠢ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠳᠠᠬᠢ ᠡᠮᠴᠢᠯᠡᠭᠡ ᠶᠢ ᠨᠢᠭᠡᠳᠦᠯᠲᠡᠢ ᠲᠥᠯᠥᠪᠯᠡᠬᠦ ᠪᠠᠨ ᠵᠡᠷᠭᠡ ᠳᠤ ᠨᠢ ᠲᠡᠭᠦᠯᠳᠡᠷᠵᠢᠭᠦᠯᠦᠨ᠂ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠬᠠᠷᠠᠭᠠᠯᠵᠠᠯ ᠨᠢ ᠦᠯᠦ ᠨᠥᠯᠥᠭᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠠᠵᠢᠯ ᠢ ᠨᠢᠭᠡᠨᠲᠡ ᠥᠷᠨᠢᠭᠦᠯᠦᠭᠰᠡᠨ ᠪᠠᠶᠢᠪᠠᠯ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠂ ᠬᠠᠮᠢᠶ᠎ᠠ ᠪᠦᠬᠦᠢ ᠠᠵᠢᠯ ᠢᠶᠠᠨ ᠬᠠᠷᠠᠬᠠᠨ ᠥᠷᠨᠢᠭᠦᠯᠦᠭᠡᠳᠦᠢ ᠪᠠᠶᠢᠪᠠᠯ ᠢᠳᠡᠪᠬᠢᠲᠡᠢ ᠪᠥᠭᠡᠳ ᠯᠠᠪᠳᠠᠭᠤᠨ ᠢᠶᠠᠷ ᠡᠬᠢᠯᠡᠵᠦ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃
     ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠢᠯᠡᠴᠢᠯᠡᠭᠡᠨ ᠤ ᠤᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠢᠶᠠᠷ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠵᠤ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠠᠪᠤᠳᠠᠯ ᠪᠣᠯ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ᠂ ᠳᠦᠷᠢᠮ ᠤᠨ ᠨᠠᠩ ᠲᠥᠪ ᠭᠤᠥᠯᠴᠢ ᠪᠣᠯᠬᠤ ᠪᠥᠭᠡᠳ ᠨᠠᠩ ᠦᠷᠭᠦᠯᠵᠢᠯᠡᠵᠦ ᠪᠣᠯᠬᠤᠶᠢᠴᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠪᠠᠶᠢᠬᠤ ᠶᠢ ᠨᠢ ᠭᠦᠢᠴᠡᠳ ᠤᠬᠠᠭᠤᠯᠵᠤ᠂ ᠡᠮᠴᠢᠯᠡᠭᠡᠨ ᠤ ᠳᠠᠭᠠᠳᠬᠠᠯ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ ᠶᠢᠨ ᠴᠢᠬᠤᠯᠠ ᠠᠴᠢ ᠬᠤᠯᠪᠣᠭᠳᠠᠯ ᠢ ᠬᠦᠴᠦᠯᠡᠨ ᠤᠬᠠᠭᠤᠯᠵᠤ᠂ ᠡᠯ᠎ᠡ ᠲᠠᠯ᠎ᠠ ᠶᠢᠨ ᠬᠢᠨ ᠤ ᠥᠭᠡᠷᠡᠴᠢᠯᠡᠯᠲᠡ ᠶᠢ ᠳᠡᠮᠵᠢᠨ ᠬᠠᠮᠵᠢᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠬᠦ ᠪᠠ ᠰᠢᠢᠳᠪᠦᠷᠢᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠲᠤᠰᠬᠠᠵᠤ᠂ ᠵᠢᠱᠢᠯᠲᠡ ᠲᠡᠶᠢᠰᠢ ᠵᠦᠢ ᠵᠣᠬᠢᠰᠲᠠᠢ ᠬᠥᠲᠥᠯᠥᠨ ᠵᠢᠯᠣᠭᠤᠳᠤᠨ᠎ᠠ᠃
     
                             2021 ᠣᠨ ᠤ 12 ᠳ᠋ᠤᠭᠠᠷ ᠰᠠᠷ᠎ᠠ ᠶᠢᠨ 15 ᠤ ᠡᠳᠦᠷ
                             ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
     
     
     ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂
     ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃
     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
     
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
     
     2021 ᠣᠨ ᠤ 12 ᠳ᠋ᠤᠭᠠᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ